2026-10-31 16:51:31
— ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ
ᠪᠦᠬᠦ ᠣᠷᠣᠨ᠎ᠤ ᠡᠯ᠎ᠡ ᠭᠠᠵᠠᠷ ᠤᠨ ᠺᠠᠳ᠋ᠷ ᠤᠯᠠᠨ ᠲᠦᠮᠡᠨ᠎ᠦ ᠳᠤᠮᠳᠠ ᠬᠠᠯᠠᠭᠤᠨ ᠲᠤᠰᠬᠠᠯ ᠭᠠᠷᠪᠠ
ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠡ ᠬᠤᠷᠠᠯ 10 ᠰᠠᠷ᠎ᠠ᠎ᠶᠢᠨ 26 ᠡᠴᠡ 29 ᠤ᠋ ᠡᠳᠦᠷ ᠪᠣᠯᠲᠠᠯ᠎ᠠ ᠪᠡᠭᠡᠵᠢᠩ᠎ᠳᠦ ᠬᠤᠷᠠᠯᠳᠤᠪᠠ᠃ ᠪᠦᠬᠦᠳᠡ ᠬᠤᠷᠠᠯ᠎ᠡᠴᠡ 《ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠲᠣᠭᠲᠠᠭᠠᠯ》 ᠢ᠋ ᠬᠢᠨᠠᠨ ᠵᠥᠪᠯᠡᠵᠦ ᠪᠠᠲᠤᠯᠠᠨ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ ᠲᠤᠬᠠᠢ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠬᠢᠵᠡᠢ᠃ ᠪᠥᠬᠥ ᠣᠷᠣᠨ᠎ᠤ ᠡᠯ᠎ᠡ ᠭᠠᠵᠠᠷ᠎ᠤᠨ ᠺᠠᠳ᠋ᠷ ᠣᠯᠠᠨ ᠲᠦᠮᠡᠨ ᠳᠠᠷᠤᠢ ᠲᠦᠷᠭᠡᠨ ᠬᠦᠳᠡᠯᠦᠯᠴᠡᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠣᠢᠯᠠᠭᠠᠵᠤ᠂ ᠤᠯᠠᠨ ᠵᠢᠡᠷ ᠵᠢᠡᠨ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠣᠶᠤᠨ ᠴᠢᠳᠠᠯ᠎ᠢᠶᠠᠨ ᠰᠢᠪᠬᠠᠨ ᠤᠯᠤᠰ᠎ᠢᠶᠠᠨ ᠵᠠᠰᠠᠵᠤ᠂ ᠬᠦᠴᠦᠷᠬᠡᠭᠵᠢᠬᠦ᠎ᠪᠡᠷ ᠬᠦᠴᠦᠯᠡᠨ ᠴᠢᠷᠮᠠᠢᠵᠤ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠦᠨᠡᠨ ᠬᠦ᠌ ᠠᠵᠢᠯ ᠬᠢᠵᠦ ᠦᠢᠯᠡᠰ ᠪᠣᠰᠬᠠᠬᠤ ᠤᠬᠠᠮᠰᠠᠷᠲᠤ ᠠᠵᠢᠯᠯᠠᠭ᠎ᠠ ᠪᠠ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠡᠬᠡ ᠤᠯᠤᠰ᠎ᠤᠨ ᠤᠮᠠᠷᠠᠲᠤ᠎ᠶᠢᠨ ᠡᠨᠡ ᠬᠦ᠌ ᠦᠵᠡᠮᠵᠢ᠎ᠶᠢᠨ ᠣᠷᠣᠨ᠎ᠢᠶᠠᠨ ᠨᠠᠩ ᠦᠵᠡᠰᠬᠦᠯᠡᠩᠲᠦ ᠰᠠᠢᠬᠠᠨ ᠪᠣᠯᠭᠠᠨ ᠪᠦᠲᠦᠭᠡᠨ ᠪᠠᠢᠭᠤᠯᠤᠨ᠎ᠠ ᠭᠡᠵᠦ ᠢᠯᠡᠳᠬᠡᠵᠡᠭᠡᠪᠡ᠃
ᠬᠠᠷᠢᠭᠤᠴᠠᠯᠭ᠎ᠠ ᠵᠢ ᠪᠤᠳᠠᠳᠠᠢᠵᠢᠭᠤᠯᠤᠨ ᠵᠢᠳᠬᠦᠯ ᠴᠢᠷᠮᠠᠢᠯᠭ᠎ᠠ ᠭᠠᠷᠭᠠᠨ᠎ᠠ
ᠨᠠᠮ᠎ᠢ ᠬᠠᠮᠢᠶᠠᠷᠴᠤ ᠨᠠᠮ᠎ᠢ ᠵᠠᠰᠠᠬᠤ ᠳ᠋ᠤ ᠨᠢᠭᠡ ᠯᠠ ᠴᠠᠭ ᠲᠤ᠌ ᠠᠮᠵᠢᠯᠲᠠ ᠤᠯᠳᠠᠭ ᠪᠢᠰᠢ᠃ ᠪᠦᠬᠦᠳᠡ ᠬᠤᠷᠠᠯ᠎ᠡᠴᠡ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ ᠲᠤᠬᠠᠢ ᠪᠠᠢᠷᠢᠯᠠᠭᠤᠯᠤᠯᠲᠠ ᠬᠢᠵᠦ᠂ ᠰᠢᠨ᠎ᠡ ᠠᠶᠠᠨ ᠤ᠋ ᠨᠠᠮ᠎ᠢ ᠬᠠᠮᠢᠶᠠᠷᠴᠤ ᠨᠠᠮ᠎ᠢ ᠵᠠᠰᠠᠬᠤ᠎ᠳᠤ ᠴᠢᠭᠯᠡᠯ᠎ᠢ ᠲᠣᠳᠣᠷᠬᠠᠢ ᠵᠢᠭᠠᠵᠤ ᠥᠭᠴᠡᠢ᠃
ᠬᠥᠬᠡᠬᠣᠲᠠ᠎ᠶᠢᠨ ᠰᠠᠢᠬᠠᠨ ᠲᠣᠭᠣᠷᠢᠭ᠋᠎ᠤᠨ ᠨᠠᠮ᠎ᠤᠨ ᠬᠣᠷᠢᠶ᠎ᠠ ᠵᠢᠨ ᠪᠠᠢᠩᠭᠤ᠎ᠶᠢᠨ ᠭᠡᠰᠢᠭᠦᠨ᠂ ᠵᠣᠬᠢᠶᠠᠨ ᠪᠠᠶ᠋ᠢᠭᠤᠯᠬᠤ ᠬᠡᠯᠲᠡᠰ᠎ᠦᠨ ᠳᠠᠷᠤᠭ᠎ᠠ ᠸᠠᠩ ᠸᠸᠨ ᠲᠤᠤ᠂ ᠪᠦᠬᠦᠳᠡ ᠬᠤᠷᠠᠯ᠎ᠡᠴᠡ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ ᠲᠤᠬᠠᠢ ᠪᠠᠢᠷᠢᠯᠠᠭᠤᠯᠤᠯᠲᠠ ᠬᠢᠵᠡᠢ᠂ 《ᠴᠦᠬᠦᠷᠡᠰᠢ ᠦᠭᠡᠢ》 ᠭᠡᠰᠡᠨ ᠨᠢ ᠮᠠᠰᠢ ᠴᠢᠬᠤᠯᠠ ᠪᠠᠢᠵᠤ᠂ ᠮᠠᠨ᠎ᠤ ᠨᠠᠮ᠎ᠤᠨ ᠨᠠᠮ᠎ᠢ ᠬᠠᠮᠢᠶᠠᠷᠴᠤ ᠨᠠᠮ᠎ᠢ ᠵᠠᠰᠠᠭᠰᠠᠨ ᠵᠠᠭᠤᠨ ᠵᠢᠯ᠎ᠦᠨ ᠦᠢᠯᠡᠳᠦᠯᠭᠡ᠎ᠶᠢᠨ ᠤᠬᠢ ᠰᠤᠳᠤ ᠵᠢ ᠨᠢᠭ᠍ᠲᠠᠷᠠᠭᠤᠯᠵᠤ᠂ ᠰᠢᠨ᠎ᠡ ᠴᠠᠭ ᠦᠶ᠎ᠡ᠎ᠶᠢᠨ ᠶᠡᠬᠡ ᠨᠠᠮ᠎ᠤᠨ ᠡᠭᠦᠷᠭᠡ ᠬᠠᠷᠢᠭᠤᠴᠠᠯᠭ᠎ᠠ᠎ᠶᠢ ᠢᠯᠡᠷᠡᠭᠦᠯᠪᠡ᠃ 《 ᠪᠢᠳᠡ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠭᠦᠨᠵᠡᠭᠡᠢᠷᠡᠭᠦᠯᠵᠦ᠂ ᠡᠳᠦᠷ ᠲᠤᠲᠤᠮ᠎ᠤᠨ ᠠᠵᠢᠯ᠎ᠳᠠᠭᠠᠨ ᠬᠦᠴᠦᠲᠠᠯᠪᠢᠬᠤᠶᠢ ᠪᠠᠷᠢᠮᠲᠠᠯᠠᠨ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠵᠢᠷᠤᠮᠵᠢᠭᠤᠯᠬᠤ ᠪᠠᠢᠭᠤᠯᠤᠯᠲᠠ᠎ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ᠎ᠤᠨ ᠭᠡᠰᠢᠭᠦᠨ᠎ᠦ ᠬᠥᠮᠦᠵᠢᠯ ᠬᠠᠮᠢᠶᠠᠷᠤᠯᠲᠠ᠎ᠶᠢ ᠨᠠᠷᠢᠯᠢᠭ᠋ ᠪᠣᠳᠠᠲᠠᠢ ᠬᠢᠵᠦ᠂ ᠨᠠᠮ᠎ᠤᠨ ᠪᠠᠢᠭᠤᠯᠤᠯᠲᠠ᠎ᠶᠢᠨ ᠬᠠᠷᠢᠭᠤᠴᠠᠯᠭ᠎ᠠ᠎ᠶᠢ ᠱᠠᠲᠤ ᠱᠠᠲᠤ᠎ᠪᠠᠷ ᠴᠢᠩᠭ᠎ᠠ ᠪᠣᠳᠠᠲᠠᠢ ᠨᠠᠢᠳᠠᠪᠤᠷᠢᠵᠢᠭᠤᠯᠵᠤ᠂ ᠪᠦᠬᠦ ᠲᠠᠯ᠎ᠠ ᠪᠡᠷ ᠨᠠᠮ᠎ᠢ ᠴᠢᠩᠭ᠎ᠠ ᠵᠠᠰᠠᠬᠤ᠎ᠶᠢ ᠦᠨᠳᠦᠰᠦᠨ ᠱᠠᠲᠤᠨ᠎ᠳᠦ ᠬᠦᠷᠳᠡᠯ᠎ᠡ ᠠᠬᠢᠭᠤᠯᠤᠨ᠎ᠠ》 ᠭᠡᠵᠤ ᠢᠯᠡᠳᠭᠡᠪᠡ᠃
ᠪᠤᠭᠤᠲᠤ ᠬᠣᠲᠠ᠎ᠶᠢᠨ ᠬᠥᠨᠳᠡᠯᠡᠨ ᠲᠣᠭᠣᠷᠢᠭ᠋᠎ᠤᠨ ᠨᠠᠮ᠎ᠤᠨ ᠬᠣᠷᠢᠶ᠎ᠠ ᠵᠢᠨ ᠪᠠᠢᠩᠭᠤ᠎ᠶᠢᠨ ᠭᠡᠰᠢᠭᠦᠨ᠂ ᠵᠣᠬᠢᠶᠠᠨ ᠪᠠᠶ᠋ᠢᠭᠤᠯᠬᠤ ᠬᠡᠯᠲᠡᠰ᠎ᠦᠨ ᠳᠠᠷᠤᠭ᠎ᠠ ᠱᠤᠤ ᠵᠥᠩ ᠵᠢᠶᠠᠨ᠂ ᠪᠥᠬᠥᠳᠡ ᠬᠤᠷᠠᠯ᠎ᠤᠨ ᠪᠦᠬᠦ ᠲᠠᠯ᠎ᠠ ᠪᠡᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ ᠲᠤᠬᠠᠢ ᠰᠢᠰᠲᠧᠮ᠎ᠲᠠᠢ ᠵᠢᠷᠤᠭ ᠲᠥᠯᠥᠪᠯᠡᠭᠡ ᠪᠠ ᠠᠯᠤᠰ ᠬᠡᠲᠦ᠎ᠶᠢᠨ ᠪᠣᠳᠣᠯᠬᠢᠯᠠᠯ ᠨᠢ ᠮᠠᠨ᠎ᠤ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠵᠢᠡᠷ ᠨᠡᠢᠭᠡᠮ᠎ᠦᠨ ᠬᠤᠪᠢᠰᠬᠠᠯ᠎ᠢ ᠬᠥᠲᠥᠯᠥᠨ ᠳᠠᠭᠠᠭᠤᠯᠬᠤ ᠤᠯᠤᠰ ᠲᠥᠷᠥ᠎ᠶᠢᠨ ᠲᠣᠭᠲᠠᠯ ᠬᠦᠴᠦᠨ ᠪᠠ ᠲᠡᠦᠬᠡ᠎ᠶᠢᠨ ᠰᠠᠨᠠᠭᠠᠴᠢᠯᠠᠭᠠᠲᠤ ᠴᠢᠨᠠᠷ᠎ᠢ ᠢᠯᠡᠷᠡᠭᠦᠯᠪᠡ᠃ 《ᠪᠢ ᠨᠠᠮ᠎ᠤᠨ ᠤᠯᠤᠰ ᠲᠦᠷᠦ᠎ᠶᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠣᠭᠣᠳᠤᠭᠤᠯᠵᠤ᠂ ᠨᠠᠮᠴᠢ ᠴᠢᠨᠠᠷ᠎ᠢ ᠴᠢᠩᠭᠠᠳᠬᠠᠬᠤ᠎ᠶᠢ ᠨᠠᠮ᠎ᠤᠨ ᠭᠡᠰᠢᠭᠦᠨ ᠺᠠᠳ᠋ᠷ᠎ᠤᠨ ᠨᠠᠰᠤᠨ ᠲᠤᠷᠰᠢᠲᠠ᠎ᠶᠢᠨ ᠰᠡᠳᠦᠪ ᠪᠣᠯᠭᠠᠵᠤ᠂ ᠵᠠᠰᠠᠭ᠎ᠤᠨ ᠠᠵᠢᠯ᠎ᠤᠨ ᠪᠦᠲᠦᠮᠵᠢ ᠵᠢᠨ ᠲᠤᠬᠠᠢ ᠵᠦᠪ ᠦᠵᠡᠯᠲᠡ᠎ᠶᠢ ᠺᠠᠳ᠋ᠷ᠎ᠢ ᠰᠣᠩᠭᠣᠨ ᠬᠥᠮᠥᠵᠢᠭᠦᠯᠵᠦ ᠬᠠᠮᠢᠶᠠᠷᠴᠤ ᠬᠡᠷᠡᠭᠯᠡᠬᠦ ᠪᠦᠬᠦ ᠬᠡᠯᠬᠢᠶᠡᠨ᠎ᠳᠦ ᠰᠢᠭᠢᠳᠬᠡᠨ᠂ ᠺᠠᠳ᠋ᠷ᠎ᠤᠨ ᠪᠦᠬᠦ ᠲᠠᠯ᠎ᠠ᠎ᠶᠢᠨ ᠬᠠᠮᠢᠶᠠᠷᠤᠯᠲᠠ ᠪᠠ ᠪᠠᠢᠩᠭᠤ᠎ᠶᠢᠨ ᠴᠢᠨᠠᠷᠲᠠᠢ ᠬᠢᠨᠠᠯᠲᠠ᠎ᠶᠢ ᠡᠳᠦᠷ ᠳᠤᠳᠤᠮ᠎ᠤᠨ ᠠᠵᠢᠯ᠎ᠳᠠᠭᠠᠨ ᠠᠳᠬᠤᠵᠤ᠂ ᠪᠠᠢᠩᠭᠤ ᠠᠳᠬᠤᠵᠤ᠂ ᠺᠠᠳ᠋ᠷ᠎ᠤᠨ ᠠᠷᠢᠭᠤᠨ ᠴᠢᠬᠡᠴᠢ᠎ᠪᠡᠷ ᠠᠵᠢᠯ ᠬᠢᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶᠢ ᠬᠠᠮᠠᠭᠠᠯᠠᠨ᠎ᠠ》 ᠭᠡᠪᠡ᠃
ᠬᠢᠩᠭᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ᠍ ᠬᠣᠰᠢᠭᠤᠨ᠎ᠤ ᠰᠠᠬᠢᠯᠭ᠎ᠠ ᠪᠠᠲᠤ᠌ ᠪᠠᠶ᠋ᠢᠴᠠᠭᠠᠬᠤ ᠬᠣᠷᠢᠶ᠎ᠠ ᠵᠢᠨ ᠳᠡᠳ᠋ ᠱᠦᠵᠢ᠂ ᠬᠢᠨᠠᠨ ᠪᠠᠶ᠋ᠢᠴᠠᠭᠠᠬᠤ ᠵᠥᠪᠯᠡᠯ᠎ᠦᠨ ᠳᠡᠳ᠋ ᠡᠷᠬᠢᠯᠡᠭᠴᠢ ᠮᠸᠩ ᠵᠢᠨ ᠯᠠᠨ᠄《ᠰᠠᠬᠢᠯᠭ᠎ᠠ ᠪᠠᠲᠤ᠌ ᠪᠠᠶ᠋ᠢᠴᠠᠭᠠᠬᠤ ᠬᠢᠨᠠᠨ ᠪᠠᠶ᠋ᠢᠴᠠᠭᠠᠬᠤ ᠺᠠᠳ᠋ᠷ ᠪᠣᠯᠤᠭᠰᠠᠨ᠎ᠤ ᠬᠤᠪᠢ᠎ᠳᠤ᠂ ᠪᠢ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠶᠢ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ᠌᠎ᠲᠡᠶ ᠨᠡᠪᠲᠡᠷᠡᠯᠴᠡᠭᠦᠯᠵᠦ᠍᠂ ᠤᠯᠤᠰ ᠲᠦᠷᠦ᠎ᠶᠢᠨ ᠬᠢᠨᠠᠯᠲᠠ ᠲᠠᠯᠪᠢᠯᠲᠠ᠎ᠶᠢ ᠪᠣᠳᠠᠲᠠᠶ᠋ᠢᠵᠢᠭᠤᠯᠵᠤ᠂ ᠡᠳᠦᠷ ᠳᠤᠳᠤᠮ᠎ᠤᠨ ᠬᠢᠨᠠᠯᠲᠠ ᠲᠠᠯᠪᠢᠯᠲᠠ᠎ᠶᠢ ᠨᠠᠷᠢᠯᠢᠭ ᠬᠢᠵᠦ᠍᠂ 〈ᠲᠠᠰᠤᠭ ᠲᠤᠭᠤᠢᠯᠠᠩ ᠤᠷᠤᠨ ᠨᠤᠳᠤᠭ〉 ᠤ᠋ᠨ ᠬᠣᠯᠪᠣᠭᠠᠯᠠᠨ ᠬᠢᠨᠠᠯᠲᠠ ᠲᠠᠯᠪᠢᠬᠤ᠂ ᠬᠡᠰᠡᠭ ᠲᠣᠭᠣᠷᠢᠭ᠎ᠤᠨ ᠬᠠᠮᠵᠢᠯᠴᠠᠨ ᠬᠡᠷᠡᠭ ᠰᠢ᠌ᠳᠪᠦᠷᠢᠯᠡᠬᠦ᠌᠎ᠶᠢ ᠭᠦᠨᠵᠡᠭᠡᠶ᠋ᠢᠷᠡᠭᠦᠯᠵᠦ᠍᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ᠎ᠦᠨ ᠠᠰᠠᠭᠤᠳᠠᠯ᠎ᠢ ᠪᠠᠶ᠋ᠢᠩᠭᠤ ᠴᠡᠭᠴᠡᠯᠡᠨ ᠵᠠᠰᠠᠵᠤ᠂ ᠮᠠᠯᠴᠢᠨ ᠲᠠᠷᠢᠶᠠᠴᠢᠨ᠎ᠳᠤ ᠠᠰᠢᠭ ᠬᠦᠷᠲᠡᠭᠡᠬᠦ᠌ ᠪᠡᠯᠡ ᠮᠥᠩᠭᠥ᠌᠂ ᠬᠥᠳᠡᠭᠡ ᠲᠣᠰᠬᠣᠨ᠎ᠤ ᠬᠠᠮᠲᠤ ᠨᠡᠢᠳᠡ᠎ᠶᠢᠨ 〈ᠭᠤᠷᠪᠠᠨ ᠪᠡᠯᠡ〉᠂ ᠦᠨᠳᠦᠰᠦᠨ ᠱᠠᠲᠤᠨ᠎ᠤ ᠪᠠᠭ᠎ᠠ ᠵᠢᠵᠢᠭ ᠡᠷᠬᠡ᠎ᠶᠢᠨ ᠠᠵᠢᠯᠯᠠᠭ᠎ᠠ ᠵᠡᠷᠭᠡ ᠭᠣᠣᠯᠳᠠᠯᠭ᠎ᠠ᠎ᠲᠠᠶ ᠬᠦᠷᠢᠶ᠎ᠡ᠎ᠶᠢ ᠴᠢᠩᠭ᠎ᠠ ᠠᠩᠬᠠᠷᠴᠤ᠌᠂ ᠬᠢᠨᠠᠯᠲᠠ ᠲᠠᠯᠪᠢᠬᠤ ᠬᠦᠴᠦᠨ᠎ᠢ ᠦᠨᠳᠦᠰᠦᠨ ᠱᠠᠲᠤᠨ᠎ᠳᠤ ᠬᠦᠨᠵᠡᠭᠡᠢᠷᠠᠬᠦᠯᠵᠤ᠂ ᠵᠠᠰᠠᠯᠳᠠ ᠳ᠋ᠤ ᠠᠭᠤᠰᠤᠯᠴᠠᠭᠤᠯᠬᠤ ᠵᠢ ᠠᠬᠢᠭᠤᠯᠤᠨ᠎ᠠ》 ᠭᠡᠵᠤ ᠢᠯᠡᠳᠭᠡᠪᠡ᠃
ᠤᠯᠠᠭᠠᠨᠬᠠᠳᠠ ᠬᠣᠲᠠ᠎ᠶᠢᠨ ᠰᠦᠩᠱᠠᠨ ᠲᠣᠭᠣᠷᠢᠭ᠎ᠤᠨ ᠸᠠᠩ᠎ᠤᠨ ᠬᠤᠷᠤᠭ᠎ᠠ ᠪᠠᠯᠭᠠᠰᠤᠨ᠎ᠤ ᠨᠠᠮ᠎ᠤᠨ ᠬᠣᠷᠢᠶ᠎ᠠ ᠵᠢᠨ ᠱᠦᠵᠢ ᠮᠠ ᠰᠢᠶᠣᠤ ᠮᠢᠩ᠂ ᠪᠥᠬᠥᠳᠡ ᠬᠤᠷᠠᠯ᠎ᠡᠴᠡ ᠴᠢᠨᠠᠷ ᠰᠠᠶ᠋ᠢᠲᠠᠶ ᠨᠠᠮ᠎ᠤᠨ ᠪᠠᠶ᠋ᠢᠭᠤᠯᠤᠯᠲᠠ᠎ᠪᠠᠷ ᠦᠨᠳᠦᠰᠦᠨ ᠱᠠᠲᠤᠨ᠎ᠤ ᠬᠥᠭᠵᠢᠯᠲᠡ᠎ᠶᠢ ᠬᠥᠲᠥᠯᠥᠨ ᠳᠠᠭᠠᠭᠤᠯᠬᠤ᠎ᠳᠤ ᠴᠢᠭᠯᠡᠯ᠎ᠢ ᠲᠣᠳᠣᠷᠬᠠᠶ ᠵᠢᠭᠠᠵᠤ ᠥᠭᠴᠡᠶ᠃《ᠰᠢᠶᠠᠩ ᠪᠠᠯᠭᠠᠰᠤᠨ᠎ᠤ ᠨᠠᠮ᠎ᠤᠨ ᠬᠣᠷᠢᠶ᠎ᠠ ᠵᠢᠨ ᠱᠦᠵᠢ ᠪᠣᠯᠤᠭᠰᠠᠨ᠎ᠤ ᠬᠤᠪᠢ᠎ᠳᠤ᠂ ᠪᠢ ᠨᠠᠮ᠎ᠢ ᠬᠠᠮᠢᠶᠠᠷᠴᠤ᠌ ᠨᠠᠮ᠎ᠢ ᠵᠠᠰᠠᠬᠤ ᠨᠢᠭᠡᠳᠦᠭᠡᠷ ᠬᠠᠷᠢᠭᠤᠴᠠᠯᠭᠠᠲᠠᠨ᠎ᠤ ᠲᠤᠰᠢᠶᠠᠯ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠍᠂ ᠱᠠᠲᠤ᠌ ᠱᠠᠲᠤ᠎ᠪᠠᠷ ᠬᠠᠷᠢᠭᠤᠴᠠᠯᠭ᠎ᠠ᠎ᠶᠢ ᠪᠣᠳᠠᠲᠠᠶ᠋ᠢᠵᠢᠭᠤᠯᠵᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠬᠤ᠎ᠶᠢ ᠨᠢᠭᠡ ᠴᠤᠭᠴᠠᠵᠢᠭᠤᠯᠤᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ᠎ᠶᠢᠨ ᠠᠮᠢ ᠠᠬᠤᠶ᠎ᠶᠢ ᠦᠷᠭᠦᠯᠵᠢᠯᠡᠨ ᠪᠤᠢ ᠪᠤᠯᠭᠠᠬᠤ ᠵᠢ ᠬᠠᠮᠠᠭᠠᠯᠠᠨ᠎ᠠ᠃ ᠵᠠᠰᠠᠭ᠎ᠤᠨ ᠠᠵᠢᠯ᠎ᠤᠨ ᠪᠦᠳᠤᠮᠵᠢ ᠵᠢᠨ ᠦᠵᠡᠯᠲᠡ᠎ᠶᠢᠨ ᠰᠤᠷᠤᠯᠴᠠᠯᠭ᠎ᠠ ᠬᠥᠮᠦᠵᠢᠯ᠎ᠢ ᠪᠠᠶ᠋ᠢᠩᠭᠤᠵᠢᠭᠤᠯᠤᠨ ᠪᠣᠳᠠᠲᠠᠶ ᠠᠳᠬᠤᠵᠤ᠂ ᠺᠠᠳ᠋ᠷᠴᠤᠳ᠎ᠤᠨ ᠠᠷᠠᠳ ᠲᠦᠮᠡᠨ᠎ᠳᠦ ᠪᠤᠶᠠᠨ ᠦᠢᠯᠡᠳᠬᠦ᠌ ᠵᠢ ᠪᠠᠳᠤ ᠰᠡᠬᠢᠬᠤ ᠤᠳᠤᠷᠢᠳᠤᠮᠵᠢ᠎ᠶᠢ ᠪᠣᠶ ᠪᠣᠯᠭᠠᠵᠤ᠂ ᠠᠪᠤᠨ ᠳᠤᠤᠷ᠎ᠠ᠎ᠪᠠᠨ ᠠᠰᠢᠭ ᠤᠯᠬᠤ᠎ᠶᠢ ᠬᠥᠭᠡᠭᠡᠴᠡᠯᠳᠦᠬᠦ᠌᠂ ᠢᠯᠡ ᠠᠮᠵᠢᠯᠲᠠ ᠪᠦᠳᠦᠮᠵᠢ᠎ᠶᠢ ᠴᠢᠬᠤᠯᠠᠴᠢᠯᠠᠵᠤ ᠳᠠᠯᠳᠠ ᠠᠮᠵᠢᠯᠲᠠ ᠪᠦᠳᠤᠮᠵᠢ᠎ᠶᠢ ᠬᠥᠩᠭᠡᠪᠴᠢᠯᠡᠬᠦ᠌ ᠪᠤᠷᠤᠭᠤ ᠬᠡᠯᠪᠡᠷᠢᠯ᠎ᠢ ᠡᠷᠡᠰ ᠲᠠᠶᠠᠭᠳᠠᠵᠤ᠂ ᠪᠥᠬᠥᠳᠡ ᠬᠤᠷᠠᠯ᠎ᠤᠨ ᠡᠯ᠎ᠡ ᠵᠦᠢᠯ᠎ᠦᠨ ᠪᠠᠶ᠋ᠢᠷᠢᠯᠠᠭᠤᠯᠤᠯᠲᠠ᠎ᠶᠢ ᠪᠣᠳᠠᠲᠠᠶ᠎ᠳᠤ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠎ᠶᠢ ᠪᠥᠬᠥ᠌ ᠬᠦᠴᠦᠨ᠎ᠢᠶᠡᠷ ᠠᠬᠢᠭᠤᠯᠵᠤ᠂ ᠸᠠᠩ᠎ᠤᠨ ᠬᠤᠷᠤᠭ᠎ᠠ ᠪᠠᠯᠭᠠᠰᠤ᠎ᠶᠢᠨ ᠬᠥᠳᠡᠭᠡ ᠲᠣᠰᠬᠣᠨ᠎ᠢ ᠪᠥᠬᠥ᠌ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ᠎ᠶᠢ ᠴᠢᠷᠮᠠᠶ᠋ᠢᠨ ᠪᠢᠴᠢᠭᠯᠡᠨ᠎ᠠ》 ᠭᠡᠵᠤ ᠢᠯᠡᠳᠭᠡᠪᠡ᠃
ᠬᠣᠷᠢᠭ᠎ᠠ ᠱᠤᠭᠤᠮ᠎ᠢ ᠴᠢᠩᠭ᠎ᠠ ᠰᠠᠬᠢᠵᠤ ᠲᠣᠭᠲᠠᠭᠤᠨ ᠪᠠᠶ᠋ᠢᠳᠠᠯ᠎ᠢ ᠬᠠᠮᠠᠭᠠᠯᠠᠨ᠎ᠠ
ᠨᠢᠭᠡ ᠬᠤᠪᠢ᠎ᠶᠢᠨ ᠪᠠᠶ᠋ᠢᠷᠢᠯᠠᠭᠤᠯᠤᠯᠲᠠ᠂ ᠶᠢᠰᠦᠨ ᠬᠤᠪᠢ᠎ᠶᠢᠨ ᠨᠠᠶ᠋ᠢᠳᠠᠪᠤᠷᠢᠵᠢᠭᠤᠯᠤᠯᠲᠠ ᠭᠡᠳᠡᠭ᠃ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠵᠢᠯ᠎ᠤᠨ ᠪᠠᠶ᠋ᠢᠷᠢ᠎ᠳᠠᠭᠠᠨ ᠰᠠᠭᠤᠷᠢᠯᠠᠨ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠪᠡᠷ ᠭᠤᠤᠯᠳᠠᠯᠭ᠎ᠠ ᠪᠤᠯᠭᠠᠵᠤ᠂ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶᠢ ᠪᠣᠳᠠᠲᠠᠢ ᠠᠵᠢᠯ᠎ᠳᠠᠭᠠᠨ ᠠᠭᠤᠰᠤᠯᠴᠠᠭᠤᠯᠬᠤ ᠬᠡᠷᠡᠭᠳᠡᠢ᠃
ᠠᠯᠠᠱᠠ ᠠᠶ᠋ᠢᠮᠠᠭ᠎ᠤᠨ ᠠᠯᠠᠱᠠ ᠵᠡᠭᠦᠨ ᠬᠣᠰᠢᠭᠤᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ᠎ᠦᠨ ᠠᠯᠪᠠᠨ ᠭᠡᠷ᠎ᠦᠨ ᠠᠵᠢᠯᠳᠠᠨ ᠯᠢ ᠱᠤᠸᠠᠢ ᠶᠤᠸᠠᠨ᠄《ᠪᠦᠬᠦᠳᠡ ᠬᠤᠷᠠᠯ᠎ᠡᠴᠡ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠡᠯᠡᠨ ᠠᠬᠢᠭᠤᠯᠬᠤ ᠲᠤᠬᠠᠢ ᠰᠢᠰᠲᠸᠮ ᠲᠠᠢ ᠪᠠᠶ᠋ᠢᠷᠢᠯᠠᠭᠤᠯᠤᠯᠲᠠ ᠬᠢᠵᠡᠢ᠂ ᠡᠨᠡ ᠨᠢ ᠮᠠᠨ᠎ᠤ ᠨᠠᠮ᠎ᠤᠨ ᠢᠮᠠᠭᠲᠠ᠎ᠶᠢᠨ ᠥᠪᠡᠷ ᠪᠡᠶ᠎ᠡ᠎ᠵᠢᠨ ᠬᠤᠪᠢᠰᠬᠠᠯ ᠬᠢᠬᠦ᠌᠎ᠶᠢ ᠠᠬᠢᠭᠤᠯᠬᠤ ᠡᠷᠡᠰ ᠵᠣᠷᠢᠭ᠎ᠢ ᠢᠯᠡᠷᠡᠭᠦᠯᠦᠭᠰᠡᠨ ᠪᠥᠭᠡᠳ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠡᠬᠢᠯᠡᠯᠲᠡ᠎ᠶᠢᠨ ᠱᠠᠲᠤᠨ᠎ᠤ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠶᠢᠨ ᠪᠣᠳᠠᠲᠠᠢ ᠱᠠᠭᠠᠷᠳᠠᠯᠭ᠎ᠠ᠎ᠳᠤ ᠬᠠᠷᠢᠭᠤᠯᠲᠠ ᠥᠭᠴᠡᠢ᠃ ᠪᠢᠳᠡ ᠪᠣᠯ ᠨᠠᠮ᠎ᠢ ᠴᠢᠩᠭ᠎ᠠ ᠵᠠᠰᠠᠬᠤ᠎ᠶᠢᠨ ᠭᠡᠷᠡᠴᠢᠯᠡᠭᠴᠢ᠂ ᠣᠷᠣᠯᠴᠠᠭᠴᠢ ᠪᠦᠭᠡᠳ ᠨᠡᠩ ᠴᠤ᠌ ᠠᠬᠢᠭᠤᠯᠤᠭᠴᠢ᠂ ᠦᠢᠯᠡᠳᠦᠯᠭᠡᠵᠢᠭᠦᠯᠦᠭᠴᠢ ᠮᠥᠨ᠃ ᠬᠣᠶ᠋ᠢᠰᠢᠳᠠ᠎ᠶᠢᠨ ᠠᠵᠢᠯ᠎ᠤᠨ ᠳᠤᠮᠳᠠ᠂ ᠪᠢᠳᠡ ᠴᠢᠩᠭ᠎ᠠ ᠱᠠᠭᠠᠷᠳᠠᠯᠭ᠎ᠠ᠎ᠶᠢ ᠪᠢᠴᠢᠭ ᠮᠠᠲ᠋ᠧᠷᠢᠶᠠᠯ ᠰᠢ᠌ᠳᠪᠦᠷᠢᠯᠡᠬᠦ᠌᠂ ᠬᠤᠷᠠᠯ ᠡᠷᠬᠢᠯᠡᠬᠦ᠌᠂ ᠤᠴᠢᠷ ᠶᠠᠪᠤᠳᠠᠯ ᠰᠢ᠌ᠳᠪᠦᠷᠢᠯᠡᠬᠦ᠌ ᠪᠦᠬᠦ᠌ ᠶᠠᠪᠤᠴᠠ᠎ᠳᠤ ᠠᠭᠤᠰᠤᠯᠴᠠᠭᠤᠯᠵᠤ᠂ ᠡᠳᠦᠷ ᠲᠤᠳᠤᠮ᠎ᠤᠨ ᠪᠠᠭ᠎ᠠ ᠶᠠᠪᠤᠳᠠᠯ᠎ᠡᠴᠡ ᠡᠬᠢᠯᠡᠨ ᠴᠢᠩᠳᠠᠯᠠᠵᠤ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠌ ᠳᠤᠮᠳᠠ ᠰᠠᠬᠢᠯᠭ᠎ᠠ ᠪᠠᠲᠤ᠎ᠶᠢᠨ ᠤᠬᠠᠮᠰᠠᠷ᠎ᠢᠶᠠᠨ ᠴᠢᠩᠭᠠᠳᠬᠠᠵᠤ᠂ ᠤᠯᠠᠨ ᠲᠦᠮᠡᠨ᠎ᠳᠦ ᠦᠢᠯᠡᠴᠢᠯᠡᠬᠦ᠌ ᠳᠤᠮᠳᠠ ᠠᠷᠠᠳ ᠲᠦᠮᠡᠨᠯᠤᠭᠡ ᠵᠢᠨ ᠬᠠᠶ᠋ᠢᠷ᠎ᠠ ᠰᠡᠳᠬᠢᠯᠭᠡ᠎ᠶᠢ ᠵᠤᠵᠠᠭᠠᠳᠬᠠᠨ᠎ᠠ》 ᠭᠡᠪᠡ᠃
《ᠪᠢ ᠨᠠᠮ᠎ᠤᠨ ᠪᠠᠢᠭᠤᠯᠤᠯᠲᠠ᠎ᠪᠠᠷ ᠨᠢᠭᠡᠳᠦᠮᠡᠯ ᠹᠷᠣᠨᠲ᠎ᠤᠨ ᠲᠤᠬᠠᠢᠯᠠᠭᠰᠠᠨ ᠠᠵᠢᠯ᠎ᠢ ᠬᠥᠲᠥᠯᠥᠨ ᠳᠠᠭᠠᠭᠤᠯᠬᠤ᠎ᠶᠢ ᠪᠠᠷᠢᠮᠲᠠᠯᠠᠵᠤ᠂ ᠨᠢᠭᠡᠳᠦᠮᠡᠯ ᠹᠷᠣᠨᠲ᠎ᠤᠨ ᠠᠵᠢᠯ᠎ᠤᠨ ᠬᠠᠷᠢᠭᠤᠴᠠᠯᠭ᠎ᠠ᠎ᠶᠢᠨ ᠳᠦᠷᠢᠮ᠎ᠢ ᠪᠣᠳᠠᠲᠠᠢᠵᠢᠭᠤᠯᠵᠤ᠂ ᠨᠢᠭᠡᠳᠦᠮᠡᠯ ᠹᠷᠣᠨᠲ᠎ᠤᠨ ᠺᠠᠳ᠋ᠷ᠎ᠤᠨ ᠡᠩᠨᠡᠭᠡ᠎ᠶᠢᠨ ᠪᠠᠢᠭᠤᠯᠤᠯᠲᠠ᠎ᠶᠢ ᠴᠢᠩᠭ᠎ᠠ ᠠᠳᠬᠤᠵᠤ᠂ ᠪᠠᠲᠤ ᠴᠢᠩᠭ᠎ᠠ ᠰᠤᠷᠲᠠᠯ᠎ᠢ ᠪᠣᠯᠪᠠᠰᠤᠷᠠᠭᠤᠯᠵᠤ᠂ ᠰᠠᠬᠢᠯᠭ᠎ᠠ ᠪᠠᠲᠤ ᠶᠣᠰᠣ᠌ ᠳᠦᠷᠢᠮ᠎ᠢ ᠴᠢᠩᠭ᠎ᠠ ᠰᠠᠬᠢᠨ᠎ᠠ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠰᠢᠵᠢᠮ᠎ᠲᠠᠢ ᠨᠢᠭ᠍ᠲᠠ ᠤᠶᠠᠯᠳᠤᠭᠤᠯᠵᠤ᠂ ᠨᠥᠬᠥᠷᠯᠡᠯ ᠪᠠᠢᠭᠤᠯᠤᠨ ᠨᠠᠢᠵᠠᠯᠠᠬᠤ᠂ ᠬᠥᠮᠥᠵᠢᠭᠦᠯᠦᠨ ᠵᠢᠯᠤᠭᠣᠳᠬᠤ᠂ ᠠᠶᠤᠯ ᠲᠦᠭᠰᠢᠭᠦᠷᠢ᠎ᠶᠢ ᠰᠡᠷᠭᠡᠢᠯᠡᠬᠦ ᠳᠤᠮᠳᠠ ᠤᠯᠤᠰ ᠲᠦᠷᠦ᠎ᠶᠢᠨ ᠬᠣᠷᠢᠭ᠎ᠠ ᠱᠤᠭᠤᠮ᠎ᠢ ᠪᠠᠲᠤ ᠰᠠᠬᠢᠵᠤ᠂ ᠡᠯ᠎ᠡ ᠬᠦᠷᠢᠶᠡᠨ᠎ᠦ ᠨᠢᠭᠡᠳᠦᠮᠡᠯ ᠹᠷᠣᠨᠲ᠎ᠤᠨ ᠠᠵᠢᠯ᠎ᠢ ᠴᠢᠩᠭ᠎ᠠ ᠵᠢᠷᠤᠮᠵᠢᠭᠤᠯᠤᠨ᠎ᠠ᠃ ᠨᠢᠭᠡᠳᠦᠮᠡᠯ ᠹᠷᠣᠨᠲ᠎ᠤᠨ ᠡᠯ᠎ᠡ ᠡᠲᠡᠭᠡᠳ᠎ᠦᠨ ᠬᠢᠨ᠎ᠦ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠵᠤ᠂ ᠥᠷᠭᠡᠨ ᠣᠯᠠᠨ ᠨᠢᠭᠡᠳᠦᠮᠡᠯ ᠹᠷᠣᠨᠲ᠎ᠤᠨ ᠪᠦᠷᠢᠯᠳᠦᠭᠦᠨ᠎ᠢ ᠬᠥᠲᠥᠯᠥᠨ ᠵᠢᠯᠤᠭᠣᠳᠴᠤ ᠪᠠᠢᠭᠠᠳ ᠪᠢᠰᠢᠷᠡᠨ ᠵᠢᠷᠦᠬᠡᠰᠢᠶᠡᠬᠦ᠎ᠶᠢ ᠮᠡᠳᠡᠷᠡᠭᠦᠯᠵᠦ᠂ ᠲᠥᠪ ᠶᠣᠰᠣ᠌᠎ᠶᠢ ᠰᠠᠬᠢᠭᠤᠯᠵᠤ᠂ ᠶᠡᠬᠡ ᠨᠢᠭᠡᠳᠦᠮᠡᠯ ᠹᠷᠣᠨᠲ᠎ᠤᠨ ᠠᠵᠢᠯ᠎ᠤᠨ ᠪᠠᠢᠷᠢᠰᠢᠯ᠎ᠢ ᠦᠷᠭᠦᠯᠵᠢᠯᠡᠨ ᠲᠡᠭᠦᠯᠳᠡᠷᠵᠢᠭᠦᠯᠦᠨ᠎ᠡ》 ᠭᠡᠵᠤ ᠰᠢᠯᠢᠩᠬᠣᠲᠠ᠎ᠶᠢᠨ ᠨᠠᠮ᠎ᠤᠨ ᠬᠤᠷᠢᠶ᠎ᠠ᠎ᠶᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠡᠳᠦᠷ ᠲᠤᠲᠤᠮ᠎ᠤᠨ ᠠᠵᠢᠯ᠎ᠢ ᠬᠠᠮᠢᠶᠠᠷᠴᠤ ᠪᠠᠢᠭ᠎ᠠ ᠳᠡᠳ᠋ ᠳᠠᠷᠤᠭ᠎ᠠ ᠰᠢᠦᠢ ᠸᠸᠨ ᠵᠢᠤᠸᠠᠨ ᠭᠡᠯᠡᠪᠡ᠃
《ᠪᠢᠳᠡ ᠳᠣᠲᠣᠭᠠᠳᠤ᠎ᠶᠢ ᠬᠠᠮᠠᠭᠠᠯᠠᠬᠤ ᠤᠯᠠᠭᠠᠨᠮᠥ᠋ᠴᠢᠷ᠎ᠦᠨ ᠣᠨᠴᠠᠯᠢᠭ᠍ᠲᠤ ᠤᠬᠠᠭᠤᠯᠭ᠎ᠠ᠎ᠶᠢᠨ ᠠᠴᠢᠶᠠᠯᠠᠪᠤᠷᠢ᠎ᠶᠢ ᠰᠠᠢᠲᠤᠷ ᠠᠰᠢᠭ᠍ᠯᠠᠵᠤ᠂ ᠤᠯᠤᠰ ᠲᠥᠷᠥ᠎ᠶᠢᠨ ᠠᠮᠤᠷ ᠲᠦᠪᠰᠢᠨ᠂ ᠦᠨᠳᠦᠰᠦᠨ ᠱᠠᠲᠤᠨ᠎ᠤ ᠵᠠᠰᠠᠯᠲᠠ᠂ ᠠᠮᠢ ᠠᠬᠤᠢ᠎ᠶᠢᠨ ᠴᠠᠭᠳᠠᠭᠠᠨ᠎ᠤ ᠶᠠᠪᠤᠳᠠᠯ᠂ ᠮᠡᠬᠡᠯᠡᠯ᠎ᠢ ᠡᠰᠡᠷᠭᠦᠴᠡᠬᠦ ᠬᠠᠤᠯᠢ ᠵᠢ ᠲᠦᠭᠡᠮᠡᠯᠵᠢᠭᠦᠯᠬᠦ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭᠠᠬᠤ ᠵᠡᠷᠭᠡ ᠭᠣᠣᠯᠳᠠᠯᠭ᠎ᠠ᠎ᠲᠠᠢ ᠠᠵᠢᠯ᠎ᠤᠨ ᠲᠣᠭᠣᠷᠢᠨ᠎ᠳᠤ᠂ ᠨᠢᠭᠡ ᠪᠦᠯᠦᠭ ᠣᠯᠠᠨ ᠲᠦᠮᠡᠨ᠎ᠲᠠᠢ ᠣᠢᠷᠠᠲᠤᠭᠰᠠᠨ᠂ ᠬᠠᠢᠷ᠎ᠠ ᠰᠡᠳᠬᠢᠯᠭᠡ᠎ᠲᠠᠢ᠂ ᠴᠢᠨᠠᠷ ᠰᠠᠢᠲᠠᠢ ᠤᠬᠠᠭᠤᠯᠭ᠎ᠠ᠎ᠶᠢᠨ ᠪᠦᠲᠦᠭᠡᠯ᠎ᠢ ᠵᠤᠬᠢᠶᠠᠨ ᠪᠦᠳᠦᠬᠡᠨ᠎ᠠ》᠃ ᠬᠥᠯᠥᠨ ᠪᠣᠶ᠋ᠢᠷ ᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠰᠣᠨᠢᠨ ᠮᠡᠳᠡᠭᠡ ᠤᠬᠠᠭᠤᠯᠭ᠎ᠠ᠎ᠶᠢᠨ ᠰᠠᠯᠠᠭᠠᠨ᠎ᠤ ᠳᠠᠷᠤᠭ᠎ᠠ ᠵᠠᠩ ᠰᠢᠤᠸᠠᠨ᠂ ᠪᠥᠬᠥ ᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠤᠬᠠᠭᠤᠯᠭ᠎ᠠ᠎ᠶᠢᠨ ᠹᠷᠣᠨᠲ᠎ᠤᠨ ᠬᠢᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠦᠷᠭᠦᠯᠵᠢᠯᠡᠨ ᠭᠦᠨᠵᠡᠭᠡᠢ ᠰᠤᠷᠤᠯᠴᠠᠨ ᠪᠠᠲᠤᠲᠠᠢ ᠦᠢᠯᠡᠳᠦᠯᠭᠡᠵᠢᠭᠦᠯᠵᠦ᠂ ᠵᠥᠪ ᠲᠠᠯ᠎ᠠ᠎ᠶᠢᠨ ᠤᠬᠠᠭᠤᠯᠭ᠎ᠠ᠎ᠶᠢ ᠴᠢᠩᠭᠠᠳᠬᠠᠨ᠂ ᠶᠠᠷᠢᠶ᠎ᠠ ᠬᠡᠯᠡᠯᠴᠡᠭᠡᠨ᠎ᠦ ᠵᠢᠭ᠍ᠰᠠᠭᠠᠯ᠎ᠤᠨ ᠭᠠᠵᠠᠷ᠎ᠢ ᠪᠠᠲᠤ ᠰᠠᠬᠢᠵᠤ᠂ ᠳᠣᠲᠣᠭᠠᠳᠤ᠎ᠶᠢ ᠬᠠᠮᠠᠭᠠᠯᠠᠬᠤ ᠤᠬᠠᠭᠤᠯᠭ᠎ᠠ᠎ᠶᠢᠨ ᠳᠠᠮᠵᠢᠭᠤᠯᠬᠤ ᠬᠦᠴᠦᠨ᠂ ᠬᠥᠲᠥᠯᠥᠨ ᠵᠢᠯᠤᠭᠣᠳᠬᠤ ᠬᠦᠴᠦᠨ᠂ ᠨᠥᠯᠥᠭᠡᠯᠡᠬᠦ ᠬᠦᠴᠦᠨ᠂ ᠣᠯᠠᠨ ᠨᠡᠶ᠋ᠢᠲᠡ᠎ᠶᠢ ᠢᠲᠡᠭᠡᠭᠦᠯᠬᠦ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠬᠥᠯᠥᠨ ᠪᠣᠶ᠋ᠢᠷ᠂ ᠬᠠᠤᠯᠢ ᠪᠠᠷ ᠵᠠᠰᠠᠬᠤ ᠬᠥᠯᠥᠨ ᠪᠣᠶ᠋ᠢᠷᠢ ᠪᠦᠲᠦᠭᠡᠨ ᠪᠠᠶ᠋ᠢᠭᠤᠯᠬᠤ᠎ᠳᠤ ᠰᠠᠢᠨ ᠰᠠᠢᠬᠠᠨ ᠶᠠᠷᠢᠶ᠎ᠠ ᠬᠡᠯᠡᠯᠴᠡᠭᠡᠨ᠎ᠦ ᠠᠭᠤᠷ ᠠᠮᠢᠰᠬᠤᠯ᠎ᠢ ᠪᠣᠶ ᠪᠣᠯᠭᠠᠨ᠎ᠠ ᠬᠡᠵᠦ ᠢᠯᠡᠳᠬᠡᠪᠡ᠃
《ᠪᠥᠬᠥᠳᠡ ᠬᠤᠷᠠᠯ᠎ᠠᠴᠠ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ᠎ᠶᠢ ᠪᠠᠢᠷᠢᠯᠠᠭᠤᠯᠬᠤ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠦᠢᠯᠡᠳᠦᠯᠭᠡᠵᠢᠭᠦᠯᠬᠦ᠂ ᠠᠷᠠᠳ᠎ᠤᠨ ᠠᠮᠢᠳᠤᠷᠠᠯ ᠠᠵᠢᠯ ᠣᠯᠭᠣᠯᠲᠠ᠎ᠶᠢᠨ ᠠᠵᠢᠯ᠎ᠢ ᠪᠣᠳᠠᠲᠠᠢ ᠠᠳᠬᠤᠬᠤ᠎ᠳᠤ ᠪᠠᠲᠤ ᠴᠢᠩᠭ᠎ᠠ ᠤᠯᠤᠰ ᠲᠥᠷᠥ᠎ᠶᠢᠨ ᠪᠠᠲᠤᠯᠠᠭ᠎ᠠ ᠬᠠᠩᠭᠠᠪᠠ》᠃ ᠤᠯᠠᠭᠠᠨᠴᠠᠪ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠬᠣᠲᠠ᠎ᠶᠢᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ᠎ᠦᠨ ᠡᠷᠬᠢᠯᠡᠭᠴᠢ ᠽᠧᠩ ᠴᠢᠶᠠᠩ᠂ ᠪᠥᠬᠥ ᠬᠣᠲᠠ᠎ᠶᠢᠨ ᠠᠵᠢᠯ ᠣᠯᠭᠣᠯᠲᠠ᠎ᠶᠢᠨ ᠰᠠᠯᠠᠭ᠎ᠠ ᠮᠥᠴᠢᠷ ᠭᠣᠣᠯᠳᠠᠯᠭ᠎ᠠ᠎ᠲᠠᠢ ᠬᠦᠮᠦᠰ ᠤ᠋ᠨ ᠠᠵᠢᠯ ᠣᠯᠭᠣᠯᠲᠠ᠎ᠶᠢ ᠬᠠᠪᠰᠤᠷᠤᠨ ᠲᠡᠳᠬᠦᠬᠦ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠨᠤᠲᠤᠭ᠎ᠲᠠᠭᠠᠨ ᠪᠤᠴᠠᠵᠤ ᠦᠢᠯᠡᠰ ᠪᠤᠰᠬᠠᠬᠤ ᠪᠡᠶᠡᠴᠢ ᠴᠣᠭᠴᠠ᠎ᠶᠢ ᠶᠡᠬᠡᠪᠡᠷ ᠪᠣᠢᠵᠢᠭᠤᠯᠤᠨ᠎ᠠ᠃ ᠦᠷᠭᠦᠯᠵᠢᠯᠡᠨ ᠠᠵᠢᠯ ᠣᠯᠭᠣᠯᠲᠠ᠎ᠶᠢᠨ ᠤᠯᠠᠨ ᠨᠡᠶ᠋ᠢᠲᠡ᠎ᠶᠢᠨ ᠦᠢᠯᠡᠴᠢᠯᠡᠭᠡ᠎ᠶᠢ ᠰᠢᠯᠢᠳᠡᠭᠵᠢᠭᠦᠯᠵᠦ᠂ ᠠᠵᠢᠯ ᠣᠯᠭᠣᠯᠲᠠ᠎ᠶᠢᠨ ᠦᠨᠳᠦᠰᠦᠨ ᠪᠠᠢᠳᠠᠯ᠎ᠢ ᠪᠡᠬᠢᠵᠢᠭᠦᠯᠵᠦ᠂ ᠠᠵᠤ ᠦᠢᠯᠡᠰ᠎ᠦᠨ ᠳᠠᠪᠠᠭᠤᠯᠢᠭ᠋᠎ᠢ ᠤᠯᠠᠨ ᠲᠦᠮᠡᠨ᠎ᠦ ᠠᠵᠢᠯ ᠣᠯᠭᠣᠯᠲᠠ᠎ᠪᠠᠷ ᠣᠷᠣᠯᠭ᠎ᠠ᠎ᠪᠠᠨ ᠨᠡᠮᠡᠭᠳᠡᠭᠦᠯᠬᠦ ᠪᠤᠶᠠᠨ ᠵᠢᠷᠭᠠᠯ ᠪᠣᠯᠭᠠᠨ ᠬᠤᠪᠢᠷᠠᠭᠤᠯᠬᠤ᠎ᠶᠢ ᠠᠬᠢᠭᠤᠯᠵᠤ᠂ ᠨᠡᠢᠭᠡᠮ᠎ᠦᠨ ᠡᠶ᠎ᠡ ᠵᠣᠬᠢᠴᠠᠩᠭᠤᠢ ᠲᠣᠭᠲᠠᠭᠤᠨ᠎ᠢ ᠬᠠᠮᠠᠭᠠᠯᠠᠬᠤ᠂ ᠬᠠᠮᠲᠤ᠎ᠪᠠᠷ ᠴᠢᠨᠡᠭᠡᠯᠢᠭᠵᠢᠬᠦ᠎ᠶᠢ ᠠᠬᠢᠭᠤᠯᠬᠤ ᠠᠬᠢᠴᠠ᠎ᠳᠤ ᠠᠵᠢᠯ ᠣᠯᠭᠣᠯᠲᠠ᠎ᠶᠢᠨ ᠡᠭᠦᠷᠭᠡᠯᠡᠯ᠎ᠢ ᠢᠯᠡᠷᠡᠭᠦᠯᠦᠨ᠎ᠠ ᠬᠡᠵᠦ ᠢᠯᠡᠳᠬᠡᠪᠡ᠃
ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ ᠬᠥᠭᠵᠢᠯᠲᠡ᠎ᠶᠢ ᠬᠥᠲᠥᠯᠥᠨ ᠳᠠᠭᠠᠭᠤᠯᠤᠨ᠎ᠠ
ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠬᠦ᠎ᠶᠢᠨ 《ᠲᠦᠰᠢᠭ ᠲᠤᠯᠭᠠᠭᠤᠷᠢ》 ᠮᠥᠨ᠃ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠵᠤ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ᠎ᠳᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠡᠭᠦᠷᠭᠡ ᠢᠷᠠᠭᠤ ᠠᠯᠳᠠᠷᠲᠠᠢ᠂ ᠬᠠᠷᠢᠭᠤᠴᠠᠯᠭ᠎ᠠ ᠬᠦᠨᠳᠦ ᠶᠡᠬᠡ ᠪᠠᠢᠨ᠎ᠠ᠃
《ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠨᠠᠢᠳᠠᠪᠤᠷᠢᠵᠢᠭᠤᠯᠬᠤ᠎ᠳᠤ᠂ ᠪᠠᠭ᠎ᠠ ᠵᠢᠵᠢᠭ ᠡᠷᠬᠡ᠎ᠶᠢ ᠴᠢᠩᠭ᠎ᠠ ᠬᠠᠮᠢᠶᠠᠷᠴᠤ᠂ ᠤᠯᠠᠨ ᠲᠦᠮᠡᠨ᠎ᠦ ᠳᠡᠷᠭᠡᠳᠡᠬᠢ ᠪᠠᠭ᠎ᠠ ᠢᠯᠵᠢᠷᠡᠯ᠎ᠦᠨ ᠠᠰᠠᠭᠤᠳᠠᠯ᠎ᠢ ᠴᠢᠩᠭ᠎ᠠ ᠪᠠᠢᠴᠠᠭᠠᠵᠤ᠂ ᠨᠠᠮ᠎ᠤᠨ ᠰᠤᠷᠲᠠᠯ᠎ᠢ ᠲᠥᠪ ᠴᠢᠬᠡᠴᠢ ᠪᠣᠯᠭᠠᠬᠤ᠎ᠪᠠᠷ ᠤᠯᠠᠨ ᠲᠦᠮᠡᠨ᠎ᠦ ᠢᠲᠡᠭᠡᠯ᠎ᠢ ᠣᠯᠵᠤ᠂ ᠬᠢᠯᠢ ᠬᠢᠵᠠᠭᠠᠷ᠎ᠤᠨ ᠦᠨᠳᠦᠰᠦᠲᠡᠨ᠎ᠦ ᠣᠷᠣᠨ᠎ᠳᠠᠬᠢ ᠨᠠᠮ᠎ᠤᠨ ᠲᠦᠷᠦ ᠪᠠᠷᠢᠬᠤ ᠰᠠᠭᠤᠷᠢ᠎ᠶᠢ ᠪᠡᠬᠢᠵᠢᠭᠦᠯᠬᠦ ᠬᠡᠷᠡᠭᠲᠡᠢ》᠂ ᠣᠷᠳᠣᠰ ᠬᠣᠲᠠ᠎ᠶᠢᠨ ᠦᠦᠰᠢᠨ ᠬᠣᠰᠢᠭᠤᠨ᠎ᠤ ᠰᠦᠯᠳᠡ ᠰᠤᠮᠤ᠎ᠶᠢᠨ ᠱᠠᠷᠯᠢᠭ ᠭᠠᠴᠠᠭᠠᠨ᠎ᠤ ᠨᠠᠮ᠎ᠤᠨ ᠡᠭᠦᠷ᠎ᠦᠨ ᠱᠦᠵᠢ ᠲᠡᠯᠡᠶ ᠭᠦᠨ ᠲᠥᠷᠥᠭᠳᠡᠯ᠎ᠲᠠᠢ ᠪᠠᠢᠯ᠎ᠠ᠃ ᠪᠥᠬᠥᠳᠡ ᠬᠤᠷᠠᠯ ᠲᠡᠭᠦᠰᠦᠭᠰᠡᠨ᠎ᠦ ᠳᠠᠷᠠᠭ᠎ᠠ᠂ ᠲᠡᠷᠡ ᠬᠠᠮᠤᠭ᠎ᠤᠨ ᠲᠡᠷᠢᠭᠦᠨ᠎ᠳᠦ ᠭᠠᠴᠠᠭᠠᠨ᠎ᠤ 《ᠬᠣᠶᠠᠷ ᠵᠥᠪᠯᠡᠯ》 ᠤ᠋ᠨ ᠤᠳᠤᠷᠢᠳᠬᠤ ᠪᠠᠭ ᠪᠣᠯᠣᠨ ᠨᠠᠮ᠎ᠤᠨ ᠭᠡᠰᠢᠭᠦᠨ ᠣᠯᠠᠨ ᠲᠦᠮᠡᠨ᠎ᠢ ᠳᠠᠭᠠᠭᠤᠯᠤᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠪᠠ᠃ ᠲᠡᠷᠡ᠂ ᠬᠣᠢᠰᠢᠳᠠ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠭᠠᠴᠠᠭᠠᠨ᠎ᠤ ᠡᠯ᠎ᠡ ᠵᠦᠢᠯ᠎ᠦᠨ ᠠᠵᠢᠯ᠎ᠲᠠᠢ ᠨᠢᠭ᠍ᠲᠠ ᠤᠶᠠᠯᠳᠤᠭᠤᠯᠵᠤ᠂ ᠨᠠᠮ᠎ᠤᠨ ᠪᠠᠢᠭᠤᠯᠤᠯᠲᠠ᠎ᠪᠠᠷ ᠬᠥᠭᠵᠢᠯᠲᠡ᠎ᠶᠢ ᠬᠥᠲᠥᠯᠥᠨ ᠳᠠᠭᠠᠭᠤᠯᠬᠤ᠎ᠶᠢ ᠪᠠᠷᠢᠮᠲᠠᠯᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠳᠠᠶ᠋ᠢᠴᠢᠯᠠᠨ ᠬᠠᠮᠲᠤ᠎ᠪᠠᠷ ᠣᠷᠣᠯᠭ᠎ᠠ᠎ᠶᠢ ᠨᠢ ᠨᠡᠮᠡᠭᠳᠡᠭᠦᠯᠦᠨ ᠪᠠᠶᠠᠵᠢᠭᠤᠯᠤᠨ᠎ᠠ ᠬᠡᠪᠡ᠃
《ᠪᠢ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠲᠦᠷᠦᠭᠦᠯᠡᠨ ᠭᠦᠨᠵᠡᠭᠡᠶ ᠰᠤᠷᠤᠯᠴᠠᠨ ᠨᠠᠷᠢᠨ ᠣᠶ᠋ᠢᠯᠠᠭᠠᠵᠤ᠂ ᠲᠣᠰᠬᠣᠨ᠎ᠤ 〈ᠬᠣᠶᠠᠷ ᠵᠥᠪᠯᠡᠯ〉 ᠤ᠋ᠨ ᠤᠳᠤᠷᠢᠳᠬᠤ ᠪᠠᠭ ᠪᠣᠯᠤᠨ ᠪᠥᠬᠥ᠌ ᠨᠠᠮ᠎ᠤᠨ ᠭᠡᠰᠢᠭᠦᠨ᠎ᠢ ᠪᠦᠯᠬᠦᠮᠳᠡᠭᠦᠯᠦᠨ ᠳᠠᠭᠠᠭᠤᠯᠵᠤ ᠠᠮᠤ ᠪᠤᠳᠠᠭᠠᠨ᠎ᠤ ᠠᠮᠤᠷ ᠲᠦᠪᠰᠢᠨ᠎ᠦ ᠬᠠᠷᠢᠭᠤᠴᠠᠯᠭ᠎ᠠ᠎ᠶᠢ ᠪᠠᠲᠤ᠌ ᠡᠭᠦᠷᠭᠡᠯᠡᠵᠦ᠍᠂ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ᠎ᠶᠢ ᠦᠷᠭᠦᠯᠵᠢᠯᠡᠨ ᠠᠬᠢᠭᠤᠯᠵᠤ᠂ ᠣᠷᠣᠰᠢᠨ ᠰᠠᠭᠤᠷᠢᠰᠢᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ᠂ ᠤᠨᠴᠠᠯᠢᠬᠳᠤ ᠠᠵᠤ ᠦᠢᠯᠡᠰ᠎ᠢ ᠪᠣᠶ᠋ᠢᠵᠢᠭᠤᠯᠬᠤ᠂ ᠲᠠᠷᠢᠶᠠᠴᠢᠳᠲᠤ᠌ ᠠᠰᠢᠭ ᠬᠦᠷᠲᠡᠭᠡᠬᠦ᠌ ᠲᠥᠷᠥ᠎ᠶᠢᠨ ᠪᠣᠳᠣᠯᠭ᠎ᠠ᠎ᠶᠢ ᠨᠠᠶ᠋ᠢᠳᠠᠪᠤᠷᠢᠵᠢᠭᠤᠯᠬᠤ ᠵᠡᠷᠭᠡ ᠭᠤᠤᠯᠳᠠᠯᠭ᠎ᠠ᠎ᠲᠠᠶ ᠠᠵᠢᠯ᠎ᠢ ᠪᠣᠳᠠᠲᠠᠶ ᠠᠳᠬᠤᠨ᠎ᠠ; ᠲᠣᠰᠬᠣᠨ᠎ᠤ ᠪᠠᠨ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠵᠤ᠂ ᠠᠷᠭ᠎ᠠ ᠪᠦᠬᠦᠨ᠎ᠢ ᠰᠦᠪᠡᠭᠴᠢᠯᠡᠨ ᠲᠣᠰᠬᠣᠨ᠎ᠤ ᠬᠠᠮᠲᠤ᠎ᠶᠢᠨ ᠠᠵᠤ ᠠᠬᠤᠶ᠎ᠶᠢ ᠪᠤᠵᠠᠭᠠᠶ᠋ᠢᠷᠠᠭᠤᠯᠵᠤ᠂ ᠣᠯᠠᠨ ᠲᠦᠮᠡᠨ᠎ᠦ ᠣᠷᠣᠯᠭ᠎ᠠ᠎ᠶᠢ ᠨᠡᠮᠡᠭᠳᠡᠭᠦᠯᠬᠦ᠌ ᠠᠷᠭ᠎ᠠ ᠵᠠᠮ᠎ᠢ ᠥᠷᠭᠡᠳᠬᠡᠨ᠎ᠡ; ᠦᠨᠳᠦᠰᠦᠨ ᠱᠠᠲᠤᠨ᠎ᠤ ᠵᠠᠰᠠᠯᠲᠠ᠂ ᠠᠷᠠᠳ᠎ᠤᠨ ᠠᠮᠢᠳᠤᠷᠠᠯ᠎ᠤᠨ ᠦᠢᠯᠡᠴᠢᠯᠡᠭᠡ ᠵᠡᠷᠭᠡ ᠡᠯ᠎ᠡ ᠵᠦᠢᠯ᠎ᠦᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠠᠳᠬᠤᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠡᠯ᠎ᠡ ᠵᠦᠢᠯ᠎ᠦᠨ ᠡᠭᠦᠷᠭᠡ᠎ᠶᠢ ᠪᠣᠳᠠᠲᠠᠢ᠎ᠳᠤ ᠨᠠᠢᠳᠠᠪᠤᠷᠢᠵᠢᠭᠤᠯᠵᠤ᠂ ᠬᠥᠳᠡᠭᠡ ᠲᠣᠰᠬᠣᠨ᠎ᠤ ᠵᠠᠰᠠᠯᠲᠠ᠎ᠶᠢᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ》 ᠭᠡᠵᠦ᠍ ᠪᠠᠶᠠᠨᠨᠠᠭᠤᠷ ᠬᠣᠲᠠ᠎ᠶᠢᠨ ᠯᠢᠨ ᠾᠧ ᠲᠣᠭᠣᠷᠢᠭ᠎ᠤᠨ ᠤᠯᠠᠭᠠᠨ ᠲᠤᠭ ᠪᠠᠯᠭᠠᠰᠤᠨ᠎ᠤ ᠯᠦᠩ ᠱᠧᠩ ᠲᠣᠰᠬᠣᠨ᠎ᠤ ᠨᠠᠮ᠎ᠤᠨ ᠡᠭᠦᠷ᠎ᠦᠨ ᠱᠦᠵᠢ ᠶᠠᠩ ᠶᠦᠩ ᠬᠡᠯᠡᠪᠡ᠃
《ᠪᠦᠬᠦᠳᠡ ᠬᠤᠷᠠᠯ᠎ᠡᠴᠡ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠠᠬᠢᠭᠤᠯᠬᠤ ᠲᠤᠬᠠᠢ ᠰᠢᠰᠲ᠋ᠧᠮ᠎ᠲᠡᠶ ᠪᠠᠶ᠋ᠢᠷᠢᠯᠠᠭᠤᠯᠤᠯᠲᠠ ᠬᠢᠵᠠᠢ᠂ ᠡᠨᠡ ᠨᠢ ᠮᠢᠨᠤ ᠬᠤᠪᠢ ᠬᠦᠮᠦᠨ᠎ᠳᠦ ᠬᠠᠷᠢᠭᠤᠴᠠᠯᠭ᠎ᠠ ᠶᠡᠬᠡ᠂ ᠡᠭᠦᠷᠭᠡ ᠬᠦᠨᠳᠦ ᠪᠠᠶ᠋ᠢᠬᠤ᠎ᠶᠢ ᠭᠦᠨᠵᠡᠭᠡᠢ ᠮᠡᠳᠡᠷᠡᠭᠦᠯᠪᠡ᠃ ᠪᠢ ᠨᠠᠮᠴᠢ ᠴᠢᠨᠠᠷ᠎ᠤᠨ ᠪᠣᠯᠪᠠᠰᠤᠷᠠᠯ᠎ᠢ ᠴᠢᠩᠭᠠᠳᠬᠠᠬᠤ᠎ᠶᠢ ᠨᠠᠰᠤᠨ ᠲᠤᠷᠰᠢᠳᠠ᠎ᠶᠢᠨ ᠰᠡᠳᠦᠪ ᠪᠣᠯᠭᠠᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠨᠢᠭᠡᠳᠦᠭᠡᠷ ᠬᠠᠷᠢᠭᠤᠴᠠᠯᠭᠠᠲᠠᠨ᠎ᠤ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠪᠠᠲᠤ᠌ ᠡᠭᠦᠷᠭᠡᠯᠡᠵᠦ᠍᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠡᠯ᠎ᠡ ᠵᠦᠢᠯ᠎ᠦᠨ ᠱᠠᠭᠠᠷᠳᠠᠯᠭ᠎ᠠ᠎ᠶᠢ ᠦᠨᠳᠦᠰᠦᠨ ᠱᠠᠲᠤᠨ᠎ᠤ ᠠᠵᠢᠯ᠎ᠤᠨ ᠪᠦᠬᠦ᠌ ᠶᠠᠪᠤᠴᠠ᠎ᠳᠤ ᠲᠤᠭᠤᠰᠢᠯᠠᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠢ᠎ᠡ᠎ᠪᠡᠷ ᠲᠠᠢ᠌ᠴᠢᠨ ᠪᠡᠬᠢᠯᠡᠯᠲᠡ᠎ᠶᠢ ᠪᠠᠶ᠋ᠢᠭᠤᠯᠤᠨ ᠬᠦᠴᠦᠷᠬᠡᠭᠵᠢᠭᠦᠯᠵᠦ᠍᠂ ᠤᠯᠠᠨ ᠲᠦᠮᠡᠨ᠎ᠳᠦ ᠨᠡᠩ ᠰᠠᠶ᠋ᠢᠲᠤᠷ ᠦᠢᠯᠡᠴᠢᠯᠡᠨ᠎ᠡ》᠃ ᠦᠬᠠᠢ ᠬᠤᠳᠠ᠎ᠶᠢᠨ ᠤᠳᠠ ᠵᠢᠨ ᠲᠤᠬᠤᠢ ᠲᠣᠭᠣᠷᠢᠭ᠎ᠤᠨ ᠪᠠᠶᠠᠨᠰᠠᠢ᠌ᠨ ᠵᠡᠭᠡᠯᠢ ᠭᠤᠳᠤᠮᠵᠢ᠎ᠶᠢᠨ ᠨᠠᠮ᠎ᠤᠨ ᠠᠵᠢᠯ᠎ᠤᠨ ᠬᠤᠷᠢᠶ᠎ᠠ ᠵᠢᠨ ᠱᠦᠵᠢ ᠸᠠᠩ ᠭᠠᠢ ᠮᠧᠢ᠂ ᠬᠣᠶ᠋ᠢᠰᠢᠳᠠ᠎ᠶᠢᠨ ᠠᠵᠢᠯ᠎ᠤᠨ ᠳᠤᠮᠳᠠ᠎ᠪᠠᠨ ᠤᠯᠠᠨ ᠲᠦᠮᠡᠨ᠎ᠦ ᠦᠢᠯᠡᠳᠪᠦᠷᠢᠯᠡᠯ ᠠᠮᠢᠳᠤᠷᠠᠯ᠎ᠤᠨ ᠳᠤᠮᠳᠠᠬᠢ ᠤᠴᠢᠷ ᠶᠠᠪᠤᠳᠠᠯ᠎ᠢ ᠯᠠᠪᠳᠠᠭᠤᠨ ᠪᠠᠲᠤᠲᠠᠢ ᠰᠠᠶ᠋ᠢᠲᠤᠷ ᠰᠢ᠌ᠳᠪᠦᠷᠢᠯᠡᠵᠦ᠍᠂ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶᠢ ᠲᠡᠷᠡ ᠶᠣᠰᠣᠭᠠᠷ ᠨᠢ ᠰᠠᠶ᠋ᠢᠲᠤᠷ ᠰᠤᠷᠤᠯᠴᠠᠨ ᠰᠠᠶ᠋ᠢᠲᠤᠷ ᠨᠠᠶ᠋ᠢᠳᠠᠪᠤᠷᠢᠵᠢᠭᠤᠯᠤᠨ᠎ᠠ ᠭᠡᠵᠦ᠍ ᠬᠡᠯᠡᠪᠡ᠃
ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠭᠠᠳ᠂ ᠲᠦᠩᠯᠢᠶᠣᠤ ᠬᠣᠲᠠ᠎ᠶᠢᠨ ᠬᠣᠷᠴᠢᠨ ᠲᠣᠭᠣᠷᠢᠭ᠎ᠤᠨ ᠢᠦᠶ ᠰᠢᠨ ᠪᠠᠯᠭᠠᠰᠤᠨ᠎ᠤ ᠬᠤᠸᠠᠩ ᠵᠢᠶᠠ ᠸᠸ ᠫᠦ ᠲᠣᠰᠬᠣᠨ᠎ᠤ ᠨᠠᠮ᠎ᠤᠨ ᠡᠭᠦᠷ᠎ᠦᠨ ᠱᠦᠵᠢ ᠯᠢᠦ ᠢᠦᠶ ᠮᠢᠨ ᠲᠤᠶ᠋ᠢᠯ᠎ᠢᠶᠠᠷ ᠤᠷᠮᠠᠰᠢᠨ ᠵᠣᠷᠢᠭᠵᠢᠪᠠ᠃ 《ᠡᠨᠡ ᠬᠡᠳᠦᠨ ᠵᠢᠯ᠎ᠳᠦ᠂ ᠲᠣᠰᠬᠣᠨ᠎ᠳᠤ ᠲᠤᠯᠠᠭᠠᠨ ᠬᠦᠯᠡᠮᠵᠢ ᠪᠠᠶ᠋ᠢᠭᠤᠯᠵᠤ ᠵᠢᠮᠢᠰ ᠯᠤᠤᠪᠠᠩ᠂ ᠪᠧᠢ ᠪᠧᠢ ᠯᠠᠩᠭᠤᠸᠠ ᠵᠡᠷᠭᠡ ᠭᠤᠸ᠎ᠠ ᠵᠢᠮᠢᠰ ᠢᠳᠡᠰᠢᠨ ᠨᠣᠭᠣᠭ᠎ᠠ ᠲᠠᠷᠢᠵᠥ᠍᠂ ᠤᠯᠠᠨ᠎ᠤ ᠠᠮᠢᠳᠤᠷᠠᠯ ᠶᠠᠪᠤᠬᠤ ᠲᠤᠳᠤᠮ ᠰᠠᠶ᠋ᠢᠵᠢᠷᠠᠵᠤ ᠪᠠᠶ᠋ᠢᠨ᠎ᠠ᠃ ᠣᠳᠣᠬᠠᠨ᠎ᠳᠤ᠂ ᠲᠣᠰᠬᠣᠨ᠎ᠤ ᠬᠢᠨ ᠶᠠᠭ ᠠᠵᠤ ᠦᠢᠯᠡᠰ᠎ᠦᠨ ᠬᠡᠯᠬᠢᠶ᠎ᠡ᠎ᠶᠢ ᠦᠷᠭᠦᠯᠵᠢᠯᠡᠨ ᠤᠷᠲᠤᠳᠬᠠᠬᠤ᠎ᠶᠢ ᠪᠣᠳᠣᠯᠬᠢᠯᠠᠵᠤ᠂ ᠬᠤᠳᠠ᠎ᠶᠢᠨ ᠲᠡᠬᠦᠷᠭᠡ᠎ᠶᠢᠨ ᠲᠦᠬᠦᠮ ᠨᠥᠬᠥᠴᠡᠯ᠎ᠢ ᠠᠰᠢᠭᠯᠠᠨ᠂ ᠯᠠᠩᠭᠤᠸᠠ᠎ᠶᠢ ᠰᠣᠶᠣᠯ᠎ᠤᠨ ᠡᠭᠦᠳᠦᠯᠲᠡ᠎ᠶᠢᠨ ᠦᠵᠡᠭᠦᠯᠭᠡ ᠵᠢᠨ ᠡᠳ᠋ ᠪᠣᠯᠭᠠᠵᠤ᠂ ᠬᠥᠳᠡᠭᠡ ᠲᠣᠰᠬᠣᠨ᠎ᠤ ᠰᠣᠶᠣᠯ ᠵᠢᠭᠤᠯᠴᠢᠯᠠᠯ᠎ᠢ ᠬᠥᠭᠵᠢᠭᠦᠯᠬᠦ᠌᠎ᠪᠡᠷ ᠰᠦᠪᠡᠭᠴᠢᠯᠡᠵᠦ᠍᠂ ᠨᠤᠲᠤᠭ᠎ᠤᠨ ᠠᠬ᠎ᠠ ᠳᠡᠭᠦᠦ᠎ᠨᠡᠷ᠎ᠢᠶᠡᠨ ᠳᠠᠭᠠᠭᠤᠯᠤᠨ ᠬᠠᠮᠲᠤ᠎ᠪᠠᠷ ᠠᠵᠢᠯᠯᠠᠵᠤ᠂ 〈ᠨᠤᠲᠤᠭ᠎ᠤᠨ ᠣᠨᠴᠠ ᠭᠠᠷᠤᠯᠲᠠ〉 ᠵᠢ ᠲᠤᠮᠤ ᠠᠵᠤ ᠦᠢᠯᠡᠰ ᠪᠣᠯᠭᠠᠵᠤ᠂ ᠤᠯᠠᠨ᠎ᠳᠦ ᠠᠰᠢᠭ ᠬᠦᠷᠳᠡᠭᠡᠵᠦ᠍᠂ ᠠᠮᠢᠳᠤᠷᠠᠯ᠎ᠢ ᠶᠠᠪᠤᠬᠤ ᠲᠤᠳᠤᠮ ᠰᠠᠶ᠋ᠢᠵᠢᠷᠠᠭᠤᠯᠵᠠᠢ》 ᠭᠡᠵᠦ᠍ ᠯᠢᠦ ᠢᠦᠢ ᠮᠢᠨ ᠬᠡᠯᠡᠪᠡ᠃
(ᠰᠤᠷᠪᠤᠯᠵᠢᠯᠠᠭᠴᠢ ᠵᠧᠩ ᠰᠢᠤᠸᠠᠢ ᠯᠢᠶᠠᠩ ᠰᠦᠩ ᠠ ᠨᠠᠨ ᠭᠤᠤ ᠮᠢᠨ ᠨᠠ ᠸᠧᠢ ᠨᠠ ᠯᠢᠦ ᠬᠣᠩ ᠵᠠᠩ ᠵᠦ᠍ ᠶᠤᠸᠠᠨ ᠯᠢ ᠯᠢ ᠰᠢᠨ ᠵᠢᠶᠦᠢ᠍ᠨ ᠭᠦᠸᠧ ᠴᠢ ᠨᠠᠨ ᠪᠤᠶᠠᠨ᠌ᠡᠨᠡᠷᠢᠯ ᠰᠢᠤᠸᠠᠢ ᠯᠠᠢ ᠬᠤᠤ ᠪᠢᠶᠤᠤ ᠰᠢᠤᠸᠠᠢ ᠢ ᠴᠢᠶᠦᠢ᠍ᠨ ᠴᠧᠨ ᠴᠦᠨ ᠶᠠᠨ ᠳᠠᠳᠤᠯᠭ᠎ᠠ᠎ᠶᠢᠨ ᠰᠤᠷᠪᠤᠯᠵᠢᠯᠠᠭᠴᠢ ᠯᠢ ᡁᠢ ᠶᠡᠷᠦᠩᠬᠡᠶ᠋ᠢᠯᠡᠨ ᠮᠡᠳᠡᠭᠡᠯᠡᠪᠡ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃