2026-10-31 16:52:49
— ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠰᠣᠨᠢᠨ ᠮᠡᠳᠡᠭᠡ ᠨᠡᠢᠲᠡᠯᠡᠬᠦ ᠬᠤᠷᠠᠯ ᠬᠢᠵᠦ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ ᠵᠢᠨ ᠲᠤᠬᠠᠢ ᠲᠠᠢᠯᠤᠮᠵᠢ ᠬᠢᠪᠡ
10 ᠰᠠᠷ᠎ᠠ᠎ᠶᠢᠨ 26 ᠡᠴᠡ 29 ᠤ᠋ ᠡᠳᠦᠷ ᠪᠣᠯᠲᠠᠯ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠥᠬᠥᠳᠡ ᠬᠤᠷᠠᠯ ᠪᠡᠭᠡᠵᠢᠩ᠎ᠳᠦ ᠬᠤᠷᠠᠯᠳᠤᠪᠠ᠃ ᠲᠤᠰ ᠤᠳᠠᠭ᠎ᠠ᠎ᠶᠢᠨ ᠪᠦᠬᠦᠳᠠ ᠬᠤᠷᠠᠯ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠵᠠᠩᠭᠢᠯᠠᠭ᠎ᠠ᠎ᠶᠢᠨ ᠦᠶ᠎ᠡ᠎ᠳᠦ ᠬᠤᠷᠠᠯᠳᠤᠭᠰᠠᠨ ᠨᠢᠭᠡ ᠤᠳᠠᠭ᠎ᠠ᠎ᠶᠢᠨ ᠲᠤᠢᠯ᠎ᠤᠨ ᠴᠢᠬᠤᠯᠠ ᠬᠤᠷᠠᠯ ᠪᠣᠯᠣᠨ᠎ᠠ᠂ ᠪᠦᠬᠦᠳᠠ ᠬᠤᠷᠠᠯ ᠡᠴᠡ 《ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠲᠣᠭᠲᠠᠭᠠᠯ》 ᠢ᠋ ᠬᠢᠨᠠᠨ ᠵᠥᠪᠯᠡᠵᠦ ᠪᠠᠲᠤᠯᠠᠪᠠ᠃
10 ᠰᠠᠷ᠎ᠠ᠎ᠶᠢᠨ 30 ᠤ᠋ ᠡᠳᠦᠷ᠂ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠰᠣᠨᠢᠨ ᠮᠡᠳᠡᠭᠡ ᠨᠡᠢᠲᠡᠯᠡᠬᠦ ᠬᠤᠷᠠᠯ ᠬᠢᠵᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠲᠠᠨᠢᠯᠴᠠᠭᠤᠯᠵᠤ ᠲᠠᠢᠯᠤᠮᠵᠢ ᠬᠢᠪᠡ᠃
ᠪᠦᠬᠦᠳᠠ ᠬᠤᠷᠠᠯ᠎ᠤᠨ ᠬᠠᠮᠤᠭ᠎ᠤᠨ ᠴᠢᠬᠤᠯᠠ ᠦᠷ᠎ᠡ ᠪᠦᠲᠦᠭᠡᠯ ᠪᠣᠯ 《ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠲᠣᠭᠲᠠᠭᠠᠯ》 ᠢ᠋ ᠬᠢᠨᠠᠨ ᠵᠥᠪᠯᠡᠵᠦ ᠪᠠᠲᠤᠯᠠᠭᠰᠠᠨ ᠶᠠᠪᠤᠳᠠᠯ ᠪᠣᠯᠣᠨ᠎ᠠ
ᠲᠥᠪ᠎ᠦᠨ ᠲᠦᠷᠦ᠎ᠶᠢᠨ ᠪᠣᠳᠣᠯᠭ᠎ᠠ ᠰᠤᠳᠤᠯᠬᠤ ᠲᠠᠰᠤᠭ᠎ᠤᠨ ᠡᠷᠬᠢᠯᠡᠭᠴᠢ ᠲᠠᠩ ᠹᠠᠩ ᠢᠦᠢ᠂ ᠪᠦᠬᠦᠳᠠ ᠬᠤᠷᠠᠯ᠎ᠤᠨ ᠬᠠᠮᠤᠭ᠎ᠤᠨ ᠴᠢᠬᠤᠯᠠ ᠦᠷ᠎ᠡ ᠪᠦᠲᠦᠭᠡᠯ ᠪᠣᠯ 《ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠲᠣᠭᠲᠠᠭᠠᠯ》 ᠢ᠋ ᠬᠢᠨᠠᠨ ᠵᠥᠪᠯᠡᠵᠦ ᠪᠠᠲᠤᠯᠠᠭᠰᠠᠨ ᠶᠠᠪᠤᠳᠠᠯ ᠪᠣᠯᠣᠨ᠎ᠠ᠃ 《ᠲᠣᠭᠲᠠᠭᠠᠯ》 ᠢ᠋ ᠲᠤᠭᠤᠷᠪᠢᠨ ᠪᠢᠴᠢᠬᠦ ᠠᠵᠢᠯ ᠨᠠᠮ᠎ᠤᠨ ᠲᠥᠪ ᠬᠣᠷᠢᠶ᠎ᠠ ᠵᠢᠨ ᠤᠳᠤᠷᠢᠳᠤᠯᠭ᠎ᠠ ᠳᠣᠣᠷ᠎ᠠ ᠶᠠᠪᠤᠭᠳᠠᠭᠰᠠᠨ ᠶᠤᠮ᠃ ᠶᠡᠷᠦᠩᠬᠡᠢ ᠱᠦᠵᠢ ᠰᠢ ᠵᠢᠨ ᠫᠢᠩ ᠪᠢᠴᠢᠭ ᠮᠠᠲᠧᠷᠢᠶᠠᠯ ᠲᠤᠭᠤᠷᠪᠢᠬᠤ ᠳᠤᠭᠤᠢᠯᠠᠩ᠎ᠤᠨ ᠳᠠᠷᠤᠭ᠎ᠠ᠎ᠶᠢᠨ ᠲᠤᠰᠢᠶᠠᠯ᠎ᠢ ᠡᠭᠦᠷᠭᠡᠯᠡᠵᠦ᠂ ᠪᠡᠶ᠎ᠡ᠎ᠪᠡᠷ᠎ᠢᠶᠡᠨ ᠤᠬᠠᠭᠠᠯᠠᠨ ᠲᠦᠯᠦᠪᠯᠡᠵᠦ᠂ ᠪᠦᠬᠦ ᠶᠠᠪᠤᠴᠠ ᠳ᠋ᠤ ᠵᠢᠯᠤᠭᠣᠳᠴᠤ᠂ ᠴᠢᠭᠯᠡᠯ᠎ᠢ ᠡᠵᠡᠮᠳᠡᠵᠦ᠂ ᠰᠢᠢᠳᠪᠦᠷᠢᠯᠡᠭᠴᠢ ᠦᠢᠯᠡᠳᠦᠯ ᠦᠵᠡᠭᠦᠯᠪᠡ ᠭᠡᠵᠤ ᠲᠠᠨᠢᠯᠴᠠᠭᠤᠯᠵᠠᠢ᠃
《〈 ᠲᠣᠭᠲᠠᠭᠠᠯ〉 ᠢ᠋ ᠲᠤᠭᠤᠷᠪᠢᠬᠤ᠎ᠳᠤ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠡᠨᠡ ᠬᠦ᠌ ᠦᠵᠡᠯ ᠰᠠᠨᠠᠭᠠᠨ᠎ᠤ ᠰᠢᠨᠵᠢᠯᠡᠬᠦ ᠤᠬᠠᠭᠠᠨᠴᠢ ᠠᠭᠤᠯᠤᠭᠳᠠᠬᠤᠨ᠂ ᠵᠣᠷᠢᠭ᠋ ᠰᠠᠨᠠᠭᠠᠨ᠎ᠤ ᠮᠥᠨ ᠴᠢᠨᠠᠷ᠂ ᠦᠢᠯᠡᠳᠦᠯᠭᠡ᠎ᠶᠢᠨ ᠱᠠᠭᠠᠷᠳᠠᠯᠭ᠎ᠠ᠎ᠶᠢ 〈ᠲᠣᠭᠲᠠᠭᠠᠯ〉 ᠤ᠋ᠨ ᠪᠠᠢᠳᠠᠯ᠎ᠢ ᠵᠠᠳᠠᠯᠬᠤ᠂ ᠵᠢᠯᠤᠭᠣᠳᠬᠤ ᠦᠵᠡᠯ ᠰᠠᠨᠠᠭ᠎ᠠ ᠪᠠ ᠵᠠᠷᠴᠢᠮ᠎ᠢ ᠳᠤᠷᠠᠳᠬᠤ᠂ ᠪᠠᠢᠯᠳᠤᠬᠤ ᠪᠣᠳᠣᠯᠭ᠎ᠠ᠎ᠶᠢᠨ ᠡᠭᠦᠷᠭᠡ᠎ᠶᠢ ᠪᠠᠢᠷᠢᠯᠠᠭᠤᠯᠬᠤ ᠪᠠ ᠴᠢᠬᠤᠯᠠ ᠶᠡᠬᠡ ᠠᠷᠭ᠎ᠠ ᠬᠡᠮᠵᠢᠶ᠎ᠡ ᠵᠡᠷᠭᠡ ᠡᠯ᠎ᠡ ᠲᠠᠯ᠎ᠠ᠎ᠳᠤ ᠲᠤᠭᠤᠰᠢᠯᠠᠭᠤᠯᠤᠨ ᠢᠯᠡᠷᠡᠭᠦᠯᠪᠡ》 ᠭᠡᠵᠦ ᠲᠠᠩ ᠹᠠᠩ ᠢᠦᠢ ᠬᠡᠯᠡᠪᠡ᠃
ᠲᠡᠭᠦᠨ᠎ᠦ ᠲᠠᠨᠢᠯᠴᠠᠭᠤᠯᠤᠭᠰᠠᠨ᠎ᠢᠶᠠᠷ᠂ 《ᠲᠣᠭᠲᠠᠭᠠᠯ》 ᠢ᠋ ᠭᠤᠷᠪᠠᠨ ᠶᠡᠬᠡ ᠪᠦᠯᠦᠭ ᠬᠤᠪᠢᠶᠠᠪᠠ᠃ ᠨᠢᠭᠡᠳᠦᠭᠡᠷ ᠶᠡᠬᠡ ᠪᠦᠯᠦᠭ ᠨᠢ ᠨᠢᠭᠡᠳᠦᠭᠡᠷ ᠬᠡᠰᠡᠭ ᠪᠠᠢᠵᠤ᠂ ᠶᠡᠷᠦᠩᠬᠡᠢ ᠦᠬᠦᠯᠡᠯᠳᠡ ᠪᠣᠯᠣᠨ᠎ᠠ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ᠎ᠶᠢᠨ ᠴᠢᠬᠤᠯᠠ ᠴᠢᠨᠠᠷ ᠲᠤᠯᠭᠠᠮ ᠴᠢᠨᠠᠷ ᠪᠣᠯᠣᠨ ᠶᠡᠷᠦᠩᠬᠡᠢ ᠱᠠᠭᠠᠷᠳᠠᠯᠭ᠎ᠠ᠎ᠶᠢ ᠲᠣᠳᠣᠷᠬᠠᠢᠯᠠᠨ ᠥᠭᠦᠯᠡᠪᠡ᠃ ᠬᠣᠶᠠᠳᠤᠭᠠᠷ ᠶᠡᠬᠡ ᠪᠦᠯᠦᠭ ᠪᠣᠯ ᠬᠤᠪᠢᠶᠠᠷᠢ ᠦᠬᠦᠯᠡᠯᠳᠡ ᠪᠣᠯᠣᠨ᠎ᠠ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ ᠪᠠᠢᠯᠳᠤᠬᠤ ᠪᠣᠳᠣᠯᠭ᠎ᠠ᠎ᠶᠢᠨ ᠡᠭᠦᠷᠭᠡ᠎ᠶᠢ ᠪᠠᠢᠷᠢᠯᠠᠭᠤᠯᠪᠠ᠂ ᠡᠭᠦᠨ᠎ᠳᠦ ᠡᠪ ᠬᠠᠮᠲᠤᠴᠤᠳ᠎ᠤᠨ ᠨᠠᠮᠴᠢ ᠴᠢᠨᠠᠷ᠎ᠢ ᠴᠢᠩᠭᠠᠳᠬᠠᠬᠤ᠂ ᠠᠷᠠᠳᠴᠢᠯᠠᠯ ᠲᠥᠪᠯᠡᠷᠡᠯ᠎ᠦᠨ ᠶᠣᠰᠣ᠌᠎ᠶᠢ ᠴᠢᠩᠭ᠎ᠠ ᠲᠤᠭᠤᠰᠢᠯᠠᠭᠤᠯᠤᠨ ᠬᠡᠷᠡᠭᠵᠢᠭᠦᠯᠬᠦ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠬᠦᠨᠳᠦ ᠡᠭᠦᠷᠭᠡ᠎ᠶᠢ ᠡᠭᠦᠷᠭᠡᠯᠡᠵᠦ ᠳᠡᠶ᠋ᠢᠯᠬᠦ ᠥᠨᠳᠥᠷ ᠬᠡᠪ ᠪᠣᠯᠪᠠᠰᠤᠷᠠᠯ᠎ᠪᠦᠬᠦᠢ ᠺᠠᠳ᠋ᠷ᠎ᠤᠨ ᠡᠩᠨᠡᠭᠡ᠎ᠶᠢ ᠳᠠᠪᠲᠠᠨ ᠪᠣᠯᠪᠠᠰᠤᠷᠠᠭᠤᠯᠬᠤ᠂ ᠳᠡᠭᠡᠷ᠎ᠠ ᠳᠣᠣᠷ᠎ᠠ ᠱᠠᠲᠤ᠎ᠪᠠᠷ᠎ᠢᠶᠠᠨ ᠨᠡᠪᠲᠡᠷᠡᠯᠴᠡᠭᠰᠡᠨ᠂ ᠬᠡᠷᠡᠭᠵᠢᠭᠦᠯᠦᠯᠲᠡ ᠬᠦᠴᠦᠲᠡᠢ ᠨᠢᠭ᠍ᠲᠠ ᠴᠢᠩᠭ᠎ᠠ ᠵᠣᠬᠢᠶᠠᠨ ᠪᠠᠢᠭᠤᠯᠤᠯᠲᠠ᠎ᠶᠢᠨ ᠰᠢᠰᠲ᠋ᠸᠮ᠎ᠢ ᠪᠠᠶ᠋ᠢᠭᠤᠯᠬᠤ᠂ ᠴᠥᠬᠥᠷᠡᠰᠢ ᠦᠭᠡᠢ᠎ᠪᠡᠷ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠬᠤ᠂ ᠢᠯᠵᠢᠷᠡᠬᠦ᠎ᠡᠴᠡ ᠵᠢᠷᠦᠬᠡᠰᠢᠶᠡᠬᠦ ᠢᠯᠵᠢᠷᠡᠵᠦ ᠪᠣᠯᠬᠤ ᠦᠭᠡᠢ ᠢᠯᠵᠢᠷᠡᠬᠦ᠎ᠶᠢ ᠪᠤᠳᠤᠬᠤ ᠦᠭᠡᠢ ᠪᠠᠢᠬᠤ᠎ᠶᠢ ᠡᠷᠡᠰ ᠭᠤᠢᠪᠢᠰᠢ ᠦᠭᠡᠢ ᠨᠢᠭᠡ ᠴᠣᠭᠴᠠᠵᠢᠭᠤᠯᠤᠨ ᠠᠬᠢᠭᠤᠯᠬᠤ᠂ ᠳᠦᠷᠢᠮ᠎ᠢᠶᠡᠷ ᠨᠠᠮ᠎ᠢ ᠵᠠᠰᠠᠬᠤ᠂ ᠲᠤᠭᠳᠠᠭᠠᠯ ᠵᠢᠡᠷ ᠨᠠᠮ᠎ᠢ ᠵᠠᠰᠠᠬᠤ ᠵᠢ ᠪᠠᠷᠢᠮᠳᠠᠯᠠᠬᠤ ᠵᠡᠷᠭᠡ 7 ᠬᠡᠰᠡᠭ ᠪᠠᠭᠲᠠᠨ᠎ᠠ᠃ ᠭᠤᠷᠪᠠᠳᠤᠭᠠᠷ ᠪᠦᠯᠦᠭ᠎ᠲᠦ ᠨᠠᠮ ᠪᠠ ᠤᠯᠤᠰ᠎ᠤᠨ ᠬᠢᠨᠠᠯᠲᠠ ᠲᠠᠯᠪᠢᠬᠤ ᠰᠢᠰᠲᠧᠮ᠎ᠢ ᠲᠡᠭᠦᠯᠳᠡᠷᠵᠢᠭᠦᠯᠬᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ ᠬᠣᠶᠠᠷ ᠲᠠᠯ᠎ᠠ᠎ᠪᠠᠷ ᠪᠠᠢᠷᠢᠯᠠᠭᠤᠯᠤᠯᠲᠠ ᠬᠢᠪᠡ᠃
《ᠲᠣᠭᠲᠠᠭᠠᠯ》 ᠨᠢ ᠰᠢᠨ᠎ᠡ ᠴᠠᠭ ᠦᠶ᠎ᠡ᠎ᠶᠢᠨ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ᠎ᠢᠶᠡᠨ ᠮᠠᠨᠳᠤᠭᠤᠯᠵᠤ ᠨᠠᠮ᠎ᠵᠢᠡᠨ ᠬᠦᠴᠦᠷᠬᠡᠭᠵᠢᠭᠦᠯᠬᠦ ᠰᠢᠨ᠎ᠡ ᠪᠠᠢᠳᠠᠯ ᠢ ᠴᠢᠨᠠᠭᠰᠢᠳᠠ ᠡᠭᠦᠳᠦᠨ ᠨᠡᠬᠡᠬᠡᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠥᠬᠥ ᠲᠠᠯ᠎ᠠ᠎ᠪᠠᠷ ᠠᠬᠢᠭᠤᠯᠬᠤ᠎ᠳᠤ ᠴᠢᠬᠤᠯᠠ ᠶᠡᠬᠡ ᠪᠣᠳᠠᠲᠤ ᠠᠴᠢ ᠬᠣᠯᠪᠣᠭᠳᠠᠯ ᠪᠠ ᠠᠯᠤᠰ ᠬᠡᠲᠦ᠎ᠶᠢᠨ ᠵᠢᠯᠤᠭᠣᠳᠬᠤ ᠠᠴᠢ ᠬᠣᠯᠪᠣᠭᠳᠠᠯ᠎ᠲᠠᠢ ᠶᠤᠮ᠃
《ᠪᠦᠭᠦᠳᠡ ᠬᠤᠷᠠᠯ᠎ᠤᠨ ᠬᠤᠭᠤᠴᠠᠭᠠᠨ᠎ᠳᠤ᠂ ᠬᠤᠷᠠᠯ᠎ᠳᠤ ᠣᠷᠣᠯᠴᠠᠭᠰᠠᠨ ᠨᠥᠬᠥᠳ 〈ᠲᠣᠭᠲᠠᠭᠠᠯ〉 ᠢ᠋ ᠳᠡᠭᠡᠳᠦ ᠬᠡᠮᠵᠢᠶ᠎ᠡ᠎ᠪᠡᠷ ᠦᠨᠡᠯᠡᠪᠡ᠃ ᠨᠡᠢᠳᠡᠮ᠎ᠳᠡᠭᠡᠨ᠂ 〈ᠲᠣᠭᠲᠠᠭᠠᠯ〉 ᠳ᠋ᠡᠬᠢ ᠪᠠᠢᠳᠠᠯ᠎ᠤᠨ ᠵᠠᠳᠠᠯᠤᠯᠲᠠ ᠭᠦᠨᠵᠡᠭᠡᠢ᠂ ᠶᠡᠷᠦᠩᠬᠡᠢ ᠤᠬᠠᠭᠠᠯᠠᠨ ᠲᠥᠯᠦᠪᠯᠡᠭᠰᠡᠨ ᠨᠢ ᠰᠢᠨᠵᠢᠯᠡᠬᠦ ᠤᠬᠠᠭᠠᠨᠴᠢ᠂ ᠡᠭᠦᠷᠭᠡ᠎ᠶᠢᠨ ᠪᠠᠢᠷᠢᠯᠠᠭᠤᠯᠤᠯᠲᠠ ᠲᠣᠳᠣᠷᠬᠠᠢ᠂ ᠠᠷᠭ᠎ᠠ ᠬᠡᠮᠵᠢᠶ᠎ᠡ ᠱᠠᠭᠠᠷᠳᠠᠯᠭ᠎ᠠ ᠨᠢ ᠪᠣᠳᠠᠲᠠᠢ᠎ᠶᠢ ᠡᠷᠬᠢᠮᠯᠡᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠠᠬᠢᠭᠤᠯᠬᠤ ᠬᠥᠲᠥᠯᠪᠦᠷᠢ᠎ᠶᠢᠨ ᠴᠢᠨᠠᠷᠲᠠᠢ ᠪᠢᠴᠢᠭ ᠮᠠᠲᠧᠷᠢᠶᠠᠯ ᠪᠣᠯᠣᠨ᠎ᠠ ᠭᠡᠵᠤ ᠦᠵᠡᠵᠡᠭᠡᠪᠡ》 ᠭᠡᠵᠦ ᠲᠠᠩ ᠹᠠᠩ ᠢᠦᠢ ᠬᠡᠯᠡᠪᠡ᠃
ᠪᠦᠬᠦᠳᠡ ᠬᠤᠷᠠᠯ᠎ᠡᠴᠡ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ ᠲᠤᠬᠠᠢ ᠰᠢᠰᠲᠧᠮ᠎ᠲᠠᠢ ᠪᠠᠢᠷᠢᠯᠠᠭᠤᠯᠤᠬᠰᠡᠨ ᠨᠢ ᠲᠦᠢᠯ ᠤ᠋ᠨ ᠴᠢᠬᠤᠯᠠ᠂ ᠲᠦᠢᠯ ᠤ᠋ᠨ ᠬᠡᠷᠡᠭᠴᠡᠭᠡ ᠲᠠᠢ
ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠣᠯ ᠨᠠᠮ᠎ᠤᠨ ᠠᠮᠢᠵᠢᠷᠠᠯ᠎ᠤᠨ ᠬᠦᠴᠦᠨ᠎ᠢ ᠡᠭᠦᠷᠢᠳᠡ ᠪᠠᠲᠤᠯᠠᠵᠤ᠂ ᠰᠢᠨ᠎ᠠ ᠰᠢᠯᠭᠠᠯᠲᠠ ᠳ᠋ᠤ ᠤᠷᠤᠯᠴᠠᠬᠤ ᠵᠠᠮ᠎ᠢᠶᠠᠷ ᠰᠠᠢᠲᠤᠷ ᠵᠠᠮᠨᠠᠬᠤ ᠵᠠᠢᠯᠠᠰᠢ ᠦᠭᠡᠢ ᠵᠠᠮ ᠮᠥᠨ᠃
《ᠮᠠᠨ᠎ᠤ ᠨᠠᠮ ᠪᠠᠢᠭᠤᠯᠤᠭᠳᠠᠭᠰᠠᠨ 105 ᠵᠢᠯ᠎ᠦᠨ ᠤᠢ᠂ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠡᠬᠢᠯᠡᠯᠲᠡ᠎ᠶᠢᠨ ᠵᠢᠯ᠎ᠦᠨ ᠴᠢᠬᠤᠯᠠ ᠵᠠᠩᠭᠢᠯᠠᠭ᠎ᠠ᠎ᠶᠢᠨ ᠦᠶ᠎ᠡ᠎ᠳᠦ᠂ ᠪᠦᠬᠦᠳᠠ ᠬᠤᠷᠠᠯ᠎ᠡᠴᠡ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ ᠲᠤᠬᠠᠢ ᠰᠢᠰᠲ᠋ᠸᠮ ᠲᠠᠢ ᠪᠠᠢᠷᠢᠯᠠᠭᠤᠯᠤᠬᠰᠡᠨ ᠨᠢ ᠲᠤᠢᠯ᠎ᠤᠨ ᠴᠢᠬᠤᠯᠠ ᠪᠥᠭᠡᠳ ᠲᠤᠢᠯ᠎ᠤᠨ ᠬᠡᠷᠡᠭᠴᠡᠭᠡ ᠲᠠᠢ ᠶᠤᠮ》 ᠭᠡᠵᠦ ᠲᠠᠩ ᠹᠠᠩ ᠢᠦᠢ ᠬᠡᠯᠡᠪᠡ᠃
《ᠪᠦᠬᠦᠳᠡ ᠬᠤᠷᠠᠯ᠎ᠡᠴᠡ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ ᠲᠤᠬᠠᠢ ᠰᠤᠳᠤᠯᠤᠨ ᠪᠠᠢᠷᠢᠯᠠᠭᠤᠯᠵᠠᠢ᠂ ᠨᠠᠮ᠎ᠤᠨ ᠲᠥᠪ ᠬᠣᠷᠢᠶ᠎ᠠ ᠭᠣᠣᠯᠳᠠᠭᠤ ᠭᠤᠷᠪᠠᠨ ᠲᠠᠯ᠎ᠠ᠎ᠶᠢᠨ ᠪᠣᠳᠣᠯᠬᠢᠯᠠᠯ ᠪᠠᠢᠬᠤ᠎ᠶᠢ ᠪᠢ ᠣᠢᠯᠠᠭᠠᠵᠤ ᠪᠠᠢᠨ᠎ᠠ》᠃ ᠲᠠᠩ ᠹᠠᠩ ᠢᠦᠢ᠂ ᠨᠢᠭᠡᠳᠦᠭᠡᠷ᠎ᠲᠦ᠂ ᠠᠵᠢᠯ ᠦᠢᠯᠡᠰ᠎ᠦᠨ ᠬᠥᠭᠵᠢᠯᠲᠡ᠎ᠶᠢᠨ ᠬᠡᠷᠡᠭᠴᠡᠭᠡ ᠪᠠ ᠪᠠᠢᠳᠠᠯ᠎ᠤᠨ ᠬᠥᠭᠵᠢᠯᠲᠡ ᠬᠤᠪᠢᠷᠠᠯᠲᠠ᠎ᠳᠤ ᠵᠣᠬᠢᠴᠠᠪᠠ᠃ ᠬᠣᠶᠠᠳᠤᠭᠠᠷ᠎ᠲᠤ᠂ ᠪᠦᠬᠦ ᠨᠠᠮ ᠪᠦᠬᠦ ᠤᠯᠤᠰ᠎ᠤᠨ ᠠᠷᠠᠳ ᠲᠦᠮᠡᠨ᠎ᠦ ᠬᠦᠰᠡᠯ ᠡᠷᠡᠮᠡᠯᠵᠡᠯ᠎ᠳᠦ ᠢᠳᠡᠪᠬᠢᠲᠡᠢ ᠬᠠᠷᠢᠭᠤ ᠥᠭᠪᠡ᠃ ᠭᠤᠷᠪᠠᠳᠤᠭᠠᠷ᠎ᠲᠤ᠂ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠤᠷᠰᠢᠯ᠎ᠢ ᠵᠢᠷᠤᠮᠯᠠᠪᠠ ᠬᠡᠵᠡᠢ᠃
ᠳᠠᠩ ᠹᠠᠩ ᠢᠦᠢ᠎ᠶᠢᠨ ᠦᠵᠡᠬᠦ᠎ᠪᠡᠷ᠂ ᠪᠥᠬᠥᠳᠡ ᠬᠤᠷᠠᠯ᠎ᠡᠴᠡ ᠭᠤᠤᠯᠳᠠᠭᠤ ᠭᠤᠷᠪᠠᠨ ᠲᠤᠬᠢᠶ᠎ᠠ ᠵᠢ ᠳᠠᠮᠵᠢᠭᠤᠯᠪᠡ᠃ ᠨᠢᠭᠡ᠎ᠳᠦ᠂ ᠮᠠᠨ᠎ᠤ ᠨᠠᠮ᠎ᠤᠨ ᠮᠠᠷᠺᠰ᠎ᠤᠨ ᠦᠵᠡᠯ᠎ᠦᠨ ᠲᠦᠷᠦ ᠪᠠᠷᠢᠭ᠍ᠴᠢ ᠨᠠᠮ ᠪᠣᠯᠤᠭᠰᠠᠨ᠎ᠤ ᠬᠤᠪᠢ᠎ᠳᠤ᠂ ᠨᠠᠮ᠎ᠤᠨ ᠬᠦᠰᠡᠯᠡᠩ᠂ ᠰᠢᠨᠵᠢ ᠴᠢᠨᠠᠷ᠂ ᠵᠣᠷᠢᠯᠲᠠ᠎ᠶᠢ ᠪᠠᠷᠢᠮᠲᠠᠯᠠᠬᠤ ᠲᠤᠬᠠᠢ ᠢᠯᠡ ᠲᠣᠳᠣ᠌ ᠣᠪᠣᠷ ᠪᠠ ᠴᠥᠬᠥᠷᠡᠰᠢ ᠦᠭᠡᠢ ᠬᠥᠭᠡᠭᠡᠴᠡᠯᠳᠦᠯ᠎ᠢ ᠳᠠᠮᠵᠢᠭᠤᠯᠪᠠ᠃ ᠬᠣᠶᠠᠷ᠎ᠲᠤ᠂ ᠮᠠᠨ᠎ᠤ ᠨᠠᠮ᠎ᠤᠨ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ ᠠᠤᠭ᠎ᠠ ᠰᠠᠨᠠᠭ᠎ᠠ ᠡᠷᠡᠯᠬᠡᠭ ᠵᠣᠷᠢᠭ᠋ ᠪᠠ ᠬᠠᠷᠢᠭᠤᠴᠠᠯᠭ᠎ᠠ ᠡᠭᠦᠷᠭᠡᠯᠡᠬᠦ ᠵᠣᠷᠢᠭ᠋ ᠰᠠᠨᠠᠭ᠎ᠠ᠎ᠶᠢ ᠳᠠᠮᠵᠢᠭᠤᠯᠪᠠ᠃ ᠭᠤᠷᠪᠠ᠎ᠳᠤ᠂ ᠮᠠᠨ᠎ᠤ ᠨᠠᠮ᠎ᠤᠨ ᠵᠥᠷᠢᠴᠡᠯ ᠪᠣᠯᠣᠨ ᠠᠰᠠᠭᠤᠳᠠᠯ᠎ᠳᠤ ᠵᠣᠷᠢᠭ᠍ᠲᠠᠢ ᠬᠠᠨᠳᠤᠵᠤ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠳᠬᠤᠬᠤ ᠪᠠᠲᠤ ᠢᠲᠡᠭᠡᠯ ᠪᠣᠯᠣᠨ ᠬᠦᠴᠦᠷᠬᠡᠭ ᠶᠡᠬᠡ ᠲᠣᠭᠲᠠᠯ ᠬᠦᠴᠦᠨ᠎ᠢ ᠳᠠᠮᠵᠢᠭᠤᠯᠪᠠ᠃
《ᠲᠣᠭᠲᠠᠭᠠᠯ》 ᠳ᠋ᠤ ᠨᠠᠮᠴᠢ ᠴᠢᠨᠠᠷ᠎ᠢ ᠴᠢᠩᠭᠠᠳᠬᠠᠬᠤ ᠪᠤᠯ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠦᠨᠳᠦᠰᠦᠨ ᠴᠢᠨᠠᠷᠲᠠᠢ ᠡᠭᠦᠷᠭᠡ ᠮᠦᠨ ᠭᠡᠵᠤ ᠳᠤᠷᠠᠳᠪᠠ
ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠡᠷᠡᠰ ᠪᠠᠲᠤ᠌ ᠨᠠᠮᠴᠢ ᠴᠢᠨᠠᠷ ᠪᠣᠯ ᠮᠠᠨ᠎ᠤ ᠨᠠᠮ᠎ᠤᠨ ᠲᠡᠷᠢᠭᠦᠨ᠎ᠦ ᠴᠢᠨᠠᠷ ᠪᠠ ᠴᠡᠪᠡᠷ ᠴᠢᠨᠠᠷ᠎ᠢᠶᠠᠨ ᠪᠠᠲᠤᠯᠠᠵᠤ᠂ ᠤᠳᠤᠷᠢᠳᠬᠤ ᠲᠦᠪᠰᠢᠨ ᠪᠠ ᠲᠦᠷᠦ᠍ ᠪᠠᠷᠢᠬᠤ ᠴᠢᠳᠠᠪᠤᠷᠢ᠎ᠪᠠᠨ ᠳᠡᠭᠡᠭᠰᠢᠯᠡᠭᠦᠯᠬᠦ᠌᠎ᠶᠢᠨ ᠴᠢᠬᠤᠯᠠ ᠪᠠᠲᠤᠯᠠᠭ᠎ᠠ ᠮᠥᠨ᠃
ᠲᠥᠪ᠎ᠦᠨ ᠤᠬᠠᠭᠤᠯᠬᠤ ᠬᠡᠯᠲᠡᠰ᠎ᠦᠨ ᠡᠳᠦᠷ ᠲᠤᠲᠤᠮ᠎ᠤᠨ ᠠᠵᠢᠯ᠎ᠢ ᠬᠤᠪᠢᠳᠠᠨ ᠬᠠᠮᠢᠶᠠᠷᠴᠤ᠌ ᠪᠠᠶ᠋ᠢᠭ᠎ᠠ ᠳᠡᠳ᠋ ᠳᠠᠷᠤᠭ᠎ᠠ ᠬᠣ᠌ ᠾᠧ ᠫᠢᠩ᠂ 《ᠲᠣᠭᠲᠠᠭᠠᠯ》 ᠳ᠋ᠤ 《ᠡᠪ ᠬᠠᠮᠲᠤᠴᠤᠳ᠎ᠤᠨ ᠨᠠᠮᠴᠢ ᠴᠢᠨᠠᠷ᠎ᠢ ᠴᠢᠩᠭᠠᠳᠬᠠᠬᠤ》 ᠵᠢ ᠪᠠᠶ᠋ᠢᠯᠳᠤᠬᠤ ᠪᠤᠳᠤᠯᠭ᠎ᠠ᠎ᠶᠢᠨ ᠡᠭᠦᠷᠭᠡ᠎ᠶᠢᠨ ᠪᠠᠶ᠋ᠢᠷᠢᠯᠠᠭᠤᠯᠤᠯᠲᠠ᠎ᠶᠢᠨ ᠨᠢᠭᠡᠳᠦᠭᠡᠷ ᠬᠡᠰᠡᠭ᠎ᠲᠦ᠍ ᠲᠠᠯᠪᠢᠵᠤ᠂ ᠨᠠᠮᠴᠢ ᠴᠢᠨᠠᠷ᠎ᠢ ᠴᠢᠩᠭᠠᠳᠬᠠᠬᠤ ᠪᠣᠯ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠦᠨᠳᠦᠰᠦᠨ ᠴᠢᠨᠠᠷᠲᠠᠶ ᠡᠭᠦᠷᠭᠡ ᠮᠥᠨ᠂ ᠨᠠᠮ᠎ᠤᠨ ᠭᠡᠰᠢᠭᠦᠨ᠂ ᠺᠠᠳ᠋ᠷᠴᠤᠳ ᠨᠠᠮᠴᠢ ᠴᠢᠨᠠᠷ᠎ᠤᠨ ᠪᠣᠯᠪᠠᠰᠤᠷᠠᠯ᠎ᠢᠶᠡᠨ ᠴᠢᠩᠭᠠᠳᠬᠠᠬᠤ᠎ᠶᠢ ᠨᠠᠰᠤᠨ ᠲᠤᠷᠰᠢᠳᠠ᠎ᠶᠢᠨ ᠰᠡᠳᠦᠪ ᠪᠣᠯᠭᠠᠵᠤ᠂ ᠬᠦᠰᠡᠯᠡᠩ ᠢᠲᠡᠭᠡᠯ ᠪᠢᠰᠢᠷᠡᠯ᠎ᠢᠶᠡᠨ ᠪᠠᠲᠤᠳᠬᠠᠬᠤ᠂ ᠨᠠᠮ᠎ᠳᠠᠭᠠᠨ ᠦᠨᠡᠨᠴᠢ ᠰᠢᠳᠤᠷᠭᠤ ᠪᠠᠢᠬᠤ ᠵᠢ ᠪᠠᠲᠤᠳᠬᠠᠬᠤ᠂ ᠠᠷᠠᠳ ᠲᠦᠮᠡᠨ᠎ᠤ ᠲᠥᠯᠥᠭᠡ ᠵᠢᠳᠬᠦᠬᠦ ᠬᠠᠢᠷ᠎ᠠ ᠰᠡᠳᠬᠢᠯᠭᠡ ᠵᠢ ᠵᠤᠵᠠᠭᠠᠳᠬᠠᠬᠤ᠂ ᠦᠨᠡᠨ᠎ᠡᠴᠡ ᠵᠥᠪ᠎ᠢ ᠡᠷᠢᠬᠦ᠌᠎ᠶᠢ ᠪᠠᠷᠢᠮᠲᠠᠯᠠᠬᠤ᠂ ᠶᠣᠰᠣ ᠰᠤᠷᠲᠠᠬᠤᠨ ᠵᠠᠩ ᠴᠢᠨᠠᠷ᠎ᠢᠶᠡᠨ ᠲᠦᠪ ᠪᠤᠯᠭᠠᠬᠤ᠂ ᠠᠷᠢᠭᠤᠨ ᠴᠢᠬᠡᠴᠢ᠎ᠶᠢ ᠪᠠᠲᠤᠯᠠᠬᠤ ᠵᠡᠷᠭᠡ ᠲᠠᠯ᠎ᠠ᠎ᠪᠠᠷ ᠬᠦᠴᠦ᠍ ᠣᠷᠣᠭᠤᠯᠬᠤ ᠵᠢ ᠠᠬᠢᠭᠤᠯᠤᠨ᠎ᠡ ᠬᠡᠵᠤ ᠲᠤᠷᠠᠳᠤᠬᠰᠠᠨ ᠪᠦᠭᠡᠳ ᠨᠠᠮ᠎ᠳᠠᠭᠠᠨ ᠦᠨᠡᠨᠴᠢ ᠰᠢᠳᠤᠷᠭᠤ ᠪᠠᠶ᠋ᠢᠬᠤ ᠬᠥᠮᠦᠵᠢᠯ᠎ᠢ ᠴᠢᠩᠭᠠᠳᠬᠠᠬᠤ᠂ ᠨᠠᠮ᠎ᠤᠨ ᠰᠢᠨ᠎ᠡ᠎ᠡᠬᠦᠳᠤᠯᠳᠠ ᠵᠢᠨ ᠣᠨᠣᠯ᠎ᠢᠶᠠᠷ ᠰᠡᠳᠬᠢᠯ ᠢ᠋ ᠨᠢᠬᠳᠠᠷᠠᠭᠤᠯᠤᠨ ᠰᠦᠭ ᠰᠦᠨᠡᠰᠤ ᠵᠢ ᠱᠤᠭᠤᠬᠤ ᠵᠢ ᠪᠠᠷᠢᠮᠳᠠᠯᠠᠵᠤ᠂ ᠨᠠᠮ᠎ᠤᠨ ᠰᠢᠯᠢᠳᠡᠭ ᠤᠯᠠᠮᠵᠢᠯᠠᠯ ᠪᠠ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ᠌ ᠰᠣᠶᠣᠯ᠎ᠢᠶᠠᠷ ᠨᠠᠮᠴᠢ ᠴᠢᠨᠠᠷ᠎ᠢ ᠲᠠᠪᠳᠠᠨ ᠪᠤᠯᠪᠠᠰᠤᠷᠠᠭᠤᠯᠬᠤ᠂ ᠦᠢᠯᠡᠳᠦᠯᠭᠡ᠎ᠶᠢᠨ ᠳᠤᠮᠳᠠ ᠨᠠᠮᠴᠢ ᠴᠢᠨᠠᠷ᠎ᠢᠶᠠᠨ ᠳᠠᠪᠲᠠᠨ ᠪᠣᠯᠪᠠᠰᠤᠷᠠᠭᠤᠯᠬᠤ᠂ ᠨᠠᠮᠴᠢ ᠴᠢᠨᠠᠷ᠎ᠢ ᠢᠯᠭᠠᠨ ᠲᠠᠨᠢᠬᠤ ᠵᠢ ᠴᠢᠩᠭᠠᠳᠬᠠᠬᠤ ᠵᠡᠷᠬᠡ 5 ᠲᠠᠯ᠎ᠠ᠎ᠪᠠᠷ ᠪᠣᠳᠠᠲᠠᠢ ᠪᠠᠶ᠋ᠢᠷᠢᠯᠠᠭᠤᠯᠤᠯᠲᠠ ᠬᠢᠵᠠᠢ ᠭᠡᠵᠤ ᠢᠯᠡᠳᠭᠡᠪᠡ᠃
《ᠨᠠᠮ᠎ᠳᠠᠭᠠᠨ ᠦᠨᠡᠨᠴᠢ ᠰᠢᠳᠤᠷᠭᠤ ᠪᠠᠶ᠋ᠢᠬᠤ ᠬᠥᠮᠦᠵᠢᠯ᠎ᠢ ᠴᠢᠩᠭᠠᠳᠬᠠᠬᠤ ᠭᠡᠷᠡᠭᠳᠠᠢ᠃〈ᠬᠣᠶᠠᠷ᠎ᠢ ᠲᠣᠭᠲᠠᠭᠠᠬᠰᠡᠨ〉 ᠤ᠋ ᠰᠢ᠌ᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠢ ᠣᠶ᠋ᠢᠯᠠᠭᠠᠵᠤ᠂ 〈ᠲᠦᠷᠪᠡᠨ ᠤᠬᠠᠮᠰᠠᠷ〉 ᠵᠢᠡᠨ ᠴᠢᠩᠭᠠᠳᠬᠠᠵᠤ᠂ 〈ᠲᠦᠷᠪᠡᠨ ᠢᠲᠡᠭᠡᠯ〉 ᠵᠢᠡᠨ ᠪᠠᠲᠤᠳᠬᠠᠵᠤ᠂ 〈ᠬᠣᠶᠠᠷ᠎ᠢ ᠬᠠᠮᠠᠭᠠᠯᠠᠬᠤ〉 ᠵᠢ ᠪᠡᠶᠡᠯᠡᠭᠦᠯᠵᠦ᠍᠂ ᠨᠠᠮ᠎ᠤᠨ ᠤᠯᠤᠰ ᠲᠦᠷᠦ᠎ᠶᠢᠨ ᠰᠠᠬᠢᠯᠭ᠎ᠠ ᠪᠠᠲᠤ᠌ ᠪᠣᠯᠤᠨ ᠤᠯᠤᠰ ᠲᠦᠷᠦ᠎ᠶᠢᠨ ᠶᠣᠰᠣ ᠲᠦᠷᠢᠮ᠎ᠢ ᠴᠢᠩᠳᠠᠯᠠᠵᠤ᠂ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢ ᠠᠬᠤᠢ᠎ᠶᠢ ᠴᠡᠪᠡᠷᠰᠢᠭᠦᠯᠬᠦ᠌ ᠬᠡᠷᠡᠭᠲᠡᠢ》 ᠭᠡᠵᠦ᠍ ᠬᠣ᠌ ᠾᠧ ᠫᠢᠩ ᠬᠡᠯᠡᠪᠡ᠃
ᠨᠠᠮ᠎ᠤᠨ ᠰᠢᠨ᠎ᠡ ᠡᠬᠦᠳᠤᠯᠳᠠ ᠵᠢᠨ ᠤᠨᠤᠯ᠎ᠢᠶᠠᠷ ᠰᠡᠳᠬᠢᠯ ᠢ᠋ ᠨᠢᠬᠳᠠᠷᠠᠭᠤᠯᠤᠨ ᠰᠦᠭ ᠰᠦᠨᠡᠰᠦ᠎ᠵᠢ ᠱᠤᠭᠤᠬᠤ᠎ᠶᠢ ᠪᠠᠷᠢᠮᠲᠠᠯᠠᠬᠤ ᠪᠣᠯ ᠨᠠᠮ᠎ᠤᠨ ᠦᠵᠡᠯ ᠰᠠᠨᠠᠭᠠᠨ᠎ᠤ ᠪᠠᠶ᠋ᠢᠭᠤᠯᠤᠯᠲᠠ᠎ᠶᠢᠨ ᠦᠨᠳᠦᠰᠦᠨ ᠡᠭᠦᠷᠭᠡ ᠮᠥᠨ᠃
《ᠰᠢᠨ᠎ᠡ ᠴᠠᠭ ᠦᠶ᠎ᠡ᠎ᠶᠢᠨ ᠨᠠᠮ᠎ᠤᠨ ᠦᠵᠡᠯ ᠰᠠᠨᠠᠭᠠᠨ᠎ᠤ ᠪᠠᠶ᠋ᠢᠭᠤᠯᠤᠯᠲᠠ᠎ᠶᠢᠨ ᠬᠠᠮᠤᠭ᠎ᠤᠨ ᠪᠡᠯᠭᠡ ᠳᠡᠮᠳᠡᠭ᠎ᠦᠨ ᠴᠢᠨᠠᠷᠲᠠᠢ᠂ ᠬᠦᠳᠦᠯᠦᠨ ᠳᠠᠭᠠᠭᠤᠯᠬᠤ ᠴᠢᠨᠠᠷᠲᠠᠢ᠂ ᠵᠠᠮ ᠨᠡᠭᠡᠭᠡᠬᠦ᠌ ᠴᠢᠨᠠᠷᠲᠠᠢ ᠠᠮᠵᠢᠯᠲᠠ ᠪᠦᠲᠦᠮᠵᠢ ᠪᠣᠯ ᠳᠠᠷᠤᠢ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢ ᠡᠭᠦᠳᠴᠦ᠍᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ᠌ ᠰᠢᠨ᠎ᠡ ᠦᠰᠦᠷᠦᠯᠲᠡ᠎ᠶᠢ ᠪᠡᠶᠡᠯᠡᠭᠦᠯᠦᠭᠰᠡᠨ ᠶᠠᠪᠤᠳᠠᠯ ᠪᠣᠯᠤᠨ᠎ᠠ》᠃ ᠬᠣ᠌ ᠾᠧ ᠫᠢᠩ ᠰᠤᠷᠪᠤᠯᠵᠢᠯᠠᠭᠴᠢ᠎ᠶᠢᠨ ᠠᠰᠠᠭᠤᠯᠲᠠ᠎ᠶᠢ ᠬᠠᠷᠢᠭᠤᠯᠬᠤ᠎ᠳᠠᠭᠠᠨ᠂ ᠤᠢ᠌ᠷ᠎ᠠ᠎ᠶᠢᠨ ᠵᠢᠯ᠎ᠳ᠋ᠤ᠂ ᠪᠢᠳᠠ ᠦᠵᠡᠯ ᠰᠠᠨᠠᠭᠠᠨ᠎ᠤ ᠲᠤᠭ᠎ᠢ ᠥᠨᠳᠥᠷ ᠮᠠᠨᠳᠤᠭᠤᠯᠵᠤ᠂ ᠨᠠᠮ᠎ᠤᠨ ᠰᠢᠨ᠎ᠡ᠎ᠡᠬᠦᠳᠤᠯᠳᠠ ᠵᠢᠨ ᠤᠨᠤᠯ᠎ᠢᠶᠠᠷ ᠵᠡᠪᠰᠡᠭᠯᠡᠬᠦ᠌᠎ᠶᠢ ᠪᠦᠬᠦ᠌ ᠲᠠᠯ᠎ᠠ᠎ᠪᠠᠷ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ᠂ ᠤᠬᠠᠭᠤᠯᠤᠨ ᠲᠠᠶ᠋ᠢᠯᠪᠤᠷᠢᠯᠠᠯᠳᠠ ᠬᠢᠬᠦ ᠪᠠ ᠰᠤᠳᠤᠯᠤᠨ ᠲᠠᠶ᠋ᠢᠯᠪᠤᠷᠢᠯᠠᠬᠤ᠎ᠶᠢ ᠦᠷᠭᠦᠯᠵᠢᠯᠡᠨ ᠥᠷᠨᠢᠭᠦᠯᠵᠦ᠍᠂ ᠨᠠᠮ᠎ᠤᠨ ᠰᠢᠨ᠎ᠡ᠎ᠡᠬᠦᠳᠤᠯᠳᠠ ᠵᠢᠨ ᠤᠨᠤᠯᠢ᠋ ᠡᠳᠦᠷ ᠢᠷᠡᠬᠦᠶ᠎ᠡ ᠬᠥᠮᠦᠰ᠎ᠦᠨ ᠰᠡᠳᠬᠢᠯ᠎ᠳᠦ ᠬᠠᠳᠠᠩᠰᠢᠭᠤᠯᠬᠤ᠎ᠶᠢ ᠠᠬᠢᠭᠤᠯᠪᠠ᠃ ᠡᠭᠦᠨ᠎ᠦ ᠬᠠᠮᠲᠤ᠌᠂ ᠣᠳᠣᠬᠠᠨ᠎ᠳᠤ ᠡᠯ᠎ᠡ ᠵᠦᠢᠯ᠎ᠦᠨ ᠦᠵᠡᠯ ᠰᠠᠨᠠᠭ᠎ᠠ ᠪᠠ ᠦᠷᠳᠡᠭ᠎ᠦᠨ ᠦᠵᠡᠯᠲᠡ ᠰᠣᠯᠪᠢᠴᠠᠨ ᠮᠥᠷᠭᠥᠯᠳᠦᠵᠦ᠍᠂ ᠨᠠᠮ᠎ᠤᠨ ᠡᠩᠨᠡᠭᠡᠨ᠎ᠳᠡᠬᠢ ᠵᠠᠯᠠᠭᠤ ᠨᠠᠮ᠎ᠤᠨ ᠭᠡᠰᠢᠭᠦᠨ᠂ ᠺᠠᠳ᠋ᠷ᠎ᠤᠨ ᠬᠠᠷᠢᠴᠠᠯ ᠶᠠᠪᠤᠬᠤ ᠲᠤᠳᠤᠮ ᠶᠡᠬᠡᠰᠴᠦ᠍᠂ ᠰᠤᠷᠤᠯᠴᠠᠬᠤ ᠠᠷᠭ᠎ᠠ ᠮᠠᠶᠢᠭ ᠪᠠ ᠳᠠᠳᠬᠠᠯ᠎ᠳᠤ ᠭᠦᠨᠵᠡᠭᠡᠢ ᠬᠤᠪᠢᠷᠠᠯᠲᠠ ᠭᠠᠷᠴᠤ᠌᠂ ᠨᠠᠮ᠎ᠤᠨ ᠦᠵᠡᠯ ᠰᠠᠨᠠᠭᠠᠨ᠎ᠤ ᠪᠠᠶ᠋ᠢᠭᠤᠯᠤᠯᠲᠠ᠎ᠳᠤ ᠰᠢᠨ᠎ᠡ ᠰᠢᠯᠭᠠᠯᠲᠠ ᠲᠤᠯᠭᠠᠷᠠᠵᠤ ᠪᠠᠶ᠋ᠢᠨ᠎ᠠ ᠭᠡᠪᠡ᠃
《ᠦᠵᠡᠯ ᠰᠠᠨᠠᠭ᠎ᠠ᠎ᠪᠠᠷ ᠨᠠᠮ ᠪᠠᠶ᠋ᠢᠭᠤᠯᠬᠤ᠂ ᠤᠨᠤᠯ᠎ᠢᠶᠠᠷ ᠨᠠᠮ ᠵᠢᠡᠨ ᠬᠦᠴᠦᠷᠬᠡᠭᠵᠢᠭᠦᠯᠬᠦ᠌ ᠪᠣᠯ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠢᠷᠠᠭᠤ ᠠᠯᠳᠠᠷᠲᠤ᠌ ᠤᠯᠠᠮᠵᠢᠯᠠᠯ ᠮᠥᠨ᠂ ᠪᠠᠰᠠ ᠴᠤ᠌ ᠰᠢᠨ᠎ᠡ ᠴᠠᠭ ᠦᠶ᠎ᠡ᠎ᠶᠢᠨ ᠨᠠᠮ᠎ᠢ ᠬᠠᠮᠢᠶᠠᠷᠴᠤ᠌ ᠨᠠᠮ᠎ᠢ ᠵᠠᠰᠠᠬᠤ᠂ ᠨᠠᠮ᠎ᠢᠶᠡᠨ ᠮᠠᠨᠳᠤᠭᠤᠯᠵᠤ ᠨᠠᠮ᠎ᠢᠶᠡᠨ ᠬᠦᠴᠦᠷᠬᠡᠭᠵᠢᠭᠦᠯᠬᠦ᠌᠎ᠶᠢᠨ ᠢᠯᠡ ᠲᠣᠳᠣ ᠣᠨᠴᠠᠯᠢᠭ ᠮᠥᠨ》᠃ ᠬᠣ᠌ ᠾᠧ ᠫᠢᠩ᠂ 《ᠲᠣᠭᠲᠠᠭᠠᠯ》 ᠨᠢ ᠰᠤᠷᠤᠯᠴᠠᠯᠭ᠎ᠠ ᠬᠥᠮᠦᠵᠢᠯ᠂ ᠰᠤᠳᠤᠯᠤᠨ ᠲᠠᠶ᠋ᠢᠯᠪᠤᠷᠢᠯᠠᠬᠤ᠂ ᠦᠢᠯᠡᠳᠦᠯᠭᠡ ᠳ᠋ᠡᠬᠢ ᠬᠡᠷᠡᠭᠯᠡᠯᠲᠡ ᠵᠡᠷᠭᠡ ᠲᠠᠯ᠎ᠠ᠎ᠪᠠᠷ ᠨᠠᠮ᠎ᠤᠨ ᠰᠢᠨ᠎ᠡ᠎ᠡᠬᠦᠳᠤᠯᠳᠠ ᠵᠢᠨ ᠤᠨᠤᠯ᠎ᠢᠶᠠᠷ ᠰᠡᠳᠬᠢᠯ᠎ᠢ ᠨᠢᠭᠲᠠᠷᠠᠭᠤᠯᠤᠨ ᠰᠦᠭ ᠰᠦᠨᠡᠰᠦ᠎ᠶᠢ ᠱᠤᠭᠤᠬᠤ ᠡᠯ᠎ᠡ ᠵᠦᠢᠯ᠎ᠦᠨ ᠭᠣᠣᠯᠳᠠᠯᠭ᠎ᠠ᠎ᠲᠠᠶ ᠡᠭᠦᠷᠭᠡ᠎ᠶᠢ ᠳᠤᠷᠠᠳᠴᠤ᠌᠂ ᠪᠦᠬᠦ᠌ ᠨᠠᠮ᠎ᠢᠶᠠᠷ᠎ᠢᠶᠠᠨ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠦᠵᠡᠯ ᠰᠠᠨᠠᠭ᠎ᠠ᠎ᠪᠠᠨ ᠨᠢᠭᠡᠳᠬᠡᠬᠦ᠌᠂ ᠵᠣᠷᠢᠭ ᠰᠠᠨᠠᠭ᠎ᠠ᠎ᠪᠠᠨ ᠨᠢᠭᠡᠳᠬᠡᠬᠦ᠌᠂ ᠦᠢᠯᠡ ᠠᠵᠢᠯᠯᠠᠭ᠎ᠠ᠎ᠪᠠᠨ ᠨᠢᠭᠡᠳᠬᠡᠬᠦ᠌᠎ᠶᠢ ᠠᠬᠢᠭᠤᠯᠵᠠᠢ ᠭᠡᠪᠡ᠃
ᠠᠷᠠᠳᠴᠢᠯᠠᠯ ᠲᠥᠪᠯᠡᠷᠡᠯ᠎ᠦᠨ ᠶᠣᠰᠣ᠎ᠶᠢ ᠴᠢᠩᠭ᠎ᠠ ᠲᠤᠭᠤᠰᠢᠯᠠᠭᠤᠯᠤᠨ ᠬᠡᠷᠡᠭᠵᠢᠭᠦᠯᠬᠦ᠌ ᠲᠤᠬᠠᠢ ᠬᠣ᠌ ᠾᠧ ᠫᠢᠩ᠂ 《ᠲᠣᠭᠲᠠᠭᠠᠯ》 ᠳ᠋ᠤ ᠠᠷᠠᠳᠴᠢᠯᠠᠯ ᠲᠥᠪᠯᠡᠷᠡᠯ᠎ᠦᠨ ᠶᠣᠰᠣ᠎ᠶᠢ ᠴᠢᠩᠭ᠎ᠠ ᠲᠤᠭᠤᠰᠢᠯᠠᠭᠤᠯᠤᠨ ᠬᠡᠷᠡᠭᠵᠢᠭᠦᠯᠬᠦ᠌᠎ᠶᠢ ᠪᠦᠬᠦ᠌ ᠲᠠᠯ᠎ᠠ᠎ᠪᠠᠷ ᠨᠠᠮ ᠢ᠋ ᠴᠢᠩᠭ᠎ᠠ ᠵᠠᠰᠠᠬᠤ᠎ᠶᠢᠨ ᠴᠢᠬᠤᠯᠠ ᠬᠦᠴᠦᠯᠡᠬᠦ᠌ ᠴᠡᠭ ᠪᠣᠯᠭᠠᠭᠰᠠᠨ ᠪᠥᠭᠡᠳ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠬᠤ᠂ ᠨᠠᠮ᠎ᠤᠨ ᠳᠣᠲᠣᠭᠠᠳᠤ᠎ᠶᠢᠨ ᠠᠷᠠᠳᠴᠢᠯᠠᠯ᠎ᠤᠨ ᠶᠠᠰᠤ ᠴᠢᠨᠠᠷ ᠢ᠋ ᠳᠡᠭᠡᠭᠰᠢᠯᠡᠭᠦᠯᠬᠦ᠌᠂ ᠤᠳᠤᠷᠢᠳᠬᠤ ᠪᠠᠭ᠎ᠤᠨ ᠰᠢ᠌ᠳᠪᠦᠷᠢᠲᠦ᠍ ᠪᠤᠳᠤᠯᠭ᠎ᠠ ᠲᠣᠭᠲᠠᠭᠠᠬᠤ ᠬᠡᠷᠡᠭ ᠵᠥᠪᠯᠡᠬᠦ᠌ ᠲᠦᠷᠢᠮ᠎ᠢ ᠴᠢᠩᠭ᠎ᠠ ᠬᠡᠷᠡᠭᠵᠢᠭᠦᠯᠬᠦ᠌᠂《ᠨᠢᠭᠡᠳᠦᠭᠡᠷ ᠬᠠᠷᠢᠭᠤᠴᠠᠯᠭᠠᠳᠠᠨ》 ᠤ᠋ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ᠍ ᠡᠷᠬᠡ᠎ᠪᠡᠨ ᠬᠡᠷᠡᠭᠯᠡᠬᠦ᠌᠎ᠶᠢ ᠵᠢᠷᠤᠮᠵᠢᠭᠤᠯᠬᠤ ᠵᠡᠷᠭᠡ 4 ᠲᠠᠯ᠎ᠠ᠎ᠡᠴᠡ ᠪᠣᠳᠠᠲᠠᠢ ᠪᠠᠶ᠋ᠢᠷᠢᠯᠠᠭᠤᠯᠤᠯᠲᠠ ᠬᠢᠵᠠᠢ ᠭᠡᠵᠤ ᠲᠠᠨᠢᠯᠴᠠᠭᠤᠯᠪᠠ᠃
ᠨᠠᠮ᠎ᠤᠨ ᠡᠯ᠎ᠡ ᠱᠠᠲᠤᠨ᠎ᠤ ᠵᠣᠬᠢᠶᠠᠨ ᠪᠠᠶ᠋ᠢᠭᠤᠯᠤᠯᠲᠠ ᠪᠣᠯᠤᠨ ᠨᠠᠮ᠎ᠤᠨ ᠭᠡᠰᠢᠭᠦᠨ ᠺᠠᠳ᠋ᠷ ᠪᠣᠯ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠣᠯ ᠴᠣᠭᠴᠠ ᠮᠥᠨ
1 ᠳ᠋ᠦᠩᠰᠢᠭᠤᠷ ᠭᠠᠷᠤᠢ ᠨᠠᠮ᠎ᠤᠨ ᠭᠡᠰᠢᠭᠦᠨ᠂ 540 ᠭᠠᠷᠤᠢ ᠲᠦᠮᠡᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠁ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠭᠡᠰᠢᠭᠦᠨ᠎ᠦ ᠡᠩᠨᠡᠭᠡ ᠲᠣᠭᠲᠠᠭᠤᠨ᠎ᠢᠶᠠᠷ ᠪᠤᠵᠠᠭᠠᠶ᠋ᠢᠷᠠᠵᠤ᠂ ᠵᠣᠬᠢᠶᠠᠨ ᠪᠠᠶ᠋ᠢᠭᠤᠯᠤᠯᠲᠠ᠎ᠶᠢᠨ ᠰᠢᠰᠲ᠋ᠧᠮ ᠡᠳᠦᠷ ᠢᠷᠡᠬᠦᠶ᠎ᠡ ᠨᠢᠭᠲᠠ ᠴᠢᠩᠭ᠎ᠠ ᠪᠣᠯᠪᠠ᠂ ᠡᠨᠡ ᠪᠣᠯ ᠳᠡᠯᠡᠬᠡᠢ ᠳᠡᠭᠡᠷᠡᠬᠢ ᠶᠠᠮᠠᠷᠪᠠ ᠪᠤᠰᠤᠳ ᠲᠦᠷᠦ᠎ᠶᠢᠨ ᠨᠠᠮ᠎ᠳᠤ ᠪᠠᠶ᠋ᠢᠬᠤ ᠦᠭᠡᠢ ᠬᠦᠴᠦᠷᠬᠡᠭ ᠶᠡᠬᠡ ᠳᠠᠪᠠᠭᠤᠯᠢᠭ ᠪᠣᠯᠤᠨ᠎ᠠ᠃
《ᠨᠠᠮ᠎ᠤᠨ ᠡᠯ᠎ᠡ ᠱᠠᠲᠤᠨ᠎ᠤ ᠵᠣᠬᠢᠶᠠᠨ ᠪᠠᠶ᠋ᠢᠭᠤᠯᠤᠯᠲᠠ ᠪᠣᠯᠤᠨ ᠨᠠᠮ᠎ᠤᠨ ᠭᠡᠰᠢᠭᠦᠨ᠂ ᠺᠠᠳ᠋ᠷ ᠪᠣᠯ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠭᠣᠣᠯ ᠴᠣᠭᠴᠠ ᠮᠥᠨ᠂ ᠪᠠᠰᠠ ᠴᠤ᠌ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠶᠢ ᠠᠬᠢᠭᠤᠯᠬᠤ ᠵᠠᠩᠭᠢᠯᠠᠭ᠎ᠠ᠎ᠶᠢᠨ ᠬᠦᠴᠦᠨ ᠮᠥᠨ》᠃ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠬᠦᠨᠳᠦ ᠡᠭᠦᠷᠭᠡ᠎ᠶᠢ ᠡᠭᠦᠷᠭᠡᠯᠡᠵᠦ᠍ ᠳᠡᠶ᠋ᠢᠯᠬᠦ᠌ ᠥᠨᠳᠥᠷ ᠬᠡᠪ ᠪᠣᠯᠪᠠᠰᠤᠷᠠᠯ᠎ᠪᠦᠬᠦᠢ ᠺᠠᠳ᠋ᠷ᠎ᠤᠨ ᠡᠩᠨᠡᠭᠡ᠎ᠶᠢ ᠳᠠᠪᠲᠠᠨ ᠪᠣᠯᠪᠠᠰᠤᠷᠠᠭᠤᠯᠬᠤ᠂ ᠳᠡᠭᠡᠳᠦ ᠲᠤᠤᠷᠠᠳᠤ ᠱᠠᠳᠤ ᠨᠡᠪᠲᠡᠷᠡᠯᠴᠡᠭᠰᠡᠨ᠂ ᠬᠡᠷᠡᠭᠵᠢᠭᠦᠯᠦᠯᠲᠡ ᠨᠢ ᠬᠦᠴᠦᠲᠡᠢ ᠨᠢᠭᠲᠠ ᠴᠢᠩᠭ᠎ᠠ ᠵᠣᠬᠢᠶᠠᠨ ᠪᠠᠶ᠋ᠢᠭᠤᠯᠤᠯᠲᠠ᠎ᠶᠢᠨ ᠰᠢᠰᠲᠸᠮ᠎ᠢ ᠪᠠᠶ᠋ᠢᠭᠤᠯᠬᠤ ᠵᠡᠷᠭᠡ ᠠᠭᠤᠯᠭ᠎ᠠ᠎ᠶᠢᠨ ᠲᠣᠭᠣᠷᠢᠨ᠎ᠳᠤ᠂ ᠲᠥᠪ᠎ᠦᠨ ᠵᠣᠬᠢᠶᠠᠨ ᠪᠠᠶ᠋ᠢᠭᠤᠯᠬᠤ ᠬᠡᠯᠲᠡᠰ᠎ᠦᠨ ᠡᠳᠦᠷ ᠲᠤᠳᠤᠮ᠎ᠤᠨ ᠠᠵᠢᠯ᠎ᠢ ᠬᠤᠪᠢᠳᠠᠨ ᠬᠠᠮᠢᠶᠠᠷᠴᠤ ᠪᠠᠢᠭ᠎ᠠ ᠳᠡᠳ᠋ ᠳᠠᠷᠤᠭ᠎ᠠ ᠬᠤᠸᠠᠩ ᠵᠢᠶᠠᠨ ᠹᠠ 《ᠲᠣᠭᠲᠠᠭᠠᠯ》 ᠳ᠋ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠴᠣᠭᠴᠠᠯᠠᠯᠲᠠ᠎ᠶᠢᠨ ᠲᠤᠬᠠᠢ ᠬᠢᠭᠰᠡᠨ ᠪᠠᠶ᠋ᠢᠯᠳᠤᠬᠤ ᠪᠤᠳᠤᠯᠭ᠎ᠠ᠎ᠶᠢᠨ ᠪᠠᠶ᠋ᠢᠷᠢᠯᠠᠭᠤᠯᠤᠯᠲᠠ᠎ᠶᠢ ᠲᠠᠨᠢᠯᠴᠠᠭᠤᠯᠪᠠ᠃
ᠬᠤᠸᠠᠩ ᠵᠢᠶᠠᠨ ᠹᠠ᠂ 《ᠲᠣᠭᠲᠠᠭᠠᠯ》 ᠳ᠋ᠤ᠌᠂ ᠺᠠᠳ᠋ᠷ᠎ᠢ ᠬᠥᠮᠥᠵᠢᠬᠦᠯᠬᠦ᠂ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ᠂ ᠬᠠᠮᠢᠶᠠᠷᠴᠤ ᠬᠢᠨᠠᠯᠲᠠ ᠲᠠᠯᠪᠢᠬᠤ᠎ᠶᠢ ᠴᠢᠩᠭᠠᠳᠬᠠᠵᠤ᠂ ᠤᠯᠤᠰ ᠲᠦᠷᠦ᠎ᠶᠢᠨ ᠲᠠᠯ᠎ᠠ᠎ᠪᠠᠷ ᠪᠠᠲᠤ ᠴᠢᠩᠭ᠎ᠠ᠂ ᠡᠷᠳᠡᠮ ᠴᠢᠳᠠᠪᠤᠷᠢ ᠲᠠᠢ᠂ ᠰᠤᠷᠲᠠᠯ ᠰᠢᠯᠢᠳᠡᠭ᠂ ᠰᠠᠬᠢᠯᠭ᠎ᠠ ᠪᠠᠲᠤ ᠴᠢᠩᠭ᠎ᠠ ᠥᠨᠳᠥᠷ ᠬᠡᠪ ᠪᠣᠯᠪᠠᠰᠤᠷᠠᠯ᠎ᠲᠠᠢ ᠺᠠᠳ᠋ᠷ᠎ᠤᠨ ᠡᠩᠨᠡᠭᠡ᠎ᠶᠢ ᠪᠠᠶ᠋ᠢᠭᠤᠯᠬᠤᠭᠡᠷᠡᠭᠳᠡᠢ ᠬᠡᠵᠤ ᠵᠢᠭᠠᠵᠤ ᠭᠠᠷᠭᠠᠬᠰᠠᠨ ᠪᠦᠬᠡᠳ ᠵᠥᠪ ᠣᠨᠣᠪᠴᠢᠲᠠᠢ ᠬᠥᠮᠥᠨ ᠬᠡᠷᠡᠭᠯᠡᠬᠦ ᠤᠳᠤᠷᠢᠳᠤᠮᠵᠢ᠎ᠶᠢ ᠪᠠᠷᠢᠮᠲᠠᠯᠠᠬᠤ᠂ ᠰᠢᠨᠵᠢᠯᠡᠬᠦ ᠤᠬᠠᠭᠠᠨᠴᠢ᠎ᠪᠠᠷ ᠬᠥᠮᠥᠨ ᠰᠣᠩᠭᠣᠵᠤ ᠬᠥᠮᠥᠨ ᠬᠡᠷᠡᠭᠯᠡᠬᠦ᠂ ᠺᠠᠳ᠋ᠷ᠎ᠤᠨ ᠵᠠᠰᠠᠭ ᠤ᠋ᠨ ᠠᠵᠢᠯ᠎ᠤᠨ ᠪᠦᠳᠦᠮᠵᠢ᠎ᠶᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠎ᠶᠢ ᠠᠬᠢᠭᠤᠯᠬᠤ᠂ ᠺᠠᠳ᠋ᠷ᠎ᠤᠨ ᠠᠵᠢᠯ ᠬᠢᠵᠦ ᠦᠢᠯᠡᠰ ᠪᠣᠰᠬᠠᠬᠤ ᠴᠢᠳᠠᠪᠤᠷᠢ᠎ᠶᠢ ᠴᠢᠩᠭᠠᠳᠬᠠᠬᠤ᠂ ᠰᠢᠯᠢᠳᠡᠭ ᠵᠠᠯᠠᠭᠤ ᠺᠠᠳ᠋ᠷ᠎ᠢ ᠬᠥᠮᠥᠵᠢᠭᠦᠯᠵᠦ ᠰᠢᠯᠢᠨ ᠳᠡᠪᠰᠢᠭᠦᠯᠬᠦ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ᠂ ᠺᠠᠳ᠋ᠷ᠎ᠤᠨ ᠬᠠᠮᠢᠶᠠᠷᠤᠯᠲᠠ ᠬᠢᠨᠠᠯᠲᠠ᠎ᠶᠢ ᠴᠢᠩᠭᠠᠳᠬᠠᠬᠤ ᠵᠡᠷᠭᠡ ᠲᠠᠯ᠎ᠠ᠎ᠪᠠᠷ ᠪᠠᠢᠷᠢᠯᠠᠭᠤᠯᠤᠯᠲᠠ ᠬᠢᠭᠰᠡᠨ ᠪᠠᠢᠨ᠎ᠠ ᠬᠡᠪᠡ᠃
ᠣᠳᠣᠬᠠᠨ᠎ᠳᠤ᠂ ᠰᠢᠨ᠎ᠡ᠎ᠪᠡᠷ ᠮᠠᠨᠳᠤᠭᠰᠠᠨ ᠬᠦᠷᠢᠶ᠎ᠡ ᠴᠠᠷᠠᠭ᠎ᠠ ᠨᠢ ᠨᠢᠭᠡᠨᠲᠡ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠪᠥᠭᠡᠳ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠰᠢᠨ᠎ᠡ ᠥᠷᠭᠡᠨ ᠠᠭᠤᠳᠠᠮ ᠣᠷᠣᠨ ᠵᠠᠢ ᠪᠠ ᠴᠢᠬᠤᠯᠠ ᠵᠢᠭ᠍ᠰᠠᠭᠠᠯ᠎ᠤᠨ ᠭᠠᠵᠠᠷ ᠪᠣᠯᠵᠠᠢ᠃
ᠬᠤᠸᠠᠩ ᠵᠢᠶᠠᠨ ᠹᠠ᠂ 《ᠲᠣᠭᠲᠠᠭᠠᠯ》 ᠳ᠋ᠤ᠌ ᠰᠢᠨ᠎ᠡ᠎ᠪᠡᠷ ᠮᠠᠨᠳᠤᠬᠰᠠᠨ ᠬᠦᠷᠢᠶᠡᠨ᠎ᠳᠡᠬᠢ ᠨᠠᠮ᠎ᠤᠨ ᠪᠠᠢᠭᠤᠯᠤᠯᠲᠠ᠎ᠶᠢ ᠲᠣᠪᠣᠢᠮ᠎ᠠ ᠰᠠᠢᠲᠤᠷ ᠠᠳᠬᠤᠬᠤ ᠲᠤᠬᠠᠢ ᠪᠠᠢᠷᠢᠯᠠᠭᠤᠯᠤᠯᠲᠠ ᠬᠢᠪᠡ᠃ ᠰᠢᠨ᠎ᠡ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠂ ᠰᠢᠨ᠎ᠡ ᠨᠡᠢᠭᠡᠮ᠎ᠦᠨ ᠵᠣᠬᠢᠶᠠᠨ ᠪᠠᠢᠭᠤᠯᠤᠯᠲᠠ᠂ ᠰᠢᠨ᠎ᠡ ᠬᠡᠯᠪᠡᠷᠢ ᠵᠢᠨ ᠠᠵᠢᠯ ᠲᠦᠷᠦᠯ ᠳ᠋ᠤ ᠠᠵᠢᠯ ᠣᠯᠤᠬᠰᠠᠳ ᠲᠤ᠌ ᠨᠠᠮ᠎ᠤᠨ ᠵᠣᠬᠢᠶᠠᠨ ᠪᠠᠢᠭᠤᠯᠤᠯᠲᠠ ᠵᠢ ᠪᠦᠷᠬᠦᠬᠦᠯᠬᠦ ᠪᠠ ᠠᠵᠢᠯ᠎ᠢ ᠪᠦᠷᠬᠦᠬᠦᠯᠬᠦ᠎ᠶᠢ ᠭᠦᠨᠵᠡᠭᠡᠢᠷᠡᠭᠦᠯᠦᠨ ᠥᠷᠭᠡᠳᠬᠡᠵᠦ᠂ ᠨᠠᠮ᠎ᠤᠨ ᠰᠢᠨ᠎ᠡ᠎ᠪᠡᠷ ᠮᠠᠨᠳᠤᠭᠰᠠᠨ ᠬᠦᠷᠢᠶᠡᠨ᠎ᠳᠡᠬᠢ ᠤᠷᠢᠶᠠᠯᠠᠬᠤ ᠬᠦᠴᠦᠨ ᠨᠢᠭ᠍ᠲᠠᠷᠠᠭᠤᠯᠬᠤ ᠬᠦᠴᠦᠨ ᠨᠥᠯᠥᠭᠡᠯᠡᠬᠦ ᠬᠦᠴᠦᠨ᠎ᠢ ᠴᠢᠩᠭᠠᠳᠬᠠᠬᠤ ᠪᠤᠯᠤᠨ᠎ᠠ ᠬᠡᠵᠦ ᠲᠠᠨᠢᠯᠴᠠᠭᠤᠯᠪᠠ᠃
ᠳᠤᠷᠠᠲᠠᠶ᠎ᠠ ᠬᠠᠷᠢᠭᠤᠴᠠᠯᠭ᠎ᠠ ᠡᠭᠦᠷᠭᠡᠯᠡᠬᠦ᠂ ᠵᠣᠷᠢᠭ᠍ᠲᠠᠢ ᠬᠠᠷᠢᠭᠤᠴᠠᠯᠭ᠎ᠠ ᠡᠭᠦᠷᠭᠡᠯᠡᠬᠦ᠂ ᠴᠢᠳᠠᠮᠠᠭᠠᠢ᠎ᠪᠠᠷ ᠬᠠᠷᠢᠭᠤᠴᠠᠯᠭ᠎ᠠ ᠡᠭᠦᠷᠭᠡᠯᠡᠬᠦ᠎ᠶᠢ ᠬᠡᠪ ᠰᠤᠷᠳᠠᠯ ᠪᠣᠯᠭᠠᠨ᠎ᠠ
ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠨᠢ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ᠎ᠤᠨ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠳᠠ᠎ᠶᠢᠨ ᠪᠦᠲᠦᠭᠡᠨ ᠪᠠᠢᠭᠤᠯᠤᠯᠲᠠ᠎ᠶᠢᠨ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠦᠨᠡᠨ ᠬᠦ᠌ ᠠᠳᠬᠤᠨ ᠪᠣᠳᠠᠲᠠᠢ ᠠᠵᠢᠯᠯᠠᠬᠤ᠎ᠶᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
ᠬᠤᠸᠠᠩ ᠵᠢᠶᠠᠨ ᠹᠠ᠂ 《ᠲᠣᠭᠲᠠᠭᠠᠯ》 ᠨᠢ ᠳᠥᠷᠪᠡᠳᠦᠭᠡᠷ ᠬᠡᠰᠡᠭ᠎ᠲᠦ ᠠᠰ ᠲᠤᠨᠢ ᠨᠢᠭᠡ ᠵᠤᠷᠪᠤᠰ ᠭᠠᠷᠭᠠᠵᠦ᠂ 《ᠺᠠᠳ᠋ᠷᠴᠤᠳ᠎ᠤᠨ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ᠎ᠶᠢ ᠠᠬᠢᠭᠤᠯᠬᠤ》 ᠲᠤᠬᠠᠢ ᠪᠠᠢᠷᠢᠯᠠᠭᠤᠯᠤᠯᠲᠠ ᠬᠢᠵᠡᠢ᠂ ᠡᠭᠦᠨ᠎ᠳᠦ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠦᠵᠡᠯᠲᠡ᠎ᠶᠢᠨ ᠬᠥᠮᠦᠵᠢᠯ᠎ᠢ ᠭᠦᠨᠵᠡᠭᠡᠢᠷᠡᠭᠦᠯᠬᠦ; ᠬᠥᠭᠵᠢᠯᠲᠡ᠎ᠶᠢᠨ ᠰᠢᠨ᠎ᠠ ᠣᠢᠯᠠᠭᠠᠭᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠴᠢᠨᠠᠷ ᠰᠠᠢᠲᠠᠢ ᠬᠥᠭᠵᠢᠯᠲᠡ᠎ᠵᠢ ᠠᠬᠢᠭᠤᠯᠬᠤ ᠵᠠᠰᠠᠭ ᠤ᠋ᠨ ᠠᠵᠢᠯ᠎ᠤᠨ ᠪᠦᠳᠦᠮᠵᠢ᠎ᠶᠢ ᠬᠢᠨᠠᠨ ᠰᠢᠯᠭᠠᠬᠤ᠎ᠶᠢ ᠦᠬᠡᠷᠡᠴᠢᠯᠡᠨ ᠰᠠᠢᠵᠢᠷᠠᠭᠤᠯᠬᠤ; ᠵᠠᠰᠠᠭ᠎ᠤᠨ ᠠᠵᠢᠯ᠎ᠤᠨ ᠪᠦᠳᠦᠮᠵᠢ᠎ᠶᠢᠨ ᠦᠵᠡᠯᠲᠡ᠎ᠶᠢᠨ ᠲᠠᠯ᠎ᠠ ᠵᠢᠨ ᠵᠦᠷᠢᠶ᠎ᠠ᠎ᠶᠢᠨ ᠭᠣᠣᠯ ᠠᠰᠠᠭᠤᠳᠠᠯ᠎ᠤᠨ ᠨᠠᠷᠢᠨ ᠳᠠᠩᠰᠠ᠎ᠶᠢ ᠬᠥᠳᠡᠯᠦᠩᠭᠦᠢ᠎ᠪᠡᠷ ᠲᠣᠬᠢᠷᠠᠭᠤᠯᠵᠤ᠂ ᠵᠠᠰᠠᠭ᠎ᠤᠨ ᠠᠵᠢᠯ᠎ᠤᠨ ᠪᠦᠳᠦᠮᠵᠢ᠎ᠶᠢᠨ ᠦᠵᠡᠯᠲᠡ᠎ᠶᠢᠨ ᠵᠦᠷᠢᠶ᠎ᠠ᠎ᠵᠢ ᠪᠦᠲᠦᠮᠵᠢᠲᠡᠢ᠎ᠪᠡᠷ ᠰᠡᠷᠭᠡᠢᠯᠡᠨ ᠵᠠᠯᠠᠷᠠᠭᠤᠯᠬᠤ ᠠᠵᠢᠯ᠎ᠤᠨ ᠲᠣᠭᠲᠠᠴᠠ᠎ᠶᠢ ᠪᠦᠷᠢᠨᠰᠢᠭᠦᠯᠬᠦ; ᠰᠢᠨ᠎ᠡ ᠳᠠᠷᠤᠭ᠎ᠠ ᠬᠠᠭᠤᠴᠢᠨ ᠳᠠᠩᠰᠠ᠎ᠶᠢ ᠬᠠᠮᠢᠶᠠᠷᠬᠤ ᠦᠭᠡᠢ᠂ ᠠᠪᠤᠨ ᠳᠣᠣᠷ᠎ᠠ᠎ᠪᠠᠨ ᠠᠰᠢᠭ᠋ ᠣᠯᠬᠤ᠎ᠶᠢ ᠬᠥᠭᠡᠭᠡᠴᠡᠯᠳᠦᠬᠦ ᠵᠡᠷᠭᠡ ᠠᠰᠠᠭᠤᠳᠠᠯ᠎ᠢ ᠭᠦᠨᠵᠡᠭᠡᠢ ᠴᠡᠭᠴᠡᠯᠡᠨ ᠵᠠᠰᠠᠬᠤ ᠵᠡᠷᠭᠡ ᠪᠠᠭᠳᠠᠨ᠎ᠠ ᠬᠡᠵᠤ ᠲᠠᠨᠢᠯᠴᠠᠭᠤᠯᠪᠠ᠃
ᠺᠠᠳ᠋ᠷᠴᠤᠳ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠪᠣᠯ ᠤᠯᠤᠰ ᠲᠥᠷᠥ᠎ᠶᠢᠨ ᠬᠡᠪ ᠴᠢᠨᠠᠷ ᠪᠣᠯᠬᠤ ᠪᠥᠭᠡᠳ ᠪᠠᠰᠠ ᠴᠤ᠌ ᠵᠠᠰᠠᠭ᠎ᠤᠨ ᠠᠵᠢᠯ ᠬᠢᠬᠦ ᠬᠠᠷᠢᠭᠤᠴᠠᠯᠭ᠎ᠠ ᠮᠥᠨ᠃ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶᠢ ᠵᠣᠷᠢᠭ᠍ᠵᠢᠭᠤᠯᠬᠤ ᠲᠤᠬᠠᠢ᠂ 《ᠲᠣᠭᠲᠠᠭᠠᠯ》᠎ᠳ᠋ᠤ᠌ ᠴᠢᠬᠤᠯᠠ ᠶᠡᠬᠡ ᠪᠠᠢᠷᠢᠯᠠᠭᠤᠯᠤᠯᠲᠠ ᠬᠢᠪᠡ᠃
ᠬᠤᠸᠠᠩ ᠵᠢᠶᠠᠨ ᠹᠠ᠂ ᠨᠢᠭᠡ᠎ᠳᠦ᠂ ᠬᠥᠮᠥᠨ ᠬᠡᠷᠡᠭᠯᠡᠬᠦ ᠵᠥᠪ ᠤᠳᠤᠷᠢᠳᠤᠮᠵᠢ᠎ᠶᠢ ᠪᠠᠷᠢᠮᠲᠠᠯᠠᠬᠤ᠂ ᠡᠨᠡ ᠪᠣᠯ ᠺᠠᠳ᠋ᠷ᠎ᠲᠤ ᠥᠭᠭᠦᠭᠰᠡᠨ ᠬᠠᠮᠤᠭ᠎ᠤᠨ ᠶᠡᠬᠡ ᠵᠣᠷᠢᠭ᠍ᠵᠢᠭᠤᠯᠤᠯ ᠪᠣᠯᠣᠨ᠎ᠠ᠃ ᠬᠣᠶᠠᠷ᠎ᠲᠤ᠂ ᠺᠠᠳ᠋ᠷ᠎ᠢ ᠬᠢᠨᠠᠨ ᠰᠢᠯᠭᠠᠵᠤ ᠦᠨᠡᠯᠡᠬᠦ ᠲᠣᠭᠲᠠᠴᠠ᠎ᠶᠢ ᠲᠡᠭᠦᠯᠳᠡᠷᠵᠢᠭᠦᠯᠦᠨ᠎ᠡ᠃ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠵᠠᠰᠠᠭ ᠤ᠋ᠨ ᠠᠵᠢᠯ᠎ᠤᠨ ᠪᠦᠳᠦᠮᠵᠢ᠎ᠶᠢ ᠬᠢᠨᠠᠨ ᠰᠢᠯᠭᠠᠬᠤ᠎ᠶᠢ ᠦᠬᠡᠷᠡᠴᠢᠯᠡᠨ ᠰᠠᠢᠵᠢᠷᠠᠭᠤᠯᠵᠤ᠂ ᠵᠠᠰᠠᠭ᠎ᠤᠨ ᠠᠵᠢᠯ᠎ᠤᠨ ᠪᠤᠢ᠍ᠳᠦᠮᠵᠢᠶᠢᠨ ᠦᠵᠡᠯᠲᠡ᠎ᠶᠢᠨ ᠵᠥᠷᠢᠶ᠎ᠡ᠎ᠶᠢ ᠪᠦᠲᠦᠮᠵᠢᠲᠡᠢ ᠰᠡᠷᠭᠡᠢᠯᠡᠨ ᠵᠠᠰᠠᠬᠤ ᠠᠵᠢᠯ᠎ᠤᠨ ᠲᠣᠭᠲᠠᠴᠠ᠎ᠶᠢ ᠪᠦᠷᠢᠨᠰᠢᠭᠦᠯᠵᠦ᠂ ᠠᠵᠢᠯ ᠦᠯᠦ ᠬᠢᠬᠦ᠂ ᠳᠤᠷ᠎ᠠ᠎ᠪᠠᠷ᠎ᠢᠶᠠᠨ ᠦᠢᠯᠡᠳᠬᠦ ᠠᠰᠠᠭᠤᠳᠠᠯ᠎ᠢ ᠴᠡᠭᠴᠡᠯᠡᠨ ᠵᠠᠰᠠᠬᠤ᠎ᠶᠢ ᠭᠦᠨᠵᠡᠭᠡᠢᠷᠡᠭᠦᠯᠵᠦ᠂ ᠬᠢᠬᠦ ᠪᠠ ᠦᠯᠦ ᠬᠢᠬᠦ᠂ ᠢᠯᠡᠭᠦᠦ ᠬᠢᠬᠦ ᠪᠠ ᠳᠤᠲᠠᠭᠤ ᠬᠢᠬᠦ᠂ ᠰᠠᠢᠨ ᠬᠢᠬᠦ ᠪᠠ ᠮᠠᠭᠤ ᠬᠢᠬᠦ ᠨᠢᠭᠡ ᠯᠡ ᠶᠠᠩᠵᠤ ᠵᠢᠨ ᠦᠷ᠎ᠡ ᠳ᠋ᠦᠩ ᠲᠠᠢ ᠪᠠᠢᠬᠤ ᠠᠰᠠᠭᠤᠳᠠᠯ᠎ᠢ ᠦᠨᠡᠨ ᠬᠦ᠌ ᠰᠢᠢᠳᠪᠦᠷᠢᠯᠡᠨ᠎ᠡ᠃ ᠭᠤᠷᠪᠠ᠎ᠳᠤ᠂ ᠺᠠᠳ᠋ᠷᠴᠤᠳ᠎ᠢ ᠬᠠᠯᠠᠮᠵᠢᠯᠠᠨ ᠬᠠᠢᠷᠠᠯᠠᠬᠤ᠂ ᠢᠯᠠᠩᠭᠤᠶ᠎ᠠ ᠦᠨᠳᠦᠰᠦᠨ ᠱᠠᠲᠤᠨ᠎ᠤ ᠺᠠᠳ᠋ᠷᠴᠤᠳ᠎ᠢ ᠬᠠᠯᠠᠮᠵᠢᠯᠠᠨ ᠬᠠᠢᠷᠠᠯᠠᠬᠤ ᠡᠯ᠎ᠡ ᠵᠦᠢᠯ᠎ᠦᠨ ᠲᠦᠷᠦ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ᠎ᠠ᠃ ᠳᠥᠷᠪᠡ᠎ᠳᠦ᠂ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶᠢ ᠤᠷᠮᠠᠰᠢᠭᠤᠯᠤᠨ ᠵᠣᠷᠢᠭ᠍ᠵᠢᠭᠤᠯᠬᠤ ᠪᠠ ᠬᠠᠮᠠᠭᠠᠯᠠᠬᠤ ᠲᠣᠭᠲᠠᠴᠠ᠎ᠶᠢ ᠪᠦᠷᠢᠨᠰᠢᠭᠦᠯᠦᠨ᠎ᠡ᠃ 《ᠺᠠᠳ᠋ᠷ ᠠᠵᠢᠯ ᠦᠢᠯᠡᠰ᠎ᠦᠨ᠎ᠢᠶᠡᠨ ᠲᠥᠯᠥᠭᠡ ᠬᠠᠷᠢᠭᠤᠴᠠᠯᠭ᠎ᠠ ᠡᠭᠦᠷᠭᠡᠯᠡᠵᠦ᠂ ᠵᠣᠬᠢᠶᠠᠨ ᠪᠠᠢᠭᠤᠯᠤᠯᠲᠠ᠎ᠠᠴᠠ ᠺᠠᠳ᠋ᠷ᠎ᠤᠨ ᠲᠥᠯᠥᠭᠡ ᠬᠠᠷᠢᠭᠤᠴᠠᠯᠭ᠎ᠠ ᠡᠭᠦᠷᠭᠡᠯᠡᠬᠦ ᠪᠣᠯ ᠮᠠᠨ᠎ᠤ ᠢᠯᠡ ᠲᠣᠳᠣ᠌ ᠣᠪᠣᠷ ᠪᠠ ᠲᠣᠳᠣᠷᠬᠠᠢ ᠱᠠᠭᠠᠷᠳᠠᠯᠭ᠎ᠠ ᠮᠥᠨ》 ᠬᠡᠪᠡ᠃
《〈ᠲᠣᠭᠲᠠᠭᠠᠯ〉 ᠳ᠋ᠤ᠌᠂ ᠭᠦᠳᠬᠡᠨ ᠭᠦᠵᠢᠷᠯᠡᠭᠰᠡᠨ ᠦᠢᠯᠡ ᠠᠵᠢᠯᠯᠠᠭ᠎ᠠ᠎ᠶᠢ ᠴᠢᠩᠭ᠎ᠠ ᠪᠠᠢᠴᠠᠭᠠᠨ ᠰᠢᠢᠳᠪᠦᠷᠢᠯᠡᠵᠦ᠂ ᠨᠡᠷ᠎ᠡ ᠲᠦᠷᠦ᠎ᠶᠢ ᠴᠠᠭᠠᠳᠬᠠᠨ ᠲᠤᠳᠤᠯᠠᠬᠤ ᠠᠵᠢᠯ᠎ᠢ ᠴᠠᠭ ᠲᠤᠬᠠᠢ ᠳ᠋ᠤᠨᠢ ᠥᠷᠨᠢᠭᠦᠯᠬᠦ ᠬᠡᠷᠡᠭᠲᠡᠢ ᠭᠡᠵᠦ ᠴᠢᠬᠤᠯᠠᠴᠢᠯᠠᠭᠰᠠᠨ ᠨᠢ ᠳᠠᠷᠤᠢ ᠦᠨᠡᠨ ᠬᠦ᠌ ᠬᠠᠷᠢᠭᠤᠴᠠᠯᠭ᠎ᠠ ᠡᠭᠦᠷᠭᠡᠯᠡᠭᠴᠢ᠎ᠶᠢᠨ ᠲᠥᠯᠥᠭᠡ ᠬᠠᠷᠢᠭᠤᠴᠠᠯᠭ᠎ᠠ ᠡᠭᠦᠷᠭᠡᠯᠡᠵᠦ᠂ ᠬᠠᠷᠢᠭᠤᠴᠠᠯᠭᠠᠲᠠᠨ᠎ᠤ ᠲᠥᠯᠥᠭᠡ ᠬᠠᠷᠢᠭᠤᠴᠠᠵᠤ᠂ ᠠᠵᠢᠯ ᠶᠠᠪᠤᠳᠠᠯ ᠬᠢᠭ᠌ᠴᠢᠶᠢᠨ ᠲᠥᠯᠥᠭᠡ ᠲᠦᠰᠢᠭ ᠪᠣᠯᠵᠤ᠂ ᠳᠤᠷᠠᠲᠠᠶ᠎ᠠ ᠬᠠᠷᠢᠭᠤᠴᠠᠯᠭ᠎ᠠ ᠡᠭᠦᠷᠭᠡᠯᠡᠬᠦ᠂ ᠵᠣᠷᠢᠭ᠍ᠲᠠᠢ ᠬᠠᠷᠢᠭᠤᠴᠠᠯᠭ᠎ᠠ ᠡᠭᠦᠷᠭᠡᠯᠡᠬᠦ᠂ ᠴᠢᠳᠠᠮᠠᠭᠠᠢ᠎ᠪᠠᠷ ᠬᠠᠷᠢᠭᠤᠴᠠᠯᠭ᠎ᠠ ᠡᠭᠦᠷᠭᠡᠯᠡᠬᠦ᠎ᠶᠢ ᠬᠡᠪ ᠰᠤᠷᠳᠠᠯ ᠪᠣᠯᠭᠠᠬᠤ ᠶᠠᠪᠤᠳᠠᠯ ᠪᠣᠯᠣᠨ᠎ᠠ》 ᠭᠡᠵᠦ ᠬᠤᠸᠠᠩ ᠵᠢᠶᠠᠨ ᠹᠠ ᠬᠡᠯᠡᠪᠡ᠃
ᠳᠤᠮᠳᠠᠳᠤ ᠤᠯᠤᠰ᠎ᠤᠨ ᠣᠨᠴᠠᠯᠢᠭ ᠪᠦᠬᠦᠢ ᠢᠯᠵᠢᠷᠠᠯ᠎ᠢ ᠡᠰᠡᠷᠭᠦᠴᠡᠬᠦ ᠵᠠᠮ᠎ᠢᠶᠠᠷ ᠡᠷᠡᠰ ᠰᠠᠢᠲᠤᠷ ᠵᠠᠮᠨᠠᠨ᠎ᠠ
ᠰᠤᠷᠲᠠᠯ᠎ᠢ ᠲᠥᠪ ᠪᠣᠯᠭᠠᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠠᠯ᠎ᠢ ᠡᠰᠡᠷᠭᠦᠴᠡᠬᠦ ᠪᠠ ᠬᠢᠨᠠᠯᠲᠠ ᠲᠠᠯᠪᠢᠬᠤ ᠪᠣᠯ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠴᠢᠬᠤᠯᠠ ᠨᠢᠬᠡ ᠲᠠᠯ᠎ᠠ ᠮᠥᠨ᠃
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠪᠥᠬᠥ ᠤᠯᠤᠰ᠎ᠤᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ 《ᠳᠥᠷᠪᠡᠨ ᠰᠤᠷᠲᠠᠯ》᠎ᠤ᠋ᠨ ᠠᠰᠠᠭᠤᠳᠠᠯ᠎ᠢ ᠨᠡᠶ᠋ᠢᠲᠡ 164.4 ᠲᠦᠮᠡ ᠪᠠᠢᠴᠠᠭᠠᠨ ᠰᠢᠢᠳᠪᠦᠷᠢᠯᠡᠵᠦ᠂ 225.7 ᠲᠦᠮᠡᠨ ᠬᠥᠮᠥᠨ᠎ᠢ ᠰᠢᠭᠦᠮᠵᠢᠯᠡᠨ ᠬᠥᠮᠥᠵᠢᠭᠦᠯᠵᠦ ᠰᠢᠢᠳᠪᠦᠷᠢᠯᠡᠪᠡ; ᠨᠡᠶ᠋ᠢᠲᠡ 810.5 ᠲᠦᠮᠡᠨ ᠬᠡᠷᠡᠭ᠎ᠢ ᠬᠡᠷᠡᠭ ᠪᠣᠯᠭᠠᠨ ᠳᠡᠩᠰᠡᠯᠡᠵᠦ᠂ 792.2 ᠲᠦᠮᠡᠨ ᠬᠥᠮᠥᠨ᠎ᠳᠦ ᠰᠢᠢᠳᠬᠡᠯ ᠥᠭᠪᠡ᠂ ᠡᠭᠦᠨ᠎ᠳᠦ ᠲᠥᠪ᠎ᠡᠴᠡ ᠬᠠᠮᠢᠶᠠᠷᠴᠤ ᠪᠠᠢᠭ᠎ᠠ 963 ᠺᠠᠳ᠋ᠷ᠎ᠲᠤ ᠰᠢᠢᠳᠬᠡᠯ ᠥᠭᠴᠡᠢ ᠁ ᠰᠣᠨᠢᠨ ᠮᠡᠳᠡᠭᠡ ᠨᠡᠢᠲᠡᠯᠡᠬᠦ ᠬᠤᠷᠠᠯ ᠳᠡᠭᠡᠷ᠎ᠡ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠳᠡᠳ᠋ ᠱᠦᠵᠢ᠂ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠦᠨ ᠳᠡᠳ᠋ ᠡᠷᠬᠢᠯᠡᠭᠴᠢ ᠵᠠᠩ ᠹᠦ ᠬᠠᠢ ᠰᠢᠨ᠎ᠡ ᠴᠠᠭ ᠦᠶ᠎ᠡ᠎ᠳᠦ ᠤᠷᠤᠭᠰᠠᠨ ᠡᠴᠡ ᠨᠠᠭᠠᠰᠢᠬᠢ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠣᠨ ᠢᠯᠵᠢᠷᠠᠯ᠎ᠢ ᠡᠰᠡᠷᠭᠦᠴᠡᠬᠦ ᠲᠡᠮᠡᠴᠡᠯ᠎ᠦᠨ ᠤᠯᠤᠬᠰᠠᠨ ᠦᠷ᠎ᠡ ᠪᠦᠲᠦᠮᠵᠢ᠎ᠶᠢ ᠲᠠᠨᠢᠯᠴᠠᠭᠤᠯᠪᠠ᠃
ᠮᠠᠷᠺᠰ᠎ᠤᠨ ᠦᠵᠡᠯ᠎ᠦᠨ ᠣᠯᠠᠨ ᠲᠦᠮᠡᠨᠴᠢ ᠦᠵᠡᠯᠲᠡ ᠪᠠ ᠨᠠᠮ᠎ᠤᠨ ᠣᠯᠠᠨ ᠲᠦᠮᠡᠨᠴᠢ ᠱᠤᠭᠤᠮ᠎ᠤᠨ ᠬᠥᠮᠦᠵᠢᠯ᠎ᠢ ᠭᠦᠨᠵᠡᠭᠡᠢᠷᠡᠭᠦᠯᠵᠦ᠂ ᠲᠥᠪ ᠤ᠋ᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠰᠤᠷᠲᠠᠯ᠎ᠤᠨ ᠠᠰᠠᠭᠤᠳᠠᠯ᠎ᠢ ᠪᠠᠢᠩᠭᠤ᠎ᠶᠢᠨ ᠴᠢᠨᠠᠷᠲᠠᠢ ᠢᠯᠡᠷᠡᠭᠦᠯᠬᠦ ᠪᠠ ᠰᠢᠢᠳᠪᠦᠷᠢᠯᠡᠬᠦ ᠲᠣᠭᠲᠠᠴᠠ᠎ᠶᠢ ᠲᠡᠭᠦᠯᠳᠡᠷᠵᠢᠭᠦᠯᠦᠨ᠎ᠡ ᠁ 《ᠰᠤᠷᠲᠠᠯ᠎ᠤᠨ ᠪᠠᠢᠭᠤᠯᠤᠯᠲᠠ᠎ᠳᠤ ᠦᠷᠬᠦᠯᠵᠢᠯᠡᠬᠦ ᠴᠠᠭ ᠪᠠᠢᠬᠤ᠎ᠠᠴᠠ ᠪᠢᠰᠢ ᠳᠠᠭᠤᠰᠬᠤ ᠴᠠᠭ ᠪᠠᠢᠬᠤ ᠦᠭᠡᠢ》᠃ ᠵᠠᠩ ᠹᠦ ᠬᠠᠢ 《ᠲᠣᠭᠲᠠᠭᠠᠯ》᠎ᠳ᠋ᠤ᠌ ᠳᠤᠷᠠᠳᠤᠭᠰᠠᠨ ᠪᠣᠳᠠᠲᠠᠢ ᠠᠷᠭ᠎ᠠ ᠪᠠ ᠬᠠᠲᠠᠭᠤ ᠠᠷᠭ᠎ᠠ᠎ᠶᠢ ᠵᠢᠭ᠍ᠰᠠᠭᠠᠨ ᠲᠤᠷᠠᠳᠬᠤ ᠵᠢᠨ ᠬᠠᠮᠳᠤ᠂ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠱᠢᠯᠠᠭᠤᠯᠵᠤ᠂ ᠰᠤᠷᠲᠠᠯ᠎ᠤᠨ ᠪᠠᠢᠭᠤᠯᠤᠯᠲᠠ᠎ᠶᠢ ᠡᠳᠦᠷ ᠲᠤᠲᠤᠮ᠎ᠤᠨ ᠠᠵᠢᠯ᠎ᠳᠠᠭᠠᠨ ᠠᠭᠤᠰᠬᠠᠨ᠂ ᠪᠠᠢᠩᠭᠤ ᠠᠳᠬᠤᠵᠤ᠂ ᠲᠠᠰᠤᠷᠠᠯᠲᠠ ᠦᠭᠡᠢ ᠭᠦᠨᠵᠡᠭᠡᠢᠷᠡᠭᠦᠯᠦᠨ ᠠᠬᠢᠭᠤᠯᠬᠤ ᠬᠡᠷᠡᠭᠳᠡᠢ ᠭᠡᠵᠤ ᠢᠯᠡᠳᠭᠡᠪᠡ᠃
ᠦᠢᠯᠡᠳᠦᠯᠭᠡ ᠭᠡᠷᠡᠴᠢᠯᠡᠭᠰᠡᠨ ᠨᠢ᠂ ᠮᠠᠨ᠎ᠤ ᠨᠠᠮ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠦᠨᠭᠭᠡᠨ ᠲᠠᠯ᠎ᠠ ᠪᠠ ᠦᠨᠳᠦᠰᠦᠨ ᠡᠴᠡ ᠨᠢ ᠵᠡᠷᠭᠡ᠎ᠪᠡᠷ ᠵᠠᠰᠠᠵᠤ᠂ ᠢᠯᠵᠢᠷᠠᠬᠦ᠎ᠡᠴᠡ ᠵᠢᠷᠦᠬᠡᠰᠢᠶᠡᠬᠦ᠌ ᠢᠯᠵᠢᠷᠠᠵᠤ ᠪᠣᠯᠬᠤ ᠦᠭᠡᠢ ᠢᠯᠵᠢᠷᠠᠬᠦ᠎ᠶᠢ ᠪᠤᠳᠤᠬᠤ ᠦᠭᠡᠢ ᠪᠠᠶ᠋ᠢᠬᠤ ᠵᠢ ᠨᠢᠬᠡ ᠴᠤᠬᠴᠠᠵᠢᠭᠤᠯᠤᠨ ᠠᠬᠢᠭᠤᠯᠬᠤ ᠲᠤᠮᠳᠠᠳᠤ ᠤᠯᠤᠰ᠎ᠤᠨ ᠣᠨᠴᠠᠯᠢᠭ᠎ᠪᠦᠬᠦᠢ ᠢᠯᠵᠢᠷᠠᠯ᠎ᠢ ᠡᠰᠡᠷᠭᠦᠴᠡᠬᠦ᠌ ᠵᠠᠮ᠎ᠢ ᠠᠮᠵᠢᠯᠲᠠ ᠲᠠᠢ ᠨᠡᠬᠡᠬᠡᠪᠡ᠃ ᠡᠭᠦᠨ᠎ᠦ ᠵᠡᠷᠭᠡ ᠪᠡᠷ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠦᠨ ᠪᠠᠶ᠋ᠢᠳᠠᠯ ᠮᠥᠨ ᠯᠡ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠠᠶ᠋ᠢᠵᠤ᠂ ᠢᠯᠵᠢᠷᠠᠯ᠎ᠤᠨ ᠪᠤᠢ ᠪᠤᠯᠵᠤ ᠳᠡᠯᠭᠡᠷᠡᠬᠦ᠌ ᠬᠥᠷᠥᠰᠥ᠍ ᠰᠢᠷᠣᠢ ᠪᠠ ᠨᠥᠬᠥᠴᠡᠯ᠎ᠢ ᠠᠷᠢᠯᠭᠠᠬᠤ ᠡᠭᠦᠷᠭᠡ ᠮᠥᠨ ᠯᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶ᠋ᠢᠬᠤ᠎ᠶᠢ ᠡᠷᠬᠡᠪᠰᠢ ᠣᠯᠵᠤ ᠬᠠᠷᠠᠬᠤ ᠬᠡᠷᠡᠭᠲᠡᠢ᠃
ᠵᠠᠩ ᠹᠦ᠋ ᠬᠠᠶ᠂ 《ᠲᠣᠭᠲᠠᠭᠠᠯ》 ᠨᠢ ᠳᠤᠮᠳᠠᠳᠤ ᠤᠯᠤᠰ᠎ᠤᠨ ᠣᠨᠴᠠᠯᠢᠭ ᠪᠥᠬᠥᠶ ᠢᠯᠵᠢᠷᠠᠯ᠎ᠢ ᠡᠰᠡᠷᠭᠦᠴᠡᠬᠦ᠌ ᠵᠠᠮ᠎ᠢᠶᠠᠷ ᠡᠷᠡᠰ ᠰᠠᠶ᠋ᠢᠲᠤᠷ ᠵᠠᠮᠨᠠᠬᠤ ᠲᠤᠬᠠᠶ ᠳᠥᠷᠪᠡᠨ ᠲᠠᠯ᠎ᠠ᠎ᠡᠴᠡ ᠪᠠᠶ᠋ᠢᠷᠢᠯᠠᠭᠤᠯᠤᠯᠲᠠ ᠬᠢᠪᠠ᠂ ᠲᠤᠬᠠᠶ᠋ᠢᠯᠠᠪᠠᠯ ᠢᠯᠵᠢᠷᠠᠯ᠎ᠢ ᠵᠠᠯᠬᠠᠭᠠᠨ ᠰᠢᠢᠳᠬᠡᠬᠦ᠌ ᠰᠦᠷ ᠬᠦᠴᠦᠲᠦ ᠪᠠᠶ᠋ᠢᠳᠠᠯ᠎ᠢ ᠪᠠᠲᠤᠯᠠᠵᠤ᠂ ᠡᠷᠬᠡ᠎ᠶᠢᠨ ᠠᠵᠢᠯᠯᠠᠭ᠎ᠠ᠎ᠨᠢ ᠬᠢᠵᠠᠭᠠᠷᠯᠠᠬᠤ ᠪᠠ ᠲᠡᠭᠦᠨ᠎ᠳᠦ ᠬᠢᠨᠠᠯᠲᠠ ᠲᠠᠯᠪᠢᠬᠤ᠎ᠶᠢ ᠴᠢᠩᠭᠠᠳᠬᠠᠵᠤ᠂ ᠠᠷᠢᠭᠤᠨ ᠴᠢᠬᠡᠴᠢ᠎ᠶᠢ ᠡᠷᠬᠢᠮᠯᠡᠨ ᠢᠯᠵᠢᠷᠠᠯ᠎ᠢ ᠡᠰᠡᠷᠭᠦᠴᠡᠬᠦ᠌ ᠦᠵᠡᠯ ᠰᠠᠨᠠᠭᠠᠨ᠎ᠤ ᠰᠠᠭᠤᠷᠢ᠎ᠶᠢ ᠪᠡᠬᠢᠵᠢᠭᠦᠯᠵᠦ᠍᠂ ᠢᠯᠵᠢᠷᠠᠬᠦ᠎ᠡᠴᠡ ᠵᠢᠷᠦᠬᠡᠰᠢᠶᠡᠬᠦ᠌ ᠢᠯᠵᠢᠷᠠᠵᠤ ᠪᠣᠯᠬᠤ ᠦᠭᠡᠢ ᠢᠯᠵᠢᠷᠠᠬᠦ᠎ᠶᠢ ᠪᠤᠳᠤᠬᠤ ᠦᠭᠡᠢ ᠪᠠᠶ᠋ᠢᠬᠤ ᠵᠢ ᠨᠢᠭᠡ ᠴᠣᠭᠴᠠᠵᠢᠭᠤᠯᠤᠨ ᠠᠬᠢᠭᠤᠯᠬᠤ ᠶᠡᠷᠦᠩᠬᠡᠶ᠋ᠢᠯᠡᠭᠰᠡᠨ ᠦᠢᠯᠡᠳᠦᠯ ᠴᠢᠳᠠᠪᠤᠷᠢ᠎ᠶᠢ ᠴᠢᠩᠭᠠᠳᠬᠠᠬᠤ ᠵᠡᠷᠭᠡ ᠪᠣᠯᠤᠨ᠎ᠠ ᠭᠡᠵᠦ ᠢᠯᠡᠳᠭᠡᠪᠡ᠃《ᠳᠤᠮᠳᠠᠳᠤ ᠤᠯᠤᠰ᠎ᠤᠨ ᠣᠨᠴᠠᠯᠢᠭ᠎ᠪᠦᠬᠦᠢ ᠢᠯᠵᠢᠷᠠᠯ᠎ᠢ ᠡᠰᠡᠷᠭᠦᠴᠡᠬᠦ᠌ ᠵᠠᠮ ᠪᠣᠯ ᠰᠢᠨ᠎ᠡ ᠴᠠᠭ ᠦᠶ᠎ᠡ᠎ᠶᠢᠨ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠦᠨ ᠣᠯᠤᠭᠰᠠᠨ ᠲᠡᠦᠬᠡᠲᠦ᠍ ᠴᠢᠨᠠᠷᠲᠠᠶ ᠠᠮᠵᠢᠯᠲᠠ᠎ᠶᠢᠨ ᠭᠦᠨᠵᠡᠭᠡᠶ ᠳ᠋ᠦᠩᠨᠡᠯᠲᠡ ᠮᠥᠨ᠂ ᠪᠠᠰᠠ ᠴᠤ᠌ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠦᠨ ᠪᠣᠭᠣᠮᠲᠠ ᠰᠢᠪᠲᠤᠯᠬᠤ ᠳᠠᠶ᠋ᠢᠯᠠᠯᠳᠤᠭᠠᠨ᠎ᠤ ᠤᠳᠠᠭᠠᠨ ᠳᠠᠭᠠᠭᠠᠮᠠᠭᠠᠶ ᠲᠡᠶ᠋ᠢᠨ᠎ᠦ ᠠᠵᠢᠯᠯᠠᠭᠠᠨ᠎ᠤ ᠵᠦᠭᠯᠡᠭᠦᠷ ᠮᠥᠨ》 ᠭᠡᠵᠦ᠍ ᠵᠠᠩ ᠹᠦ᠋ ᠬᠠᠢ ᠬᠡᠯᠡᠪᠡ᠃
ᠨᠠᠮ ᠪᠣᠯᠤᠨ ᠤᠯᠤᠰ᠎ᠤᠨ ᠬᠢᠨᠠᠯᠲᠠ ᠲᠠᠯᠪᠢᠬᠤ ᠰᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠌ ᠪᠣᠯ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ᠎ᠶᠢᠨ ᠵᠠᠶ᠋ᠢᠯᠠᠰᠢ ᠦᠭᠡᠢ ᠱᠠᠭᠠᠷᠳᠠᠯᠭ᠎ᠠ ᠮᠥᠨ᠃ ᠵᠠᠩ ᠹᠦ᠋ ᠬᠠᠶ᠂《ᠲᠣᠭᠲᠠᠭᠠᠯ》᠎ᠤ᠋ᠨ ᠬᠣᠯᠪᠣᠭᠳᠠᠯ ᠪᠥᠬᠥᠶ ᠪᠠᠶ᠋ᠢᠷᠢᠯᠠᠭᠤᠯᠤᠯᠲᠠ᠎ᠳᠤ ᠭᠤᠤᠯᠳᠠᠭᠤ ᠳᠥᠷᠪᠡᠨ ᠲᠠᠯ᠎ᠠ ᠪᠣᠶ᠄ ᠨᠢᠭᠡ᠎ᠳᠦ᠂ ᠨᠠᠮ᠎ᠤᠨ ᠬᠣᠷᠢᠶ᠎ᠠ(ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠪᠥᠬᠥ᠌ ᠲᠠᠯ᠎ᠠ᠎ᠶᠢᠨ ᠬᠢᠨᠠᠯᠲᠠ ᠲᠠᠯᠪᠢᠬᠤ᠎ᠶᠢ ᠪᠣᠳᠠᠲᠠᠢᠵᠢᠭᠤᠯᠤᠨ᠎ᠠ ;ᠬᠣᠶᠠᠷ᠎ᠲᠤ᠌᠂ ᠰᠠᠬᠢᠯᠭ᠎ᠠ ᠪᠠᠲᠤ᠎ᠶᠢᠨ ᠬᠢᠨᠠᠯᠲᠠ ᠲᠠᠯᠪᠢᠬᠤ᠂ ᠬᠢᠨᠠᠨ ᠪᠠᠶ᠋ᠢᠴᠠᠭᠠᠵᠤ ᠬᠢᠨᠠᠯᠲᠠ ᠲᠠᠯᠪᠢᠬᠤ᠂ ᠲᠣᠮᠢᠯᠠᠨ ᠰᠠᠭᠤᠯᠭᠠᠵᠤ ᠬᠢᠨᠠᠯᠲᠠ ᠲᠠᠯᠪᠢᠬᠤ᠂ ᠲᠣᠭᠣᠷᠢᠨ ᠪᠠᠶ᠋ᠢᠴᠠᠭᠠᠵᠤ ᠬᠢᠨᠠᠯᠲᠠ ᠲᠠᠯᠪᠢᠬᠤ᠎ᠶᠢ ᠨᠢᠭᠡᠳᠦᠯᠲᠡᠢ ᠲᠥᠯᠥᠪᠵᠢᠭᠦᠯᠦᠨ ᠵᠣᠯᠭᠠᠭᠤᠯᠬᠤ᠎ᠶᠢ ᠴᠢᠩᠭᠠᠳᠬᠠᠨ᠎ᠠ ; ᠭᠤᠷᠪᠠ᠎ᠳᠤ᠂ ᠦᠨᠳᠦᠰᠦᠨ ᠱᠠᠲᠤᠨ᠎ᠤ ᠬᠢᠨᠠᠯᠲᠠ ᠲᠠᠯᠪᠢᠬᠤ ᠰᠢᠰᠲ᠋ᠧᠮ᠎ᠢ ᠲᠡᠭᠦᠯᠳᠡᠷᠵᠢᠭᠦᠯᠦᠨ᠎ᠡ ; ᠲᠦᠷᠪᠡ᠎ᠳᠦ᠂ ᠨᠠᠮ᠎ᠤᠨ ᠳᠣᠲᠣᠭᠠᠳᠤ᠎ᠶᠢᠨ ᠬᠢᠨᠠᠯᠲᠠ ᠲᠠᠯᠪᠢᠬᠤ ᠬᠢᠭᠡᠳ ᠡᠯ᠎ᠡ ᠲᠠᠯ᠎ᠠ᠎ᠶᠢᠨ ᠬᠢᠨᠠᠯᠲᠠ ᠲᠠᠯᠪᠢᠬᠤ᠎ᠶᠢᠨ ᠭᠦᠨᠵᠡᠭᠡᠢ ᠠᠭᠤᠰᠤᠯᠴᠠᠯ᠂ ᠥᠨᠳᠥᠷ ᠪᠦᠲᠦᠮᠵᠢᠲᠡᠢ ᠬᠣᠯᠪᠣᠭᠠᠯᠠᠨ ᠬᠥᠳᠡᠯᠦᠯᠴᠡᠬᠦ᠌᠎ᠶᠢ ᠠᠬᠢᠭᠤᠯᠵᠤ᠂ ᠬᠢᠨᠠᠯᠲᠠ ᠲᠠᠯᠪᠢᠬᠤ ᠬᠠᠮᠲᠤᠷᠠᠯ ᠬᠦᠴᠦᠨ᠎ᠢ ᠪᠦᠷᠢᠯᠳᠦᠭᠦᠯᠦᠨ᠎ᠡ ᠭᠡᠵᠦ ᠲᠠᠨᠢᠯᠴᠠᠭᠤᠯᠪᠠ᠃
《ᠲᠦᠷᠢᠮ᠎ᠦᠨ ᠬᠡᠷᠡᠭᠵᠢᠭᠦᠯᠬᠦ᠌ ᠬᠦᠴᠦᠨ᠎ᠢ ᠴᠢᠩᠭᠠᠳᠬᠠᠬᠤ》 ᠲᠤᠬᠠᠢ ᠲᠤᠰᠬᠠᠶ᠋ᠢᠯᠠᠨ ᠱᠠᠭᠠᠷᠳᠠᠯᠭ᠎ᠠ ᠳᠤᠷᠠᠳᠪᠠ
ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠳᠦᠷᠢᠮ᠎ᠦᠨ ᠪᠠᠶ᠋ᠢᠭᠤᠯᠤᠯᠲᠠ᠎ᠶᠢ ᠴᠢᠩᠭᠠᠳᠬᠠᠬᠤ ᠪᠣᠯ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠠᠯᠤᠰ ᠬᠡᠳᠦ᠎ᠶᠢᠨ ᠪᠤᠳᠤᠯᠭ᠎ᠠ᠂ ᠦᠨᠳᠦᠰᠦᠨ ᠪᠤᠳᠤᠯᠭ᠎ᠠ ᠮᠥᠨ᠃
ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠨ ᠡᠳᠦᠷ ᠲᠤᠲᠤᠮ᠎ᠤᠨ ᠠᠵᠢᠯ᠎ᠢ ᠬᠤᠪᠢᠳᠠᠨ ᠬᠠᠮᠢᠶᠠᠷᠴᠤ᠌ ᠪᠠᠶ᠋ᠢᠭ᠎ᠠ ᠰᠤᠷᠭᠠᠭᠤᠯᠢ᠎ᠶᠢᠨ ᠳᠡᠳ᠋ ᠵᠠᠬᠢᠷᠤᠯ ᠰᠢᠶᠸ ᠴᠦᠨ ᠲᠤᠤ᠂ 《ᠲᠣᠭᠲᠠᠭᠠᠯ》 ᠨᠢ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠲᠦᠷᠢᠮ᠎ᠦᠨ ᠰᠢᠰᠲ᠋ᠧᠮ᠎ᠢ ᠲᠡᠭᠦᠯᠳᠡᠷᠵᠢᠭᠦᠯᠬᠦ᠌᠂ ᠲᠦᠷᠢᠮ᠎ᠢ ᠬᠡᠷᠡᠭᠵᠢᠭᠦᠯᠬᠦ᠌ ᠬᠦᠴᠦᠨ᠎ᠢ ᠴᠢᠨᠭᠭᠠᠳᠬᠠᠬᠤ᠂ ᠨᠢᠭᠤᠴᠠ ᠲᠦᠷᠢᠮ ᠭᠤᠷᠢᠮ᠎ᠢ ᠶᠡᠬᠡᠪᠡᠷ ᠴᠡᠪᠡᠷᠯᠡᠨ ᠠᠷᠢᠯᠭᠠᠬᠤ ᠭᠤᠷᠪᠠᠨ ᠲᠠᠯ᠎ᠠ᠎ᠡᠴᠡ ᠲᠦᠷᠢᠮ᠎ᠢ ᠪᠠᠷᠢᠮᠲᠠᠯᠠᠨ ᠨᠠᠮ᠎ᠢ ᠵᠠᠰᠠᠬᠤ᠂ ᠲᠣᠭᠲᠠᠭᠠᠯ ᠶᠣᠰᠣᠭᠠᠷ ᠨᠠᠮ᠎ᠢ ᠵᠠᠰᠠᠬᠤ ᠲᠤᠬᠠᠶ ᠤᠯᠠᠮ ᠨᠢᠭᠡ ᠠᠯᠬᠤᠮ ᠪᠠᠶ᠋ᠢᠷᠢᠯᠠᠭᠤᠯᠤᠯᠲᠠ ᠬᠢᠪᠠ ᠭᠡᠵᠦ ᠲᠠᠨᠢᠯᠴᠠᠭᠤᠯᠪᠠ᠃
《ᠨᠢᠭᠡ ᠬᠤᠭᠤᠴᠠᠭᠠᠨ᠎ᠤ ᠲᠤᠷᠰᠢ᠂ ᠨᠠᠮ᠎ᠤᠨ ᠳᠣᠲᠣᠭᠠᠳᠤ ᠭᠠᠳᠠᠭᠠᠳᠤ᠎ᠶᠢᠨ ᠵᠠᠷᠢᠮ ᠨᠢᠭᠤᠴᠠ ᠲᠦᠷᠢᠮ ᠭᠤᠷᠢᠮ ᠠᠳᠠᠯᠢ ᠪᠤᠰᠤ ᠬᠡᠮᠵᠢᠶ᠎ᠡ᠎ᠪᠡᠷ ᠣᠷᠣᠰᠢᠵᠤ᠂ ᠨᠠᠮ᠎ᠤᠨ ᠲᠣᠭᠲᠠᠭᠠᠯ ᠨᠠᠮ᠎ᠤᠨ ᠰᠠᠬᠢᠯᠭ᠎ᠠ ᠪᠠᠲᠤ᠎ᠶᠢᠨ ᠡᠷᠬᠡ ᠰᠦᠷᠲᠦ᠍ ᠴᠢᠨᠠᠷ ᠪᠠ ᠬᠡᠷᠡᠭᠵᠢᠭᠦᠯᠬᠦ᠌ ᠬᠦᠴᠦᠨ᠎ᠢ ᠪᠠᠭᠤᠷᠠᠭᠤᠯᠵᠤ᠂ ᠺᠠᠳ᠋ᠷ ᠣᠯᠠᠨ ᠲᠦᠮᠡᠨ᠎ᠦ ᠲᠤᠰᠬᠠᠯ ᠮᠠᠰᠢ ᠴᠢᠩᠭ᠎ᠠ ᠪᠠᠶ᠋ᠢᠨ᠎ᠠ》᠃ ᠰᠢᠶᠧ ᠴᠦᠨ ᠲᠤᠤ᠂ ᠡᠨᠡ ᠲᠤᠬᠠᠢ 《ᠲᠣᠭᠲᠠᠭᠠᠯ》 ᠳ᠋ᠤ᠂ ᠶᠣᠰᠣ ᠲᠦᠷᠢᠮ᠎ᠢ ᠲᠣᠳᠣᠷᠬᠠᠶ ᠲᠣᠭᠲᠠᠭᠠᠬᠤ᠎ᠡᠴᠡ ᠡᠬᠢᠯᠡᠨ ᠬᠢᠬᠦ ᠵᠢ ᠴᠢᠬᠤᠯᠠᠴᠢᠯᠠᠵᠤ᠂ ᠨᠠᠮ᠎ᠤᠨ ᠶᠠᠪᠤᠳᠠᠯ ᠵᠠᠰᠠᠭ᠎ᠤᠨ ᠶᠠᠪᠤᠳᠠᠯ᠎ᠢ ᠢᠯᠡ ᠪᠣᠯᠭᠠᠬᠤ᠎ᠶᠢ ᠠᠬᠢᠭᠤᠯᠬᠤ᠂ ᠬᠥᠮᠦᠵᠢᠭᠦᠯᠵᠦ᠍ ᠬᠥᠲᠥᠯᠥᠨ ᠵᠢᠯᠣᠭᠣᠳᠬᠤ᠎ᠶᠢ ᠴᠢᠩᠭᠠᠳᠬᠠᠬᠤ᠂ ᠬᠠᠮᠢᠶ᠎ᠠ ᠪᠥᠬᠥᠶ ᠰᠠᠮᠠᠭᠤᠨ ᠦᠵᠡᠭᠳᠡᠯ᠎ᠢ ᠵᠠᠯᠠᠷᠠᠭᠤᠯᠬᠤ᠂ ᠲᠦᠷᠢᠮ ᠲᠣᠭᠲᠠᠴᠠ᠎ᠶᠢ ᠪᠠᠶ᠋ᠢᠭᠤᠯᠤᠨ ᠲᠡᠭᠦᠯᠳᠡᠷᠵᠢᠭᠦᠯᠬᠦ᠌ ᠵᠡᠷᠭᠡ ᠲᠠᠯ᠎ᠠ᠎ᠪᠠᠷ ᠬᠠᠷᠠᠭᠠᠯᠵᠠᠬᠰᠠᠨ ᠠᠷᠭ᠎ᠠ ᠬᠡᠮᠵᠢᠶ᠎ᠡ ᠵᠢ ᠳᠤᠷᠠᠳᠤᠬᠰᠠᠨ ᠪᠠᠢᠨ᠎ᠠ ᠭᠡᠪᠡ᠃
ᠰᠢᠶᠧ ᠴᠦᠨ ᠲᠤᠤ ᠪᠠᠰᠠ᠂ 《ᠲᠣᠭᠲᠠᠭᠠᠯ》 ᠤ᠋ᠨ ᠨᠠᠢ᠍ᠮᠠᠳᠤᠭᠠᠷ ᠬᠡᠰᠡᠭ᠎ᠲᠦ᠍ 《ᠳᠦᠷᠢᠮ᠎ᠦᠨ ᠬᠡᠷᠡᠭᠵᠢᠭᠦᠯᠬᠦ᠌ ᠬᠦᠴᠦᠨ᠎ᠢ ᠴᠢᠩᠭᠠᠳᠬᠠᠬᠤ》 ᠲᠤᠬᠠᠢ ᠲᠤᠰᠬᠠᠶ᠋ᠢᠯᠠᠨ ᠱᠠᠭᠠᠷᠳᠠᠯᠭ᠎ᠠ ᠳᠤᠷᠠᠳᠴᠤ᠌᠂ ᠳᠦᠷᠢᠮ᠎ᠦᠨ ᠬᠠᠲᠠᠭᠤ ᠬᠢᠵᠠᠭᠠᠷᠯᠠᠯ᠎ᠢ ᠴᠢᠩᠭᠠᠳᠬᠠᠵᠤ᠂ ᠳᠦᠷᠢᠮ᠎ᠦᠨ ᠡᠮᠦᠨ᠎ᠡ ᠬᠥᠮᠦᠨ ᠪᠦᠬᠦᠨ ᠡᠷᠬᠡ ᠲᠡᠭᠰᠢ ᠪᠠᠶ᠋ᠢᠬᠤ᠂ ᠳᠦᠷᠢᠮ᠎ᠢ ᠰᠠᠬᠢᠬᠤ᠎ᠳᠤ ᠣᠨᠴᠠᠭᠠᠢ ᠪᠠᠶ᠋ᠢᠳᠠᠯ ᠦᠭᠡᠢ᠂ ᠳᠦᠷᠢᠮ᠎ᠢ ᠬᠡᠷᠡᠭᠵᠢᠭᠦᠯᠬᠦ᠌᠎ᠳᠦ ᠣᠨᠴᠠᠭᠠᠢ ᠪᠠᠶ᠋ᠢᠳᠠᠯ ᠦᠭᠡᠢ ᠪᠠᠶ᠋ᠢᠬᠤ᠎ᠶᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ; ᠳᠦᠷᠢᠮ᠎ᠦᠨ ᠬᠡᠷᠡᠭᠵᠢᠭᠦᠯᠦᠯᠲᠡ ᠪᠠ ᠬᠢᠨᠠᠯᠲᠠ ᠲᠠᠯᠪᠢᠬᠤ᠎ᠶᠢ ᠨᠠᠮ᠎ᠤᠨ ᠵᠣᠬᠢᠶᠠᠨ ᠪᠠᠶ᠋ᠢᠭᠤᠯᠤᠯᠲᠠ ᠪᠠ ᠨᠠᠮ᠎ᠤᠨ ᠭᠡᠰᠢᠭᠦᠨ᠂ ᠺᠠᠳ᠋ᠷᠴᠤᠳ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠌ ᠪᠦᠬᠦ᠌ ᠶᠠᠪᠤᠴᠠ᠎ᠳᠤ ᠲᠤᠭᠤᠰᠢᠯᠠᠭᠤᠯᠵᠤ᠂ ᠳᠦᠷᠢᠮ᠎ᠦᠨ ᠴᠠᠭ ᠢᠮᠠᠭᠲᠠ ᠡᠷᠬᠡ ᠰᠦᠷ᠎ᠲᠡᠶ ᠪᠠᠶ᠋ᠢᠬᠤ᠂ ᠭᠠᠵᠠᠷ ᠪᠣᠯᠭᠠᠨ᠎ᠳᠤ ᠪᠦᠲᠦᠮᠵᠢᠲᠡᠢ ᠪᠠᠶ᠋ᠢᠬᠤ᠎ᠶᠢ ᠦᠨᠡᠨ ᠬᠦ᠌ ᠪᠠᠲᠤᠯᠠᠵᠤ᠂ ᠵᠠᠷᠯᠢᠭ ᠪᠠᠶ᠋ᠢᠪᠠᠴᠤ᠌ ᠬᠡᠷᠡᠭᠵᠢᠭᠦᠯᠬᠦ᠌ ᠦᠭᠡᠢ᠂ ᠴᠠᠭᠠᠵᠠᠯᠠᠵᠤ ᠪᠠᠶ᠋ᠢᠲᠠᠯ᠎ᠠ ᠵᠣᠭᠰᠣᠬᠤ ᠦᠭᠡᠢ ᠪᠠᠶ᠋ᠢᠬᠤ᠎ᠶᠢ ᠡᠷᠡᠰ ᠵᠠᠯᠠᠷᠠᠭᠤᠯᠬᠤ ᠵᠢ ᠱᠠᠭᠠᠷᠳᠠᠬᠰᠠᠨ ᠪᠠᠢᠨ᠎ᠠ ᠭᠡᠪᠡ᠃
ᠮᠠᠨ᠎ᠤ ᠡᠶ᠋ᠢᠮᠦ᠍ ᠨᠢᠭᠡᠨ ᠲᠤᠮᠤ ᠨᠠᠮ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠳᠤ ᠬᠡᠨ ᠳ᠋ᠤ ᠲᠦᠰᠢᠭᠯᠡᠨ ᠵᠠᠰᠠᠬᠤ ᠪᠤᠢ?
《ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠪᠦᠬᠦ᠌ ᠨᠠᠮ᠎ᠤᠨ ᠭᠡᠰᠢᠭᠦᠨ᠂ ᠺᠠᠳ᠋ᠷ ᠬᠠᠮᠲᠤ᠎ᠪᠠᠷ ᠠᠳᠬᠤᠬᠤ᠎ᠳᠤ ᠲᠦᠰᠢᠭᠯᠡᠨ᠎ᠡ》᠃ ᠰᠢᠶᠧ ᠴᠦᠨ ᠲᠤᠤ᠂《ᠲᠣᠭᠲᠠᠭᠠᠯ》 ᠳ᠋ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠭᠤᠤᠯ ᠴᠣᠭᠴᠠ᠎ᠶᠢᠨ ᠬᠠᠷᠢᠭᠤᠴᠠᠯᠭ᠎ᠠ᠂ ᠰᠠᠬᠢᠯᠭ᠎ᠠ ᠪᠠᠲᠤ᠌ ᠪᠠᠶ᠋ᠢᠴᠠᠭᠠᠬᠤ ᠬᠤᠷᠢᠶ᠎ᠠ ᠵᠢᠨ ᠬᠢᠨᠠᠯᠲᠠ ᠲᠠᠯᠪᠢᠬᠤ ᠬᠠᠷᠢᠭᠤᠴᠠᠯᠭ᠎ᠠ᠂ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠱᠦᠵᠢ᠎ᠶᠢᠨ ᠨᠢᠭᠡᠳᠦᠭᠡᠷ ᠬᠠᠷᠢᠭᠤᠴᠠᠯᠭᠠᠲᠠᠨ᠎ᠤ ᠬᠠᠷᠢᠭᠤᠴᠠᠯᠭ᠎ᠠ᠂ ᠤᠳᠤᠷᠢᠳᠬᠤ ᠪᠠᠭ᠎ᠤᠨ ᠪᠤᠰᠤᠳ ᠪᠦᠷᠢᠯᠳᠦᠬᠦᠨ᠎ᠦ 《ᠨᠢᠭᠡ ᠠᠵᠢᠯ᠎ᠤᠨ ᠪᠠᠶ᠋ᠢᠷᠢ᠎ᠳᠤ ᠬᠤᠤᠰ ᠬᠠᠷᠢᠭᠤᠴᠠᠯᠭ᠎ᠠ ᠡᠭᠦᠷᠭᠡᠯᠡᠬᠦ᠌》 ᠪᠠ ᠨᠠᠮ᠎ᠤᠨ ᠭᠡᠰᠢᠭᠦᠨ᠂ ᠺᠠᠳ᠋ᠷ᠎ᠤᠨ ᠪᠣᠳᠠᠲᠠᠶ ᠬᠠᠷᠢᠭᠤᠴᠠᠯᠭ᠎ᠠ᠎ᠶᠢ ᠤᠯᠠᠮ ᠨᠢᠭᠡ ᠠᠯᠬᠤᠮ ᠲᠣᠳᠣᠷᠬᠠᠶ᠋ᠢᠯᠠᠵᠤ᠂ ᠲᠣᠰ ᠲᠣᠰ᠎ᠤᠨ ᠬᠠᠷᠢᠭᠤᠴᠠᠯᠭ᠎ᠠ᠎ᠪᠠᠨ ᠭᠦᠢᠴᠡᠳᠬᠡᠬᠦ᠌᠂ ᠨᠢᠭᠡᠳᠦᠯᠲᠡᠶ ᠵᠣᠬᠢᠴᠠᠭᠤᠯᠬᠤ ᠬᠠᠷᠢᠭᠤᠴᠠᠯᠭ᠎ᠠ᠎ᠶᠢᠨ ᠰᠢᠰᠲ᠋ᠧᠮ᠎ᠢ ᠪᠦᠷᠢᠨᠰᠢᠭᠦᠯᠪᠡ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠴᠥᠮ ᠤᠯᠤᠰ ᠲᠦᠷᠦ᠎ᠶᠢᠨ ᠵᠣᠭᠰᠣᠴᠠ᠎ᠪᠠᠨ ᠳᠡᠭᠡᠭᠰᠢᠯᠡᠭᠦᠯᠵᠦ᠍᠂ ᠰᠠᠨᠠᠭᠠᠴᠢᠯᠠᠭ᠎ᠠ᠎ᠡᠴᠡ᠎ᠪᠠᠨ ᠠᠳᠬᠤᠵᠤ᠂ ᠰᠡᠳᠬᠢᠯ ᠲᠠᠯᠪᠢᠨ ᠬᠠᠮᠢᠶᠠᠷᠴᠤ᠌᠂ ᠬᠠᠷᠢᠭᠤᠴᠠᠯᠭ᠎ᠠ᠎ᠶᠢᠨ ᠨᠠᠷᠢᠨ ᠲᠠᠩᠰᠠ᠎ᠶᠢ ᠨᠠᠷᠢᠯᠢᠬᠵᠢᠭᠤᠯᠤᠨ ᠪᠣᠳᠠᠲᠠᠶ᠋ᠢᠵᠢᠭᠤᠯᠵᠤ᠂ ᠱᠠᠳᠤ ᠱᠠᠳᠤ᠎ᠪᠠᠷ ᠬᠠᠷᠢᠭᠤᠴᠠᠯᠭ᠎ᠠ᠎ᠶᠢ ᠪᠣᠳᠠᠲᠠᠶ᠋ᠢᠵᠢᠭᠤᠯᠵᠤ᠂ ᠳᠠᠷᠤᠯᠲᠠ᠎ᠶᠢ ᠲᠠᠮᠵᠢᠭᠤᠯᠬᠤ ᠵᠢ ᠱᠠᠭᠠᠷᠳᠠᠬᠰᠠᠨ ᠪᠠᠢᠨ᠎ᠠ ᠬᠡᠵᠡᠢ᠃
ᠰᠢᠶ᠍ᠸ ᠴᠦᠨ ᠲᠤᠤ᠄《ᠮᠠᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠤᠳᠤᠷᠢᠳᠬᠤ ᠺᠠᠳ᠋ᠷ ᠴᠥᠬᠥᠷᠡᠰᠢ ᠦᠭᠡᠢᠪᠠᠷᠢᠮᠳᠠᠯᠠᠨ ᠦᠨᠡᠨ ᠬᠦ᠌ ᠠᠳᠬᠤᠨ ᠴᠢᠩᠭ᠎ᠠ ᠬᠠᠮᠢᠶᠠᠷᠬᠤ ᠳ᠋ᠤ ᠯᠠ ᠬᠦᠷᠪᠡᠯ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ ᠲᠦᠷᠢᠮ ᠲᠣᠭᠲᠠᠭᠠᠯ᠎ᠢ ᠴᠢᠩᠭ᠎ᠠ ᠬᠡᠷᠡᠭᠵᠢᠭᠦᠯᠵᠦ᠍ ᠰᠠᠬᠢᠯᠭ᠎ᠠ ᠪᠠᠲᠤ᠎ᠶᠢ ᠴᠢᠩᠭ᠎ᠠ ᠰᠠᠬᠢᠵᠤ᠂ ᠤᠬᠠᠮᠰᠠᠷ᠎ᠡᠴᠡ᠎ᠪᠠᠨ ᠲᠦᠷᠢᠮ ᠲᠣᠭᠲᠠᠭᠠᠯ᠎ᠢ ᠵᠢᠷᠤᠮᠯᠠᠨ ᠰᠠᠬᠢᠯᠭ᠎ᠠ ᠪᠠᠲᠤ᠎ᠶᠢ ᠰᠠᠬᠢᠬᠤ ᠨᠢ ᠯᠠᠪᠲᠠᠢ ᠬᠡᠪ ᠰᠤᠷᠳᠠᠯ ᠪᠤᠯᠵᠤ ᠴᠢᠳᠠᠨ᠎ᠠ》 ᠭᠡᠪᠡ᠃
(ᠰᠢᠨᠬᠤᠸᠠ ᠬᠤᠷᠢᠶ᠎ᠠ ᠵᠢᠨ ᠪᠡᠭᠡᠵᠢᠩ᠎ᠦᠨ 10 ᠰᠠᠷ᠎ᠠ᠎ᠶᠢᠨ 30 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃