2026-10-31 16:53:39
— ᠪᠦᠬᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠪᠤᠢ
ᠳᠤᠳᠤᠨᠤ ᠬᠠᠯᠠᠮᠵᠢᠯᠠᠯ ᠨᠢ ᠰᠡᠳᠬᠢᠯ᠎ᠢ ᠳᠤᠯᠠᠭᠠᠴᠡᠭᠤᠯᠵᠤ᠂ ᠬᠦᠰᠡᠯ ᠨᠠᠶ᠋ᠢᠳᠠᠯᠭ᠎ᠠ ᠵᠤᠷᠢᠬ᠎ᠢ ᠬᠦᠪᠴᠢᠯᠡᠨ᠎ᠡ᠃ ᠣᠢᠷ᠎ᠠ᠎ᠶᠢᠨ ᠡᠳᠦᠷ᠎ᠦᠳ᠎ᠲᠦ᠂ ᠪᠥᠬᠥ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠣᠲᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠣᠰ ᠰᠠᠯᠠᠭ᠎ᠠ ᠮᠥᠴᠢᠷ ᠲᠣᠰ ᠨᠢᠭᠡᠴᠢ᠎ᠶᠢᠨ᠎ᠢᠶᠡᠨ ᠪᠣᠳᠠᠲᠤ ᠪᠠᠢᠳᠠᠯ᠎ᠲᠠᠢ ᠨᠢᠭ᠍ᠲᠠ ᠤᠶᠠᠯᠳᠤᠭᠤᠯᠤᠨ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠨᠠᠷᠢᠨ ᠨᠢᠮᠪᠠᠢ ᠪᠠᠢᠷᠢᠯᠠᠭᠤᠯᠵᠤ᠂ ᠭᠦᠨᠵᠡᠭᠡᠢ ᠰᠤᠷᠤᠯᠴᠠᠵᠤ ᠨᠠᠷᠢᠨ ᠣᠢᠯᠠᠭᠠᠬᠤ᠂ ᠯᠠᠪᠳᠠᠭᠤᠨ ᠪᠠᠲᠤᠲᠠᠢ ᠵᠠᠮᠨᠠᠵᠤ ᠪᠠᠳᠤ ᠦᠢᠯᠡᠳᠦᠯᠭᠡᠵᠢᠬᠦᠯᠬᠦ᠎ᠶᠢ ᠠᠬᠢᠭᠤᠯᠵᠤ ᠪᠠᠢᠨ᠎ᠠ᠃
10 ᠰᠠᠷ᠎ᠠ᠎ᠶᠢᠨ 19᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ ᠨᠠᠮ᠎ᠤᠨ ᠤᠳᠤᠷᠢᠳᠬᠤ ᠳᠤᠭᠤᠢᠯᠠᠩ (ᠥᠷᠭᠡᠳᠬᠡᠭᠰᠡᠨ) ᠤ᠋ᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠣᠲᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠶᠡᠷᠦᠩᠬᠡᠢ ᠱᠦᠵᠢ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠦᠷᠭᠦᠯᠵᠢᠯᠡᠨ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ ᠶᠡᠷᠦᠩᠬᠡᠢ ᠱᠦᠵᠢ᠎ᠶᠢᠨ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠶᠢ ᠭᠦᠨᠵᠡᠭᠡᠢ ᠣᠢᠯᠠᠭᠠᠵᠤ᠂ ᠰᠤᠷᠤᠯᠴᠠᠬᠤ ᠰᠡᠳᠬᠢᠬᠦ ᠬᠡᠷᠡᠭᠯᠡᠬᠦ᠎ᠶᠢ ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ᠎ᠶᠢ ᠨᠢᠭᠡᠳᠬᠡᠬᠦ᠎ᠶᠢ ᠪᠠᠷᠢᠮᠲᠠᠯᠠᠵᠤ᠂ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢ ᠪᠠᠢᠴᠠᠭᠠᠬᠤ ᠠᠵᠢᠯ᠎ᠤᠨ ᠲᠤᠰᠢᠶᠠᠯ ᠬᠠᠷᠢᠭᠤᠴᠠᠯᠭ᠎ᠠ ᠪᠡᠨ ᠭᠦᠢᠴᠡᠳᠬᠡᠬᠦ ᠪᠣᠳᠠᠲᠤ ᠦᠷ᠎ᠡ ᠪᠦᠲᠦᠮᠵᠢ ᠪᠣᠯᠭᠠᠨ ᠤᠯᠠᠷᠢᠭᠤᠯᠬᠤ ᠬᠡᠷᠡᠭᠲᠡᠢ᠃ ᠬᠠᠤᠯᠢ ᠴᠠᠭᠠᠵᠠ᠎ᠶᠢᠨ ᠬᠢᠨᠠᠯᠲᠠ᠎ᠪᠡᠷ ᠠᠮᠢ ᠠᠬᠤᠢ᠎ᠶᠢᠨ ᠬᠠᠮᠠᠭᠠᠯᠠᠯᠲᠠ᠎ᠳᠤ ᠦᠢᠯᠡᠴᠢᠯᠡᠬᠦ ᠦᠢᠯᠡᠳᠦᠯᠭᠡ᠎ᠶᠢᠨ ᠠᠷᠭ᠎ᠠ ᠵᠠᠮ᠎ᠢ ᠦᠷᠭᠦᠯᠵᠢᠯᠡᠨ ᠰᠢᠯᠢᠳᠡᠭᠵᠢᠭᠦᠯᠵᠦ᠂ ᠬᠡᠷᠡᠭ ᠨᠢᠭᠡᠪᠦᠷᠢ᠎ᠶᠢ ᠴᠢᠨᠠᠷ ᠰᠠᠢᠲᠠᠢ ᠪᠦᠲᠦᠮᠵᠢᠲᠡᠢ ᠰᠠᠢᠲᠤᠷ ᠰᠢᠢᠳᠪᠦᠷᠢᠯᠡᠬᠦ᠎ᠶᠢ ᠪᠠᠷᠢᠮᠲᠠᠯᠠᠵᠤ᠂ ᠴᠦᠯᠯᠡᠷᠭᠡᠭᠵᠢᠯ᠎ᠢ ᠵᠠᠰᠠᠬᠤ᠂ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠵᠡᠷᠭᠡ ᠭᠣᠣᠯᠳᠠᠯᠭ᠎ᠠ᠎ᠲᠠᠢ ᠠᠰᠠᠭᠤᠳᠠᠯ᠎ᠢ ᠴᠢᠩᠭ᠎ᠠ ᠠᠩᠬᠠᠷᠴᠤ᠂ ᠰᠠᠯᠠᠭ᠎ᠠ ᠮᠥᠴᠢᠷ ᠠᠯᠤᠰᠯᠠᠵᠤ᠂ ᠣᠷᠣᠨ ᠪᠦᠰᠡ ᠠᠯᠤᠰᠯᠠᠨ ᠬᠠᠮᠵᠢᠯᠴᠠᠨ ᠵᠠᠰᠠᠬᠤ᠎ᠶᠢ ᠭᠦᠨᠵᠡᠭᠡᠢᠷᠡᠭᠦᠯᠵᠦ᠂ ᠪᠠᠢᠴᠠᠭᠠᠬᠤ ᠠᠵᠢᠯ᠎ᠤᠨ ᠲᠤᠰᠢᠶᠠᠯ ᠬᠠᠷᠢᠭᠤᠴᠠᠯᠭ᠎ᠠ᠎ᠪᠠᠨ ᠯᠠᠪᠳᠠᠭᠤᠨ ᠪᠠᠲᠤᠲᠠᠢ ᠭᠦᠢᠴᠡᠳᠬᠡᠬᠦ᠎ᠪᠡᠷ ᠳᠠᠮᠵᠢᠨ ᠥᠪᠥᠷ ᠮᠣᠩᠭᠣᠯ᠎ᠤᠨ ᠬᠥᠬᠡᠮᠳᠦᠭ ᠤᠰᠤ ᠬᠦᠬᠡ ᠤᠭᠲᠠᠷᠭᠤᠢ ᠴᠡᠪᠡᠷ ᠬᠦᠷᠦᠰᠦ᠎ᠵᠢ ᠰᠠᠬᠢᠨ ᠬᠠᠮᠠᠭᠠᠯᠠᠬᠤ ᠬᠡᠷᠡᠭᠲᠡᠢ᠃ ᠰᠠᠨᠠᠭᠠᠴᠢᠯᠠᠭ᠎ᠠ᠎ᠡᠴᠡ᠎ᠪᠠᠨ ᠠᠷᠭ᠎ᠠ ᠰᠦᠪᠡᠭᠴᠢᠯᠡᠵᠦ᠂ ᠤᠷᠢᠳᠴᠢᠯᠠᠨ ᠪᠣᠳᠣᠯᠬᠢᠯᠠᠵᠤ᠂ ᠬᠠᠤᠯᠢ ᠴᠠᠭᠠᠵᠠ᠎ᠶᠢᠨ ᠬᠢᠨᠠᠯᠲᠠ᠎ᠪᠠᠷ ᠪᠤᠳᠤᠯᠲᠠ᠎ᠶᠢᠨ ᠬᠦᠴᠦᠨ᠎ᠦ ᠠᠵᠤ ᠦᠢᠯᠡᠰ᠎ᠦᠨ ᠪᠦᠲᠦᠭᠡᠨ ᠪᠠᠢᠭᠤᠯᠤᠯᠲᠠ᠎ᠳᠤ ᠠᠶᠠᠯᠠᠯ᠎ᠢ ᠬᠠᠮᠠᠭᠠᠯᠠᠬᠤ᠂ ᠲᠣᠭ᠎ᠠ ᠪᠠᠷᠢᠮᠲᠠ᠎ᠶᠢᠨ ᠠᠮᠤᠷ ᠲᠦᠪᠰᠢᠨ᠎ᠢ ᠪᠠᠲᠤᠯᠠᠬᠤ᠂ ᠰᠢᠨ᠎ᠡ ᠡᠵᠡᠩᠨᠡᠯᠲᠡ᠎ᠶᠢᠨ ᠬᠡᠯᠪᠡᠷᠢ᠎ᠶᠢᠨ ᠬᠠᠤᠯᠢ ᠴᠠᠭᠠᠵᠠ᠎ᠶᠢᠨ ᠠᠶᠤᠯ ᠲᠦᠭᠰᠢᠭᠦᠷᠢ᠎ᠶᠢ ᠰᠡᠷᠭᠡᠢᠯᠡᠬᠦ ᠲᠠᠯ᠎ᠠ᠎ᠪᠠᠷ ᠭᠦᠨᠵᠡᠭᠡᠢ ᠰᠤᠳᠤᠯᠵᠤ ᠨᠠᠷᠢᠯᠢᠭ᠋ ᠰᠤᠳᠤᠯᠬᠤ ᠬᠡᠷᠡᠭᠲᠡᠢ᠃《ᠲᠦᠷᠪᠡᠨ ᠶᠡᠬᠡ ᠪᠠᠢᠴᠠᠭᠠᠬᠤ ᠠᠵᠢᠯ》 ᠤ᠋ᠨ ᠶᠡᠷᠦᠩᠬᠡᠢᠯᠡᠭᠰᠡᠨ ᠲᠤᠰᠢᠶᠠᠯ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠬᠡᠬᠦ᠎ᠶᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠡᠷᠡᠭᠯᠡᠵᠦ᠂ ᠥᠪᠥᠷ ᠮᠣᠩᠭᠣᠯ᠎ᠤᠨ ᠣᠨᠴᠠᠯᠢᠭ ᠳᠠᠪᠠᠭᠤᠯᠢᠭ᠋᠎ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠸᠮ᠎ᠢ ᠪᠠᠶ᠋ᠢᠭᠤᠯᠬᠤ᠎ᠳᠤ ᠬᠦᠴᠦᠨ ᠨᠡᠮᠡᠷᠢᠯᠡᠬᠦ ᠬᠡᠷᠡᠭᠲᠡᠢ; 《ᠠᠷᠠᠳ᠎ᠤᠨ ᠠᠮᠢᠳᠤᠷᠠᠯ᠎ᠢ ᠪᠠᠢᠴᠠᠭᠠᠨ ᠬᠠᠮᠠᠭᠠᠯᠠᠬᠤ》 ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠂ ᠠᠷᠠᠳ᠎ᠲᠤ ᠳᠥᠭᠥᠮ ᠦᠵᠡᠭᠦᠯᠬᠦ ᠠᠷᠠᠳ᠎ᠲᠤ ᠠᠰᠢᠭ᠍ᠲᠠᠢ ᠪᠠᠢᠴᠠᠭᠠᠬᠤ ᠠᠵᠢᠯ᠎ᠤᠨ ᠨᠠᠩ ᠣᠯᠠᠨ ᠠᠷᠭ᠎ᠠ ᠬᠡᠮᠵᠢᠶ᠎ᠡ᠎ᠶᠢ ᠭᠠᠷᠭᠠᠵᠤ᠂ ᠠᠷᠠᠳ ᠣᠯᠠᠨ᠎ᠤ ᠰᠡᠷᠡᠵᠦ ᠮᠡᠳᠡᠵᠦ ᠪᠣᠯᠬᠤ᠂ ᠪᠡᠶᠡᠴᠢᠯᠡᠨ ᠣᠢᠯᠠᠭᠠᠵᠤ ᠪᠣᠯᠬᠤ᠂ ᠪᠣᠳᠠᠲᠤ ᠠᠰᠢᠭ᠋ ᠬᠦᠷᠲᠡᠵᠦ ᠴᠢᠳᠠᠬᠤ ᠪᠠᠢᠴᠠᠭᠠᠬᠤ ᠠᠵᠢᠯ᠎ᠢ ᠠᠷᠠᠳ ᠲᠦᠮᠡᠨ᠎ᠦ ᠲᠥᠯᠥᠭᠡ ᠪᠤᠳᠠᠳᠠᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
10 ᠰᠠᠷ᠎ᠠ᠎ᠶᠢᠨ 21 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠤᠳᠤᠷᠢᠳᠬᠤ ᠳᠤᠭᠤᠢᠯᠠᠩ (ᠥᠷᠭᠡᠳᠬᠡᠭᠰᠡᠨ) ᠤ᠋ᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠣᠲᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠬᠤᠷᠠᠯ᠎ᠤᠨ ᠪᠢᠴᠢᠭ ᠮᠠᠲᠧᠷᠢᠶᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲᠧᠮ᠎ᠦᠨ ᠬᠢᠨ 《ᠤᠯᠤᠰ᠎ᠤᠨ ᠶᠡᠬᠡ ᠶᠠᠪᠤᠳᠠᠯ》 ᠢ᠋ ᠪᠠᠲᠤ ᠴᠡᠭᠡᠵᠢᠯᠡᠵᠦ᠂ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠬᠠᠨ᠂ ᠰᠢ ᠵᠢᠨ ᠫᠢᠩ᠎ᠦᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ 《ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠵᠤ ᠪᠣᠬᠢᠷᠲᠤᠯ ᠦᠭᠡᠢ ᠬᠥᠭᠵᠢᠭᠦᠯᠬᠦ》 ᠭᠡᠬᠦ ᠡᠨᠡ ᠬᠦ᠌ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠢᠮᠠᠭᠲᠠ᠎ᠶᠢᠨ ᠴᠢᠬᠤᠯᠠ ᠱᠠᠭᠠᠷᠳᠠᠯᠭ᠎ᠠ᠎ᠶᠢ ᠭᠦᠨᠵᠡᠭᠡᠢ ᠣᠢᠯᠠᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠤᠨ᠂ ᠴᠢᠨᠠᠷ ᠰᠠᠢᠲᠠᠢ ᠬᠥᠭᠵᠢᠯᠲᠡ᠎ᠶᠢᠨ ᠵᠠᠮ᠎ᠢᠶᠠᠷ ᠡᠷᠡᠰ ᠭᠤᠢᠪᠢᠰᠢ ᠦᠭᠡᠢ ᠰᠠᠢᠲᠤᠷ ᠵᠠᠮᠨᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠴᠢᠩᠭᠠᠳᠬᠠᠵᠤ᠂ ᠪᠣᠬᠢᠷᠲᠤᠯ ᠦᠭᠡᠢ ᠲᠡᠢᠰᠢ ᠬᠡᠯᠪᠡᠷᠢ᠎ᠪᠠᠨ ᠬᠤᠪᠢᠷᠠᠭᠤᠯᠬᠤ᠎ᠶᠢ ᠬᠦᠭᠵᠢᠭᠦᠯᠬᠦ᠎ᠵᠢ ᠠᠬᠢᠭᠤᠯᠵᠤ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠳᠤᠮᠳᠠ ᠥᠪᠥᠷ ᠮᠣᠩᠭᠣᠯ᠎ᠤᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠬᠦ ᠬᠡᠷᠡᠭᠲᠡᠢ᠃ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠭᠦᠨᠵᠡᠭᠡᠢ ᠰᠠᠢᠲᠤᠷ ᠬᠢᠵᠦ᠂ ᠪᠠᠢᠭᠠᠯᠢ᠎ᠶᠢᠨ ᠠᠮᠢ ᠠᠬᠤᠢ᠎ᠶᠢᠨ ᠬᠠᠮᠠᠭᠠᠯᠠᠯᠲᠠ᠎ᠶᠢᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ᠂ ᠬᠠᠳᠤᠨ ᠭᠣᠣᠯ᠎ᠤᠨ ᠰᠠᠪᠠ ᠭᠠᠵᠠᠷ᠂《ᠬᠦᠯᠦᠨ ᠨᠠᠭᠤᠷ ᠤᠯᠠᠭᠠᠨᠰᠤᠬᠠᠢ ᠳᠠᠭ᠎ᠠ᠎ᠶᠢᠨ ᠨᠠᠭᠤᠷ》᠂ ᠴᠠᠭᠠᠨᠨᠠᠭᠤᠷ᠂ ᠭᠢᠭᠢᠷᠢᠶᠢᠨ ᠨᠠᠭᠤᠷ ᠵᠡᠷᠭᠡ ᠭᠣᠣᠯᠳᠠᠯᠭ᠎ᠠ᠎ᠲᠠᠢ ᠰᠠᠪᠠ ᠭᠠᠵᠠᠷ᠂ ᠦᠬᠠᠢ ᠵᠢᠴᠢ ᠡᠷᠬᠢᠨ ᠲᠣᠭᠣᠷᠢᠨ ᠵᠡᠷᠭᠡ ᠭᠣᠣᠯᠳᠠᠯᠭ᠎ᠠ᠎ᠲᠠᠢ ᠣᠷᠣᠨ ᠪᠦᠰᠡ᠎ᠶᠢᠨ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ᠎ᠶᠢ ᠴᠢᠩᠭᠠᠳᠬᠠᠵᠤ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠦᠷᠭᠦᠯᠵᠢᠯᠡᠨ ᠰᠠᠢᠵᠢᠷᠠᠬᠤ᠎ᠶᠢ ᠪᠦᠬᠦ ᠬᠦᠴᠦᠨ᠎ᠢᠶᠡᠷ ᠠᠬᠢᠭᠤᠯᠬᠤ ᠬᠡᠷᠡᠭᠲᠡᠢ᠃ ᠪᠤᠳᠤᠯᠲᠠ᠎ᠵᠢᠨ ᠬᠦᠴᠦᠨ᠎ᠦ ᠠᠵᠤ ᠦᠢᠯᠡᠰ᠎ᠦᠨ ᠬᠥᠭᠵᠢᠯᠲᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠠᠮᠢ ᠠᠬᠤᠢ ᠣᠷᠴᠢᠨ ᠲᠣᠭᠣᠷᠢᠨ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ ᠣᠷᠴᠢᠨ ᠲᠣᠭᠣᠷᠢᠨ᠎ᠤ ᠦᠨᠡᠯᠡᠯᠲᠡ᠎ᠶᠢᠨ ᠬᠢᠨᠠᠨ ᠵᠥᠪᠰᠢᠶᠡᠷᠡᠬᠦ ᠦᠢᠯᠡᠴᠢᠯᠡᠭᠡᠨ᠎ᠦ ᠦᠷ᠎ᠡ ᠪᠦᠲᠦᠮᠵᠢ᠎ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠪᠣᠯᠣᠨ ᠬᠦᠴᠦᠯᠡᠴᠡ᠎ᠶᠢᠨ ᠬᠣᠣᠰ ᠡᠵᠡᠮᠳᠡᠯ᠎ᠦᠨ ᠳᠦᠷᠢᠮ᠎ᠢ ᠭᠦᠨᠵᠡᠭᠡᠢ ᠬᠡᠷᠡᠭᠵᠢᠭᠦᠯᠵᠦ᠂ ᠴᠢᠨᠠᠷ ᠰᠠᠢᠲᠠᠢ ᠬᠥᠭᠵᠢᠯᠲᠡ᠎ᠶᠢ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠡᠷ ᠲᠤᠯᠭᠠᠭᠤᠷᠢᠯᠠᠬᠤ ᠬᠡᠷᠡᠭᠲᠡᠢ᠃ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠤ ᠪᠦᠲᠦᠭᠡᠨ ᠪᠠᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠪᠣᠬᠢᠷ ᠤᠰᠤ᠎ᠶᠢ ᠵᠠᠰᠠᠬᠤ ᠪᠠ ᠲᠠᠷᠢᠶᠠᠯᠠᠩ᠎ᠤᠨ ᠣᠯᠠᠨ ᠡᠬᠢᠲᠦ ᠪᠣᠬᠢᠷᠲᠤᠯ᠎ᠢ ᠰᠡᠷᠭᠡᠢᠯᠡᠨ ᠵᠠᠰᠠᠬᠤ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠦᠵᠡᠰᠬᠦᠯᠡᠩᠲᠦ ᠰᠠᠢᠬᠠᠨ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ᠎ᠶᠢ ᠱᠠᠲᠤᠯᠢᠭᠵᠢᠡᠷ ᠠᠬᠢᠭᠤᠯᠵᠤ᠂ ᠬᠥᠳᠡᠭᠡ ᠲᠣᠰᠬᠣᠨ᠎ᠤ ᠠᠮᠢ ᠠᠬᠤᠢ᠎ᠶᠢ ᠬᠥᠭᠵᠢᠭᠦᠯᠦᠨ ᠮᠠᠨᠳᠤᠭᠤᠯᠬᠤ᠎ᠶᠢ ᠲᠦᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃
10 ᠰᠠᠷ᠎ᠠ᠎ᠶᠢᠨ 22 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠣᠲᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠲᠤᠬᠠᠢ ᠶᠡᠷᠦᠩᠬᠡᠢ ᠱᠦᠵᠢ᠎ᠶᠢᠨ ᠴᠢᠬᠤᠯᠠ ᠱᠠᠭᠠᠷᠳᠠᠯᠭ᠎ᠠ᠎ᠶᠢ ᠣᠨᠣᠪᠴᠢᠲᠠᠶ ᠣᠢᠯᠠᠭᠠᠨ ᠡᠵᠡᠮᠰᠢᠵᠦ᠂ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠣᠬᠢᠷᠲᠤᠯ ᠦᠭᠡᠢ ᠬᠥᠭᠵᠢᠯᠲᠡ᠎ᠶᠢᠨ ᠣᠢᠯᠠᠭᠠᠭᠳᠠᠬᠤᠨ᠎ᠢ ᠰᠣᠶᠣᠯ ᠵᠢᠭᠤᠯᠴᠢᠯᠠᠯ᠎ᠤᠨ ᠲᠥᠯᠦᠪᠵᠢᠭᠦᠯᠭᠡ᠂ ᠨᠡᠭᠡᠭᠡᠨ ᠬᠥᠭᠵᠢᠭᠦᠯᠦᠯᠲᠡ᠂ ᠡᠵᠡᠩᠨᠡᠯᠲᠡ᠎ᠶᠢᠨ ᠪᠥᠬᠥ ᠶᠠᠪᠤᠴᠠ᠎ᠳᠤ ᠲᠤᠭᠤᠰᠢᠯᠠᠭᠤᠯᠵᠤ᠂ ᠠᠮᠢ ᠠᠬᠤᠢ᠎ᠶᠢᠨ ᠵᠢᠭᠤᠯᠴᠢᠯᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠠᠷᠠᠳ᠎ᠲᠤ ᠠᠰᠢᠭ᠋ ᠬᠦᠷᠲᠡᠭᠡᠬᠦ ᠠᠵᠢᠯᠯᠠᠭ᠎ᠠ᠎ᠶᠢ ᠵᠣᠬᠢᠶᠠᠨ ᠪᠠᠢᠭᠤᠯᠤᠨ ᠬᠡᠷᠡᠭᠵᠢᠭᠦᠯᠬᠦ ᠬᠡᠷᠡᠭᠲᠡᠢ᠃ 《ᠵᠡᠭᠦᠨᠰᠢ ᠳ᠋ᠠᠢᠲ᠋ᠠ᠎ᠵᠢ ᠪᠠᠷᠠᠭᠤᠨᠳᠡᠬᠢ ᠪᠤᠳᠤᠯᠲᠠ᠎ᠵᠢᠨ ᠬᠦᠴᠦᠨ᠎ᠵᠢᠡᠷ ᠲᠤᠯᠭᠠᠭᠤᠷᠢᠯᠠᠬᠤ》 ᠢᠨᠵᠧᠨᠧᠷᠢᠩ᠎ᠦᠨ ᠵᠠᠩᠭᠢᠯᠠᠭ᠎ᠠ᠎ᠶᠢᠨ ᠴᠡᠭ᠎ᠦᠨ ᠪᠦᠲᠦᠭᠡᠨ ᠪᠠᠢᠭᠤᠯᠤᠯᠲᠠ ᠪᠠ ᠪᠣᠬᠢᠷᠲᠤᠯ ᠦᠭᠡᠢ ᠪᠤᠳᠤᠯᠲᠠ᠎ᠵᠢᠨ ᠬᠦᠴᠦᠨ᠎ᠤ ᠠᠵᠤ ᠦᠢᠯᠡᠰ᠎ᠦᠨ ᠬᠥᠭᠵᠢᠯᠲᠡ᠎ᠶᠢ ᠠᠰᠢᠭ᠍ᠯᠠᠨ᠂ ᠰᠣᠶᠣᠯ ᠵᠢᠭᠤᠯᠴᠢᠯᠠᠯ᠎ᠤᠨ ᠠᠵᠢᠯ᠎ᠤᠨ ᠲᠣᠭᠠᠴᠢᠯᠠᠯᠲᠠ ᠣᠶᠤᠨᠴᠢᠯᠠᠯᠲᠠ ᠪᠡᠷ ᠬᠦᠴᠦᠨ ᠣᠯᠭᠣᠬᠤ᠂ ᠮᠡᠳᠡᠭᠡ ᠵᠠᠩᠭᠢᠵᠢᠯᠲᠠ᠎ᠶᠢᠨ ᠬᠡᠯᠪᠡᠷᠢ᠎ᠪᠡᠨ ᠬᠤᠪᠢᠷᠠᠭᠤᠯᠬᠤ᠎ᠶᠢ ᠲᠦᠷᠭᠡᠳᠬᠡᠵᠦ᠂ ᠰᠣᠶᠣᠯ᠎ᠤᠨ ᠰᠢᠨ᠎ᠡ᠎ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠂ ᠵᠢᠭᠤᠯᠴᠢᠯᠠᠯ᠎ᠤᠨ ᠬᠥᠭᠵᠢᠯᠲᠡ᠎ᠶᠢᠨ ᠳᠣᠲᠣᠭᠠᠳᠤ ᠬᠥᠳᠡᠯᠭᠡᠬᠦ ᠬᠦᠴᠦᠨ᠎ᠢ ᠦᠷᠭᠦᠯᠵᠢᠯᠡᠨ ᠬᠥᠭᠵᠢᠭᠡᠨ᠎ᠡ᠃ ᠮᠠᠯ ᠠᠵᠤ ᠠᠬᠤᠢ ᠲᠠᠷᠢᠶᠠᠯᠠᠩ ᠰᠣᠶᠣᠯ ᠵᠢᠭᠤᠯᠴᠢᠯᠠᠯ ᠪᠡᠶ᠎ᠡ᠎ᠵᠢᠨ ᠲᠠᠮᠢᠷ ᠬᠤᠳᠠᠯᠳᠤᠭ᠎ᠠ᠎ᠶᠢ ᠨᠢᠭᠡ ᠴᠣᠭᠴᠠᠵᠢᠭᠤᠯᠤᠨ ᠬᠥᠭᠵᠢᠭᠦᠯᠬᠦ᠎ᠪᠡᠷ ᠭᠠᠷᠳᠡᠴᠡ ᠪᠣᠯᠭᠠᠵᠤ᠂ ᠰᠣᠶᠣᠯ ᠵᠢᠭᠤᠯᠴᠢᠯᠠᠯ᠎ᠤᠨ ᠪᠦᠲᠦᠭᠡᠭᠳᠡᠬᠦᠨ᠎ᠢ ᠨᠢᠭᠡᠳᠦᠯᠲᠡᠢ ᠲᠥᠯᠥᠪᠵᠢᠭᠦᠯᠦᠨ ᠨᠡᠭᠡᠭᠡᠨ ᠬᠥᠭᠵᠢᠭᠦᠯᠵᠦ᠂ ᠮᠠᠯ ᠠᠵᠤ ᠠᠬᠤᠢ ᠲᠠᠷᠢᠶᠠᠯᠠᠩ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠡᠵᠡᠩᠨᠡᠯᠲᠡ᠎ᠶᠢᠨ ᠪᠠᠢᠳᠠᠯ᠎ᠢ ᠨᠢᠮᠪᠠᠢ ᠪᠣᠢᠵᠢᠭᠤᠯᠵᠤ᠂ ᠮᠠᠯᠴᠢᠨ ᠲᠠᠷᠢᠶᠠᠴᠢᠳ᠎ᠲᠤ ᠨᠡᠮᠡᠭᠳᠡᠯ ᠥᠷᠲᠡᠭ᠎ᠦᠨ ᠠᠰᠢᠭ᠋ ᠣᠷᠣᠯᠭ᠎ᠠ᠎ᠶᠢ ᠨᠠᠩ ᠣᠯᠠᠨ ᠬᠤᠪᠢᠶᠠᠯᠴᠠᠨ ᠡᠳ᠋ᠯᠡᠭᠦᠯᠵᠦ᠂ ᠤᠯᠤᠰ᠎ᠤᠨ ᠮᠠᠯ᠎ᠤᠨ ᠠᠰᠢᠭ᠋ ᠰᠢᠮ᠎ᠡ᠎ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠴᠢᠬᠤᠯᠠ ᠰᠠᠭᠤᠷᠢᠨ᠎ᠢ ᠪᠦᠲᠦᠭᠡᠨ ᠪᠠᠶ᠋ᠢᠭᠤᠯᠬᠤ᠎ᠳᠤ ᠰᠢᠨ᠎ᠡ ᠬᠥᠳᠡᠯᠭᠡᠬᠦ ᠡᠨᠧᠷᠭᠢ᠎ᠶᠢ ᠪᠣᠶ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
10 ᠰᠠᠷ᠎ᠠ᠎ᠶᠢᠨ 25 ᠤ᠋ ᠡᠳᠦᠷ᠂ ᠰᠢᠯᠢ᠎ᠶᠢᠨ ᠭᠣᠣᠯ ᠠᠢᠮᠠᠭ᠎ᠤᠨ ᠨᠠᠮ᠎ᠤᠨ ᠬᠣᠷᠢᠶ᠎ᠠ (ᠥᠷᠭᠡᠳᠬᠡᠭᠰᠡᠨ) ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠣᠲᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠪᠥᠬᠥ ᠠᠢᠮᠠᠭ᠎ᠤᠨ ᠡᠯ᠎ᠡ ᠭᠠᠵᠠᠷ᠎ᠤᠨ ᠬᠢᠨ ᠰᠢ ᠵᠢᠨ ᠫᠢᠩ᠎ᠦᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠦᠢᠯᠡᠳᠦᠯᠭᠡᠵᠢᠭᠦᠯᠵᠦ᠂ ᠠᠭᠤᠯᠠ ᠤᠰᠤ ᠣᠶ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠪᠠᠷᠢᠮᠲᠠᠯᠠᠵᠤ᠂ ᠨᠤᠲᠤᠭ ᠪᠡᠯᠴᠢᠭᠡᠷ᠎ᠢ ᠬᠠᠮᠠᠭᠠᠯᠠᠬᠤ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠤᠯᠠᠮᠵᠢᠯᠠᠯᠲᠤ ᠨᠤᠲᠤᠭ ᠪᠡᠯᠴᠢᠭᠡᠷ᠎ᠦᠨ ᠮᠠᠯ ᠠᠵᠤ ᠠᠬᠤᠢ᠎ᠶᠢᠨ ᠬᠡᠯᠪᠡᠷᠢ᠎ᠶᠢ ᠬᠤᠪᠢᠷᠠᠭᠤᠯᠤᠨ ᠲᠠᠰ ᠳᠡᠪᠰᠢᠭᠦᠯᠬᠦ᠎ᠶᠢ ᠲᠦᠷᠭᠡᠳᠬᠡᠨ ᠠᠬᠢᠭᠤᠯᠵᠤ᠂ 《ᠤᠮᠠᠷᠠᠲᠦ᠎ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠰᠠᠢᠲᠤᠷ ᠬᠢᠵᠦ᠂ ᠭᠣᠣᠯᠳᠠᠯᠭ᠎ᠠ᠎ᠲᠠᠢ ᠨᠤᠭᠤ ᠭᠠᠵᠠᠷ ᠪᠠ ᠤᠰᠤᠨ ᠰᠢᠰᠲᠧᠮ᠎ᠦᠨ ᠬᠠᠮᠠᠭᠠᠯᠠᠯᠲᠠ᠎ᠶᠢ ᠰᠠᠢᠲᠤᠷ ᠠᠳᠬᠤᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠬᠢᠨᠠᠨ ᠪᠠᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠦᠨᠡᠨ ᠬᠦ᠌ ᠪᠡᠬᠢᠵᠢᠭᠦᠯᠬᠦ ᠬᠡᠷᠡᠭᠲᠡᠢ᠃ ᠡᠨᠧᠷᠭᠢ᠎ᠶᠢᠨ ᠠᠵᠤ ᠦᠢᠯᠡᠰ᠎ᠦᠨ ᠬᠡᠯᠪᠡᠷᠢ᠎ᠶᠢ ᠬᠤᠪᠢᠷᠠᠭᠤᠯᠤᠨ ᠲᠡᠰ ᠳᠡᠪᠰᠢᠭᠦᠯᠬᠦ᠎ᠶᠢ ᠠᠬᠢᠭᠤᠯᠵᠤ᠂ ᠨᠡᠭᠦᠷᠡᠰᠦ᠎ᠶᠢ ᠲᠤᠬᠠᠢ᠎ᠶᠢᠨ ᠭᠠᠵᠠᠷ ᠲᠤᠨᠢ ᠤᠯᠠᠷᠢᠭᠤᠯᠬᠤ᠂ ᠨᠠᠷᠢᠯᠢᠭ᠋ ᠬᠦᠨᠵᠡᠭᠡᠢ ᠠᠰᠢᠭ᠍ᠯᠠᠬᠤ᠂ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠬᠤ᠎ᠶᠢ ᠢᠳᠡᠪᠬᠢᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ; ᠭᠠᠳᠠᠭ᠍ᠰᠢ ᠬᠦᠷᠭᠡᠬᠦ ᠨᠡᠪᠲᠡᠷᠡᠯ ᠵᠠᠮ ᠪᠣᠯᠣᠨ ᠢᠵᠢ ᠲᠦᠬᠦᠷ ᠴᠠᠬᠢᠯᠭᠠᠨ᠎ᠤ ᠲᠣᠣᠷ᠎ᠤᠨ ᠪᠠᠷᠢᠯᠭ᠎ᠠ᠎ᠶᠢᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ᠂ ᠡᠨ᠋ᠸᠷᠬᠢ ᠲᠣᠣᠷ ᠳᠠᠭᠠᠭᠠᠴᠡ ᠨᠥᠭᠡᠴᠡ᠎ᠶᠢ ᠨᠢᠭᠡ ᠴᠣᠭᠴᠠᠵᠢᠭᠤᠯᠬᠤ ᠶ᠋ᠢ ᠶᠡᠬᠡ ᠪᠡᠷ ᠬᠥᠭᠵᠢᠭᠦᠯᠵᠦ᠂ ᠴᠠᠬᠢᠯᠭᠠᠨ ᠬᠦᠴᠦᠨ᠎ᠦ ᠬᠠᠩᠭᠠᠯᠭ᠎ᠠ᠎ᠶᠢ ᠪᠠᠲᠤᠯᠠᠬᠤ ᠪᠠ ᠴᠠᠬᠢᠯᠭᠠᠨ᠎ᠤ ᠲᠣᠣᠷ᠎ᠤᠨ ᠣᠷᠭᠢᠯ᠎ᠢ ᠲᠣᠬᠢᠷᠠᠭᠤᠯᠬᠤ ᠴᠢᠳᠠᠪᠤᠷᠢ᠎ᠶᠢ ᠳᠡᠭᠡᠭᠰᠢᠯᠡᠭᠦᠯᠬᠦ ᠬᠡᠷᠡᠭᠲᠡᠢ; ᠲᠡᠷᠢᠭᠦᠨ᠎ᠦ ᠭᠠᠵᠠᠷ ᠣᠷᠣᠨ᠎ᠤ ᠴᠢᠨᠠᠷ ᠰᠠᠢᠲᠠᠢ ᠡᠨᠧᠷᠭᠢ᠎ᠶᠢᠨ ᠬᠡᠷᠡᠭᠴᠡᠭᠡ ᠶᠡᠬᠡᠲᠡᠢ ᠠᠵᠤ ᠦᠢᠯᠡᠰ᠎ᠦᠨ ᠰᠢᠯᠵᠢᠯᠲᠡ᠎ᠶᠢ ᠢᠳᠡᠪᠬᠢᠲᠡᠢ ᠬᠦᠯᠢᠶᠡᠨ ᠠᠪᠴᠤ᠂ ᠪᠤᠬᠢᠷᠲᠦᠯ ᠦᠭᠡᠢ ᠴᠠᠬᠢᠯᠭᠠᠨ᠎ᠢ ᠲᠤᠬᠠᠢ᠎ᠶᠢᠨ ᠭᠠᠵᠠᠷ ᠲᠤᠨᠢ ᠰᠢᠩᠭᠡᠭᠡᠬᠦ ᠠᠵᠢᠯ᠎ᠢ ᠰᠠᠢᠲᠤᠷ ᠬᠢᠵᠦ᠂ ᠰᠢᠨ᠎ᠡ ᠡᠨᠧᠷᠭᠢ᠎ᠶᠢᠨ ᠲᠣᠨᠣᠭᠯᠠᠯ ᠦᠢᠯᠡᠳᠬᠦ ᠠᠵᠤ ᠦᠢᠯᠡᠰ᠎ᠦᠨ ᠰᠢᠰᠲᠧᠮ᠎ᠢ ᠲᠡᠭᠦᠯᠳᠡᠷᠵᠢᠭᠦᠯᠬᠦ ᠬᠡᠷᠡᠭᠲᠡᠢ᠃ 《ᠵᠡᠭᠦᠨᠳᠡᠬᠢ ᠳ᠋ᠠᠢᠲ᠋ᠠ᠎ᠵᠢ ᠪᠠᠷᠠᠭᠤᠨᠳᠡᠬᠢ ᠪᠤᠳᠤᠯᠲᠠ᠎ᠵᠢᠨ ᠬᠦᠴᠦᠨ᠎ᠵᠢᠡᠷ ᠲᠤᠯᠭᠠᠭᠤᠷᠢᠯᠠᠬᠤ》 ᠪᠠᠢᠯᠳᠤᠬᠤ ᠪᠣᠳᠣᠯᠭ᠎ᠠ᠎ᠶᠢᠨ ᠠᠵᠠ ᠲᠣᠬᠢᠶᠠᠯ᠎ᠢ ᠠᠮᠵᠢᠵᠤ᠂ ᠡᠯ᠎ᠡ ᠲᠦᠷᠦᠯ᠎ᠦᠨ ᠡᠯᠧᠮᠧᠨ᠋ᠲ᠎ᠦᠨ ᠪᠠᠲᠤᠯᠠᠭ᠎ᠠ᠎ᠶᠢᠨ ᠳᠠᠪᠠᠭᠤᠯᠢᠭ᠋᠎ᠢ ᠪᠠᠳᠠᠷᠠᠭᠤᠯᠵᠤ᠂ ᠠᠳᠠᠯᠢ ᠪᠤᠰᠤ ᠣᠷᠣᠨ ᠪᠦᠰᠡ᠎ᠳᠦ ᠭᠠᠵᠠᠷ ᠣᠷᠣᠨ᠎ᠤ ᠪᠠᠢᠳᠠᠯ᠎ᠳᠦ᠎ᠨᠢ ᠲᠣᠬᠢᠷᠠᠭᠤᠯᠤᠨ ᠪᠣᠬᠢᠷᠲᠤᠯ ᠦᠭᠡᠢ ᠪᠤᠳᠤᠯᠲᠠ᠎ᠵᠢᠨ ᠬᠦᠴᠦᠨ᠂ ᠵᠠᠬ᠎ᠠ ᠵᠢᠨ ᠪᠤᠳᠤᠯᠲᠠ᠎ᠵᠢᠨ ᠬᠦᠴᠦᠨ᠂ ᠬᠢᠯᠢ ᠠᠯᠤᠰᠯᠠᠭᠰᠠᠨ ᠪᠤᠳᠤᠯᠲᠠ᠎ᠵᠢᠨ ᠬᠦᠴᠦᠨ᠎ᠢ ᠬᠥᠭᠵᠢᠭᠦᠯᠵᠦ᠂ ᠵᠦᠷᠢᠭᠦᠯᠦᠨ ᠬᠥᠭᠵᠢᠬᠦ᠎ᠵᠢ ᠪᠡᠶᠡᠯᠡᠭᠦᠯᠵᠦ᠂ ᠰᠢᠨ᠎ᠡ ᠨᠡᠮᠡᠭᠳᠡᠯ᠎ᠦᠨ ᠲᠤᠢᠯ᠎ᠢ ᠪᠣᠢᠵᠢᠭᠤᠯᠬᠤ ᠬᠡᠷᠡᠭᠲᠡᠢ᠃ ᠮᠠᠯ ᠠᠵᠤ ᠠᠬᠤᠢ᠎ᠶᠢᠨ ᠨᠠᠷᠢᠯᠢᠭ᠋ ᠡᠳ᠋ᠰᠢᠭᠦᠯᠭᠡ᠎ᠶᠢ ᠢᠳᠡᠪᠬᠢᠲᠡᠢ᠎ᠪᠡᠷ ᠬᠥᠭᠵᠢᠭᠦᠯᠵᠦ᠂《ᠥᠪᠥᠷ ᠮᠣᠩᠭᠣᠯ》 ᠨᠡᠷᠡᠮᠵᠢᠲᠦ ᠲᠦᠷᠦᠯ ᠲᠡᠮᠲᠡᠭ ᠪᠠ 《ᠰᠢᠯᠢ᠎ᠶᠢᠨ ᠭᠣᠣᠯ᠎ᠤᠨ ᠬᠣᠨᠢᠨ ᠮᠢᠬ᠎ᠠ》᠂《ᠰᠢᠯᠢ᠎ᠶᠢᠨ ᠭᠣᠣᠯ᠎ᠤᠨ ᠪᠢᠰᠢᠯᠠᠭ》 ᠵᠡᠷᠭᠡ ᠣᠷᠣᠨ ᠪᠦᠰᠡ᠎ᠶᠢᠨ ᠨᠡᠶ᠋ᠢᠲᠡ᠎ᠶᠢᠨ ᠬᠡᠷᠡᠭᠯᠡᠭᠡᠨ᠎ᠦ ᠲᠦᠷᠦᠯ ᠲᠡᠮᠳᠡᠭ᠎ᠢ ᠪᠤᠵᠠᠭᠠᠢᠷᠠᠭᠤᠯᠤᠨ ᠬᠦᠴᠦᠷᠬᠡᠭᠵᠢᠭᠦᠯᠵᠦ᠂ ᠨᠡᠩ ᠣᠯᠠᠨ ᠴᠢᠨᠠᠷ ᠰᠠᠢᠲᠠᠢ ᠮᠠᠯ᠎ᠤᠨ ᠠᠰᠢᠭ᠋ ᠰᠢᠮ᠎ᠡ᠎ᠶᠢ ᠪᠦᠬᠦ ᠤᠯᠤᠰ᠎ᠤᠨ ᠲᠣᠮᠣ᠌ ᠵᠠᠬ᠎ᠠ ᠳᠡᠯᠭᠡᠭᠦᠷ᠎ᠲᠦ ᠣᠷᠣᠭᠤᠯᠵᠤ᠂ ᠰᠠᠢᠨ ᠦᠨ᠎ᠡ ᠪᠡᠷ ᠬᠤᠳᠠᠯᠳᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃