ᠲᠤᠰᠬᠠᠢ ᠮᠡᠳᠡᠭᠡᠯᠡᠯ > ᠭᠣᠣᠯ ᠰᠡᠳᠦᠪᠲᠦ ᠮᠡᠳᠡᠭᠡᠯᠡᠯ

2026-11-01 13:07:26

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ ᠦᠪᠡᠷᠳᠡᠬᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ᠎ᠶᠢᠨ ᠨᠠᠮ᠎ᠤᠨ ᠭᠡᠰᠢᠭᠦᠨ ᠺᠠᠳ᠋ᠷ ᠤᠯᠠᠨ ᠲᠦᠮᠡᠨ᠎ᠦ ᠳᠤᠮᠳᠠ ᠬᠠᠯᠠᠭᠤᠨ ᠲᠤᠰᠬᠠᠯ ᠭᠠᠷᠪᠠ


10 ᠰᠠᠷ᠎ᠠ᠎ᠶᠢᠨ 26 ᠎ᠡᠴᠡ 29 ᠤ᠋ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠥᠬᠥᠳᠡ ᠬᠤᠷᠠᠯ ᠪᠡᠭᠡᠵᠢᠩ᠎ᠳᠦ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ᠎ᠶᠢᠨ ᠨᠠᠮ᠎ᠤᠨ ᠭᠡᠰᠢᠭᠦᠨ ᠺᠠᠳ᠋ᠷ ᠣᠯᠠᠨ ᠲᠦᠮᠡᠨ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠪᠥᠬᠥᠳᠡ ᠬᠤᠷᠠᠯ ᠡᠴᠡ ᠲᠤᠬᠳᠠᠭᠠᠬᠰᠠᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠢᠲᠡᠭᠡᠯ ᠵᠣᠷᠢᠭ᠋᠎ᠢᠶᠠᠨ ᠪᠠᠲᠤᠳᠬᠠᠵᠤ᠂ ᠦᠷᠭᠦᠯᠵᠢᠯᠡᠨ ᠲᠡᠮᠡᠴᠡᠵᠦ᠂ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ  ᠪᠡᠬᠢᠯᠡᠯᠲᠡ》 ᠵᠢ ᠪᠦᠲᠦᠭᠡᠨ ᠪᠠᠶ᠋ᠢᠭᠤᠯᠬᠤ ᠲᠠᠯ᠎ᠠ ᠪᠡᠷ ᠰᠢᠨ᠎ᠡ ᠵᠢᠳᠬᠦᠯ ᠴᠢᠷᠮᠠᠢᠯᠭ᠎ᠠ ᠭᠠᠷᠭᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠬᠠᠮᠲᠤ᠎ᠪᠠᠷ ᠪᠠᠶᠠᠵᠢᠬᠤ᠎ᠶᠢ ᠠᠬᠢᠭᠤᠯᠬᠤ᠎ᠶᠢᠨ ᠲᠥᠯᠥᠭᠡ ᠴᠥᠬᠥᠷᠡᠰᠢ ᠦᠭᠡᠢ ᠲᠡᠮᠡᠴᠡᠨ᠎ᠡ ᠭᠡᠵᠦ ᠢᠯᠡᠳᠬᠡᠵᠡᠭᠡᠪᠡ᠃

ᠴᠥᠬᠥᠷᠡᠰᠢ ᠦᠭᠡᠢ ᠪᠡᠷ ᠪᠤᠳᠠᠳᠠᠢ ᠠᠵᠢᠯᠯᠠᠵᠤ ᠯᠠᠪᠳᠠᠭᠤᠨ ᠪᠠᠳᠤᠳᠠᠢ ᠦᠢᠯᠡᠳᠦᠯᠭᠡᠵᠢᠭᠦᠯᠦᠨ᠎ᠠ

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠤᠢ᠎ᠶᠢᠨ ᠵᠠᠩᠭᠢᠯᠠᠭ᠎ᠠ᠎ᠶᠢᠨ ᠴᠡᠭ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠵᠠᠩᠭᠢᠯᠠᠭ᠎ᠠ᠎ᠶᠢᠨ ᠴᠠᠭ ᠦᠶ᠎ᠡ᠎ᠳᠦ ᠬᠤᠷᠠᠯᠳᠤᠭᠰᠠᠨ ᠨᠢᠭᠡ ᠤᠳᠠᠭ᠎ᠠ᠎ᠶᠢᠨ ᠮᠠᠰᠢ ᠴᠢᠬᠤᠯᠠ ᠬᠤᠷᠠᠯ ᠪᠣᠯᠣᠨ᠎ᠠ᠂ 《ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠲᠣᠭᠲᠠᠭᠠᠯ》 ᠢ᠋ ᠬᠢᠨᠠᠨ ᠵᠥᠪᠯᠡᠵᠦ ᠪᠠᠲᠤᠯᠠᠭᠰᠠᠨ ᠨᠢ ᠨᠠᠮ᠎ᠤᠨ ᠪᠠᠢᠭᠤᠯᠤᠯᠲᠠ᠎ᠶᠢ ᠴᠢᠩᠭᠠᠳᠬᠠᠬᠤ᠎ᠳᠤ ᠬᠥᠰᠢᠶ᠎ᠡ ᠳᠡᠮᠳᠡᠭ᠎ᠤᠨ ᠠᠴᠢ ᠬᠣᠯᠪᠣᠭᠳᠠᠯ᠎ᠲᠠᠢ ᠶᠤᠮ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠶᠡᠷᠦᠩᠬᠡᠢᠯᠡᠨ ᠵᠣᠬᠢᠴᠠᠭᠤᠯᠬᠤ ᠭᠠᠵᠠᠷ᠎ᠤᠨ ᠳᠠᠷᠤᠭ᠎ᠠ᠎ᠲᠠᠢ ᠵᠢᠢ ᠬᠤᠸᠠ᠂ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠨᠠᠮ᠎ᠤᠨ ᠨᠢᠭᠡᠳᠦᠮᠡᠯ ᠹᠷᠣᠨᠲ᠎ᠤᠨ ᠠᠵᠢᠯ᠎ᠢ ᠰᠠᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ᠂ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ  ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠴᠦᠬᠦᠷᠡᠰᠢ ᠦᠭᠡᠢ ᠪᠠᠷᠢᠮᠳᠠᠯᠠᠨ ᠠᠬᠢᠭᠤᠯᠬᠤ ᠲᠤᠬᠠᠢ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠲᠠᠢ ᠦᠨᠡᠨ ᠬᠦ᠌ ᠨᠢᠭᠡᠳᠬᠡᠵᠦ᠂ 《ᠬᠣᠶᠠᠷ᠎ᠢ ᠲᠣᠭᠲᠠᠭᠠᠭᠰᠠᠨ》 ᠢ᠋ ᠡᠷᠡᠰ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠦᠨ᠎ᠠ᠃ ᠨᠢᠭᠡᠳᠦᠮᠡᠯ ᠹᠷᠣᠨᠲ᠎ᠤᠨ ᠠᠵᠢᠯ᠎ᠤᠨ ᠪᠣᠳᠠᠲᠠᠢ ᠦᠢᠯᠡᠳᠦᠯᠭᠡ ᠳᠤᠮᠳᠠ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠢᠭᠡᠳᠦᠮᠡᠯ ᠹᠷᠣᠨᠲ᠎ᠤᠨ ᠠᠵᠢᠯ᠎ᠳᠠᠬᠢ ᠨᠠᠮ᠎ᠤᠨ ᠪᠥᠬᠥ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠶᠡᠬᠡ ᠨᠢᠭᠡᠳᠦᠮᠡᠯ ᠹᠷᠣᠨᠲ᠎ᠤᠨ ᠠᠵᠢᠯ᠎ᠤᠨ ᠪᠠᠢᠷᠢᠰᠢᠯ᠎ᠢ ᠦᠷᠭᠦᠯᠵᠢᠯᠡᠨ ᠲᠡᠭᠦᠯᠳᠡᠷᠵᠢᠭᠦᠯᠦᠨ᠎ᠠ ᠭᠡᠵᠦ ᠢᠯᠡᠷᠬᠡᠢᠯᠡᠪᠡ᠃

ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠪᠠᠢᠭᠤᠯᠭ᠎ᠠ᠎ᠳᠤ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠳᠠᠷᠤᠭ᠎ᠠ ᠪᠦᠦ ᠴᠢ ᡁᠢ᠂ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠳᠤ᠂ ᠡᠩ ᠲᠡᠷᠢᠭᠦᠨ᠎ᠳᠦ ᠨᠠᠮᠴᠢ ᠴᠢᠨᠠᠷ᠎ᠢ ᠴᠢᠩᠭᠠᠳᠬᠠᠬᠤ᠎ᠶᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠦᠨᠳᠦᠰᠦᠨ ᠴᠢᠨᠠᠷᠲᠠᠢ ᠡᠭᠦᠷᠭᠡ ᠪᠣᠯᠭᠠᠵᠤ᠂ ᠨᠠᠮ᠎ᠳᠠᠭᠠᠨ ᠦᠨᠡᠨᠴᠢ ᠰᠢᠳᠤᠷᠭᠤ ᠪᠠᠢᠬᠤ ᠬᠥᠮᠦᠵᠢᠯ᠎ᠢ ᠴᠢᠩᠭᠠᠳᠬᠠᠵᠤ᠂ ᠨᠠᠮ᠎ᠤᠨ ᠰᠢᠨ᠎ᠡ᠎ᠡᠭᠦᠳᠦᠯᠳᠡ ᠵᠢᠨ ᠤᠨᠤᠯ᠎ᠢᠶᠠᠷ ᠰᠡᠳᠬᠢᠯ᠎ᠢ᠋ ᠨᠢᠭ᠍ᠲᠠᠷᠠᠭᠤᠯᠤᠨ ᠰᠦᠭ ᠰᠦᠨᠡᠰᠦ᠎ᠵᠢ ᠱᠤᠭᠤᠬᠤ᠎ᠶᠢ ᠪᠠᠷᠢᠮᠲᠠᠯᠠᠨ᠎ᠠ᠃ ᠨᠠᠮ᠎ᠤᠨ ᠤᠯᠤᠰ ᠲᠥᠷᠥ᠎ᠶᠢᠨ ᠪᠠᠶ᠋ᠢᠭᠤᠯᠤᠯᠲᠠ᠎ᠪᠠᠷ ᠶᠡᠷᠦᠩᠬᠡᠶ᠋ᠢᠯᠡᠨ ᠵᠢᠯᠣᠭᠣᠳᠣᠭᠤᠯᠬᠤ᠎ᠶᠢ ᠪᠠᠷᠢᠮᠲᠠᠯᠠᠵᠤ᠂ ᠲᠣᠮᠢᠯᠠᠨ ᠰᠠᠭᠤᠯᠭᠠᠬᠤ ᠪᠠᠶ᠋ᠢᠭᠤᠯᠤᠮᠵᠢ᠎ᠶᠢᠨ ᠲᠤᠰᠢᠶᠠᠯ ᠬᠠᠷᠢᠭᠤᠴᠠᠯᠭ᠎ᠠ᠎ᠶᠢᠨ ᠪᠠᠶ᠋ᠢᠷᠢ ᠲᠣᠭᠲᠠᠭᠠᠯᠲᠠ᠎ᠲᠠᠶ ᠨᠢᠭᠲᠠ ᠤᠶᠠᠯᠳᠤᠭᠤᠯᠤᠨ᠂ 《ᠲᠣᠮᠢᠯᠠᠬᠤ》 ᠡᠷᠬᠡ ᠰᠦᠷ ᠪᠠ 《ᠰᠠᠭᠤᠬᠤ》 ᠵᠢᠨ ᠳᠠᠪᠠᠭᠤᠯᠢᠭ᠎ᠢᠶᠠᠨ ᠦᠨᠡᠨ ᠬᠦ᠌ ᠴᠢᠩᠭᠠᠳᠬᠠᠵᠤ᠂ ᠤᠯᠤᠰ ᠲᠥᠷᠥ᠎ᠶᠢᠨ ᠬᠢᠨᠠᠯᠲᠠ ᠲᠠᠯᠪᠢᠬᠤ᠎ᠶᠢ ᠲᠡᠷᠢᠭᠦᠨ᠎ᠳᠦ ᠲᠠᠯᠪᠢᠵᠤ᠂ ᠤᠯᠤᠰ ᠲᠥᠷᠥ᠎ᠶᠢᠨ ᠬᠢᠨᠠᠯᠲᠠ ᠲᠠᠯᠪᠢᠬᠤ᠎ᠶᠢ ᠪᠣᠳᠠᠲᠠᠶ᠋ᠢᠵᠢᠭᠤᠯᠬᠤ᠂ ᠨᠠᠷᠢᠯᠢᠭ ᠣᠨᠣᠴᠠᠲᠠᠶ ᠪᠣᠯᠭᠠᠬᠤ᠂ ᠪᠠᠶ᠋ᠢᠩᠭᠤᠵᠢᠭᠤᠯᠬᠤ ᠳᠡᠭᠡᠷ᠎ᠡ ᠨᠠᠩ ᠶᠡᠬᠡ ᠬᠦᠴᠦ᠍ ᠣᠷᠣᠭᠤᠯᠵᠤ᠂ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠭᠡᠬᠦ᠌ ᠡᠨᠡ ᠬᠦ᠌ ᠦᠨᠳᠦᠰᠦᠨ ᠵᠦᠢᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠳᠤᠮᠳᠠᠬᠢ ᠵᠥᠷᠢᠶ᠎ᠡ ᠵᠢ ᠴᠢᠨᠭᠭ᠎ᠠ ᠠᠨᠭᠬᠠᠷᠴᠤ᠂ ᠡᠳᠦᠷ ᠲᠤᠲᠤᠮ᠎ᠤᠨ ᠬᠢᠨᠠᠯᠲᠠ ᠲᠠᠯᠪᠢᠬᠤ ᠪᠠ ᠲᠤᠰᠬᠠᠶ ᠬᠢᠨᠠᠯᠲᠠ ᠲᠠᠯᠪᠢᠬᠤ᠎ᠶᠢ ᠪᠣᠳᠠᠲᠠᠶ ᠪᠥᠭᠡᠳ ᠨᠠᠷᠢᠯᠢᠭ ᠬᠢᠵᠦ᠍᠂ ᠵᠠᠰᠠᠭ᠎ᠤᠨ ᠵᠠᠷᠯᠢᠭ᠎ᠤᠨ ᠰᠠᠭᠠᠳ ᠥᠬᠡᠶ ᠶᠠᠪᠤᠭᠳᠠᠬᠤ᠂ ᠵᠠᠷᠯᠢᠭ ᠴᠠᠭᠠᠵᠠ᠎ᠶᠢ ᠳᠠᠭᠠᠬᠤ᠎ᠶᠢ ᠦᠨᠡᠨ ᠬᠦ᠌ ᠪᠠᠲᠤᠯᠠᠨ᠎ᠠ ᠭᠡᠵᠤ ᠢᠯᠡᠳᠭᠡᠪᠡ᠃

《ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠠᠬᠢᠭᠤᠯᠬᠤ᠎ᠳᠤ᠂ ᠡᠷᠬᠡᠪᠰᠢ ᠤᠷᠲᠤ᠌ ᠬᠤᠭᠤᠴᠠᠭ᠎ᠠ᠎ᠪᠠᠷ ᠪᠠᠷᠢᠮᠲᠠᠯᠠᠵᠤ᠂ ᠴᠥᠬᠥᠷᠡᠰᠢ ᠦᠭᠡᠢ ᠪᠠᠶ᠋ᠢᠩᠭᠤ ᠠᠳᠬᠤᠬᠤ ᠬᠡᠷᠡᠭᠲᠡᠢ》᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ᠌ ᠬᠣᠷᠢᠶ᠎ᠠ ᠵᠢᠨ ᠠᠯᠪᠠᠨ ᠭᠡᠷ᠎ᠦᠨ ᠳᠡᠳ᠋ ᠡᠷᠬᠢᠯᠡᠭᠴᠢ ᠮᠠ ᠴᠢᠶᠦ᠋ᠨ᠂ 《ᠪᠢ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠬᠠᠤᠯᠢ ᠴᠠᠭᠠᠵᠠ᠎ᠶᠢᠨ ᠠᠵᠢᠯ᠎ᠳᠠᠬᠢ ᠨᠠᠮ ᠤ᠋ᠨ ᠬᠠᠷᠢᠴᠠᠯᠠᠰᠢᠭᠦᠢ ᠤᠳᠤᠷᠢᠳᠤᠯᠭ᠎ᠠ᠎ᠶᠢ ᠪᠠᠲᠤ᠌ ᠪᠠᠷᠢᠮᠲᠠᠯᠠᠨ᠂ ᠠᠵᠢᠯ᠎ᠤᠨ ᠪᠠᠶ᠋ᠢᠷᠢ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠵᠤ᠂ ᠡᠭᠦᠷᠢᠳᠡ ᠵᠤᠬᠰᠤᠰᠢ ᠦᠭᠡᠢ ᠪᠠᠶ᠋ᠢᠬᠤ ᠬᠤᠷᠴᠨ ᠰᠡᠷᠭᠡᠭ ᠪᠠ ᠡᠷᠡᠰ ᠪᠠᠲᠤ᠌ ᠪᠡᠷ ᠨᠠᠮ᠎ᠤᠨ ᠡᠯ᠎ᠡ ᠵᠦᠢᠯ᠎ᠦᠨ ᠰᠠᠬᠢᠯᠭ᠎ᠠ ᠪᠠᠲᠤ᠎ᠶᠢ ᠴᠢᠩᠭ᠎ᠠ ᠰᠠᠬᠢᠵᠤ᠂ ᠪᠢᠰᠢᠷᠡᠨ ᠵᠢᠷᠦᠬᠡᠰᠢᠶᠡᠬᠦ᠌᠎ᠶᠢ ᠬᠢᠴᠢᠶᠡᠵᠤ᠂ ᠰᠡᠷᠡᠮᠵᠢᠯᠡᠨ ᠴᠡᠭᠡᠷᠯᠡᠵᠦ᠍᠂ ᠬᠣᠷᠢᠭ᠎ᠠ ᠱᠤᠭᠤᠮ᠎ᠢ ᠪᠡᠳᠤ ᠰᠠᠬᠢᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠌᠎ᠶᠢ ᠪᠡᠶᠡᠯᠡᠭᠦᠯᠵᠦ᠍᠂ ᠤᠯᠤᠰ ᠲᠦᠷᠦ᠎ᠶᠢᠨ ᠬᠡᠪ ᠴᠢᠨᠠᠷ ᠪᠣᠯᠤᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠌ ᠴᠢᠳᠠᠪᠤᠷᠢ᠎ᠪᠠᠨ ᠲᠠᠰᠤᠷᠠᠯᠳᠠ ᠦᠭᠡᠢ ᠳᠡᠭᠡᠭᠰᠢᠯᠡᠭᠦᠯᠦᠨ᠂ ᠬᠠᠤᠯᠢ ᠴᠠᠭᠠᠵᠠ᠎ᠶᠢᠨ ᠬᠦᠷᠢᠶᠡᠨ᠎ᠳᠡᠬᠢ ᠠᠷᠠᠳ᠎ᠤᠨ ᠠᠮᠢᠳᠤᠷᠠᠯ᠎ᠤᠨ ᠪᠣᠳᠠᠲᠤ᠌ ᠶᠠᠪᠤᠳᠠᠯ᠎ᠢ ᠰᠡᠳᠬᠢᠯ ᠲᠠᠯᠪᠢᠨ ᠬᠠᠶ᠋ᠢᠷ᠎ᠠ ᠰᠡᠳᠬᠢᠯᠭᠡ᠎ᠲᠡᠶ᠎ᠪᠡᠷ ᠰᠠᠶ᠋ᠢᠲᠤᠷ ᠬᠢᠵᠦ᠍᠂ ᠴᠢᠩᠭ᠎ᠠ ᠰᠤᠷᠲᠠᠯ᠎ᠢᠶᠠᠷ ᠬᠠᠤᠯᠢ ᠴᠠᠭᠠᠵᠠ᠎ᠶᠢᠨ ᠲᠥᠪ ᠭᠣᠣᠯᠴᠢ᠎ᠶᠢ ᠬᠠᠮᠠᠭᠠᠯᠠᠨ᠂ ᠪᠣᠳᠠᠲᠠᠢ ᠠᠵᠢᠯᠯᠠᠬᠤ ᠳᠤᠮᠳᠠ ᠰᠢᠨ᠎ᠡ ᠴᠠᠭ ᠦᠶ᠎ᠡ᠎ᠶᠢᠨ ᠰᠢᠭᠦᠨ ᠲᠠᠰᠤᠯᠬᠤ ᠠᠵᠢᠯ᠎ᠤᠨ ᠴᠢᠨᠠᠷ ᠰᠠᠢᠳᠠᠢ ᠬᠦᠭᠵᠢᠯᠳᠠ ᠵᠢ ᠠᠬᠢᠭᠤᠯᠬᠤ ᠳ᠋ᠤ ᠢᠳᠡᠪᠬᠢᠳᠠᠢ ᠬᠤᠪᠢ ᠨᠠᠮᠠᠷᠢ ᠦᠵᠡᠬᠦᠯᠤᠨ᠎ᠠ》 ᠭᠡᠪᠡ᠃

ᠲᠣᠭᠲᠠᠯ ᠬᠦᠴᠦᠨ᠎ᠢᠶᠡᠨ ᠪᠠᠲᠤᠯᠠᠵᠤ ᠲᠥᠪ ᠶᠣᠰᠣ᠎ᠶᠢ ᠪᠠᠷᠢᠮᠲᠠᠯᠠᠨ ᠰᠢᠨ᠎ᠡ᠎ᠶᠢ ᠡᠭᠦᠳᠦᠨ᠎ᠡ

ᠪᠥᠬᠥᠳᠡ ᠬᠤᠷᠠᠯ᠎ᠡᠴᠡ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠡᠷᠢᠮᠳᠡᠯᠡᠨ ᠠᠬᠢᠭᠤᠯᠬᠤ ᠵᠠᠷᠴᠢᠮ ᠪᠣᠯ᠄ ᠡᠭᠦᠷᠭᠡ᠎ᠬᠠᠷᠢᠭᠤᠴᠠᠯᠭ᠎ᠠ ᠳ᠋ᠤ ᠦᠢᠯᠡᠴᠢᠯᠡᠬᠦ᠌᠎ᠶᠢ ᠪᠠᠷᠢᠮᠲᠠᠯᠠᠵᠤ᠂ ᠨᠠᠮ᠎ᠤᠨ ᠤᠯᠤᠰ ᠲᠥᠷᠦ᠎ᠶᠢᠨ ᠪᠠᠶ᠋ᠢᠭᠤᠯᠤᠯᠲᠠ᠎ᠪᠠᠷ ᠶᠡᠷᠦᠩᠬᠡᠶ᠋ᠢᠯᠡᠨ ᠵᠢᠯᠣᠭᠣᠳᠣᠭᠤᠯᠬᠤ᠎ᠶᠢ ᠪᠠᠷᠢᠮᠲᠠᠯᠠᠵᠤ᠂ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠪᠠᠷᠢᠮᠲᠠᠯᠠᠵᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠲᠥᠪ ᠶᠣᠰᠣ᠎ᠶᠢ ᠪᠠᠷᠢᠮᠲᠠᠯᠠᠨ ᠰᠢᠨ᠎ᠡ᠎ᠶᠢ ᠡᠭᠦᠳᠬᠦ᠌᠎ᠶᠢ ᠪᠠᠷᠢᠮᠲᠠᠯᠠᠵᠤ᠂ ᠳᠡᠭᠡᠳᠦ ᠱᠠᠲᠤ᠌ ᠨᠢ ᠳᠣᠣᠷᠠᠳᠤ ᠱᠠᠲᠤ᠎ᠪᠠᠨ ᠳᠠᠭᠠᠭᠤᠯᠬᠤ᠎ᠶᠢ ᠪᠠᠷᠢᠮᠲᠠᠯᠠᠵᠤ᠂ ᠲᠣᠭᠲᠠᠭᠠᠯ ᠶᠣᠰᠣᠭᠠᠷ ᠨᠠᠮ᠎ᠢ ᠵᠠᠰᠠᠬᠤ᠎ᠶᠢ ᠪᠠᠷᠢᠮᠲᠠᠯᠠᠬᠤ ᠭᠡᠷᠡᠭᠳᠠᠢ᠃ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠣᠯᠠᠨ ᠲᠦᠮᠡᠨ᠂ ᠡᠲᠡᠭᠡᠷ ᠵᠠᠷᠴᠢᠮ ᠪᠣᠯ ᠰᠢᠨ᠎ᠡ ᠴᠠᠭ ᠦᠶ᠎ᠡ᠎ᠶᠢᠨ ᠪᠥᠬᠥ᠌ ᠲᠠᠯ᠎ᠠ᠎ᠪᠠᠷ ᠨᠠᠮ ᠢ᠋ ᠴᠢᠩᠭ᠎ᠠ ᠵᠠᠰᠠᠭᠰᠠᠨ ᠲᠤᠷᠰᠢᠯᠭ᠎ᠠ᠎ᠶᠢᠨ ᠰᠢᠨᠵᠢᠯᠡᠬᠦ᠌ ᠤᠬᠠᠭᠠᠨᠴᠢ ᠳ᠋ᠦᠩᠨᠡᠯᠲᠡ ᠮᠥᠨ᠂ ᠡᠷᠬᠡᠪᠰᠢ ᠣᠷᠳᠣ ᠬᠤᠭᠤᠴᠠᠭ᠎ᠠ᠎ᠪᠠᠷ ᠪᠠᠷᠢᠮᠲᠠᠯᠠᠬᠤ᠎ᠶᠢᠨ ᠬᠠᠮᠲᠤ᠌ ᠲᠠᠰᠤᠷᠠᠯᠲᠠ ᠥᠬᠡᠶ ᠪᠠᠶᠠᠯᠢᠭᠵᠢᠭᠤᠯᠤᠨ ᠬᠥᠭᠵᠢᠭᠦᠯᠬᠦ᠌ ᠬᠡᠷᠡᠭᠲᠡᠶ ᠭᠡᠵᠤ ᠦᠵᠡᠵᠡᠭᠡᠪᠡ᠃

ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠠᠩ ᠸᠸᠨ ᠲᠤᠤ᠂ ᠪᠦᠬᠦ᠌ ᠣᠷᠣᠨ᠎ᠤ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠹᠷᠣᠨᠲ᠎ᠤᠨ ᠬᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠤᠳᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠶᠢ ᠣᠳᠣᠬᠠᠨ᠎ᠤ ᠪᠠ ᠬᠣᠶ᠋ᠢᠰᠢᠳᠠ᠎ᠶᠢᠨ ᠭᠡᠰᠡᠭ ᠬᠤᠭᠤᠴᠠᠭᠠᠨ᠎ᠤ ᠴᠢᠬᠤᠯᠠ ᠤᠯᠤᠰ ᠲᠦᠷᠦ᠎ᠶᠢᠨ ᠡᠭᠦᠷᠭᠡ ᠪᠣᠯᠭᠠᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠶ᠋ᠢᠭᠤᠯᠤᠯᠲᠠ᠎ᠶᠢᠨ ᠶᠡᠷᠦᠩᠬᠡᠢ ᠱᠠᠭᠠᠷᠳᠠᠯᠭ᠎ᠠ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠡᠨᠡ ᠬᠦ᠌ ᠭᠣᠣᠯ ᠰᠢᠵᠢᠮ᠎ᠢ ᠪᠠᠲᠤ᠌ ᠡᠵᠡᠮᠳᠡᠵᠦ᠍᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠠᠮᠢᠶᠠᠷᠤᠯᠲᠠ᠎ᠶᠢᠨ ᠪᠦᠬᠦ᠌ ᠶᠠᠪᠤᠴᠠ᠎ᠳᠤ ᠲᠤᠭᠤᠰᠢᠯᠠᠭᠤᠯᠤᠨ᠎ᠠ ᠭᠡᠵᠦ᠍ ᠢᠯᠡᠳᠬᠡᠪᠡ᠃

ᠪᠥᠬᠥᠳᠡ ᠬᠤᠷᠠᠯ᠎ᠡᠴᠡ᠂ ᠢᠯᠵᠢᠷᠠᠬᠦ ᠡᠴᠡ ᠵᠢᠷᠦᠬᠡᠰᠢᠶᠡᠬᠦ ᠢᠯᠵᠢᠷᠠᠵᠤ ᠪᠤᠯᠬᠤ ᠦᠭᠡᠢ ᠢᠯᠵᠢᠷᠠᠬᠦ᠎ᠶᠢ ᠪᠤᠳᠤᠬᠤ ᠥᠬᠡᠶ ᠪᠠᠶ᠋ᠢᠬᠤ᠎ᠶᠢ ᠨᠢᠭᠡ ᠴᠤᠭᠴᠠᠵᠢᠭᠤᠯᠤᠨ ᠠᠬᠢᠭᠤᠯᠬᠤ ᠪᠣᠯ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠴᠢᠬᠤᠯᠠ ᠠᠷᠭ᠎ᠠ ᠪᠣᠳᠣᠯᠭ᠎ᠠ ᠪᠠ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠦᠨ ᠦᠨᠳᠦᠰᠦᠨ ᠴᠢᠭᠯᠡᠯᠲᠡ ᠮᠥᠨ᠃ 《ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠲᠢᠩᠬᠢᠮ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠥᠬᠥᠳᠡ ᠬᠤᠷᠠᠯ᠎ᠤᠨ ᠪᠠᠶ᠋ᠢᠷᠢᠯᠠᠭᠤᠯᠤᠯᠲᠠ᠎ᠶᠢ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠬᠦᠷᠢᠶᠡᠨ᠎ᠦ ᠵᠠᠰᠠᠯᠲᠠ᠎ᠶᠢᠨ ᠪᠥᠬᠥ᠌ ᠶᠠᠪᠤᠴᠠ᠎ᠳᠤ ᠠᠭᠤᠰᠬᠠᠵᠤ᠂ ᠤᠯᠤᠰ ᠲᠥᠷᠥ᠎ᠶᠢᠨ ᠰᠠᠬᠢᠯᠭ᠎ᠠ ᠪᠠᠲᠤ᠌ ᠪᠠ ᠤᠯᠤᠰ ᠲᠥᠷᠥ᠎ᠶᠢᠨ ᠶᠣᠰᠣ ᠲᠦᠷᠢᠮ᠎ᠢ ᠢᠮᠠᠭᠲᠠ ᠴᠢᠩᠭ᠎ᠠ ᠰᠠᠬᠢᠵᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠭᠤᠤᠯ ᠴᠣᠭᠴᠠ᠎ᠶᠢᠨ ᠬᠠᠷᠢᠭᠤᠴᠠᠯᠭ᠎ᠠ᠎ᠶᠢ ᠪᠣᠳᠠᠲᠠᠶ᠋ᠢᠵᠢᠭᠤᠯᠤᠨ᠂ ᠪᠠᠶ᠋ᠢᠩᠭᠤᠵᠢᠭᠰᠠᠨ ᠬᠢᠨᠠᠯᠲᠠ ᠬᠠᠮᠢᠶᠠᠷᠤᠯᠲᠠ᠎ᠶᠢᠨ ᠲᠣᠭᠲᠠᠴᠠ᠎ᠶᠢ ᠪᠦᠷᠢᠨᠰᠢᠬᠦᠯᠵᠥ᠍᠂ ᠢᠨᠵᠧᠨᠧᠷᠢᠩ᠎ᠦᠨ ᠪᠥᠲᠥᠭᠡᠨ ᠪᠠᠶ᠋ᠢᠭᠤᠯᠤᠯᠲᠠ᠂ ᠠᠵᠢᠯ ᠲᠥᠷᠥᠯ᠎ᠦᠨ ᠬᠢᠨᠠᠯᠲᠠ ᠬᠠᠮᠢᠶᠠᠷᠤᠯᠲᠠ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠵᠡᠷᠭᠡ ᠭᠤᠤᠯᠳᠠᠯᠭ᠎ᠠ᠎ᠲᠠᠶ ᠬᠦᠷᠢᠶᠡᠨ᠎ᠦ ᠠᠶᠤᠯ ᠲᠦᠭᠰᠢᠭᠦᠷᠢ᠎ᠶᠢ ᠰᠡᠷᠭᠡᠶ᠋ᠢᠯᠡᠨ ᠡᠵᠡᠮᠳᠡᠬᠦ᠌᠎ᠶᠢ ᠴᠢᠩᠭ᠎ᠠ ᠠᠩᠬᠠᠷᠬᠤ ᠬᠡᠷᠡᠭᠲᠡᠶ》᠃ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠲᠢᠩᠬᠢᠮ᠎ᠦᠨ ᠪᠠᠶ᠋ᠢᠭᠤᠯᠭ᠎ᠠ᠎ᠶᠢᠨ ᠰᠠᠬᠢᠯᠭ᠎ᠠ ᠪᠠᠲᠤ᠌ ᠪᠠᠶ᠋ᠢᠴᠠᠭᠠᠬᠤ ᠬᠤᠷᠢᠶ᠎ᠠ ᠵᠢᠨ ᠱᠦᠵᠢ ᠮᠠ᠎ᠶᠢᠨ ᠴᠧᠨ᠂ 《ᠲᠠᠷᠠᠭᠠᠴᠢ᠎ᠶᠢᠨ ᠠᠯᠬᠤᠮ᠎ᠳᠤ᠂ ᠪᠢᠳᠡ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠦᠷᠭᠦᠯᠵᠢᠯᠡᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠌ ᠪᠣᠳᠠᠲᠤ᠌ ᠦᠷ᠎ᠡ ᠪᠦᠲᠦᠮᠵᠢ ᠪᠣᠯᠭᠠᠨ ᠤᠯᠠᠷᠢᠭᠤᠯᠵᠤ᠂ ᠴᠢᠩᠭ᠎ᠠ ᠪᠠᠢᠬᠤ ᠬᠥᠭ ᠠᠶᠠᠰ᠎ᠢ ᠭᠤᠶ᠋ᠢᠪᠢᠰᠢ ᠥᠬᠡᠶ ᠪᠠᠷᠢᠮᠲᠠᠯᠠᠵᠤ᠂ ᠨᠠᠮᠴᠢ ᠴᠢᠨᠠᠷ᠎ᠤᠨ ᠬᠥᠮᠦᠵᠢᠯ ᠪᠠ ᠰᠠᠬᠢᠯᠭ᠎ᠠ ᠪᠠᠲᠤ᠎ᠶᠢᠨ ᠬᠥᠮᠦᠵᠢᠯ᠎ᠢ ᠪᠠᠶ᠋ᠢᠩᠭᠤᠵᠢᠭᠤᠯᠤᠨ ᠥᠷᠨᠢᠭᠦᠯᠵᠦ᠍᠂ ᠺᠠᠳ᠋ᠷ ᠠᠵᠢᠯᠲᠠᠨ᠎ᠤ ᠠᠷᠢᠭᠤᠨ ᠴᠢᠬᠡᠴᠢ᠎ᠶᠢ ᠡᠷᠬᠢᠮᠯᠡᠵᠦ᠍ ᠢᠯᠵᠢᠷᠠᠯ᠎ᠢ ᠡᠰᠡᠷᠭᠦᠴᠡᠬᠦ᠌ ᠦᠵᠡᠯ ᠰᠠᠨᠠᠭᠠᠨ᠎ᠤ ᠰᠠᠭᠤᠷᠢ᠎ᠶᠢ ᠪᠡᠬᠢᠵᠢᠭᠦᠯᠵᠦ᠍᠂ ᠴᠢᠩᠭ᠎ᠠ ᠪᠣᠳᠠᠲᠠᠶ ᠰᠤᠷᠲᠠᠯ᠎ᠢᠶᠠᠷ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠌ ᠦᠢᠯᠡ ᠠᠵᠢᠯᠯᠠᠭ᠎ᠠ᠎ᠶᠢ ᠵᠢᠷᠤᠮᠵᠢᠭᠤᠯᠵᠤ᠂ ᠠᠵᠢᠯ ᠲᠥᠷᠥᠯ᠎ᠦᠨ ᠠᠮᠢ ᠠᠬᠤᠶ᠎ᠶᠢ ᠴᠡᠪᠡᠷᠰᠢᠭᠦᠯᠵᠦ᠍᠂ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠯᠠᠪᠳᠠᠭᠤᠨ ᠪᠠᠲᠤᠲᠠᠶ ᠦᠷ᠎ᠡ ᠪᠦᠲᠦᠮᠵᠢ᠎ᠪᠡᠷ ᠥᠪᠥᠷ ᠮᠣᠩᠭᠣᠯ᠎ᠤᠨ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠤᠨ᠎ᠠ》 ᠭᠡᠪᠡ᠃

《ᠪᠢᠳᠡ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠣᠶ᠋ᠢᠯᠠᠭᠠᠵᠤ᠂ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠡᠭᠦᠷᠭᠡ ᠬᠠᠷᠢᠭᠤᠴᠠᠯᠭᠠᠲᠤ᠌ ᠰᠡᠳᠬᠢᠯᠭᠡ ᠪᠠᠨ ᠦᠨᠡᠨ ᠬᠦ᠌ ᠴᠢᠩᠭᠠᠳᠬᠠᠨ᠎ᠠ》᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠦᠨ ᠪᠠᠶ᠋ᠢᠭᠤᠯᠭ᠎ᠠ᠎ᠶᠢᠨ ᠨᠠᠮ᠎ᠤᠨ ᠬᠤᠷᠢᠶ᠎ᠠ ᠵᠢᠨ ᠲᠤᠰᠬᠠᠶ ᠲᠤᠰᠢᠶᠠᠯᠲᠤ᠌ ᠳᠡᠳ᠋ ᠱᠦᠵᠢ ᠸᠠᠩ ᠬᠣᠩ ᠯᠢᠦ᠂ 《ᠨᠠᠮ᠎ᠤᠨ ᠪᠠᠶ᠋ᠢᠭᠤᠯᠤᠯᠲᠠ᠎ᠶᠢ ᠰᠠᠶ᠋ᠢᠲᠤᠷ ᠠᠳᠬᠤᠬᠤ ᠪᠣᠯ ᠬᠠᠮᠤᠭ᠎ᠤᠨ ᠶᠡᠬᠡ ᠵᠠᠰᠠᠭ᠎ᠤᠨ ᠠᠵᠢᠯ᠎ᠤᠨ ᠪᠦᠲᠦᠮᠵᠢ ᠮᠥᠨ》 ᠭᠡᠬᠦ᠌ ᠣᠶ᠋ᠢᠯᠠᠭᠠᠭᠳᠠᠬᠤᠨ᠎ᠢ ᠪᠠᠲᠤ᠌ ᠪᠣᠶ ᠪᠣᠯᠭᠠᠵᠤ᠂ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠲᠤᠬᠠᠶ᠋ᠢᠯᠠᠭᠰᠠᠨ ᠠᠵᠢᠯ᠎ᠤᠨ ᠪᠥᠬᠥ᠌ ᠶᠠᠪᠤᠴᠠ᠎ᠳᠤ ᠭᠦᠨᠵᠡᠭᠡᠶ ᠠᠭᠤᠰᠬᠠᠵᠤ᠂ ᠵᠡᠷᠭᠡᠪᠡᠷ ᠪᠠᠶ᠋ᠢᠷᠢᠯᠠᠭᠤᠯᠬᠤ᠂ ᠵᠡᠷᠬᠡᠪᠡᠷ ᠪᠠᠶ᠋ᠢᠴᠠᠭᠠᠬᠤ᠂ ᠵᠡᠷᠭᠡᠪᠡᠷ ᠬᠢᠨᠠᠨ ᠰᠢᠯᠭᠠᠬᠤ᠎ᠶᠢ ᠪᠡᠶᠡᠯᠡᠭᠦᠯᠵᠦ᠍᠂ ᠨᠠᠮ᠎ᠤᠨ ᠪᠠᠶ᠋ᠢᠭᠤᠯᠤᠯᠲᠠ᠎ᠶᠢᠨ ᠠᠵᠢᠯ᠎ᠢ ᠪᠣᠳᠠᠲᠠᠶ ᠠᠳᠬᠤᠨ᠎ᠡ᠃ ᠰᠠᠬᠢᠯᠭ᠎ᠠ ᠪᠠᠲᠤ᠌ ᠪᠠ ᠶᠣᠰᠣ ᠲᠦᠷᠢᠮ᠎ᠢ ᠲᠡᠷᠢᠭᠦᠨ᠎ᠳᠦ ᠲᠠᠯᠪᠢᠬᠤ᠎ᠶᠢ ᠪᠠᠷᠢᠮᠲᠠᠯᠠᠵᠤ᠂ ᠡᠳᠦᠷ ᠲᠤᠳᠤᠮ᠎ᠤᠨ ᠬᠢᠨᠠᠯᠲᠠ ᠲᠠᠯᠪᠢᠬᠤ ᠪᠠ ᠰᠡᠷᠡᠮᠵᠢᠯᠡᠭᠦᠯᠬᠦ᠌ ᠬᠥᠮᠦᠵᠢᠯ᠎ᠢ ᠴᠢᠩᠭᠠᠳᠬᠠᠨ᠎ᠠ᠃ ᠬᠢᠨᠠᠯᠲᠠ ᠲᠠᠯᠪᠢᠬᠤ ᠰᠢᠰᠲ᠋ᠧᠮ᠎ᠢ ᠪᠦᠷᠢᠨᠰᠢᠭᠦᠯᠵᠦ᠍᠂ ᠬᠢᠨᠠᠯᠲᠠ ᠲᠠᠯᠪᠢᠬᠤ ᠪᠠ ᠰᠠᠬᠢᠯᠭ᠎ᠠ ᠪᠠᠲᠤ᠎ᠶᠢ ᠬᠡᠷᠡᠭᠵᠢᠭᠦᠯᠬᠦ᠌ 《ᠲᠦᠷᠪᠡᠨ ᠵᠦᠢᠯ᠎ᠦᠨ ᠬᠡᠯᠪᠡᠷᠢ》 ᠵᠢ ᠭᠦᠨᠵᠡᠭᠡᠢ ᠬᠡᠷᠡᠭᠯᠡᠨ᠂ ᠴᠢᠩᠭ᠎ᠠ ᠬᠠᠮᠢᠶᠠᠷᠬᠤ ᠪᠠ ᠬᠠᠶ᠋ᠢᠷᠠᠯᠠᠨ ᠬᠠᠯᠠᠮᠵᠢᠯᠠᠬᠤ᠎ᠶᠢ ᠤᠶᠠᠯᠳᠤᠭᠤᠯᠬᠤ᠎ᠶᠢ ᠪᠠᠷᠢᠮᠲᠠᠯᠠᠵᠤ᠂ ᠦᠨᠡᠨ ᠬᠦ᠌ ᠬᠠᠮᠢᠶᠠᠷᠴᠤ᠌ ᠦᠨᠡᠨ ᠬᠦ᠌ ᠴᠢᠩᠳᠠᠯᠠᠵᠤ᠂ ᠵᠣᠷᠢᠭᠲᠠᠢ ᠬᠠᠮᠢᠶᠠᠷᠴᠤ᠌ ᠵᠣᠷᠢᠭᠲᠠᠢ ᠴᠢᠩᠳᠠᠯᠠᠵᠤ᠂ ᠤᠷᠳᠤ ᠬᠤᠭᠤᠴᠠᠭ᠎ᠠ᠎ᠪᠠᠷ ᠬᠠᠮᠢᠶᠠᠷᠴᠤ᠌ ᠤᠷᠳᠤ ᠬᠤᠭᠤᠴᠠᠭ᠎ᠠ᠎ᠪᠠᠷ ᠴᠢᠩᠳᠠᠯᠠᠵᠤ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ᠍ ᠦᠢᠯᠡᠰ ᠪᠤᠰᠬᠠᠬᠤ ᠰᠠᠢ᠌ᠨ ᠰᠠᠶ᠋ᠢᠬᠠᠨ ᠤᠯᠤᠰ ᠲᠦᠷᠦ᠎ᠶᠢᠨ ᠠᠮᠢ ᠠᠬᠤᠢ᠎ᠶᠢ ᠪᠤᠢ ᠪᠣᠯᠭᠠᠨ᠎ᠠ᠃ ᠲᠥᠪᠯᠡᠷᠡᠭᠦᠯᠦᠨ ᠴᠡᠭᠴᠡᠯᠡᠨ ᠵᠠᠰᠠᠬᠤ ᠡᠭᠦᠷᠭᠡ᠎ᠶᠢ ᠲᠡᠷᠡ ᠬᠡᠪ᠎ᠢᠶᠡᠷ᠎ᠨᠢ ᠪᠡᠶᠡᠯᠡᠭᠦᠯᠵᠦ᠍᠂ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠪᠠ ᠬᠥᠳᠡᠭᠡ ᠲᠣᠰᠬᠣᠨ᠎ᠤ 《ᠪᠠᠯᠠ ᠮᠥᠩᠭᠥ᠌ ᠡᠳ᠋ ᠬᠥᠷᠥᠩᠭᠡ ᠡᠬᠢ ᠪᠠᠶᠠᠯᠢᠭ》ᠤ᠋ᠨ ᠬᠠᠮᠢᠶᠠᠷᠤᠯᠲᠠ ᠵᠡᠷᠭᠡ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠴᠡᠭᠴᠡᠯᠡᠨ ᠵᠠᠰᠠᠭᠰᠠᠨ ᠦᠷ᠎ᠡ ᠪᠦᠲᠦᠭᠡᠯ᠎ᠢᠶᠡᠨ ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ᠎ᠤ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠬᠤ ᠰᠢᠨ᠎ᠡ ᠦᠷ᠎ᠡ ᠪᠦᠲᠦᠮᠵᠢ ᠪᠣᠯᠭᠠᠨ ᠬᠤᠪᠢᠷᠠᠭᠤᠯᠬᠤ᠎ᠪᠠᠷ ᠴᠢᠷᠮᠠᠶ᠋ᠢᠨ᠎ᠠ ᠭᠡᠵᠤ ᠢᠯᠡᠳᠭᠡᠪᠡ᠃

ᠴᠦᠬᠦᠷᠡᠰᠢ ᠦᠬᠡᠢ ᠵᠢᠳᠭᠦᠨ ᠴᠢᠷᠮᠠᠢᠵᠤ ᠵᠤᠷᠢᠭᠳᠠᠢ ᠪᠡᠷ ᠬᠠᠷᠢᠭᠤᠴᠠᠯᠭ᠎ᠠ ᠡᠭᠦᠷᠭᠡᠯᠡᠨ᠎ᠡ

ᠬᠡᠳᠦᠢ ᠶᠡᠬᠡ ᠰᠠᠯᠬᠢ ᠪᠣᠷᠣᠭᠠᠨ᠎ᠢ ᠥᠩᠭᠡᠷᠡᠭᠡᠭᠰᠡᠨ ᠴᠦ᠍ ᠤᠭ ᠰᠠᠨᠠᠭ᠎ᠠ ᠬᠤᠪᠢᠷᠠᠰᠢ ᠦᠬᠡᠢ ᠪᠠᠢᠬᠤ ᠵᠢ ᠪᠡᠶᠡᠯᠡᠬᠦᠯᠵᠤ᠂ ᠬᠠᠷᠠᠯᠲᠠ ᠲᠤᠳᠤᠷᠬᠠᠢ ᠪᠥᠭᠡᠳ ᠡᠷᠡᠯᠬᠡᠭᠯᠡᠡ ᠤᠷᠤᠭᠰᠢᠯᠠᠨ᠎ᠡ᠃ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠪᠣᠯ ᠣᠳᠣᠬᠠᠨ᠎ᠤ ᠪᠠ ᠬᠣᠶ᠋ᠢᠰᠢᠳᠠ᠎ᠶᠢᠨ ᠬᠡᠰᠡᠭ ᠬᠤᠭᠤᠴᠠᠭᠠᠨ᠎ᠤ ᠪᠦᠬᠦ᠌ ᠨᠠᠮ᠎ᠤᠨ ᠴᠢᠬᠤᠯᠠ ᠶᠡᠬᠡ ᠤᠯᠤᠰ ᠲᠦᠷᠦ᠎ᠶᠢᠨ ᠡᠭᠦᠷᠭᠡ ᠮᠥᠨ᠂ ᠭᠣᠣᠯᠳᠠᠯᠭ᠎ᠠ ᠨᠢ ᠨᠠᠮ᠎ᠢ ᠬᠠᠮᠢᠶᠠᠷᠴᠤ᠌ ᠨᠠᠮ᠎ᠢ ᠵᠠᠰᠠᠬᠤ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠦᠨᠡᠨ ᠬᠦ᠌ ᠡᠭᠦᠷᠭᠡᠯᠡᠵᠦ᠍᠂ ᠴᠢᠨᠠᠷ ᠰᠠᠶ᠋ᠢᠲᠠᠢ ᠬᠥᠭᠵᠢᠯᠲᠡ᠎ᠶᠢ ᠦᠷᠭᠦᠯᠵᠢᠯᠡᠨ ᠠᠬᠢᠭᠤᠯᠵᠤ᠂ ᠨᠠᠮ ᠪᠠ ᠤᠯᠤᠰ᠎ᠤᠨ ᠠᠵᠢᠯ ᠦᠢᠯᠡᠰ᠎ᠦᠨ ᠯᠠᠪᠳᠠᠭᠤᠨ᠎ᠢᠶᠠᠷ ᠬᠤᠯᠠ ᠠᠶᠠᠯᠠᠬᠤ᠎ᠶᠢ ᠠᠬᠢᠭᠤᠯᠬᠤ᠎ᠳᠤ ᠪᠤᠢ᠃

ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠪᠠᠢᠭᠤᠯᠭ᠎ᠠ᠎ᠶᠢᠨ ᠨᠠᠮ᠎ᠤᠨ ᠬᠤᠷᠢᠶ᠎ᠠ᠎ᠶᠢᠨ ᠲᠤᠰᠬᠠᠢ ᠲᠤᠰᠢᠶᠠᠯᠲᠤ ᠳᠡᠳ᠋ ᠱᠦᠵᠢ ᠼᠦᠢ ᠵᠢᠶᠠᠨ᠄ 《ᠪᠢᠳᠡ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠵᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ ᠵᠠᠷᠴᠢᠮ᠎ᠢ ᠪᠠᠲᠤ ᠰᠠᠬᠢᠵᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ ᠰᠢᠰᠲᠧᠮ᠎ᠦᠨ ᠪᠠᠢᠷᠢᠯᠠᠭᠤᠯᠤᠯᠲᠠ ᠱᠠᠭᠠᠷᠳᠠᠯᠭ᠎ᠠ᠎ᠶᠢ ᠪᠦᠬᠦ ᠲᠠᠯ᠎ᠠ᠎ᠪᠠᠷ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ ᠪᠣᠯ ᠪᠦᠬᠦ ᠨᠠᠮ᠎ᠤᠨ ᠬᠠᠮᠲᠤ᠎ᠶᠢᠨ ᠤᠯᠤᠰ ᠲᠦᠷᠦ᠎ᠶᠢᠨ ᠬᠠᠷᠢᠭᠤᠴᠠᠯᠭ᠎ᠠ ᠪᠣᠯᠤᠨ᠎ᠡ ᠬᠡᠳᠡᠭ᠎ᠢ ᠭᠦᠨᠵᠡᠭᠡᠢ ᠲᠠᠨᠢᠵᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠣᠳᠠᠲᠤ ᠦᠷ᠎ᠡ ᠪᠦᠲᠦᠮᠵᠢ᠎ᠪᠡᠷ ᠪᠦᠬᠦ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠬᠢᠯᠢ ᠵᠢᠨ ᠪᠣᠭᠣᠮᠲᠠ᠎ᠶᠢᠨ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠬᠦᠴᠦᠲᠡᠢ ᠠᠬᠢᠭᠤᠯᠤᠨ᠎ᠠ》 ᠬᠡᠪᠡ᠃

ᠥᠪᠡᠷᠲᠡᠭᠡᠨ ᠵᠠᠰᠠᠬᠤ ᠣᠷᠣᠨ᠎ᠤ ᠴᠡᠷᠢᠭ᠎ᠦᠨ ᠠᠯᠪᠠ ᠡᠴᠡ ᠬᠠᠯᠠᠭᠳᠠᠬᠰᠠᠳ᠎ᠤᠨ ᠶᠠᠪᠤᠳᠠᠯ᠎ᠤᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠯᠢ ᠴᠠᠩ ᠵᠢᠶᠠᠩ᠄《ᠪᠦᠬᠦᠳᠠ ᠬᠤᠷᠠᠯ᠎ᠠᠴᠠ᠂〈ᠳᠡᠭᠡᠳᠦ ᠱᠠᠲᠤ ᠨᠢ ᠳᠣᠣᠷᠠᠳᠤ ᠱᠠᠲᠤ᠎ᠪᠠᠨ ᠳᠠᠭᠠᠭᠤᠯᠬᠤ〉 〈ᠴᠥᠬᠥᠷᠡᠰᠢ ᠦᠭᠡᠢ᠎ᠪᠡᠷ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠬᠤ〉 ᠶ᠋ᠢ ᠪᠠᠷᠢᠮᠲᠠᠯᠠᠬᠤ ᠬᠡᠷᠡᠭᠲᠡᠢ ᠬᠡᠵᠦ ᠴᠢᠬᠤᠯᠠᠴᠢᠯᠠᠪᠠ᠃  ᠨᠠᠮ᠎ᠤᠨ ᠭᠡᠰᠢᠭᠦᠨ ᠺᠠᠳ᠋ᠷ ᠪᠣᠯᠤᠭᠰᠠᠨ᠎ᠤ ᠬᠤᠪᠢ᠎ᠳᠤ᠂ ᠨᠠᠮᠴᠢ ᠴᠢᠨᠠᠷ᠎ᠢᠶᠡᠨ ᠦᠷᠬᠦᠯᠵᠢᠯᠡᠨ ᠴᠢᠩᠭᠠᠳᠬᠠᠵᠦ᠂ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 〈1571〉 ᠠᠵᠢᠯ᠎ᠤᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠯ᠎ᠢ ᠪᠡᠬᠢᠵᠢᠬᠦᠯᠵᠦ᠂ ᠥᠪᠡᠷᠲᠡᠭᠡᠨ ᠵᠠᠰᠠᠬᠤ ᠣᠷᠣᠨ᠎ᠤ 〈ᠠᠷᠪᠠᠨ ᠲᠠᠪᠤᠳᠤᠭᠠᠷ ᠲᠠᠪᠤᠨ ᠵᠢᠯ〉᠎ᠶ᠋ᠢᠨ ᠲᠥᠯᠦᠪᠵᠢᠭᠦᠯᠭᠡ᠎ᠶᠢᠨ ᠰᠠᠢᠨ ᠰᠠᠢᠬᠠᠨ ᠡᠬᠢᠯᠡᠯᠲᠡ᠎ᠳᠦ ᠦᠢᠯᠡᠴᠢᠯᠡᠬᠦ᠎ᠳᠦ ᠬᠦᠴᠦᠨ ᠴᠢᠳᠠᠯ᠎ᠢᠶᠠᠨ ᠡᠷᠬᠦᠨ᠎ᠠ》 ᠬᠡᠪᠡ᠃

ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠳᠡᠳ᠋ ᠲᠡᠷᠢᠭᠦᠯᠡᠭᠴᠢ ᠵᠠᠩ ᠬᠤᠢ ᠢᠦᠢ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠨᠢᠭᠡᠳᠦᠭᠡᠷ ᠵᠥᠪᠯᠡᠬᠦ ᠰᠡᠳᠦᠪ》 ᠤ᠋ᠨ  ᠳᠦᠷᠢᠮ᠎ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠨᠠᠮ᠎ᠤᠨ ᠰᠢᠨ᠎ᠡ ᠡᠬᠦᠳᠦᠯᠳᠡ᠎ᠶᠢᠨ ᠤᠨᠤᠯ᠎ᠢᠶᠠᠷ ᠰᠡᠳᠬᠢᠯ᠎ᠢᠶᠡᠨ ᠨᠢᠭ᠍ᠲᠠᠷᠠᠭᠤᠯᠤᠨ ᠰᠦᠭ ᠰᠦᠨᠡᠰᠦ᠎ᠪᠡᠨ ᠱᠤᠭᠤᠬᠤ᠎ᠶᠢ ᠪᠠᠷᠢᠮᠲᠠᠯᠠᠵᠤ᠂ ᠬᠥᠳᠡᠯᠮᠦᠷᠢ᠎ᠶᠢᠨ ᠵᠢᠱ᠌ᠢᠶᠡᠴᠢ᠎ᠶᠢᠨ ᠤᠬᠠᠭᠤᠯᠤᠨ ᠲᠠᠢᠯᠪᠤᠷᠢᠯᠠᠬᠤ ᠪᠦᠯᠬᠦᠮ᠂ ᠠᠵᠢᠯᠲᠠᠨ ᠠᠵᠢᠯᠴᠢᠨ᠎ᠤ ᠤᠯᠠᠭᠠᠨᠮᠥ᠋ᠴᠢᠷ ᠵᠡᠷᠭᠡ᠎ᠪᠡᠷ ᠠᠴᠢᠶᠠᠯᠠᠪᠤᠷᠢ ᠪᠣᠯᠭᠠᠵᠤ᠂ ᠦᠵᠡᠯ ᠰᠠᠨᠠᠭ᠎ᠠ ᠤᠯᠤᠰ ᠲᠦᠷᠦ᠎ᠶᠢᠨ ᠠᠵᠢᠯ᠎ᠤᠨ ᠵᠠᠭᠪᠤᠷ᠎ᠤᠨ ᠰᠢᠨ᠎ᠡ᠎ᠶᠢ ᠡᠭᠦᠳᠴᠦ᠂ ᠥᠷᠭᠡᠨ ᠤᠯᠠᠨ ᠠᠵᠢᠯᠲᠠᠨ ᠠᠵᠢᠯᠴᠢᠨ ᠲᠦᠮᠡᠨ᠎ᠢ ᠨᠠᠮ᠎ᠤᠨ ᠲᠣᠭᠣᠷᠢᠨ᠎ᠳᠤ ᠨᠢᠭ᠍ᠲᠠ ᠪᠦᠯᠬᠦᠮᠳᠡᠭᠦᠯᠤᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠳᠤ ᠦᠢᠯᠡᠴᠢᠯᠡᠬᠦ᠎ᠪᠡᠷ ᠵᠢᠯᠣᠭᠣᠳᠤᠮᠵᠢ ᠪᠣᠯᠭᠠᠵᠤ᠂ ᠨᠠᠮ᠎ᠤᠨ ᠪᠠᠢᠭᠤᠯᠤᠯᠲᠠ ᠪᠣᠯᠣᠨ ᠲᠤᠬᠠᠢᠯᠠᠭᠰᠠᠨ ᠠᠵᠢᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠪᠤᠳᠤᠯᠳᠠ᠎ᠶᠢᠨ ᠬᠦᠴᠦᠨ᠂ ᠲᠣᠮᠣ᠌ ᠳ᠋ᠠᠢᠲ᠋ᠠ᠂ ᠣᠶᠤᠨᠴᠢ ᠦᠢᠯᠡᠳᠬᠦ ᠦᠢᠯᠡᠰ ᠵᠡᠷᠭᠡ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠣᠯᠪᠣᠭᠳᠠᠯ ᠪᠦᠬᠦᠢ ᠭᠣᠣᠯᠳᠠᠯᠭ᠎ᠠ᠎ᠲᠠᠢ ᠠᠵᠤ ᠦᠢᠯᠡᠰ᠎ᠤᠨ ᠬᠦᠷᠢᠶᠠᠨ ᠳ᠋ᠤ ᠬᠥᠳᠡᠯᠮᠦᠷᠢ ᠪᠣᠯᠣᠨ ᠤᠷ᠎ᠠ ᠮᠡᠷᠭᠡᠵᠢᠯ᠎ᠦᠨ ᠤᠷᠤᠯᠳᠤᠭᠠᠨ᠎ᠢ ᠥᠷᠭᠡᠨ ᠳᠡᠯᠭᠡᠷ ᠭᠦᠨ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠵᠦ᠂ ᠠᠵᠤ ᠦᠢᠯᠡᠰ᠎ᠦᠨ ᠠᠵᠢᠯᠴᠢᠨ᠎ᠤ ᠡᠩᠨᠡᠭᠡ᠎ᠶᠢᠨ ᠪᠠᠢᠭᠤᠯᠤᠯᠲᠠ᠎ᠶᠢᠨ ᠥᠭᠡᠷᠡᠴᠢᠯᠡᠯᠲᠡ᠎ᠶᠢ ᠭᠦᠨᠵᠡᠭᠡᠢ ᠠᠬᠢᠭᠤᠯᠤᠨ᠎ᠠ᠃ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠱᠠᠭᠠᠷᠳᠠᠯᠭ᠎ᠠ᠎ᠶᠢ ᠠᠵᠢᠯᠴᠢᠨ᠎ᠤ ᠡᠪᠯᠡᠯ᠎ᠦᠨ ᠠᠵᠢᠯ᠎ᠤᠨ ᠪᠦᠬᠦ ᠶᠠᠪᠤᠴᠠ ᠡᠯ᠎ᠡ ᠲᠠᠯ᠎ᠠ᠎ᠳᠤ ᠲᠤᠭᠤᠰᠢᠯᠠᠭᠤᠯᠵᠤ᠂ ᠰᠤᠷᠲᠠᠯ᠎ᠤᠨ ᠪᠠᠢᠭᠤᠯᠤᠯᠲᠠ᠎ᠶᠢ ᠳᠡᠭᠡᠭᠰᠢᠯᠡᠭᠦᠯᠬᠦ᠂ ᠭᠦᠨᠵᠡᠭᠡᠢᠷᠡᠭᠦᠯᠬᠦ᠂ ᠪᠡᠬᠢᠵᠢᠭᠦᠯᠬᠦ᠂ ᠥᠷᠭᠡᠳᠬᠡᠬᠦ ᠲᠦᠷᠪᠡᠨ ᠵᠢᠯ᠎ᠦᠨ ᠠᠵᠢᠯᠯᠠᠭ᠎ᠠ᠎ᠶᠢᠨ ᠦᠷ᠎ᠡ ᠪᠦᠲᠦᠮᠵᠢ᠎ᠶᠢ ᠪᠠᠳᠠᠷᠠᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠶᠡᠬᠡ᠎ᠪᠡᠷ ᠰᠤᠷᠤᠯᠴᠠᠬᠤ᠂ ᠭᠦᠨᠵᠡᠭᠡᠢ ᠪᠠᠢᠴᠠᠭᠠᠨ ᠰᠤᠳᠤᠯᠬᠤ᠂ ᠦᠨᠡᠨ ᠬᠦ᠌ ᠠᠳᠬᠤᠨ ᠪᠣᠳᠠᠲᠠᠢ ᠠᠵᠢᠯᠯᠠᠬᠤ᠂ ᠲᠥᠪ ᠭᠣᠣᠯᠴᠢ ᠠᠷᠢᠭᠤᠨ ᠴᠢᠬᠡᠴᠢ ᠪᠠᠢᠬᠤ᠎ᠶᠢ ᠬᠥᠲᠥᠯᠥᠨ ᠵᠢᠯᠤᠭᠣᠳᠴᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠭᠠᠷᠭᠠᠬᠤ᠎ᠪᠠᠷ ᠠᠵᠢᠯᠴᠢᠨ᠎ᠤ ᠡᠪᠯᠡᠯ᠎ᠦᠨ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠎ᠠ ᠬᠡᠵᠦ ᠢᠯᠡᠳᠬᠡᠪᠡ᠃

(ᠰᠤᠷᠪᠤᠯᠵᠢᠯᠠᠭ᠍ᠴᠢ ᠭᠸᠩ ᠰᠢᠨ   ᠵᠠᠩ ᠺᠦᠢ   ᠪᠠᠢ ᠳ᠋ᠠᠨ   ᠸᠠᠩ ᠬᠤᠤ   ᠪᠠᠢ ᠯᠢᠶᠠᠨ   ᠬᠠᠨ ᠰᠢᠤᠸᠠᠢ ᠷᠦ   ᠠᠨᠢᠷ   ᠢᠦᠢ ᠰᠢᠨ ᠯᠢ    ᠮᠠ ᠹᠠᠩ ᠶᠡᠷᠦᠩᠬᠡᠢᠯᠡᠨ ᠮᠡᠳᠡᠬᠡᠯᠡᠪᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面