ᠲᠤᠰᠬᠠᠢ ᠮᠡᠳᠡᠭᠡᠯᠡᠯ > ᠭᠣᠣᠯ ᠰᠡᠳᠦᠪᠲᠦ ᠮᠡᠳᠡᠭᠡᠯᠡᠯ

2026-11-01 14:54:27

ᠵᠣᠬᠢᠶᠠᠭ᠍ᠴᠢ᠄ ᠯᠢᠦ ᠶᠠᠩ ᠪᠠᠢ ᠯᠢᠶᠠᠨ ᠴᠧᠨ ᠴᠦᠨ ᠶᠠᠨ ᠯᠢᠦᠢ ᠬᠤᠢ ᠱᠧᠩ ᠣᠩᠱᠢᠭ᠍ᠰᠠᠨ ᠣᠳᠠᠭ᠎ᠠ᠄ 3

10 ᠰᠠᠷ᠎ᠠ᠎ᠶᠢᠨ 27 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ᠌ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ ᠬᠥᠬᠡᠬᠣᠲᠠ ᠪᠣᠯᠤᠨ ᠬᠥᠬᠡᠬᠣᠲᠠ᠎ᠳᠤ ᠰᠠᠭᠤᠭ᠎ᠠ ᠶᠡᠬᠡ ᠳᠡᠭᠡᠳᠦ ᠰᠤᠷᠭᠠᠭᠤᠯᠢ᠎ᠳᠤ ᠬᠦᠷᠴᠦ᠍ ᠤᠬᠠᠭᠤᠯᠤᠨ ᠲᠠᠶ᠋ᠢᠯᠪᠤᠷᠢᠯᠠᠪᠠ᠃

ᠬᠥᠬᠡᠬᠣᠲᠠ᠎ᠶᠢᠨ ᠨᠠᠮ ᠵᠠᠰᠠᠭ᠎ᠤᠨ ᠠᠯᠪᠠᠨ ᠠᠰᠠᠷ᠎ᠲᠤ᠌᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠪᠠᠭᠰᠢ᠎ᠶᠢᠨ ᠶᠡᠬᠡ ᠰᠤᠷᠭᠠᠭᠤᠯᠢ᠎ᠶᠢᠨ ᠨᠠᠮ᠎ᠤᠨ ᠬᠣᠷᠢᠶᠠᠨ᠎ᠤ ᠱᠦᠵᠢ ᠯᠢ ᠱᠸ᠋ ᠯᠢᠨ 《ᠬᠦᠰᠡᠯ ᠨᠠᠶ᠋ᠢᠳᠠᠯᠭ᠎ᠠ᠎ᠶᠢ ᠪᠠᠲᠤ᠌ ᠴᠡᠭᠡᠵᠢᠯᠡᠵᠦ᠍᠂ ᠠᠴᠢ ᠡᠨᠡᠷᠢᠯ᠎ᠳ᠋ᠤ ᠲᠠᠯᠠᠷᠬᠠᠨ ᠡᠷᠡᠮᠡᠭᠡᠢᠯᠡᠨ ᠤᠷᠤᠭᠰᠢᠯᠠᠵᠤ᠂ ᠡᠬᠡ ᠤᠯᠤᠰ᠎ᠤᠨ ᠤᠮᠠᠷᠠᠲᠤ᠎ᠶᠢᠨ ᠡᠨᠡ ᠬᠦ᠌ ᠦᠵᠡᠮᠵᠢ᠎ᠶᠢᠨ ᠣᠷᠣᠨ᠎ᠢ ᠨᠡᠩ ᠦᠵᠡᠰᠬᠦᠯᠡᠩᠲᠦ᠍ ᠰᠠᠶ᠋ᠢᠬᠠᠨ ᠪᠣᠯᠭᠠᠨ ᠪᠦᠳᠦᠭᠡᠨ ᠪᠠᠶ᠋ᠢᠭᠤᠯᠤᠶ᠎ᠠ》 ᠭᠡᠬᠦ᠌ ᠰᠡᠳᠦᠪ᠎ᠢᠶᠡᠷ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠬᠢᠵᠦ᠍᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠬᠦᠯᠬᠦ ᠵᠠᠮ᠎ᠢᠶᠠᠷ ᠡᠷᠡᠰ ᠭᠤᠶ᠋ᠢᠪᠢᠰᠢ ᠦᠭᠡᠢ ᠵᠠᠮᠨᠠᠬᠤ ᠪᠣᠯ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠢᠮᠠᠭᠲᠠ ᠵᠢᠨ ᠴᠢᠬᠤᠯᠠ ᠱᠠᠭᠠᠷᠳᠠᠯᠭ᠎ᠠ ᠪᠣᠯᠬᠤ᠎ᠶᠢ ᠭᠦᠨᠵᠡᠭᠡᠢ ᠲᠠᠨᠢᠬᠤ᠂ 《ᠵᠡᠭᠦᠨᠳᠡᠬᠢ ᠲᠤᠭ᠎ᠠ ᠪᠠᠷᠢᠮᠳᠠ ᠵᠢ ᠪᠠᠷᠠᠭᠤᠨᠳᠠᠬᠢ ᠪᠤᠳᠤᠯᠳᠠ ᠵᠢᠨ ᠬᠦᠴᠦᠨ ᠵᠢᠡᠷ ᠲᠤᠯᠭᠠᠭᠤᠷᠢᠯᠠᠬᠤ》 ᠢᠨᠵᠧᠨᠧᠷᠢᠩ᠎ᠢ ᠬᠡᠷᠡᠭᠵᠢᠭᠦᠯᠵᠦ᠂ ᠪᠦᠬᠦ᠌ ᠤᠯᠤᠰ᠎ᠤᠨ ᠨᠢᠭᠡ ᠴᠤᠬᠴᠠᠵᠢᠭᠤᠯᠤᠬᠰᠠᠨ ᠪᠤᠳᠤᠯᠳᠠ᠎ᠶᠢᠨ ᠲᠣᠣᠷ᠎ᠢ ᠪᠠᠶ᠋ᠢᠭᠤᠯᠬᠤ ᠪᠣᠯ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ ᠪᠣᠯᠬᠤ᠎ᠶᠢ ᠭᠦᠨᠵᠡᠭᠡᠢ ᠲᠠᠨᠢᠬᠤ᠂ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠎ᠦ ᠦᠢᠯᠡᠳᠪᠦᠷᠢᠯᠡᠯ᠎ᠦᠨ ᠰᠠᠭᠤᠷᠢᠨ᠎ᠢ ᠪᠦᠳᠦᠭᠡᠨ ᠪᠠᠶ᠋ᠢᠭᠤᠯᠬᠤ ᠪᠣᠯ ᠪᠢᠳᠡᠨ᠎ᠦ ᠡᠷᠬᠡᠪᠰᠢ ᠪᠠᠲᠤ᠌ ᠡᠭᠦᠷᠭᠡᠯᠡᠬᠦ᠌ ᠴᠢᠬᠤᠯᠠ ᠶᠡᠬᠡ ᠤᠯᠤᠰ ᠲᠦᠷᠦ᠎ᠶᠢᠨ ᠬᠠᠷᠢᠭᠤᠴᠠᠯᠭ᠎ᠠ ᠪᠣᠯᠬᠤ᠎ᠶᠢ ᠭᠦᠨᠵᠡᠭᠡᠢ ᠲᠠᠨᠢᠬᠤ᠂ ᠨᠠᠮ᠎ᠤᠨ ᠪᠦᠬᠦ᠌ ᠲᠠᠯ᠎ᠠ᠎ᠶᠢᠨ ᠤᠳᠤᠷᠢᠳᠤᠯᠭ᠎ᠠ ᠪᠣᠯᠤᠨ ᠨᠠᠮ᠎ᠤᠨ ᠪᠠᠶ᠋ᠢᠭᠤᠯᠤᠯᠲᠠ᠎ᠶᠢ ᠴᠢᠩᠭᠠᠳᠬᠠᠬᠤ ᠪᠣᠯ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ᠎ᠶᠢᠨ ᠦᠨᠳᠦᠰᠦᠨ ᠪᠠᠲᠤᠯᠠᠭ᠎ᠠ ᠪᠣᠯᠬᠤ᠎ᠶᠢ ᠭᠦᠨᠵᠡᠭᠡᠢ ᠲᠠᠨᠢᠬᠤ᠂ ᠨᠠᠮ᠎ᠤᠨ ᠲᠥᠪ ᠬᠣᠷᠢᠶᠠᠨ᠎ᠤ ᠪᠠᠶ᠋ᠢᠯᠳᠤᠬᠤ ᠪᠤᠳᠤᠯᠭ᠎ᠠ᠎ᠶᠢᠨ ᠰᠢ᠌ᠳᠪᠦᠷᠢᠲᠦ᠍ ᠪᠤᠳᠤᠯᠭ᠎ᠠ ᠪᠣᠯᠤᠨ ᠲᠥᠯᠥᠪᠵᠢᠭᠦᠯᠭᠡ ᠪᠠᠶ᠋ᠢᠷᠢᠯᠠᠭᠤᠯᠤᠯᠲᠠ᠎ᠶᠢ ᠡᠷᠡᠰ ᠲᠤᠭᠤᠰᠢᠯᠠᠭᠤᠯᠵᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ ᠪᠣᠯ ᠵᠠᠰᠠᠭ᠎ᠤᠨ ᠠᠵᠢᠯ᠎ᠤᠨ ᠪᠦᠳᠤᠮᠵᠢ ᠵᠢᠨ ᠲᠤᠬᠠᠢ ᠵᠥᠪ ᠦᠵᠡᠯᠲᠡ᠎ᠶᠢᠨ ᠬᠠᠮᠤᠭ᠎ᠤᠨ ᠰᠢᠭᠤᠳ ᠢᠯᠡᠷᠡᠯ ᠪᠣᠯᠬᠤ ᠵᠢ  ᠬᠦᠨᠵᠡᠭᠡᠢ ᠲᠠᠨᠢᠬᠤ ᠵᠡᠷᠭᠡ ᠲᠠᠪᠤᠨ ᠲᠠᠯ᠎ᠠ ᠡᠴᠡ ᠬᠤᠷᠠᠯ᠎ᠳᠤ ᠣᠷᠣᠯᠴᠠᠭᠰᠠᠨ ᠨᠠᠮ᠎ᠤᠨ ᠭᠡᠰᠢᠭᠦᠨ ᠺᠠᠳ᠋ᠷᠴᠤᠳ᠎ᠢ ᠬᠦᠳᠦᠯᠦᠨ ᠵᠢᠯᠤᠭᠤᠳᠴᠤ᠂ ᠶᠡᠷᠦᠩᠬᠡᠢ ᠱᠦᠵᠢ ᠰᠢ ᠵᠢᠨ ᠫᠢᠩ᠎ᠦᠨ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠤ ᠲᠤᠬᠠᠢ ᠭᠦᠨ ᠵᠤᠵᠠᠭᠠᠨ ᠬᠠᠶ᠋ᠢᠷ᠎ᠠ ᠬᠠᠯᠠᠮᠵᠢᠯᠠᠯ ᠪᠣᠯᠤᠨ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠶᠢ ᠭᠦᠨᠵᠡᠭᠡᠢ ᠤᠢ᠌ᠯᠠᠭᠠᠭᠤᠯᠪᠠ᠃ ᠮᠡᠳᠡᠭᠦᠯᠦᠯᠲᠡ ᠨᠢ ᠤᠨᠤᠯ᠎ᠤᠨ ᠦᠨᠳᠦᠷᠴᠡ ᠲᠠᠢ ᠪᠥᠭᠡᠳ ᠦᠢᠯᠡᠳᠦᠯᠭᠡ᠎ᠶᠢᠨ ᠭᠦᠨᠴᠡ᠎ᠲᠡᠶ ᠪᠤᠯᠵᠤ᠂ ᠰᠣᠨᠣᠰᠤᠭᠴᠢᠳ᠎ᠤᠨ ᠳᠤᠮᠳᠠ ᠴᠢᠩᠭ᠎ᠠ ᠲᠤᠰᠬᠠᠯ ᠭᠠᠷᠴᠠᠢ᠃

《ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ᠎ᠶᠢ ᠰᠣᠨᠣᠰᠤᠭᠠᠳ ᠪᠢ ᠮᠠᠰᠢ ᠤᠷᠮᠠᠰᠢᠨ ᠵᠣᠷᠢᠭᠵᠢᠯ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠴᠢᠩ ᠰᠡᠳᠬᠢᠯ᠎ᠦᠨ ᠬᠠᠯᠠᠮᠵᠢᠯᠠᠯ ᠪᠣᠯ ᠪᠢᠳᠡᠨ᠎ᠦ ᠡᠷᠡᠮᠡᠬᠡᠶ᠋ᠢᠯᠡᠨ ᠤᠷᠤᠭᠰᠢᠯᠠᠵᠤ᠂ ᠡᠷᠡᠯᠬᠡᠭᠯᠡᠨ ᠲᠡᠮᠡᠴᠡᠬᠦ᠌ ᠬᠦᠴᠦᠷᠬᠡᠭ ᠶᠡᠬᠡ ᠬᠥᠳᠡᠯᠭᠡᠬᠦ᠌ ᠬᠦᠴᠦᠨ ᠮᠦᠨ᠃ ᠬᠥᠬᠡᠬᠣᠲᠠ᠎ᠶᠢᠨ ᠪᠣᠬᠢᠷᠲᠤᠯ ᠦᠭᠡᠢ ᠪᠤᠳᠤᠯᠳᠠ᠎ᠶᠢᠨ ᠬᠦᠴᠦᠨ᠎ᠤ ᠠᠵᠤ ᠦᠢᠯᠡᠰ᠎ᠦᠨ ᠡᠮᠦᠨ᠎ᠡ ᠹᠷᠣᠨᠲ᠎ᠲᠤ᠌ ᠡᠷᠡᠯᠬᠡᠭᠯᠡᠨ ᠲᠡᠮᠡᠴᠡᠵᠦ᠍ ᠪᠠᠶ᠋ᠢᠭ᠎ᠠ ᠠᠵᠢᠯᠳᠠᠨ ᠪᠣᠯᠤᠭᠰᠠᠨ ᠎ᠤ ᠬᠤᠪᠢ᠎ᠳᠤ  ᠪᠢ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠣᠮᠣᠭ ᠲᠡᠭᠦᠯᠳᠡᠷ ᠲᠡᠮᠡᠴᠡᠯ᠎ᠦᠨ ᠵᠣᠷᠢᠭ᠎ᠢᠶᠠᠷ ᠠᠵᠢᠯ᠎ᠤᠨ ᠪᠠᠶ᠋ᠢᠷᠢ᠎ᠳᠠᠭᠠᠨ ᠰᠠᠭᠤᠷᠢᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭᠠᠵᠤ᠂ 〈ᠥᠨᠳᠥᠷ ᠪᠦᠲᠦᠮᠵᠢᠲᠡᠢ᠂ ᠪᠣᠬᠢᠷᠲᠤᠯ ᠦᠭᠡᠢ᠂ ᠠᠮᠤᠷ ᠲᠦᠪᠰᠢᠨ〉 ᠱᠠᠭᠠᠷᠳᠠᠯᠭ᠎ᠠ᠎ᠶᠢ ᠴᠢᠩᠭ᠎ᠠ ᠨᠠᠶ᠋ᠢᠳᠠᠪᠤᠷᠢᠵᠢᠭᠤᠯᠵᠤ᠂ 〈ᠪᠣᠳᠤᠯᠲᠠ ᠵᠢᠨ ᠬᠦᠴᠦᠨ ᠪᠠ᠎ᠴᠠᠬᠢᠯᠭᠠᠨ ᠬᠦᠴᠦᠨ᠎ᠤ ᠬᠠᠮᠵᠢᠯᠴᠠᠭ᠎ᠠ〉᠂ 〈ᠪᠣᠳᠤᠯᠲᠠ ᠵᠢᠨ ᠬᠦᠴᠦᠨ ᠪᠠ ᠤᠰᠤᠨ᠎ᠤ ᠡᠬᠢ ᠪᠠᠶᠠᠯᠢᠬ᠎ᠤᠨ ᠬᠠᠮᠵᠢᠯᠴᠠᠭ᠎ᠠ〉᠂ 〈ᠪᠣᠳᠤᠯᠲᠠ ᠵᠢᠨ ᠬᠦᠴᠦᠨ ᠪᠠ ᠰᠦᠯᠵᠢᠶᠡᠨ᠎ᠦ ᠠᠭᠤᠰᠤᠯᠴᠠᠯ〉  ᠢ᠋ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠤᠳᠤᠯᠳᠠ ᠵᠢᠨ ᠬᠦᠴᠦᠨ᠎ᠤ ᠳᠠᠪᠠᠭᠤᠯᠢᠭ᠎ᠢ ᠦᠷᠭᠦᠯᠵᠢᠯᠡᠨ ᠬᠥᠭᠵᠢᠯᠲᠡ᠎ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠬᠥᠬᠡᠬᠣᠲᠠ᠎ᠶᠢᠨ ᠪᠣᠬᠢᠷᠲᠤᠯ ᠦᠭᠡᠢ ᠪᠤᠳᠤᠯᠳᠠ ᠵᠢᠨ ᠬᠦᠴᠦᠨ᠎ᠤ ᠪᠠᠶ᠋ᠢᠭᠤᠯᠤᠯᠲᠠ ᠵᠢᠨ ᠲᠠᠬᠢᠨ ᠰᠢᠨ᠎ᠡ ᠳᠡᠭᠲᠡᠷ᠎ᠲᠦ᠍ ᠭᠠᠷᠬᠤ᠎ᠶᠢ ᠬᠦᠴᠦᠯᠡᠨ ᠠᠬᠢᠭᠤᠯᠤᠨ᠎ᠠ》 ᠬᠡᠵᠤ ᠬᠥᠬᠡᠬᠣᠲᠠ᠎ᠶᠢᠨ ᠲᠤᠮᠤ ᠳ᠋ᠠᠶ᠋ᠢᠲ᠋ᠠ᠎ᠶᠢᠨ ᠦᠢᠯᠡᠴᠢᠯᠡᠭᠡᠨ᠎ᠦ ᠲᠦᠪ᠎ᠤᠨ ᠬᠠᠮᠲᠤᠷᠠᠯᠴᠠᠭᠠᠨ᠎ᠤ ᠰᠠᠯᠠᠭᠠᠨ᠎ᠤ ᠳᠠᠷᠤᠭ᠎ᠠ ᠵᠦ᠍ ᠽᠢ ᠴᠸᠨᠭ ᠬᠡᠯᠡᠪᠡ᠃

ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠳᠤ᠂ ᠬᠥᠬᠡᠬᠣᠲᠠ᠎ᠳᠤ ᠰᠠᠭᠤᠭ᠎ᠠ ᠶᠡᠬᠡ ᠳᠡᠭᠡᠳᠦ ᠰᠤᠷᠭᠠᠭᠤᠯᠢ᠎ᠶᠢᠨ ᠪᠠᠭᠰᠢ ᠰᠤᠷᠤᠭᠴᠢᠳ᠎ᠤᠨ ᠲᠥᠯᠥᠭᠡᠯᠡᠭᠴᠢ 300 ᠭᠠᠷᠤᠢ ᠬᠥᠮᠦᠨ ᠥᠪᠡᠷᠲᠡᠭᠡᠨ ᠵᠠᠰᠠᠬᠤ ᠣᠷᠣᠨ ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶᠠᠨ᠎ᠤ ᠳᠡᠳ᠋ ᠳᠠᠷᠤᠭ᠎ᠠ ᠦ᠋ ᠭᠦᠸᠧ ᠴᠢᠩ᠎ᠦᠨ ᠬᠢᠭᠰᠡᠨ ᠲᠤᠰᠬᠠᠢ ᠰᠡᠳᠦᠪᠲᠦ᠍ ᠮᠡᠳᠡᠭᠦᠯᠦᠯᠲᠡ᠎ᠶᠢ ᠰᠣᠨᠣᠰᠪᠠ᠃ ᠮᠡᠳᠡᠭᠦᠯᠦᠯᠲᠡ᠎ᠨᠢ ᠰᠢᠨ᠎ᠡ ᠴᠠᠭ ᠦᠶ᠎ᠡ᠎ᠡᠴᠡ ᠨᠠᠭᠠᠰᠢᠬᠢ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠴᠢᠨᠠᠷ ᠰᠠᠶ᠋ᠢᠲᠠᠶ ᠬᠥᠭᠵᠢᠯᠲᠡ ᠪᠣᠯᠤᠨ ᠥᠨᠳᠥᠷ ᠲᠦᠪᠰᠢᠨ ᠪᠥᠬᠥᠶ ᠬᠠᠮᠠᠭᠠᠯᠠᠯᠲᠠ᠎ᠶᠢ ᠨᠢᠭᠡᠳᠦᠯᠲᠡᠶ ᠲᠥᠯᠥᠪᠵᠢᠭᠦᠯᠵᠦ᠂ ᠠᠮᠢ ᠠᠬᠤᠶ᠎ᠶᠢ ᠤᠷᠢᠳ᠎ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠬᠦᠯᠬᠦ ᠵᠠᠮ᠎ᠢᠶᠠᠷ ᠡᠷᠡᠰ ᠭᠤᠶ᠋ᠢᠪᠢᠰᠢ ᠥᠬᠡᠶ ᠵᠠᠮᠨᠠᠬᠤ ᠲᠤᠬᠠᠶ ᠠᠯᠢ ᠣᠯᠠᠨ ᠴᠢᠬᠤᠯᠠ ᠵᠢᠭᠠᠪᠤᠷᠢ᠎ᠶᠢ ᠰᠢᠰᠲ᠋ᠧᠮ᠎ᠲᠡᠶ ᠡᠮᠬᠢᠯᠡᠵᠦ᠍ ᠂ ᠤᠯᠠᠨ᠎ᠳ᠋ᠤ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭᠠᠨ᠎ᠤ ᠪᠠᠶᠠᠯᠢᠭ ᠠᠭᠤᠯᠬᠤᠨ  ᠪᠣᠯᠤᠨ ᠦᠢᠯᠡᠳᠦᠯᠭᠡ᠎ᠶᠢᠨ ᠱᠠᠭᠠᠷᠳᠠᠯᠭ᠎ᠠ᠎ᠶᠢ ᠭᠦᠨᠵᠡᠭᠡᠶ ᠣᠶ᠋ᠢᠯᠠᠭᠠᠭᠤᠯᠪᠠ᠃

《ᠪᠦᠬᠦᠶ᠋ᠢᠯᠡ ᠮᠡᠳᠡᠭᠦᠯᠦᠯᠲᠡ᠎ᠶᠢᠨ ᠵᠣᠭᠰᠣᠴᠠ ᠥᠨᠳᠥᠷ᠂ ᠯᠤᠬᠢᠭ  ᠨᠢ ᠲᠣᠳᠣᠷᠬᠠᠢ᠂ ᠠᠭᠤᠯᠭ᠎ᠠ ᠨᠢ ᠨᠠᠷᠢᠨ ᠪᠣᠳᠠᠲᠠᠢ᠃ ᠲᠤᠰ ᠤᠳᠠᠭ᠎ᠠ᠎ᠶᠢᠨ ᠤᠬᠠᠭᠤᠯᠤᠨ ᠲᠠᠶ᠋ᠢᠯᠪᠤᠷᠢᠯᠠᠯᠳᠠ᠎ᠪᠠᠷ ᠲᠠᠮᠵᠢᠨ  ᠪᠢ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠲᠸ᠋ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠵᠢ ᠨᠡᠩ ᠰᠢᠰᠲ᠋ᠧᠮ᠎ᠲᠡᠶ ᠭᠦᠨᠵᠡᠭᠡᠢ ᠤᠢᠯᠠᠭᠠᠵᠠᠢ᠂ ᠪᠢ ᠶᠡᠷᠦᠩᠬᠡᠢ ᠱᠦᠵᠢ ᠰᠢ ᠵᠢᠨ ᠫᠢᠩ᠎ᠦᠨ ᠬᠦᠰᠡᠯ ᠨᠠᠶ᠋ᠢᠳᠠᠯᠭ᠎ᠠ᠎ᠶᠢ ᠪᠠᠲᠤ᠌ ᠴᠡᠭᠡᠵᠢᠯᠡᠵᠦ᠍᠂ ᠪᠠᠶ᠋ᠢᠭᠠᠯᠢ᠎ᠶᠢ ᠬᠦᠨᠳᠦᠳᠬᠡᠬᠦ᠌᠂ ᠪᠠᠶ᠋ᠢᠭᠠᠯᠢ᠎ᠶᠢ ᠬᠠᠮᠠᠭᠠᠯᠠᠬᠤ᠎ᠶᠢ ᠪᠠᠷᠢᠮᠲᠠᠯᠠᠵᠤ᠂ ᠰᠤᠳᠤᠯᠭᠠᠨ᠎ᠤ ᠪᠦᠯᠬᠦᠮ᠎ᠢᠶᠡᠨ ᠳᠠᠭᠠᠭᠤᠯᠤᠨ ᠬᠢᠬᠢᠷᠢ ᠨᠠᠭᠤᠷ ᠪᠣᠯᠤᠨ ᠥᠪᠡᠷᠲᠡᠭᠡᠨ ᠵᠠᠰᠠᠬᠤ ᠣᠷᠣᠨ᠎ᠤ ᠪᠤᠰᠤᠳ ᠭᠣᠣᠯᠳᠠᠯᠭ᠎ᠠ᠎ᠲᠠᠶ ᠨᠠᠭᠤᠷ ᠨᠠᠮᠤᠭ ᠨᠤᠭᠤ ᠭᠠᠵᠠᠷ᠎ᠢᠶᠠᠷ ᠠᠵᠢᠭᠯᠠᠨ ᠬᠡᠮᠵᠢᠬᠦ᠌᠎ᠠᠵᠢᠯᠯᠠᠭ᠎ᠠ ᠵᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠵᠤ᠂ ᠬᠦᠢᠳᠡᠨ ᠬᠠᠭᠤᠷᠠᠢ ᠤᠷᠤᠨ᠎ᠤ ᠨᠤᠭᠤ ᠭᠠᠵᠠᠷ᠎ᠤᠨ ᠤᠶᠤᠨᠲᠤ᠌ ᠬᠢᠨᠠᠨ ᠬᠡᠮᠵᠢᠯᠲᠡ ᠪᠣᠯᠤᠨ ᠵᠠᠰᠠᠨ ᠰᠡᠷᠬᠦᠬᠡᠬᠦ ᠮᠡᠷᠭᠡᠵᠢᠯ᠎ᠦᠨ ᠰᠢᠰᠲᠸᠮ᠎ᠢ ᠨᠡᠩ ᠪᠦᠳᠦᠮᠵᠢᠳᠠᠢ ᠪᠣᠯᠭᠠᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ᠌ ᠴᠣᠭᠴᠠᠯᠠᠬᠤ᠎ᠳᠤ  ᠬᠦᠴᠦᠨ ᠴᠢᠳᠠᠯ᠎ᠢᠶᠡᠨ ᠡᠷᠬᠦᠨ᠎ᠠ》 ᠭᠡᠵᠦ᠍ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠤᠰᠤᠨ ᠠᠰᠢᠭᠯᠠᠯᠲᠠ ᠪᠣᠯᠤᠨ ᠰᠢᠷᠣᠢ ᠮᠣᠳᠣᠨ᠎ᠤ ᠪᠠᠷᠢᠯᠭ᠎ᠠ᠎ᠶᠢᠨ ᠢᠨᠵᠧᠨᠧᠷᠢᠩ᠎ᠦᠨ ᠳᠡᠭᠡᠳᠦ ᠰᠤᠷᠭᠠᠭᠤᠯᠢ᠎ᠶᠢᠨ ᠫᠷᠤᠹᠸᠰᠰᠤᠷ ᠱ᠌ᠢ ᠰᠢᠶᠤᠤ ᠬᠣᠩ ᠢᠯᠡᠳᠬᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面