ᠲᠤᠰᠬᠠᠢ ᠮᠡᠳᠡᠭᠡᠯᠡᠯ > ᠭᠣᠣᠯ ᠰᠡᠳᠦᠪᠲᠦ ᠮᠡᠳᠡᠭᠡᠯᠡᠯ

2026-11-01 14:50:05

ᠵᠣᠬᠢᠶᠠᠭ᠍ᠴᠢ᠄ ᠭᠣᠣ ᠬᠤᠢ ᠣᠩᠱᠢᠭ᠍ᠰᠠᠨ ᠣᠳᠠᠭ᠎ᠠ᠄ 3

— ᠥᠪᠥᠷ ᠮᠣᠩᠭᠣᠯ ᠤ᠋ᠨ ᠴᠠᠬᠢᠯᠭᠠᠨ ᠬᠦᠴᠦᠨ ᠤ᠋ ᠪᠦᠯᠦᠭᠯᠡᠯ ᠤ᠋ᠨ ᠨᠠᠮ ᠤ᠋ᠨ ᠬᠤᠷᠢᠶ᠎ᠠ ᠵᠢᠨ ᠱᠦᠵᠢ᠂ ᠬᠡᠷᠡᠭ ᠮᠡᠳᠡᠭᠴᠢᠳ ᠤ᠋ᠨ ᠳᠠᠷᠤᠭ᠎ᠠ᠂ ᠶᠡᠷᠦᠩᠬᠡᠶ ᠳᠠᠭᠠᠭᠠᠮᠠᠯ ᠵᠠᠩ ᠰᠢᠶᠤᠤ ᠬ᠍ᠦ ᠵᠢ ᠰᠤᠷᠪᠤᠯᠵᠢᠯᠠᠭᠰᠠᠨ ᠨᠢ


10 ᠰᠠᠷ᠎ᠠ ᠶ᠋ᠢᠨ 16 ᠤ᠋ ᠡᠳᠦᠷ᠂ ᠶᠡᠷᠦᠩᠬᠡᠶ ᠱᠦᠵᠢ ᠰᠢ ᠵᠢᠨ ᠫᠢᠩ ᠤᠯᠠᠭᠠᠨᠴᠠᠪ ᠲᠦ᠍ ᠰᠢᠨᠵᠢᠯᠡᠨ ᠪᠠᠶ᠋ᠢᠴᠠᠭᠠᠬᠤ ᠳ᠋ᠠᠭᠠᠨ᠂ ᠪᠤᠳᠤᠯᠲᠠ ᠶ᠋ᠢᠨ ᠬᠦᠴᠦᠨ ᠤ᠋ ᠲᠤᠤᠷ ᠪᠣᠯ ᠤᠯᠤᠰ ᠡᠴᠡ ᠲᠥᠯᠥᠪᠵᠢᠭᠦᠯᠦᠨ ᠪᠥᠲᠥᠭᠡᠨ ᠪᠠᠢᠭᠤᠯᠵᠤ ᠪᠠᠢᠭ᠎ᠠ 《ᠵᠢᠷᠭᠤᠭᠠᠨ ᠲᠤᠤᠷ》 ᠤ᠋ᠨ ᠨᠢᠭᠡ ᠪᠤᠯᠤᠨ᠎ᠠ᠂ ᠪᠤᠳᠤᠯᠲᠠ ᠶ᠋ᠢᠨ ᠬᠦᠴᠦᠨ ᠤ᠋ ᠠᠵᠤ ᠦᠢᠯᠡᠰ ᠶᠠᠭ ᠲᠦᠷᠭᠡᠨ ᠬᠦᠭᠵᠢᠬᠦ ᠱᠠᠳᠤᠨ ᠳ᠋ᠦ ᠤᠷᠤᠰᠢᠵᠤ᠂ ᠠᠯᠤᠰ ᠢᠷᠡᠭᠡᠳᠦᠢ ᠭᠡᠭᠡᠨ ᠰᠠᠷᠠᠭᠤᠯ ᠪᠠᠢᠨ᠎ᠠ᠃ ᠤᠯᠠᠨ ᠶ᠋ᠢᠡᠷ ᠶ᠋ᠢᠡᠨ ᠦᠨᠳᠦᠷ ᠪᠦᠲᠦᠮᠵᠢᠲᠡᠢ᠂ ᠪᠤᠬᠢᠷᠳᠤᠯ ᠦᠭᠡᠢ᠂ ᠠᠮᠤᠷ ᠲᠦᠪᠰᠢᠨ ᠪᠠᠢᠬᠤ ᠱᠠᠭᠠᠷᠳᠠᠯᠭ᠎ᠠ ᠵᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂《ᠪᠤᠳᠤᠯᠲᠠ ᠶ᠋ᠢᠨ ᠬᠦᠴᠦᠨ ᠪᠤᠯᠤᠨ ᠴᠠᠬᠢᠯᠭᠠᠨ ᠬᠦᠴᠦᠨ ᠤ᠋ ᠬᠠᠮᠵᠢᠯᠴᠠᠭ᠎ᠠ》᠂ 《ᠪᠤᠳᠤᠯᠲᠠ ᠶ᠋ᠢᠨ ᠬᠦᠴᠦᠨ ᠪᠤᠯᠤᠨ ᠤᠰᠤᠨ ᠤ᠋ ᠡᠬᠢ ᠪᠠᠶᠠᠯᠢᠭ ᠤ᠋ᠨ ᠬᠠᠮᠵᠢᠯᠴᠠᠭ᠎ᠠ》 ᠵᠢ ᠴᠢᠬᠤᠯᠠᠴᠢᠯᠠᠵᠤ᠂ ᠪᠤᠳᠤᠯᠲᠠ ᠶ᠋ᠢᠨ ᠬᠦᠴᠦᠨ ᠤ᠋ ᠲᠦᠪ ᠤ᠋ᠨ ᠪᠦᠲᠦᠭᠡᠨ ᠪᠠᠢᠭᠤᠯᠤᠯᠲᠠ ᠪᠠ ᠡᠵᠡᠡᠭᠨᠡᠯᠲᠡ ᠵᠢ ᠰᠠᠢᠳᠤᠷ ᠬᠢᠵᠦ᠂ ᠪᠤᠬᠢᠷᠳᠤᠯ ᠦᠭᠡᠢ ᠪᠤᠳᠤᠯᠲᠠ ᠶ᠋ᠢᠨ ᠬᠦᠴᠦᠨ ᠤ᠋ ᠠᠵᠤ ᠦᠢᠯᠡᠰ ᠤ᠋ᠨ ᠬᠦᠭᠵᠢᠯᠲᠡ ᠵᠢ ᠢᠳᠡᠪᠬᠢᠲᠡᠢ ᠠᠬᠢᠭᠤᠯᠵᠤ᠂ ᠲᠤᠭᠠᠴᠢᠯᠠᠭᠰᠠᠨ ᠳᠤᠮᠳᠠᠳᠤ ᠤᠯᠤᠰ ᠤ᠋ᠨ ᠪᠦᠲᠦᠭᠡᠨ ᠪᠠᠢᠭᠤᠯᠤᠯᠲᠠ ᠵᠢ ᠠᠬᠢᠭᠤᠯᠬᠤ᠂ ᠰᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠤ᠋ ᠬᠦᠭᠵᠢᠯᠲᠡ ᠵᠢ ᠠᠬᠢᠭᠤᠯᠬᠤ ᠳ᠋ᠦ ᠢᠯᠡᠭᠦᠬᠡᠨ ᠬᠤᠪᠢ ᠨᠡᠮᠡᠷᠢ ᠦᠵᠡᠭᠦᠯᠬᠦ ᠵᠢ ᠬᠦᠰᠡᠵᠤ ᠪᠠᠢᠨ᠎ᠠ ᠭᠡᠵᠦ ᠴᠢᠬᠤᠯᠠᠴᠢᠯᠠᠪᠠ᠃ ᠶᠡᠷᠦᠩᠬᠡᠶ ᠱᠦᠵᠢ ᠰᠢ ᠵᠢᠨ ᠫᠢᠩ ᠤ᠋ᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠵᠢ ᠬᠡᠷᠬᠢᠨ ᠰᠠᠶ᠋ᠢᠲᠤᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠪᠣᠶ? ᠡᠬᠦᠨ ᠳ᠋ᠤ ᠰᠤᠷᠪᠤᠯᠵᠢᠯᠠᠭᠴᠢ ᠥᠪᠥᠷ ᠮᠣᠩᠭᠣᠯ ᠤ᠋ᠨ ᠴᠠᠬᠢᠯᠭᠠᠨ ᠬᠦᠴᠦᠨ ᠤ᠋ ᠪᠦᠯᠦᠭᠯᠡᠯ ᠤ᠋ᠨ ᠨᠠᠮ ᠤ᠋ᠨ ᠬᠤᠷᠢᠶ᠎ᠠ ᠵᠢᠨ ᠱᠦᠵᠢ᠂ ᠬᠡᠷᠡᠭ ᠮᠡᠳᠡᠭᠴᠢᠳ ᠤ᠋ᠨ ᠳᠠᠷᠤᠭ᠎ᠠ᠂ ᠶᠡᠷᠦᠩᠬᠡᠢ ᠳᠠᠭᠠᠭᠠᠮᠠᠯ ᠵᠠᠩ ᠰᠢᠶᠤᠤ ᠬ᠍ᠦ ᠵᠢ ᠰᠤᠷᠪᠤᠯᠵᠢᠯᠠᠭᠰᠠᠨ ᠶᠤᠮ᠃

《ᠶᠡᠷᠦᠩᠬᠡᠢ ᠱᠦᠵᠢ ᠰᠢ ᠵᠢᠨ ᠫᠢᠩ ᠤ᠋ᠨ ᠤᠯᠠᠭᠠᠨᠴᠠᠪ ᠲᠦ᠍ ᠰᠢᠨᠵᠢᠯᠡᠨ ᠪᠠᠶ᠋ᠢᠴᠠᠭᠠᠬᠤ ᠦᠶ᠎ᠡ ᠶ᠋ᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠨᠢ ᠴᠠᠬᠢᠯᠭᠠᠨ ᠬᠦᠴᠦᠨ ᠤ᠋ ᠲᠣᠣᠷ ᠪᠣᠯᠤᠨ ᠪᠤᠳᠤᠯᠲᠠ ᠶ᠋ᠢᠨ ᠬᠦᠴᠦᠨ ᠤ᠋ ᠲᠣᠣᠷ ᠤ᠋ᠨ ᠬᠣᠣᠰ ᠴᠢᠭᠯᠡᠯ ᠵᠢᠡᠷ ᠭᠦᠨᠵᠡᠭᠡᠢ ᠠᠭᠤᠰᠤᠯᠴᠠᠬᠤ᠂ ᠴᠠᠬᠢᠯᠭᠠᠨ ᠬᠦᠴᠦᠨ ᠶ᠋ᠢᠡᠷ ᠪᠤᠳᠤᠯᠲᠠ ᠶ᠋ᠢᠨ ᠬᠦᠴᠦᠨ ᠢ᠋ ᠬᠦᠴᠦᠷᠬᠡᠭᠵᠢᠭᠦᠯᠵᠦ᠂ ᠪᠤᠳᠤᠯᠲᠠ ᠶ᠋ᠢᠨ ᠬᠦᠴᠦᠨ ᠶ᠋ᠢᠡᠷ ᠴᠠᠬᠢᠯᠭᠠᠨ ᠬᠦᠴᠦᠨ ᠢ᠋ ᠠᠬᠢᠭᠤᠯᠬᠤ ᠳ᠋ᠦ ᠦᠨᠳᠦᠰᠦᠨ ᠵᠢᠷᠤᠮᠯᠠᠯ ᠪᠣᠯᠤᠨ ᠰᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠬᠠᠩᠭᠠᠪᠠ᠃ ᠥᠪᠥᠷ ᠮᠣᠩᠭᠣᠯ ᠤ᠋ᠨ ᠴᠠᠬᠢᠯᠭᠠᠨ ᠬᠦᠴᠦᠨ ᠤ᠋ ᠪᠦᠯᠦᠭᠯᠡᠯ ᠶᠡᠷᠦᠩᠬᠡᠶ ᠱᠦᠵᠢ ᠰᠢ ᠵᠢᠨ ᠫᠢᠩ ᠤ᠋ᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭᠠᠨ ᠤ᠋ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶ᠋ᠢᠨ ᠱᠠᠭᠠᠷᠳᠠᠯᠭ᠎ᠠ ᠵᠢ ᠭᠦᠨᠵᠡᠭᠡᠶ ᠣᠶ᠋ᠢᠯᠠᠭᠠᠵᠤ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ ᠵᠢᠨ 〈1571〉 ᠠᠵᠢᠯ ᠤ᠋ᠨ ᠪᠠᠶ᠋ᠢᠷᠢᠯᠠᠭᠤᠯᠤᠯᠲᠠ ᠶᠣᠰᠣᠭᠠᠷ᠂ ᠰᠠᠨᠠᠭᠠᠴᠢᠯᠠᠭ᠎ᠠ ᠡᠴᠡ ᠪᠠᠨ 〈ᠵᠡᠭᠦᠨᠳᠡᠬᠢ ᠲᠤᠭ᠎ᠠ ᠪᠠᠷᠢᠮᠳᠠ ᠵᠢ ᠪᠠᠷᠠᠭᠤᠨᠳ᠋ᠡᠬᠢ ᠪᠤᠳᠤᠯᠳᠠ ᠵᠢᠨ ᠬᠦᠴᠦᠨ ᠵᠢᠡᠷ ᠲᠤᠯᠭᠠᠭᠤᠷᠢᠯᠠᠬᠤ〉 ᠪᠠᠶ᠋ᠢᠷᠢᠰᠢᠭᠤᠯᠤᠯᠲᠠ ᠳ᠋ᠦ ᠠᠭᠤᠰᠤᠯᠴᠠᠨ᠂ 〈ᠪᠤᠳᠤᠯᠲᠠ ᠶ᠋ᠢᠨ ᠬᠦᠴᠦᠨ ᠪᠤᠯᠤᠨ ᠴᠠᠬᠢᠯᠭᠠᠨ ᠬᠦᠴᠦᠨ ᠤ᠋ ᠬᠠᠮᠵᠢᠯᠴᠠᠭ᠎ᠠ〉 ᠵᠢ ᠪᠣᠳᠠᠲᠠᠶ ᠠᠳᠬᠤᠵᠤ᠂ 〈ᠵᠢᠷᠭᠤᠭᠠᠨ ᠲᠤᠤᠷ〉 ᠤ᠋ᠨ ᠬᠣᠯᠪᠣᠭᠠᠯᠠᠨ ᠬᠥᠳᠡᠯᠦᠯᠴᠡᠬᠦ᠌ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ᠋ ᠲᠣᠭᠠᠴᠢᠯᠠᠭᠰᠠᠨ ᠠᠵᠤ ᠠᠬᠤᠶ ᠶ᠋ᠢᠨ ᠴᠢᠨᠠᠷ ᠰᠠᠶ᠋ᠢᠲᠠᠶ ᠬᠥᠭᠵᠢᠯᠲᠡ ᠳ᠋ᠤ ᠪᠠᠳᠤ ᠪᠡᠬᠢ ᠴᠠᠬᠢᠯᠭᠠᠨ ᠬᠦᠴᠦᠨ ᠤ᠋ ᠲᠤᠯᠭᠠᠭᠤᠷᠢᠯᠠᠯ᠎ᠬᠠᠡᠭᠭᠠᠨ᠎ᠠ》 ᠭᠡᠵᠦ᠍ ᠵᠠᠩ ᠰᠢᠶᠤᠤ ᠬ᠍ᠦ ᠶᠠᠷᠢᠨ᠎ᠠ᠃

ᠣᠶ᠋ᠢᠷ᠎ᠠ ᠶ᠋ᠢᠨ ᠵᠢᠯ ᠳ᠋ᠤ᠂ ᠥᠪᠥᠷ ᠮᠣᠩᠭᠣᠯ ᠤ᠋ᠨ ᠴᠠᠬᠢᠯᠭᠠᠨ ᠬᠦᠴᠦᠨ ᠤ᠋ ᠪᠦᠯᠦᠭᠯᠡᠯ ᠮᠤᠵᠢ ᠶ᠋ᠢᠨ ᠬᠠᠷᠢᠶ᠎ᠠ ᠴᠠᠬᠢᠯᠭᠠᠨ ᠲᠤᠤᠷ ᠤ᠋ᠨ ᠳᠠᠪᠠᠭᠤᠯᠢᠭᠲᠦ ᠣᠨᠴᠠᠯᠢᠭ ᠢ᠋ ᠭᠦᠢᠴᠡᠳ ᠪᠠᠳᠠᠷᠠᠭᠤᠯᠤᠨ᠂ ᠲᠥᠯᠥᠪᠵᠢᠭᠦᠯᠦᠨ ᠪᠠᠶ᠋ᠢᠷᠢᠰᠢᠭᠤᠯᠬᠤ᠂ ᠠᠮᠤᠷ ᠲᠦᠪᠰᠢᠨ ᠵᠢᠡᠷ ᠬᠠᠩᠭᠠᠯᠭ᠎ᠠ ᠵᠢ ᠪᠠᠲᠤᠯᠠᠬᠤ᠂ ᠪᠣᠬᠢᠷᠲᠤᠯ ᠥᠬᠡᠶ ᠴᠠᠬᠢᠯᠭᠠᠨ ᠬᠠᠡᠭᠭᠠᠬᠤ᠂ ᠴᠢᠨᠠᠷ ᠰᠠᠶ᠋ᠢᠲᠠᠶ ᠦᠢᠯᠡᠴᠢᠯᠡᠭᠡ ᠵᠡᠷᠭᠡ ᠲᠠᠯ᠎ᠠ ᠪᠠᠷ ᠣᠨᠢᠨ ᠳᠡᠭᠡᠷ᠎ᠡ ᠨᠢ ᠬᠦᠴᠦᠯᠡᠵᠦ᠍᠂ 《ᠴᠠᠬᠢᠯᠭᠠᠨ ᠬᠦᠴᠦᠨ ᠵᠢᠡᠷ ᠪᠤᠳᠤᠯᠲᠠ ᠶ᠋ᠢᠨ ᠬᠦᠴᠦᠨ ᠢ᠋ ᠪᠠᠲᠤᠯᠠᠬᠤ᠂ ᠪᠤᠳᠤᠯᠲᠠ ᠶ᠋ᠢᠨ ᠬᠦᠴᠦᠨ ᠶ᠋ᠢᠡᠷ ᠴᠠᠬᠢᠯᠭᠠᠨ ᠲᠤᠤᠷ  ᠢ᠋ ᠰᠢᠯᠢᠳᠡᠭᠵᠢᠭᠦᠯᠬᠦ᠂ ᠪᠤᠬᠢᠷᠳᠤᠯ ᠦᠭᠡᠢ ᠪᠡᠷ ᠦᠷᠳᠡᠭ  ᠢ᠋ ᠳᠡᠭᠡᠭᠰᠢᠯᠡᠭᠦᠯᠬᠦ》 ᠠᠭᠤᠰᠤᠯᠴᠠᠭᠤᠯᠤᠨ ᠬᠦᠭᠵᠢᠭᠦᠯᠬᠦ ᠰᠢᠨ᠎ᠡ ᠪᠠᠢᠷᠢᠰᠢᠯ ᠢ᠋ ᠪᠦᠬᠦ ᠬᠦᠴᠦᠨ ᠶ᠋ᠢᠡᠷ ᠶ᠋ᠢᠡᠨ ᠪᠠᠢᠭᠤᠯᠪᠠ᠃

ᠵᠠᠩ ᠰᠢᠶᠤᠤ ᠬ᠍ᠦ ᠬᠡᠯᠡᠬᠦ᠌ ᠳ᠋ᠡᠭᠡᠨ᠂ ᠥᠪᠥᠷ ᠮᠣᠩᠭᠣᠯ ᠤ᠋ᠨ ᠴᠠᠬᠢᠯᠭᠠᠨ ᠬᠦᠴᠦᠨ ᠤ᠋ ᠪᠦᠯᠦᠭᠯᠡᠯ ᠤᠯᠤᠰ ᠤ᠋ᠨ ᠪᠤᠳᠤᠯᠲᠠ ᠶ᠋ᠢᠨ ᠬᠦᠴᠦᠨ ᠤ᠋ ᠠᠵᠤ ᠦᠢᠯᠡᠰ ᠤ᠋ᠨ ᠬᠥᠭᠵᠢᠯᠲᠡ ᠶ᠋ᠢᠨ ᠪᠠᠶ᠋ᠢᠷᠢᠰᠢᠭᠤᠯᠤᠯᠲᠠ ᠵᠢ ᠡᠷᠡᠰ ᠳᠠᠭᠠᠵᠤ᠂ ᠥᠨᠳᠥᠷ ᠪᠦᠲᠦᠮᠵᠢᠲᠡᠶ᠂ ᠪᠣᠬᠢᠷᠲᠤᠯ ᠥᠬᠡᠶ᠂ ᠠᠮᠤᠷ ᠲᠦᠪᠰᠢᠨ ᠤ᠋ ᠴᠢᠬᠤᠯᠠ ᠱᠠᠭᠠᠷᠳᠠᠯᠭ᠎ᠠ ᠶᠣᠰᠣᠭᠠᠷ᠂ 《ᠴᠠᠬᠢᠯᠭᠠᠨ ᠬᠦᠴᠦᠨ ᠤ᠋ ᠪᠦᠯᠦᠭᠯᠡᠯ  ᠤ᠋ᠨ 〈ᠵᠢᠷᠭᠤᠭᠠᠨ ᠲᠤᠤᠷ〉  ᠢ᠋ ᠬᠠᠮᠵᠢᠯᠴᠠᠭᠤᠯᠤᠨ ᠬᠥᠭᠵᠢᠭᠦᠯᠬᠦ᠌ ᠵᠢ ᠠᠬᠢᠭᠤᠯᠬᠤ ᠠᠵᠢᠯ ᠤ᠋ᠨ ᠲᠥᠰᠦᠯ》 ᠳ᠋ᠦ ᠲᠣᠳᠣᠷᠬᠠᠶ᠋ᠢᠯᠠᠭᠰᠠᠨ 5 ᠲᠠᠯ᠎ᠠ ᠶ᠋ᠢᠨ ᠭᠤᠤᠯᠳᠠᠯᠭ᠎ᠠ ᠲᠠᠶ ᠡᠭᠦᠷᠭᠡ ᠶ᠋ᠢᠨ ᠲᠣᠭᠣᠷᠢᠨ ᠳ᠋ᠦ ᠴᠠᠬᠢᠯᠭᠠᠨ ᠤ᠋ ᠬᠠᠡᠭᠭᠠᠯᠭ᠎ᠠ ᠲᠣᠭᠲᠠᠭᠤᠨ᠂ ᠪᠤᠬᠢᠷᠳᠤᠯ ᠦᠭᠡᠢ ᠴᠠᠬᠢᠯᠭᠠᠨ ᠭᠦᠢᠴᠡᠳ᠂ ᠴᠠᠬᠢᠯᠭᠠᠨ ᠤ᠋ ᠦᠨ᠎ᠡ ᠳᠤᠤᠷ᠎ᠠ᠂ ᠵᠠᠭᠪᠤᠷ ᠭᠦᠢᠴᠡᠳ ᠰᠠᠶ᠋ᠢᠨ ᠵᠡᠷᠭᠡ ᠶᠡᠷᠦᠩᠬᠡᠶ᠋ᠢᠯᠡᠭᠰᠡᠨ ᠳᠠᠪᠠᠭᠤᠯᠢᠭ ᠢ᠋ ᠤᠯᠠᠮ ᠨᠢᠭᠡ ᠠᠯᠬᠤᠮ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ᠋ ᠪᠥᠬᠥ᠌ ᠤᠯᠤᠰ ᠴᠢᠨᠠᠭᠰᠢᠯᠠᠪᠠᠯ ᠣᠯᠠᠨ ᠤᠯᠤᠰ ᠤ᠋ᠨ ᠪᠣᠬᠢᠷᠲᠤᠯ ᠥᠬᠡᠶ ᠪᠤᠳᠤᠯᠲᠠ ᠶ᠋ᠢᠨ ᠬᠦᠴᠦᠨ ᠤ᠋ ᠠᠵᠤ ᠦᠢᠯᠡᠰ ᠤ᠋ᠨ ᠥᠨᠳᠥᠷᠯᠢᠭ ᠢ᠋ ᠴᠣᠭᠴᠠᠯᠠᠬᠤ ᠳ᠋ᠦ ᠬᠦᠴᠦᠨ ᠨᠡᠮᠡᠷᠢᠯᠡᠨ᠎ᠡ ᠭᠡᠵᠡᠶ᠃

ᠨᠢᠭᠡ ᠳ᠋ᠤ᠂ ᠪᠤᠳᠤᠯᠲᠠ ᠶ᠋ᠢᠨ ᠬᠦᠴᠦᠨ ᠪᠤᠯᠤᠨ ᠴᠠᠬᠢᠯᠭᠠᠨ ᠬᠦᠴᠦᠨ ᠤ᠋ ᠬᠠᠮᠵᠢᠯᠴᠠᠭ᠎ᠠ ᠶ᠋ᠢᠨ ᠪᠠᠳᠤ ᠴᠢᠡᠭᠭ᠎ᠠ ᠲᠤᠤᠷ ᠵᠢᠶᠠᠰᠠ ᠵᠢ ᠪᠠᠢᠭᠤᠯᠤᠨ᠎ᠠ᠃ ᠪᠢᠳᠠ ᠣᠷᠣᠨ ᠨᠤᠲᠤᠭ ᠤ᠋ᠨ ᠵᠠᠰᠠᠭ ᠤ᠋ᠨ ᠣᠷᠳᠣᠨ᠂ ᠭᠣᠣᠯᠳᠠᠯᠭ᠎ᠠ ᠲᠠᠢ ᠪᠤᠳᠤᠯᠲᠠ ᠶ᠋ᠢᠨ ᠬᠦᠴᠦᠨ ᠤ᠋ ᠠᠵᠤ ᠠᠬᠤᠶ᠋ᠢᠯᠠᠯ᠎ᠯᠤᠭ᠎ᠠ ᠶ᠋ᠢᠨ ᠰᠤᠯᠢᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠨ᠂ ᠠᠯᠠᠱᠠ ᠡᠴᠡ ᠬᠥᠬᠡᠬᠣᠲᠠ ᠬᠦᠷᠬᠦ᠌ ᠲᠤᠭᠳᠠᠮᠠᠯ ᠬᠦᠶᠦᠳᠡᠯᠳᠤ ᠴᠠᠬᠢᠯᠭᠠᠨ ᠲᠠᠮᠵᠢᠭᠤᠯᠬᠤ ᠱᠤᠭᠤᠮ᠂ ᠰᠢᠯᠢ ᠶ᠋ᠢᠨ ᠭᠣᠣᠯ ᠡᠴᠡ ᠤᠯᠠᠭᠠᠨᠴᠠᠪ ᠬᠦᠷᠬᠦ᠌ ᠬᠤᠪᠢᠰᠤᠮᠠᠯ ᠬᠦᠶᠤᠳᠡᠯᠳᠤ ᠴᠠᠬᠢᠯᠭᠠᠨ ᠲᠠᠮᠵᠢᠭᠤᠯᠬᠤ ᠱᠤᠭᠤᠮ ᠤ᠋ᠨ ᠪᠦᠳᠦᠬᠡᠨ ᠪᠠᠶ᠋ᠢᠭᠤᠯᠤᠯᠲᠠ ᠵᠢ ᠲᠦᠷᠭᠡᠳᠬᠡᠨ᠂ ᠵᠡᠭᠦᠨ ᠪᠠᠷᠠᠭᠤᠨ ᠪᠠᠶ᠎ᠠ ᠵᠢᠨ ᠰᠢᠨ᠎ᠡ ᠡᠨᠧᠷᠭᠢ ᠶ᠋ᠢ ᠪᠤᠳᠤᠯᠲᠠ ᠶ᠋ᠢᠨ ᠬᠦᠴᠦᠨ ᠤ᠋ ᠬᠦᠢᠰᠦ ᠴᠡᠭ ᠲᠡᠶ᠋ᠢᠰᠢ ᠲᠤᠬᠢᠷᠠᠭᠤᠯᠬᠤ ᠴᠢᠳᠠᠪᠤᠷᠢ ᠵᠢ ᠳᠡᠭᠡᠭᠰᠢᠯᠡᠭᠦᠯᠵᠦ᠍᠂ 《ᠤᠯᠠᠨ ᠴᠡᠭ ᠡᠴᠡ ᠭᠣᠣᠯᠯᠠᠬᠤ ᠪᠦᠯᠦᠭᠵᠢᠯ ᠳ᠋ᠤ ᠵᠠᠯᠭᠠᠨ ᠤᠷᠤᠭᠤᠯᠬᠤ + ᠣᠷᠣᠨ ᠪᠦᠰᠡ ᠶ᠋ᠢᠨ ᠬᠤᠭᠤᠷᠤᠨᠳᠤ ᠠᠮᠢᠳᠤᠯᠢᠭ ᠶ᠋ᠢᠡᠷ ᠬᠠᠷᠢᠯᠴᠠᠨ ᠲᠠᠮᠵᠢᠯᠴᠡᠬᠦ》 ᠴᠠᠬᠢᠯᠭᠠᠨ ᠬᠠᠩᠭᠠᠬᠤ ᠪᠠᠶ᠋ᠢᠷᠢᠰᠢᠯ ᠢ᠋ ᠠᠯᠬᠤᠮ ᠠᠯᠬᠤᠮ ᠶ᠋ᠢᠡᠷ ᠪᠦᠷᠢᠯᠳᠦᠭᠦᠯᠦᠨ᠎ᠡ ᠃ 2030 ᠣᠨ ᠪᠤᠯᠲᠠᠯ᠎ᠠ ᠬᠥᠬᠡᠬᠣᠲᠠ ᠪᠤᠯᠤᠨ ᠤᠯᠠᠭᠠᠨᠴᠠᠪ ᠤ᠋ᠨ ᠭᠠᠵᠠᠷ ᠤᠷᠤᠨ ᠳ᠋ᠤ 500 ᠺᠢᠯᠦᠸᠠᠲ ᠤ᠋ᠨ ᠪᠠᠲᠤ᠌ ᠴᠢᠩᠭ᠎ᠠ ᠲᠣᠭᠣᠷᠢᠯ ᠲᠤᠤᠷ ᠤ᠋ᠨ ᠪᠦᠲᠦᠴᠡ ᠵᠢ ᠪᠥᠬᠥ᠌ ᠲᠠᠯ᠎ᠠ ᠪᠠᠷ ᠪᠠᠢᠭᠤᠯᠵᠤ᠂ ᠪᠤᠳᠤᠯᠲᠠ ᠶ᠋ᠢᠨ ᠬᠦᠴᠦᠨ ᠤ᠋ ᠲᠦᠬᠦᠬᠡᠷᠤᠮᠵᠢ ᠵᠢᠨ ᠡᠷᠬᠢᠯᠳᠡ ᠳ᠋ᠤ ᠬᠡᠷᠡᠭᠰᠡᠬᠦ 1000 ᠲᠦᠮᠡᠨ ᠺᠢᠯᠦᠸᠠᠲ ᠡᠴᠡ ᠳᠡᠭᠡᠭᠰᠢᠬᠢ ᠴᠠᠬᠢᠯᠭᠠᠨ ᠢ᠋ ᠲᠤᠯᠭᠠᠭᠤᠷᠢᠯᠠᠵᠤ᠂ ᠪᠤᠳᠤᠯᠲᠠ ᠶ᠋ᠢᠨ ᠬᠦᠴᠦᠨ ᠤ᠋ ᠲᠥᠪ ᠤ᠋ᠨ 80% ᠡᠴᠡ ᠳᠡᠭᠡᠭᠰᠢᠬᠢ ᠪᠤᠬᠢᠷᠳᠤᠯ ᠦᠭᠡᠢ ᠴᠠᠬᠢᠯᠭᠠᠨ ᠤ᠋ ᠬᠠᠩᠭᠠᠯᠭ᠎ᠠ ᠵᠢ ᠲᠣᠭᠲᠠᠭᠤᠨ ᠶ᠋ᠢᠡᠷ ᠪᠠᠲᠤᠯᠠᠬᠤ ᠶ᠋ᠢᠨ ᠬᠠᠮᠲᠤ᠌ ᠨᠢᠭᠡ ᠪᠦᠯᠦᠭ 《ᠪᠤᠳᠤᠯᠲᠠ ᠶ᠋ᠢᠨ ᠬᠦᠴᠦᠨ + ᠴᠠᠬᠢᠯᠭᠠᠨ ᠬᠦᠴᠦᠨ》 ᠤ᠋ ᠵᠢᠱ᠌ᠢᠶ᠎ᠡ ᠦᠵᠡᠭᠦᠯᠬᠦ᠌ ᠬᠡᠪ ᠳᠠᠭᠤᠷᠢᠶᠠᠯ ᠢ᠋ ᠪᠣᠶ ᠪᠣᠯᠭᠠᠨ᠎ᠠ᠃

ᠬᠣᠶᠠᠷ ᠲᠤ᠌᠂ ᠪᠤᠳᠤᠯᠲᠠ ᠶ᠋ᠢᠨ ᠬᠦᠴᠦᠨ ᠪᠤᠯᠤᠨ ᠴᠠᠬᠢᠯᠭᠠᠨ ᠬᠦᠴᠦᠨ ᠤ᠋ ᠪᠣᠬᠢᠷᠲᠤᠯ ᠦᠭᠡᠢ ᠬᠠᠩᠭᠠᠯᠭ᠎ᠠ ᠶ᠋ᠢᠨ ᠬᠡᠯᠬᠢᠶ᠎ᠡ ᠵᠢ ᠰᠢᠯᠤᠭᠤᠳᠬᠠᠨ᠎ᠠ᠃ ᠪᠢᠳᠡ ᠰᠢᠨ᠎ᠡ ᠡᠨᠧᠷᠭᠢ ᠵᠢ ᠨᠡᠭᠡᠭᠡᠨ ᠠᠰᠢᠭᠯᠠᠬᠤ ᠳ᠋ᠦ ᠪᠠᠲᠤᠯᠠᠭ᠎ᠠ ᠪᠠ ᠦᠢᠯᠡᠴᠢᠯᠡᠭᠡ ᠬᠠᠡᠭᠭᠠᠨ᠂ ᠬᠥᠬᠡᠬᠣᠲᠠ ᠪᠤᠭᠤᠲᠤ ᠶ᠋ᠢᠨ ᠣᠭᠲᠣᠯᠤᠭᠠᠰᠤ ᠶ᠋ᠢᠨ 900 ᠲᠦᠮᠡᠨ ᠺᠢᠯᠦᠸᠠᠲ ᠤ᠋ᠨ ᠪᠤᠬᠢᠷᠳᠤᠯ ᠦᠭᠡᠢ ᠴᠠᠬᠢᠯᠭᠠᠨ ᠬᠦᠷᠭᠡᠬᠦ᠌ ᠴᠢᠳᠠᠪᠤᠷᠢ ᠵᠢ ᠳᠡᠭᠡᠭᠰᠢᠯᠡᠭᠦᠯᠵᠦ᠍᠂ 2030 ᠣᠨ ᠪᠣᠯᠬᠤ ᠳ᠋ᠦ ᠵᠢᠯ ᠪᠦᠷᠢ ᠭᠠᠵᠠᠷ ᠣᠷᠣᠨ ᠠᠯᠤᠰᠯᠠᠨ ᠴᠠᠬᠢᠯᠭᠠᠨ ᠬᠦᠷᠭᠡᠬᠦ᠌ ᠬᠡᠮᠵᠢᠶ᠎ᠡ ᠵᠢᠴᠢ ᠲᠤᠬᠠᠢ ᠶ᠋ᠢᠨ ᠭᠠᠵᠠᠷ ᠲᠠᠭᠠᠨ ᠬᠤᠪᠢ ᠨᠡᠮᠡᠷᠢ ᠦᠵᠡᠭᠦᠯᠬᠦ ᠪᠤᠬᠢᠷᠳᠤᠯ ᠦᠭᠡᠢ ᠴᠠᠬᠢᠯᠭᠠᠨ ᠤ᠋ ᠬᠡᠮᠵᠢᠶ᠎ᠡ ᠵᠢ 2000 ᠳ᠋ᠦᠩᠰᠢᠭᠤᠷ ᠺᠢᠯᠦᠸᠠᠲ ᠡᠴᠡ ᠳᠠᠪᠠᠭᠤᠯᠤᠨ᠎ᠠ᠃ ᠨᠡᠭᠦᠷᠡᠰᠦ ᠴᠠᠬᠢᠯᠭᠠᠨ ᠤ᠋ ᠠᠮᠢᠳᠤᠯᠢᠭ ᠴᠢᠨᠠᠷ᠂ ᠤᠰᠤ ᠲᠠᠲᠠᠵᠤ ᠡᠨᠧᠷᠭᠢ ᠬᠠᠳᠠᠭᠠᠯᠠᠬᠤ᠂ ᠰᠢᠨ᠎ᠡ ᠬᠡᠯᠪᠡᠷᠢ ᠶ᠋ᠢᠨ ᠡᠨ᠋ᠸᠷᠬᠢ ᠶ᠋ᠢᠨ ᠬᠠᠳᠠᠭᠠᠯᠠᠯᠳᠠ ᠵᠡᠷᠭᠡ ᠲᠣᠬᠢᠷᠠᠭᠤᠯᠤᠯᠳᠠ ᠵᠢᠨ ᠴᠢᠨᠠᠷᠳᠠᠢ ᠡᠬᠢ ᠪᠠᠶᠠᠯᠢᠭ ᠢ᠋ ᠨᠢᠭᠡᠳᠦᠯᠲᠡᠶ ᠲᠥᠯᠥᠪᠵᠢᠬᠦᠯᠵᠤ᠂ ᠨᠥᠬᠥᠴᠡᠯ ᠪᠦᠷᠢᠯᠳᠦᠭᠦᠯᠦᠭᠰᠡᠨ ᠪᠤᠳᠤᠯᠲᠠ ᠶ᠋ᠢᠨ ᠬᠦᠴᠦᠨ ᠤ᠋ ᠲᠦᠬᠦᠬᠡᠷᠤᠮᠵᠢ ᠵᠢᠨ ᠡᠷᠬᠢᠯᠳᠡ ᠳ᠋ᠤ ᠬᠡᠷᠡᠭᠰᠡᠬᠦ ᠴᠠᠬᠢᠯᠭᠠᠨ ᠢ᠋ ᠬᠡᠢᠰᠪᠤᠷᠢ ᠴᠠᠬᠢᠯᠭᠠᠨ ᠦᠢᠯᠡᠳᠪᠤᠷᠢ ᠵᠡᠷᠬᠡ ᠠᠷᠭ᠎ᠠ ᠬᠡᠯᠪᠡᠷᠢ ᠪᠡᠷ ᠲᠠᠮᠵᠢᠨ ᠬᠡᠷᠡᠭᠴᠡᠭᠡ ᠱᠠᠭᠠᠷᠳᠠᠯᠭ᠎ᠠ ᠵᠢ ᠴᠤᠤᠷᠢᠶᠠᠳᠤᠨ ᠳᠠᠭᠠᠬᠤ ᠪᠠ ᠲᠤᠰᠠᠯᠠᠬᠤ ᠦᠢᠯᠡᠴᠢᠯᠡᠭᠡᠨ ᠤ᠋ ᠵᠠᠬ᠎ᠠ ᠳᠡᠯᠭᠡᠭᠦᠷ ᠲᠦ᠍ ᠣᠷᠣᠯᠴᠠᠬᠤ ᠵᠢ ᠠᠬᠢᠭᠤᠯᠤᠨ᠎ᠠ᠃ ᠭᠤᠤᠯᠳᠠᠯᠭ᠎ᠠ ᠲᠠᠶ ᠪᠤᠳᠤᠯᠲᠠ ᠶ᠋ᠢᠨ ᠬᠦᠴᠦᠨ ᠤ᠋ ᠪᠦᠯᠦᠭᠵᠢᠯ ᠤ᠋ᠨ ᠲᠣᠭᠣᠷᠢᠨ ᠳ᠋ᠦ ᠪᠤᠳᠤᠯᠲᠠ ᠶ᠋ᠢᠨ ᠬᠦᠴᠦᠨ ᠬᠢᠭᠡᠳ ᠴᠠᠬᠢᠯᠭᠠᠨ ᠬᠦᠴᠦᠨ ᠤ᠋ ᠬᠠᠮᠵᠢᠯᠴᠠᠭ᠎ᠠ ᠶ᠋ᠢᠨ ᠵᠢᠱ᠌ᠢᠶ᠎ᠡ ᠦᠵᠡᠭᠦᠯᠬᠦ᠌ ᠲᠥᠷᠥᠯ ᠵᠦᠢᠯ ᠢ᠋ ᠠᠬᠢᠭᠤᠯᠵᠤ᠂ 100% ᠶ᠋ᠢᠨ ᠪᠣᠬᠢᠷᠲᠤᠯ ᠥᠬᠡᠶ ᠴᠠᠬᠢᠯᠭᠠᠨ ᠤ᠋ ᠮᠥᠷᠳᠡᠵᠦ᠍ ᠪᠣᠯᠬᠤᠶ᠋ᠢᠴᠠ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠣᠷᠢᠭ ᠢ᠋ ᠤᠷᠢᠳ ᠵᠢᠡᠷ ᠪᠦᠳᠦᠬᠡᠨ ᠪᠠᠶ᠋ᠢᠭᠤᠯᠤᠨ᠎ᠠ᠃ ᠪᠤᠳᠤᠯᠲᠠ ᠶ᠋ᠢᠨ ᠬᠦᠴᠦᠨ ᠤ᠋ ᠲᠦᠬᠦᠭᠡᠷᠦᠮᠵᠢ ᠳ᠋ᠤ ᠨᠠᠶ᠋ᠢᠳᠠᠪᠤᠷᠢᠲᠠᠶ ᠪᠣᠬᠢᠷᠲᠤᠯ ᠥᠬᠡᠶ ᠴᠠᠬᠢᠯᠭᠠᠨ ᠬᠠᠩᠭᠠᠬᠤ ᠴᠢᠳᠠᠪᠤᠷᠢ ᠵᠢ ᠳᠡᠭᠡᠭᠰᠢᠯᠡᠭᠦᠯᠵᠦ᠍᠂ ᠪᠣᠬᠢᠷᠲᠤᠯ ᠥᠬᠡᠶ ᠴᠠᠬᠢᠯᠭᠠᠨ ᠬᠦᠴᠦᠨ ᠤ᠋ ᠬᠠᠩᠭᠠᠯᠭ᠎ᠠ ᠶ᠋ᠢᠨ ᠵᠠᠮ ᠢ᠋ ᠥᠷᠭᠡᠳᠬᠡᠨ᠂ 《ᠥᠪᠥᠷ ᠮᠣᠩᠭᠣᠯ ᠤ᠋ᠨ ᠪᠣᠬᠢᠷᠲᠤᠯ ᠥᠬᠡᠶ ᠪᠤᠳᠤᠯᠲᠠ ᠶ᠋ᠢᠨ ᠬᠦᠴᠦᠨ》 ᠤ᠋ ᠲᠥᠷᠥᠯ ᠲᠡᠮᠲᠡᠭ ᠤ᠋ᠨ ᠨᠡᠷ᠎ᠡ ᠠᠯᠳᠠᠷᠰᠢᠯ ᠢ᠋ ᠳᠡᠭᠡᠭᠰᠢᠯᠡᠭᠦᠯᠦᠨ᠎ᠡ᠃

ᠭᠤᠷᠪᠠ ᠳ᠋ᠦ᠂ ᠪᠤᠳᠤᠯᠲᠠ ᠶ᠋ᠢᠨ ᠬᠦᠴᠦᠨ ᠬᠢᠭᠡᠳ ᠴᠠᠬᠢᠯᠭᠠᠨ ᠬᠦᠴᠦᠨ ᠤ᠋ ᠴᠢᠨᠠᠷ ᠰᠠᠶ᠋ᠢᠲᠠᠢ ᠦᠢᠯᠡᠴᠢᠯᠡᠭᠡᠨ ᠤ᠋ ᠠᠮᠢ ᠠᠬᠤᠢ ᠵᠢ ᠪᠤᠢ ᠪᠣᠯᠭᠠᠨ᠎ᠠ᠃ ᠪᠢᠳᠡ ᠪᠤᠳᠤᠯᠲᠠ ᠶ᠋ᠢᠨ ᠬᠦᠴᠦᠨ ᠤ᠋ ᠠᠵᠤ ᠠᠬᠤᠶ᠋ᠢᠯᠠᠯ ᠳ᠋ᠤ ᠪᠥᠬᠥ᠌ ᠦᠶᠡᠯᠡᠯ ᠤ᠋ᠨ ᠬᠤᠭᠤᠴᠠᠭᠠᠨ ᠤ᠋ ᠦᠢᠯᠡᠴᠢᠯᠡᠭᠡ ᠬᠠᠩᠭᠠᠬᠤ ᠵᠢ ᠴᠢᠩᠭᠠᠳᠬᠠᠵᠤ᠂ ᠠᠵᠤ ᠠᠬᠤᠶ᠋ᠢᠯᠠᠯ ᠣᠷᠣᠵᠤ ᠰᠠᠭᠤᠬᠤ ᠲᠠᠢ ᠵᠠᠷᠭᠡᠪᠡᠷ ᠲᠣᠭᠲᠠᠭᠤᠨ ᠴᠠᠬᠢᠯᠭᠠᠨ ᠬᠠᠡᠭᠭᠠᠬᠤ ᠵᠢ ᠪᠠᠶᠡᠯᠡᠭᠦᠯᠤᠨ᠎ᠠ᠃ ᠴᠠᠬᠢᠯᠭᠠᠨ ᠬᠦᠴᠦᠨ ᠤ᠋ ᠵᠠᠬ᠎ᠠ ᠳᠡᠯᠭᠡᠭᠦᠷ ᠤ᠋ᠨ ᠬᠠᠮᠵᠢᠯᠴᠠᠭᠠᠨ ᠤ᠋ ᠲᠣᠭᠲᠠᠴᠠ ᠵᠢ ᠦᠷᠭᠦᠯᠵᠢᠯᠡᠨ ᠲᠡᠭᠦᠯᠳᠡᠷᠵᠢᠭᠦᠯᠵᠦ᠍᠂ ᠣᠯᠠᠨ ᠵᠢᠯ ᠤ᠋ᠨ ᠬᠤᠭᠤᠴᠠᠭ᠎ᠠ ᠲᠠᠶ ᠪᠡᠷ ᠪᠣᠬᠢᠷᠲᠤᠯ ᠥᠬᠡᠶ ᠴᠠᠬᠢᠯᠭᠠᠨ ᠬᠤᠳᠠᠯᠳᠤᠨ ᠠᠪᠬᠤ ᠬᠡᠯᠡᠯᠴᠡᠭᠡᠷ ᠢ᠋ ᠦᠷᠭᠡᠳᠬᠡᠨ ᠳᠡᠯᠭᠡᠷᠡᠭᠦᠯᠵᠦ᠂ ᠠᠵᠤ ᠠᠬᠤᠶ᠋ᠢᠯᠠᠯ ᠤ᠋ᠨ ᠴᠠᠬᠢᠯᠭᠠᠨ ᠤ᠋ ᠦᠨ᠎ᠡ ᠶ᠋ᠢᠨ ᠵᠢᠱ᠌ᠢᠯᠲᠡ ᠵᠢ ᠲᠣᠭᠲᠠᠪᠤᠷᠢᠵᠢᠭᠤᠯᠤᠨ᠂ ᠶᠡᠷᠦᠩᠬᠡᠶ᠋ᠢᠯᠡᠭᠰᠡᠨ ᠡᠨᠧᠷᠭᠢ ᠬᠡᠷᠡᠭᠯᠡᠬᠦ᠌ ᠥᠪᠡᠷ ᠤ᠋ᠨ ᠥᠷᠲᠡᠭ ᠢ᠋ ᠰᠢᠯᠢᠳᠡᠭᠵᠢᠭᠦᠯᠦᠨ᠎ᠡ᠃ ᠪᠤᠳᠤᠯᠲᠠ ᠶ᠋ᠢᠨ ᠬᠦᠴᠦᠨ ᠤ᠋ ᠲᠦᠬᠦᠬᠡᠷᠤᠮᠵᠢ ᠵᠢᠨ ᠡᠷᠬᠢᠯᠳᠡ ᠳ᠋ᠤ ᠬᠡᠷᠡᠭᠰᠡᠬᠦ ᠴᠠᠬᠢᠯᠭᠠᠨ ᠤ᠋ ᠪᠠᠴᠢᠮ ᠪᠠᠶ᠋ᠢᠳᠠᠯ ᠢ᠋ ᠠᠷᠭᠠᠴᠠᠭᠠᠬᠤ ᠬᠠᠩᠭᠠᠯᠭ᠎ᠠ ᠵᠢ ᠪᠠᠲᠤᠯᠠᠬᠤ ᠰᠢᠰᠲ᠋ᠧᠮ ᠢ᠋ ᠪᠦᠷᠢᠨᠰᠢᠬᠦᠯᠵᠦ᠍᠂ ᠴᠠᠬᠢᠯᠭᠠᠨ ᠲᠤᠤᠷ ᠤ᠋ᠨ ᠣᠶᠤᠨᠴᠢ ᠪᠠᠷ ᠠᠵᠢᠯᠯᠠᠬᠤ ᠪᠠ ᠬᠡᠮ ᠰᠣᠭᠣᠭ ᠢ᠋ ᠲᠦᠷᠭᠡᠨ ᠰᠢᠢᠳᠪᠦᠷᠢᠯᠡᠬᠦ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠦᠨ᠎ᠡ᠃ ᠪᠤᠳᠤᠯᠲᠠ ᠶ᠋ᠢᠨ ᠬᠦᠴᠦᠨ ᠤ᠋ ᠠᠵᠤ ᠠᠬᠤᠶ᠋ᠢᠯᠠᠯ ᠤ᠋ᠨ ᠨᠢᠭᠡ ᠦᠷᠲᠡᠭᠡᠴᠢᠯᠡᠭᠰᠡᠨ ᠮᠠᠶᠢᠭ ᠤ᠋ᠨ ᠴᠠᠬᠢᠯᠭᠠᠨ ᠬᠡᠷᠡᠭᠯᠡᠬᠦ᠌ ᠦᠢᠯᠡᠴᠢᠯᠡᠭᠡᠨ ᠤ᠋ ᠲᠠᠪᠴᠠᠩ ᠢ᠋ ᠪᠠᠶ᠋ᠢᠭᠤᠯᠵᠤ᠂ ᠪᠤᠳᠤᠯᠲᠠ ᠶ᠋ᠢᠨ ᠬᠦᠴᠦᠨ ᠤ᠋ ᠠᠵᠤ ᠠᠬᠤᠶ᠋ᠢᠯᠠᠯ ᠤ᠋ᠨ ᠲᠤᠰᠬᠠᠶ 《ᠴᠠᠬᠢᠯᠭᠠᠨ ᠬᠠᠮᠢᠶᠠᠷᠤᠭᠴᠢ》 ᠪᠣᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面