ᠲᠤᠰᠬᠠᠢ ᠮᠡᠳᠡᠭᠡᠯᠡᠯ > ᠭᠣᠣᠯ ᠰᠡᠳᠦᠪᠲᠦ ᠮᠡᠳᠡᠭᠡᠯᠡᠯ

2026-11-02 10:55:59

ᠵᠣᠬᠢᠶᠠᠭ᠍ᠴᠢ᠄ ᠶᠠᠩ ᠸᠧᠢ ᠣᠩᠱᠢᠭ᠍ᠰᠠᠨ ᠣᠳᠠᠭ᠎ᠠ᠄ 3

10 ᠰᠠᠷ᠎ᠠ᠎ᠶᠢᠨ 28᠎ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠤᠳᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠣᠷᠣᠨ᠎ᠤ ᠰᠢᠭᠤᠳ ᠬᠠᠷᠢᠶ᠎ᠠ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠳᠤ ᠭᠦᠨᠵᠡᠭᠡᠢᠷᠡᠨ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠳᠡᠳ᠋ ᠵᠠᠬᠢᠷᠤᠯ᠂ ᠫᠷᠤᠹᠸᠰᠰᠤᠷ ᠳᠦ ᠹᠸᠩ ᠯᠢᠶᠠᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠤᠨ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠎ᠳᠦ ᠬᠦᠷᠴᠦ ᠣᠷᠣᠨ᠎ᠤ ᠰᠢᠭᠤᠳ ᠬᠠᠷᠢᠶ᠎ᠠ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠺᠠᠳ᠋ᠷ ᠠᠵᠢᠯᠲᠠᠨ᠎ᠤ ᠲᠥᠯᠥᠭᠡᠯᠡᠭᠴᠢ ᠪᠣᠯᠣᠨ ᠤᠯᠤᠰ᠎ᠤᠨ ᠥᠮᠴᠢᠯᠡᠯ᠎ᠤᠨ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠎ᠦᠨ ᠪᠠᠢᠭᠤᠯᠭ᠎ᠠ᠎ᠶᠢᠨ ᠺᠠᠳ᠋ᠷ᠎ᠲᠤ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠡ᠃ ᠮᠡᠳᠡᠭᠦᠯᠦᠯᠲᠡ᠎ᠳᠦ ᠶᠡᠷᠦᠩᠬᠡᠢ ᠱᠦᠵᠢ ᠰᠢ ᠵᠢᠨ ᠫᠢᠩ᠎ᠦᠨ ᠲᠣᠰ ᠤᠳᠠᠭᠠᠨ᠎ᠤ ᠰᠢᠨᠵᠢᠯᠡᠨ ᠪᠠᠢᠴᠠᠭᠠᠬᠤ ᠬᠤᠭᠤᠴᠠᠭᠠᠨ᠎ᠳᠠᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠳᠤ ᠠᠭᠤᠯᠤᠭᠳᠠᠵᠤ ᠪᠠᠢᠭ᠎ᠠ ᠰᠢᠨ᠎ᠡ ᠦᠵᠡᠯᠲᠡ᠂ ᠰᠢᠨ᠎ᠡ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠤᠨ ᠰᠢᠰᠲᠸᠮ ᠲᠠᠢ ᠳᠤᠳᠤᠷᠬᠠᠢᠯᠠᠨ ᠲᠠᠢᠯᠪᠤᠷᠢᠯᠡᠵᠦ᠂ ᠣᠯᠠᠨ᠎ᠢ ᠬᠥᠲᠥᠯᠥᠨ ᠵᠢᠯᠤᠭᠣᠳᠴᠤ ᠪᠠᠢᠭᠠᠳ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭᠠᠨ᠎ᠤ ᠪᠠᠶᠠᠯᠢᠭ᠋ ᠠᠭᠤᠯᠤᠭᠳᠠᠬᠤᠨ ᠪᠠ ᠦᠢᠯᠡᠳᠦᠯᠭᠡ᠎ᠶᠢᠨ ᠱᠠᠭᠠᠷᠳᠠᠯᠭ᠎ᠠ᠎ᠶᠢ ᠭᠦᠨᠵᠡᠭᠡᠢ ᠣᠢᠯᠠᠭᠠᠭᠤᠯᠵᠤ᠂ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠪᠣᠳᠠᠲᠤ ᠪᠠᠢᠳᠠᠯ᠎ᠳᠤ ᠰᠠᠭᠤᠷᠢᠯᠠᠨ ᠶᠡᠷᠦᠩᠬᠡᠢ ᠱᠦᠵᠢ ᠰᠢ ᠵᠢᠨ ᠫᠢᠩ᠎ᠦᠨ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠶᠢ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ ᠠᠮᠢᠳᠤᠯᠢᠭ᠋ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠤᠷᠢᠶᠠᠯᠠᠪᠠ᠃

ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠤᠨ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠎ᠦᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠨᠢᠭᠡᠳᠦᠭᠡᠷ ᠭᠠᠵᠠᠷ᠎ᠤᠨ ᠳᠠᠷᠤᠭ᠎ᠠ ᠫᠠᠨ ᠸᠧᠨ ᠵᠢᠨ᠄ 《ᠲᠣᠰ ᠤᠳᠠᠭ᠎ᠠ᠎ᠶᠢᠨ ᠤᠬᠠᠭᠤᠯᠤᠨ ᠲᠠᠢᠯᠪᠤᠷᠢᠯᠠᠬᠤ ᠭᠣᠣᠯ ᠰᠡᠳᠦᠪ ᠢᠯᠡ ᠲᠣᠳᠣ᠌᠂ ᠭᠣᠣᠯᠳᠠᠯᠭ᠎ᠠ ᠲᠣᠪᠣᠢᠮ᠎ᠠ᠂ ᠰᠣᠨᠣᠰᠤᠭᠰᠠᠨ᠎ᠤ ᠳᠠᠷᠠᠭ᠎ᠠ ᠮᠠᠰᠢ ᠶᠡᠬᠡ ᠰᠡᠩᠬᠡᠷᠡᠭᠦᠯᠦᠯ ᠣᠯᠵᠤ᠂ ᠲᠤᠢᠯ᠎ᠢᠶᠠᠷ ᠤᠷᠮᠠᠰᠢᠨ ᠵᠣᠷᠢᠭ᠍ᠵᠢᠪᠠ᠃ ᠪᠢᠳᠡ ᠨᠠᠮ᠎ᠤᠨ ᠪᠥᠬᠥ ᠲᠠᠯ᠎ᠠ᠎ᠶᠢᠨ ᠤᠳᠤᠷᠢᠳᠤᠯᠭ᠎ᠠ᠎ᠶᠢ ᠢᠮᠠᠭᠲᠠ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠣᠲᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶᠢᠨ ᠰᠠᠭᠤᠷᠢ᠎ᠶᠢ ᠦᠷᠭᠦᠯᠵᠢᠯᠡᠨ ᠪᠡᠬᠢᠵᠢᠭᠦᠯᠵᠦ᠂ ᠤᠯᠤᠰ᠎ᠤᠨ ᠥᠮᠴᠢᠯᠡᠯ᠎ᠦᠨ ᠡᠳ᠋ ᠬᠥᠷᠥᠩᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠥᠭᠡᠷᠡᠴᠢᠯᠡᠯᠲᠡ᠎ᠶᠢᠨ ᠣᠨᠴᠠᠯᠢᠭ᠋ ᠪᠣᠯᠣᠨ ᠤᠯᠤᠰ᠎ᠤᠨ ᠥᠮᠴᠢᠯᠡᠯ᠎ᠦᠨ ᠠᠵᠤ ᠠᠬᠤᠢ᠎ᠶᠢᠨ ᠪᠠᠢᠯᠳᠤᠬᠤ ᠪᠣᠳᠣᠯᠭ᠎ᠠ᠎ᠶᠢᠨ ᠪᠠᠢᠷᠢᠰᠢᠭᠤᠯᠤᠯᠲᠠ᠎ᠲᠠᠢ ᠨᠢᠭ᠍ᠲᠠ ᠤᠶᠠᠯᠳᠤᠭᠤᠯᠤᠨ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠨᠠᠮ᠎ᠤᠨ ᠪᠠᠢᠭᠤᠯᠤᠯᠲᠠ᠎ᠶᠢ ᠠᠬᠢᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ᠎ᠶᠢ ᠠᠬᠢᠭᠤᠯᠵᠤ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠭᠣᠣᠯᠯᠠᠬᠤ ᠥᠷᠢᠰᠦᠯᠳᠦᠬᠦ ᠬᠦᠴᠦᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠴᠢᠨᠠᠷ ᠰᠠᠢᠲᠠᠢ ᠬᠥᠭᠵᠢᠯᠲᠡ᠎ᠶᠢ ᠬᠥᠲᠥᠯᠥᠨ ᠳᠠᠭᠠᠭᠤᠯᠵᠤ ᠪᠠᠲᠤᠯᠠᠨ᠎ᠠ》 ᠭᠡᠵᠦ ᠢᠯᠡᠳᠭᠡᠪᠡ᠃

ᠳᠤᠮᠳᠠᠳᠤ ᠤᠯᠤᠰ᠎ᠤᠨ ᠰᠢᠯᠵᠢᠭᠡ ᠬᠤᠯᠪᠤᠭᠠᠨ᠎ᠤ ᠪᠦᠯᠦᠭᠯᠡᠯ᠎ᠦᠨ ᠥᠪᠥᠷ ᠮᠣᠩᠭᠣᠯ᠎ᠤᠨ ᠬᠢᠵᠠᠭᠠᠷᠲᠤ ᠺᠣᠮᠫᠠᠨᠢ᠎ᠶᠢᠨ ᠪᠤᠳᠤᠯᠲᠠ᠎ᠶᠢᠨ ᠬᠦᠴᠦᠨ᠎ᠤ ᠡᠵᠡᠩᠨᠡᠯᠲᠡ᠎ᠶᠢᠨ ᠬᠡᠯᠲᠡᠰ᠎ᠦᠨ ᠳᠡᠭᠡᠳᠦ ᠵᠡᠷᠭᠡ᠎ᠶᠢᠨ ᠢᠨᠵᠧᠨᠧᠷ ᠮᠠ ᠢᠦᠢ ᠴᠢᠩ᠄ 《ᠲᠤᠰ ᠤᠳᠠᠭ᠎ᠠ᠎ᠶᠢᠨ ᠤᠬᠠᠭᠤᠯᠤᠨ ᠲᠠᠢᠯᠪᠤᠷᠢᠯᠠᠬᠤ᠎ᠪᠠᠷ ᠳᠠᠮᠵᠢᠨ᠂ ᠪᠢ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠤᠳᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠳᠤ ᠨᠡᠩ ᠭᠦᠨᠵᠡᠭᠡᠢ ᠣᠢᠯᠠᠭᠠᠯᠲᠠ᠎ᠲᠠᠢ ᠪᠣᠯᠵᠠᠢ᠃ ᠲᠠᠷᠠᠭᠠᠴᠢ᠎ᠶᠢᠨ ᠠᠯᠬᠤᠮ᠎ᠳᠤ᠂ ᠪᠢᠳᠡ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢ ᠪᠣᠳᠣᠯᠲᠠ᠎ᠶᠢᠨ ᠬᠦᠴᠦᠨ᠎ᠦ ᠰᠠᠭᠤᠷᠢ ᠲᠥᠬᠦᠭᠡᠷᠦᠮᠵᠢ᠎ᠶᠢᠨ ᠠᠮᠤᠷ ᠲᠦᠪᠰᠢᠨ ᠠᠵᠢᠯᠯᠠᠭᠠᠨ᠎ᠢ ᠪᠠᠲᠤᠯᠠᠬᠤ ᠪᠣᠳᠠᠲᠤ ᠠᠵᠢᠯᠯᠠᠭ᠎ᠠ ᠪᠣᠯᠭᠠᠨ ᠤᠯᠠᠷᠢᠭᠤᠯᠵᠤ᠂ ᠪᠣᠳᠣᠯᠲᠠ᠎ᠶᠢᠨ ᠬᠦᠴᠦᠨ ᠴᠠᠬᠢᠯᠭᠠᠨ ᠬᠦᠴᠦᠨ᠎ᠤ ᠬᠠᠮᠵᠢᠯᠴᠠᠭ᠎ᠠ᠂ ᠪᠤᠳᠤᠯᠲᠠ᠎ᠶᠢᠨ ᠬᠦᠴᠦᠨ ᠤᠰᠤᠨ᠎ᠤ ᠡᠬᠢ ᠪᠠᠶᠠᠯᠢᠭ᠎ᠤᠨ ᠬᠠᠮᠵᠢᠯᠴᠠᠭ᠎ᠠ᠎ᠶᠢ ᠢᠳᠡᠪᠬᠢᠲᠡᠢ ᠠᠬᠢᠭᠤᠯᠵᠤ᠂ ᠣᠶᠤᠨᠲᠤ ᠪᠣᠳᠣᠯᠲᠠ᠎ᠶᠢᠨ ᠬᠦᠴᠦᠨ᠎ᠤ ᠦᠢᠯᠡᠴᠢᠯᠡᠭᠡᠨ᠎ᠦ ᠰᠢᠨ᠎ᠡ᠎ᠶᠢ ᠡᠭᠦᠳᠬᠦ ᠴᠢᠳᠠᠪᠤᠷᠢ᠎ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠮᠤᠷ ᠲᠦᠪᠰᠢᠨ ᠨᠠᠢᠳᠠᠪᠤᠷᠢᠲᠠᠢ᠂ ᠪᠣᠬᠢᠷᠲᠤᠯ ᠦᠭᠡᠢ ᠥᠨᠳᠥᠷ ᠪᠦᠲᠦᠮᠵᠢᠲᠡᠢ ᠪᠤᠳᠤᠯᠲᠠ᠎ᠶᠢᠨ ᠬᠦᠴᠦᠨ᠎ᠦ ᠰᠠᠭᠤᠷᠢ᠎ᠶᠢ ᠴᠣᠭᠴᠠᠯᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭᠵᠢᠯᠲᠡ᠎ᠳᠦ ᠬᠦᠴᠦᠷᠬᠡᠭ ᠶᠡᠬᠡ ᠪᠤᠳᠤᠯᠲᠠ᠎ᠶᠢᠨ ᠬᠦᠴᠦᠨ᠎ᠦ ᠬᠥᠳᠡᠯᠭᠡᠬᠦ ᠬᠦᠴᠦᠨ ᠨᠡᠮᠡᠷᠢᠯᠡᠨ᠎ᠡ》 ᠭᠡᠪᠡ᠃

ᠲᠤᠬᠠᠢ᠎ᠶᠢᠨ ᠲᠠᠯᠠᠪᠠᠢ᠎ᠳᠤ ᠬᠢᠴᠢᠶᠡᠯ ᠰᠣᠨᠣᠰᠤᠭᠰᠠᠨ ᠺᠠᠳ᠋ᠷ ᠠᠵᠢᠯᠲᠠᠨ ᠠᠵᠢᠯᠴᠢᠨ᠂ ᠲᠤᠰ ᠤᠳᠠᠭ᠎ᠠ᠎ᠶᠢᠨ ᠤᠬᠠᠭᠤᠯᠤᠨ ᠲᠠᠢᠯᠪᠤᠷᠢᠯᠠᠬᠤ᠎ᠪᠠᠷ ᠠᠵᠠ ᠲᠣᠬᠢᠶᠠᠯ ᠪᠣᠯᠭᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠤᠳᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠬᠥᠭᠵᠢᠯᠲᠡ᠎ᠶᠢ ᠠᠬᠢᠭᠤᠯᠬᠤ ᠠᠵᠢᠯ ᠳᠤᠮᠳᠠ ᠨᠠᠢᠳᠠᠪᠤᠷᠢᠵᠢᠭᠤᠯᠵᠤ᠂ ᠦᠷᠭᠦᠯᠵᠢᠯᠡᠨ ᠪᠠᠲᠤ ᠦᠢᠯᠡᠳᠦᠯᠭᠡᠵᠢᠭᠦᠯᠵᠦ ᠪᠣᠳᠠᠲᠠᠢ ᠠᠵᠢᠯᠯᠠᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠤᠯᠤᠰ᠎ᠤᠨ ᠥᠮᠴᠢᠯᠡᠯ᠎ᠦᠨ ᠠᠵᠤ ᠠᠬᠤᠢ᠎ᠶᠢᠨ ᠪᠠᠢᠷᠢᠰᠢᠭᠤᠯᠤᠯᠲᠠ᠎ᠶᠢ ᠰᠢᠯᠢᠳᠡᠭᠵᠢᠭᠦᠯᠬᠦ ᠪᠠ ᠪᠦᠲᠦᠴᠡ᠎ᠶᠢᠨ ᠲᠣᠬᠢᠷᠠᠭᠤᠯᠤᠯᠲᠠ ᠬᠢᠬᠦ᠎ᠶᠢ ᠬᠦᠴᠦᠯᠡᠨ ᠠᠬᠢᠭᠤᠯᠵᠤ᠂ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶᠢ ᠤᠯᠠᠮ ᠨᠢᠭᠡ ᠠᠯᠬᠤᠮ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠢᠷᠠᠭᠤᠯᠤᠨ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠤᠯᠤᠰ᠎ᠤᠨ ᠥᠮᠴᠢᠯᠡᠯ᠎ᠦᠨ ᠡᠳ᠋ ᠬᠥᠷᠥᠩᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠬᠡᠵᠡᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面