2026-11-02 10:55:06
︱ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠺᠠᠩ ᠰᠢᠦᠸᠠᠢ ᠳ᠋ᠦᠩ᠎ᠢ ᠰᠤᠷᠪᠤᠯᠵᠢᠯᠠᠬᠰᠠᠨ ᠨᠢ
10 ᠰᠠᠷ᠎ᠠ᠎ᠶᠢᠨ 16 ᠤ᠋ ᠡᠳᠦᠷ᠂ ᠶᠡᠷᠦᠩᠬᠡᠢ ᠱᠦᠵᠢ ᠰᠢ᠎ᠶᠢᠨ ᠫᠢᠩ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ᠎ᠳᠠᠭᠠᠨ᠂ ᠮᠠᠨ᠎ᠤ ᠤᠯᠤᠰ᠎ᠤᠨ ᠨᠤᠲᠤᠭ ᠳᠡᠪᠢᠰᠬᠡᠷ ᠥᠷᠭᠡᠨ ᠠᠭᠤᠳᠠᠮ᠂ ᠵᠡᠭᠦᠨ ᠪᠠᠷᠠᠭᠤᠨ ᠡᠮᠦᠨ᠎ᠡ ᠤᠮᠠᠷ᠎ᠠ ᠳᠤᠮᠲᠠ ᠭᠠᠵᠠᠷ ᠤᠷᠤᠨ᠎ᠤ ᠡᠬᠢ ᠪᠠᠶᠠᠯᠢᠭ᠋᠎ᠤᠨ ᠵᠥᠷᠢᠶ᠎ᠡ ᠢᠯᠡᠷᠬᠡᠢ ᠪᠠᠢᠳᠠᠭ᠃ ᠰᠢᠨ᠎ᠡ ᠠᠶᠠᠨ᠎ᠳᠤ᠂ ᠡᠯ᠎ᠡ ᠭᠠᠵᠠᠷ ᠣᠷᠣᠨ᠎ᠤ ᠬᠢᠨ ᠨᠠᠮ᠎ᠤᠨ ᠲᠥᠪ ᠬᠤᠷᠢᠶ᠎ᠠ᠎ᠵᠢᠨ ᠪᠠᠢᠯᠳᠤᠬᠤ ᠪᠣᠳᠣᠯᠭ᠎ᠠ᠎ᠶᠢᠨ ᠰᠢᠢᠳᠪᠦᠷᠢᠲᠦ ᠪᠣᠳᠣᠯᠭ᠎ᠠ ᠪᠣᠯᠣᠨ ᠲᠥᠯᠦᠪᠵᠢᠭᠦᠯᠭᠡᠪᠠᠢᠷᠢᠯᠠᠭᠤᠯᠤᠯᠲᠠ ᠶᠣᠰᠣᠭᠠᠷ᠂ ᠵᠠᠰᠠᠭ᠎ᠤᠨ ᠠᠵᠢᠯ᠎ᠤᠨ ᠪᠦᠲᠦᠮᠵᠢ᠎ᠵᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ᠎ᠪᠠᠷ ᠲᠤᠭᠤᠰᠢᠯᠠᠭᠤᠯᠵᠦ᠂ ᠴᠠᠭ ᠦᠶ᠎ᠡ᠎ᠶᠢᠨ ᠤᠷᠤᠰᠬᠠᠯ᠎ᠢ ᠴᠢᠩᠭ᠎ᠠ ᠳᠠᠭᠠᠵᠤ᠂ ᠬᠥᠭᠵᠢᠯᠲᠡ᠎ᠶᠢᠨ ᠠᠵᠠ ᠲᠣᠬᠢᠶᠠᠯ᠎ᠢ ᠠᠮᠵᠢᠵᠤ᠂ ᠲᠤᠰ ᠪᠡᠶ᠎ᠡ᠎ᠶᠢᠨ ᠨᠥᠬᠥᠴᠡᠯ᠎ᠳᠡᠭᠡᠨ ᠰᠠᠭᠤᠷᠢᠯᠠᠵᠤ᠂ ᠬᠠᠷᠢᠴᠠᠭᠤᠯᠤᠭᠰᠠᠨ ᠳᠠᠪᠠᠭᠤᠯᠢᠭ᠋᠎ᠢᠶᠠᠨ ᠪᠠᠳᠠᠷᠠᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠠᠷᠠᠳ ᠲᠦᠮᠡᠨ᠎ᠳᠦ ᠪᠤᠶᠠᠨ ᠦᠢᠯᠡᠳᠬᠦ ᠪᠣᠯ ᠬᠠᠮᠤᠭ᠎ᠤᠨ ᠶᠡᠬᠡ ᠠᠵᠢᠯ᠎ᠤᠨ ᠪᠦᠲᠦᠮᠵᠢ ᠮᠥᠨ᠃ ᠶᠡᠷᠦᠩᠬᠡᠢ ᠱᠦᠵᠢ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠬᠡᠷᠬᠢᠨ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠪᠤᠢ? ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠺᠠᠩ ᠰᠢᠥᠸᠠᠢ ᠳ᠋ᠦᠩ᠎ᠢ ᠰᠤᠷᠪᠤᠯᠵᠢᠯᠠᠪᠠ᠃
《ᠶᠡᠷᠦᠩᠬᠡᠢ ᠱᠦᠵᠢ ᠰᠢ᠎ᠶᠢᠨ ᠫᠢᠩ᠎ᠤᠨ ᠴᠢᠩ ᠰᠡᠳᠬᠢᠯ᠎ᠤᠨ ᠨᠠᠶ᠋ᠢᠳᠠᠯᠭ᠎ᠠ ᠨᠢ ᠡᠷᠡᠮᠡᠬᠡᠢᠯᠡᠨ ᠤᠷᠤᠭᠰᠢᠯᠠᠬᠤ ᠡᠷᠴᠢ ᠵᠤᠷᠢᠭ᠎ᠢ ᠬᠦᠪᠴᠢᠯᠡᠨ᠂ ᠮᠠᠨ᠎ᠤ ᠣᠷᠣᠨ᠎ᠤ ᠠᠷᠠᠳ᠎ᠤᠨ ᠶᠠᠪᠤᠳᠠᠯ᠎ᠤᠨ ᠦᠢᠯᠡᠰ᠎ᠦᠨ ᠬᠥᠭᠵᠢᠯᠲᠡ᠎ᠳᠦ ᠤᠷᠤᠭᠰᠢᠯᠠᠯᠲᠠ᠎ᠶᠢᠨ ᠴᠢᠭᠯᠡᠯ᠎ᠢ ᠵᠢᠭᠠᠵᠦ᠂ ᠦᠨᠳᠦᠰᠦᠨ ᠵᠢᠷᠤᠮᠯᠠᠯ ᠬᠠᠩᠭᠠᠵᠠᠢ᠂ ᠪᠢᠳᠡ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠠᠴᠢ ᠡᠨᠡᠷᠢᠯᠳ᠋ᠤᠨᠢ ᠲᠠᠯᠠᠷᠬᠠᠨ ᠡᠷᠡᠮᠡᠬᠡᠢᠯᠡᠨ ᠤᠷᠤᠭᠰᠢᠯᠠᠵᠤ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢᠶᠠᠷ ᠵᠢᠯᠣᠭᠣᠳᠤᠯᠭ᠎ᠠ ᠪᠣᠯᠭᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳ᠋ᠤ ᠠᠷᠠᠳ᠎ᠤᠨ ᠶᠠᠪᠤᠳᠠᠯ᠎ᠤᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠬᠦᠴᠦᠯᠡᠨ ᠠᠬᠢᠭᠤᠯᠤᠨ᠎ᠠ》 ᠭᠡᠵᠦ ᠺᠠᠩ ᠰᠢᠦᠸᠠᠢ ᠳ᠋ᠦᠩ ᠬᠡᠯᠡᠪᠡ᠃
ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠳᠤ ᠠᠷᠠᠳ᠎ᠤᠨ ᠠᠮᠢᠳᠤᠷᠠᠯ ᠪᠤᠯ ᠶᠡᠬᠡ ᠶᠠᠪᠤᠳᠠᠯ ᠪᠤᠯᠤᠨ᠎ᠠ᠃ ᠣᠢᠷ᠎ᠠ᠎ᠶᠢᠨ ᠵᠢᠯ᠎ᠡᠴᠡ ᠨᠠᠭᠠᠰᠢ᠂ ᠨᠠᠮ᠎ᠤᠨ ᠲᠥᠪ ᠬᠣᠷᠢᠶᠠᠨ᠎ᠤ ᠳᠣᠲᠣᠨᠣ᠌ ᠬᠠᠯᠠᠮᠵᠢᠯᠠᠯ ᠳᠣᠣᠷ᠎ᠠ᠂ ᠠᠷᠠᠳ᠎ᠤᠨ ᠶᠠᠪᠤᠳᠠᠯ᠎ᠤᠨ ᠶᠠᠮᠤᠨ᠎ᠤ ᠨᠠᠷᠢᠨ ᠨᠢᠮᠪᠠᠢ ᠵᠢᠯᠣᠭᠣᠳᠤᠯᠭ᠎ᠠ᠎ᠪᠠᠷ᠂ ᠥᠪᠥᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠦᠢᠯᠡᠰ ᠰᠢᠨ᠎ᠡ ᠠᠬᠢᠴᠠ᠎ᠲᠠᠢ ᠪᠣᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠠᠷᠠᠳ᠎ᠤᠨ ᠶᠠᠪᠤᠳᠠᠯ᠎ᠤᠨ ᠠᠵᠢᠯ᠎ᠢ ᠴᠢᠬᠤᠯᠠ ᠪᠠᠢᠷᠢᠨ᠎ᠳᠤ ᠲᠠᠯᠪᠢᠵᠤ ᠲᠥᠯᠥᠪᠵᠢᠭᠦᠯᠦᠨ ᠪᠠᠢᠷᠢᠯᠠᠭᠤᠯᠬᠤ᠂ ᠵᠣᠬᠢᠶᠠᠨ ᠪᠠᠢᠭᠤᠯᠤᠨ ᠠᠬᠢᠭᠤᠯᠬᠤ᠎ᠶᠢ ᠪᠠᠷᠢᠮᠲᠠᠯᠠᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ᠎ᠶᠢ ᠪᠠᠷᠢᠮᠲᠠᠯᠠᠨ᠂ ᠲᠦᠭᠡᠮᠡᠯ ᠬᠠᠷᠠᠭᠠᠯᠵᠠᠯ᠎ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠦᠨᠳᠦᠰᠦᠨ ᠨᠠᠰᠤᠵᠢᠯ᠎ᠤᠨ ᠦᠢᠯᠡᠴᠢᠯᠡᠭᠡᠨ᠎ᠦ ᠰᠢᠰᠲᠧᠮ᠎ᠢ ᠰᠢᠯᠢᠳᠡᠭᠵᠢᠭᠦᠯᠬᠦ ᠢᠨᠵᠧᠨᠧᠷᠢᠩ᠎ᠢ 《ᠠᠷᠪᠠᠨ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ》 ᠳ᠋ᠤ ᠣᠷᠣᠭᠤᠯᠪᠠ᠃ ᠨᠠᠰᠤᠲᠠᠢᠴᠤᠳ᠎ᠤᠨ ᠬᠣᠭᠣᠯᠠ ᠤᠮᠳᠠ᠎ᠶᠢ ᠲᠤᠰᠠᠯᠠᠬᠤ᠂ ᠬᠡᠦᠬᠡᠳ᠎ᠢ ᠬᠠᠯᠠᠮᠵᠢᠯᠠᠨ ᠬᠠᠢᠷᠠᠯᠠᠬᠤ᠂ ᠠᠪᠤᠷᠠᠨ ᠲᠤᠰᠠᠯᠠᠬᠤ ᠬᠦᠷᠢᠶ᠎ᠡ ᠬᠡᠪᠴᠢᠶ᠎ᠡ᠎ᠶᠢ ᠥᠷᠭᠡᠳᠬᠡᠬᠦ ᠵᠡᠷᠭᠡ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠬᠡᠷᠡᠭᠵᠢᠭᠦᠯᠵᠦ᠂ ᠠᠮᠢᠳᠤᠷᠠᠯ᠎ᠤᠨ ᠨᠠᠭᠠᠲᠤ ᠵᠠᠬ᠎ᠠ᠎ᠶᠢᠨ ᠪᠠᠲᠤᠯᠠᠭ᠎ᠠ ᠬᠦᠷᠲᠡᠭᠰᠡᠳ᠂ ᠥᠨᠥᠴᠢᠨ ᠵᠡᠮᠳᠡᠭ ᠵᠡᠷᠭᠡ 230 ᠲᠦᠮᠡ ᠰᠢᠬᠠᠮ ᠬᠦᠴᠢᠷᠳᠡᠯ᠎ᠲᠠᠢ ᠤᠯᠠᠨ ᠲᠦᠮᠡᠨ᠎ᠤ ᠠᠮᠢᠳᠤᠷᠠᠯ᠎ᠢ ᠪᠠᠢᠩᠭᠤᠵᠢᠭᠤᠯᠤᠨ ᠪᠠᠲᠤᠯᠠᠵᠦ᠂ ᠥᠨᠳᠥᠷ ᠨᠠᠰᠤᠨ᠎ᠤ ᠨᠡᠮᠡᠭᠦᠷᠢ᠂ ᠣᠷᠣᠰᠢᠭᠤᠯᠭ᠎ᠠ᠎ᠶᠢᠨ ᠲᠦᠷᠪᠡᠨ ᠵᠦᠢᠯ᠎ᠦᠨ ᠦᠨᠳᠦᠰᠦᠨ ᠲᠦᠷᠦ᠎ᠶᠢᠨ ᠪᠣᠳᠣᠯᠭ᠎ᠠ᠎ᠶᠢ ᠨᠡᠢᠳᠡᠮ ᠬᠡᠷᠡᠭᠵᠢᠭᠦᠯᠪᠡ᠃ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠦᠨ ᠬᠢᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠠᠲᠤ ᠪᠤᠶ ᠪᠣᠯᠭᠠᠨ ᠦᠢᠯᠡᠳᠦᠯᠭᠡᠵᠢᠭᠦᠯᠵᠦ᠂ ᠡᠭᠦᠷᠭᠡ ᠬᠠᠷᠢᠭᠤᠴᠠᠯᠭ᠎ᠠ᠎ᠪᠠᠨ ᠯᠠᠪᠳᠠᠭᠤᠨ ᠪᠠᠲᠤᠲᠠᠢ ᠭᠦᠢᠴᠡᠳᠬᠡᠵᠦ᠂ ᠠᠷᠠᠳ᠎ᠲᠤ ᠠᠰᠢᠭ᠋ ᠬᠦᠷᠲᠡᠭᠡᠵᠦ ᠠᠷᠠᠳ᠎ᠲᠤ ᠲᠦᠬᠦᠮ ᠦᠵᠡᠭᠦᠯᠬᠦ ᠪᠣᠳᠠᠲᠠᠢ ᠠᠷᠭ᠎ᠠ᠎ᠪᠠᠷ᠂ ᠨᠠᠰᠤᠲᠠᠨ᠂ ᠨᠢᠯᠬ᠎ᠠ᠂ ᠶᠠᠳᠠᠭᠤ ᠬᠦᠴᠢᠷᠳᠡᠯᠲᠡᠢ᠂ ᠵᠡᠮᠳᠡᠭ ᠤᠯᠠᠨ ᠲᠦᠮᠡᠨ᠎ᠦ 《ᠪᠠᠴᠢᠮᠳᠠᠵᠦ ᠬᠦᠴᠢᠷᠳᠡᠵᠦ ᠵᠤᠪᠠᠨᠢᠵᠦ ᠬᠦᠰᠡᠵᠦ》 ᠪᠠᠢᠭ᠎ᠠ ᠠᠰᠠᠭᠤᠳᠠᠯ᠎ᠢ ᠰᠢᠢᠳᠪᠦᠷᠢᠯᠡᠵᠦ᠂ ᠬᠥᠳᠡᠭᠡ ᠲᠣᠰᠬᠣᠨ᠎ᠤ ᠬᠠᠷᠢᠯᠴᠠᠨ ᠬᠠᠪᠰᠤᠷᠤᠯᠴᠠᠬᠤ ᠴᠢᠨᠠᠷᠲᠠᠢ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡ᠂ ᠬᠦᠴᠢᠷᠳᠡᠯᠲᠡᠢ ᠤᠯᠠᠨ ᠲᠦᠮᠡᠨ᠎ᠢ ᠬᠠᠯᠠᠮᠵᠢᠯᠠᠨ ᠬᠠᠢᠷᠠᠯᠠᠬᠤ ᠦᠢᠯᠡᠴᠢᠯᠡᠭᠡᠨ᠎ᠦ ᠠᠵᠢᠯ᠎ᠤᠨ ᠠᠷᠭ᠎ᠠ᠂ ᠬᠦᠴᠢᠷᠳᠡᠯᠲᠡᠢ ᠬᠡᠦᠬᠡᠳ᠎ᠦᠨ ᠦᠰᠦᠨ ᠪᠣᠶ᠋ᠢᠵᠢᠯᠲᠠ᠎ᠶᠢ ᠰᠠᠬᠢᠨ ᠬᠠᠮᠠᠭᠠᠯᠠᠬᠤ ᠲᠦᠷᠦᠯ ᠵᠦᠢᠯ ᠵᠡᠷᠭᠡ ᠨᠢᠭᠡ ᠪᠦᠯᠦᠭ ᠦᠨᠳᠦᠰᠦᠨ ᠱᠠᠲᠤᠨ᠎ᠤ ᠠᠵᠢᠯ᠎ᠤᠨ ᠲᠤᠷᠰᠢᠯᠭ᠎ᠠ᠎ᠶᠢ ᠪᠦᠬᠦ ᠤᠯᠤᠰ᠎ᠲᠤ ᠳᠡᠯᠭᠡᠷᠡᠬᠦᠯᠪᠡ᠃
ᠺᠠᠩ ᠰᠢᠦᠸᠠᠢ ᠳ᠋ᠦᠩ᠂ ᠳᠠᠷᠠᠭᠠᠴᠢ᠎ᠶᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠵᠢᠷᠭᠤᠭᠠᠨ ᠲᠠᠯ᠎ᠠ᠎ᠶᠢᠨ ᠲᠣᠭᠣᠷᠢᠨ᠎ᠳᠤ ᠦᠷᠭᠦᠯᠵᠢᠯᠡᠨ ᠬᠦᠴᠦᠯᠡᠵᠦ᠂ ᠠᠷᠠᠳ᠎ᠤᠨ ᠶᠠᠪᠤᠳᠠᠯ᠎ᠤᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠪᠦᠬᠦ ᠲᠠᠯ᠎ᠠ᠎ᠪᠠᠷ ᠠᠬᠢᠭᠤᠯᠤᠨ᠎ᠡ ᠭᠡᠪᠡ᠃
ᠥᠲᠡᠯᠬᠦ ᠡᠴᠡ ᠠᠰᠠᠷᠠᠮᠵᠢ᠎ᠲᠠᠢ᠂ ᠥᠲᠡᠯᠬᠦ ᠡᠴᠡ ᠬᠢᠬᠦ ᠵᠦᠢᠯ᠎ᠲᠠᠢ᠂ ᠥᠲᠡᠯᠬᠦ ᠡᠴᠡ ᠪᠠᠶᠠᠷ ᠴᠡᠩᠭᠡᠯ᠎ᠲᠠᠢ ᠪᠠᠢᠬᠤ᠎ᠶᠢ ᠪᠡᠶᠡᠯᠡᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠨᠠᠰᠤᠲᠠᠢᠴᠤᠳ᠎ᠲᠤ ᠬᠠᠨᠳᠤᠭᠤᠯᠤᠬᠰᠠᠨ ᠦᠢᠯᠡᠴᠢᠯᠡᠬᠡ᠎ᠵᠢ ᠨᠠᠩ ᠰᠢᠯᠢᠳᠡᠭ ᠪᠦᠭᠡᠳ ᠲᠡᠩᠴᠡᠭᠦᠷᠢᠲᠡᠢ ᠪᠤᠯᠭᠠᠬᠤ᠎ᠵᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ᠋) ᠭᠤᠷᠪᠠᠨ ᠱᠠᠲᠤᠨ᠎ᠤ ᠨᠠᠰᠤᠵᠢᠯ᠎ᠤᠨ ᠠᠵᠢᠯ᠎ᠤᠨ ᠵᠣᠬᠢᠴᠠᠭᠤᠯᠬᠤ ᠲᠣᠭᠲᠠᠴᠠ᠎ᠶᠢ ᠪᠦᠷᠢᠨᠰᠢᠭᠦᠯᠵᠦ᠂ ᠦᠨᠳᠦᠰᠦᠨ ᠱᠠᠲᠤᠨ᠎ᠤ ᠨᠠᠰᠤᠵᠢᠯ᠎ᠤᠨ ᠠᠵᠢᠯ᠎ᠤᠨ ᠬᠦᠴᠦᠨ᠎ᠢ ᠴᠢᠩᠭᠠᠳᠬᠠᠨ᠎ᠠ᠃ ᠰᠢᠶᠠᠨ ᠰᠢᠶᠠᠩ ᠲᠣᠰᠬᠣᠨ ᠭᠤᠷᠪᠠᠨ ᠱᠠᠲᠤᠨ᠎ᠤ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠲᠤᠤᠷᠵᠢᠯᠢᠲᠦᠷᠭᠡᠪᠴᠢᠯᠡᠨ ᠪᠠᠢᠭᠤᠯᠵᠤ᠂ ᠱᠠᠲᠤ ᠬᠤᠪᠢᠶᠠᠨ ᠲᠦᠷᠦᠯ ᠬᠤᠪᠢᠶᠠᠭᠰᠠᠨ᠂ ᠨᠡᠢᠳᠡᠮ ᠬᠠᠷᠠᠭᠠᠯᠵᠠᠯ ᠬᠦᠷᠲᠡᠭᠡᠬᠦ᠂ ᠬᠤᠳᠠ ᠬᠥᠳᠡᠭᠡ᠎ᠶᠢ ᠬᠠᠮᠤᠷᠤᠭᠰᠠᠨ᠂ ᠦᠷᠭᠦᠯᠵᠢᠯᠡᠬᠦᠢᠴᠡ ᠬᠥᠭᠵᠢᠬᠦ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠰᠢᠰᠲᠧᠮ᠎ᠢ ᠪᠦᠷᠢᠨᠰᠢᠭᠦᠯᠦᠨ᠎ᠡ᠃
ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠰᠠᠢᠲᠤᠷ ᠰᠠᠬᠢᠬᠤ᠂ ᠤᠨᠤᠪᠴᠢᠲᠠᠢ ᠰᠠᠬᠢᠬᠤ᠂ ᠪᠠᠲᠤ ᠰᠠᠬᠢᠬᠤ ᠳ᠋ᠤ ᠠᠩᠬᠠᠷᠤᠯ᠎ᠢᠶᠠᠨ ᠲᠥᠪᠯᠡᠷᠡᠭᠦᠯᠵᠦ᠂ ᠨᠡᠢᠭᠡᠮ᠎ᠦᠨ ᠠᠪᠤᠷᠠᠨ ᠲᠤᠰᠠᠯᠠᠯᠲᠠ᠎ᠶᠢ ᠨᠡᠩ ᠨᠠᠷᠢᠯᠢᠭ ᠤᠨᠤᠴᠠᠲᠠᠢ ᠪᠥᠭᠡᠳ ᠬᠦᠴᠦᠨ ᠲᠠᠢ ᠪᠤᠯᠭᠠᠬᠤ᠎ᠶᠢ ᠠᠬᠢᠭᠤᠯᠤᠨ᠎ᠠ᠃ ᠨᠡᠢᠭᠡᠮ᠎ᠦᠨ ᠠᠪᠤᠷᠠᠨ ᠲᠤᠰᠠᠯᠠᠯᠲᠠ ᠵᠢᠨ ᠬᠦᠲᠠᠯᠤᠡᠭᠬᠦᠢ ᠬᠢᠨᠠᠨ ᠬᠡᠮᠵᠢᠬᠦ ᠮᠡᠳᠡᠭᠡ ᠵᠠᠩᠭᠢ᠎ᠶᠢᠨ ᠲᠠᠪᠴᠠᠩ ᠪᠠ 《ᠲᠣᠮᠣ᠌ ᠳ᠋ᠠᠢᠲ᠋ᠠ᠎ᠶᠢᠨ ᠬᠢᠨᠠᠨ ᠬᠡᠮᠵᠢᠯᠲᠠ + ᠨᠢᠬᠡᠲᠤᠬᠡᠷ ᠹᠷᠤᠨᠲ ᠲᠸ᠋ ᠬᠦᠷᠴᠤ ᠪᠠᠢᠴᠠᠭᠠᠨ ᠵᠢᠭ᠍ᠰᠠᠭᠠᠬᠤ》 ᠲᠣᠭᠲᠠᠴᠠ᠎ᠳᠤ ᠲᠦᠰᠢᠭᠯᠡᠨ᠂ ᠨᠡᠢᠭᠡᠮ᠎ᠦᠨ ᠠᠪᠤᠷᠠᠨ ᠲᠤᠰᠠᠯᠠᠬᠤ ᠡᠲᠡᠭᠡᠳ᠎ᠢ ᠨᠠᠷᠢᠯᠢᠭ ᠤᠨᠤᠴᠠᠲᠠᠢ᠎ᠪᠠᠷ ᠢᠯᠭᠠᠨ ᠲᠠᠨᠢᠵᠤ ᠮᠠᠭᠠᠳᠯᠠᠨ ᠲᠣᠭᠲᠠᠭᠠᠭᠰᠠᠨ ᠰᠠᠭᠤᠷᠢᠨ ᠳᠡᠭᠡᠷ᠎ᠡ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠦᠨ᠎ᠡ᠃ ᠠᠪᠤᠷᠠᠨ ᠲᠤᠰᠠᠯᠠᠬᠤ ᠦᠢᠯᠡᠴᠢᠯᠡᠭᠡᠨ᠎ᠦ ᠠᠷᠭ᠎ᠠ ᠮᠠᠶᠢᠭ᠋᠎ᠢ ᠰᠢᠯᠢᠳᠡᠭᠵᠢᠭᠦᠯᠦᠨ ᠥᠷᠭᠡᠳᠬᠡᠵᠦ᠂ 《ᠡᠳ᠋ ᠪᠣᠳᠠᠰ + ᠦᠢᠯᠡᠴᠢᠯᠡᠭᠡ》 ᠵᠢᠨ ᠶᠡᠷᠦᠩᠬᠡᠢᠯᠡᠭᠰᠡᠨ ᠠᠪᠤᠷᠠᠨ ᠲᠤᠰᠠᠯᠠᠬᠤ ᠵᠠᠭᠪᠤᠷ ᠪᠠᠶ᠋ᠢᠭᠤᠯᠬᠤ᠎ᠶᠢ ᠠᠬᠢᠭᠤᠯᠵᠤ᠂ ᠬᠦᠴᠢᠷᠳᠡᠯᠲᠡᠢ ᠣᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ᠂ ᠬᠠᠨᠤᠮᠵᠢ ᠵᠢᠨ ᠬᠡᠮᠵᠢᠶ᠎ᠠ ᠶ᠋ᠢ ᠦᠨᠡᠨ ᠬᠦ᠌ ᠳᠡᠭᠡᠭᠰᠢᠯᠡᠭᠦᠯᠦᠨ᠎ᠠ᠃
ᠣᠨᠴᠠᠭᠠᠢ ᠪᠦᠯᠬᠦᠮ ᠨᠠᠢᠲᠠ ᠶ᠋ᠢ ᠬᠠᠯᠠᠮᠵᠢᠯᠠᠨ ᠬᠠᠢᠷᠠᠯᠠᠬᠤ ᠦᠢᠯᠡᠴᠢᠯᠡᠭᠡᠨ᠎ᠦ ᠲᠦᠪᠰᠢᠨ᠎ᠢ ᠳᠡᠭᠡᠭᠰᠢᠯᠡᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠨᠡᠢᠭᠡᠮ᠎ᠦᠨ ᠠᠰᠠᠷᠠᠮᠵᠢ᠎ᠶᠢᠨ ᠨᠡᠩ ᠲᠦᠭᠡᠮᠡᠯ ᠬᠠᠷᠠᠭᠠᠯᠵᠠᠯ ᠬᠦᠷᠲᠡᠭᠡᠬᠦ᠎ᠶᠢ ᠠᠬᠢᠭᠤᠯᠤᠨ᠎ᠠ᠃ ᠬᠦᠴᠢᠷᠳᠡᠯ᠎ᠳᠦ ᠲᠤᠯᠭᠠᠷᠠᠭᠰᠠᠨ ᠬᠡᠦᠬᠡᠳ᠎ᠢ ᠬᠠᠯᠠᠮᠵᠢᠯᠠᠨ ᠬᠠᠢᠷᠠᠯᠠᠵᠤ ᠬᠠᠮᠠᠭᠠᠯᠠᠬᠤ᠎ᠶᠢ ᠴᠢᠩᠭᠠᠳᠬᠠᠵᠤ᠂ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠪᠢᠴᠢᠭ ᠦᠵᠡᠬᠦ ᠡᠪᠡᠳᠴᠢᠨ ᠦᠵᠡᠭᠦᠯᠬᠦ᠎ᠳᠦ ᠬᠦᠴᠢᠷᠳᠡᠯᠲᠡᠢ ᠨᠡᠭᠦᠳᠡᠯ ᠬᠡᠦᠬᠡᠳ᠂ ᠠᠰᠠᠷᠠᠨ ᠬᠠᠮᠠᠭᠠᠯᠠᠬᠤ ᠪᠠᠷ ᠲᠤᠲᠠᠮᠠᠭ ᠬᠡᠷ ᠲᠠᠬᠡᠨ ᠬᠤᠴᠤᠷᠤᠭᠰᠠᠨ ᠬᠡᠦᠬᠡᠳ ᠵᠡᠷᠭᠡ᠎ᠶᠢ ᠪᠠᠭᠲᠠᠭᠠᠭᠰᠠᠨ ᠡᠯ᠎ᠡ ᠲᠥᠷᠥᠯ᠎ᠦᠨ ᠬᠦᠴᠢᠷᠳᠡᠯ᠎ᠳᠦ ᠲᠤᠯᠭᠠᠷᠠᠭᠰᠠᠨ ᠬᠡᠦᠬᠡᠳ᠎ᠦᠨ ᠬᠠᠤᠯᠢ ᠶᠣᠰᠣᠨ᠎ᠤ ᠡᠷᠬᠡ ᠠᠰᠢᠭ᠋᠎ᠢ ᠪᠥᠬᠥ ᠬᠦᠴᠦᠨ᠎ᠢᠶᠡᠷ᠎ᠢᠶᠡᠨ ᠰᠠᠢᠲᠤᠷ ᠪᠠᠲᠤᠯᠠᠨ᠎ᠠ᠃ ᠵᠡᠮᠳᠡᠭᠴᠦᠳ᠎ᠦᠨ ᠦᠢᠯᠡᠴᠢᠯᠡᠭᠡᠨ᠎ᠦ ᠪᠠᠲᠤᠯᠠᠭ᠎ᠠ᠎ᠶᠢ ᠴᠢᠩᠭᠠᠳᠬᠠᠨ᠂ ᠵᠡᠮᠳᠡᠭᠴᠦᠳ᠎ᠦᠨ 《ᠬᠣᠶᠠᠷ ᠵᠦᠢᠯ᠎ᠦᠨ ᠨᠥᠬᠥᠪᠦᠷᠢ》 ᠵᠢᠨ ᠳᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ 《ᠡᠷᠡᠭᠦᠯ ᠮᠡᠨᠳᠦ᠎ᠶᠢ ᠲᠤᠰᠠᠯᠠᠬᠤ ᠢᠨᠵᠧᠨᠧᠷᠢᠩ》᠎ᠢ᠋ ᠦᠷᠭᠦᠯᠵᠢᠯᠡᠨ ᠬᠡᠷᠡᠭᠵᠢᠭᠦᠯᠵᠦ᠂ 《ᠨᠠᠷᠢᠯᠢᠭ᠋ ᠪᠥᠭᠡᠳ ᠡᠷᠡᠭᠦᠯ ᠮᠡᠨᠳᠦ᠎ᠶᠢ ᠠᠭᠤᠰᠤᠯᠴᠠᠭᠤᠯᠬᠤ ᠠᠵᠢᠯᠯᠠᠭ᠎ᠠ》 ᠶ᠋ᠢ ᠭᠦᠨᠵᠡᠭᠡᠢ ᠥᠷᠨᠢᠭᠦᠯᠦᠨ᠂ ᠵᠡᠮᠳᠡᠭᠴᠦᠳ᠎ᠲᠦ ᠨᠡᠩ ᠲᠣᠭᠲᠠᠭᠤᠨ᠂ ᠨᠡᠩ ᠥᠨᠳᠥᠷ ᠬᠢᠷᠢ ᠲᠦᠪᠰᠢᠨ ᠪᠦᠬᠦᠢ ᠣᠯᠠᠨ ᠨᠡᠶ᠋ᠢᠲᠡ᠎ᠶᠢᠨ ᠦᠢᠯᠡᠴᠢᠯᠡᠭᠡ ᠬᠠᠩᠭᠠᠨ᠎ᠠ᠃
ᠦᠨᠳᠦᠰᠦᠨ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠡᠩᠴᠡᠭᠦᠷᠢᠲᠦ ᠴᠢᠨᠠᠷ ᠲᠦᠭᠦᠮ ᠲᠦᠳᠡ ᠴᠢᠨᠠᠷ᠎ᠢ ᠴᠢᠩᠭᠠᠳᠬᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠨᠡᠢᠭᠡᠮ᠎ᠦᠨ ᠬᠡᠷᠡᠭ ᠶᠠᠪᠤᠳᠠᠯ᠎ᠢ ᠨᠠᠩ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ ᠪᠣᠯᠭᠠᠬᠤ᠎ᠶᠢ ᠠᠬᠢᠭᠤᠯᠤᠨ᠎ᠠ᠃ ᠣᠷᠣᠭ᠎ᠤᠨ ᠬᠠᠮᠢᠶᠠᠷᠤᠯᠲᠠ᠎ᠶᠢᠨ ᠦᠢᠯᠡᠴᠢᠯᠡᠭᠡ᠎ᠶᠢ ᠴᠢᠩᠭᠠᠳᠬᠠᠵᠤ᠂ ᠣᠷᠣᠭ ᠭᠡᠷ ᠪᠦᠯᠢ᠎ᠶᠢᠨ ᠬᠠᠪᠰᠤᠷᠤᠨ ᠵᠢᠯᠤᠭᠣᠳᠬᠤ ᠦᠢᠯᠡᠴᠢᠯᠡᠭᠡᠨ᠎ᠦ ᠰᠢᠰᠲᠧᠮ᠎ᠢ ᠪᠦᠷᠢᠨᠰᠢᠭᠦᠯᠦᠨ᠂《ᠢᠨᠲᠧᠷ ᠰᠦᠯᠵᠢᠶ᠎ᠡ + ᠣᠷᠣᠭ᠎ᠤᠨ ᠦᠢᠯᠡᠴᠢᠯᠡᠭᠡ》ᠵᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠣᠷᠣᠭ ᠤ᠋ᠨ ᠳᠠᠩᠰᠠᠯᠠᠭᠤᠯᠤᠯᠲᠠ᠎ᠶᠢ 《ᠪᠥᠬᠥ ᠤᠯᠤᠰ᠎ᠲᠤ ᠨᠡᠢᠳᠡᠮ ᠭᠦᠢᠴᠡᠳᠬᠡᠬᠦ》 ᠶ᠋ᠢ ᠰᠢᠯᠢᠳᠡᠭᠵᠢᠭᠦᠯᠦᠨ᠂ 《ᠪᠠᠯᠲᠤ ᠠᠵᠤ ᠠᠬᠤᠢ》 ᠶ᠋ᠢ ᠠᠭᠤᠰᠤᠯᠴᠠᠭᠤᠯᠤᠨ ᠬᠥᠭᠵᠢᠭᠦᠯᠬᠦ ᠵᠠᠬᠪᠤᠷ᠎ᠢ ᠪᠣᠢᠵᠢᠭᠤᠯᠤᠨ᠎ᠠ᠃ ᠣᠷᠣᠰᠢᠭᠤᠯᠭ᠎ᠠ᠎ᠶᠢᠨ ᠬᠠᠮᠢᠶᠠᠷᠤᠯᠲᠠ᠎ᠶᠢᠨ ᠦᠢᠯᠡᠴᠢᠯᠡᠭᠡᠨ᠎ᠦ ᠬᠢᠷᠢ ᠲᠦᠪᠰᠢᠨ᠎ᠢ ᠳᠡᠭᠡᠭᠰᠢᠯᠡᠭᠦᠯᠵᠦ᠂ ᠣᠷᠣᠰᠢᠭᠤᠯᠭ᠎ᠠ᠎ᠶᠢᠨ ᠬᠠᠤᠯᠢ ᠲᠣᠭᠲᠠᠭᠠᠯ ᠲᠥᠷᠥ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠵᠦ᠂ ᠠᠷᠠᠳ᠎ᠲᠤ ᠠᠰᠢᠭ᠋ ᠬᠦᠷᠲᠡᠭᠡᠬᠦ ᠣᠷᠣᠰᠢᠭᠤᠯᠭ᠎ᠠ᠎ᠶᠢᠨ ᠬᠠᠮᠤᠷᠬᠤ ᠬᠡᠪᠴᠢᠶ᠎ᠡ᠎ᠶᠢ ᠡᠮᠬᠢ ᠵᠢᠷᠤᠮ᠎ᠲᠠᠢ ᠥᠷᠭᠡᠳᠬᠡᠨ᠎ᠡ᠃ 《ᠬᠥᠳᠡᠭᠡ ᠲᠣᠰᠬᠣᠨ᠎ᠤ ᠭᠠᠵᠠᠷ᠎ᠤᠨ ᠨᠡᠷ᠎ᠡ ᠵᠢᠨ ᠠᠵᠢᠯᠯᠠᠭ᠎ᠠ》 ᠶ᠋ᠢ ᠭᠦᠨᠵᠡᠭᠡᠢᠷᠡᠭᠦᠯᠵᠦ᠂ ᠬᠥᠳᠡᠭᠡ ᠲᠣᠰᠬᠣᠨ᠎ᠤ ᠭᠠᠵᠠᠷ᠎ᠤᠨ ᠨᠡᠷ᠎ᠡ᠎ᠶᠢ ᠳᠦᠷᠢᠮᠵᠢᠭᠦᠯᠦᠨ ᠨᠡᠷᠡᠢᠳᠬᠦ᠎ᠶᠢ ᠪᠦᠬᠦ ᠲᠠᠯ᠎ᠠ᠎ᠪᠠᠷ ᠪᠡᠶᠡᠯᠡᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ᠎ᠦᠨ ᠬᠥᠭᠵᠢᠯᠲᠡ᠎ᠳᠦ ᠬᠦᠴᠦᠨ ᠨᠡᠮᠡᠷᠢᠯᠡᠨ᠎ᠡ᠃
ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠭᠡ ᠪᠠᠲᠤᠯᠠᠭ᠎ᠠ ᠬᠠᠩᠭᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠨᠡᠢᠭᠡᠮ᠎ᠦᠨ ᠵᠠᠰᠠᠯᠲᠠ᠎ᠶᠢᠨ ᠨᠠᠩ ᠡᠶ᠎ᠡ ᠵᠣᠬᠢᠴᠠᠩᠭᠤᠢ ᠡᠮᠬᠢ ᠵᠢᠷᠤᠮ᠎ᠲᠠᠢ ᠪᠣᠯᠬᠤ᠎ᠶᠢ ᠠᠬᠢᠭᠤᠯᠤᠨ᠎ᠠ᠃ ᠵᠠᠰᠠᠭ ᠵᠠᠬᠢᠷᠭᠠᠨ᠎ᠤ ᠣᠷᠣᠨ᠎ᠤ ᠬᠤᠪᠢᠶᠠᠷᠢᠯᠠᠯ᠎ᠤᠨ ᠠᠵᠢᠯ᠎ᠢ ᠴᠢᠩᠭᠠᠳᠬᠠᠨ ᠰᠠᠢᠵᠢᠷᠠᠭᠤᠯᠵᠤ᠂ ᠨᠠᠮ᠎ᠤᠨ ᠲᠥᠪ ᠬᠣᠷᠢᠶ᠎ᠠ ᠵᠢᠨ ᠵᠠᠰᠠᠭ ᠵᠠᠬᠢᠷᠭᠠᠨ᠎ᠤ ᠣᠷᠣᠨ ᠤ᠋ ᠬᠤᠪᠢᠶᠠᠷᠢᠯᠠᠯ᠎ᠤᠨ ᠠᠵᠢᠯ᠎ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠡᠷᠡᠰ ᠨᠠᠢᠳᠠᠪᠤᠷᠢᠵᠢᠭᠤᠯᠵᠤ᠂ ᠵᠠᠰᠠᠭ ᠵᠠᠬᠢᠷᠭᠠᠨ᠎ᠤ ᠣᠷᠣᠨ ᠤ᠋ ᠬᠤᠪᠢᠶᠠᠷᠢᠯᠠᠯ᠎ᠤᠨ ᠲᠣᠬᠢᠷᠠᠭᠤᠯᠤᠯᠲᠠ᠎ᠶᠢ ᠯᠠᠪᠳᠠᠭᠤᠨ ᠪᠣᠯᠭᠣᠮᠵᠢᠲᠠᠢ ᠠᠬᠢᠭᠤᠯᠵᠤ᠂ ᠠᠮᠤᠭᠤᠯᠠᠩᠳᠦ ᠬᠢᠯᠢ᠎ᠶᠢᠨ ᠵᠠᠭᠠᠭ᠎ᠤᠨ ᠪᠠᠢᠭᠤᠯᠤᠯᠲᠠ᠎ᠶᠢᠨ ᠲᠦᠪᠰᠢᠨ᠎ᠢ ᠳᠡᠭᠡᠭᠰᠢᠯᠡᠭᠦᠯᠦᠨ᠎ᠡ᠃ ᠨᠡᠢᠭᠡᠮ᠎ᠦᠨ ᠵᠣᠬᠢᠶᠠᠨ ᠪᠠᠢᠭᠤᠯᠤᠯᠲᠠ᠎ᠶᠢᠨ ᠬᠠᠮᠢᠶᠠᠷᠤᠯᠲᠠ᠎ᠶᠢᠨ ᠰᠢᠰᠲᠧᠮ᠎ᠢ ᠪᠦᠷᠢᠨᠰᠢᠭᠦᠯᠵᠦ᠂ ᠣᠳᠣᠬᠢᠴᠢᠯᠠᠭᠰᠠᠨ ᠨᠡᠢᠭᠡᠮ᠎ᠦᠨ ᠵᠣᠬᠢᠶᠠᠨ ᠪᠠᠢᠭᠤᠯᠤᠯᠲᠠ᠎ᠶᠢᠨ ᠳᠦᠷᠢᠮ᠎ᠢ ᠲᠡᠭᠦᠯᠳᠡᠷᠵᠢᠭᠦᠯᠵᠦ᠂ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ᠎ᠶᠢ ᠴᠢᠩᠭᠠᠳᠬᠠᠵᠤ᠂ ᠨᠡᠢᠭᠡᠮ᠎ᠦᠨ ᠵᠣᠬᠢᠶᠠᠨ ᠪᠠᠢᠭᠤᠯᠤᠯᠲᠠ᠎ᠶᠢᠨ ᠲᠦᠷᠦᠯ ᠲᠠᠮᠳᠡᠭ ᠤ᠋ᠨ ᠪᠠᠢᠭᠤᠯᠤᠯᠲᠠ᠎ᠶᠢᠨ ᠢᠨᠵᠧᠨᠧᠷᠢᠩ᠎ᠢ ᠬᠡᠷᠡᠭᠵᠢᠭᠦᠯᠵᠦ᠂ ᠨᠡᠢᠭᠡᠮ᠎ᠦᠨ ᠵᠣᠬᠢᠶᠠᠨ ᠪᠠᠢᠭᠤᠯᠤᠯᠲᠠ᠎ᠶᠢᠨ ᠪᠦᠲᠦᠴᠡ᠎ᠶᠢᠨ ᠪᠠᠢᠷᠢᠰᠢᠯ᠎ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠤᠯᠤᠰ᠎ᠲᠤ ᠦᠢᠯᠡᠴᠢᠯᠡᠬᠦ᠂ ᠨᠡᠢᠭᠡᠮ᠎ᠳᠦ ᠦᠢᠯᠡᠴᠢᠯᠡᠬᠦ᠂ ᠣᠯᠠᠨ ᠲᠦᠮᠡᠨ᠎ᠳᠦ ᠦᠢᠯᠡᠴᠢᠯᠡᠬᠦ᠂ ᠠᠵᠢᠯ ᠲᠥᠷᠥᠯ᠎ᠳᠦ ᠦᠢᠯᠡᠴᠢᠯᠡᠬᠦ ᠴᠢᠳᠠᠪᠤᠷᠢ᠎ᠶᠢ ᠳᠡᠭᠡᠭᠰᠢᠯᠡᠭᠦᠯᠦᠨ᠎ᠡ᠃ ᠨᠢᠭᠦᠯᠡᠰᠦᠩᠭᠦᠢ᠎ᠶᠢᠨ ᠦᠢᠯᠡᠰ᠎ᠦᠨ ᠬᠥᠭᠵᠢᠯᠲᠡ᠎ᠶᠢ ᠳᠡᠮᠵᠢᠵᠦ᠂ ᠨᠢᠭᠦᠯᠡᠰᠦᠩᠭᠦᠢ᠎ᠶᠢᠨ ᠣᠯᠠᠨ ᠨᠡᠶ᠋ᠢᠲᠡ᠎ᠶᠢᠨ ᠢᠲᠡᠭᠡᠭᠦᠯᠬᠦ ᠬᠦᠴᠦᠨ᠎ᠦ ᠪᠠᠢᠭᠤᠯᠤᠯᠲᠠ᠎ᠶᠢ ᠴᠢᠩᠭᠠᠳᠬᠠᠨ᠂《ᠨᠡᠷᠡᠨ ᠬᠡᠷᠡᠯᠳᠦ ᠨᠢᠭᠦᠯᠡᠰᠦᠩᠭᠦᠢ ᠵᠢᠨ ᠦᠢᠯᠡᠰ》᠎ᠢ᠋ ᠡᠬᠦᠲᠤᠨ ᠪᠠᠢᠭᠤᠯᠤᠨ᠎ᠠ᠃ ᠠᠰᠠᠷᠠᠮᠵᠢ᠎ᠶᠢᠨ ᠱᠠᠩᠨᠠᠯᠲᠤ ᠰᠤᠭᠤᠯᠤᠭ᠎ᠠ᠎ᠶᠢᠨ ᠵᠢᠷᠤᠮᠵᠢᠭ᠍ᠰᠠᠨ ᠬᠠᠮᠢᠶᠠᠷᠤᠯᠲᠠ᠎ᠶᠢ ᠴᠢᠩᠭᠠᠳᠬᠠᠵᠤ᠂ ᠠᠰᠠᠷᠠᠮᠵᠢ᠎ᠶᠢᠨ ᠱᠠᠩᠨᠠᠯᠲᠤ ᠰᠤᠭᠤᠯᠤᠭ᠎ᠠ᠎ᠶᠢᠨ ᠨᠡᠶ᠋ᠢᠲᠡ᠎ᠶᠢᠨ ᠠᠰᠠᠷᠠᠮᠵᠢ᠎ᠶᠢᠨ ᠨᠥᠯᠥᠭᠡᠯᠡᠬᠦ ᠬᠦᠴᠦᠨ᠎ᠢ ᠥᠷᠭᠡᠳᠬᠡᠨ᠎ᠡ᠃
ᠠᠷᠠᠳ᠎ᠤᠨ ᠶᠠᠪᠤᠳᠠᠯ᠎ᠤᠨ ᠮᠡᠳᠡᠭᠡ ᠵᠠᠩᠭᠢᠵᠢᠯᠲᠠ᠎ᠶᠢᠨ ᠪᠠᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠲᠣᠭᠠᠴᠢᠯᠠᠭᠰᠠᠨ ᠣᠶᠤᠨᠴᠢᠯᠠᠬᠰᠠᠨ ᠮᠡᠷᠭᠡᠵᠢᠯ᠎ᠵᠢᠡᠷ ᠠᠷᠠᠳ᠎ᠤᠨ ᠶᠠᠪᠤᠳᠠᠯ᠎ᠤᠨ ᠠᠵᠢᠯ ᠦᠢᠯᠡᠰ᠎ᠦᠨ ᠬᠥᠭᠵᠢᠯᠲᠡ᠎ᠳᠦ ᠬᠦᠴᠦᠨ ᠨᠡᠮᠡᠷᠢᠯᠡᠬᠦ᠎ᠶᠢ ᠠᠬᠢᠭᠤᠯᠤᠨ᠎ᠠ᠃ ᠲᠦᠭᠡᠮᠡᠯ ᠬᠠᠷᠠᠭᠠᠯᠵᠠᠯ᠎ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠪᠦᠲᠦᠭᠡᠨ ᠪᠠᠢᠭᠤᠯᠤᠯᠲᠠ᠎ᠶᠢᠨ ᠲᠣᠭᠣᠷᠢᠨ᠎ᠳᠤ᠂ ᠲᠣᠭᠠᠴᠢᠯᠠᠭᠰᠠᠨ ᠠᠷᠠᠳ᠎ᠤᠨ ᠶᠠᠪᠤᠳᠠᠯ᠎ᠤᠨ ᠲᠠᠪᠴᠠᠩ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠷᠠᠳ᠎ᠤᠨ ᠶᠠᠪᠤᠳᠠᠯ᠎ᠤᠨ ᠦᠢᠯᠡᠴᠢᠯᠡᠭᠡᠨ᠎ᠦ ᠲᠣᠮᠣ᠌ ᠵᠠᠭᠪᠤᠷ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠤᠨ᠂ 《ᠲᠤᠭᠠᠴᠢᠯᠠᠭᠰᠠᠨ +》 ᠪᠠᠷ ᠠᠷᠠᠳ᠎ᠤᠨ ᠶᠠᠪᠤᠳᠠᠯ᠎ᠤᠨ ᠠᠵᠢᠯ᠎ᠤᠨ ᠨᠠᠷᠢᠯᠢᠭ᠋᠂ ᠤᠨᠤᠪᠴᠢᠲᠠᠢ᠂ ᠥᠨᠳᠥᠷ ᠪᠦᠲᠦᠮᠵᠢᠲᠡᠶ ᠬᠠᠮᠢᠶᠠᠷᠤᠯᠲᠠ ᠦᠢᠯᠡᠴᠢᠯᠡᠭᠡᠨ᠎ᠦ ᠰᠢᠨ᠎ᠡ ᠪᠠᠢᠷᠢᠰᠢᠯ᠎ᠢ ᠪᠣᠶ ᠪᠣᠯᠭᠠᠵᠤ᠂ ᠠᠷᠠᠳ᠎ᠤᠨ ᠶᠠᠪᠤᠳᠠᠯ᠎ᠤᠨ ᠦᠢᠯᠡᠴᠢᠯᠡᠭᠡ᠎ᠶᠢᠨ《ᠰᠠᠨᠠᠭᠠᠴᠢᠯᠠᠭᠠᠲᠤ ᠪᠤᠰᠤ᠎ᠪᠠᠷ ᠴᠤᠤᠷᠢᠶᠠᠲᠤᠨ ᠲᠠᠭᠠᠵᠤ》ᠪᠠᠢᠭᠰᠠᠨ᠎ᠠᠴᠠ᠎ᠪᠠᠨ《ᠰᠠᠨᠠᠭᠠᠴᠢᠯᠠᠭ᠎ᠠ᠎ᠠᠴᠠ᠎ᠪᠠᠨ ᠦᠢᠯᠡᠴᠢᠯᠡᠬᠦ》 ᠳᠠᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠲᠦᠷᠭᠡᠳᠬᠡᠨ ᠠᠬᠢᠭᠤᠯᠵᠤ᠂ ᠥᠪᠥᠷ ᠮᠣᠩᠭᠣᠯ᠎ᠤᠨ ᠪᠤᠲᠤᠯᠲᠠ ᠵᠢᠨ ᠬᠦᠴᠦᠨ᠎ᠦ ᠳᠠᠪᠠᠭᠤᠯᠢᠭ᠋᠎ᠢ ᠠᠷᠠᠳ ᠲᠦᠮᠡᠨ᠎ᠳᠦ ᠦᠢᠯᠡᠴᠢᠯᠡᠬᠦ ᠳᠠᠪᠠᠭᠤᠯᠢᠭ᠋ ᠪᠣᠯᠭᠠᠨ ᠬᠤᠪᠢᠷᠠᠭᠤᠯᠬᠤ᠎ᠶᠢ ᠲᠦᠷᠭᠡᠳᠬᠡᠨ᠂ ᠲᠣᠭᠠᠴᠢᠯᠠᠭᠰᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢ ᠠᠬᠢᠭᠤᠯᠬᠤ᠎ᠳᠤ ᠠᠷᠠᠳ᠎ᠤᠨ ᠶᠠᠪᠤᠳᠠᠯ᠎ᠤᠨ ᠬᠤᠪᠢ ᠨᠡᠮᠡᠷᠢ ᠦᠵᠡᠭᠦᠯᠦᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃