2026-11-03 10:02:17
10 ᠰᠠᠷ᠎ᠠ᠎ᠶᠢᠨ 29 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠤᠳᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ ᠤᠷᠳᠤᠰ ᠬᠤᠳᠠ᠎ᠳᠤ ᠬᠦᠷᠴᠦ᠍ ᠤᠬᠠᠭᠤᠯᠤᠨ ᠲᠠᠶ᠋ᠢᠯᠪᠤᠷᠢᠯᠠᠪᠠ᠃
ᠦᠳᠡ᠎ᠶᠢᠨ ᠡᠮᠦᠨᠡᠬᠢ 9 ᠴᠠᠭ᠎ᠲᠤ᠌᠂ ᠤᠷᠳᠤᠰ ᠬᠤᠳᠠ᠎ᠶᠢᠨ ᠨᠠᠮ᠎ᠤᠨ ᠬᠣᠷᠢᠶ᠎ᠠ ᠵᠢᠨ ᠨᠠᠮ᠎ᠤᠨ ᠰᠤᠷᠭᠠᠭᠤᠯᠢ᠎ᠶᠢᠨ ᠵᠡᠭᠦᠨ ᠮᠡᠳᠡᠭᠦᠯᠦᠯᠲᠡ᠎ᠶᠢᠨ ᠲᠢᠩᠬᠢᠮ᠎ᠳᠦ ᠬᠥᠮᠦᠰ ᠲᠦᠭᠦᠷᠲᠡᠯ᠎ᠡ ᠰᠠᠭᠤᠯᠴᠠᠪᠠ᠃ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ ᠤ᠋ᠨ ᠬᠢᠨ ᠨᠠᠮ᠎ᠤᠨ ᠭᠡᠰᠢᠭᠦᠨ ᠺᠠᠳ᠋ᠷ᠎ᠤᠨ ᠲᠥᠯᠥᠭᠡᠯᠡᠭᠴᠢ᠎ᠳᠦ ᠲᠤᠰᠬᠠᠶ ᠰᠡᠳᠦᠪᠲᠦ᠍ ᠤᠬᠠᠭᠤᠯᠤᠨ ᠲᠠᠶ᠋ᠢᠯᠪᠤᠷᠢᠯᠠᠯᠲᠠ ᠬᠢᠪᠠ᠃ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠨ ᠨᠡᠶ᠋ᠢᠭᠡᠮ ᠬᠢᠭᠡᠳ ᠠᠮᠢ ᠠᠬᠤᠢ᠎ᠶᠢᠨ ᠪᠣᠯᠪᠠᠰᠤᠨ᠎ᠤ ᠵᠢᠭᠠᠨ ᠰᠤᠳᠤᠯᠬᠤ ᠲᠠᠰᠤᠭ᠎ᠤᠨ ᠳᠡᠳ᠋ ᠡᠷᠬᠢᠯᠡᠭᠴᠢ᠂ ᠫᠷᠤᠹᠸᠰᠰᠤᠷ ᠡᠸᠦ ᠶᠠᠩ ᠯᠢ ᠨᠠ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠠᠬᠢ ᠬᠠᠶ᠋ᠢᠷ᠎ᠠ ᠬᠠᠯᠠᠮᠵᠢ᠎ᠶᠢ ᠭᠦᠨᠵᠡᠭᠡᠢ ᠣᠶ᠋ᠢᠯᠠᠭᠠᠬᠤ᠂ ᠶᠡᠷᠦᠩᠬᠡᠢ ᠱᠦᠵᠢ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠳᠤ ᠠᠭᠤᠯᠤᠭᠳᠠᠵᠤ ᠪᠠᠶ᠋ᠢᠭ᠎ᠠ ᠪᠠᠶᠠᠯᠢᠭ ᠠᠭᠤᠯᠤᠭᠳᠠᠬᠤᠨ᠂ ᠭᠤᠤᠯ ᠴᠢᠮᠤᠭᠡ ᠪᠤᠯᠬᠤ ᠴᠢᠬᠤᠯᠠ ᠠᠭᠤᠯᠭ᠎ᠠ᠎ᠶᠢ ᠭᠦᠨᠵᠡᠭᠡᠢ ᠣᠶ᠋ᠢᠯᠠᠭᠠᠬᠤ᠂ ᠠᠴᠢ ᠬᠠᠷᠢᠭᠤᠯᠠᠬᠤ ᠰᠡᠳᠬᠢᠯ ᠵᠢᠴᠢ ᠡᠷᠡᠮᠡᠬᠡᠶ᠋ᠢᠯᠡᠨ ᠤᠷᠤᠭᠰᠢᠯᠠᠬᠤ ᠵᠣᠷᠢᠭ ᠰᠠᠨᠠᠭ᠎ᠠ᠎ᠪᠠᠷ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ᠎ᠢ ᠰᠠᠶ᠋ᠢᠲᠤᠷ ᠬᠢᠬᠦ᠌ ᠵᠡᠷᠭᠡ ᠲᠠᠯ᠎ᠠ᠎ᠪᠠᠷ ᠪᠦᠬᠦ᠌ ᠲᠠᠯ᠎ᠠ᠎ᠪᠠᠷ ᠰᠢᠰᠲ᠋ᠧᠮ᠎ᠲᠡᠶ ᠤᠬᠠᠭᠤᠯᠤᠨ ᠲᠠᠶ᠋ᠢᠯᠪᠤᠷᠢᠯᠠᠪᠠ᠃ ᠮᠡᠳᠡᠭᠦᠯᠦᠯᠲᠡ᠎ᠶᠢᠨ ᠭᠣᠣᠯ ᠰᠡᠳᠦᠪ ᠨᠢ ᠢᠯᠡ ᠲᠣᠳᠣ᠂ ᠠᠭᠤᠯᠭ᠎ᠠ ᠪᠦᠷᠢᠨ ᠠᠮᠢᠳᠤᠯᠢᠭ ᠪᠠᠶ᠋ᠢᠵᠤ᠂ ᠲᠤᠬᠠᠢ᠎ᠶᠢᠨ ᠲᠠᠯᠠᠪᠠᠢ᠎ᠶᠢᠨ ᠰᠤᠷᠤᠯᠭᠠᠳᠠᠳ ᠪᠠᠶ᠋ᠢᠨ ᠪᠠᠶ᠋ᠢᠨ ᠬᠠᠯᠠᠭᠤᠨ ᠠᠯᠠᠭ᠎ᠠ ᠲᠠᠰᠢᠵᠤᠪᠠᠶ᠋ᠢᠯᠠ᠃
《ᠬᠠᠲᠤᠨ ᠭᠤᠤᠯ ᠳᠠᠭᠠᠤ ᠬᠣᠰᠢᠭᠤ ᠰᠢᠶᠠᠨ᠎ᠤ ᠦᠨᠳᠦᠰᠦᠨ ᠱᠠᠲᠤᠨ᠎ᠤ ᠺᠠᠳ᠋ᠷ ᠪᠣᠯᠤᠭᠰᠠᠨ᠎ᠤ ᠬᠤᠪᠢ᠎ᠳᠤ᠂ ᠪᠢᠳᠡ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ 〈ᠤᠮᠠᠷᠠᠳᠤ ᠵᠢᠨ ᠭᠤᠷᠪᠡᠨ ᠤᠷᠤᠨ ᠤ᠋ ᠢᠨᠵᠧᠨᠧᠷᠢᠩ〉 ᠤ᠋ᠨ ᠪᠥᠲᠥᠭᠡᠨ ᠪᠠᠶ᠋ᠢᠭᠤᠯᠤᠯᠲᠠ᠎ᠶᠢ ᠭᠦᠨᠵᠡᠭᠡᠶ᠋ᠢᠷᠡᠭᠦᠯᠦᠨ ᠠᠬᠢᠭᠤᠯᠬᠤ ᠳᠡᠭᠡᠷ᠎ᠡ ᠨᠠᠶ᠋ᠢᠳᠠᠪᠤᠷᠢᠵᠢᠭᠤᠯᠵᠤ᠂ ᠬᠠᠲᠤᠨ ᠭᠤᠤᠯ᠎ᠤᠨ ᠨᠢᠭᠡᠳᠦᠭᠡᠷ ᠳᠡᠰ᠎ᠤᠨ ᠰᠠᠯᠪᠤᠷᠢ ᠤᠷᠤᠰᠬᠠᠯ — ᠠᠷᠪᠠᠨ ᠶᠡᠬᠡ ᠬᠦᠨᠳᠡᠢ ᠵᠢ ᠵᠠᠰᠠᠬᠤ ᠠᠵᠢᠯ ᠳᠡᠭᠡᠷ᠎ᠡ ᠨᠠᠶ᠋ᠢᠳᠠᠪᠤᠷᠢᠵᠢᠭᠤᠯᠵᠤ᠂ ᠮᠠᠯ ᠠᠵᠤ ᠠᠬᠤᠢ ᠲᠠᠷᠢᠶᠠᠯᠠᠩ ᠤ᠋ᠨ ᠲᠠᠷᠢᠵᠤ ᠲᠡᠵᠢᠭᠡᠬᠦ ᠪᠦᠲᠦᠴᠡ᠎ᠶᠢ ᠶᠡᠬᠡ ᠪᠡᠷ ᠰᠢᠯᠢᠳᠡᠭᠵᠢᠭᠦᠯᠬᠦ᠂ ᠤᠰᠤ ᠠᠷᠪᠢᠯᠠᠬᠤ ᠲᠠᠷᠢᠶᠠᠯᠠᠩ᠂ ᠣᠶᠤᠨᠲᠤ ᠲᠦᠬᠦᠬᠡᠷᠦᠮᠵᠢᠳᠦ ᠲᠠᠷᠢᠶᠠᠯᠠᠩ ᠪᠠ ᠲᠠᠷᠢᠶᠠᠯᠠᠩ ᠮᠠᠯ ᠠᠵᠤ ᠠᠬᠤᠢ᠎ᠶᠢᠨ ᠨᠠᠷᠢᠯᠢᠭ ᠡᠳ᠋ᠰᠢᠭᠦᠯᠬᠦ ᠠᠵᠤ ᠦᠢᠯᠡᠰ᠎ᠢ ᠬᠥᠭᠵᠢᠭᠦᠯᠬᠦ ᠳᠡᠭᠡᠷ᠎ᠡ ᠨᠠᠢᠳᠠᠪᠤᠷᠢᠵᠢᠭᠤᠯᠵᠤ᠂ ᠬᠥᠭᠵᠢᠭᠦᠯᠬᠦ ᠪᠠ ᠬᠠᠮᠠᠭᠠᠯᠠᠬᠤ᠎ᠶᠢ ᠰᠠᠢᠲᠤᠷ ᠨᠢᠭᠡᠳᠦᠯᠲᠡᠢ ᠲᠥᠯᠥᠪᠵᠢᠬᠦᠯᠦᠨ᠂ ᠰᠤᠷᠤᠯᠴᠠᠭᠰᠠᠨ ᠦᠷ᠎ᠡ ᠪᠦᠲᠦᠭᠡᠯ᠎ᠢᠶᠡᠨ ᠠᠮᠢ ᠠᠬᠤᠢ᠎ᠶᠢ ᠲᠡᠷᠢᠭᠦᠨ᠎ᠳᠦ ᠲᠠᠯᠪᠢᠬᠤ᠂ ᠪᠣᠬᠢᠷᠲᠤᠯ ᠦᠭᠡᠢ ᠬᠦᠭᠵᠢᠬᠦᠯᠬᠦ᠎ᠶᠢ ᠦᠢᠯᠡᠳᠦᠯᠭᠡᠵᠢᠭᠦᠯᠬᠦ ᠠᠵᠢᠯᠯᠠᠭ᠎ᠠ ᠪᠣᠯᠭᠠᠨ ᠬᠤᠪᠢᠷᠠᠭᠤᠯᠤᠨ᠎ᠠ》 ᠭᠡᠵᠦ ᠣᠷᠳᠣᠰ ᠬᠣᠲᠠ᠎ᠶᠢᠨ ᠳᠠᠯᠠᠳ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠬᠣᠰᠢᠭᠤᠨ ᠳᠠᠷᠤᠭ᠎ᠠ ᠹᠦ ᠰᠢᠶᠦ᠋ᠩ ᠢ ᠬᠡᠯᠡᠪᠡ᠃
ᠦᠳᠡ᠎ᠶᠢᠨ ᠡᠮᠦᠨᠡᠬᠢ 11 ᠴᠠᠭ᠎ᠲᠤ᠂ ᠤᠬᠠᠭᠤᠯᠤᠨ ᠲᠠᠢᠯᠪᠤᠷᠢᠯᠠᠬᠤ ᠪᠦᠯᠬᠦᠮ ᠣᠷᠳᠣᠰ ᠬᠤᠳᠠ᠎ᠶᠢᠨ ᠬᠢᠶ᠎ᠠ ᠪᠠᠭ᠍ᠰᠢ ᠲᠣᠭᠣᠷᠢᠭ᠋᠎ᠤᠨ ᠺᠠᠩ ᠰᠢᠨ ᠵᠡᠭᠡᠯᠢ ᠭᠤᠳᠤᠮᠵᠢ᠎ᠶᠢᠨ ᠬᠡᠳᠡᠷᠬᠡ ᠨᠡᠢᠭᠡᠮ ᠲᠣᠭᠣᠷᠢᠭ᠋᠎ᠤᠨ ᠨᠠᠮ᠎ᠤᠨ ᠬᠡᠰᠢᠬᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠲᠦ ᠬᠦᠷᠴᠤ᠂ ᠧᠦ ᠶᠠᠩ ᠯᠢ ᠨᠠ ᠲᠦᠬᠦᠮ ᠣᠢᠯᠠᠭᠠᠮᠵᠢᠲᠠᠢ ᠦᠭᠡ ᠬᠡᠯᠡ᠎ᠪᠡᠷ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠤᠳᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠲᠠᠢᠯᠪᠤᠷᠢᠯᠠᠬᠤ᠎ᠶᠢᠨ ᠬᠠᠮᠲᠤ ᠨᠡᠢᠭᠡᠮ ᠲᠣᠭᠣᠷᠢᠭ᠋᠎ᠤᠨ ᠰᠠᠭᠤᠭᠠᠯᠢ ᠠᠷᠠᠳ᠎ᠲᠠᠢ ᠨᠢᠭᠤᠷᠳᠠᠨ ᠶᠠᠷᠢᠯᠴᠠᠵᠤ᠂ ᠤᠯᠠᠨ ᠲᠦᠮᠡᠨ᠎ᠦ ᠠᠩᠬᠠᠷᠴᠤ ᠪᠠᠢᠭ᠎ᠠ ᠠᠰᠠᠭᠤᠳᠠᠯ᠎ᠳ᠋ᠤ ᠨᠠᠷᠢᠯᠢᠭ ᠬᠠᠷᠢᠭᠤᠯᠲᠠ ᠥᠭᠪᠡ᠃
《ᠤᠬᠠᠭᠤᠯᠤᠨ ᠲᠠᠢᠯᠪᠤᠷᠢᠯᠠᠬᠤ᠎ᠵᠢ ᠰᠣᠨᠣᠰᠤᠭᠠᠳ ᠪᠢ ᠮᠠᠰᠢ ᠵᠣᠷᠢᠭ᠍ᠵᠢᠵᠤ᠂ ᠬᠠᠷᠢᠭᠤᠴᠠᠯᠭ᠎ᠠ ᠲᠤᠩ ᠬᠦᠨᠳᠦ ᠪᠠᠢᠬᠤ ᠲᠦᠷᠦᠭᠳᠡᠯ ᠤᠯᠪᠠ》᠃ ᠬᠢᠶ᠎ᠠ ᠪᠠᠭ᠍ᠰᠢ ᠲᠣᠭᠣᠷᠢᠭ᠋᠎ᠤᠨ ᠺᠠᠩ ᠰᠢᠨ ᠵᠡᠭᠡᠯᠢ ᠭᠤᠳᠤᠮᠵᠢ᠎ᠶᠢᠨ ᠬᠡᠳᠡᠷᠬᠡ ᠨᠡᠢᠭᠡᠮ ᠲᠣᠭᠣᠷᠢᠭ᠋᠎ᠤᠨ ᠨᠠᠮ᠎ᠤᠨ ᠡᠭᠦᠷ᠎ᠦᠨ ᠳᠡᠳ᠋ ᠱᠦᠵᠢ ᠰᠢᠶᠸ ᠸᠸᠨ ᠱᠦᠸᠸ᠂ ᠬᠣᠢᠰᠢᠳᠠ᠎ᠶᠢᠨ ᠠᠵᠢᠯ ᠳᠤᠮᠳᠠ ᠪᠠᠨ ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ᠎ᠶᠢ ᠬᠥᠲᠥᠯᠥᠨ ᠳᠠᠭᠠᠭᠤᠯᠬᠤ᠎ᠶᠢ ᠪᠠᠷᠢᠮᠲᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠶᠢ ᠠᠵᠢᠯ ᠠᠮᠢᠳᠤᠷᠠᠯ᠎ᠤᠨ ᠵᠢᠵᠢᠭ ᠰᠠᠵᠢᠭ᠋ ᠵᠦᠢᠯ᠎ᠳᠦ ᠠᠭᠤᠰᠤᠯᠴᠠᠭᠤᠯᠵᠤ᠂ ᠤᠯᠠᠨ ᠲᠦᠮᠡᠨ᠎ᠦ ᠳᠡᠷᠭᠡᠳᠡᠬᠢ ᠠᠷᠠᠳ᠎ᠤᠨ ᠠᠮᠢᠳᠤᠷᠠᠯ᠎ᠤᠨ ᠵᠢᠵᠢᠭ ᠶᠠᠪᠤᠳᠠᠯ᠎ᠢ ᠰᠡᠳᠬᠢᠯ ᠲᠠᠯᠪᠢᠨ ᠰᠠᠢᠲᠤᠷ ᠬᠢᠵᠦ᠂ ᠦᠨᠡᠨ ᠪᠣᠳᠠᠲᠠᠢ ᠦᠢᠯᠡᠴᠢᠯᠡᠭᠡᠨ᠎ᠦ ᠦᠷ᠎ᠡ ᠪᠦᠲᠦᠮᠵᠢ᠎ᠪᠡᠷ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠦᠨ᠎ᠡ ᠭᠡᠵᠦ ᠢᠯᠡᠳᠬᠡᠪᠡ᠃
ᠬᠡᠳᠡᠷᠬᠡ ᠨᠡᠢᠭᠡᠮ ᠲᠣᠭᠣᠷᠢᠭ᠋᠎ᠤᠨ ᠵᠢᠦ ᠶᠤᠸᠠᠢ ᠹᠦ ᠰᠠᠭᠤᠭᠠᠯᠢ ᠠᠷᠠᠳ᠎ᠤᠨ ᠲᠣᠭᠣᠷᠢᠭ᠋᠎ᠤᠨ ᠰᠠᠭᠤᠭᠠᠯᠢ ᠠᠷᠠᠳ ᠾᠧ ᠮᠧᠢ ᠶᠢᠩ ᠤᠬᠠᠭᠤᠯᠤᠨ ᠲᠠᠢᠯᠪᠤᠷᠢᠯᠠᠯᠳᠠ᠎ᠵᠢ ᠰᠣᠨᠣᠰᠤᠭᠠᠳ᠄ 《ᠥᠨᠥᠳᠥᠷ᠎ᠦᠨ ᠤᠬᠠᠭᠤᠯᠤᠨ ᠲᠠᠢᠯᠪᠤᠷᠢᠯᠠᠯᠳᠠ᠎ᠵᠢ ᠰᠣᠨᠣᠰᠤᠭᠠᠳ ᠪᠢ ᠮᠠᠰᠢ ᠰᠡᠳᠬᠢᠯ ᠳᠣᠭᠳᠣᠯᠪᠠ᠂ ᠰᠠᠭᠤᠭᠠᠯᠢ ᠠᠷᠠᠳ᠎ᠤᠨ ᠲᠣᠭᠣᠷᠢᠭ᠋᠎ᠤᠨ 〈ᠬᠣᠯᠪᠣᠭᠠᠲᠤ ᠡᠷᠦᠭᠡ᠎ᠶᠢᠨ ᠳᠠᠷᠤᠭ᠎ᠠ〉 ᠪᠣᠯᠤᠭᠰᠠᠨ᠎ᠤ ᠬᠤᠪᠢ᠎ᠳᠤ᠂ ᠰᠠᠭᠤᠭᠠᠯᠢ ᠠᠷᠠᠳ᠎ᠤᠨ ᠰᠡᠳᠬᠢᠯ᠎ᠦᠨ ᠦᠭᠡ᠎ᠶᠢ ᠢᠯᠡᠭᠦᠬᠡᠨ ᠰᠣᠨᠣᠰᠴᠤ᠂ ᠰᠠᠭᠤᠭᠠᠯᠢ ᠠᠷᠠᠳ᠎ᠲᠤ ᠢᠯᠡᠭᠦᠬᠡᠨ ᠪᠣᠳᠠᠲᠤ ᠶᠠᠪᠤᠳᠠᠯ ᠬᠢᠵᠦ᠂ ᠨᠡᠢᠭᠡᠮ ᠲᠣᠭᠣᠷᠢᠭ᠋ ᠪᠣᠯᠣᠨ ᠰᠠᠭᠤᠭᠠᠯᠢ ᠠᠷᠠᠳ᠎ᠤᠨ 〈ᠰᠡᠳᠬᠢᠯ᠎ᠦᠨ ᠬᠥᠭᠥᠷᠭᠡ〉 ᠵᠢ ᠪᠠᠢᠭᠤᠯᠵᠦ ᠦᠭᠬᠦᠨ᠎ᠠ》 ᠬᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃