2026-11-03 10:08:03
— ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠠᠢ ᠶᠢᠩ ᠵᠢᠶᠦ᠋ᠨ ᠢ᠋ ᠰᠤᠷᠪᠤᠯᠵᠢᠯᠠᠭᠰᠠᠨ ᠨᠢ
10 ᠰᠠᠷ᠎ᠠ᠎ᠶᠢᠨ 16 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠤᠯᠠᠭᠠᠨᠴᠠᠪ ᠬᠣᠲᠠ᠎ᠳᠤ ᠰᠢᠨᠵᠢᠯᠡᠨ ᠪᠠᠢᠴᠠᠭᠠᠬᠤ᠎ᠳᠠᠭᠠᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋ ᠢ᠋ ᠨᠠᠮ᠎ᠤᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ᠎ᠶᠢ ᠴᠢᠩᠭᠠᠳᠬᠠᠵᠤ᠂ ᠡᠯ᠎ᠡ ᠵᠦᠢᠯ᠎ᠦᠨ ᠣᠯᠠᠨ ᠨᠡᠶ᠋ᠢᠲᠡ᠎ᠶᠢᠨ ᠦᠢᠯᠡᠴᠢᠯᠡᠭᠡ ᠪᠠ ᠴᠢᠬᠤᠯᠠ ᠡᠯᠧᠮᠧᠨ᠋ᠲ᠎ᠦᠨ ᠪᠠᠲᠤᠯᠠᠭ᠎ᠠ᠎ᠶᠢ ᠰᠢᠯᠢᠳᠡᠭᠵᠢᠭᠦᠯᠵᠦ᠂ ᠠᠵᠤ ᠠᠬᠤᠢᠯᠠᠯ ᠪᠠ ᠡᠯ᠎ᠡ ᠲᠥᠷᠥᠯ᠎ᠦᠨ ᠴᠢᠳᠠᠪᠤᠷᠢᠲᠠᠨ᠎ᠤ ᠠᠵᠢᠯ ᠬᠢᠵᠦ ᠦᠢᠯᠡᠰ ᠪᠣᠰᠬᠠᠬᠤ᠎ᠳᠤ ᠰᠠᠢᠨ ᠰᠠᠢᠬᠠᠨ ᠣᠷᠴᠢᠨ ᠨᠥᠬᠥᠴᠡᠯ᠎ᠢ ᠪᠣᠶ ᠪᠤᠯᠭᠠᠵᠤ ᠦᠭᠬᠦ ᠬᠡᠷᠡᠭᠲᠡᠢ ᠭᠡᠵᠦ ᠱᠠᠭᠠᠷᠳᠠᠪᠠ᠃ ᠰᠢ ᠵᠢᠨ ᠫᠢᠩ ᠪᠠᠰᠠ ᠲᠤᠬᠠᠢ᠎ᠶᠢᠨ ᠭᠠᠵᠠᠷ᠎ᠤᠨ ᠣᠨᠴᠠᠯᠢᠭ᠍ᠲᠤ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠵᠡᠭᠦᠯᠭᠡ᠎ᠶᠢ ᠪᠠᠢᠴᠠᠭᠠᠨ ᠦᠵᠡᠵᠦ᠂ ᠭᠣᠣᠯ ᠪᠣᠯᠬᠤ ᠲᠦᠷᠦᠯ ᠵᠦᠢᠯ ᠪᠣᠯᠣᠨ ᠶᠠᠰᠤ ᠴᠢᠨᠠᠷ᠎ᠤᠨ ᠣᠨᠴᠠᠯᠢᠭ᠋᠎ᠢ ᠨᠠᠷᠢᠨ ᠣᠢᠯᠠᠭᠠᠵᠤ᠂ ᠲᠤᠬᠠᠢ᠎ᠶᠢᠨ ᠭᠠᠵᠠᠷ ᠤ᠋ᠨ ᠬᠢᠨ ᠢ᠋ ᠦᠢᠯᠡᠳᠪᠦᠷᠢᠯᠡᠯ ᠪᠣᠷᠤᠯᠠᠭᠤᠯᠭ᠎ᠠ᠎ᠵᠢ ᠵᠤᠯᠭᠠᠭᠤᠯᠬᠤ ᠪᠠᠨ ᠴᠢᠩᠭᠠᠳᠬᠠᠵᠤ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠵᠦ ᠪᠠᠶᠠᠵᠢᠭᠤᠯᠬᠤ᠎ᠶᠢ ᠵᠤᠷᠢᠭᠵᠢᠭᠤᠯᠪᠠ᠃ ᠥᠪᠥᠷ ᠮᠣᠩᠭᠣᠯ ᠬᠡᠷᠬᠢᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠪᠣᠶ? ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠠᠢ ᠶᠢᠩ ᠵᠢᠶᠦ᠋ᠨ ᠢ᠋ ᠲᠤᠰᠬᠠᠢᠯᠠᠨ ᠰᠤᠷᠪᠤᠯᠵᠢᠯᠠᠪᠠ᠃
《ᠶᠡᠷᠦᠩᠬᠡᠢ ᠱᠦᠵᠢ ᠰᠢ ᠵᠢᠨ ᠫᠢᠩ᠎ᠦᠨ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ ᠨᠢ ᠪᠢᠳᠡᠨ᠎ᠳᠦ ᠤᠷᠤᠭᠰᠢᠯᠠᠬᠤ ᠴᠢᠭᠯᠡᠯ᠎ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ》᠃ ᠵᠠᠢ ᠶᠢᠩ ᠵᠢᠶᠦ᠋ᠨ᠂ ᠠᠷᠠᠳ᠎ᠤᠨ ᠠᠮᠢᠳᠤᠷᠠᠯ᠎ᠤᠨ ᠴᠢᠬᠤᠯᠠ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ᠂ ᠪᠥᠬᠥ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠦᠨ ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《 1571 》 ᠠᠵᠢᠯ᠎ᠤᠨ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠪᠥᠬᠥ ᠬᠦᠴᠦᠨ᠎ᠢᠶᠡᠷ᠎ᠢᠶᠡᠨ ᠠᠵᠢᠯ ᠣᠯᠭᠣᠯᠲᠠ᠎ᠶᠢ ᠲᠣᠭᠲᠠᠪᠤᠷᠢᠵᠢᠭᠤᠯᠵᠤ᠂ ᠠᠷᠠᠳ᠎ᠤᠨ ᠠᠮᠢᠳᠤᠷᠠᠯ᠎ᠢ ᠪᠠᠲᠤᠯᠠᠵᠤ᠂ ᠴᠢᠳᠠᠪᠤᠷᠢᠲᠠᠨ᠎ᠢ ᠬᠥᠮᠥᠵᠢᠭᠦᠯᠵᠦ᠂ ᠬᠥᠭᠵᠢᠯᠲᠡ᠎ᠶᠢᠨ ᠳᠤᠮᠳᠠ ᠠᠷᠠᠳ᠎ᠤᠨ ᠠᠮᠢᠳᠤᠷᠠᠯ᠎ᠢ ᠦᠷᠭᠦᠯᠵᠢᠯᠡᠨ ᠪᠠᠲᠤᠯᠠᠨ ᠰᠠᠢᠵᠢᠷᠠᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ᠎ᠳᠦ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠬᠦᠴᠦᠨ ᠴᠢᠳᠠᠯ᠎ᠢᠶᠠᠨ ᠨᠡᠮᠡᠷᠢᠯᠡᠨ᠎ᠠ ᠭᠡᠵᠠᠢ᠃
ᠬᠥᠮᠥᠨ᠎ᠦ ᠬᠦᠴᠦᠨ᠎ᠦ ᠡᠬᠢ ᠪᠠᠶᠠᠯᠢᠭ᠋᠎ᠢ ᠨᠡᠩ ᠥᠨᠳᠥᠷ ᠲᠦᠪᠰᠢᠨ ᠵᠢᠡᠷ ᠨᠡᠭᠡᠭᠡᠨ ᠠᠰᠢᠭ᠍ᠯᠠᠬᠤ᠎ᠪᠠᠷ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠳᠦ ᠪᠠᠲᠤ ᠴᠢᠩᠭ᠎ᠠ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠨ᠎ᠠ᠃ ᠵᠠᠢ ᠶᠢᠩ ᠵᠢᠶᠦ᠋ᠨ᠂ ᠪᠢᠳᠡ ᠪᠣᠬᠢᠷᠲᠤᠯ ᠦᠭᠡᠢ ᠪᠤᠳᠤᠯᠳᠠ ᠵᠢᠨ ᠬᠦᠴᠦᠨ᠎ᠦ ᠠᠵᠤ ᠦᠢᠯᠡᠰ ᠵᠡᠷᠭᠡ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢᠨ ᠬᠡᠷᠡᠭᠴᠡᠭᠡ᠎ᠶᠢ ᠪᠠᠲᠤᠯᠠᠵᠤ᠂ 《ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠮᠠᠨᠳᠤᠭᠤᠯᠬᠤ》 ᠢᠨᠵᠧᠨᠧᠷᠢᠩ ᠪᠣᠯᠣᠨ ᠤᠷ᠎ᠠ ᠮᠡᠷᠭᠡᠵᠢᠯ᠎ᠦᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠶᠠᠰᠤ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠤᠷ᠎ᠠ ᠮᠡᠷᠭᠡᠵᠢᠯ᠎ᠦᠨ ᠴᠢᠳᠠᠪᠤᠷᠢᠲᠠᠨ᠎ᠤ ᠬᠠᠩᠭᠠᠯᠭ᠎ᠠ᠎ᠶᠢ ᠴᠢᠩᠭᠠᠳᠬᠠᠵᠤ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠤᠷ᠎ᠠ ᠴᠢᠳᠠᠪᠤᠷᠢ᠎ᠶᠢ ᠳᠡᠭᠡᠭᠰᠢᠯᠡᠭᠦᠯᠬᠦ᠂ ᠤᠷᠮᠠᠰᠢᠭᠤᠯᠤᠨ ᠦᠨᠡᠯᠡᠬᠦ᠎ᠶᠢ ᠥᠪᠡᠷᠲᠡᠭᠡᠨ ᠵᠠᠰᠠᠬᠤ ᠣᠷᠣᠨ᠎ᠤ ᠣᠳᠣᠬᠢᠴᠢᠯᠠᠭᠰᠠᠨ ᠠᠵᠤ ᠦᠢᠯᠡᠰ᠎ᠦᠨ ᠰᠢᠰᠲ᠋ᠸᠮ᠎ᠤᠨ ᠪᠠᠢᠭᠤᠯᠤᠯᠲᠠ᠎ᠶᠢᠨ ᠶᠡᠬᠡ ᠲᠠᠯ᠎ᠠ᠎ᠳᠤ ᠪᠦᠬᠦ ᠲᠠᠯ᠎ᠠ᠎ᠪᠠᠷ ᠠᠭᠤᠰᠤᠯᠴᠠᠭᠤᠯᠵᠤ᠂ ᠴᠢᠨᠠᠷ ᠰᠠᠢᠲᠠᠢ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠬᠠᠩᠭᠠᠯᠭ᠎ᠠ᠎ᠪᠠᠷ ᠪᠦᠬᠦ ᠣᠷᠣᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ ᠳ᠋ᠤ ᠬᠦᠴᠦᠨ ᠣᠯᠭᠣᠨ᠎ᠠ ᠬᠡᠵᠡᠢ᠃
ᠪᠤᠳᠤᠯᠳᠠ ᠵᠢᠨ ᠬᠦᠴᠦᠨ᠎ᠦ ᠴᠢᠳᠠᠪᠤᠷᠢᠲᠠᠨ᠎ᠤ ᠬᠡᠷᠡᠭᠴᠡᠭᠡ᠎ᠶᠢᠨ ᠬᠡᠪᠴᠢᠶ᠎ᠡ᠂ ᠪᠦᠲᠦᠴᠡ᠎ᠶᠢᠨ ᠲᠠᠰ ᠳᠠᠪᠬᠤᠷᠭ᠎ᠠ ᠪᠠ ᠲᠤᠰᠬᠠᠶ ᠮᠡᠷᠭᠡᠵᠢᠯ᠎ᠦᠨ ᠴᠢᠭᠯᠡᠯ᠎ᠢ ᠣᠨᠣᠪᠴᠢᠲᠠᠶ ᠡᠵᠡᠮᠰᠢᠵᠦ᠍᠂ ᠴᠢᠳᠠᠪᠤᠷᠢᠲᠠᠨ᠎ᠢ ᠤᠷᠤᠭᠤᠯᠤᠨ ᠠᠪᠴᠢᠷᠠᠬᠤ ᠴᠢᠳᠠᠪᠤᠷᠢᠲᠠᠨ᠎ᠢ ᠬᠥᠮᠦᠵᠢᠭᠦᠯᠬᠦ᠌ ᠠᠵᠢᠯ᠎ᠢ ᠣᠨᠣᠪᠴᠢᠲᠠᠶ ᠥᠷᠨᠢᠭᠦᠯᠬᠦ᠌᠎ᠳᠦ ᠦᠨᠳᠦᠰᠦᠯᠡᠯ ᠬᠠᠩᠭᠠᠨ᠎ᠠ᠃ 《ᠰᠠᠭᠠᠳ ᠥᠬᠡᠶ ᠨᠡᠪᠲᠡᠷᠡᠬᠦ᠌ ᠵᠠᠮ》 ᠤ᠋ᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠲᠣᠭᠲᠠᠴᠠ᠎ᠶᠢ ᠰᠠᠶ᠋ᠢᠲᠤᠷ ᠬᠡᠷᠡᠭᠯᠡᠵᠦ᠍᠂ 《ᠡᠷᠳᠡᠮᠲᠡᠨ ᠴᠢᠳᠠᠪᠤᠷᠢᠲᠠᠨ᠎ᠢ ᠥᠷᠭᠡᠨ᠎ᠢᠶᠡᠷ ᠤᠷᠢᠵᠤ᠂ ᠣᠶᠤᠨ ᠤᠬᠠᠭᠠᠨ᠎ᠢ ᠲᠥᠪᠯᠡᠷᠡᠭᠦᠯᠦᠨ ᠥᠪᠥᠷ ᠮᠣᠩᠭᠣᠯ᠎ᠢ ᠬᠥᠭᠵᠢᠭᠦᠯᠦᠨ ᠮᠠᠨᠳᠤᠭᠤᠯᠬᠤ》 ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠵᠢᠯᠯᠠᠭ᠎ᠠ᠎ᠶᠢᠨ ᠲᠠᠪᠴᠠᠩ᠎ᠳᠤ ᠲᠦᠰᠢᠭᠯᠡᠨ᠂ ᠵᠣᠬᠢᠶᠠᠮᠠᠯ ᠣᠶᠤᠨ ᠴᠢᠳᠠᠪᠤᠷᠢ᠂ ᠲᠣᠮᠣ ᠳ᠋ᠠᠶ᠋ᠢᠲ᠋ᠠ᠂ ᠡᠭᠦᠯᠡᠨ ᠪᠤᠳᠤᠯᠲᠠ ᠵᠡᠷᠭᠡ ᠬᠦᠷᠢᠶᠡᠨ᠎ᠳᠡᠬᠢ ᠳᠡᠭᠡᠳᠦ ᠲᠠᠰ ᠳᠠᠪᠬᠤᠷᠭ᠎ᠠ᠎ᠶᠢᠨ ᠴᠢᠳᠠᠪᠤᠷᠢᠲᠠᠨ ᠪᠠ ᠪᠠᠴᠢᠮ ᠬᠡᠷᠡᠭᠴᠡᠭᠡᠪᠦᠬᠦᠢ ᠳᠤᠲᠠᠭᠳᠠᠵᠤ ᠪᠠᠶ᠋ᠢᠭ᠎ᠠ ᠴᠢᠳᠠᠪᠤᠷᠢᠲᠠᠨ᠎ᠢ ᠢᠳᠡᠪᠬᠢᠲᠡᠶ ᠣᠷᠣᠭᠤᠯᠤᠨ ᠠᠪᠴᠢᠷᠠᠨ᠎ᠠ᠃
ᠤᠷ᠎ᠠ ᠮᠡᠷᠭᠡᠵᠢᠯ᠎ᠢ ᠳᠡᠭᠡᠭᠰᠢᠯᠡᠭᠦᠯᠬᠦ᠌ ᠲᠠᠯ᠎ᠠ ᠪᠡᠷ ᠦᠷᠭᠦᠯᠵᠢᠯᠡᠨ ᠬᠦᠴᠦᠯᠡᠨ᠎ᠡ᠃ ᠬᠣᠯᠪᠣᠭᠳᠠᠯ ᠪᠥᠬᠥᠶ ᠰᠠᠯᠠᠭ᠎ᠠ ᠮᠥᠴᠢᠷ᠎ᠯᠤᠭᠡ ᠬᠠᠮᠲᠤᠷᠠᠨ ᠭᠤᠷᠪᠠᠨ ᠵᠢᠯ ᠤ᠋ᠨ ᠬᠤᠭᠤᠴᠠᠭᠠᠨ ᠳ᠋ᠤ ᠲᠣᠭᠠᠴᠢᠯᠠᠭᠰᠠᠨ ᠮᠡᠷᠬᠡᠵᠢᠯ᠎ᠤᠨ ᠴᠢᠳᠠᠪᠤᠷᠢᠲᠠᠨ ᠲᠦᠮᠡᠨ ᠬᠥᠮᠦᠨ᠎ᠢ ᠬᠥᠮᠦᠵᠢᠭᠦᠯᠬᠦ᠌ ᠠᠵᠢᠯᠯᠠᠭ᠎ᠠ᠎ᠶᠢ ᠭᠦᠨᠵᠡᠭᠡᠶ ᠬᠡᠷᠡᠭᠵᠢᠭᠦᠯᠵᠦ᠍᠂ ᠵᠣᠬᠢᠶᠠᠮᠠᠯ ᠣᠶᠤᠨ ᠴᠢᠳᠠᠪᠤᠷᠢ᠂ ᠲᠣᠮᠣ ᠳ᠋ᠠᠶ᠋ᠢᠲ᠋ᠠ᠂ ᠪᠠᠷᠠᠭᠠᠨ ᠤ᠋ ᠰᠦᠯᠵᠢᠶ᠎ᠡ᠂ ᠡᠭᠦᠯᠡᠨ ᠪᠤᠳᠤᠯᠲᠠ᠂ ᠰᠦᠯᠵᠢᠶ᠎ᠡ ᠴᠢᠮᠡᠭᠡ ᠬᠣᠯᠪᠣᠭ᠎ᠠ ᠵᠡᠷᠭᠡ ᠲᠣᠭᠠᠴᠢᠯᠠᠭᠰᠠᠨ ᠠᠵᠤ ᠠᠬᠤᠶ᠂ ᠲᠣᠭᠠᠴᠢᠯᠠᠭᠰᠠᠨ ᠠᠵᠤ ᠦᠢᠯᠡᠰ᠎ᠦᠨ ᠬᠡᠷᠡᠭᠴᠡᠭᠡ᠎ᠶᠢᠨ ᠲᠣᠭᠣᠷᠢᠨ᠎ᠳᠤ᠂ 2027 ᠣᠨ ᠪᠣᠯᠬᠤ᠎ᠳᠤ ᠲᠣᠭᠠᠴᠢᠯᠠᠭᠰᠠᠨ ᠮᠡᠷᠭᠡᠵᠢᠯ᠎ᠤᠨ ᠳᠠᠭᠠᠭᠤᠯᠤᠭᠴᠢ ᠴᠢᠳᠠᠪᠤᠷᠢᠲᠠᠨ᠂ ᠲᠣᠭᠠᠴᠢᠯᠠᠭᠰᠠᠨ ᠠᠵᠤ ᠠᠬᠤᠶ᠎ᠶᠢᠨ ᠢᠨᠵᠧᠨᠧᠷ ᠪᠣᠯᠤᠨ ᠲᠣᠭᠠᠴᠢᠯᠠᠭᠰᠠᠨ ᠤᠷ᠎ᠠ ᠮᠡᠷᠭᠡᠵᠢᠯ ᠤ᠋ᠨ ᠴᠢᠳᠠᠪᠤᠷᠢᠲᠠᠨ ᠵᠡᠷᠭᠡ᠎ᠶᠢ 1 ᠲᠦᠮᠡ᠎ᠡᠴᠡ ᠳᠡᠭᠡᠭᠰᠢ ᠬᠥᠮᠦᠵᠢᠭᠦᠯᠦᠨ᠎ᠡ᠃《ᠤᠷ᠎ᠠ ᠮᠡᠷᠭᠡᠵᠢᠯ ᠵᠢᠡᠷ ᠢᠷᠡᠭᠡᠳᠦᠶ ᠪᠠᠨ ᠴᠤᠬᠴᠠᠯᠠᠬᠤ》 ᠪᠣᠯᠪᠠᠰᠤᠷᠠᠯ᠎ᠤᠨ ᠠᠵᠢᠯᠯᠠᠭ᠎ᠠ᠎ᠶᠢ ᠶᠡᠬᠡ ᠪᠡᠷ ᠬᠡᠷᠡᠭᠵᠢᠭᠦᠯᠵᠦ᠍᠂ ᠲᠣᠭᠠᠴᠢᠯᠠᠭᠰᠠᠨ ᠠᠵᠤ ᠠᠬᠤᠶ᠂ ᠲᠡᠷᠢᠭᠦᠨ᠎ᠦ ᠦᠢᠯᠡᠳᠬᠦ᠌ ᠦᠢᠯᠡᠰ ᠵᠡᠷᠭᠡ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠤᠷ᠎ᠠ ᠮᠡᠷᠭᠡᠵᠢᠯ᠎ᠦᠨ ᠠᠵᠢᠯᠴᠢᠨ᠎ᠤ ᠰᠤᠷᠭᠠᠨ ᠬᠥᠮᠦᠵᠢᠯ᠎ᠢ ᠶᠡᠬᠡ ᠪᠡᠷ ᠬᠥᠭᠵᠢᠭᠦᠯᠵᠦ᠍᠂ ᠠᠵᠢᠯ ᠮᠡᠷᠭᠡᠵᠢᠯ᠎ᠦᠨ ᠤᠷ᠎ᠠ ᠮᠡᠷᠭᠡᠵᠢᠯ ᠤ᠋ᠨ ᠪᠣᠯᠪᠠᠰᠤᠷᠠᠯ᠎ᠢ ᠶᠡᠬᠡ ᠬᠡᠪᠴᠢᠶ᠎ᠡ᠎ᠪᠡᠷ ᠥᠷᠨᠢᠭᠦᠯᠦᠨ᠂ ᠬᠤᠯᠪᠤᠬᠳᠠᠯ ᠪᠥᠬᠥᠶ ᠠᠵᠤ ᠠᠬᠤᠶ᠋ᠢᠯᠠᠯ ᠪᠠ ᠶᠡᠬᠡ ᠳᠡᠭᠡᠳᠦ ᠰᠤᠷᠭᠠᠭᠤᠯᠢ᠎ᠵᠢᠨ ᠵᠠᠬᠢᠶᠠᠯᠠᠭ᠎ᠠ᠎ᠶᠢᠨ ᠮᠠᠶᠢᠭ᠎ᠤᠨ᠂ ᠲᠥᠷᠥᠯ ᠵᠦᠢᠯ᠎ᠦᠨ ᠳᠦᠷᠢᠮᠲᠦ᠍ ᠪᠣᠯᠪᠠᠰᠤᠷᠠᠯ᠎ᠢ ᠥᠷᠨᠢᠭᠦᠯᠬᠦ ᠵᠢ ᠵᠤᠷᠢᠬᠵᠢᠭᠤᠯᠵᠤ ᠤᠷ᠎ᠠ ᠮᠡᠷᠭᠡᠵᠢᠯ ᠤ᠋ᠨ ᠴᠢᠳᠠᠪᠤᠷᠢᠲᠠᠨ᠎ᠢ ᠬᠠᠨᠳᠤᠯᠭᠠᠲᠠᠶᠪᠠᠷ ᠬᠥᠮᠦᠵᠢᠭᠦᠯᠦᠨ᠎ᠡ᠃
ᠦᠨᠡᠯᠡᠨ ᠤᠷᠮᠠᠰᠢᠭᠤᠯᠬᠤ ᠲᠠᠯ᠎ᠠ᠎ᠪᠠᠷ ᠬᠠᠷᠠᠯᠲᠠ᠎ᠲᠠᠶ ᠪᠡᠷ ᠬᠦᠴᠦ᠎ᠪᠡᠨ ᠲᠥᠪᠯᠡᠷᠡᠭᠦᠯᠤᠨᠠ᠃ ᠰᠢᠨ᠎ᠡ᠎ᠪᠡᠷ ᠮᠠᠨᠳᠤᠬᠰᠡᠨ ᠠᠵᠤ ᠦᠢᠯᠡᠰ᠎ᠦᠨ ᠬᠥᠭᠵᠢᠯᠲᠡ᠎ᠶᠢᠨ ᠬᠡᠷᠡᠭᠴᠡᠭᠡ᠎ᠲᠡᠶ ᠤᠶᠠᠯᠳᠤᠭᠤᠯᠤᠨ᠂ ᠵᠣᠬᠢᠶᠠᠮᠠᠯ ᠣᠶᠤᠨ ᠴᠢᠳᠠᠪᠤᠷᠢ᠂ ᠪᠣᠬᠢᠷᠲᠤᠯ ᠥᠬᠡᠶ ᠪᠤᠳᠤᠯᠳᠠ ᠵᠢᠨ ᠬᠦᠴᠤᠨ᠂ ᠲᠣᠮᠣ ᠳ᠋ᠠᠶ᠋ᠢᠲ᠋ᠠ ᠵᠡᠷᠭᠡ ᠬᠦᠷᠢᠶᠡᠨ᠎ᠳᠡᠬᠢ ᠮᠡᠷᠭᠡᠵᠢᠯ᠎ᠦᠨ ᠴᠣᠯᠠ ᠵᠢ ᠬᠢᠨᠠᠨ ᠲᠣᠭᠲᠠᠭᠠᠬᠤ ᠲᠤᠰᠬᠠᠶ ᠮᠡᠷᠭᠡᠵᠢᠯ᠎ᠢ ᠬᠥᠳᠡᠯᠦᠩᠭᠦᠶ᠎ᠪᠡᠷ ᠨᠠᠮᠠᠨ ᠳᠣᠭᠢᠷᠠᠭᠤᠯᠵᠤ᠂ ᠠᠵᠢᠯ ᠮᠡᠷᠭᠡᠵᠢᠯ᠎ᠦᠨ ᠰᠢᠨ᠎ᠡ ᠪᠠᠷᠢᠮᠵᠢᠶ᠎ᠠ᠎ᠶᠢ ᠴᠠᠭ ᠲᠤᠬᠠᠶ᠎ᠳᠤᠨᠢ ᠨᠡᠶ᠋ᠢᠲᠡᠯᠡᠵᠦ᠍᠂ ᠬᠤᠯᠪᠤᠬᠳᠠᠯ ᠪᠥᠬᠥᠶ ᠠᠵᠢᠯ ᠮᠡᠷᠭᠡᠵᠢᠯ᠎ᠦᠨ ᠤᠷ᠎ᠠ ᠮᠡᠷᠭᠡᠵᠢᠯ ᠤ᠋ᠨ ᠳᠡᠰ᠎ᠢ ᠬᠢᠨᠠᠨ ᠲᠣᠭᠲᠠᠭᠠᠬᠤ ᠠᠵᠢᠯ᠎ᠢ ᠥᠷᠨᠢᠭᠦᠯᠦᠨ᠎ᠡ᠃ ᠰᠠᠭᠠᠳ ᠥᠬᠡᠶ ᠨᠡᠪᠲᠡᠷᠡᠬᠦ᠌ ᠵᠠᠮ᠎ᠤᠨ ᠬᠢᠨᠠᠨ ᠲᠣᠭᠲᠠᠭᠠᠬᠤ ᠲᠣᠭᠲᠠᠴᠠ᠎ᠶᠢ ᠪᠦᠷᠢᠨᠰᠢᠬᠦᠯᠵᠦ᠍᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠠᠵᠤ ᠠᠬᠤᠶ᠋ᠢᠯᠠᠯ ᠵᠡᠷᠭᠡ ᠬᠥᠮᠦᠨ ᠬᠡᠷᠡᠭᠯᠡᠬᠦ᠌ ᠭᠤᠤᠯ ᠴᠣᠭᠴᠠ᠎ᠳᠤ ᠬᠤᠯᠪᠤᠬᠳᠠᠯ ᠪᠥᠬᠥᠶ ᠮᠡᠷᠭᠡᠵᠢᠯ᠎ᠦᠨ ᠴᠣᠯᠠ᠎ᠶᠢ ᠡᠵᠡᠨ ᠮᠡᠳᠡᠵᠦ᠍ ᠬᠢᠨᠠᠨ ᠲᠣᠭᠲᠠᠭᠠᠬᠤ ᠡᠷᠬᠡ ᠣᠯᠭᠣᠨ᠎ᠠ᠃ ᠳᠡᠭᠡᠳᠦ ᠳᠡᠰ᠎ᠤᠨ ᠴᠢᠳᠠᠪᠤᠷᠢᠲᠠᠨ᠎ᠢ ᠰᠢᠯᠢᠨ ᠰᠣᠩᠭᠣᠵᠤ ᠬᠥᠬᠢᠭᠦᠯᠦᠨ ᠰᠠᠶ᠋ᠢᠰᠢᠶᠠᠬᠤ ᠲᠦᠷᠦᠯ ᠵᠦᠢᠯ ᠢ᠋ ᠰᠢᠯᠢᠳᠡᠭᠵᠢᠭᠦᠯᠦᠨ ᠬᠡᠷᠡᠭᠵᠢᠭᠦᠯᠵᠦ᠍᠂ ᠱᠠᠲᠤᠯᠢᠭ ᠬᠡᠯᠪᠡᠷᠢ ᠪᠡᠷ ᠴᠢᠳᠠᠪᠤᠷᠢᠲᠠᠨ᠎ᠢ ᠳᠡᠪᠰᠢᠭᠦᠯᠬᠦ᠌ ᠳᠦᠷᠢᠮ᠎ᠦᠨ ᠰᠢᠰᠲ᠋ᠧᠮ᠎ᠢ ᠪᠦᠷᠢᠯᠳᠦᠭᠦᠯᠦᠨ᠎ᠡ᠃ ᠠᠬᠠᠯᠠᠬᠤ ᠳ᠋ᠣᠺᠲ᠋ᠣᠷ᠎ᠤᠨ ᠲᠠᠪᠴᠠᠩ ᠵᠡᠷᠭᠡ ᠠᠴᠢᠶᠠᠯᠠᠪᠤᠷᠢ᠎ᠶᠢ ᠰᠠᠶ᠋ᠢᠲᠤᠷ ᠠᠰᠢᠭᠯᠠᠵᠤ᠂ ᠨᠠᠩ ᠣᠯᠠᠨ ᠪᠤᠳᠤᠯᠳᠠ ᠵᠢᠨ ᠬᠦᠴᠤᠨ ᠤ᠋ ᠴᠢᠳᠠᠪᠤᠷᠢᠲᠠᠨ᠎ᠢ ᠥᠪᠥᠷ ᠮᠣᠩᠭᠣᠯ᠎ᠳᠤ ᠲᠡᠳᠡᠨ ᠠᠪᠴᠢᠷᠠᠵᠤ ᠠᠵᠢᠯ ᠬᠢᠵᠤ ᠦᠢᠯᠡᠰ ᠪᠤᠰᠬᠠᠬᠤ ᠵᠢ ᠠᠬᠢᠭᠤᠯᠤᠨ᠎ᠠ᠃
ᠨᠠᠩ ᠴᠢᠨᠠᠷ ᠰᠠᠶ᠋ᠢᠲᠠᠶ ᠨᠠᠩ ᠭᠦᠢᠴᠡᠳ ᠠᠵᠢᠯ ᠣᠯᠭᠣᠯᠲᠠ᠎ᠪᠠᠷ ᠮᠠᠯᠴᠢᠨ ᠲᠠᠷᠢᠶᠠᠴᠢᠨ᠎ᠤ ᠣᠷᠣᠯᠭ᠎ᠠ᠎ᠶᠢ ᠨᠡᠮᠡᠭᠳᠡᠭᠦᠯᠦᠨ ᠪᠠᠶᠠᠵᠢᠭᠤᠯᠬᠤ᠎ᠶᠢ ᠠᠬᠢᠭᠤᠯᠤᠨ᠎ᠠ᠃ ᠵᠠᠢ ᠶᠢᠩ ᠵᠢᠶᠦ᠋ᠨ᠂ ᠪᠢᠳᠠ ᠠᠵᠢᠯ ᠣᠯᠭᠣᠯᠲᠠ᠎ᠶᠢ ᠤᠷᠢᠳ᠎ᠢᠶᠠᠷ ᠪᠣᠳᠣᠯᠬᠢᠯᠠᠬᠤ ᠤᠳᠤᠷᠢᠳᠤᠮᠵᠢ᠎ᠶᠢ ᠴᠢᠩᠭᠠᠳᠬᠠᠵᠤ᠂ ᠠᠵᠢᠯ ᠣᠯᠭᠣᠯᠲᠠ᠎ᠶᠢ ᠠᠬᠢᠭᠤᠯᠬᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠤᠰᠬᠠᠢ ᠲᠥᠯᠥᠪᠵᠢᠭᠦᠯᠭᠡ᠎ᠶᠢ ᠭᠦᠨᠵᠡᠭᠡᠢ ᠨᠠᠶ᠋ᠢᠳᠠᠪᠤᠷᠢᠵᠢᠭᠤᠯᠵᠤ᠂ ᠠᠵᠢᠯ᠎ᠤᠨ ᠪᠠᠶ᠋ᠢᠷᠢ᠎ᠶᠢ ᠲᠣᠭᠲᠠᠪᠤᠷᠢᠵᠢᠭᠤᠯᠵᠤ ᠪᠠᠭᠲᠠᠭᠠᠮᠵᠢ᠎ᠶᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ᠌ ᠢᠨᠵᠧᠨᠧᠷᠢᠩ᠎ᠢ ᠦᠷᠭᠦᠯᠵᠢᠯᠡᠨ ᠬᠡᠷᠡᠭᠵᠢᠭᠦᠯᠵᠦ᠍᠂ ᠠᠵᠢᠯ ᠣᠯᠭᠣᠯᠲᠠ᠎ᠶᠢᠨ ᠬᠡᠪᠴᠢᠶ᠎ᠡ ᠦᠷᠭᠦᠯᠵᠢᠯᠡᠨ ᠥᠷᠭᠡᠵᠢᠨ ᠨᠡᠮᠡᠭᠳᠡᠬᠦ᠌᠂ ᠠᠵᠢᠯ ᠣᠯᠭᠣᠯᠲᠠ᠎ᠶᠢᠨ ᠶᠠᠰᠤ ᠴᠢᠨᠠᠷ ᠲᠣᠭᠲᠠᠭᠤᠨ᠎ᠢᠶᠠᠷ ᠳᠡᠭᠡᠭᠰᠢᠯᠡᠬᠦ᠌᠎ᠶᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ ᠤ᠋ ᠬᠠᠮᠲᠤ᠎ᠪᠠᠷ ᠪᠠᠶᠠᠵᠢᠬᠤ ᠲᠡᠶ᠋ᠢᠰᠢ ᠤᠷᠤᠭᠰᠢᠯᠠᠬᠤ ᠵᠢ ᠲᠠᠢᠴᠢᠯᠡᠨᠠ ᠬᠡᠪᠡ᠃
ᠠᠵᠤ ᠦᠢᠯᠡᠰ᠎ᠦᠨ ᠬᠥᠭᠵᠢᠯᠲᠡ᠎ᠪᠡᠷ ᠠᠵᠢᠯ ᠣᠯᠭᠣᠯᠳᠠ ᠣᠷᠣᠯᠭ᠎ᠠ᠎ᠶᠢᠨ ᠨᠡᠮᠡᠭᠳᠡᠯ᠎ᠢ ᠲᠠᠢᠴᠢᠯᠠᠨ᠎ᠠ᠃ ᠪᠥᠬᠥ ᠣᠷᠣᠨ᠎ᠤ ᠣᠨᠴᠠᠯᠢᠭ᠍ᠲᠤ ᠲᠠᠷᠢᠶᠠᠯᠠᠩ ᠮᠠᠯ ᠠᠵᠤ ᠠᠬᠤᠢ᠂ ᠬᠥᠳᠡᠭᠡ ᠲᠣᠰᠬᠣᠨ᠎ᠤ ᠰᠣᠶᠣᠯ ᠵᠢᠭᠤᠯᠴᠢᠯᠠᠯ᠂ ᠠᠮᠢ ᠠᠬᠤᠢ᠎ᠶᠢᠨ ᠪᠣᠬᠢᠷᠲᠤᠯ ᠦᠭᠡᠢ ᠠᠵᠤ ᠦᠢᠯᠡᠰ ᠵᠡᠷᠭᠡ ᠳᠠᠪᠠᠭᠤᠯᠢᠭ᠋ ᠠᠵᠤ ᠦᠢᠯᠡᠰ ᠯᠦ᠍ᠭᠡ ᠭᠦᠨᠵᠡᠭᠡᠢ ᠵᠣᠯᠭᠠᠭᠤᠯᠵᠤ᠂ ᠠᠵᠤ ᠦᠢᠯᠡᠰ᠎ᠦᠨ ᠬᠥᠭᠵᠢᠯᠲᠡ ᠬᠢᠭᠡᠳ ᠠᠵᠢᠯ ᠣᠯᠭᠣᠵᠤ ᠦᠢᠯᠡᠰ ᠪᠤᠰᠬᠠᠬᠤ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠤᠨ᠂ ᠰᠢᠶᠠᠨ᠎ᠤ ᠬᠡᠪᠴᠢᠶᠡᠨ᠎ᠦ ᠣᠨᠴᠠᠯᠢᠭ᠍ᠲᠤ ᠠᠵᠤ ᠦᠢᠯᠡᠰ᠎ᠲᠦ ᠲᠦᠰᠢᠭᠯᠡᠨ ᠲᠣᠰ ᠭᠠᠵᠠᠷ᠎ᠤᠨ ᠠᠵᠢᠯ ᠣᠯᠭᠣᠬᠤ ᠠᠴᠢᠶᠠᠯᠠᠪᠤᠷᠢ᠎ᠶᠢ ᠪᠣᠢᠵᠢᠭᠤᠯᠵᠤ᠂ ᠣᠢᠷ᠎ᠠ ᠬᠠᠪᠢ ᠳ᠋ᠠᠭᠠᠨ ᠠᠵᠢᠯ ᠣᠯᠭᠣᠬᠤ ᠣᠷᠣᠨ ᠵᠠᠢ᠎ᠶᠢ ᠶᠡᠬᠡᠪᠡᠷ ᠥᠷᠭᠡᠳᠬᠡᠨ᠎ᠡ᠃ ᠬᠦᠳᠡᠯᠮᠤᠷᠢᠯᠡᠬᠦ ᠪᠠᠷ ᠲᠡᠳᠬᠦᠮᠵᠢ᠎ᠶᠢ ᠣᠷᠣᠯᠠᠭᠤᠯᠬᠤ ᠡᠷᠴᠢᠮ᠎ᠢᠶᠡᠨ ᠴᠢᠩᠭᠠᠷᠠᠭᠤᠯᠵᠤ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠲᠠᠷᠢᠶᠠᠯᠠᠩ ᠮᠠᠯ ᠠᠵᠤ ᠠᠬᠤᠢ ᠵᠡᠷᠭᠡ ᠰᠠᠯᠠᠭ᠎ᠠ ᠮᠥᠴᠢᠷ᠎ᠲᠠᠢ ᠰᠠᠨᠠᠭᠠᠴᠢᠯᠠᠭ᠎ᠠ᠎ᠠᠴᠠ᠎ᠪᠠᠨ ᠵᠣᠯᠭᠠᠭᠤᠯᠵᠤ᠂ ᠲᠥᠷᠥᠯ ᠵᠦᠢᠯ᠎ᠦᠨ ᠠᠵᠢᠯᠴᠢᠨ ᠬᠡᠷᠡᠭᠯᠡᠬᠦ ᠬᠡᠷᠡᠭᠴᠡᠭᠡ᠎ᠶᠢ ᠬᠥᠳᠡᠯᠦᠩᠭᠦᠢ᠎ᠪᠡᠷ ᠰᠢᠨᠡᠴᠢᠯᠡᠵᠦ᠂ ᠠᠮᠢ ᠠᠬᠤᠢ᠎ᠶᠢᠨ ᠵᠠᠰᠠᠯᠳᠠ ᠶ᠋ᠢᠨ ᠲᠥᠷᠥᠯ ᠵᠦᠢᠯ᠎ᠢ ᠭᠣᠣᠯᠳᠠᠯᠭ᠎ᠠ᠎ᠲᠠᠢ ᠠᠩᠬᠠᠷᠴᠤ᠂ ᠠᠮᠢ ᠠᠬᠤᠢ᠎ᠶᠢᠨ ᠪᠦᠲᠦᠭᠡᠨ ᠪᠠᠢᠭᠤᠯᠤᠯᠲᠠ᠎ᠪᠠᠷ ᠮᠠᠯᠴᠢᠨ ᠲᠠᠷᠢᠶᠠᠴᠢᠨ᠎ᠤ ᠣᠢᠷ᠎ᠠ ᠬᠠᠪᠢ᠎ᠳᠠᠭᠠᠨ ᠠᠵᠢᠯ ᠣᠯᠬᠤ᠎ᠶᠢ ᠳᠠᠶ᠋ᠢᠴᠢᠯᠠᠵᠤ᠂ ᠠᠮᠢ ᠠᠬᠤᠢ᠎ᠶᠢᠨ ᠬᠠᠮᠠᠭᠠᠯᠠᠯᠲᠠ᠎ᠶᠢᠨ ᠠᠰᠢᠭ᠋᠎ᠢ ᠣᠯᠠᠨ ᠲᠦᠮᠡᠨ᠎ᠦ ᠣᠷᠣᠯᠭ᠎ᠠ᠎ᠶᠢ ᠨᠡᠮᠡᠭᠳᠡᠭᠦᠯᠬᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ᠃
ᠬᠠᠮᠵᠢᠯᠴᠠᠭ᠎ᠠ᠎ᠪᠠᠨ ᠭᠦᠨᠵᠡᠭᠡᠢᠷᠡᠭᠦᠯᠵᠦ ᠠᠵᠢᠯ ᠣᠯᠭᠣᠯᠳᠠ ᠣᠷᠣᠯᠭ᠎ᠠ᠎ᠶᠢᠨ ᠨᠡᠮᠡᠭᠳᠡᠯ᠎ᠢ ᠠᠬᠢᠭᠤᠯᠤᠨ᠎ᠠ᠃ ᠣᠷᠣᠨ ᠪᠦᠰᠡ ᠠᠯᠤᠰᠯᠠᠭᠰᠠᠨ ᠬᠥᠳᠡᠯᠮᠦᠷᠢ ᠦᠢᠯᠡᠴᠢᠯᠡᠭᠡᠨ᠎ᠦ ᠬᠠᠮᠵᠢᠯᠴᠠᠭ᠎ᠠ᠎ᠶᠢ ᠭᠦᠨᠵᠡᠭᠡᠢᠷᠡᠭᠦᠯᠵᠦ᠂ ᠦᠨᠳᠦᠰᠦᠨ ᠱᠠᠲᠤᠨ᠎ᠤ ᠠᠵᠢᠯ ᠣᠯᠭᠣᠬᠤ ᠦᠢᠯᠡᠴᠢᠯᠡᠭᠡᠨ᠎ᠦ ᠥᠷᠲᠡᠭᠡ ᠴᠡᠭ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠪᠠᠢᠭᠤᠯᠤᠮᠵᠢ᠎ᠳᠤ ᠲᠦᠰᠢᠭᠯᠡᠨ ᠬᠥᠳᠡᠯᠮᠦᠷᠢ ᠬᠦᠴᠦᠨ᠎ᠳᠦ ᠪᠠᠢᠴᠠᠭᠠᠯᠲᠠ ᠥᠷᠨᠢᠭᠦᠯᠵᠦ᠂ ᠬᠠᠷᠢᠶ᠎ᠠ ᠣᠷᠣᠨ᠎ᠤ ᠬᠥᠳᠡᠯᠮᠦᠷᠢ ᠬᠦᠴᠦᠨ᠎ᠦ ᠭᠠᠳᠠᠭ᠍ᠰᠢ ᠭᠠᠷᠬᠤ ᠬᠦᠰᠡᠯ ᠰᠠᠨᠠᠭ᠎ᠠ᠂ ᠮᠡᠷᠭᠡᠵᠢᠯ ᠴᠢᠳᠠᠪᠤᠷᠢ᠎ᠶᠢᠨ ᠤᠨᠴᠠᠭᠠᠢ ᠴᠢᠳᠠᠪᠤᠷᠢ᠂ ᠠᠵᠢᠯ ᠤᠯᠭᠤᠬᠤ ᠣᠷᠣᠨ ᠪᠦᠰᠡ ᠵᠡᠷᠭᠡ ᠮᠡᠳᠡᠭᠡ ᠵᠠᠩᠭᠢ᠎ᠶᠢ ᠪᠠᠢᠩᠭᠤᠵᠢᠭᠤᠯᠤᠨ ᠣᠢᠯᠠᠭᠠᠨ ᠴᠤᠭᠯᠠᠭᠤᠯᠵᠤ᠂ ᠪᠡᠭᠡᠵᠢᠩ ᠥᠪᠥᠷ ᠮᠣᠩᠭᠣᠯ᠂ ᠬᠠᠲᠤᠨ ᠭᠣᠣᠯ ᠳᠠᠭᠠᠤ᠎ᠶᠢᠨ ᠮᠤᠵᠢ ᠣᠷᠣᠨ᠂ ᠪᠠᠷᠠᠭᠤᠨ ᠬᠡᠰᠡᠭ᠎ᠦᠨ ᠮᠤᠵᠢ ᠣᠷᠣᠨ᠂ ᠵᠡᠭᠦᠨ ᠬᠣᠢᠲᠤ᠎ᠶᠢᠨ ᠭᠤᠷᠪᠠᠨ ᠮᠤᠵᠢ ᠨᠢᠭᠡ ᠣᠷᠣᠨ ᠪᠠ ᠣᠷᠣᠨ᠎ᠤ ᠳᠣᠲᠣᠷᠠᠬᠢ ᠵᠡᠭᠦᠨ ᠪᠠᠷᠠᠭᠤᠨ ᠬᠡᠰᠡᠭ᠎ᠦᠨ ᠠᠢᠮᠠᠭ ᠬᠣᠲᠠ᠎ᠶᠢᠨ ᠬᠥᠳᠡᠯᠮᠦᠷᠢ ᠦᠢᠯᠡᠴᠢᠯᠡᠭᠡᠨ᠎ᠦ ᠬᠠᠮᠵᠢᠯᠴᠠᠭ᠎ᠠ᠎ᠶᠢ ᠴᠢᠩᠭᠠᠳᠬᠠᠨ᠂ ᠬᠥᠳᠡᠯᠮᠦᠷᠢ ᠦᠢᠯᠡᠴᠢᠯᠡᠭᠡ᠎ᠶᠢ ᠵᠣᠯᠭᠠᠭᠤᠯᠬᠤ᠂ ᠠᠵᠢᠯ ᠮᠡᠷᠭᠡᠵᠢᠯ᠎ᠦᠨ ᠪᠣᠯᠪᠠᠰᠤᠷᠠᠯ᠂ ᠡᠷᠬᠡ ᠠᠰᠢᠭ᠋᠎ᠢ ᠬᠠᠮᠠᠭᠠᠯᠠᠬᠤ᠎ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ᠎ᠦ ᠰᠢᠰᠲᠧᠮ᠎ᠢ ᠲᠡᠭᠦᠯᠳᠡᠷᠵᠢᠭᠦᠯᠦᠨ᠎ᠡ᠃
ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ᠎ᠪᠡᠷ ᠠᠵᠢᠯ ᠣᠯᠭᠣᠯᠳᠠ ᠣᠷᠣᠯᠭ᠎ᠠ᠎ᠶᠢᠨ ᠨᠡᠮᠡᠭᠳᠡᠯ᠎ᠢ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ᠎ᠤ ᠠᠵᠢᠯ ᠣᠯᠬᠤ᠎ᠳᠤ ᠬᠦᠴᠢᠷᠲᠡᠢ ᠬᠥᠮᠥᠰ᠎ᠢ ᠬᠢᠨᠠᠨ ᠲᠣᠭᠲᠠᠭᠠᠬᠤ ᠠᠷᠭ᠎ᠠ᠎ᠳᠤ ᠵᠠᠰᠠᠪᠤᠷᠢ ᠣᠷᠣᠭᠤᠯᠤᠨ᠎ᠠ᠂ 《ᠠᠵᠢᠯᠲᠠᠨ᠎ᠢ ᠲᠥᠷᠥᠯ ᠬᠤᠪᠢᠶᠠᠬᠤ᠂ ᠦᠢᠯᠡᠴᠢᠯᠡᠭᠡ᠎ᠵᠢ ᠳᠡᠰ ᠬᠤᠪᠢᠶᠠᠬᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ 》 ᠠᠵᠢᠯ ᠣᠯᠭᠣᠯᠲᠠ᠎ᠶᠢᠨ ᠬᠠᠪᠰᠤᠷᠤᠨ ᠲᠡᠳᠬᠦᠬᠦ ᠠᠵᠢᠯ᠎ᠤᠨ ᠲᠣᠭᠲᠠᠴᠠ᠎ᠵᠢ ᠨᠠᠢᠳᠠᠪᠤᠷᠢᠵᠢᠭᠤᠯᠵᠦ᠂《ᠨᠠᠰᠦ ᠠᠬᠢᠬᠰᠠᠨ᠂ ᠨᠤᠲᠤᠭ᠎ᠲᠠᠭᠠᠨ ᠪᠤᠴᠠᠭᠰᠡᠳ᠂ ᠰᠢᠨ᠎ᠡ ᠴᠠᠭ ᠦᠶ᠎ᠡ᠎ᠶᠢᠨ ᠬᠥᠯᠥᠰᠦᠨ ᠠᠵᠢᠯᠴᠢᠨ》 ᠵᠡᠷᠬᠡ ᠭᠤᠷᠪᠠᠨ ᠲᠥᠷᠥᠯ᠎ᠦᠨ ᠬᠦᠮᠦᠰ ᠪᠠ ᠪᠠᠭᠤᠷᠠᠢᠴᠤᠤᠯ ᠬᠥᠳᠡᠯᠮᠦᠷᠢ ᠬᠦᠴᠦᠨ᠂ ᠬᠠᠭᠠᠰ ᠬᠥᠳᠡᠯᠮᠦᠷᠢᠯᠡᠬᠦ ᠴᠢᠳᠡᠪᠦᠷᠢ ᠲᠠᠢ ᠵᠡᠷᠭᠡ ᠭᠣᠣᠯᠳᠠᠯᠭ᠎ᠠ᠎ᠲᠠᠢ ᠡᠲᠡᠭᠡᠳ ᠲᠤ᠌ ᠠᠩᠬᠠᠷᠤᠯ᠎ᠢᠶᠡᠨ ᠬᠠᠨᠳᠤᠭᠤᠯᠵᠦ᠂ ᠲᠥᠷᠥᠯ ᠬᠤᠪᠢᠶᠠᠨ ᠬᠠᠪᠰᠤᠷᠤᠨ ᠲᠡᠳᠬᠦᠵᠦ᠂ ᠤᠨᠢᠨ ᠲᠡᠬᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠣᠭᠲᠠᠭᠤᠨ ᠠᠵᠢᠯ ᠣᠯᠭᠣᠯᠲᠠ᠎ᠪᠠᠷ ᠬᠢᠯᠢ ᠬᠢᠵᠠᠭᠠᠷ᠎ᠤᠨ ᠣᠯᠠᠨ ᠲᠦᠮᠡᠨ᠎ᠦ ᠠᠮᠤᠷ ᠲᠠᠢᠪᠤᠩ ᠠᠵᠤ ᠲᠦᠷᠦᠭᠦ᠎ᠶᠢ ᠪᠠᠲᠤᠯᠠᠨ᠎ᠠ᠃
ᠨᠠᠩ ᠴᠢᠨᠠᠷ ᠰᠠᠶ᠋ᠢᠲᠠᠶ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠦᠢᠯᠡᠴᠢᠯᠡᠭᠡ᠎ᠪᠡᠷ ᠡᠬᠡ ᠤᠯᠤᠰ᠎ᠤᠨ ᠤᠮᠠᠷᠠᠲᠤ᠌ ᠬᠢᠯᠢ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠠᠲᠤ᠌ ᠴᠣᠭᠴᠠᠯᠠᠬᠤ᠎ᠳᠤ ᠬᠦᠴᠦᠨ ᠨᠡᠮᠡᠷᠢᠯᠡᠨ᠎ᠡ᠃ ᠵᠠᠶ ᠶᠢᠩ ᠵᠢᠶᠦᠢ᠍ᠨ᠂ ᠪᠢᠳᠡ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠬᠦᠷᠢᠶᠡᠨ᠎ᠳᠡᠬᠢ ᠣᠯᠠᠨ ᠨᠡᠶ᠋ᠢᠲᠡ᠎ᠶᠢᠨ ᠦᠢᠯᠡᠴᠢᠯᠡᠭᠡ ᠪᠠ ᠡᠯᠧᠮᠧᠨ᠋ᠲ᠎ᠦᠨ ᠪᠠᠲᠤᠯᠠᠭ᠎ᠠ᠎ᠶᠢ ᠦᠷᠭᠦᠯᠵᠢᠯᠡᠨ ᠰᠢᠯᠢᠳᠡᠭᠵᠢᠭᠦᠯᠵᠦ᠍᠂ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ ᠪᠣᠳᠠᠲᠤ᠌ ᠦᠷ᠎ᠡ ᠪᠦᠲᠦᠮᠵᠢ᠎ᠪᠡᠷ ᠦᠨᠳᠦᠰᠦᠲᠡᠨ᠎ᠦ ᠪᠦᠯᠬᠦᠮᠳᠡᠯ ᠪᠠ ᠨᠡᠶ᠋ᠢᠭᠡᠮ᠎ᠦᠨ ᠲᠣᠭᠲᠠᠭᠤᠨ ᠤ ᠰᠠᠭᠤᠷᠢ᠎ᠶᠢ ᠪᠡᠬᠢᠵᠢᠭᠦᠯᠬᠦ᠌᠎ᠳᠦ ᠬᠦᠴᠦᠨ ᠨᠡᠮᠡᠷᠢᠯᠡᠨ᠎ᠡ ᠭᠡᠪᠡ᠃
ᠴᠢᠨᠠᠷ ᠰᠠᠶ᠋ᠢᠲᠠᠶ ᠨᠡᠶ᠋ᠢᠭᠡᠮ᠎ᠦᠨ ᠪᠠᠲᠤᠯᠠᠭ᠎ᠠ᠎ᠶᠢᠨ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠣᠯᠠᠨ ᠲᠠᠰ ᠳᠠᠪᠬᠤᠷᠭᠠᠪᠦᠬᠦᠢ ᠣᠯᠠᠨ ᠲᠠᠯ᠎ᠠ ᠡᠴᠡ ᠲᠤᠯᠭᠠᠭᠤᠷᠢᠯᠠᠬᠰᠠᠨ ᠨᠠᠰᠤᠵᠢᠯ᠎ᠤᠨ ᠠᠰᠠᠷᠠᠮᠵᠢ ᠵᠢᠨ ᠳᠠᠭᠠᠳᠬᠠᠯ᠎ᠤᠨ ᠰᠢᠰᠲ᠋ᠧᠮ᠎ᠢ ᠦᠷᠭᠦᠯᠵᠢᠯᠡᠨ ᠪᠦᠷᠢᠨᠰᠢᠬᠦᠯᠵᠦ᠍᠂ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭᠠᠳᠬᠠᠯ᠎ᠤᠨ ᠮᠦᠩᠬᠦ ᠣᠯᠭᠣᠮᠵᠢ᠎ᠶᠢᠨ ᠪᠠᠯᠠ ᠴᠤᠭᠯᠠᠭᠤᠯᠬᠤ ᠪᠠ ᠳᠣᠭᠢᠷᠠᠭᠤᠯᠬᠤ ᠲᠣᠭᠲᠠᠴᠠ᠎ᠶᠢ ᠲᠡᠭᠦᠯᠳᠡᠷᠵᠢᠭᠦᠯᠦᠨ᠂ ᠬᠤᠪᠢ ᠬᠥᠮᠦᠨ᠎ᠦ ᠨᠠᠰᠤᠵᠢᠯ᠎ᠤᠨ ᠠᠰᠠᠷᠠᠮᠵᠢ ᠵᠢᠨ ᠮᠥᠩᠭᠥ᠎ᠶᠢᠨ ᠵᠢᠷᠤᠮᠵᠢᠩᠭᠤᠢ ᠬᠥᠭᠵᠢᠬᠦ᠌᠎ᠶᠢ ᠠᠬᠢᠭᠤᠯᠵᠤ᠂ ᠣᠯᠠᠨ ᠲᠦᠮᠡᠨ᠎ᠦ ᠣᠯᠠᠨ ᠶᠠᠩᠵᠤ᠎ᠶᠢᠨ ᠬᠡᠷᠡᠭᠴᠡᠭᠡ ᠶᠢ ᠨᠠᠩ ᠰᠠᠶ᠋ᠢᠳᠤᠷ ᠬᠠᠩᠭᠠᠨ᠎ᠠ᠃ ᠰᠢᠨ᠎ᠡ ᠠᠵᠢᠯ ᠣᠯᠭᠣᠯᠲᠠ᠎ᠶᠢᠨ ᠬᠡᠯᠪᠡᠷᠢ ᠳ᠋ᠤ ᠠᠵᠢᠯ ᠤᠯᠤᠬᠰᠠᠨ ᠬᠥᠮᠦᠰ᠂ ᠠᠮᠢᠳᠤᠯᠢᠭ᠎ᠢᠶᠠᠷ ᠠᠵᠢᠯ ᠣᠯᠤᠭᠰᠠᠳ ᠵᠡᠷᠭᠡ ᠭᠤᠤᠯᠳᠠᠯᠭ᠎ᠠ᠎ᠲᠠᠶ ᠬᠥᠮᠦᠰ᠎ᠲᠦ᠍ ᠠᠩᠬᠠᠷᠤᠯ᠎ᠢᠶᠠᠨ ᠲᠥᠪᠯᠡᠷᠡᠭᠦᠯᠵᠦ᠍᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠍ ᠳᠠᠭᠠᠳᠬᠠᠯ᠎ᠳᠤ ᠣᠷᠣᠯᠴᠠᠬᠤ ᠬᠥᠮᠦᠨ᠎ᠦ ᠲᠣᠭ᠎ᠠ᠎ᠶᠢ ᠨᠡᠮᠡᠭᠳᠡᠭᠦᠯᠬᠦ᠌᠂ ᠳᠠᠭᠠᠳᠬᠠᠯ᠎ᠳᠤ ᠣᠷᠣᠯᠴᠠᠬᠤ ᠪᠦᠲᠦᠴᠡ᠎ᠶᠢ ᠰᠢᠯᠢᠳᠡᠭᠵᠢᠭᠦᠯᠬᠦ᠌᠎ᠶᠢ ᠠᠬᠢᠭᠤᠯᠵᠤ᠂ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠤᠨ ᠳᠠᠭᠠᠳᠬᠠᠯ᠎ᠳᠤ ᠣᠷᠣᠯᠴᠠᠭᠰᠠᠨ ᠨᠣᠷᠮ᠎ᠠ᠎ᠶᠢ 95% ᠡᠴᠡ ᠳᠡᠭᠡᠭᠰᠢ᠎ᠳᠦ ᠲᠣᠭᠲᠠᠭᠤᠨ ᠪᠠᠶ᠋ᠢᠯᠭᠠᠬᠤ᠎ᠶᠢ ᠠᠬᠢᠭᠤᠯᠤᠨ᠎ᠠ᠃ ᠨᠡᠶ᠋ᠢᠭᠡᠮ᠎ᠦᠨ ᠳᠠᠭᠠᠳᠬᠠᠯ᠎ᠤᠨ ᠮᠦᠩᠬᠦ ᠣᠯᠭᠣᠮᠵᠢ᠎ᠶᠢ ᠲᠣᠬᠢᠷᠠᠭᠤᠯᠬᠤ᠂ ᠲᠣᠭ᠎ᠠ ᠶᠣᠰᠣᠭᠠᠷ ᠭᠦᠢᠴᠡᠳ ᠣᠯᠭᠣᠬᠤ ᠡᠯ᠎ᠡ ᠵᠦᠢᠯ᠎ᠦᠨ ᠲᠥᠷᠥ᠎ᠶᠢᠨ ᠪᠣᠳᠣᠯᠭ᠎ᠠ᠎ᠶᠢ ᠨᠠᠷᠢᠨ ᠬᠢᠨᠠᠮᠠᠭᠠᠶ ᠨᠠᠶ᠋ᠢᠳᠠᠪᠤᠷᠢᠵᠢᠭᠤᠯᠤᠨ᠂ ᠬᠦᠴᠢᠷᠳᠡᠯᠲᠡᠶ ᠬᠥᠮᠦᠰ᠎ᠦᠨ ᠨᠠᠰᠤᠵᠢᠯ᠎ᠤᠨ ᠠᠰᠠᠷᠠᠮᠵᠢ ᠵᠢᠨ ᠳᠠᠭᠠᠳᠬᠠᠯ᠎ᠢ ᠣᠷᠣᠯᠠᠨ ᠲᠤᠰᠢᠶᠠᠬᠤ ᠠᠵᠢᠯ᠎ᠢ ᠰᠠᠶ᠋ᠢᠲᠤᠷ ᠠᠳᠬᠤᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠨᠡᠶ᠋ᠢᠭᠡᠮ᠎ᠦᠨ ᠪᠠᠲᠤᠯᠠᠭ᠎ᠠ᠎ᠶᠢᠨ ᠬᠢᠷᠢ ᠲᠦᠪᠰᠢᠨ᠎ᠢ ᠲᠣᠭᠲᠠᠭᠤᠨ᠎ᠢᠶᠠᠷ ᠳᠡᠭᠡᠭᠰᠢᠯᠡᠭᠦᠯᠦᠨ᠂ ᠠᠷᠠᠳ᠎ᠤᠨ ᠠᠮᠢᠳᠤᠷᠠᠯ᠎ᠤᠨ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠨᠢᠭᠲᠠ ᠪᠥᠭᠡᠳ ᠪᠠᠲᠤ᠌ ᠰᠦᠯᠵᠢᠨ᠎ᠠ᠃
ᠥᠨᠳᠥᠷ ᠲᠦᠪᠰᠢᠨ ᠪᠥᠬᠥᠶ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠵᠠᠰᠠᠯᠲᠠ᠎ᠶᠢᠨ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠠᠵᠤ ᠠᠬᠤᠶ᠋ᠢᠯᠠᠯ᠎ᠤᠨ ᠠᠵᠢᠯᠴᠢᠨ ᠬᠡᠷᠡᠭᠯᠡᠬᠦ᠌᠎ᠶᠢ ᠵᠢᠯᠣᠭᠣᠳᠬᠤ ᠪᠠ ᠬᠢᠨᠠᠨ ᠬᠠᠮᠢᠶᠠᠷᠬᠤ᠎ᠶᠢ ᠴᠢᠩᠭᠠᠳᠬᠠᠵᠤ᠂ ᠰᠢᠨ᠎ᠡ ᠠᠵᠢᠯ ᠣᠯᠭᠣᠯᠲᠠ᠎ᠶᠢᠨ ᠬᠡᠯᠪᠡᠷᠢ᠎ᠶᠢᠨ ᠬᠥᠳᠡᠯᠮᠦᠷᠢᠴᠢᠨ᠂ ᠨᠠᠰᠤ ᠠᠬᠢᠬᠰᠠᠨ ᠬᠥᠳᠡᠯᠮᠦᠷᠢᠴᠢᠨ ᠵᠡᠷᠭᠡ ᠭᠣᠣᠯᠳᠠᠯᠭ᠎ᠠ᠎ᠲᠠᠶ ᠬᠦᠮᠦᠰ᠎ᠤᠨ ᠡᠷᠬᠡ ᠠᠰᠢᠭ᠎ᠤᠨ ᠪᠠᠲᠤᠯᠠᠭ᠎ᠠ᠎ᠶᠢ ᠴᠢᠩᠭᠠᠳᠬᠠᠨ᠎ᠠ᠃ 《ᠥᠪᠡᠷᠲᠡᠭᠡᠨ ᠵᠠᠰᠠᠬᠤ ᠣᠷᠣᠨ᠎ᠤ ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ᠌᠎ᠶᠢ ᠪᠠᠲᠤᠯᠠᠬᠤ ᠳᠦᠷᠢᠮ》 ᠢ᠋ ᠭᠦᠨᠵᠡᠭᠡᠶ ᠲᠤᠭᠤᠰᠢᠯᠠᠭᠤᠯᠵᠤ᠂ ᠬᠠᠷᠢᠶ᠎ᠠ ᠭᠠᠵᠠᠷ᠎ᠤᠨ ᠵᠠᠰᠠᠭ᠎ᠤᠨ ᠣᠷᠳᠣᠨ᠎ᠤ ᠬᠠᠷᠢᠭᠤᠴᠠᠯᠭ᠎ᠠ ᠪᠠ ᠠᠵᠢᠯ ᠲᠥᠷᠥᠯ᠎ᠦᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠦᠨ ᠬᠢᠨᠠᠨ ᠬᠠᠮᠢᠶᠠᠷᠬᠤ ᠬᠠᠷᠢᠭᠤᠴᠠᠯᠭ᠎ᠠ᠎ᠶᠢ ᠪᠦᠬᠦ᠌ ᠲᠠᠯ᠎ᠠ᠎ᠪᠠᠷ ᠪᠣᠳᠠᠲᠠᠶ᠋ᠢᠵᠢᠭᠤᠯᠤᠨ᠂ ᠴᠠᠯᠢᠩ ᠢ ᠥᠷᠢᠲᠦᠬᠦ᠌᠎ᠶᠢ ᠵᠠᠰᠠᠬᠤ ᠲᠤᠰᠬᠠᠶ ᠠᠵᠢᠯᠯᠠᠭ᠎ᠠ᠎ᠶᠢ ᠦᠷᠭᠦᠯᠵᠢᠯᠡᠨ ᠥᠷᠨᠢᠭᠦᠯᠵᠦ᠍᠂ ᠴᠠᠯᠢᠩ᠎ᠢ ᠥᠷᠢᠲᠦᠬᠦ᠌᠎ᠶᠢ ᠵᠠᠰᠠᠬᠤ 《ᠭᠤᠷᠪᠠ᠎ᠶᠢ ᠬᠠᠮᠢᠶᠠᠷᠴᠤ᠌ ᠭᠤᠷᠪᠠ᠎ᠶᠢ ᠡᠷᠬᠡᠪᠰᠢ ᠭᠦᠢᠴᠡᠳᠬᠡᠬᠦ᠌》 ᠬᠠᠷᠢᠭᠤᠴᠠᠯᠭ᠎ᠠ᠎ᠶᠢᠨ ᠰᠢᠰᠲ᠋ᠧᠮ ᠪᠠ ᠴᠠᠯᠢᠩ ᠢ ᠥᠷᠢᠲᠦᠬᠦ᠌ ᠰᠦᠪᠡᠭᠴᠢ᠎ᠶᠢ ᠰᠢᠢᠳᠪᠦᠷᠢᠯᠡᠬᠦ᠌ ᠳ᠋ᠤ 《ᠭᠤᠷᠪᠠ᠎ᠶᠢ ᠨᠢᠭᠡᠳᠦᠯᠲᠡᠶ ᠪᠠᠶ᠋ᠢᠯᠭᠠᠬᠤ》 ᠠᠵᠢᠯ᠎ᠤᠨ ᠲᠣᠭᠲᠠᠴᠠ᠎ᠶᠢ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠬᠤ᠎ᠶᠢ ᠠᠬᠢᠭᠤᠯᠤᠨ᠂ ᠣᠯᠠᠨ ᠰᠠᠯᠠᠭ᠎ᠠ ᠮᠥᠴᠢᠷ ᠬᠠᠮᠳᠤᠷᠠᠨ ᠢᠲᠡᠭᠡᠯ ᠠᠯᠳᠠᠭᠰᠠᠳ᠎ᠢ ᠵᠠᠯᠬᠠᠭᠠᠨ ᠴᠡᠭᠡᠷᠯᠡᠭᠦᠯᠬᠦ᠌᠎ᠶᠢ ᠴᠢᠩᠭᠠᠳᠬᠠᠵᠤ᠂ 《ᠶᠡᠬᠡᠪᠡᠷ ᠥᠷᠢᠲᠦᠬᠦ᠌᠎ᠶᠢ ᠵᠠᠰᠠᠬᠤ》 ᠠᠵᠢᠯ᠎ᠤᠨ ᠪᠠᠶ᠋ᠢᠷᠢᠰᠢᠯ᠎ᠢ ᠪᠠᠶ᠋ᠢᠭᠤᠯᠤᠨ᠂ ᠬᠥᠳᠡᠯᠮᠦᠷᠢᠴᠢᠳ᠎ᠦᠨ ᠴᠠᠯᠢᠩ ᠬᠥᠯᠥᠰᠥ ᠪᠡᠨ ᠤᠯᠬᠤ ᠡᠷᠬᠡ ᠠᠰᠢᠭ᠎ᠢ ᠪᠦᠬᠦ᠌ ᠬᠦᠴᠦᠨ᠎ᠢᠶᠡᠷ᠎ᠢᠶᠡᠨ ᠬᠠᠮᠠᠭᠠᠯᠠᠨ᠎ᠠ᠃
ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠥᠨᠳᠥᠷ ᠪᠦᠲᠦᠮᠵᠢᠲᠡᠶ ᠦᠢᠯᠡᠴᠢᠯᠡᠭᠡᠨ᠎ᠦ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠮᠠᠨ᠎ᠤ ᠣᠷᠣᠨ᠎ᠤ ᠨᠤᠲᠤᠭ ᠳᠡᠪᠢᠰᠬᠡᠷ ᠥᠷᠭᠡᠨ ᠠᠭᠤᠳᠠᠮ᠂ ᠦᠢᠯᠡᠴᠢᠯᠡᠭᠡᠨ᠎ᠦ ᠬᠡᠪᠴᠢᠶ᠎ᠡ ᠶᠡᠬᠡ᠂ ᠦᠨᠳᠦᠰᠦᠨ ᠱᠠᠲᠤᠨ᠎ᠤ ᠣᠯᠠᠨ ᠲᠦᠮᠡᠨ ᠲᠠᠷᠠᠬᠠᠶ ᠪᠤᠲᠠᠷᠬᠠᠶ ᠪᠠᠶ᠋ᠢᠭ᠎ᠠ ᠭᠠᠵᠠᠷ ᠣᠷᠣᠨ᠎ᠤ ᠣᠨᠴᠠᠯᠢᠭᠲᠤ᠌ ᠰᠠᠭᠤᠷᠢᠯᠠᠨ᠂ ᠪᠥᠬᠥ᠌ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠣᠯᠠᠨ ᠨᠡᠶ᠋ᠢᠲᠡ᠎ᠶᠢᠨ ᠦᠢᠯᠡᠴᠢᠯᠡᠭᠡ᠎ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠠᠷᠠᠳ᠎ᠲᠤ᠌ ᠲᠥᠬᠥᠮ ᠦᠵᠡᠭᠦᠯᠬᠦ᠌ ᠪᠥᠲᠥᠭᠡᠨ ᠪᠠᠶ᠋ᠢᠭᠤᠯᠤᠯᠲᠠ᠎ᠶᠢ ᠨᠢᠭᠡᠳᠦᠯᠲᠡᠶ ᠲᠥᠯᠥᠪᠵᠢᠬᠦᠯᠦᠨ ᠠᠬᠢᠭᠤᠯᠵᠤ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠦᠢᠯᠡᠴᠢᠯᠡᠭᠡᠨ᠎ᠦ ᠡᠬᠢ ᠪᠠᠶᠠᠯᠢᠭ᠂ ᠦᠢᠯᠡᠴᠢᠯᠡᠭᠡᠨ᠎ᠦ ᠡᠷᠬᠡ ᠮᠡᠳᠡᠯ᠂ ᠦᠢᠯᠡᠴᠢᠯᠡᠭᠡᠨ᠎ᠦ ᠡᠭᠦᠷᠭᠡ ᠴᠢᠳᠠᠪᠤᠷᠢ᠎ᠶᠢ ᠪᠥᠬᠥ᠌ ᠲᠠᠯ᠎ᠠ᠎ᠪᠠᠷ ᠦᠨᠳᠦᠰᠦᠨ ᠱᠠᠲᠤᠨ᠎ᠳᠤ ᠭᠦᠨᠵᠡᠭᠡᠶ᠋ᠢᠷᠡᠭᠦᠯᠬᠦ᠌᠎ᠶᠢ ᠠᠬᠢᠭᠤᠯᠤᠨ᠂ ᠪᠡᠷᠬᠡ ᠬᠠᠲᠠᠭᠤᠵᠢᠯᠲᠠᠶ ᠵᠠᠬ᠎ᠠ ᠬᠢᠵᠠᠭᠠᠷ ᠣᠷᠣᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠣᠨ᠎ᠤ ᠦᠢᠯᠡᠴᠢᠯᠡᠭᠡᠨ᠎ᠦ ᠲᠤᠨᠤᠭ ᠲᠦᠭᠦᠭᠡᠷᠦᠮᠵᠢ ᠪᠠ ᠠᠵᠢᠯᠲᠠᠨ᠎ᠤ ᠬᠦᠴᠦᠨ᠎ᠦ ᠳᠤᠲᠠᠭᠤᠳᠠᠯ᠎ᠢ ᠭᠤᠤᠯᠳᠠᠯᠭ᠎ᠠ᠎ᠲᠠᠶ ᠨᠥᠬᠥᠪᠥᠷᠢᠯᠡᠵᠦ᠍᠂ ᠦᠨᠳᠦᠰᠦᠨ ᠱᠠᠲᠤᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠦᠢᠯᠡᠴᠢᠯᠡᠭᠡᠨ᠎ᠦ 《ᠡᠴᠦᠰ᠎ᠦᠨ ᠨᠢᠭᠡ ᠺᠢᠯᠣᠮᠧᠲ᠋ᠷ》 ᠢ᠋ ᠨᠡᠪᠲᠡᠷᠡᠭᠦᠯᠦᠨ᠎ᠡ᠃《ᠲᠣᠭᠠᠴᠢᠯᠠᠭᠰᠠᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ》ᠵᠢᠨ ᠪᠠᠶ᠋ᠢᠭᠤᠯᠤᠯᠲᠠ᠎ᠶᠢᠨ ᠠᠵᠢᠯᠯᠠᠭ᠎ᠠ᠎ᠶᠢ ᠭᠦᠨᠵᠡᠭᠡᠶ ᠬᠡᠷᠡᠭᠵᠢᠭᠦᠯᠵᠦ᠍᠂ ᠣᠲᠣ᠎ᠶᠢᠨ ᠪᠠᠶ᠋ᠢᠭ᠎ᠠ ᠮᠡᠳᠡᠭᠡ ᠵᠠᠩᠭᠢ᠎ᠶᠢᠨ ᠰᠢᠰᠲ᠋ᠧᠮ᠎ᠢ ᠲᠥᠪᠯᠡᠷᠡᠭᠦᠯᠦᠨ ᠨᠡᠶ᠋ᠢᠳᠭᠡᠵᠦ᠍᠂ ᠲᠣᠮᠣ ᠳ᠋ᠠᠶ᠋ᠢᠲ᠋ᠠ᠂ ᠡᠭᠦᠯᠡᠨ ᠪᠤᠳᠤᠯᠲᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠮᠡᠷᠭᠡᠵᠢᠯ᠎ᠦᠨ ᠠᠷᠭ᠎ᠠ ᠪᠠᠷᠢᠯ᠎ᠢ ᠬᠡᠷᠡᠭᠯᠡᠨ᠂ ᠠᠵᠢᠯ ᠣᠯᠭᠣᠵᠤ ᠦᠢᠯᠡᠰ ᠪᠤᠰᠬᠠᠬᠤ᠂ ᠨᠡᠶ᠋ᠢᠭᠡᠮ᠎ᠦᠨ ᠪᠠᠲᠤᠯᠠᠭ᠎ᠠ᠂ ᠠᠵᠢᠯᠲᠠᠨ᠎ᠤ ᠶᠠᠪᠤᠳᠠᠯ ᠴᠢᠳᠠᠪᠤᠷᠢᠲᠠᠨ᠂ ᠬᠥᠳᠡᠯᠮᠦᠷᠢ᠎ᠶᠢᠨ ᠬᠠᠷᠢᠴᠠᠭᠠᠵᠡᠷᠬᠡ ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠵᠦ᠍᠂ ᠨᠠᠩ ᠣᠶᠤᠨᠴᠢᠯᠠᠯᠳᠠ ᠲᠤᠭᠠᠴᠢᠯᠠᠯᠳᠠ ᠵᠢᠨ ᠲᠤᠯᠭᠠᠭᠤᠷᠢᠯᠠᠯ᠎ᠢ ᠪᠤᠢ ᠪᠤᠯᠭᠠᠵᠤ᠂ ᠦᠢᠯᠡᠴᠢᠯᠡᠭᠡᠨ᠎ᠦ 《ᠮᠡᠳᠡᠭᠡ ᠵᠠᠩᠭᠢ᠎ᠶᠢᠨ ᠲᠤᠤᠷ》᠎ᠢ᠋ ᠨᠢᠭᠲᠠ ᠰᠦᠯᠵᠢᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃