2026-11-03 17:17:02
11 ᠰᠠᠷ᠎ᠠ᠎ᠶᠢᠨ4᠎ᠤ ᠡᠳᠦᠷ᠎ᠤᠨ 14 ᠄ 20᠎ᠲᠤ᠂ ᠦᠵᠸᠨ ᠪᠠᠯᠭᠠᠰᠤ᠎ᠶᠢᠨ ᠢᠨᠲ᠋ᠸᠷ ᠰᠦᠯᠵᠢᠶᠡᠨ᠎ᠦ ᠣᠯᠠᠨ ᠤᠯᠤᠰ᠎ᠤᠨ ᠬᠤᠷᠠᠯ ᠦᠵᠡᠰᠬᠦᠯᠡᠩ᠎ᠦᠨ ᠲᠥᠪ᠎ᠦᠨ ᠵᠧᠨ ᠱᠦᠢ ᠲᠢᠩᠬᠢᠮ᠎ᠳᠦ 《ᠢᠯᠡᠴᠢᠯᠡᠨ ᠮᠡᠳᠡᠭᠦᠯᠵᠦ ᠬᠠᠮᠲᠤ᠎ᠪᠠᠷ ᠵᠠᠰᠠᠵᠤ ᠠᠵᠤ ᠠᠬᠤᠢᠯᠠᠯ᠎ᠤᠨ ᠬᠤᠯᠠ ᠵᠢᠨ ᠠᠶᠠᠨ᠎ᠢ ᠬᠠᠮᠠᠭᠠᠯᠠᠨ᠎ᠠ᠄ ᠠᠵᠤ ᠠᠬᠤᠢᠯᠠᠯ᠎ᠤᠨ ᠰᠦᠯᠵᠢᠶᠡᠨ᠎ᠦ ᠨᠡᠷ᠎ᠡ ᠬᠦᠨᠳᠦ᠎ᠶᠢᠨ ᠡᠷᠬᠡ᠎ᠶᠢ ᠬᠠᠮᠠᠭᠠᠯᠠᠬᠤ》 ᠶᠠᠷᠢᠶᠠᠨ᠎ᠤ ᠲᠠᠪᠴᠠᠩ ᠵᠢᠩᠬᠢᠨᠢ᠎ᠪᠡᠷ ᠡᠬᠢᠯᠡᠨ᠎ᠡ᠃ ᠲᠤᠰ ᠤᠳᠠᠭ᠎ᠠ᠎ᠶᠢᠨ ᠶᠠᠷᠢᠶᠠᠨ᠎ᠤ ᠲᠠᠪᠴᠠᠩ᠎ᠤᠨ ᠬᠠᠮᠤᠭ᠎ᠤᠨ ᠴᠢᠬᠤᠯᠠ ᠦᠷ᠎ᠡ ᠪᠦᠲᠦᠭᠡᠯ᠎ᠦᠨ ᠨᠢᠭᠡ ᠪᠣᠯᠬᠤ 《〈ᠢᠯᠡᠴᠢᠯᠡᠨ ᠮᠡᠳᠡᠭᠦᠯᠵᠦ ᠬᠠᠮᠲᠤ᠎ᠪᠠᠷ ᠵᠠᠰᠠᠵᠤ ᠠᠵᠤ ᠠᠬᠤᠢᠯᠠᠯ᠎ᠤᠨ ᠬᠤᠯᠠ ᠵᠢᠨ ᠠᠶᠠᠨ᠎ᠢ ᠬᠠᠮᠠᠭᠠᠯᠠᠬᠤ〉 ᠰᠠᠨᠠᠭᠠᠴᠢᠯᠠᠭ᠎ᠠ》 ᠵᠢ ᠲᠤᠬᠠᠢ᠎ᠶᠢᠨ ᠲᠠᠯᠠᠪᠠᠢ᠎ᠳᠤ ᠨᠡᠢᠲᠡᠯᠡᠨ᠎ᠡ᠃ ᠡᠨᠡ ᠰᠠᠨᠠᠭᠠᠴᠢᠯᠠᠭ᠎ᠠ ᠨᠢ ᠵᠠᠰᠠᠭ᠎ᠤᠨ ᠣᠷᠳᠣᠨ᠂ ᠠᠵᠤ ᠠᠬᠤᠢᠯᠠᠯ᠂ ᠲᠠᠪᠴᠠᠩ᠂ ᠵᠠᠭᠤᠴᠢᠯᠠᠭᠤᠷ᠂ ᠡᠷᠳᠡᠮ ᠰᠢᠨᠵᠢᠯᠡᠭᠡᠨ᠎ᠦ ᠡᠲᠡᠭᠡᠳ᠎ᠦᠨ ᠲᠠᠪᠤᠨ ᠲᠠᠯ᠎ᠠ᠎ᠶᠢᠨ ᠬᠠᠮᠲᠤ᠎ᠶᠢᠨ ᠲᠠᠨᠢᠯᠲᠠ᠎ᠶᠢ ᠨᠢᠭᠲᠠᠷᠠᠭᠤᠯᠵᠤ᠂ ᠤᠯᠠᠨ ᠲᠠᠯ᠎ᠠ᠎ᠶᠢᠨ ᠬᠢᠨ᠎ᠦ ᠬᠠᠮᠲᠤ᠎ᠪᠠᠷ ᠬᠢᠭᠰᠡᠨ ᠲᠥᠪ ᠴᠢᠩᠭ᠎ᠠ ᠠᠮᠠᠯᠠᠯᠲᠠ ᠪᠣᠯᠤᠨ᠎ᠠ᠄ ᠡᠷᠡᠭᠦᠯ ᠲᠤᠩᠭᠠᠯᠠᠭ ᠰᠦᠯᠵᠢᠶᠡᠨ᠎ᠦ ᠣᠷᠣᠨ ᠵᠠᠢ᠎ᠶᠢ ᠬᠠᠮᠲᠤ᠎ᠪᠠᠷ ᠬᠠᠮᠠᠭᠠᠯᠠᠵᠤ᠂ ᠠᠵᠤ ᠠᠬᠤᠢᠯᠠᠯ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠲᠤ᠎ᠪᠠᠷ ᠬᠠᠮᠠᠭᠠᠯᠠᠵᠤ᠂ ᠠᠵᠤ ᠠᠬᠤᠢᠯᠠᠯ᠎ᠤᠨ ᠰᠦᠯᠵᠢᠶᠡᠨ᠎ᠦ ᠨᠡᠷ᠎ᠡ ᠬᠦᠨᠳᠦ᠎ᠶᠢ ᠬᠠᠮᠠᠭᠠᠯᠠᠬᠤ 《ᠳᠤᠮᠳᠠᠳᠤ ᠤᠯᠤᠰ᠎ᠤᠨ ᠲᠥᠰᠦᠯ》᠎ᠢ ᠬᠠᠮᠲᠤ᠎ᠪᠠᠷ ᠰᠦᠪᠡᠭᠴᠢᠯᠡᠨ᠎ᠡ᠃ ᠠᠵᠤ ᠠᠬᠤᠢᠯᠠᠯ᠎ᠤᠨ ᠰᠦᠯᠵᠢᠶᠡᠨ᠎ᠦ ᠨᠡᠷ᠎ᠡ ᠬᠦᠨᠳᠦ᠎ᠶᠢ ᠬᠠᠮᠠᠭᠠᠯᠠᠬᠤ ᠨᠢ ᠭᠠᠭᠴᠠ ᠲᠠᠯ᠎ᠠ᠎ᠶᠢᠨ ᠶᠠᠪᠤᠳᠠᠯ ᠪᠢᠰᠢ᠃ ᠮᠠᠷᠭᠠᠰᠢ᠂ ᠪᠢᠳᠡ ᠦᠵᠧᠨ ᠪᠠᠯᠭᠠᠰᠤᠨ᠎ᠳᠤ ᠡᠨᠡᠬᠦ ᠰᠠᠨᠠᠭᠠᠴᠢᠯᠠᠭ᠎ᠠ᠎ᠶᠢᠨ ᠮᠡᠨᠳᠦᠯᠡᠭᠦ ᠵᠢ ᠬᠠᠮᠲᠤ᠎ᠪᠠᠷ ᠭᠡᠷᠡᠴᠢᠯᠡᠵᠦ᠂ ᠡᠨᠡ ᠬᠦ᠌ ᠰᠠᠬᠢᠨ ᠬᠠᠮᠠᠭᠠᠯᠠᠬᠤ ᠠᠮᠠᠯᠠᠯᠲᠠ᠎ᠶᠢ ᠬᠠᠮᠲᠤ᠎ᠪᠠᠷ ᠪᠠᠷᠢᠮᠲᠠᠯᠠᠶ᠎ᠠ᠃

ᠢᠷᠡᠯᠲᠡ ᠄ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠶ ᠬᠣᠷᠢᠶ᠎ᠠ
ᠶᠢᠨ ᠣᠯᠠᠨ ᠤᠯᠤᠰ᠎ᠤᠨ ᠰᠦᠯᠵᠢᠶ᠎ᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄ ᠬᠦᠰᠡᠯᠡᠩ




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃