2026-11-13 10:17:25
— ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠥᠪ᠎ᠦᠨ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠥᠪᠥᠷ ᠮᠣᠩᠭᠣᠯ᠎ᠳᠡᠬᠢ ᠤᠬᠠᠭᠤᠯᠤᠨ ᠲᠠᠶ᠋ᠢᠯᠪᠤᠷᠢᠯᠠᠯᠲᠠ ᠬᠠᠯᠠᠭᠤᠨ ᠲᠤᠰᠬᠠᠯ ᠭᠠᠷᠪᠠ
11 ᠰᠠᠷ᠎ᠠ᠎ᠶᠢᠨ 12᠎ᠤ᠋ᠨ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠥᠪ᠎ᠦᠨ ᠤᠬᠠᠭᠤᠯᠤᠨ ᠲᠠᠶ᠋ᠢᠯᠪᠤᠷᠢᠯᠠᠬᠤ ᠪᠦᠯᠬᠦᠮ ᠥᠪᠥᠷ ᠮᠣᠩᠭᠣᠯ᠎ᠳᠤ ᠢᠷᠡᠵᠦ᠍᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠪᠥᠬᠥ᠌ ᠲᠠᠯ᠎ᠠ᠎ᠪᠠᠷ ᠤᠬᠠᠭᠤᠯᠤᠨ ᠲᠠᠶ᠋ᠢᠯᠪᠤᠷᠢᠯᠠᠵᠤ᠂ ᠰᠢᠰᠲ᠋ᠧᠮ᠎ᠲᠡᠶ ᠲᠠᠶ᠋ᠢᠯᠤᠮᠵᠢ ᠬᠢᠪᠠ᠃ ᠭᠦᠨᠵᠡᠭᠡᠢ ᠪᠥᠭᠡᠳ ᠣᠶ᠋ᠢᠯᠠᠭᠠᠮᠵᠢᠲᠠᠢ ᠤᠬᠠᠭᠤᠯᠤᠨ ᠲᠠᠶ᠋ᠢᠯᠪᠤᠷᠢᠯᠠᠯᠲᠠ ᠨᠢ ᠮᠠᠨ᠎ᠤ ᠣᠷᠣᠨ᠎ᠤ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠤᠯᠠᠨ ᠲᠦᠮᠡᠨ᠎ᠦ ᠳᠤᠮᠳᠠ ᠬᠠᠯᠠᠭᠤᠨ ᠲᠤᠰᠬᠠᠯ ᠭᠠᠷᠴᠠᠢ᠃ ᠤᠯᠠᠨ᠎ᠢᠶᠠᠷ᠎ᠢᠶᠠᠨ᠂ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢᠴᠡᠳ ᠲᠠᠨᠢᠵᠤ᠂ ᠶᠡᠷᠦᠩᠬᠡᠢ ᠱᠦᠵᠢ ᠰᠢ ᠵᠢᠨ ᠫᠢᠩ᠎ᠦᠨ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠰᠢᠨ᠎ᠡ ᠴᠠᠭ ᠦᠶ᠎ᠡ᠎ᠳᠦ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠭᠰᠠᠨ ᠠᠭᠤᠤ ᠶᠡᠬᠡ ᠠᠮᠵᠢᠯᠲᠠ ᠪᠦᠲᠦᠮᠵᠢ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭᠠᠨ᠎ᠤ ᠴᠢᠬᠤᠯᠠ ᠶᠡᠬᠡ ᠵᠢᠯᠣᠭᠣᠳᠬᠤ ᠠᠴᠢ ᠬᠣᠯᠪᠣᠭᠳᠠᠯ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠵᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠪᠠᠶ᠋ᠢᠯᠳᠤᠬᠤ ᠪᠤᠳᠤᠯᠭ᠎ᠠ᠎ᠶᠢᠨ ᠪᠠᠶ᠋ᠢᠷᠢᠯᠠᠭᠤᠯᠤᠯᠲᠠ᠎ᠶᠢ ᠭᠦᠨᠵᠡᠭᠡᠢ ᠣᠶ᠋ᠢᠯᠠᠭᠠᠵᠤ᠂ 《ᠬᠣᠶᠠᠷ᠎ᠢ ᠲᠣᠭᠲᠠᠭᠠᠭᠰᠠᠨ》 ᠤ᠋ ᠰᠢ᠌ᠳᠪᠦᠷᠢᠯᠡᠭᠴᠢ ᠠᠴᠢ ᠬᠣᠯᠪᠣᠭᠳᠠᠯ᠎ᠢ ᠨᠡᠩ ᠭᠦᠨᠵᠡᠭᠡᠢ ᠣᠶ᠋ᠢᠯᠠᠭᠠᠵᠤ᠂ 《ᠲᠦᠷᠪᠡᠨ ᠤᠬᠠᠮᠰᠠᠷ》 ᠵᠢᠡᠨ ᠴᠢᠩᠭᠠᠳᠬᠠᠵᠤ᠂ 《ᠲᠦᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠬᠡᠷᠡᠭᠲᠡᠢ ᠭᠡᠵᠦ᠍ ᠢᠯᠡᠳᠬᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ᠎ᠦᠨ ᠨᠠᠮ᠎ᠤᠨ ᠬᠤᠷᠢᠶ᠎ᠠ ᠵᠢᠨ ᠱᠦᠵᠢ᠂ ᠲᠢᠩᠬᠢᠮ᠎ᠦᠨ ᠳᠠᠷᠤᠭ᠎ᠠ ᠸᠠᠩ ᠰᠢᠤᠢ ᠵᠢᠶᠦ᠋ᠨ ᠤᠬᠠᠭᠤᠯᠤᠨ ᠲᠠᠶ᠋ᠢᠯᠪᠤᠷᠢᠯᠠᠬᠤ᠎ᠶᠢ ᠰᠣᠨᠣᠰᠤᠭᠰᠠᠨ᠎ᠤ ᠳᠠᠷᠠᠭ᠎ᠠ᠂ ᠪᠥᠬᠥ᠌ ᠣᠷᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠢᠰᠲ᠋ᠧᠮ᠎ᠤᠨ ᠬᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠰᠠᠶ᠋ᠢᠲᠤᠷ ᠰᠤᠷᠤᠯᠴᠠᠨ ᠲᠤᠭᠤᠰᠢᠯᠠᠭᠤᠯᠬᠤ᠎ᠶᠢ ᠣᠳᠣᠬᠠᠨ᠎ᠤ ᠪᠠ ᠬᠣᠶ᠋ᠢᠰᠢᠳᠠ᠎ᠶᠢᠨ ᠨᠢᠭᠡ ᠬᠤᠭᠤᠴᠠᠭᠠᠨ᠎ᠤ ᠨᠢᠭᠡᠨ ᠴᠢᠬᠤᠯᠠ ᠶᠡᠬᠡ ᠤᠯᠤᠰ ᠲᠥᠷᠥ᠎ᠶᠢᠨ ᠡᠭᠦᠷᠭᠡ ᠪᠣᠯᠭᠠᠨ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠂ ᠰᠢ ᠵᠢᠨ ᠫᠢᠩ᠎ᠦᠨ ᠬᠠᠤᠯᠢ ᠪᠡᠷ ᠵᠠᠰᠠᠬᠤ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠵᠤ᠂ ᠤᠬᠠᠮᠰᠠᠷ᠎ᠡᠴᠡ᠎ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠪᠠ ᠪᠥᠬᠥᠳᠡ ᠬᠤᠷᠠᠯ᠎ᠤᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠰᠤᠷᠤᠯᠴᠠᠯᠭ᠎ᠠ ᠪᠣᠯᠪᠠᠰᠤᠷᠠᠯ᠂ ᠤᠬᠠᠭᠤᠯᠤᠨ ᠲᠠᠶ᠋ᠢᠯᠪᠤᠷᠢᠯᠠᠯᠲᠠ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠯᠲᠠ ᠵᠢ ᠯᠠᠪᠳᠠᠭᠤᠨ ᠪᠠᠲᠤᠲᠠᠶ ᠰᠠᠶ᠋ᠢᠲᠤᠷ ᠠᠳᠬᠤᠵᠤ᠂ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠪᠠᠶ᠋ᠢᠭᠤᠯᠭ᠎ᠠ᠎ᠶᠢᠨ 《ᠨᠠᠷᠢᠯᠢᠬᠵᠢᠭᠤᠯᠤᠭᠰᠠᠨ ᠨᠠᠮ᠎ᠤᠨ ᠪᠠᠶ᠋ᠢᠭᠤᠯᠤᠯᠲᠠ》 ᠵᠢᠨ ᠲᠦᠷᠦᠯ ᠲᠡᠮᠳᠡᠭ᠎ᠢ ᠬᠦᠴᠦᠯᠡᠨ ᠪᠣᠶ ᠪᠣᠯᠭᠠᠨ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠱᠠᠭᠠᠷᠳᠠᠯᠭ᠎ᠠ᠎ᠶᠢ ᠪᠦᠬᠦ᠌ ᠲᠠᠯ᠎ᠠ᠎ᠪᠠᠷ ᠬᠠᠤᠯᠢ᠎ᠪᠠᠷ ᠣᠷᠣᠨ᠎ᠢᠶᠠᠨ ᠵᠠᠰᠠᠬᠤ ᠪᠠ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠪᠦᠬᠦ᠌ ᠶᠠᠪᠤᠴᠠ ᠡᠯ᠎ᠡ ᠲᠠᠯ᠎ᠠ᠎ᠳᠤ ᠠᠭᠤᠰᠤᠯᠴᠠᠭᠤᠯᠤᠨ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠲᠡᠮᠦᠷ ᠴᠡᠷᠢᠭ᠎ᠢ ᠦᠷᠭᠦᠯᠵᠢᠯᠡᠨ ᠳᠠᠪᠲᠠᠨ ᠪᠣᠯᠪᠠᠰᠤᠷᠠᠭᠤᠯᠤᠨ᠂ ᠬᠠᠤᠯᠢ ᠪᠡᠷ ᠵᠠᠰᠠᠬᠤ ᠪᠠᠶ᠋ᠢᠭᠤᠯᠤᠯᠲᠠ᠎ᠶᠢᠨ ᠰᠢᠨ᠎ᠡ ᠦᠷ᠎ᠡ ᠪᠦᠲᠦᠮᠵᠢ᠎ᠪᠡᠷ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠶ᠋ᠢᠲᠠᠢ ᠬᠥᠭᠵᠢᠯᠲᠡ᠎ᠳᠦ ᠦᠢᠯᠡᠴᠢᠯᠡᠵᠦ᠍ ᠪᠠᠲᠤᠯᠠᠭ᠎ᠠ ᠬᠠᠩᠭᠠᠨ᠎ᠠ ᠭᠡᠵᠦ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠢᠶ ᠰᠢᠶᠤᠤ ᠴᠢᠩ ᠤᠬᠠᠭᠤᠯᠤᠨ ᠲᠠᠶ᠋ᠢᠯᠪᠤᠷᠢᠯᠠᠬᠤ᠎ᠶᠢ ᠰᠣᠨᠣᠰᠤᠭᠰᠠᠨ᠎ᠤ ᠳᠠᠷᠠᠭ᠎ᠠ᠂ 《ᠪᠥᠬᠥᠳᠡ ᠬᠤᠷᠠᠯ᠎ᠡᠴᠡ ᠬᠢᠨᠠᠨ ᠵᠥᠪᠯᠡᠵᠦ᠍ ᠪᠠᠲᠤᠯᠠᠭᠰᠠᠨ 〈ᠲᠣᠭᠲᠠᠭᠠᠯ〉 ᠪᠣᠯ ᠰᠢᠨ᠎ᠡ ᠴᠠᠭ ᠦᠶ᠎ᠡ᠎ᠶᠢᠨ ᠨᠠᠮ᠎ᠤᠨ ᠪᠠᠶ᠋ᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠠᠬᠢᠭᠤᠯᠬᠤ ᠵᠢᠨ ᠬᠥᠲᠥᠯᠪᠦᠷᠢ᠎ᠶᠢᠨ ᠴᠢᠨᠠᠷᠲᠠᠶ ᠪᠢᠴᠢᠭ ᠮᠠᠲ᠋ᠧᠷᠢᠶᠠᠯ ᠪᠠᠶ᠋ᠢᠵᠤ᠂ ᠮᠠᠨ᠎ᠤ ᠨᠠᠮ᠎ᠤᠨ ᠴᠢᠩᠭ᠎ᠠ ᠪᠠᠢᠬᠤ ᠦᠨᠳᠦᠰᠦᠨ ᠬᠥᠭ ᠠᠶᠠᠰ᠎ᠢ ᠭᠤᠶ᠋ᠢᠪᠢᠰᠢ ᠥᠬᠡᠶ ᠪᠠᠷᠢᠮᠲᠠᠯᠠᠬᠤ ᠴᠢᠩᠭ᠎ᠠ ᠬᠦᠴᠦᠲᠡᠢ ᠳᠣᠬᠢᠶ᠎ᠠ᠎ᠶᠢ ᠢᠯᠡ ᠲᠣᠳᠣ ᠢᠯᠡᠷᠡᠭᠦᠯᠪᠡ᠃ ᠪᠦᠬᠦ᠌ ᠣᠷᠣᠨ᠎ᠤ ᠰᠣᠶᠣᠯ ᠵᠢᠭᠤᠯᠴᠢᠯᠠᠯ᠎ᠤᠨ ᠠᠵᠢᠯ᠎ᠤᠨ ᠬᠥᠭᠵᠢᠯᠲᠡ᠎ᠶᠢᠨ ᠪᠣᠳᠠᠲᠤ᠌ ᠪᠠᠶ᠋ᠢᠳᠠᠯ᠎ᠲᠠᠶ ᠨᠢᠭᠲᠠ ᠤᠶᠠᠯᠳᠤᠭᠤᠯᠤᠨ᠂ ᠪᠢᠳᠠ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢᠨ ᠴᠢᠬᠤᠯᠠ ᠴᠢᠨᠠᠷ᠂ ᠲᠤᠯᠭᠠᠮ ᠴᠢᠨᠠᠷ᠂ ᠤᠷᠳᠤ ᠬᠤᠭᠤᠴᠠᠭᠠᠲᠤ᠌ ᠴᠢᠨᠠᠷ ᠪᠠ ᠪᠡᠷᠬᠡ ᠬᠠᠲᠠᠭᠤᠵᠢᠯᠲᠤ᠌ ᠴᠢᠨᠠᠷ᠎ᠢ ᠭᠦᠨᠵᠡᠭᠡᠢ ᠲᠠᠨᠢᠵᠤ᠂ ᠤᠬᠠᠮᠰᠠᠷ᠎ᠡᠴᠡ᠎ᠪᠠᠨ ᠴᠢᠩᠭ᠎ᠠ ᠪᠠᠢᠬᠤ ᠱᠠᠭᠠᠷᠳᠠᠯᠭ᠎ᠠ᠎ᠶᠢ ᠰᠣᠶᠣᠯ ᠵᠢᠭᠤᠯᠴᠢᠯᠠᠯ᠎ᠤᠨ ᠬᠥᠭᠵᠢᠯᠲᠡ᠎ᠶᠢᠨ ᠪᠦᠬᠦ᠌ ᠶᠠᠪᠤᠴᠠ ᠡᠯ᠎ᠡ ᠲᠠᠯ᠎ᠠ᠎ᠳᠤ ᠲᠤᠭᠤᠰᠢᠯᠠᠭᠤᠯᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ᠎ᠪᠡᠷ ᠪᠦᠬᠦ᠌ ᠣᠷᠣᠨ᠎ᠤ ᠰᠣᠶᠣᠯ ᠵᠢᠭᠤᠯᠴᠢᠯᠠᠯ᠎ᠤᠨ ᠦᠢᠯᠡᠰ᠎ᠦᠨ ᠴᠢᠨᠠᠷ ᠰᠠᠶ᠋ᠢᠲᠠᠢ ᠬᠥᠭᠵᠢᠯᠲᠡ᠎ᠶᠢ ᠬᠦᠳᠦᠯᠦᠨ ᠳᠠᠭᠠᠭᠤᠯᠵᠤ ᠪᠠᠲᠤᠯᠠᠨ᠎ᠠ᠃ ᠴᠢᠩᠭ᠎ᠠ ᠪᠠᠷᠢᠮᠵᠢᠶ᠎ᠠ᠎ᠪᠠᠷ ᠺᠠᠳ᠋ᠷ᠎ᠢ ᠱᠠᠭᠠᠷᠳᠠᠬᠤ᠎ᠶᠢ ᠪᠠᠷᠢᠮᠲᠠᠯᠠᠵᠤ᠂ ᠴᠢᠩᠭ᠎ᠠ ᠠᠷᠭ᠎ᠠ ᠬᠡᠮᠵᠢᠶ᠎ᠡ᠎ᠪᠡᠷ ᠺᠠᠳ᠋ᠷ᠎ᠢ ᠬᠠᠮᠢᠶᠠᠷᠤᠨ᠂ ᠴᠢᠩᠭ᠎ᠠ ᠰᠠᠬᠢᠯᠭ᠎ᠠ ᠪᠠᠲᠤ᠎ᠪᠠᠷ ᠺᠠᠳ᠋ᠷ᠎ᠢ ᠬᠢᠵᠠᠭᠠᠷᠯᠠᠵᠤ᠂ ᠨᠠᠮᠴᠢ ᠴᠢᠨᠠᠷ᠎ᠢ ᠴᠢᠩᠭᠠᠳᠬᠠᠬᠤ ᠭᠡᠬᠦ ᠡᠨᠡ ᠬᠦ᠌ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠦᠨᠳᠦᠰᠦᠨ ᠴᠢᠨᠠᠷᠲᠠᠢ ᠡᠭᠦᠷᠭᠡ᠎ᠶᠢ ᠪᠠᠲᠤ ᠡᠵᠡᠮᠳᠡᠵᠦ᠂ ᠨᠠᠮ᠎ᠤᠨ ᠭᠡᠰᠢᠭᠦᠨ ᠺᠠᠳ᠋ᠷ᠎ᠤᠨ ᠬᠦᠰᠡᠯᠡᠩ ᠢᠲᠡᠭᠡᠯ ᠪᠢᠰᠢᠷᠡᠯ᠎ᠢᠶᠡᠨ ᠪᠠᠲᠤᠳᠬᠠᠬᠤ᠂ ᠨᠠᠮ᠎ᠳᠠᠭᠠᠨ ᠦᠨᠡᠨᠴᠢ ᠰᠢᠳᠤᠷᠭᠤ ᠪᠠᠢᠬᠤ᠂ ᠠᠷᠠᠳ᠎ᠤᠨ ᠲᠥᠯᠥᠭᠡ ᠵᠢᠳᠬᠦᠬᠦ ᠰᠡᠳᠬᠢᠯᠭᠡ᠎ᠶᠢ ᠪᠠᠲᠤᠳᠬᠠᠬᠤ᠂ ᠲᠥᠪ ᠭᠣᠣᠯᠴᠢ ᠠᠷᠢᠭᠤᠨ ᠴᠢᠬᠡᠴᠢ ᠪᠠᠢᠬᠤ᠎ᠶᠢ ᠪᠠᠲᠤᠯᠠᠬᠤ ᠳᠡᠭᠡᠷ᠎ᠡ ᠬᠦᠴᠦ ᠣᠷᠣᠭᠤᠯᠬᠤ ᠵᠢ ᠬᠥᠲᠥᠯᠥᠨ ᠵᠢᠯᠤᠭᠣᠳᠴᠤ᠂ ᠨᠠᠮ᠎ᠤᠨ ᠢᠷᠠᠭᠤ ᠠᠯᠳᠠᠷᠲᠤ ᠤᠯᠠᠮᠵᠢᠯᠠᠯ ᠪᠣᠯᠣᠨ ᠰᠢᠯᠢᠳᠡᠭ ᠰᠤᠷᠲᠠᠯ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢᠶᠠᠷ ᠨᠠᠮᠴᠢ ᠴᠢᠨᠠᠷ᠎ᠢ ᠬᠠᠳᠠᠭᠠᠯᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠎ᠶᠢ ᠦᠨᠡᠨ ᠬᠦ᠌ ᠪᠡᠶᠡᠯᠡᠭᠦᠯᠦᠨ᠎ᠡ》 ᠭᠡᠵᠡᠢ᠃
《ᠪᠢᠳᠡ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶ᠎ᠠ ᠪᠠ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ 〈ᠬᠣᠶᠠᠷ᠎ᠢ ᠲᠣᠭᠲᠠᠭᠠᠭᠰᠠᠨ〉 ᠢ᠋ ᠡᠷᠡᠰ ᠬᠦᠷᠢᠶᠡᠯᠡᠵᠦ᠂ 〈ᠬᠣᠶᠠᠷ᠎ᠢ ᠬᠠᠮᠠᠭᠠᠯᠠᠬᠤ〉 ᠶ᠋ᠢ ᠡᠷᠡᠰ ᠪᠡᠶᠡᠯᠡᠭᠦᠯᠤᠨ᠎ᠡ》᠃ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠨᠠᠮ᠎ᠤᠨ ᠬᠣᠷᠢᠶ᠎ᠠ᠎ᠶᠢᠨ ᠱᠦᠵᠢ ᠯᠢ ᠱᠦ᠍ ᠯᠢᠨ ᠲᠤᠬᠠᠢ᠎ᠶᠢᠨ ᠲᠠᠯᠠᠪᠠᠢ᠎ᠳᠤ ᠤᠬᠠᠭᠤᠯᠤᠨ ᠲᠠᠢᠯᠪᠤᠷᠢᠯᠠᠬᠤ᠎ᠶᠢ ᠰᠣᠨᠣᠰᠤᠭᠠᠳ᠂ ᠤᠯᠤᠰ ᠲᠦᠷᠦ᠎ᠶᠢᠨ ᠤᠬᠠᠮᠰᠠᠷ᠎ᠢᠶᠠᠨ ᠴᠢᠩᠭᠠᠳᠬᠠᠵᠤ᠂ ᠪᠦᠬᠦ ᠲᠠᠯ᠎ᠠ᠎ᠪᠠᠷ ᠰᠤᠷᠤᠯᠴᠠᠬᠤ᠂ ᠰᠢᠰᠲ᠋ᠸᠮ ᠲᠠᠢ ᠡᠵᠡᠮᠳᠡᠬᠦ᠂ ᠨᠠᠢᠳᠠᠪᠤᠷᠢᠵᠢᠭᠤᠯᠤᠯᠲᠠ᠎ᠶᠢ ᠰᠠᠢᠲᠤᠷ ᠠᠳᠬᠤᠬᠤ ᠳᠡᠭᠡᠷ᠎ᠡ ᠬᠦᠴᠦ ᠲᠠᠯᠪᠢᠵᠤ᠂ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠭᠠᠭᠤᠯᠢ᠎ᠳᠤ ᠨᠠᠢᠳᠠᠪᠤᠷᠢᠵᠢᠭᠤᠯᠤᠨ ᠪᠤᠲᠠᠲᠠᠢᠵᠢᠭᠤᠯᠬᠤ᠎ᠶᠢ ᠠᠬᠢᠭᠤᠯᠤᠨ᠎ᠡ; ᠦᠵᠡᠯ ᠰᠠᠨᠠᠭᠠᠨ᠎ᠤ ᠤᠬᠠᠮᠰᠠᠷ᠎ᠢᠶᠠᠨ ᠨᠢᠭ᠍ᠲᠠᠷᠠᠭᠤᠯᠵᠤ᠂ ᠰᠤᠷᠤᠯᠴᠠᠯᠭ᠎ᠠ ᠪᠣᠯᠪᠠᠰᠤᠷᠠᠯ᠂ ᠱᠠᠲᠤ ᠬᠤᠪᠢᠶᠠᠨ ᠤᠬᠠᠭᠤᠯᠤᠨ ᠲᠠᠢᠯᠪᠤᠷᠢᠯᠠᠬᠤ ᠪᠠ ᠤᠨᠤᠯ᠎ᠤᠨ ᠲᠠᠢᠯᠪᠤᠷᠢᠯᠠᠯᠲᠠ᠎ᠶᠢ ᠨᠠᠷᠢᠨ ᠨᠢᠮᠪᠠᠢ ᠵᠣᠬᠢᠶᠠᠨ ᠪᠠᠢᠭᠤᠯᠵᠤ᠂ ᠰᠤᠷᠤᠯᠴᠠᠯᠭ᠎ᠠ ᠤᠬᠠᠭᠤᠯᠭ᠎ᠠ᠎ᠶᠢᠨ ᠭᠦᠨᠵᠡᠭᠡᠢᠷᠡᠨ ᠪᠣᠳᠠᠲᠠᠢᠵᠢᠬᠤ᠎ᠶᠢ ᠠᠬᠢᠭᠤᠯᠤᠨ᠎ᠡ; ᠠᠵᠢᠯᠯᠠᠭ᠎ᠠ᠎ᠶᠢᠨ ᠤᠬᠠᠮᠰᠠᠷ᠎ᠢᠶᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠭᠰᠠᠨ ᠦᠷ᠎ᠡ ᠪᠦᠲᠦᠮᠵᠢ᠎ᠶᠢ ᠴᠢᠳᠠᠪᠤᠷᠢᠲᠠᠨ᠎ᠢ ᠬᠥᠮᠥᠵᠢᠭᠦᠯᠬᠦ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠰᠢᠨ᠎ᠡ᠎ᠶᠢ ᠡᠭᠦᠳᠬᠦ᠂ ᠤᠯᠤᠰ᠎ᠤᠨ ᠪᠠᠢᠯᠳᠤᠬᠤ ᠪᠣᠳᠣᠯᠭ᠎ᠠ ᠪᠠ ᠣᠷᠣᠨ ᠪᠦᠰᠡ᠎ᠶᠢᠨ ᠠᠵᠤ ᠠᠬᠤᠢ᠎ᠶᠢᠨ ᠬᠥᠭᠵᠢᠯᠲᠡ᠎ᠳᠦ ᠦᠢᠯᠡᠴᠢᠯᠡᠬᠦ ᠪᠣᠳᠠᠲᠤ ᠦᠷ᠎ᠡ ᠪᠦᠲᠦᠮᠵᠢ ᠪᠣᠯᠭᠠᠨ ᠤᠯᠠᠷᠢᠭᠤᠯᠤᠨ᠎ᠠ ᠭᠡᠵᠤ ᠢᠯᠡᠳᠬᠡᠪᠡ᠃
ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶᠢᠨ ᠨᠠᠮ᠎ᠤᠨ ᠬᠣᠷᠢᠶ᠎ᠠ᠎ᠶᠢᠨ ᠱᠦᠵᠢ ᠯᠢ ᠰᠢᠶᠠᠩ ᠳ᠋ᠦᠩ ᠤᠬᠠᠭᠤᠯᠤᠨ ᠲᠠᠢᠯᠪᠤᠷᠢᠯᠠᠬᠤ᠎ᠶᠢ ᠰᠣᠨᠣᠰᠤᠭᠰᠠᠨ᠎ᠤ ᠲᠠᠷᠠᠭ᠎ᠠ᠂ ᠲᠤᠰ ᠤᠳᠠᠭ᠎ᠠ᠎ᠶᠢᠨ ᠪᠦᠬᠦᠳᠡ ᠬᠤᠷᠠᠯ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠵᠠᠩᠭᠢᠯᠠᠭ᠎ᠠ᠎ᠶᠢᠨ ᠬᠤᠭᠤᠴᠠᠭᠠᠨ᠎ᠳᠤ ᠬᠤᠷᠠᠯᠳᠤᠭᠰᠠᠨ ᠨᠢᠭᠡ ᠤᠳᠠᠭ᠎ᠠ᠎ᠶᠢᠨ ᠲᠤᠢᠯ᠎ᠤᠨ ᠴᠢᠬᠤᠯᠠ ᠬᠤᠷᠠᠯ ᠪᠣᠯᠣᠨ᠎ᠠ᠂ 《ᠲᠣᠭᠲᠠᠭᠠᠯ》 ᠨᠢ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ᠎ᠳᠤ ᠰᠢᠰᠲ᠋ᠸᠮ ᠲᠠᠢ ᠪᠠᠢᠷᠢᠯᠠᠭᠤᠯᠤᠯᠲᠠ ᠬᠢᠵᠦ᠂ ᠴᠢᠬᠤᠯᠠ ᠶᠡᠬᠡ ᠪᠣᠳᠠᠲᠤ ᠠᠴᠢ ᠬᠣᠯᠪᠣᠭᠳᠠᠯ ᠪᠠ ᠠᠯᠤᠰ ᠬᠡᠳᠤ᠎ᠶᠢᠨ ᠵᠢᠯᠤᠭᠣᠳᠬᠤ ᠠᠴᠢ ᠬᠣᠯᠪᠣᠭᠳᠠᠯ᠎ᠲᠠᠢ ᠶᠤᠮ᠃ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶᠢᠨ ᠠᠵᠢᠯ᠎ᠤᠨ ᠪᠣᠳᠠᠲᠤ ᠪᠠᠢᠳᠠᠯ᠎ᠳᠤ ᠰᠠᠭᠤᠷᠢᠯᠠᠵᠤ᠂ ᠰᠤᠷᠭᠠᠭᠤᠯᠢ᠎ᠶᠢᠨ ᠨᠠᠮ᠎ᠤᠨ ᠬᠣᠷᠢᠶ᠎ᠠ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠦᠷᠢᠮ᠎ᠢᠶᠡᠷ ᠨᠠᠮ᠎ᠢ ᠵᠠᠰᠠᠬᠤ᠂ ᠲᠣᠭᠲᠠᠭᠠᠯ ᠵᠢᠡᠷ ᠨᠠᠮ᠎ᠢ ᠵᠠᠰᠠᠬᠤ᠎ᠶᠢ ᠪᠠᠷᠢᠮᠲᠠᠯᠠᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠭᠤᠤᠯ ᠴᠣᠭᠴᠠ᠎ᠶᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠠᠨᠠᠭᠠᠬᠤ ᠤᠬᠠᠭᠠᠨ᠎ᠤ ᠰᠤᠷᠭᠠᠨ ᠬᠥᠮᠦᠵᠢᠯ ᠪᠠ ᠡᠮᠴᠢᠯᠡᠭᠡᠨ᠎ᠦ ᠦᠢᠯᠡᠴᠢᠯᠡᠭᠡ᠎ᠶᠢᠨ ᠴᠢᠨᠠᠷ ᠰᠠᠢᠲᠠᠢ ᠬᠥᠭᠵᠢᠯᠲᠡ᠎ᠶᠢ ᠬᠥᠲᠥᠯᠥᠨ ᠳᠠᠭᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠢ᠋ ᠰᠠᠢᠲᠤᠷ ᠡᠬᠢᠯᠡᠭᠦᠯᠦᠨ᠎ᠡ ᠭᠡᠵᠤ ᠬᠡᠯᠡᠪᠡ᠃
《ᠣᠷᠣᠨ᠎ᠤ ᠬᠠᠷᠢᠶ᠎ᠠ ᠤᠯᠤᠰ᠎ᠤᠨ ᠥᠮᠴᠢᠯᠡᠯ᠎ᠦᠨ ᠴᠠᠭᠢᠯᠭᠠᠨ ᠲᠣᠣᠷ᠎ᠤᠨ ᠠᠵᠤ ᠠᠬᠤᠢᠯᠠᠯ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ᠎ᠤᠨ ᠴᠠᠭᠢᠯᠭᠠᠨ ᠬᠦᠴᠦᠨ᠎ᠦ ᠪᠦᠯᠦᠭᠯᠡᠯ 〈ᠤᠯᠤᠰ᠎ᠤᠨ ᠥᠮᠴᠢᠯᠡᠯ᠎ᠦᠨ ᠠᠵᠤ ᠠᠬᠤᠢᠯᠠᠯ ᠨᠠᠮ᠎ᠤᠨ ᠬᠢ〉 ᠭᠡᠳᠡᠭ᠎ᠢ ᠢᠮᠠᠭᠲᠠ ᠪᠠᠲᠤ ᠴᠡᠭᠡᠵᠢᠯᠡᠵᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠭᠦᠳᠡ ᠬᠤᠷᠠᠯ ᠡᠴᠡ ᠭᠠᠷᠭᠠᠭᠰᠠᠨ ᠴᠢᠬᠤᠯᠠ ᠪᠠᠢᠷᠢᠯᠠᠭᠤᠯᠤᠯᠲᠠ᠎ᠶᠢ ᠪᠦᠭᠦ ᠲᠠᠯ᠎ᠠ᠎ᠪᠠᠷ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠨᠠᠮ᠎ᠤᠨ ᠤᠳᠤᠷᠢᠳᠤᠯᠭ᠎ᠠ᠎ᠶᠢ ᠴᠢᠩᠭᠠᠳᠬᠠᠬᠤ ᠪᠠ ᠠᠵᠤ ᠠᠬᠤᠢᠯᠠᠯ᠎ᠤᠨ ᠵᠠᠰᠠᠯᠲᠠ᠎ᠶᠢ ᠲᠡᠭᠦᠯᠳᠡᠷᠵᠢᠭᠦᠯᠬᠦ᠎ᠶᠢ ᠣᠷᠭᠠᠨᠢᠭ᠋᠎ᠢᠶᠠᠷ ᠨᠢᠭᠡᠳᠬᠡᠵᠦ᠂ ᠨᠠᠮ᠎ᠢ ᠪᠦᠬᠦ ᠲᠠᠯ᠎ᠠ ᠪᠡᠷ ᠴᠢᠩᠭ᠎ᠠ ᠵᠠᠰᠠᠬᠤ᠎ᠶᠢ ᠤᠷᠳᠤ ᠬᠤᠭᠤᠴᠠᠭ᠎ᠠ᠎ᠪᠠᠷ ᠠᠬᠢᠭᠤᠯᠵᠤ᠂ ᠠᠵᠤ ᠠᠬᠤᠢᠯᠠᠯ᠎ᠢ ᠵᠠᠰᠠᠵᠤ ᠠᠵᠤ ᠠᠬᠤᠢᠯᠠᠯ᠎ᠢ ᠬᠥᠭᠵᠢᠭᠦᠯᠬᠦ ᠬᠠᠷᠢᠭᠤᠴᠠᠯᠭ᠎ᠠ᠎ᠶᠢ ᠯᠠᠪᠳᠠᠭᠤᠨ ᠪᠠᠲᠤᠲᠠᠢ ᠭᠦᠢᠴᠡᠳᠬᠡᠨ᠎ᠡ》᠃ ᠥᠪᠥᠷ ᠮᠣᠩᠭᠣᠯ᠎ᠤᠨ ᠴᠠᠭᠢᠯᠭᠠᠨ ᠬᠦᠴᠦᠨ᠎ᠦ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ᠂ ᠶᠡᠷᠦᠩᠬᠡᠢ ᠳᠠᠭᠠᠭᠠᠮᠠᠯ ᠵᠠᠩ ᠰᠢᠶᠣᠣ ᠬ᠍ᠦ ᠤᠬᠠᠭᠤᠯᠤᠨ ᠲᠠᠢᠯᠪᠤᠷᠢᠯᠠᠬᠤ᠎ᠶᠢ ᠰᠣᠨᠣᠰᠤᠭᠰᠠᠨ᠎ᠤ ᠳᠠᠷᠠᠭ᠎ᠠ᠂ 《ᠪᠢᠳᠡ ᠰᠤᠷᠤᠯᠴᠠᠬᠤ᠎ᠪᠠᠷ ᠠᠵᠢᠯᠯᠠᠬᠤ᠎ᠶᠢ ᠠᠬᠢᠭᠤᠯᠵᠤ᠂ ᠰᠤᠷᠤᠯᠴᠠᠬᠤ ᠰᠡᠳᠬᠢᠬᠦ ᠬᠡᠷᠡᠭᠯᠡᠬᠦ᠎ᠶᠢ ᠨᠡᠪᠲᠡᠷᠡᠬᠦᠯᠬᠦ᠎ᠶᠢ ᠪᠠᠷᠢᠮᠲᠠᠯᠠᠵᠤ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠬᠠᠷᠢᠭᠤᠴᠠᠯᠭ᠎ᠠ᠎ᠶᠢ ᠪᠠᠳᠤ ᠡᠬᠦᠷᠬᠡᠯᠡᠵᠦ᠂ ᠣᠷᠣᠨ᠎ᠤ ᠬᠠᠷᠢᠶ᠎ᠠ ᠪᠦᠬᠦᠢ ᠤᠯᠤᠰ᠎ᠤᠨ ᠥᠮᠴᠢᠯᠡᠯ᠎ᠤᠨ ᠴᠠᠭᠢᠯᠭᠠᠨ ᠲᠣᠣᠷ᠎ᠤᠨ ᠠᠵᠤ ᠠᠬᠤᠢᠯᠠᠯ᠎ᠤᠨ ᠪᠠᠢᠭᠤᠯᠤᠯ ᠲᠣᠭᠲᠠᠴᠠ᠎ᠶᠢᠨ ᠳᠠᠪᠠᠭᠤᠯᠢᠭ᠋᠎ᠢ ᠭᠦᠢᠴᠡᠳ ᠪᠠᠳᠠᠷᠠᠭᠤᠯᠵᠤ᠂ ᠡᠯ᠎ᠡ ᠵᠦᠢᠯ᠎ᠦᠨ ᠭᠣᠣᠯᠳᠠᠯᠭ᠎ᠠ᠎ᠲᠠᠢ ᠡᠭᠦᠷᠭᠡ᠎ᠶᠢ ᠰᠠᠢᠲᠤᠷ ᠪᠡᠶᠡᠯᠡᠭᠦᠯᠵᠦ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ᠎ᠶᠢᠨ ᠶᠡᠬᠡ ᠲᠠᠯ᠎ᠠ᠎ᠳᠤ ᠦᠢᠯᠡᠴᠢᠯᠡᠵᠦ᠂ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠬᠰᠠᠨ ᠦᠷ᠎ᠡ ᠪᠦᠲᠦᠭᠡᠯ᠎ᠢ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠬᠤ ᠠᠵᠢᠯ᠎ᠤᠨ ᠦᠢᠯᠡᠳᠦᠯᠭᠡ ᠳᠤᠮᠳᠠ ᠢᠯᠡᠷᠡᠭᠦᠯᠦᠨ᠎ᠡ》 ᠭᠡᠵᠦ ᠢᠯᠡᠳᠭᠡᠪᠡ᠃
《ᠲᠤᠰ ᠤᠳᠠᠭ᠎ᠠ᠎ᠶᠢᠨ ᠤᠬᠠᠭᠤᠯᠤᠨ ᠲᠠᠢᠯᠪᠤᠷᠢᠯᠠᠯᠲᠠ ᠨᠢ ᠪᠦᠭᠦ ᠲᠠᠯ᠎ᠠ᠎ᠪᠠᠷ ᠰᠢᠰᠲᠧᠮ ᠲᠠᠢ ᠪᠠᠢᠵᠤ᠂ ᠭᠣᠣᠯᠳᠠᠯᠭ᠎ᠠ᠎ᠶᠢ ᠲᠤᠪᠤᠢ᠍ᠢᠯᠭᠠᠵᠦ᠂ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠨᠡᠩ ᠣᠨᠣᠪᠴᠢᠲᠠᠢ ᠪᠥᠭᠡᠳ ᠭᠦᠨᠵᠡᠭᠡᠢ ᠣᠢᠯᠠᠭᠠᠬᠤ᠎ᠳᠦ ᠳᠤᠰᠠᠯᠠᠯᠠ》᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠬᠢᠩᠭᠠᠨ ᠠᠢᠮᠠᠭ᠎ᠤᠨ ᠬᠤᠪᠢᠶᠠᠷᠢ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠪᠠᠢᠴᠠᠭᠠᠬᠤ ᠳᠠᠷᠤᠭ᠎ᠠ ᠵᠢᠩ ᠰᠢᠶᠣᠣ ᠹᠧᠢ᠂ ᠪᠦᠭᠦ ᠠᠢᠮᠠᠭ᠎ᠤᠨ ᠪᠠᠢᠴᠠᠭᠠᠬᠤ ᠪᠠᠢᠭᠤᠯᠭ᠎ᠠ᠎ᠨᠤᠭᠤᠳ ᠪᠦᠭᠦᠳᠡ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶᠢ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠤᠯᠤᠰ ᠲᠥᠷᠥ᠎ᠪᠡᠷ ᠬᠥᠲᠥᠯᠥᠨ ᠳᠠᠭᠠᠭᠤᠯᠵᠤ ᠦᠨᠡᠨᠴᠢ ᠰᠢᠳᠤᠷᠭᠤ᠎ᠵᠢ ᠳᠠᠪᠳᠠᠨ ᠪᠤᠯᠪᠠᠰᠤᠷᠠᠭᠤᠯᠬᠤ᠎ᠶᠢ ᠪᠠᠷᠢᠮᠲᠠᠯᠠᠨ᠂ ᠪᠠᠢᠩᠭᠤᠵᠢᠭᠤᠯᠤᠨ ᠡᠭᠡᠯᠵᠢᠯᠡᠨ ᠪᠤᠯᠪᠠᠰᠤᠷᠠᠭᠤᠯᠬᠤ᠂ ᠰᠤᠳᠤᠯᠤᠨ ᠰᠤᠷᠤᠯᠴᠠᠬᠤ᠎ᠪᠠᠷ ᠳᠠᠮᠵᠢᠭᠤᠯᠤᠨ᠂ ᠨᠠᠮ᠎ᠤᠨ ᠰᠢᠨ᠎ᠡ᠎ᠶᠢ ᠡᠭᠦᠳᠬᠦ ᠣᠨᠣᠯ᠎ᠤᠨ ᠰᠤᠷᠤᠯᠴᠠᠯᠭ᠎ᠠ᠂ ᠣᠢᠯᠠᠭᠠᠯᠲᠠ ᠪᠠ ᠬᠡᠷᠡᠭᠯᠡᠯᠲᠡ᠎ᠶᠢ ᠴᠢᠩᠭᠠᠳᠬᠠᠨ᠎ᠠ᠃ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠦᠨ᠂ ᠶᠡᠬᠡ ᠲᠠᠯ᠎ᠠ᠎ᠶᠢᠨ ᠤᠬᠠᠮᠰᠠᠷ᠂ ᠶᠠᠰᠤ ᠴᠢᠨᠠᠷ᠎ᠤᠨ ᠤᠬᠠᠮᠰᠠᠷ᠂ ᠵᠠᠰᠠᠯᠲᠠ᠎ᠶᠢᠨ ᠤᠬᠠᠮᠰᠠᠷ᠎ᠢ ᠪᠠᠲᠤ ᠪᠡᠬᠢ ᠪᠤᠢ ᠪᠤᠯᠭᠠᠵᠤ᠂ ᠡᠷᠡᠭᠦᠦ᠎ᠶᠢᠨ ᠬᠡᠷᠡᠭ᠎ᠦᠨ ᠪᠠᠢᠴᠠᠭᠠᠬᠤ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠪᠡᠷ ᠨᠡᠢᠭᠡᠮ᠎ᠦᠨ ᠶᠡᠬᠡ ᠲᠠᠯ᠎ᠠ᠎ᠶᠢᠨ ᠡᠶ᠎ᠡ ᠵᠣᠬᠢᠴᠠᠯ ᠪᠠ ᠲᠣᠭᠲᠠᠭᠤᠨ ᠪᠠᠢᠳᠠᠯ᠎ᠢ ᠬᠠᠮᠠᠭᠠᠯᠠᠨ᠎ᠠ᠃ 《ᠠᠭᠤᠯᠠᠨ᠎ᠳᠤ ᠲᠤᠰᠠᠲᠠᠢ᠂ ᠤᠰᠤᠨ᠎ᠳᠤ ᠲᠤᠰᠠᠲᠠᠢ᠂ ᠬᠢᠩᠭᠠᠨ᠎ᠳᠤ ᠲᠤᠰᠠᠲᠠᠢ》 ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠲᠦᠷᠦᠯ ᠳᠡᠮᠳᠡᠭ᠎ᠢ ᠪᠣᠢᠵᠢᠭᠤᠯᠤᠨ ᠡᠭᠦᠳᠴᠦ᠂ ᠠᠮᠢ ᠠᠬᠤᠢ᠎ᠶᠢᠨ ᠬᠠᠮᠠᠭᠠᠯᠠᠯᠲᠠ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠂ ᠦᠨᠳᠦᠰᠦᠨ ᠱᠠᠲᠤᠨ᠎ᠤ ᠵᠠᠰᠠᠯᠲᠠ᠎ᠳᠤ ᠬᠦᠴᠦᠨ ᠨᠡᠮᠡᠷᠢᠯᠡᠨ᠎ᠡ᠃ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ᠎ᠶᠢᠨ ᠬᠥᠮᠦᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠂ ᠬᠡᠷᠡᠭ᠂ ᠲᠤᠬᠠᠢᠯᠠᠭᠰᠠᠨ ᠠᠵᠢᠯ ᠪᠠ ᠶᠠᠰᠤ ᠴᠢᠨᠠᠷ᠎ᠤᠨ ᠬᠠᠮᠢᠶᠠᠷᠤᠯᠲᠠ᠎ᠶᠢ ᠴᠢᠩᠭᠠᠳᠬᠠᠵᠤ᠂ ᠬᠢᠨᠠᠯᠲᠠ ᠬᠢᠵᠠᠭᠠᠷᠯᠠᠯ᠎ᠢ ᠬᠠᠤᠯᠢ ᠪᠠᠷᠢᠵᠤ ᠬᠡᠷᠡᠭ ᠰᠢᠢᠳᠪᠦᠷᠢᠯᠡᠬᠦ ᠪᠦᠭᠦ ᠶᠠᠪᠤᠴᠠ᠎ᠶᠢᠨ ᠡᠯ᠎ᠡ ᠭᠣᠭᠴᠣᠭ᠎ᠠ᠎ᠳᠤ ᠰᠢᠭᠢᠳᠬᠡᠵᠦ᠂ ᠠᠵᠢᠯ ᠦᠯᠦ ᠬᠢᠬᠦ ᠤᠳᠠᠭᠠᠨ ᠬᠢᠬᠦ ᠵᠡᠷᠭᠡ ᠬᠠᠤᠯᠢ ᠪᠠᠷᠢᠬᠤ ᠰᠤᠷᠲᠠᠯ᠎ᠤᠨ ᠠᠷᠬᠠᠭ ᠭᠡᠮ᠎ᠢ ᠵᠠᠯᠠᠷᠠᠭᠤᠯᠤᠨ ᠵᠠᠰᠠᠵᠤ᠂ ᠱᠠᠲᠤ ᠲᠡᠰ᠎ᠤᠨ ᠬᠠᠷᠢᠭᠤᠴᠠᠯᠭ᠎ᠠ᠎ᠶᠢ ᠲᠠᠰᠤᠷᠠᠯᠳᠠ ᠦᠭᠡᠢ ᠪᠣᠳᠠᠲᠠᠢᠵᠢᠭᠤᠯᠵᠤ᠂ ᠠᠵᠢᠯ ᠬᠢᠬᠦ ᠬᠡᠪ ᠰᠤᠷᠲᠠᠯ᠎ᠢ ᠲᠥᠪ ᠪᠤᠯᠭᠠᠵᠤ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ ᠬᠡᠷᠡᠭ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ᠎ᠶᠢ ᠦᠨᠡᠨ ᠬᠦ᠌ ᠳᠡᠭᠡᠭᠰᠢᠯᠡᠭᠦᠯᠦᠨ᠎ᠡ ᠭᠡᠵᠦ ᠢᠯᠡᠳᠭᠡᠪᠡ᠃
《ᠤᠬᠠᠭᠤᠯᠤᠨ ᠲᠠᠢᠯᠪᠤᠷᠢᠯᠠᠯᠲᠠ ᠵᠢᠨ ᠭᠤᠤᠯᠳᠠᠯᠭ᠎ᠠ ᠳᠤᠪᠤᠢᠮ᠎ᠠ᠂ ᠳᠠᠢᠯᠪᠤᠷᠢᠯᠡᠯᠳᠡ ᠬᠦᠨᠵᠡᠬᠡᠢ ᠤᠢᠯᠠᠭᠠᠮᠵᠢᠳᠠᠢ᠂ ᠰᠣᠨᠣᠰᠤᠭᠰᠠᠨ᠎ᠤ ᠳᠠᠷᠠᠭ᠎ᠠ ᠭᠦᠨ ᠬᠥᠮᠦᠵᠢᠯ ᠬᠦᠷᠲᠡᠵᠦ᠂ ᠲᠤᠢᠯ᠎ᠢᠶᠠᠷ ᠤᠷᠮᠠᠰᠢᠨ ᠵᠣᠷᠢᠭ᠍ᠵᠢᠪᠠ᠃ ᠳᠠᠷᠠᠭᠠᠴᠢ᠎ᠶᠢᠨ ᠠᠯᠬᠤᠮ᠎ᠳᠤ᠂ ᠪᠢᠳᠡ ᠨᠠᠮ᠎ᠤᠨ ᠤᠯᠤᠰ ᠲᠦᠷᠦ᠎ᠶᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠣᠭᠣᠳᠤᠭᠤᠯᠬᠤ᠎ᠶᠢ ᠪᠠᠷᠢᠮᠲᠠᠯᠠᠵᠤ᠂ ᠨᠠᠮ᠎ᠢ ᠴᠢᠩᠭ᠎ᠠ ᠬᠠᠮᠢᠶᠠᠷᠴᠤ ᠨᠠᠮ᠎ᠢ ᠴᠢᠩᠭ᠎ᠠ ᠵᠠᠰᠠᠵᠤ᠂ ᠰᠢᠯᠢᠳᠡᠭ ᠰᠤᠷᠲᠠᠯ᠎ᠢᠶᠠᠷ ᠬᠥᠭᠵᠢᠯᠲᠡ᠎ᠶᠢᠨ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠡᠯ᠎ᠡ ᠵᠦᠢᠯ᠎ᠦᠨ ᠭᠣᠣᠯᠳᠠᠯᠭ᠎ᠠ᠎ᠲᠠᠢ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠳᠣᠲᠣᠭᠠᠳᠤ ᠬᠡᠷᠡᠭᠴᠡᠭᠡ᠎ᠶᠢ ᠢᠳᠡᠪᠬᠢᠲᠡᠢ ᠥᠷᠭᠡᠳᠬᠡᠵᠦ᠂ ᠬᠡᠷᠡᠭᠯᠡᠭᠡ᠎ᠶᠢ ᠠᠬᠢᠭᠤᠯᠤᠨ᠂ ᠮᠠᠰᠢᠨ ᠲᠡᠷᠭᠡ᠂ ᠭᠡᠷ᠎ᠦᠨ ᠴᠠᠬᠢᠯᠭᠠᠨ ᠬᠡᠷᠡᠭᠰᠡᠯ ᠵᠡᠷᠭᠡ ᠲᠦᠷᠦᠯ ᠵᠦᠢᠯ᠎ᠦᠨ ᠲᠣᠭᠣᠷᠢᠨ᠎ᠳᠤ ᠭᠣᠣᠯ ᠰᠡᠳᠦᠪᠲᠦ ᠪᠣᠷᠤᠯᠠᠭᠤᠯᠭ᠎ᠠ᠎ᠶᠢ ᠠᠬᠢᠭᠤᠯᠵᠤ᠂ ᠬᠡᠷᠡᠭᠯᠡᠭᠡ᠎ᠶᠢ ᠬᠥᠭᠵᠢᠭᠡᠬᠦ ᠲᠤᠰᠬᠠᠢ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠦᠨ᠎ᠡ; ᠭᠠᠳᠠᠭᠠᠳᠤ ᠠᠷᠠᠯᠵᠢᠶ᠎ᠠ᠎ᠶᠢ ᠲᠣᠭᠲᠠᠪᠤᠷᠢᠵᠢᠭᠤᠯᠵᠤ᠂ ᠭᠠᠳᠠᠭᠠᠳᠤ ᠪᠡᠯᠡ᠎ᠶᠢ ᠲᠣᠭᠲᠠᠪᠤᠷᠢᠵᠢᠭᠤᠯᠵᠤ᠂ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠬᠣᠯᠪᠤᠭᠠᠯᠠᠨ ᠬᠥᠭᠵᠢᠭᠦᠯᠬᠦ ᠲᠤᠭᠤᠷᠢᠬ᠎ᠢ ᠭᠤᠶᠤᠴᠢᠯᠠᠨ ᠪᠠᠢᠭᠤᠯᠬᠤ ᠠᠵᠢᠯ᠎ᠢ ᠪᠦᠬᠦ ᠬᠦᠴᠦᠨ᠎ᠢᠶᠡᠷ ᠠᠬᠢᠭᠤᠯᠵᠤ᠂ ᠠᠵᠤ ᠠᠬᠤᠢᠯᠡᠯ᠎ᠤᠨ 〈ᠭᠠᠳᠠᠭ᠍ᠰᠢ ᠭᠠᠷᠴᠦ〉 ᠵᠠᠬᠢᠶᠠᠯᠠᠭᠠᠳᠤᠰᠬᠤ᠂ ᠵᠠᠬ᠎ᠠ ᠳᠡᠯᠭᠡᠭᠦᠷ᠎ᠢ ᠥᠷᠭᠡᠳᠬᠡᠬᠦ᠎ᠳᠤ ᠬᠦᠴᠦ ᠨᠡᠮᠡᠷᠢᠯᠡᠵᠦ᠂ ᠳᠡᠭᠡᠳᠦ ᠮᠡᠷᠭᠡᠵᠢᠯ᠎ᠦᠨ ᠦᠢᠯᠡᠳᠬᠦᠨ᠎ᠦ ᠭᠠᠳᠠᠭᠠᠳᠤ ᠭᠠᠷᠭᠠᠯᠲᠠ᠎ᠶᠢᠨ ᠰᠢᠨ᠎ᠡ ᠨᠡᠮᠡᠭᠳᠡᠯ᠎ᠦᠨ ᠴᠡᠭ᠎ᠢ ᠪᠣᠢᠵᠢᠭᠤᠯᠤᠨ᠎ᠠ; ᠶᠠᠰᠤ ᠴᠢᠨᠠᠷ᠎ᠢ ᠳᠡᠭᠡᠭᠰᠢᠯᠡᠭᠦᠯᠦᠨ ᠰᠠᠭᠠᠳ ᠦᠭᠡᠢ ᠬᠢᠯᠢ ᠵᠢᠨ ᠪᠣᠭᠣᠮᠲᠠ᠎ᠶᠢ ᠨᠠᠪᠲᠠᠷᠡᠭᠦᠯᠵᠦ᠂ ᠬᠢᠯᠢ ᠠᠯᠤᠰᠯᠠᠭᠰᠠᠨ ᠲᠡᠮᠦᠷ ᠵᠠᠮ᠎ᠤᠨ ᠶᠡᠬᠡ ᠬᠥᠭᠥᠷᠭᠡ᠂ ᠣᠶᠤᠨᠲᠤ ᠬᠢᠯᠢ᠎ᠶᠢᠨ ᠪᠣᠭᠣᠮᠲᠠ᠎ᠶᠢᠨ ᠪᠦᠲᠦᠭᠡᠨ ᠪᠠᠢᠭᠤᠯᠤᠯᠲᠠ ᠶᠢ ᠲᠦᠷᠭᠡᠳᠬᠡᠵᠦ᠂ ᠬᠢᠯᠢ᠎ᠶᠢᠨ ᠠᠷᠠᠳ᠎ᠤᠨ ᠵᠠᠬ᠎ᠠ᠎ᠶᠢᠨ ᠠᠷᠠᠯᠵᠢᠶᠠᠨ᠎ᠤ ᠲᠣᠭᠣᠷᠢᠭ᠋᠎ᠤᠨ ᠪᠣᠭᠣᠮᠲᠠ ᠬᠠᠭᠠᠵᠤ ᠡᠵᠡᠩᠨᠡᠬᠦ᠎ᠶᠢ ᠠᠬᠢᠭᠤᠯᠵᠤ᠂ ᠪᠣᠭᠣᠮᠲᠠ᠎ᠪᠠᠷ ᠥᠩᠭᠡᠷᠡᠬᠦ ᠦᠢᠯᠡᠳᠦᠯ ᠴᠢᠳᠠᠪᠬᠢ᠎ᠶᠢ ᠳᠡᠭᠡᠭᠰᠢᠯᠡᠭᠦᠯᠵᠦ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠎ᠶᠢ ᠪᠦᠲᠦᠭᠡᠨ ᠪᠠᠶ᠋ᠢᠭᠤᠯᠬᠤ ᠲᠠᠯ᠎ᠠ᠎ᠪᠠᠷ ᠰᠢᠨ᠎ᠡ ᠳᠠᠪᠠᠭᠤᠯᠢᠭ᠋᠎ᠢ ᠪᠤᠢ ᠪᠣᠯᠭᠠᠵᠤ᠂ ᠪᠠᠶᠠᠠᠨᠠᠭᠤᠷ ᠬᠤᠳᠠ᠎ᠶᠢᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠪᠠᠶᠠᠨᠨᠠᠭᠤᠷ ᠬᠤᠳᠠ᠎ᠶᠢᠨ ᠬᠤᠳᠠᠯᠳᠤᠭᠠᠨ᠎ᠤ ᠶᠠᠪᠤᠳᠠᠯ᠎ᠤᠨ ᠲᠣᠪᠴᠢᠶᠠᠨ᠎ᠤ ᠳᠠᠷᠤᠭ᠎ᠠ᠂ ᠬᠤᠳᠠ᠎ᠶᠢᠨ ᠬᠢᠯᠢ᠎ᠶᠢᠨ ᠪᠣᠭᠣᠮᠲᠠ᠎ᠶᠢᠨ ᠬᠠᠮᠢᠶᠠᠷᠤᠯᠲᠠ᠎ᠶᠢᠨ ᠠᠯᠪᠠᠨ ᠭᠡᠷ᠎ᠦᠨ ᠡᠷᠬᠢᠯᠡᠭᠴᠢ ᠠᠭᠤᠳᠠᠮ ᠬᠡᠯᠡᠪᠡ᠃
11 ᠰᠠᠷ᠎ᠠ᠎ᠶᠢᠨ 12᠎ᠤ᠋ᠨ ᠦᠳᠡ᠎ᠶᠢᠨ ᠬᠣᠢᠨ᠎ᠠ᠂ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠤᠯᠠᠭᠠᠨᠴᠠᠪ ᠬᠣᠲᠠ᠎ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠲᠡᠭᠰᠢ ᠪᠤᠯᠠᠭ ᠪᠠᠯᠭᠠᠰᠤᠨ᠎ᠤ ᠡᠮᠦᠨ᠎ᠡ ᠠᠢᠯ ᠪᠠᠶᠢᠨ᠎ᠲᠠᠢ ᠨᠡᠢᠭᠡᠮ ᠲᠣᠭᠣᠷᠢᠭ᠋᠎ᠲᠤ ᠬᠦᠷᠴᠦ᠂ ᠲᠤᠬᠠᠢ᠎ᠶᠢᠨ ᠭᠠᠵᠠᠷ᠎ᠤᠨ ᠺᠠᠳ᠋ᠷ ᠣᠯᠠᠨ ᠲᠦᠮᠡᠨ᠎ᠲᠠᠢ ᠰᠠᠨᠠᠯ᠎ᠢᠶᠠᠨ ᠰᠣᠯᠢᠯᠴᠠᠪᠠ᠃ 《ᠡᠮᠦᠨ᠎ᠡ ᠠᠢᠯ᠎ᠤᠨ ᠨᠠᠮ᠎ᠤᠨ ᠶᠡᠷᠦᠩᠬᠡᠢ ᠡᠭᠦᠷ᠎ᠦᠨ ᠱᠦᠵᠢ ᠪᠣᠯᠤᠭᠰᠠᠨ᠎ᠤ ᠬᠤᠪᠢ᠎ᠳᠤ᠂ ᠪᠢ ᠲᠣᠰᠬᠣᠨ᠎ᠤ 〈ᠬᠣᠶᠠᠷ ᠵᠥᠪᠯᠡᠯ〉 ᠤ᠋ᠨ ᠤᠳᠤᠷᠢᠳᠬᠤ ᠪᠠᠭ᠎ᠢ ᠳᠠᠭᠠᠭᠤᠯᠤᠨ ᠤᠨᠤᠯ᠎ᠤᠨ ᠰᠤᠷᠤᠯᠴᠠᠯᠭ᠎ᠠ᠎ᠶᠢ ᠦᠷᠭᠦᠯᠵᠢᠯᠡᠨ ᠰᠠᠢᠲᠤᠷ ᠠᠳᠬᠤᠵᠤ᠂ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ᠎ᠶᠢ ᠪᠠᠷᠢᠮᠲᠠᠯᠠᠵᠤ᠂ ᠤᠯᠠᠨ ᠲᠦᠮᠡᠨ᠎ᠦ ᠵᠣᠭᠰᠣᠯᠲᠠ᠎ᠵᠢ ᠪᠠᠳᠤ ᠰᠠᠬᠢᠵᠦ᠂ ᠠᠷᠠᠳ᠎ᠤᠨ ᠲᠥᠯᠥᠭᠡ ᠭᠡᠬᠦ ᠰᠡᠳᠬᠢᠯᠭᠡ᠎ᠶᠢ ᠵᠤᠵᠠᠭᠠᠳᠬᠠᠨ᠂ ᠡᠮᠦᠨ᠎ᠡ ᠲᠣᠰᠬᠣᠨ᠎ᠤ ᠪᠣᠳᠠᠲᠤ ᠪᠠᠢᠳᠠᠯ᠎ᠳᠤ ᠰᠠᠭᠤᠷᠢᠯᠠᠵᠤ᠂ ᠠᠵᠤ ᠦᠢᠯᠡᠰ᠎ᠦᠨ ᠬᠥᠭᠵᠢᠯᠲᠡ᠂ ᠦᠨᠳᠦᠰᠦᠨ ᠱᠠᠲᠤᠨ᠎ᠤ ᠵᠠᠰᠠᠯᠲᠠ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢᠨ ᠲᠣᠭᠣᠷᠢᠨ᠎ᠳᠤ ᠦᠷᠭᠦᠯᠵᠢᠯᠡᠨ ᠬᠦᠴᠦᠯᠡᠵᠦ᠂ ᠰᠠᠬᠢᠯᠭ᠎ᠠ ᠪᠠᠲᠤ᠎ᠶᠢ ᠴᠢᠩᠭ᠎ᠠ ᠰᠠᠬᠢᠵᠤ᠂ ᠪᠣᠳᠠᠲᠠᠢ᠎ᠶᠢ ᠡᠷᠬᠢᠮᠯᠡᠨ ᠠᠵᠢᠯᠯᠠᠵᠤ᠂ ᠪᠦᠬᠦᠳᠠ ᠬᠤᠷᠠᠯ᠎ᠤᠨ ᠪᠠᠢᠷᠢᠯᠠᠭᠤᠯᠤᠯᠲᠠ᠎ᠶᠢ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠵᠤ᠂ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠤ ᠪᠠᠢᠭ᠎ᠠ ᠵᠦᠢᠯ᠎ᠢ ᠰᠡᠳᠬᠢᠯ ᠲᠠᠯᠪᠢᠨ ᠰᠠᠢᠲᠤᠷ ᠰᠢᠢᠳᠪᠦᠷᠢᠯᠡᠵᠦ᠂ ᠣᠨᠴᠠᠯᠢᠭ᠍ᠲᠤ ᠠᠵᠤ ᠦᠢᠯᠡᠰ᠎ᠢ ᠬᠦᠴᠦᠷᠬᠡᠭᠵᠢᠭᠦᠯᠵᠦ᠂ ᠬᠥᠳᠡᠭᠡ ᠲᠣᠰᠬᠣᠨ᠎ᠤ ᠵᠠᠰᠠᠯᠲᠠ᠎ᠶᠢ ᠪᠣᠳᠠᠲᠠᠢ ᠠᠳᠬᠤᠵᠤ᠂ ᠲᠣᠰᠬᠣᠨ᠎ᠤ ᠠᠷᠠᠳ᠎ᠢ ᠲᠠᠢ᠍ᠢᠴᠢᠯᠠᠨ ᠣᠷᠣᠯᠭ᠎ᠠ᠎ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠦᠢᠯᠡᠴᠢᠯᠡᠭᠡᠨ᠎ᠦ ᠶᠠᠰᠤ ᠴᠢᠨᠠᠷ᠎ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠦᠨᠳᠦᠰᠦᠨ ᠱᠠᠲᠤᠨ᠎ᠳᠤ ᠦᠨᠳᠦᠰᠦᠯᠡᠭᠰᠡᠨ ᠪᠣᠳᠠᠲᠠᠢ ᠬᠠᠷᠢᠭᠤᠴᠠᠯᠭ᠎ᠠ ᠡᠭᠦᠷᠭᠡᠯᠡᠯ᠎ᠢᠶᠡᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠪᠣᠳᠠᠲᠠᠢ᠎ᠳᠤ ᠨᠠᠢᠳᠠᠪᠤᠷᠢᠵᠢᠭᠤᠯᠤᠨ᠎ᠠ》 ᠬᠡᠵᠦ ᠤᠯᠠᠭᠠᠨᠴᠠᠪ ᠬᠣᠲᠠ᠎ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠲᠡᠭᠰᠢ ᠪᠤᠯᠠᠭ ᠪᠠᠯᠭᠠᠰᠤᠨ᠎ᠤ ᠡᠮᠦᠨ᠎ᠡ ᠠᠢᠯ᠎ᠤᠨ ᠨᠠᠮ᠎ᠤᠨ ᠶᠡᠷᠦᠩᠬᠡᠢ ᠡᠭᠦᠷ᠎ᠦᠨ ᠱᠦᠵᠢ᠂ ᠲᠣᠰᠬᠣᠨ᠎ᠤ ᠵᠥᠪᠯᠡᠯ᠎ᠦᠨ ᠡᠷᠬᠢᠯᠡᠭᠴᠢ ᠶᠠᠩ ᠰᠢᠶᠣᠣ ᠵᠢᠶᠦ᠋ᠨ ᠢᠯᠡᠳᠬᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃