10 ᠰᠠᠷ᠎ᠠ᠎ᠶᠢᠨ 26 ᠡᠴᠡ 29 ᠤ᠋ ᠡᠳᠦᠷ ᠪᠣᠯᠲᠠᠯ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠥᠬᠥᠳᠡ ᠬᠤᠷᠠᠯ ᠪᠡᠭᠡᠵᠢᠩ᠎ᠳᠦ ᠢᠯᠠᠯᠲᠠ᠎ᠲᠠᠶ᠎ᠪᠠᠷ ᠬᠤᠷᠠᠯᠳᠤᠪᠠ᠃ ᠡᠨᠡ ᠤᠳᠠᠭ᠎ᠠ᠎ᠶᠢᠨ ᠪᠥᠬᠥᠳᠡ ᠬᠤᠷᠠᠯ ᠪᠣᠯ ᠨᠡᠶ᠋ᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠌ ᠵᠠᠩᠭᠢᠯᠠᠭ᠎ᠠ᠎ᠶᠢᠨ ᠦᠶ᠎ᠡ᠎ᠳᠦ ᠬᠤᠷᠠᠯᠳᠤᠭᠤᠯᠤᠭᠰᠠᠨ ᠨᠢᠭᠡ ᠤᠳᠠᠭ᠎ᠠ᠎ᠶᠢᠨ ᠮᠠᠰᠢ ᠴᠢᠬᠤᠯᠠ ᠬᠤᠷᠠᠯ ᠪᠣᠯᠤᠨ᠎ᠠ᠂ ᠬᠤᠷᠠᠯ᠎ᠡᠴᠡ《ᠨᠠᠮ ᠢ᠋ ᠪᠥᠬᠥ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠠ ᠪᠠᠷᠢᠮᠳᠡᠯᠡᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠶ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶ᠎ᠠ ᠵᠢᠨ ᠲᠣᠭᠲᠠᠭᠠᠯ 》 ᠢ᠋ ᠬᠢᠨᠠᠨ ᠵᠥᠪᠯᠡᠵᠦ᠍ ᠪᠠᠲᠤᠯᠠᠨ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠶ ᠲᠤᠭᠤᠰᠢᠯᠠᠭᠤᠯᠵᠤ᠂ ᠰᠢᠨ᠎ᠡ ᠴᠠᠭ ᠦᠶ᠎ᠡ᠎ᠶᠢᠨ ᠨᠠᠮ᠎ᠢ ᠬᠠᠮᠢᠶᠠᠷᠴᠤ᠌ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ᠌ ᠰᠢᠨ᠎ᠡ ᠪᠠᠶ᠋ᠢᠳᠠᠯ᠎ᠢ ᠲᠠᠰᠤᠷᠠᠯᠲᠠ ᠥᠬᠡᠶ ᠡᠭᠦᠳᠬᠦ᠌ ᠲᠤᠬᠠᠶ ᠤᠷᠢᠶᠠᠯᠠᠭ᠎ᠠ ᠭᠠᠷᠭᠠᠪᠠ᠃ ᠲᠣᠰ ᠡᠳᠦᠷ᠎ᠡᠴᠡ ᠡᠬᠢᠯᠡᠨ᠂ ᠰᠢᠨᠬᠤᠸᠠ ᠬᠣᠷᠢᠶ᠎ᠠ《ᠲᠠᠪᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠦᠨᠳᠦᠰᠦᠨ ᠱᠠᠲᠤᠨ᠎ᠳᠤ 》ᠭᠡᠬᠦ᠌ ᠲᠤᠰᠬᠠᠶ ᠪᠤᠯᠤᠩ ᠨᠡᠭᠡᠭᠡᠵᠦ᠍᠂ ᠰᠤᠷᠪᠤᠯᠵᠢᠯᠠᠭᠴᠢ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ᠌ ᠭᠦᠨᠵᠡᠭᠡᠶ᠋ᠢᠷᠡᠨ ᠰᠤᠷᠪᠤᠯᠵᠢᠯᠠᠵᠤ ᠪᠠᠶ᠋ᠢᠴᠠᠭᠠᠨ ᠰᠤᠳᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠶᠡᠷᠦᠩᠬᠡᠶ ᠱᠦᠵᠢ ᠰᠢ ᠵᠢᠨ ᠫᠢᠩ᠎ᠦᠨ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠠ《ᠲᠣᠭᠲᠠᠭᠠᠯ 》 ᠲᠠᠢ ᠨᠢᠬᠳᠠ ᠤᠶᠠᠯᠳᠤᠭᠤᠯᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠤᠬᠰᠡᠨ ᠠᠮᠢᠳᠤᠯᠢᠭ ᠦᠢᠯᠡᠳᠦᠯᠭᠡ᠎ᠶᠢ ᠲᠤᠰᠬᠠᠵᠤ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠣᠯᠠᠨ ᠲᠦᠮᠡᠨ᠎ᠦ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠪᠠᠷ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠥᠬᠥ᠌ ᠲᠠᠯ᠎ᠠ᠎ᠪᠠᠷ ᠠᠬᠢᠭᠤᠯᠬᠤ ᠣᠶᠤᠨ ᠰᠠᠨᠠᠭᠠᠨ᠎ᠤ ᠳᠦᠷᠰᠦ ᠪᠠᠶ᠋ᠢᠳᠠᠯ ᠪᠠ ᠬᠠᠷᠢᠭᠤᠴᠠᠯᠭ᠎ᠠ ᠡᠭᠦᠷᠭᠡᠯᠡᠯ ᠵᠢᠳᠬᠦᠯ ᠴᠢᠷᠮᠠᠶ᠋ᠢᠯᠭ᠎ᠠ᠎ᠶᠢ ᠢᠯᠡᠷᠡᠭᠦᠯᠬᠦ ᠪᠤᠯᠤᠨ᠎ᠠ᠃