ᠭᠣᠣᠯ ᠰᠡᠳᠦᠪᠲᠦ ᠮᠡᠳᠡᠭᠡᠯᠡᠯ > ᠠᠷᠪᠠᠨ ᠵᠢᠷᠭᠤᠭᠠᠳᠤᠭᠠᠷ ᠬᠤᠭᠤᠴᠠᠭᠠᠨ᠎ᠤ ᠲᠡᠮᠢᠷ᠎ᠤᠨ ᠴᠣᠬ᠍ᠯᠠᠭᠠᠨ

2026-07-23 10:55:39

ᠵᠣᠬᠢᠶᠠᠭ᠍ᠴᠢ᠄ ᠴᠸᠨ ᠨᠠᠷᠠᠨᠳᠤᠨᠭᠭᠠᠯᠠᠭ ᠣᠩᠱᠢᠭ᠍ᠰᠠᠨ ᠣᠳᠠᠭ᠎ᠠ᠄ 3

ᠤᠢᠷ᠎ᠠ ᠳ᠋ᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠲᠠᠢᠺᠢᠨᠳᠤᠤ᠎ᠶᠢᠨ ᠲᠦᠷᠦᠯ ᠵᠦᠢᠯ᠎ᠦᠨ ᠤᠷᠤᠯᠳᠤᠭᠠᠨ ᠪᠤᠭᠤᠲᠤ ᠬᠣᠲᠠ᠎ᠶᠢᠨ ᠪᠡᠶ᠎ᠡ᠎ᠶᠢᠨ ᠲᠠᠮᠢᠷ᠎ᠤᠨ ᠲᠥᠪ᠎ᠲᠤ ᠡᠬᠢᠯᠡᠪᠡ᠃

ᠲᠤᠰ ᠤᠷᠤᠯᠳᠤᠭᠠᠨ᠎ᠢ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ ᠠ᠋ᠴᠠ ᠭᠣᠣᠯᠯᠠᠨ ᠡᠷᠭᠢᠯᠡᠵᠦ᠂ 5 ᠡᠳᠦᠷ᠎ᠤᠨ ᠬᠤᠭᠤᠴᠠᠭ᠎ᠠ ᠲᠠᠢ ᠶᠠᠪᠤᠭᠳᠠᠬᠤ ᠪᠤᠯᠤᠨ᠎ᠠ᠃ ᠤᠷᠤᠯᠳᠤᠭᠠᠨ᠎ᠳᠦ ᠡᠷᠡᠭᠲᠡᠢ᠂ ᠡᠮᠡᠭᠲᠡᠢ᠎ᠶᠢᠨ ᠬᠥᠬᠡ ᠬᠥᠬᠡᠭᠴᠢᠨ ᠤᠯᠠᠭᠠᠨ ᠳᠤᠭᠤᠢᠯᠠᠩ᠎ᠬᠡᠬᠦᠴᠢᠯᠡᠨ ᠨᠡᠢᠳᠡ 6 ᠳᠤᠭᠤᠢᠯᠠᠩ᠎ᠭᠠᠷᠭᠠᠨ᠂ 44 ᠤᠷᠤᠯᠳᠤᠭᠠᠨ᠎ᠤ ᠵᠦᠢᠯ ᠲᠣᠬᠢᠷᠠᠭᠤᠯᠵᠤ᠂ ᠪᠦᠬᠦ ᠣᠷᠣᠨ᠎ᠤ 11 ᠠᠢᠮᠠᠭ ᠬᠣᠲᠠ᠎ᠶᠢᠨ 530 ᠭᠠᠷᠤᠢ ᠲᠠᠰᠬᠠᠯᠵᠢᠭᠤᠯᠤᠭᠴᠢ ᠲᠠᠮᠢᠷᠴᠢᠨ ᠣᠷᠣᠯᠴᠠᠵᠠᠢ᠃

ᠪᠤᠭᠤᠲᠤ ᠬᠣᠲᠠ᠎ᠶᠢᠨ ᠪᠡᠶ᠎ᠡ᠎ᠶᠢᠨ ᠲᠠᠮᠢᠷ᠎ᠤᠨ ᠲᠣᠪᠴᠢᠶ᠎ᠠ ᠵᠢᠨ ᠬᠢᠨ ᠥᠨᠳᠥᠷ ᠪᠠᠷᠢᠮᠵᠢᠶ᠎ᠠ᠎ᠪᠠᠷ ᠤᠷᠤᠯᠳᠤᠭᠠᠨ ᠡᠷᠭᠢᠯᠡᠬᠦ ᠱᠠᠭᠠᠷᠳᠠᠯᠭ᠎ᠠ᠎ᠵᠢ ᠪᠠᠷᠢᠮᠳᠠᠯᠠᠵᠤ᠂ ᠤᠷᠤᠯᠳᠤᠭᠠᠨ᠎ᠢ ᠵᠣᠬᠢᠶᠠᠨ ᠪᠠᠶ᠋ᠢᠭᠤᠯᠬᠤ ᠠᠵᠢᠯ᠎ᠢ ᠬᠢᠨᠠᠮᠠᠭᠠᠢ ᠨᠠᠢᠳᠠᠪᠤᠷᠢᠵᠢᠭᠤᠯᠵᠤ᠂ ᠪᠥᠬᠥ ᠶᠠᠪᠤᠴᠠ᠎ᠶᠢᠨ ᠠᠷᠤ ᠲᠠᠯ᠎ᠠ᠎ᠶᠢᠨ ᠦᠢᠯᠡᠴᠢᠯᠡᠭᠡᠨ᠎ᠦ ᠪᠠᠲᠤᠯᠠᠭ᠎ᠠ᠎ᠶᠢ ᠪᠣᠳᠠᠲᠠᠢ ᠠᠳᠬᠤᠵᠤ᠂ ᠤᠷᠤᠯᠳᠤᠭᠠᠨ᠎ᠳᠤ ᠣᠷᠣᠯᠴᠠᠬᠤ ᠲᠠᠮᠢᠷᠴᠢᠳ᠎ᠤᠨ ᠢᠳᠡᠵᠦ ᠤᠤᠭᠤᠬᠤ ᠬᠣᠨᠣᠵᠤ ᠬᠡᠪᠲᠡᠬᠦ ᠶᠠᠪᠤᠳᠠᠯ᠎ᠳᠤ ᠨᠠᠷᠢᠯᠢᠭ᠋ ᠦᠢᠯᠡᠴᠢᠯᠡᠭᠡ ᠪᠠᠳᠤᠯᠠᠭ᠎ᠠ ᠬᠠᠩᠭᠠᠨ᠂ ᠡᠮᠴᠢᠯᠡᠭᠡ᠂ ᠠᠮᠤᠷ᠎ᠢ ᠬᠠᠮᠠᠭᠠᠯᠠᠬᠤ᠂ ᠵᠠᠮ ᠬᠠᠷᠢᠯᠴᠠᠭ᠎ᠠ᠂ ᠰᠠᠢᠨ ᠳᠤᠷ᠎ᠠ᠎ᠶᠢᠨ ᠦᠢᠯᠡᠴᠢᠯᠡᠭᠡ ᠵᠡᠷᠭᠡ ᠠᠵᠢᠯ᠎ᠢ ᠰᠠᠢᠲᠤᠷ ᠬᠢᠵᠦ ᠤᠷᠤᠯᠳᠤᠭᠠᠨ᠎ᠤ ᠤᠷᠤᠭᠰᠢᠲᠠᠢ ᠶᠠᠪᠤᠭᠳᠠᠬᠤ᠎ᠶᠢ ᠪᠥᠬᠥ ᠬᠦᠴᠦᠨ᠎ᠢᠶᠡᠷ ᠪᠠᠲᠤᠯᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面