ᠭᠣᠣᠯ ᠰᠡᠳᠦᠪᠲᠦ ᠮᠡᠳᠡᠭᠡᠯᠡᠯ > ᠠᠷᠪᠠᠨ ᠵᠢᠷᠭᠤᠭᠠᠳᠤᠭᠠᠷ ᠬᠤᠭᠤᠴᠠᠭᠠᠨ᠎ᠤ ᠲᠡᠮᠢᠷ᠎ᠤᠨ ᠴᠣᠬ᠍ᠯᠠᠭᠠᠨ

2026-07-28 09:14:30

ᠵᠣᠬᠢᠶᠠᠭ᠍ᠴᠢ᠄ ᠴᠸᠨ ᠨᠠᠷᠠᠨᠳᠤᠨᠭᠭᠠᠯᠠᠭ ᠣᠩᠱᠢᠭ᠍ᠰᠠᠨ ᠣᠳᠠᠭ᠎ᠠ᠄ 3

ᠤᠢᠷ᠎ᠠ ᠳ᠋ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ 《ᠪᠤᠭᠤᠲᠤ᠎ᠶᠢᠨ ᠬᠥᠩᠭᠡᠨᠴᠠᠭᠠᠨ᠎ᠤ ᠦᠢᠯᠡᠰ ᠬᠤᠨᠳᠠᠭᠠᠲᠤ》 ᠰᠤᠷ ᠬᠠᠷᠪᠤᠯᠲᠠ᠎ᠶᠢᠨ ᠤᠷᠤᠯᠳᠤᠭᠠᠨ ᠪᠤᠭᠤᠲᠤ ᠬᠣᠲᠠ᠎ᠳᠤ ᠡᠬᠢᠯᠡᠪᠡ᠃

ᠲᠤᠰ ᠤᠷᠤᠯᠳᠤᠭᠠᠨ᠎ᠢ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ ᠠ᠋ᠴᠠ ᠭᠣᠣᠯᠯᠠᠨ ᠡᠷᠭᠢᠯᠡᠵᠦ᠂ 5 ᠡᠳᠦᠷ᠎ᠦᠨ ᠬᠤᠭᠤᠴᠠᠭ᠎ᠠ᠎ᠲᠠᠢ ᠶᠠᠪᠤᠭᠳᠠᠪᠠ᠃ ᠤᠷᠤᠯᠳᠤᠭᠠᠨ᠎ᠳᠦ ᠡᠮᠡᠭᠲᠡᠢ᠎ᠶᠢᠨ U18᠂ U16᠂ U14 ᠵᠢᠴᠢ ᠡᠷᠡᠭᠲᠠᠢ ᠡᠮᠡᠭᠲᠠᠢ ᠬᠠᠮᠳᠤᠷᠠᠭᠰᠠᠨ U18᠂ U16 ᠪᠦᠯᠬᠦᠮ᠎ᠦᠨ ᠤᠷᠤᠯᠳᠤᠭᠠᠨ ᠵᠡᠷᠭᠡ 42 ᠤᠷᠤᠯᠳᠤᠭᠠᠨ᠎ᠤ ᠵᠦᠢᠯ᠎ᠢ ᠲᠣᠬᠢᠷᠠᠭᠤᠯᠵᠤ᠂ ᠪᠥᠬᠥ ᠣᠷᠣᠨ᠎ᠤ 11 ᠠᠢᠮᠠᠭ ᠬᠣᠲᠠ᠎ᠶᠢᠨ ᠲᠥᠯᠥᠭᠡᠯᠡᠭᠴᠢᠳ᠎ᠦᠨ ᠠᠩᠭᠢ᠎ᠶᠢᠨ 237 ᠲᠠᠮᠢᠷᠴᠢᠨ᠂ ᠳᠠᠰᠬᠠᠯᠵᠢᠭᠤᠯᠤᠭ᠍ᠴᠢ ᠤᠷᠤᠯᠴᠠᠪᠠ᠃

ᠤᠷᠤᠯᠳᠤᠭᠠᠨ ᠡᠬᠢᠯᠡᠭᠰᠡᠨ ᠠᠩᠬᠠᠨ᠎ᠤ ᠡᠳᠦᠷ᠂ ᠪᠤᠭᠤᠲᠤ᠎ᠶᠢᠨ ᠲᠥᠯᠥᠭᠡᠯᠡᠭᠴᠢᠳ᠎ᠦᠨ ᠠᠩᠭᠢ ᠭᠠᠷᠮᠠᠭᠠᠢ ᠢᠯᠡᠷᠡᠯ᠎ᠶ᠋ᠢᠡᠷ 3 ᠠᠯᠲᠠᠨ ᠮᠧᠳᠠᠯ᠂ 1 ᠮᠥᠩᠭᠥᠨ ᠮᠧᠳᠠᠯ᠂ 2 ᠬᠦᠷᠡᠯ ᠮᠧᠳᠠᠯ᠎ᠤᠨ ᠰᠠᠢᠨ ᠬᠢᠷᠢ ᠪᠦᠲᠦᠮᠵᠢ ᠣᠯᠵᠠᠢ᠃ ᠪᠤᠭᠤᠲᠤ ᠬᠣᠲᠠ᠎ᠶᠢᠨ ᠪᠡᠶ᠎ᠡ᠎ᠶᠢᠨ ᠲᠠᠮᠢᠷ᠎ᠤᠨ ᠲᠣᠪᠴᠢᠶ᠎ᠠ ᠵᠢᠨ ᠬᠢᠨ ᠥᠨᠳᠥᠷ ᠪᠠᠷᠢᠮᠵᠢᠶ᠎ᠠ᠎ᠪᠠᠷ ᠤᠷᠤᠯᠳᠤᠭᠠᠨ ᠡᠷᠭᠢᠯᠡᠬᠦ ᠱᠠᠭᠠᠷᠳᠠᠯᠭ᠎ᠠ᠎ᠪᠠᠷ ᠤᠷᠤᠯᠳᠤᠭᠠᠨ᠎ᠢ ᠵᠣᠬᠢᠶᠠᠨ ᠪᠠᠶ᠋ᠢᠭᠤᠯᠬᠤ ᠠᠵᠢᠯ᠎ᠢ ᠬᠢᠨᠠᠮᠠᠭᠠᠢ ᠨᠠᠢᠳᠠᠪᠤᠷᠢᠵᠢᠭᠤᠯᠵᠤ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠥᠬᠥ ᠤᠯᠤᠰ᠎ᠤᠨ ᠪᠡᠶ᠎ᠡ ᠵᠢᠨ ᠲᠠᠮᠢᠷ᠎ᠤᠨ ᠴᠤᠭᠯᠠᠭᠠᠨ᠎ᠤ ᠪᠠᠷᠢᠮᠵᠢᠶ᠎ᠠ᠎ᠶᠢ ᠴᠢᠩᠭ᠎ᠠ ᠵᠢᠷᠤᠮᠯᠠᠨ ᠤᠷᠤᠯᠳᠤᠭᠠᠨ᠎ᠤ ᠠᠮᠤᠷ ᠲᠦᠪᠰᠢᠨ᠎ᠢ ᠪᠦᠬᠦ ᠲᠠᠯ᠎ᠠ ᠪᠡᠷ ᠪᠠᠳᠤᠯᠠᠪᠠ᠃ ᠡᠭᠦᠨ᠎ᠦ ᠬᠠᠮᠲᠤ ᠤᠯᠠᠨ ᠰᠠᠯᠠᠭ᠎ᠠ ᠮᠥᠴᠢᠷ᠎ᠢ ᠨᠢᠭᠡᠳᠦᠯᠲᠡᠢ ᠲᠥᠯᠥᠪᠵᠢᠭᠦᠯᠦᠨ ᠡᠮ ᠡᠮᠨᠡᠯᠭᠡ᠂ ᠠᠮᠤᠷ᠎ᠢ ᠬᠠᠮᠠᠭᠠᠯᠠᠬᠤ᠂ ᠵᠠᠮ ᠬᠠᠷᠢᠯᠴᠠᠭ᠎ᠠ᠂ ᠰᠠᠢᠨ ᠳᠤᠷ᠎ᠠ᠎ᠶᠢᠨ ᠦᠢᠯᠡᠴᠢᠯᠡᠭᠡ ᠵᠡᠷᠭᠡ ᠠᠵᠢᠯ᠎ᠢ ᠰᠠᠢᠲᠤᠷ ᠬᠢᠵᠦ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠰᠤᠷ ᠬᠠᠷᠪᠤᠯᠲᠠ᠎ᠶᠢᠨ ᠲᠦᠷᠦᠯ ᠵᠦᠢᠯ᠎ᠦᠨ ᠤᠷᠤᠯᠳᠤᠭᠠᠨ᠎ᠤ ᠤᠷᠤᠭᠰᠢᠲᠠᠢ ᠶᠠᠪᠤᠭᠳᠠᠬᠤ᠎ᠶᠢ ᠪᠦᠬᠦ ᠬᠦᠴᠦᠨ᠎ᠢᠶᠡᠷ ᠪᠠᠲᠤᠯᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面