ᠭᠣᠣᠯ ᠰᠡᠳᠦᠪᠲᠦ ᠮᠡᠳᠡᠭᠡᠯᠡᠯ > ᠠᠷᠪᠠᠨ ᠵᠢᠷᠭᠤᠭᠠᠳᠤᠭᠠᠷ ᠬᠤᠭᠤᠴᠠᠭᠠᠨ᠎ᠤ ᠲᠡᠮᠢᠷ᠎ᠤᠨ ᠴᠣᠬ᠍ᠯᠠᠭᠠᠨ

2026-08-05 15:45:43

ᠵᠣᠬᠢᠶᠠᠭ᠍ᠴᠢ᠄ ᠴᠸᠨ ᠨᠠᠷᠠᠨᠳᠤᠨᠭᠭᠠᠯᠠᠭ ᠣᠩᠱᠢᠭ᠍ᠰᠠᠨ ᠣᠳᠠᠭ᠎ᠠ᠄ 3

8 ᠰᠠᠷ᠎ᠠ᠎ᠶᠢᠨ 3᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ 《ᠪᠤᠭᠤᠲᠤ᠎ᠶᠢᠨ ᠪᠣᠯᠣᠳ ᠲᠡᠮᠦᠷ᠎ᠦᠨ ᠬᠤᠪᠢᠴᠠᠭᠠᠳᠤ ᠬᠤᠨᠳᠠᠭᠠᠲᠤ》 ᠰᠠᠭᠰᠤᠨ ᠪᠥᠮᠪᠥᠭᠡ᠎ᠶᠢᠨ ᠲᠦᠷᠦᠯ ᠵᠦᠢᠯ᠎ᠤᠨ ᠤᠷᠤᠯᠳᠤᠭᠠᠨ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠳᠦ ᠡᠬᠢᠯᠡᠪᠡ᠃

ᠲᠤᠰ ᠤᠷᠤᠯᠳᠤᠭᠠᠨ᠎ᠢ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠠ᠋ᠴᠠ ᠭᠣᠣᠯᠯᠠᠨ ᠡᠷᠭᠢᠯᠡᠵᠦ᠂ 11 ᠡᠳᠦᠷ ᠶᠠᠪᠤᠭᠳᠠᠨ᠎ᠠ᠃ ᠡᠷᠡᠭᠲᠡᠢ ᠡᠮᠡᠭᠲᠡᠢ᠎ᠶᠢᠨ ᠬᠥᠬᠡ ᠬᠥᠬᠡᠭᠴᠢᠨ ᠤᠯᠠᠭᠠᠨ ᠬᠡᠬᠦᠴᠢᠯᠡᠨ ᠨᠡᠢᠳᠡ 6 ᠳᠤᠭᠤᠢᠯᠠᠩ ᠲᠣᠬᠢᠷᠠᠭᠤᠯᠵᠤ᠂ ᠪᠥᠬᠥ ᠣᠷᠣᠨ᠎ᠤ 11 ᠠᠢᠮᠠᠭ ᠬᠣᠲᠠ᠎ᠶᠢᠨ 807 ᠲᠠᠰᠬᠠᠯᠵᠢᠭᠤᠯᠤᠭᠴᠢ᠂ ᠲᠠᠮᠢᠷᠴᠢᠨ ᠤᠷᠤᠯᠳᠤᠭᠠᠨ᠎ᠳᠤ ᠣᠷᠣᠯᠴᠠᠵᠠᠢ᠃

ᠪᠤᠭᠤᠲᠤ ᠬᠣᠲᠠ᠎ᠶᠢᠨ ᠪᠡᠶ᠎ᠡ᠎ᠶᠢᠨ ᠲᠠᠮᠢᠷ᠎ᠤᠨ ᠲᠣᠪᠴᠢᠶ᠎ᠠ ᠤᠷᠤᠯᠳᠤᠭᠠᠨ᠎ᠢ ᠵᠣᠬᠢᠶᠠᠨ ᠪᠠᠶ᠋ᠢᠭᠤᠯᠬᠤ ᠠᠵᠢᠯ᠎ᠢ ᠬᠢᠨᠠᠮᠠᠭᠠᠢ ᠨᠠᠢᠳᠠᠪᠤᠷᠢᠵᠢᠭᠤᠯᠵᠤ᠂ ᠲᠤᠰᠬᠠᠢ ᠮᠡᠷᠭᠡᠵᠢᠯ᠎ᠦᠨ ᠪᠠᠷᠢᠮᠵᠢᠶ᠎ᠠ᠎ᠶᠢ ᠴᠢᠩᠭ᠎ᠠ ᠵᠢᠷᠤᠮᠯᠠᠨ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠪᠡᠶ᠎ᠡ᠎ᠶᠢᠨ ᠲᠠᠮᠢᠷ᠎ᠤᠨ ᠣᠷᠳᠣᠨ ᠪᠠ ᠪᠤᠭᠤᠳᠦ ᠬᠤᠲᠠ᠎ᠶᠢᠨ ᠬᠦᠨᠳᠡᠯᠡᠨ ᠲᠣᠭᠣᠷᠢᠭ᠋᠎ᠤᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠪ᠎ᠲᠦ 4 ᠤᠷᠤᠯᠳᠤᠭᠠᠨ᠎ᠤ ᠲᠠᠯᠠᠪᠤᠷ ᠪᠠᠢᠷᠢᠯᠠᠭᠤᠯᠵᠤ᠂ ᠣᠯᠠᠨ ᠰᠠᠯᠠᠭ᠎ᠠ ᠮᠥᠴᠢᠷ᠎ᠢ ᠨᠢᠭᠡᠳᠦᠯᠲᠡᠢ ᠲᠥᠯᠥᠪᠯᠡᠨ ᠡᠮᠴᠢᠯᠡᠭᠡ᠂ ᠠᠮᠤᠷ᠎ᠢ ᠬᠠᠮᠠᠭᠠᠯᠠᠬᠤ᠂ ᠵᠠᠮ ᠬᠠᠷᠢᠯᠴᠠᠭ᠎ᠠ᠂ ᠰᠠᠢᠨ ᠳᠤᠷ᠎ᠠ᠎ᠶᠢᠨ ᠦᠢᠯᠡᠴᠢᠯᠡᠭᠡ ᠵᠡᠷᠭᠡ ᠠᠵᠢᠯ᠎ᠢ ᠰᠠᠢᠲᠤᠷ ᠬᠢᠵᠦ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠰᠠᠭᠰᠤᠨ ᠪᠥᠮᠪᠥᠭᠡ᠎ᠶᠢᠨ ᠲᠥᠷᠥᠯ ᠵᠦᠢᠯ᠎ᠦᠨ ᠤᠷᠤᠯᠳᠤᠭᠠᠨ᠎ᠤ ᠤᠷᠤᠭᠰᠢᠲᠠᠢ ᠶᠠᠪᠤᠭᠳᠠᠬᠤ᠎ᠶᠢ ᠪᠥᠬᠥ ᠲᠠᠯ᠎ᠠ ᠪᠡᠷ ᠪᠠᠳᠤᠯᠠᠬᠤ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面