ᠭᠣᠣᠯ ᠰᠡᠳᠦᠪᠲᠦ ᠮᠡᠳᠡᠭᠡᠯᠡᠯ > ᠠᠷᠪᠠᠨ ᠵᠢᠷᠭᠤᠭᠠᠳᠤᠭᠠᠷ ᠬᠤᠭᠤᠴᠠᠭᠠᠨ᠎ᠤ ᠲᠡᠮᠢᠷ᠎ᠤᠨ ᠴᠣᠬ᠍ᠯᠠᠭᠠᠨ

2026-08-10 10:12:37

ᠵᠣᠬᠢᠶᠠᠭ᠍ᠴᠢ᠄ ᠴᠸᠨ ᠨᠠᠷᠠᠨᠳᠤᠨᠭᠭᠠᠯᠠᠭ ᠨᠠᠮᠤᠭ ᠠᠯᠤᠰ ᠸ·ᠭᠡᠷᠡᠯᠳᠦ ᠣᠩᠱᠢᠭ᠍ᠰᠠᠨ ᠣᠳᠠᠭ᠎ᠠ᠄ 3

8 ᠰᠠᠷ᠎ᠠ᠎ᠶᠢᠨ 8᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠷᠠᠳᠢᠣ᠋ ᠪᠡᠶ᠎ᠡ᠎ᠶᠢᠨ ᠲᠠᠮᠢᠷ᠎ᠤᠨ ᠤᠷᠤᠯᠳᠤᠭᠠᠨ ᠪᠤᠭᠤᠲᠤ ᠬᠣᠲᠠ᠎ᠶᠢᠨ ᠠᠷᠠᠳ᠎ᠤᠨ ᠲᠠᠯᠠᠪᠠᠶ᠎ᠳᠤ ᠡᠬᠢᠯᠡᠪᠡ᠃ ᠲᠣᠰ ᠤᠳᠠᠭᠠᠨ᠎ᠤ ᠤᠷᠤᠯᠳᠤᠭᠠᠨ᠎ᠳᠤ ᠪᠥᠬᠥ ᠣᠷᠣᠨ᠎ᠤ 9 ᠠᠢᠮᠠᠭ ᠬᠣᠲᠠ᠎ᠶᠢᠨ ᠲᠥᠯᠥᠭᠡᠯᠡᠭᠴᠢᠳ᠎ᠦᠨ ᠠᠩᠭᠢ᠎ᠶᠢᠨ 160 ᠭᠠᠷᠤᠢ ᠲᠠᠮᠢᠷᠴᠢᠨ ᠤᠷᠤᠯᠳᠤᠭᠠᠨ᠎ᠳᠤ ᠣᠷᠣᠯᠴᠠᠪᠠ᠃

ᠤᠷᠤᠯᠳᠤᠭᠠᠨ᠎ᠤ ᠠᠬᠤᠢ ᠲᠠᠯᠠᠪᠠᠶ᠎ᠬᠥᠷ ᠬᠥᠭᠵᠢᠶᠡᠨᠳᠤ ᠠᠭᠤᠷ ᠠᠮᠢᠰᠬᠤᠯ᠎ᠶ᠋ᠢᠡᠷ ᠪᠢᠯᠬᠠᠵᠦ᠂ ᠡᠯ᠎ᠡ ᠡᠩᠨᠡᠭᠡ᠎ᠶᠢᠨ ᠭᠡᠰᠢᠭᠦᠳ ᠴᠤᠭ ᠵᠢᠪᠬᠤᠭ᠎ᠠ᠎ᠲᠡᠭᠦᠯᠳᠡᠷ᠂ ᠠᠯᠬᠤᠭ᠎ᠠ ᠢᠳᠡᠷᠡᠭᠦᠨ᠂ ᠬᠥᠳᠡᠯᠦᠯ ᠪᠠᠷᠢᠯ ᠨᠢ ᠵᠢᠷᠤᠮᠵᠢᠯ᠎ᠲᠠᠢ ᠪᠠᠢᠵᠦ᠂ ᠥᠭᠡᠳᠡᠯᠡᠨ ᠲᠠᠪᠰᠢᠵᠤ ᠡᠷᠡᠯᠬᠡᠭᠯᠡᠨ ᠲᠡᠮᠡᠴᠡᠬᠦ ᠤᠶᠤᠨ ᠰᠠᠨᠠᠭᠠᠨ᠎ᠤ ᠳᠦᠷᠰᠦ ᠪᠠᠢᠳᠠᠯ᠎ᠢᠶᠠᠨ ᠭᠦᠢᠴᠡᠳ ᠢᠯᠡᠷᠡᠭᠦᠯᠪᠡ᠃

ᠣᠯᠠᠨ ᠲᠦᠮᠡᠨᠴᠢ ᠳᠤᠭᠤᠢᠯᠠᠩ᠎ᠤᠨ ᠭᠣᠣᠯᠳᠠᠯᠭ᠎ᠠ᠎ᠲᠠᠢ ᠤᠷᠤᠯᠳᠤᠭᠠᠨ᠎ᠤ ᠨᠢᠭᠡ ᠪᠣᠯᠤᠭᠰᠠᠨ᠎ᠤ ᠬᠤᠪᠢ᠎ᠳᠤ᠂ ᠷᠠᠳᠢᠣ᠋ ᠪᠡᠶ᠎ᠡ᠎ᠶᠢᠨ ᠲᠠᠮᠢᠷ᠎ᠤᠨ ᠵᠦᠢᠯᠡᠰ ᠨᠢ ᠣᠯᠠᠨ ᠲᠦᠮᠡᠨ᠎ᠳᠦ ᠦᠷᠭᠡᠨ᠎ᠶ᠋ᠢᠡᠷ ᠲᠠᠭᠠᠰᠢᠶᠠᠭᠳᠠᠵᠦ᠂ ᠲᠦᠭᠡᠮᠡᠯᠵᠢᠭᠰᠡᠨ ᠬᠡᠮᠵᠢᠶ᠎ᠡ ᠨᠢ ᠥᠨᠳᠥᠷ ᠪᠠᠢᠳᠠᠭ᠃ ᠤᠷᠤᠯᠳᠤᠭᠠᠨ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠲᠠᠪᠴᠠᠩ᠎ᠳᠤ ᠲᠦᠰᠢᠭᠯᠡᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠣᠢᠯᠠᠭᠠᠭᠳᠠᠬᠤᠨ᠎ᠢ ᠣᠯᠠᠨ ᠲᠦᠮᠡᠨ᠎ᠦ ᠳᠤᠮᠳᠠ ᠭᠦᠨᠵᠡᠭᠡᠢᠷᠡᠭᠦᠯᠬᠦ᠎ᠶᠢ ᠤᠯᠠᠮ ᠠᠬᠢᠭᠤᠯᠵᠤ᠂ ᠨᠠᠩ ᠣᠯᠠᠨ ᠬᠣᠲᠠ᠎ᠶᠢᠨ ᠠᠷᠠᠳ᠎ᠢ ᠬᠥᠲᠥᠯᠥᠨ ᠵᠢᠯᠤᠭᠣᠳᠴᠤ ᠭᠡᠷ᠎ᠡᠴᠡ᠎ᠪᠡᠨ ᠭᠠᠷᠴᠤ ᠪᠡᠶ᠎ᠡ᠎ᠶᠢᠨ ᠲᠠᠮᠢᠷ᠎ᠤᠨ ᠪᠣᠯᠪᠠᠰᠤᠷᠠᠯ᠎ᠳᠤ ᠢᠯᠡᠭᠦᠭᠡᠨ ᠣᠷᠣᠯᠴᠠᠭᠤᠯᠵᠤ᠂ ᠬᠥᠮᠥᠨ ᠪᠣᠯᠭᠠᠨ ᠪᠡᠶ᠎ᠡ ᠴᠢᠭᠢᠷᠠᠭᠵᠢᠭᠤᠯᠵᠤ᠂ ᠡᠷᠡᠭᠦᠯ ᠮᠡᠨᠳᠦ᠎ᠶᠢ ᠡᠳ᠋ᠯᠡᠬᠦ ᠥᠳᠬᠡᠨ ᠵᠤᠵᠠᠭᠠᠨ ᠠᠭᠤᠷ ᠠᠮᠢᠰᠬᠤᠯ᠎ᠢ ᠪᠣᠶ ᠪᠣᠯᠭᠠᠬᠤ ᠵᠢ ᠵᠤᠷᠢᠵᠦ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面