ᠭᠣᠣᠯ ᠰᠡᠳᠦᠪᠲᠦ ᠮᠡᠳᠡᠭᠡᠯᠡᠯ > ᠠᠷᠪᠠᠨ ᠵᠢᠷᠭᠤᠭᠠᠳᠤᠭᠠᠷ ᠬᠤᠭᠤᠴᠠᠭᠠᠨ᠎ᠤ ᠲᠡᠮᠢᠷ᠎ᠤᠨ ᠴᠣᠬ᠍ᠯᠠᠭᠠᠨ

2026-08-11 10:24:01

ᠵᠣᠬᠢᠶᠠᠭ᠍ᠴᠢ᠄ ​ ᠴᠸᠨ ᠨᠠᠷᠠᠨᠳᠤᠨᠭᠭᠠᠯᠠᠭ ᠣᠩᠱᠢᠭ᠍ᠰᠠᠨ ᠣᠳᠠᠭ᠎ᠠ᠄ 3

ᠤᠢᠷ᠎ᠠ ᠎ᠳᠦ ᠦᠪᠦᠷ ᠮᠤᠨᠭᠭᠤᠯ ᠎ᠤᠨ ᠦᠪᠡᠷᠲᠡᠭᠡᠨ ᠵᠠᠰᠠᠬᠤ ᠤᠷᠤᠨ ᠎ᠤ ᠠᠷᠪᠠᠨ ᠵᠢᠷᠭᠤᠳᠤᠭᠠᠷ ᠬᠤᠭᠤᠴᠠᠭᠠᠨ ᠎ᠤ ᠪᠡᠶ᠎ᠡ ᠎ᠶᠢᠨ ᠲᠠᠮᠢᠷ ᠎ᠤᠨ ᠴᠤᠭᠯᠠᠭᠠᠨ ᠎ᠤ ᠳᠤᠭᠤᠢ ᠲᠡᠷᠭᠡᠨ ᠎ᠦ ᠲᠥᠷᠥᠯ ᠵᠦᠢᠯ᠎ᠦᠨ ᠤᠷᠤᠯᠳᠤᠭᠠᠨ ᠪᠤᠭᠤᠲᠤ ᠬᠣᠲᠠ᠎ᠳᠤ ᠡᠬᠢᠯᠡᠪᠡ ᠃

ᠲᠤᠰ ᠤᠷᠤᠯᠳᠤᠭᠠᠨ ᠎ᠢ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ ᠎ᠤ ᠠᠷᠠᠳ ᠎ᠤᠨ ᠵᠠᠰᠠᠭ ᠎ᠤᠨ ᠣᠷᠳᠣᠨ᠎ᠡᠴᠡ ᠭᠣᠣᠯᠯᠠᠨ ᠡᠷᠬᠢᠯᠡᠵᠤ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ ᠎ᠤ ᠪᠡᠶ᠎ᠡ᠎ᠶᠢᠨ ᠲᠠᠮᠢᠷ ᠎ᠤᠨ ᠲᠣᠪᠴᠢᠶ᠎ᠠ᠂ ᠪᠤᠭᠤᠲᠤ ᠬᠤᠳᠠ᠎ᠶᠢᠨ ᠠᠷᠠᠳ ᠎ᠤᠨ ᠵᠠᠰᠠᠭ ᠎ᠤᠨ ᠣᠷᠳᠣᠨ ᠬᠠᠮᠲᠤ ᠪᠠᠷ ᠳᠠᠭᠠᠭᠠᠨ ᠡᠷᠬᠢᠯᠡᠪᠡ᠃ ᠲᠤᠰ ᠤᠷᠤᠯᠳᠤᠭᠠᠨ᠎ᠳᠦ ᠡᠷᠡᠭᠲᠡᠢ᠂ ᠡᠮᠡᠭᠲᠡᠢ᠎ᠶᠢᠨ ᠬᠥᠬᠡ᠂ ᠬᠥᠬᠡᠭᠴᠢᠨ ᠳᠤᠭᠤᠢᠯᠠᠩ ᠪᠠ ᠡᠷᠡᠭᠲᠠᠢ ᠡᠮᠡᠭᠲᠠᠢ ᠬᠠᠮᠳᠤᠷᠠᠭᠰᠠᠨ ᠪᠦᠯᠬᠦᠮ᠎ᠤᠨ ᠤᠷᠤᠯᠳᠤᠭᠠᠨ ᠵᠡᠷᠭᠡ 5 ᠳᠤᠭᠤᠢᠯᠠᠩ᠎ᠤᠨ 24 ᠤᠷᠤᠯᠳᠤᠭᠠᠨ᠎ᠤ ᠵᠦᠢᠯ᠎ᠢ ᠲᠣᠬᠢᠷᠠᠭᠤᠯᠵᠠᠢ᠃

ᠳᠤᠭᠤᠢ ᠲᠡᠷᠭᠡᠨ᠎ᠦ ᠲᠥᠷᠥᠯ ᠵᠦᠢᠯ ᠨᠢ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ ᠎ᠶᠢᠨ ᠲᠠᠮᠢᠷ ᠎ᠤᠨ ᠬᠥᠳᠡᠯᠭᠡᠭᠡᠨ᠎ᠦ ᠰᠣᠨᠢᠷᠬᠠᠯᠳᠤ ᠴᠢᠨᠠᠷ᠎ᠪᠦᠬᠦᠢ ᠵᠠᠯᠠᠭᠤᠴᠤᠳ ᠪᠠᠭᠠᠴᠤᠳ ᠎ᠤᠨ ᠤᠷᠤᠯᠳᠤᠭᠠᠨ ᠎ᠤ ᠲᠥᠷᠥᠯ ᠵᠦᠢᠯ ᠪᠣᠯᠤᠭᠰᠠᠨ᠎ᠤ ᠬᠤᠪᠢ᠎ᠳᠤ ᠡᠯ᠎ᠡ ᠠᠢᠮᠠᠭ ᠬᠤᠳᠠ᠎ᠶᠢᠨ ᠲᠠᠮᠢᠷᠴᠢᠳ ᠢᠳᠡᠪᠬᠢᠲᠠᠢ ᠦᠭᠡᠳᠡᠷᠭᠡᠭ ᠲᠦᠷᠰᠦ ᠪᠠᠢᠳᠠᠯ᠎ᠶ᠋ᠢᠡᠷ ᠦᠷᠢᠰᠦᠯᠳᠦᠵᠦ᠂ ᠲᠠᠮᠢᠷᠴᠢᠳ ᠎ᠤᠨ ᠰᠢᠨᠲᠠᠷᠠᠰᠢ ᠦᠭᠡᠢ ᠲᠡᠮᠡᠴᠡᠬᠦ ᠪᠡᠶ᠎ᠡ᠎ᠶᠢᠨ ᠲᠠᠮᠢᠷ᠎ᠤᠨ ᠵᠣᠷᠢᠭ᠋ ᠰᠠᠨᠠᠭ᠎ᠠ ᠎ᠶᠢ ᠭᠦᠢᠴᠡᠳ ᠢᠯᠡᠷᠡᠭᠦᠯᠪᠡ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面