ᠭᠣᠣᠯ ᠰᠡᠳᠦᠪᠲᠦ ᠮᠡᠳᠡᠭᠡᠯᠡᠯ > ᠠᠷᠪᠠᠨ ᠵᠢᠷᠭᠤᠭᠠᠳᠤᠭᠠᠷ ᠬᠤᠭᠤᠴᠠᠭᠠᠨ᠎ᠤ ᠲᠡᠮᠢᠷ᠎ᠤᠨ ᠴᠣᠬ᠍ᠯᠠᠭᠠᠨ

2026-05-19 10:44:48

ᠵᠣᠬᠢᠶᠠᠭ᠍ᠴᠢ᠄ ᠴᠸᠨ ᠨᠠᠷᠠᠨᠳᠤᠨᠭᠭᠠᠯᠠᠭ ᠣᠩᠱᠢᠭ᠍ᠰᠠᠨ ᠣᠳᠠᠭ᠎ᠠ᠄ 3

ᠤᠢᠷ᠎ᠠ ᠎ᠳᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠠᠷᠪᠠᠨ ᠵᠢᠷᠭᠤᠳᠤᠭᠠᠷ ᠬᠤᠭᠤᠴᠠᠭᠠᠨ ᠎ᠤ ᠲᠠᠮᠢᠷ᠎ᠤᠨ ᠴᠤᠭ᠍ᠯᠠᠭᠠᠨ ᠎ᠤ ᠣᠯᠠᠨ ᠲᠦᠮᠡᠨᠴᠢ ᠳᠤᠭᠤᠢᠯᠠᠩ ᠎ᠤᠨ ᠫᠢᠩᠫᠠᠩ ᠪᠥᠮᠪᠥᠭᠡ᠎ᠶ᠋ᠢᠨ ᠲᠥᠷᠥᠯ ᠵᠦᠶ᠋ᠯ ᠎ᠦᠨ ᠬᠥᠬᠡᠬᠣᠲᠠ᠎ᠶ᠋ᠢᠨ ᠱᠢᠯᠭᠠᠷᠠᠭᠤᠯᠬᠤ ᠤᠷᠤᠯᠳᠤᠭᠠᠨ ᠬᠥᠬᠡᠬᠣᠲᠠ ᠎ᠶ᠋ᠢᠨ ᠪᠥᠬᠥ᠌ ᠠᠷᠠᠳ ᠎ᠤᠨ ᠪᠡᠶ᠎ᠡ ᠴᠢᠭᠢᠷᠠᠭ᠍ᠵᠢᠭᠤᠯᠬᠤ ᠦᠶ᠋ᠯᠡᠴᠢᠯᠡᠭᠡᠨ᠎ᠦ ᠲᠥᠪ᠎ᠲᠤ ᠡᠬᠢᠯᠡᠪᠡ᠃ ᠲᠣᠰ ᠤᠳᠠᠭᠠᠨ ᠎ᠤ ᠤᠷᠤᠯᠳᠤᠭᠠᠨ ᠎ᠢ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠎ᠠᠴᠠ ᠭᠤᠤᠯᠯᠠᠨ ᠡᠷᠭᠢᠯᠡᠵᠦ᠍᠂ ᠬᠥᠬᠡᠬᠣᠲᠠ᠎ᠶ᠋ᠢᠨ ᠬᠥᠯ ᠪᠥᠮᠪᠥᠭᠡ ᠬᠢᠭᠡᠳ ᠨᠡᠢᠭᠡᠮ᠎ᠦᠨ ᠪᠡᠶ᠎ᠡ᠎ᠶ᠋ᠢᠨ ᠲᠠᠮᠢᠷ᠎ᠤᠨ ᠬᠥᠭ᠌ᠵᠢᠯᠲᠡ᠎ᠶ᠋ᠢᠨ ᠲᠥᠪ᠎ᠡᠴᠡ ᠳᠠᠭᠠᠭᠠᠴᠢᠯᠠᠨ ᠡᠷᠭᠢᠯᠡᠵᠦ᠍᠂ ᠬᠥᠬᠡᠬᠣᠲᠠ᠎ᠶ᠋ᠢᠨ ᠫᠢᠩᠫᠠᠩ ᠪᠥᠮᠪᠥᠭᠡ᠎ᠶ᠋ᠢᠨ ᠨᠡᠢᠭᠡᠮᠯᠢᠭ᠎ᠦᠨ ᠬᠢᠨ ᠬᠠᠮᠵᠢᠨ ᠡᠷᠭᠢᠯᠡᠪᠡ᠃ ᠪᠦᠬᠦ᠌ ᠬᠣᠲᠠ᠎ᠶ᠋ᠢᠨ 138 ᠫᠢᠩᠫᠠᠩ ᠪᠥᠮᠪᠥᠭᠡᠨ ᠪᠠᠬᠠᠲᠠᠳ ᠤᠷᠤᠯᠴᠠᠵᠦ᠂ ᠬᠥᠬᠡᠬᠣᠲᠠ᠎ᠶ᠋ᠢ ᠲᠥᠯᠥᠭᠡᠯᠡᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ ᠎ᠤ ᠲᠠᠮᠢᠷ᠎ᠤᠨ ᠴᠤᠭ᠍ᠯᠠᠭᠠᠨ᠎ᠳᠤ ᠣᠷᠣᠯᠴᠠᠬᠤ ᠬᠢᠷᠢ ᠬᠡᠮ᠎ᠢ ᠪᠤᠯᠢᠶᠠᠯᠳᠤᠬᠰᠠᠨ ᠪᠠᠢᠨ᠎ᠠ᠃

ᠤᠷᠤᠯᠳᠤᠭᠠᠨ᠎ᠳᠤ ᠡᠷᠡᠭ᠌ᠲᠡᠶ᠎ᠶ᠋ᠢᠨ ᠳᠠᠩ ᠵᠢᠨᠷ ᠴᠣᠬᠢᠬᠤ᠂ ᠡᠮᠡᠭ᠌ᠲᠡᠶ᠎ᠶ᠋ᠢᠨ ᠳᠠᠩ ᠵᠢᠨᠷ ᠴᠣᠬᠢᠬᠤ ᠬᠣᠶᠠᠷ ᠤᠷᠤᠯᠳᠤᠭᠠᠨ᠎ᠤ ᠵᠦᠢᠯ᠎ᠢ ᠲᠣᠬᠢᠷᠠᠭᠤᠯᠵᠤ᠂ 25 - 39 ᠨᠠᠰᠤ᠂ 40 - 49 ᠨᠠᠰᠤ᠂ 50 - 59 ᠨᠠᠰᠤ᠂ 60 - 69 ᠨᠠᠰᠤ᠂ 70 - 75 ᠨᠠᠰᠤᠨ ᠎ᠤ ᠲᠠᠪᠤᠨ ᠠᠩᠭᠢ ᠬᠤᠪᠢᠶᠠᠵᠤ᠂ ᠠᠬᠠᠮᠠᠳ ᠢᠳᠡᠷ ᠵᠠᠯᠠᠭᠤᠴᠤᠳ ᠠᠳᠠᠯᠢ ᠪᠤᠰᠤ ᠨᠠᠰᠤᠨ᠎ᠤ ᠲᠠᠮᠢᠷᠴᠢᠨ ᠎ᠢ ᠬᠠᠮᠤᠷᠪᠠ᠃ ᠤᠷᠤᠯᠳᠤᠭᠠᠨ᠎ᠤ ᠲᠠᠯᠠᠪᠤᠷ᠎ᠲᠤ ᠲᠠᠮᠢᠷᠴᠢᠳ ᠴᠣᠭ ᠵᠢᠪᠬᠤᠭ᠎ᠠ ᠲᠡᠭᠦᠯᠳᠡᠷ ᠪᠠᠢᠵᠤ᠂ ᠡᠷᠡᠯᠬᠡᠭ᠌ᠯᠡᠨ ᠲᠡᠮᠡᠴᠡᠵᠦ᠍᠂ ᠬᠥᠬᠡᠬᠣᠲᠠ ᠎ᠶ᠋ᠢᠨ ᠣᠯᠠᠨ ᠲᠦᠮᠡᠨᠴᠢ ᠫᠢᠩᠫᠠᠩ ᠪᠥᠮᠪᠥᠭᠡ᠎ᠶ᠋ᠢᠨ ᠬᠥᠳᠡᠯᠭᠡᠭᠡᠨ ᠎ᠦ ᠭᠦᠨ ᠵᠤᠵᠠᠭᠠᠨ ᠠᠭᠤᠯᠤᠭ᠍ᠳᠠᠬᠤᠨ ᠪᠠ ᠰᠠᠢᠨ ᠰᠠᠢᠬᠠᠨ ᠣᠶᠤᠨ ᠰᠠᠨᠠᠭᠠᠨ ᠎ᠤ ᠳᠦᠷᠰᠦ ᠪᠠᠢᠳᠠᠯ᠎ᠢ ᠭᠦᠶ᠋ᠴᠡᠳ ᠢᠯᠡᠷᠡᠭᠦᠯᠪᠡ᠃ ᠲᠤᠰ ᠤᠳᠠᠭᠠᠨ ᠎ᠤ ᠤᠷᠤᠯᠳᠤᠭᠠᠨ ᠨᠢ ᠥᠷᠭᠡᠨ ᠤᠯᠠᠨ ᠫᠢᠩᠫᠠᠩ ᠪᠥᠮᠪᠥᠭᠡ᠎ᠶ᠋ᠢᠨ ᠳᠤᠷ᠎ᠠ ᠪᠠᠬᠠᠲᠠᠳ᠎ᠲᠤ ᠤᠷ᠎ᠠ ᠮᠡᠷᠭᠡᠵᠢᠯ᠎ᠢᠶᠡᠨ ᠰᠣᠯᠢᠯᠴᠠᠬᠤ᠂ ᠨᠥᠬᠥᠷᠯᠡᠯ᠎ᠢᠶᠡᠨ ᠵᠤᠵᠠᠭᠠᠳᠬᠠᠬᠤ ᠲᠠᠪᠴᠠᠩ ᠬᠠᠩᠭᠠᠭ᠍ᠰᠠᠨ ᠪᠥᠭᠡᠳ ᠱᠢᠯᠢᠳᠡᠭ ᠴᠢᠳᠠᠪᠤᠷᠢᠲᠠᠨ ᠎ᠢ ᠱᠢᠯᠢᠨ ᠰᠣᠩᠭᠣᠵᠤ᠂ ᠬᠥᠬᠡᠬᠣᠲᠠ ᠎ᠶ᠋ᠢᠨ ᠤᠯᠠᠨ ᠲᠦᠮᠡᠨᠴᠢ ᠫᠢᠩᠫᠠᠩ ᠪᠥᠮᠪᠥᠭᠡ᠎ᠶ᠋ᠢᠨ ᠲᠥᠯᠥᠭᠡᠯᠡᠭ᠌ᠴᠢᠳ᠎ᠦᠨ ᠠᠩᠭᠢ ᠎ᠶ᠋ᠢ ᠵᠣᠬᠢᠶᠠᠨ ᠪᠠᠢᠭᠤᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ ᠎ᠤ ᠲᠠᠮᠢᠷ᠎ᠤᠨ ᠴᠤᠭ᠍ᠯᠠᠭᠠᠨ ᠎ᠳᠤ ᠣᠷᠣᠯᠴᠠᠭᠤᠯᠬᠤ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面