2026-08-03 10:19:33
ᠪᠦᠬᠦ ᠤᠷᠤᠨ᠎ᠤ ᠦᠨᠳᠦᠰᠦᠳᠡᠨ ᠨᠤᠬᠦᠳ᠎ᠤᠨ ᠠᠷᠠᠳ ᠲᠦᠮᠡᠨ᠎ᠤ ᠦᠪᠡᠳᠡᠭᠰᠢ ᠪᠠᠶᠠᠷ ᠪᠤᠯᠤᠭᠰᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ 8 ᠰᠠᠷ᠎ᠠ ᠵᠢᠨ 8᠎ᠤ᠋ ᠡᠳᠦᠷ ᠡᠴᠡ 16᠎ᠤ᠋ ᠡᠳᠦᠷ ᠪᠤᠯᠳᠠᠯ᠎ᠠ ᠪᠤᠭᠤᠳᠤ ᠬᠤᠳᠠ ᠳ᠋ᠤ ᠶᠠᠪᠤᠭᠳᠠᠨ᠎ᠠ᠃ 4 ᠵᠢᠯ᠎ᠳᠦ ᠨᠢᠭᠡ ᠤᠳᠠᠭ᠎ᠠ ᠶᠠᠪᠤᠭᠳᠠᠬᠤ ᠪᠦᠬᠦ ᠤᠷᠤᠨ᠎ᠤ ᠪᠠᠷᠢᠮᠵᠢᠶ᠎ᠠ᠎ᠪᠠᠷ ᠬᠠᠮᠤᠭ᠎ᠤᠨ ᠥᠨᠳᠥᠷ᠂ ᠬᠡᠪᠴᠢᠶ᠎ᠡ᠎ᠪᠡᠷ ᠬᠠᠮᠤᠭ᠎ᠤᠨ ᠶᠡᠬᠡ᠂ ᠨᠥᠯᠥᠭᠡ᠎ᠪᠡᠷ ᠬᠠᠮᠤᠭ᠎ᠤᠨ ᠥᠷᠭᠡᠨ ᠶᠡᠷᠦᠩᠬᠡᠢᠯᠡᠭᠰᠡᠨ ᠴᠢᠨᠠᠷᠲᠠᠢ ᠪᠡᠶ᠎ᠡ᠎ᠶᠢᠨ ᠲᠠᠮᠢᠷ᠎ᠤᠨ ᠦᠪᠡᠳᠡᠭᠰᠢ ᠴᠤᠭᠯᠠᠭᠠᠨ ᠪᠣᠯᠤᠭᠰᠠᠨ᠎ᠤ ᠬᠤᠪᠢ᠎ᠳᠤ ᠲᠣᠰ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠨᠢ ᠲᠥᠬᠥᠮ ᠪᠥᠭᠡᠳ ᠠᠮᠤᠷ ᠲᠦᠪᠰᠢᠨ᠂ ᠪᠣᠬᠢᠷᠲᠤᠯ ᠦᠭᠡᠢ᠂ ᠠᠷᠠᠳ᠎ᠲᠤ ᠠᠰᠢᠭ᠋ ᠬᠦᠷᠲᠡᠭᠡᠬᠦ ᠤᠷᠤᠯᠳᠤᠭᠠᠨ ᠡᠷᠭᠢᠯᠡᠬᠦ ᠣᠢᠯᠠᠭᠠᠭᠳᠠᠬᠤᠨ᠎ᠢ ᠪᠠᠷᠢᠮᠲᠠᠯᠠᠵᠤ᠂ ᠣᠯᠠᠨ ᠲᠦᠮᠡᠨ᠎ᠦ ᠠᠩᠬᠠᠷᠤᠯ ᠲᠠᠭᠠᠰᠢᠶᠠᠯ ᠢ ᠦᠷᠭᠡᠨ ᠵᠢᠡᠷ ᠤᠯᠵᠤ ᠪᠤᠢ᠃ ᠣᠳᠣᠬᠠᠨ᠎ᠳᠤ᠂ ᠭᠤᠷᠪᠠᠨ ᠲᠣᠮᠣ᠌ ᠪᠥᠮᠪᠥᠭᠡ᠂ ᠵᠢᠷᠭᠤᠭᠠᠨ ᠵᠢᠵᠢᠭ ᠪᠥᠮᠪᠥᠭᠡ ᠵᠢᠴᠢ ᠣᠯᠠᠨ ᠵᠦᠢᠯ᠎ᠤᠨ ᠣᠨᠴᠠᠯᠢᠭ᠍ᠲᠤ ᠤᠷᠤᠯᠳᠤᠭᠠᠨ ᠤᠷᠢᠳ ᠵᠢᠡᠷ ᠡᠬᠢᠯᠡᠵᠦ᠂ ᠡᠮᠬᠢ ᠵᠢᠷᠤᠮ᠎ᠲᠠᠢ᠎ᠪᠠᠷ ᠶᠠᠪᠤᠭᠳᠠᠨ᠂ ᠡᠯ᠎ᠡ ᠵᠦᠢᠯ᠎ᠦᠨ ᠪᠡᠯᠡᠳᠬᠡᠯ ᠠᠵᠢᠯ ᠪᠥᠬᠥ ᠲᠠᠯ᠎ᠠ᠎ᠪᠠᠷ ᠳᠠᠭᠤᠰᠪᠡ᠃

《ᠪᠦᠯᠦᠭ ᠬᠤᠪᠢᠶᠠᠨ ᠤᠷᠤᠯᠳᠤᠭᠠᠨ ᠡᠬᠢᠯᠡᠬᠦᠯᠬᠦ》 ᠶᠡᠷᠦᠩᠬᠡᠢ ᠲᠣᠬᠢᠷᠠᠭᠤᠯᠤᠯᠲᠠ ᠶᠣᠰᠣᠭᠠᠷ ᠶᠡᠬᠡ ᠬᠡᠮᠵᠢᠶᠡᠨ᠎ᠦ ᠭᠣᠣᠯᠳᠠᠯᠭ᠎ᠠ᠎ᠲᠠᠢ ᠲᠦᠷᠦᠯ ᠵᠦᠢᠯ᠎ᠤᠨ ᠤᠷᠤᠯᠳᠤᠭᠠᠨ᠎ᠢ ᠤᠷᠢᠳᠴᠢᠯᠠᠨ ᠡᠬᠢᠯᠡᠭᠦᠯᠵᠦ᠂ ᠤᠷᠤᠯᠳᠤᠭᠠᠨ᠎ᠤ ᠬᠤᠭᠤᠴᠠᠭᠠᠨ᠎ᠤ ᠳᠠᠷᠤᠯᠲᠠ᠎ᠶᠢ ᠪᠦᠲᠦᠮᠵᠢᠲᠡᠢ ᠨᠠᠮᠳᠠᠭᠤᠯᠵᠦ᠂ ᠤᠷᠤᠯᠳᠤᠭᠠᠨ᠎ᠤ ᠶᠠᠪᠤᠳᠠᠯ᠎ᠤᠨ ᠬᠠᠯᠠᠮᠰᠢᠯ᠎ᠢ ᠤᠷᠲᠤᠳᠬᠠᠵᠤ᠂ ᠪᠦᠬᠦ ᠠᠷᠠᠳ᠎ᠤᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠠᠭᠤᠷ ᠠᠮᠢᠰᠬᠤᠯ᠎ᠢ ᠵᠤᠵᠠᠭᠠᠳᠬᠠᠪᠠ᠃ ᠬᠥᠯ ᠪᠥᠮᠪᠥᠭᠡ᠂ ᠰᠠᠭᠰᠤᠨ ᠪᠥᠮᠪᠥᠭᠡ᠂ ᠠᠯᠠᠭᠠᠳᠠᠬᠤ ᠪᠥᠮᠪᠥᠭᠡ ᠵᠡᠷᠭᠡ ᠭᠤᠷᠪᠠᠨ ᠲᠣᠮᠣ᠌ ᠪᠥᠮᠪᠥᠭᠡ ᠪᠠ ᠫᠢᠩᠫᠠᠩ ᠪᠥᠮᠪᠥᠭᠡ᠂ ᠥᠳᠥᠨ ᠪᠥᠮᠪᠥᠭᠡ᠂ ᠲᠣᠣᠷ ᠪᠥᠮᠪᠥᠭᠡ᠂ ᠵᠡᠪᠰᠡᠭ᠎ᠤᠨ ᠡᠷᠳᠡᠮ᠂ᠲᠠᠢᠺᠢᠨᠳᠤᠤ᠂ ᠪᠤᠺᠰ᠎ᠤᠨ ᠲᠡᠮᠡᠴᠡᠭᠡᠨ ᠵᠡᠷᠭᠡ ᠤᠷᠤᠯᠳᠤᠭᠠᠨ ᠪᠦᠬᠦ ᠲᠠᠯ᠎ᠠ ᠪᠠᠷ ᠶᠠᠪᠤᠭᠳᠠᠨ᠂ ᠲᠤᠰ ᠬᠤᠭᠤᠴᠠᠭᠠᠨ᠎ᠤ ᠲᠠᠮᠢᠷ᠎ᠤᠨ ᠴᠤᠭᠯᠠᠭᠠᠨ᠎ᠤ ᠡᠬᠢᠨ᠎ᠦ ᠬᠤᠭᠤᠴᠠᠭᠠᠨ᠎ᠤ ᠤᠷᠤᠯᠳᠤᠭᠠᠨ᠎ᠤ ᠬᠠᠮᠤᠭ᠎ᠤᠨ ᠶᠡᠬᠡ ᠬᠢᠯᠠᠰ ᠴᠡᠭ ᠪᠣᠯᠤᠭᠰᠠᠨ ᠪᠠᠢᠨ᠎ᠠ᠃
ᠭᠤᠷᠪᠠᠨ ᠲᠣᠮᠣ᠌ ᠪᠥᠮᠪᠥᠭᠡ ᠶ᠋ᠢᠨ ᠤᠷᠤᠯᠳᠤᠭᠠᠨ᠎ᠤ ᠵᠦᠢᠯ᠎ᠦᠨ ᠨᠡᠢᠲᠡᠴᠢ ᠴᠢᠨᠠᠷ ᠨᠢ ᠴᠢᠩᠭ᠎ᠠ᠂ ᠠᠩᠬᠠᠷᠤᠯ᠎ᠤᠨ ᠬᠡᠮᠵᠢᠶ᠎ᠡ ᠨᠢ ᠥᠨᠳᠥᠷ᠂ ᠣᠯᠠᠨ ᠲᠦᠮᠡᠨ᠎ᠦ ᠰᠠᠭᠤᠷᠢ ᠨᠢ ᠭᠦᠨ ᠵᠤᠵᠠᠭᠠᠨ ᠪᠠᠢᠳᠠᠭ᠃ ᠤᠷᠤᠯᠳᠤᠭᠠᠨ ᠡᠬᠢᠯᠡᠭᠰᠡᠨ᠎ᠡᠴᠡ ᠨᠠᠭᠠᠰᠢ᠂ ᠡᠯ᠎ᠡ ᠠᠢᠮᠠᠭ ᠬᠣᠲᠠ᠎ᠶᠢᠨ ᠲᠥᠯᠥᠭᠡᠯᠡᠭᠴᠢᠳ᠎ᠦᠨ ᠠᠩᠭᠢ ᠡᠷᠡᠯᠬᠡᠭᠯᠡᠨ ᠲᠡᠮᠡᠴᠡᠵᠦ᠂ ᠰᠡᠳᠬᠢᠯ ᠰᠠᠨᠠᠭ᠎ᠠ᠎ᠪᠠᠨ ᠨᠢᠭᠡᠳᠬᠡᠨ ᠬᠠᠮᠵᠢᠯᠴᠠᠵᠤ᠂ ᠤᠷᠤᠯᠳᠤᠭᠠᠨ ᠬᠤᠷᠴᠠ ᠰᠢᠷᠦᠭᠦᠨ ᠶᠠᠪᠤᠭᠳᠠᠵᠠᠢ᠃ ᠵᠠᠯᠠᠭᠤᠴᠤᠳ ᠪᠠᠭᠠᠴᠤᠳ᠎ᠤᠨ ᠡᠩᠨᠡᠭᠡ ᠴᠤᠬ ᠵᠢᠪᠬᠤᠭ᠎ᠠ᠎ᠲᠠᠢ ᠵᠣᠷᠢᠭ᠍ᠲᠠᠢ ᠲᠡᠮᠡᠴᠡᠵᠦ ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ᠎ᠤᠨ ᠪᠡᠶ᠎ᠡ᠎ᠶᠢᠨ ᠲᠠᠮᠢᠷ᠎ᠤᠨ ᠪᠡᠯᠡᠳᠬᠡᠯ ᠴᠢᠳᠠᠪᠤᠷᠢᠲᠠᠨ᠎ᠤ ᠨᠦᠬᠡᠴᠡ ᠬᠦᠴᠦᠨ᠎ᠢ ᠭᠦᠢᠴᠡᠳ ᠢᠯᠡᠷᠡᠭᠦᠯᠪᠡ; ᠨᠠᠰᠤᠨ᠎ᠳᠤ ᠬᠦᠷᠦᠭᠰᠡᠳ᠎ᠦᠨ ᠳᠤᠭᠤᠢᠯᠠᠩ᠎ᠤᠨ ᠭᠡᠰᠢᠭᠦᠳ ᠡᠯᠪᠡᠭ ᠪᠠᠶᠠᠯᠢᠭ᠋ ᠲᠤᠷᠰᠢᠯᠭ᠎ᠠ᠎ᠲᠠᠢ᠂ ᠡᠷᠡᠰ ᠬᠠᠲᠠᠭᠤ ᠣᠪᠣᠷ ᠰᠤᠷᠲᠠᠯ᠎ᠲᠠᠢ ᠪᠠᠢᠵᠤ᠂ ᠤᠷ᠎ᠠ ᠮᠡᠷᠭᠡᠵᠢᠯ᠎ᠢᠶᠡᠨ ᠮᠥᠷᠥᠢᠴᠡᠬᠦ᠎ᠶᠢᠨ ᠬᠠᠮᠲᠤ ᠰᠢᠯᠢᠳᠡᠭ ᠰᠠᠢᠨ ᠪᠡᠶ᠎ᠡ ᠲᠠᠮᠢᠷ᠎ᠤᠨ ᠶᠣᠰᠣ᠌ ᠰᠤᠷᠲᠠᠬᠤᠨ᠎ᠤ ᠬᠡᠪ ᠰᠤᠷᠲᠠᠯ᠎ᠢ ᠢᠯᠡᠷᠡᠭᠦᠯᠦᠯ᠎ᠡ᠃ ᠰᠢᠷᠢᠰ ᠤᠷᠤᠯᠳᠤᠭᠠᠨ᠎ᠢᠶᠠᠷ ᠳᠡᠮᠵᠢᠨ᠂ ᠪᠥᠬᠥ ᠣᠷᠣᠨ᠎ᠤ ᠪᠥᠮᠪᠥᠭᠡ᠎ᠶᠢᠨ ᠲᠥᠷᠥᠯ ᠵᠦᠢᠯ᠎ᠦᠨ ᠪᠦᠬᠦᠯᠢ ᠴᠣᠭᠴᠠ᠎ᠶᠢᠨ ᠤᠷᠤᠯᠳᠤᠭᠠᠨ᠎ᠤ ᠬᠢᠷᠢ ᠬᠡᠮᠵᠢᠶ᠎ᠡ᠎ᠶᠢ ᠲᠥᠪᠯᠡᠷᠡᠭᠦᠯᠦᠨ ᠰᠢᠯᠭᠠᠨ ᠦᠵᠡᠵᠦ᠂ ᠮᠠᠨ᠎ᠤ ᠣᠷᠣᠨ᠎ᠤ ᠪᠥᠮᠪᠥᠭᠡ᠎ᠶᠢᠨ ᠲᠥᠷᠥᠯ᠎ᠦᠨ ᠱᠠᠲᠤᠯᠢᠭ ᠡᠩᠨᠡᠭᠡ᠎ᠶᠢᠨ ᠪᠠᠢᠭᠤᠯᠤᠯᠲᠠ᠎ᠳᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠪᠠ᠃

ᠪᠥᠮᠪᠥᠭᠡ᠎ᠶᠢᠨ ᠲᠥᠷᠥᠯ᠎ᠡᠴᠡ ᠭᠠᠳᠠᠨ᠎ᠠ᠂ ᠵᠠᠰᠠᠮᠠᠯ ᠵᠠᠮ᠎ᠤᠨ ᠳᠤᠭᠤᠢ ᠲᠡᠷᠭᠡ᠂ ᠣᠯᠠᠨ ᠤᠯᠤᠰ᠎ᠤᠨ ᠮᠠᠶᠢᠭ᠋᠎ᠤᠨ ᠪᠥᠬᠡ᠂ ᠵᠢᠣᠳᠣᠣ᠂ ᠮᠥᠰᠥ ᠴᠠᠰᠤᠨ᠎ᠤ ᠲᠥᠷᠥᠯ ᠵᠦᠢᠯ ᠵᠡᠷᠭᠡ ᠣᠨᠴᠠᠯᠢᠭ᠍ᠲᠤ ᠤᠷᠤᠯᠳᠤᠭᠠᠨ ᠠᠮᠵᠢᠯᠲᠠ ᠲᠠᠢᠲᠠᠭᠤᠰᠪᠠ᠃ ᠢᠯᠠᠩᠭᠤᠶ᠎ᠠ ᠮᠠᠨ᠎ᠤ ᠣᠷᠣᠨ᠎ᠤ ᠤᠯᠠᠮᠵᠢᠯᠠᠯᠲᠤ ᠳᠠᠪᠠᠭᠤᠯᠢᠭ᠋ ᠲᠥᠷᠥᠯ ᠵᠦᠢᠯᠪᠤᠯᠬᠤ ᠪᠥᠬᠡ᠎ᠶᠢᠨ ᠦᠷᠢᠰᠦᠯᠳᠦᠭᠡᠨ ᠬᠤᠷᠴᠠ ᠰᠢᠷᠦᠭᠦᠨ ᠪᠦᠭᠡᠳ ᠬᠢᠷᠢ ᠲᠦᠪᠰᠢᠨ ᠲᠤᠢᠯ᠎ᠤᠨ ᠥᠨᠳᠥᠷ ᠪᠠᠢᠵᠤ᠂ ᠵᠠᠯᠠᠭᠤ ᠪᠢᠴᠢᠬᠠᠨ ᠲᠠᠮᠢᠷᠴᠢᠨ ᠵᠠᠯᠭᠠᠭ᠎ᠠ ᠪᠡᠷ ᠴᠣᠯᠭᠣᠷᠠᠨ ᠭᠠᠷᠴᠤ᠂ ᠨᠢᠭᠡ ᠪᠦᠯᠦᠭ ᠰᠢᠯᠢᠳᠡᠭ ᠪᠡᠯᠡᠳᠬᠡᠯ ᠴᠢᠳᠠᠪᠤᠷᠢᠲᠠᠨ᠎ᠢ ᠭᠣᠣᠯᠳᠠᠯᠭ᠎ᠠ᠎ᠲᠠᠢ ᠠᠭᠤᠳᠠᠯᠤᠨ ᠢᠯᠡᠷᠡᠭᠦᠯᠵᠦ᠂ ᠥᠪᠥᠷ ᠮᠣᠩᠭᠣᠯ᠎ᠤᠨ ᠤᠯᠠᠮᠵᠢᠯᠠᠯᠲᠤ ᠳᠠᠪᠠᠭᠤᠯᠢᠭ᠋ ᠲᠥᠷᠥᠯ ᠵᠦᠢᠯ᠎ᠦᠨ ᠬᠥᠭᠵᠢᠯᠲᠡ᠎ᠶᠢᠨ ᠰᠠᠭᠤᠷᠢ᠎ᠶᠢ ᠤᠯᠠᠮ ᠨᠢᠭᠡ ᠠᠯᠬᠤᠮ ᠪᠠᠲᠤᠳᠬᠠᠪᠠ᠃ ᠡᠬᠢᠨ᠎ᠦ ᠬᠤᠭᠤᠴᠠᠭᠠᠨ᠎ᠤ ᠪᠣᠶ ᠪᠦᠬᠦᠢ ᠤᠷᠤᠯᠳᠤᠭᠠᠨ᠎ᠤ ᠵᠣᠬᠢᠶᠠᠨ ᠪᠠᠢᠭᠤᠯᠤᠯᠲᠠ ᠵᠢᠷᠤᠮᠵᠢᠯ᠎ᠲᠠᠢ᠂ ᠠᠵᠢᠯᠯᠠᠭᠠᠨ ᠲᠣᠭᠲᠠᠭᠤᠨ᠂ ᠡᠮᠬᠢ ᠳᠢᠭ᠌ᠯᠢᠮ᠎ᠲᠠᠢ ᠪᠠᠢᠵᠤ᠂ ᠤᠳᠠᠯ ᠦᠭᠡᠢ ᠪᠥᠬᠥ ᠲᠠᠯ᠎ᠠ᠎ᠪᠠᠷ ᠡᠬᠢᠯᠡᠬᠦ ᠭᠡᠵᠦ ᠪᠠᠢᠭ᠎ᠠ ᠭᠣᠣᠯ ᠤᠷᠤᠯᠳᠤᠭᠠᠨ᠎ᠳᠤ ᠪᠣᠯᠪᠠᠰᠤᠷᠠᠩᠭᠤᠢ ᠲᠤᠷᠰᠢᠯᠭ᠎ᠠ ᠬᠤᠷᠠᠮᠳᠤᠭᠤᠯᠤᠭᠰᠠᠨ ᠪᠠᠢᠨ᠎ᠠ᠃
ᠲᠤᠰ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠢ ᠭᠣᠣᠯᠯᠠᠨ ᠡᠷᠬᠢᠯᠡᠬᠦ ᠬᠤᠳᠠ ᠪᠣᠯᠤᠭᠰᠠᠨ᠎ᠤ ᠬᠤᠪᠢ᠎ᠳᠤ ᠪᠤᠭᠤᠲᠤ ᠬᠤᠳᠠ 21 ᠶᠡᠬᠡ ᠲᠦᠷᠦᠯ ᠵᠦᠢᠯ᠂ ᠬᠡᠳᠦᠨ ᠵᠠᠭᠤᠨ ᠪᠠᠭ᠎ᠠ ᠲᠦᠷᠦᠯ ᠵᠦᠢᠯ᠎ᠦᠨ ᠤᠷᠤᠯᠳᠤᠭᠠᠨ᠎ᠤ ᠶᠠᠪᠤᠳᠠᠯ᠎ᠢ ᠵᠣᠬᠢᠶᠠᠨ ᠪᠠᠶ᠋ᠢᠭᠤᠯᠬᠤ ᠡᠭᠦᠷᠭᠡ᠎ᠶᠢ ᠡᠭᠦᠷᠭᠡᠯᠡᠵᠦ᠂ ᠪᠡᠯᠡᠳᠬᠡᠯ ᠠᠵᠢᠯ᠎ᠢ ᠡᠬᠢᠯᠡᠭᠦᠯᠦᠭᠰᠡᠨ᠎ᠡᠴᠡ ᠨᠠᠭᠠᠰᠢ᠂ ᠪᠥᠬᠥ ᠬᠣᠲᠠ᠎ᠪᠠᠷ᠎ᠢᠶᠠᠨ ᠬᠦᠴᠦᠨ᠎ᠢᠶᠡᠨ ᠨᠢᠭᠡᠳᠦᠯᠲᠡᠢ ᠲᠥᠯᠥᠪᠯᠡᠵᠦ᠂ ᠠᠷᠭ᠎ᠠ ᠬᠡᠮᠵᠢᠶ᠎ᠡ᠎ᠵᠢ ᠨᠠᠷᠢᠯᠢᠭ᠍ᠵᠢᠭᠤᠯᠤᠨ᠂ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠲᠠᠯᠠᠪᠠᠶ ᠣᠷᠳᠣᠨ᠎ᠢ ᠲᠠᠰ ᠳᠡᠪᠰᠢᠬᠦᠯᠬᠦ᠂ ᠤᠷᠤᠯᠳᠤᠭᠠᠨ᠎ᠤ ᠶᠠᠪᠤᠳᠠᠯ᠎ᠢ ᠵᠣᠬᠢᠶᠠᠨ ᠪᠠᠶ᠋ᠢᠭᠤᠯᠬᠤ᠂ ᠬᠣᠭᠣᠯᠠ ᠬᠣᠨᠣᠭ᠎ᠤᠨ ᠪᠠᠲᠤᠯᠠᠭ᠎ᠠ᠂ ᠠᠮᠤᠷ ᠲᠦᠪᠰᠢᠨ᠎ᠦ ᠰᠡᠷᠭᠡᠢᠯᠡᠯᠲᠡ ᠡᠵᠡᠮᠳᠡᠯ᠂ ᠰᠠᠢᠨ ᠳᠤᠷ᠎ᠠ᠎ᠶᠢᠨ ᠦᠢᠯᠡᠴᠢᠯᠡᠭᠡ ᠵᠡᠷᠭᠡ ᠡᠯ᠎ᠡ ᠵᠦᠢᠯ᠎ᠦᠨ ᠠᠵᠢᠯ᠎ᠢ ᠥᠨᠳᠥᠷ ᠪᠠᠷᠢᠮᠵᠢᠶ᠎ᠠ᠎ᠪᠠᠷ ᠲᠦᠯᠬᠢᠨ ᠠᠬᠢᠭᠤᠯᠪᠠ᠃

ᠤᠷᠤᠯᠳᠤᠭᠠᠨ᠎ᠤ ᠶᠠᠪᠤᠳᠠᠯ᠎ᠤᠨ ᠯᠠᠪᠳᠠᠭᠤᠨ ᠤᠷᠤᠭᠰᠢᠲᠠᠢ ᠶᠠᠪᠤᠭᠳᠠᠬᠤ᠎ᠶᠢ ᠪᠠᠲᠤᠯᠠᠬᠤ᠎ᠶᠢᠨ ᠲᠥᠯᠥᠭᠡ ᠪᠤᠭᠤᠲᠤ᠎ᠬᠤᠲᠠ ᠥᠨᠳᠥᠷ ᠪᠦᠲᠦᠮᠵᠢᠲᠡᠢ ᠬᠣᠯᠪᠤᠭᠠᠯᠠᠨ ᠬᠥᠳᠡᠯᠦᠯᠴᠡᠭᠰᠡᠨ ᠤᠷᠤᠯᠳᠤᠭᠠᠨ᠎ᠤ ᠶᠠᠪᠤᠳᠠᠯ᠎ᠤᠨ ᠠᠵᠢᠯᠯᠠᠭᠠᠨ᠎ᠤ ᠲᠣᠭᠲᠠᠴᠠ᠎ᠶᠢ ᠪᠠᠢᠭᠤᠯᠵᠤ᠂ ᠶᠡᠷᠦᠩᠬᠡᠢ ᠵᠢᠯᠤᠭᠣᠳᠬᠤ ᠭᠠᠵᠠᠷ ᠵᠢᠴᠢ ᠲᠤᠰᠬᠠᠢ ᠠᠵᠢᠯ᠎ᠤᠨ ᠳᠤᠭᠤᠢᠯᠠᠩ᠎ᠢ ᠪᠠᠢᠭᠤᠯᠤᠨ᠂ ᠤᠷᠤᠯᠳᠤᠭᠠᠨ᠎ᠢ ᠵᠣᠬᠢᠶᠠᠨ ᠪᠠᠶ᠋ᠢᠭᠤᠯᠬᠤ᠂ ᠵᠠᠮ ᠬᠠᠷᠢᠯᠴᠠᠭ᠎ᠠ᠎ᠶᠢ ᠨᠡᠪᠲᠡᠷᠡᠭᠦᠯᠬᠦ᠂ ᠠᠮᠤᠷ ᠲᠦᠪᠰᠢᠨ᠎ᠢ ᠬᠠᠮᠠᠭᠠᠯᠠᠬᠤ᠂ ᠡᠮ ᠡᠮᠨᠡᠯᠭᠡ᠎ᠶᠢᠨ ᠠᠪᠤᠷᠠᠯᠲᠠ᠂ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ᠂ ᠰᠠᠢᠨ ᠳᠤᠷ᠎ᠠ᠎ᠶᠢᠨ ᠦᠢᠯᠡᠴᠢᠯᠡᠭᠡᠨ᠎ᠦ ᠪᠦᠬᠦ ᠬᠡᠯᠬᠢᠶ᠎ᠡ᠎ᠶᠢᠨ ᠪᠢᠲᠡᠭᠦᠦ ᠴᠠᠭᠠᠷᠢᠭ᠋᠎ᠤᠨ ᠬᠠᠮᠢᠶᠠᠷᠤᠯᠲᠠ᠎ᠶᠢ ᠪᠡᠶᠡᠯᠡᠭᠦᠯᠪᠡ᠃
ᠡᠮᠴᠢᠯᠡᠭᠡᠨ᠎ᠦ ᠪᠠᠲᠤᠯᠠᠭ᠎ᠠ᠎ᠶᠢ ᠨᠠᠷᠢᠯᠢᠭ᠋ ᠣᠨᠣᠴᠠᠲᠠᠢ᠎ᠪᠠᠷ ᠪᠣᠳᠠᠲᠠᠢᠵᠢᠭᠤᠯᠵᠤ᠂ ᠡᠯ᠎ᠡ ᠤᠷᠤᠯᠳᠤᠭᠠᠨ᠎ᠤ ᠲᠠᠯᠠᠪᠤᠷ᠎ᠲᠤ ᠴᠥᠮ ᠲᠤᠰᠬᠠᠢ ᠡᠮᠴᠢᠯᠡᠭᠡᠨ᠎ᠦ ᠪᠦᠯᠬᠦᠮ᠂ ᠲᠦᠷᠭᠡᠨ ᠠᠪᠤᠷᠠᠯᠳᠠ᠎ᠶᠢᠨ ᠲᠥᠬᠦᠭᠡᠷᠦᠮᠵᠢ ᠪᠠ ᠲᠠᠯᠠᠪᠤᠷ᠎ᠲᠤ ᠰᠠᠭᠤᠭ᠎ᠠ ᠲᠦᠷᠭᠡᠨ ᠠᠪᠤᠷᠠᠯᠳᠠ᠎ᠶᠢᠨ ᠲᠡᠷᠭᠡ ᠲᠣᠬᠢᠷᠠᠭᠤᠯᠤᠨ᠂ ᠬᠥᠳᠡᠯᠭᠡᠭᠡᠨ᠎ᠦ ᠭᠡᠮᠲᠦᠯ᠂ ᠥᠨᠳᠥᠷ ᠲᠤᠯᠠᠭᠠᠨ ᠴᠠᠭ ᠠᠭᠤᠷ ᠢᠯᠡᠷᠡᠬᠦ ᠵᠡᠷᠭᠡ ᠭᠡᠨᠡᠳᠲᠡ᠎ᠶᠢᠨ ᠪᠠᠢᠳᠠᠯ ᠡᠬᠦᠰᠬᠦ ᠳ᠋ᠤ ᠴᠢᠭᠯᠡᠭᠦᠯᠦᠨ ᠪᠡᠯᠡᠳᠬᠡᠯ ᠲᠥᠰᠥᠯ ᠲᠣᠭᠲᠠᠭᠠᠵᠤ᠂ ᠲᠦᠭᠰᠢᠭᠦᠷᠢᠲᠦ ᠪᠠᠢᠳᠠᠯ᠎ᠢ ᠲᠡᠷᠡ ᠳᠠᠷᠤᠢ ᠳ᠋ᠤᠨᠢ ᠰᠢᠢᠳᠪᠦᠷᠢᠯᠡᠬᠦ᠎ᠶᠢ ᠦᠨᠡᠨ ᠬᠦ᠌ ᠪᠠᠲᠤᠯᠠᠨ᠎ᠠ᠃ ᠳᠣᠲᠣᠭᠠᠳᠤ᠎ᠶᠢ ᠬᠠᠮᠠᠭᠠᠯᠠᠬᠤ᠂ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ ᠤᠷᠤᠯᠳᠤᠭᠠᠨ᠎ᠤ ᠶᠠᠪᠤᠳᠠᠯ᠎ᠤᠨ ᠡᠷᠬᠢᠨ ᠲᠣᠭᠣᠷᠢᠨ᠎ᠤ ᠵᠠᠮ᠂ ᠲᠤᠰᠬᠠᠢ ᠨᠡᠪᠲᠡᠷᠡᠬᠦ ᠵᠠᠮ᠂ ᠲᠡᠷᠭᠡ ᠵᠣᠭᠰᠣᠬᠤ ᠣᠷᠣᠨ᠎ᠢ ᠰᠢᠨᠵᠢᠯᠡᠬᠦ ᠤᠬᠠᠭᠠᠨᠴᠢ᠎ᠪᠠᠷ ᠲᠥᠯᠥᠪᠵᠢᠭᠦᠯᠵᠦ᠂ ᠤᠷᠤᠯᠳᠤᠭᠠᠨ᠎ᠤ ᠲᠠᠯᠠᠪᠤᠷ᠎ᠤᠨ ᠡᠮᠬᠢ ᠳᠢᠭ᠌ᠯᠢᠮ᠎ᠲᠠᠢ᠂ ᠵᠠᠮ ᠬᠠᠷᠢᠯᠴᠠᠭᠠᠨ᠎ᠤ ᠰᠠᠭᠠᠳ ᠦᠭᠡᠢ ᠡᠮᠬᠢ ᠵᠢᠷᠤᠮ᠎ᠲᠠᠢ ᠪᠠᠢᠬᠤ᠎ᠶᠢ ᠪᠥᠬᠥ ᠲᠠᠯ᠎ᠠ ᠪᠡᠷ ᠪᠠᠳᠤᠯᠠᠨ᠎ᠠ᠃

ᠰᠠᠢᠨ ᠳᠤᠷ᠎ᠠ᠎ᠶᠢᠨ ᠦᠢᠯᠡᠴᠢᠯᠡᠭᠡ᠎ᠶᠢᠨ ᠲᠠᠯ᠎ᠠ ᠪᠡᠷ ᠪᠤᠭᠤᠳᠦ ᠬᠣᠲᠠ᠎ᠶᠢᠨ 1000 ᠭᠠᠷᠤᠢ ᠵᠠᠯᠠᠭᠤ ᠰᠠᠢᠨ ᠳᠤᠷᠠᠴᠤᠳ ᠰᠢᠰᠲᠧᠮᠵᠢᠭᠰᠡᠨ᠂ ᠲᠤᠰᠬᠠᠢᠵᠢᠭ᠍ᠰᠠᠨ ᠪᠣᠯᠪᠠᠰᠤᠷᠠᠯ᠎ᠢᠶᠠᠷ ᠳᠡᠮᠵᠢᠨ ᠤᠷᠤᠯᠳᠤᠭᠠᠨ᠎ᠤ ᠶᠠᠪᠤᠳᠠᠯ᠎ᠢ ᠬᠥᠲᠥᠯᠥᠨ ᠵᠢᠯᠤᠭᠣᠳᠬᠤ᠂ ᠭᠥᠯᠢᠶᠡᠨ ᠠᠪᠬᠤ᠂ ᠲᠠᠯᠠᠪᠤᠷ᠎ᠤᠨ ᠲᠤᠬᠢᠷᠠᠭᠤᠯᠭ᠎ᠠ᠂ ᠵᠠᠭᠤᠴᠢᠯᠠᠭᠤᠷ᠎ᠤᠨ ᠬᠠᠮᠵᠢᠯᠴᠠᠭ᠎ᠠ᠂ ᠪᠣᠯᠪᠠᠰᠤᠨ᠎ᠢᠶᠠᠷ ᠤᠷᠤᠯᠳᠤᠭᠠᠨ ᠦᠵᠡᠬᠦ᠎ᠶᠢ ᠬᠥᠲᠥᠯᠥᠨ ᠵᠢᠯᠤᠭᠣᠳᠬᠤ ᠵᠡᠷᠭᠡ ᠠᠵᠢᠯ᠎ᠤᠨ ᠪᠠᠢᠷᠢ᠎ᠳᠤ ᠪᠥᠬᠥ ᠲᠠᠯ᠎ᠠ᠎ᠪᠠᠷ ᠣᠷᠣᠯᠴᠠᠵᠤ᠂ ᠵᠠᠯᠠᠭᠤ ᠨᠠᠰᠤᠨ᠎ᠤ ᠳᠦᠷᠢ ᠲᠥᠷᠬᠦ᠎ᠪᠡᠷ ᠪᠤᠭᠤᠳᠦ ᠬᠣᠲᠠ᠎ᠶᠢᠨ ᠪᠣᠯᠪᠠᠰᠤᠨ᠎ᠤ ᠳᠦᠷᠢ ᠲᠥᠷᠬᠦ᠎ᠶᠢ ᠳᠡᠯᠭᠡᠨ ᠦᠵᠡᠭᠦᠯᠵᠦ᠂ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ ᠵᠢᠨ ᠲᠠᠮᠢᠷ᠎ᠤᠨ ᠴᠤᠭᠯᠠᠭᠠᠨ᠎ᠤ ᠬᠠᠮᠤᠭ᠎ᠤᠨ ᠭᠣᠶᠣ᠌ ᠦᠵᠡᠮᠵᠢ ᠪᠣᠯᠤᠭᠰᠠᠨ ᠪᠠᠢᠨ᠎ᠠ᠃
ᠬᠣᠲᠠ᠎ᠶᠢᠨ ᠭᠣᠣᠯ ᠳᠡᠳ᠋ ᠵᠠᠮ᠂ ᠴᠡᠴᠡᠷᠯᠢᠭ᠎ᠦᠨ ᠠᠭᠤᠳᠠᠮ ᠲᠠᠯᠠᠪᠠᠶ᠂ ᠪᠡᠶ᠎ᠡ᠎ᠶᠢᠨ ᠲᠠᠮᠢᠷ᠎ᠤᠨ ᠲᠠᠯᠠᠪᠤᠷ ᠣᠷᠳᠣᠨ᠂ ᠬᠤᠳᠠᠯᠳᠤᠭᠠᠨ᠎ᠤ ᠲᠣᠭᠣᠷᠢᠭ᠋᠎ᠲᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠭᠣᠣᠯ ᠰᠡᠳᠦᠪᠲᠦ ᠦᠵᠡᠮᠵᠢ᠎ᠶᠢ ᠪᠥᠬᠥ ᠲᠠᠯ᠎ᠠ᠎ᠪᠠᠷ ᠪᠠᠢᠷᠢᠯᠠᠭᠤᠯᠵᠤ᠂ ᠤᠬᠠᠭᠤᠯᠭ᠎ᠠ᠎ᠶᠢᠨ ᠰᠠᠮᠪᠠᠷ᠎ᠠ᠂ ᠬᠤᠷᠠᠯ᠎ᠤᠨ ᠰᠦᠯᠳᠡ᠂ ᠥᠯᠵᠡᠢᠲᠦ ᠠᠮᠢᠲᠠᠨ᠎ᠤ ᠳᠦᠷᠢ ᠲᠥᠷᠬᠦ ᠭᠠᠵᠠᠷ ᠪᠣᠯᠭᠠᠨ᠎ᠳᠤ ᠬᠠᠷᠠᠭᠳᠠᠵᠤ᠂ ᠦᠪᠡᠳᠡᠭᠰᠢ ᠪᠡᠶ᠎ᠡ᠎ᠶᠢᠨ ᠲᠠᠮᠢᠷ᠎ᠤᠨ ᠴᠤᠭᠯᠠᠭᠠᠨᠦ ᠠᠭᠤᠷ ᠠᠮᠢᠰᠬᠤᠯᠶ᠋ᠢᠡᠷ ᠪᠢᠯᠬᠠᠨ᠎ᠠ᠃ ᠪᠤᠭᠤᠳᠦ ᠬᠤᠲᠠ ᠪᠡᠶ᠎ᠡ ᠵᠢᠨ ᠲᠠᠮᠢᠷ᠎ᠤᠨ ᠴᠤᠭᠯᠠᠭᠠᠨ ᠵᠢᠡᠷ ᠠᠵᠠ ᠲᠤᠬᠢᠶᠠᠯ ᠪᠤᠯᠭᠠᠵᠤ᠂ ᠪᠡᠶ᠎ᠡ᠎ᠶᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ᠂ ᠪᠡᠶ᠎ᠡ᠎ᠶᠢᠨ ᠲᠠᠮᠢᠷ ᠵᠢᠭᠤᠯᠴᠢᠯᠠᠯ᠎ᠢ ᠠᠭᠤᠰᠤᠯᠴᠠᠭᠤᠯᠬᠤ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ᠎ᠶᠢ ᠠᠭᠤᠰᠤᠯᠴᠠᠭᠤᠯᠬᠤ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠬᠤᠲᠠ ᠬᠥᠳᠡᠭᠡ᠎ᠶᠢᠨ ᠪᠡᠶ᠎ᠡ᠎ᠶᠢᠨ ᠲᠠᠮᠢᠷ᠎ᠤᠨ ᠲᠥᠬᠦᠭᠡᠷᠦᠮᠵᠢ᠎ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠤᠯᠠᠨ ᠲᠦᠮᠡᠨ᠎ᠦ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠢ ᠪᠠᠶᠠᠯᠢᠭ᠍ᠵᠢᠭᠤᠯᠵᠤ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠣᠢᠯᠠᠭᠠᠭᠳᠠᠬᠤᠨ᠎ᠢ ᠬᠥᠮᠥᠰ᠎ᠦᠨ ᠰᠡᠳᠬᠢᠯ᠎ᠳᠦ ᠬᠠᠳᠠᠩᠰᠢᠭᠤᠯᠵᠤ᠂ ᠪᠡᠶ᠎ᠡ᠎ᠶᠢᠨ ᠲᠠᠮᠢᠷ᠎ᠤᠨ ᠦᠢᠯᠡᠰ᠎ᠦᠨ ᠬᠥᠭᠵᠢᠯᠲᠡ᠎ᠳᠦ ᠬᠦᠴᠦᠨ ᠨᠡᠮᠡᠷᠢᠯᠡᠨ᠎ᠡ᠃

ᠡᠮᠦᠨᠡᠬᠢ ᠬᠤᠭᠤᠴᠠᠭᠠᠨ᠎ᠤ ᠡᠯ᠎ᠡ ᠵᠦᠢᠯ᠎ᠦᠨ ᠤᠷᠤᠯᠳᠤᠭᠠᠨ ᠮᠥᠷᠥᠢᠴᠡᠭᠡᠨ᠎ᠢᠶᠡᠷ ᠳᠠᠮᠵᠢᠨ ᠪᠦᠬᠦ ᠣᠷᠣᠨ᠎ᠤ ᠲᠠᠮᠢᠷᠴᠢᠳ ᠤᠷ᠎ᠠ ᠮᠡᠷᠭᠡᠵᠢᠯ᠎ᠢᠶᠡᠨ ᠰᠣᠯᠢᠯᠴᠠᠵᠤ᠂ ᠲᠤᠷᠰᠢᠯᠭ᠎ᠠ᠎ᠪᠠᠨ ᠰᠣᠯᠢᠯᠴᠠᠵᠤ᠂ ᠨᠥᠬᠥᠷᠯᠡᠯ᠎ᠢᠶᠡᠨ ᠵᠤᠵᠠᠭᠠᠳᠬᠠᠵᠤ᠂ ᠪᠦᠯᠬᠦᠮᠳᠡᠨ ᠲᠡᠮᠡᠴᠡᠬᠦ᠂ ᠬᠦᠴᠦᠷᠬᠡᠭᠵᠢᠬᠦ᠎ᠪᠡᠷ ᠬᠦᠴᠦᠯᠡᠨ ᠴᠢᠷᠮᠠᠢᠬᠤ᠂ ᠲᠡᠷᠢᠭᠦᠨ᠎ᠦ ᠬᠢ᠎ᠶᠢ ᠡᠷᠡᠯᠬᠡᠭᠯᠡᠨ ᠲᠡᠮᠡᠴᠡᠬᠦ ᠵᠣᠷᠢᠭ᠋ ᠰᠠᠨᠠᠭ᠎ᠠ᠎ᠶᠢ ᠭᠦᠢᠴᠡᠳ ᠢᠯᠡᠷᠡᠭᠦᠯᠪᠡ᠃
(ᠭᠡᠷᠡᠯ ᠵᠢᠷᠤᠭ᠎ᠤᠳ᠎ᠢ ᠰᠢᠨᠬᠤᠸᠠ ᠰᠦᠯᠵᠢᠶ᠎ᠡ ᠡᠴᠡ ᠠᠪᠤᠪᠠ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃