2026-08-08 10:10:27
ᠤᠢ᠌ᠷ᠎ᠠ᠎ᠶᠢᠨ ᠡᠳᠦᠷ᠂ 620 ᠪᠣᠬᠢᠷᠲᠤᠯ ᠦᠭᠡᠢ ᠴᠠᠬᠢᠯᠭᠠᠨ ᠬᠦᠴᠦᠨ᠎ᠦ ᠦᠨᠡᠮᠯᠡᠯ᠎ᠢ ᠪᠦᠬᠦᠨ᠎ᠢ ᠬᠢᠨᠠᠨ ᠬᠠᠷᠭᠤᠭᠤᠯᠵᠤ ᠲᠠᠭᠤᠰᠬᠤ᠎ᠶᠢ ᠳᠠᠭᠠᠯᠳᠤᠨ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ ᠵᠢᠨ ᠲᠠᠮᠢᠷ᠎ᠤᠨ ᠴᠤᠭᠯᠠᠭᠠᠨ᠎ᠤ ᠡᠬᠢᠯᠡᠬᠦ ᠪᠠ ᠲᠡᠭᠦᠰᠭᠦ ᠶᠣᠰᠣᠯᠠᠯ᠎ᠤᠨ ᠨᠡᠭᠦᠷᠡᠰᠦᠳᠦ᠋ᠷᠥᠭᠴᠢᠵᠢ ᠰᠠᠭᠠᠷᠮᠠᠬᠵᠢᠭᠤᠯᠬᠤ ᠠᠵᠢᠯ ᠵᠠᠩᠭᠢᠯᠠᠭ᠎ᠠ᠎ᠶᠢᠨ ᠨᠢᠭᠡ ᠠᠯᠬᠤᠮ ᠢ᠋ ᠠᠯᠬᠤᠬᠰᠠᠨ ᠪᠠᠢᠨ᠎ᠠ᠃
ᠲᠣᠰ ᠤᠳᠠᠭᠠᠨ᠎ᠤ ᠪᠡᠶ᠎ᠡ᠎ᠶᠢᠨ ᠲᠠᠮᠢᠷ ᠤᠨ ᠴᠤᠭᠯᠠᠭᠠᠨ ᠤ ᠡᠬᠢᠯᠡᠬᠦ ᠪᠠ ᠲᠡᠭᠦᠰᠭᠦ ᠶᠣᠰᠣᠯᠠᠯ᠎ᠤᠨ ᠪᠣᠬᠢᠷᠲᠤᠯ ᠥᠬᠡᠶ ᠪᠠᠭ᠎ᠠ ᠨᠡᠭᠦᠷᠡᠰᠦᠲᠦ᠋ᠷᠥᠭᠴᠢᠲᠦ᠍ ᠠᠵᠢᠯ ᠢ ᠲᠦᠷᠦᠭᠦᠯᠡᠨ ᠬᠢᠬᠦ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ᠂ ᠪᠤᠭᠤᠲᠤ᠌ ᠬᠣᠲᠠ᠎ᠶᠢᠨ ᠠᠮᠢ ᠠᠬᠤᠶ ᠣᠷᠴᠢᠨ ᠲᠣᠭᠣᠷᠢᠨ ᠤ ᠲᠣᠪᠴᠢᠶ᠎ᠠ ᠤᠷᠤᠯᠳᠤᠭᠠᠨ ᠤ ᠱᠠᠭᠠᠷᠳᠠᠯᠭ᠎ᠠ ᠶᠢ ᠴᠢᠩᠭ᠎ᠠ ᠡᠵᠡᠮᠳᠡᠨ᠂ ᠨᠡᠭᠦᠷᠡᠰᠦᠳᠦ᠋ᠷᠥᠭᠴᠢ ᠭᠠᠳᠠᠭᠰᠢᠯᠠᠭᠤᠯᠬᠤ ᠵᠢᠨ ᠲᠣᠭᠠᠴᠠᠭ᠎ᠠ ᠬᠢᠬᠦ᠌᠂ ᠡᠬᠢ ᠡᠭᠦᠰᠦᠯ᠎ᠡᠴᠡ᠎ᠨᠢ ᠪᠠᠭᠠᠰᠬᠠᠬᠤ᠂ ᠨᠡᠭᠦᠷᠡᠰᠦᠳᠦ᠋ᠷᠥᠭᠴᠢ ᠶᠢ ᠠᠷᠢᠯᠭᠠᠬᠤ ᠪᠥᠬᠥ᠌ ᠬᠡᠯᠬᠢᠶᠡᠨ ᠦ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠪᠣᠳᠠᠲᠠᠶ᠎ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠡᠷ ᠤᠷᠤᠯᠳᠤᠭᠠᠨ᠎ᠤ《ᠨᠡᠭᠦᠷᠡᠰᠦᠳᠦ᠋ᠷᠥᠭᠴᠢ ᠦᠭᠡᠢᠳᠡᠬᠦᠯᠬᠦ》 ᠬᠠᠷᠠᠯᠲᠠ ᠲᠡᠶ᠋ᠢᠰᠢ ᠯᠠᠪᠳᠠᠭᠤᠨ᠎ᠢᠶᠠᠷ ᠤᠷᠤᠭᠰᠢᠯᠠᠬᠤ᠎ᠳᠤ ᠬᠦᠴᠦᠨ ᠨᠡᠮᠡᠷᠢᠯᠡᠵᠠᠢ᠃
《ᠲᠣᠮᠣ ᠬᠡᠯᠪᠡᠷᠢ ᠶᠢᠨ ᠠᠵᠢᠯᠯᠠᠭ᠎ᠠ ᠶᠢᠨ ᠨᠡᠭᠦᠷᠡᠰᠦᠳᠦ᠋ᠷᠥᠭᠴᠢᠶᠢ ᠰᠠᠭᠠᠷᠮᠠᠭᠵᠢᠭᠤᠯᠬᠤ᠎ᠳᠤ᠂ ᠨᠡᠭᠦᠷᠡᠰᠦᠳᠦ᠋ᠷᠥᠭᠴᠢᠶᠢᠨ ᠭᠠᠳᠠᠭᠰᠢᠯᠠᠭᠤᠯᠤᠯᠲᠠ᠎ᠶᠢ ᠨᠠᠷᠢᠨ ᠲᠤᠳᠤᠷᠬᠠᠢ ᠪᠤᠳᠤᠬᠤ ᠪᠣᠯ ᠨᠢᠭᠡᠳᠦᠭᠡᠷ ᠠᠯᠬᠤᠮ ᠪᠣᠯᠤᠨ᠎ᠠ᠂ ᠭᠠᠳᠠᠭᠰᠢᠯᠠᠭᠤᠯᠤᠯᠲᠠ᠎ᠶᠢ ᠡᠬᠢ ᠡᠭᠦᠰᠦᠯ᠎ᠡᠴᠡ ᠨᠢ ᠪᠠᠭᠠᠰᠬᠠᠬᠤ ᠠᠵᠢᠯ᠎ᠢ ᠰᠠᠶ᠋ᠢᠲᠤᠷ ᠬᠢᠬᠦ᠌᠎ᠪᠡᠷ ᠪᠠᠷᠠᠬᠤ ᠥᠬᠡᠶ ᠪᠠᠰᠠ ᠪᠤᠬᠢᠷᠳᠤᠯ ᠦᠭᠡᠢ ᠵᠢᠨ ᠦᠨᠡᠮᠯᠡᠯ᠂ ᠨᠡᠭᠦᠷᠡᠰᠦᠳᠦ᠋ᠷᠥᠭᠴᠢ ᠶᠢᠨ ᠬᠤᠷᠠᠮᠠᠯ ᠵᠢᠡᠷ ᠳᠠᠮᠵᠢᠭᠤᠯᠤᠨ ᠦᠯᠡᠳᠡᠭᠰᠡᠨ ᠨᠡᠭᠦᠷᠡᠰᠦᠲᠦ᠋ᠷᠥᠭᠴᠢᠶᠢᠨ ᠭᠠᠳᠠᠭᠰᠢᠯᠠᠭᠤᠯᠤᠯᠲᠠ᠎ᠶᠢ ᠲᠤᠯᠭᠠᠨ ᠬᠠᠰᠤᠨ᠎ᠠ》 ᠭᠡᠵᠤ ᠪᠤᠭᠤᠲᠤ᠌ ᠬᠣᠲᠠ᠎ᠶᠢᠨ ᠠᠮᠢ ᠠᠬᠤᠶ ᠣᠷᠴᠢᠨ ᠲᠤᠭᠤᠷᠢᠨ ᠤ ᠲᠣᠪᠴᠢᠶ᠎ᠠ᠎ᠶᠢᠨ ᠠᠭᠤᠷ ᠠᠮᠢᠰᠬᠤᠯ᠎ᠢ ᠠᠷᠭᠠᠴᠠᠭᠠᠬᠤ ᠰᠠᠯᠠᠭ᠎ᠠ ᠵᠢᠨ ᠳᠠᠷᠤᠭ᠎ᠠ ᠱᠠᠩ ᠳ᠋ᠢ ᠲᠠᠨᠢᠯᠴᠠᠭᠤᠯᠵᠦ ᠪᠠᠢᠯ᠎ᠠ᠃
ᠪᠤᠭᠤᠲᠤ᠌ ᠬᠣᠲᠠ᠎ᠶᠢᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ᠎ᠶᠢᠨ ᠠᠵᠢᠯᠲᠠᠨ 《ᠲᠣᠮᠣ ᠬᠡᠯᠪᠡᠷᠢ᠎ᠶᠢᠨ ᠠᠵᠢᠯᠯᠠᠭ᠎ᠠ᠎ᠶᠢᠨ ᠨᠡᠭᠦᠷᠡᠰᠦᠲᠦ᠋ᠷᠥᠭᠴᠢᠶᠢ ᠰᠠᠭᠠᠷᠮᠠᠬᠵᠢᠭᠤᠯᠬᠤ ᠵᠢ ᠬᠡᠷᠡᠭᠵᠢᠭᠦᠯᠬᠦ᠌ ᠵᠦᠭᠯᠡᠭᠦᠷ (ᠲᠤᠷᠰᠢᠨ ᠬᠡᠷᠡᠭᠵᠢᠭᠦᠯᠬᠦ᠌ ) 》 ᠵᠢᠴᠢ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠪᠤᠭᠤᠲᠤ᠌ ᠬᠣᠲᠠ᠎ᠶᠢᠨ ᠪᠡᠯᠡᠳᠬᠡᠯ ᠠᠵᠢᠯ᠎ᠤᠨ ᠺᠣᠮᠢᠰ᠎ᠤᠨ ᠠᠵᠢᠯ᠎ᠤᠨ ᠪᠠᠶ᠋ᠢᠷᠢᠯᠠᠭᠤᠯᠤᠯᠲᠠ᠎ᠪᠠᠷ ᠪᠠᠷᠢᠮᠵᠢᠶᠠᠯᠠᠨ᠂ ᠠᠵᠢᠯ᠎ᠤᠨ ᠲᠤᠰᠬᠠᠶ ᠠᠩᠭᠢᠪᠠᠶ᠋ᠢᠭᠤᠯᠵᠤ᠂ ᠨᠡᠭᠦᠷᠡᠰᠦᠲᠦ᠋ᠷᠥᠭᠴᠢ ᠭᠠᠳᠠᠭᠰᠢᠯᠠᠭᠤᠯᠬᠤ ᠲᠣᠭ᠎ᠠ ᠪᠠᠷᠢᠮᠲᠠ᠎ᠶᠢᠨ ᠡᠬᠡ ᠲᠠᠩᠰᠠ᠎ᠶᠢ ᠪᠠᠶ᠋ᠢᠭᠤᠯᠤᠨ ᠲᠡᠭᠦᠯᠳᠡᠷᠵᠢᠬᠦᠯᠵᠦ᠂ ᠡᠬᠢᠯᠡᠬᠦ ᠪᠠ ᠲᠡᠭᠦᠰᠭᠦ ᠶᠣᠰᠣᠯᠠᠯ᠎ᠢ ᠪᠡᠯᠡᠳᠬᠡᠬᠦ᠌ ᠡᠴᠡ ᠰᠡᠭᠦᠯᠴᠢ᠎ᠶᠢᠨ ᠬᠤᠭᠤᠴᠠᠭᠠᠨ ᠤ ᠰᠡᠭᠦᠯ ᠬᠤᠷᠢᠶᠠᠬᠤ ᠬᠦᠷᠳᠡᠯ᠎ᠠ ᠪᠥᠬᠥ᠌ ᠦᠶᠡᠯᠡᠯ ᠦᠨ ᠬᠤᠭᠤᠴᠠᠭ᠎ᠠ᠎ᠶᠢ ᠬᠠᠮᠢᠶᠠᠷᠤᠨ ᠡᠵᠡᠮᠳᠡᠬᠦ᠌ ᠬᠡᠪᠴᠢᠶᠡᠨ᠎ᠳᠦ ᠣᠷᠣᠭᠤᠯᠪᠠ᠃ ᠲᠠᠯᠠᠪᠤᠷ ᠣᠷᠳᠣᠨ᠎ᠤ ᠴᠠᠬᠢᠯᠭᠠᠨ ᠬᠡᠷᠡᠭᠯᠡᠬᠦ᠌᠂ ᠵᠠᠮ ᠬᠠᠷᠢᠯᠴᠠᠭ᠎ᠠ ᠵᠦᠭᠡᠭᠡᠪᠦᠷᠢ᠂ ᠦᠵᠡᠭᠴᠢᠳ᠎ᠦᠨ ᠬᠡᠪᠴᠢᠶ᠎ᠡ᠂ ᠲᠤᠬᠯᠠᠯᠳᠠ ᠵᠢᠨ ᠲᠠᠢᠰᠠ ᠪᠠᠢᠭᠤᠯᠬᠤ ᠵᠦᠢᠯ ᠪᠦᠷᠢ᠎ᠶᠢᠨ ᠠᠵᠢᠯᠯᠠᠭ᠎ᠠ᠎ᠶᠢᠨ ᠲᠣᠭ᠎ᠠ ᠪᠠᠷᠢᠮᠲᠠ᠎ᠶᠢ ᠨᠢᠭᠡᠳ ᠨᠢᠭᠡ ᠪᠡᠷ ᠡᠮᠬᠢᠯᠡᠨ ᠪᠦᠷᠢᠳᠬᠡᠵᠦ᠍᠂ ᠨᠡᠭᠦᠷᠡᠰᠦᠲᠦ᠋ᠷᠥᠭᠴᠢ ᠭᠠᠳᠠᠭᠰᠢᠯᠠᠭᠤᠯᠬᠤ ᠰᠠᠭᠤᠷᠢ ᠲᠣᠭ᠎ᠠ ᠲᠣᠳᠣᠷᠬᠠᠢ᠂ ᠲᠣᠭ᠎ᠠ ᠪᠠᠷᠢᠮᠲᠠ ᠣᠨᠣᠪᠴᠢᠲᠠᠢ ᠪᠠᠶ᠋ᠢᠬᠤ᠎ᠶᠢ ᠪᠡᠶᠡᠯᠡᠭᠦᠯᠦᠭᠰᠡᠨ ᠪᠠᠢᠨ᠎ᠠ᠃
ᠤᠷᠤᠯᠳᠤᠭᠠᠨ ᠡᠷᠭᠢᠯᠡᠬᠦ᠌ ᠶᠠᠪᠤᠴᠠ᠎ᠳᠤ᠂ ᠳᠥᠭᠥᠮ ᠳᠥᠲᠡ ᠪᠣᠳᠠᠲᠠᠢ᠎ᠶᠢ ᠡᠷᠬᠢᠮᠯᠡᠭᠰᠡᠨ ᠲᠤᠬᠯᠠᠯᠳᠠ ᠲᠠᠢᠰᠠ ᠵᠢᠨ ᠤᠷᠠᠯᠢᠭ᠎ᠢ ᠪᠠᠶ᠋ᠢᠭᠤᠯᠵᠤ᠂ ᠥᠷᠭᠡᠨ ᠤᠯᠠᠨ ᠦᠵᠡᠭᠴᠢᠳ᠎ᠲᠦ᠍ ᠪᠠᠭ᠎ᠠ ᠨᠡᠭᠦᠷᠡᠰᠦᠲᠥᠢ᠍ᠷᠥᠭᠴᠢᠲᠦ᠍ ᠤᠷᠤᠯᠳᠤᠭᠠᠨ ᠰᠣᠨᠢᠷᠬᠠᠬᠤ ᠰᠠᠨᠠᠭᠠᠴᠢᠯᠠᠭ᠎ᠠ ᠭᠠᠷᠭᠠᠵᠤ᠂ ᠤᠯᠠᠨ ᠵᠦᠢᠯ ᠦᠨ ᠠᠷᠭ᠎ᠠ ᠬᠡᠮᠵᠢᠶ᠎ᠡ ᠶᠢ ᠵᠡᠷᠭᠡ ᠪᠡᠷ ᠬᠡᠷᠡᠭᠯᠡᠨ ᠨᠡᠭᠦᠷᠡᠰᠦᠲᠦ᠋ᠷᠥᠭᠴᠢᠶᠢᠨ ᠭᠠᠳᠠᠭᠰᠢᠯᠠᠭᠤᠯᠤᠯᠲᠠ᠎ᠶᠢᠨ ᠨᠡᠮᠡᠭᠳᠡᠯ ᠢ ᠡᠬᠢ ᠡᠭᠦᠰᠦᠯ᠎ᠡᠴᠡ ᠨᠢ ᠪᠠᠭᠠᠰᠬᠠᠬᠤ ᠵᠢ ᠵᠤᠷᠢᠬᠰᠠᠨ ᠪᠠᠢᠨ᠎ᠠ᠃ ᠲᠣᠭᠠᠴᠠᠭ᠎ᠠ ᠬᠢᠭᠰᠡᠨ ᠦ ᠳᠠᠷᠠᠭ᠎ᠠ ᠮᠥᠨ ᠬᠦ᠌ ᠦᠯᠡᠳᠡᠭᠳᠡᠵᠦ᠍ ᠪᠠᠶ᠋ᠢᠭ᠎ᠠ ᠨᠡᠭᠦᠷᠡᠰᠦᠲᠦ᠋ᠷᠥᠭᠴᠢᠶᠢᠨ ᠭᠠᠳᠠᠭᠰᠢᠯᠠᠭᠤᠯᠤᠯᠲᠠ᠎ᠳᠤ 《ᠪᠤᠬᠢᠷᠳᠤᠯ ᠦᠭᠡᠢ ᠦᠨᠡᠮᠯᠡᠯ ᠢ ᠬᠢᠨᠠᠨ ᠬᠠᠷᠭᠤᠭᠤᠯᠬᠤ + ᠨᠡᠭᠦᠷᠡᠰᠦᠲᠦ᠋ᠷᠥᠭᠴᠢᠶᠢᠨ ᠬᠤᠷᠠᠮᠠᠯ᠎ᠢ ᠲᠤᠯᠭᠠᠨ ᠬᠠᠰᠤᠬᠤ》 ᠬᠤᠤᠰ ᠵᠠᠮᠲᠤ᠌ ᠵᠠᠭᠪᠤᠷ᠎ᠢ ᠬᠡᠷᠡᠭᠯᠡᠵᠦ᠍ ᠨᠥᠬᠥᠪᠥᠷᠢᠯᠡᠬᠦ ᠪᠤᠯᠤᠨ᠎ᠠ᠃
ᠪᠤᠭᠤᠲᠤ᠌ ᠬᠣᠲᠠ᠎ᠶᠢᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ ᠪᠠᠰᠠ ᠥᠪᠥᠷ ᠮᠣᠩᠭᠣᠯ᠎ᠤᠨ ᠡᠨᠧᠷᠭᠢ᠎ᠶᠢᠨ ᠡᠷᠢᠶᠡᠨ ᠬᠤᠳᠠ ᠵᠢᠨ 100 ᠲᠦᠮᠡᠨ ᠺᠢᠯᠦᠸᠠᠲ᠎ᠤᠨ ᠰᠠᠯᠬᠢᠨ ᠨᠥᠭᠡᠴᠡ᠎ᠶᠢᠨ ᠲᠥᠷᠥᠯ ᠵᠦᠢᠯ᠎ᠡᠴᠡ 620 ᠪᠣᠬᠢᠷᠲᠤᠯ ᠥᠬᠡᠶ ᠴᠠᠬᠢᠯᠭᠠᠨ ᠬᠦᠴᠦᠨ᠎ᠦ ᠦᠨᠡᠮᠯᠡᠯ᠎ᠢ ᠬᠤᠳᠠᠯᠳᠤᠨ ᠠᠪᠴᠤ᠌᠂ ᠳᠠᠬᠢᠨ ᠡᠭᠦᠰᠴᠦ᠍ ᠪᠣᠯᠬᠤ ᠡᠨᠧᠷᠭᠢ᠎ᠶᠢᠨ ᠴᠠᠬᠢᠯᠭᠠᠨ᠎ᠤ ᠬᠡᠮᠵᠢᠶ᠎ᠡ 62 ᠲᠦᠮᠡᠨ ᠺᠢᠯᠦᠸᠠᠲ ᠴᠠᠭ᠎ᠲᠠᠶ ᠵᠣᠬᠢᠴᠠᠯᠳᠤᠭᠤᠯᠤᠨ᠂ ᠢᠵᠢ ᠪᠦᠷᠢᠨ ᠠᠷᠠᠯᠵᠢᠶᠠᠨ᠎ᠤ ᠭᠡᠷᠡᠴᠢ ᠪᠠᠷᠢᠮᠲᠠ᠎ᠶᠢ ᠪᠦᠷᠢᠨ ᠪᠦᠲᠦᠨ ᠮᠥᠷᠳᠡᠵᠦ᠍ ᠪᠣᠯᠬᠤ ᠪᠣᠯᠭᠠᠵᠤ᠂ ᠬᠠᠷᠭᠤᠭᠤᠯᠤᠨ ᠲᠠᠩᠰᠠᠨ᠎ᠠᠴᠠ ᠭᠠᠷᠭᠠᠬᠤ ᠪᠥᠬᠥ᠌ ᠶᠠᠪᠤᠴᠠ᠎ᠶᠢ ᠤᠷᠤᠭᠰᠢᠲᠠᠶ ᠪᠡᠶᠡᠯᠡᠭᠦᠯᠵᠦ᠍᠂ ᠡᠬᠢᠯᠡᠬᠦ ᠪᠠ ᠲᠡᠭᠦᠰᠭᠦ ᠶᠣᠰᠣᠯᠠᠯ᠎ᠤᠨ ᠱᠠᠲᠤᠨ᠎ᠳᠤ ᠪᠣᠶ ᠪᠣᠯᠬᠤ ᠨᠡᠭᠦᠷᠡᠰᠦᠲᠦ᠋ᠷᠥᠭᠴᠢᠶᠢᠨ ᠭᠠᠳᠠᠭᠰᠢᠯᠠᠭᠤᠯᠤᠯᠲᠠ᠎ᠶᠢ ᠰᠢᠭᠤᠳ ᠲᠤᠯᠭᠠᠨ ᠬᠠᠰᠤᠬᠤ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃