ᠭᠣᠣᠯ ᠰᠡᠳᠦᠪᠲᠦ ᠮᠡᠳᠡᠭᠡᠯᠡᠯ > ᠠᠷᠪᠠᠨ ᠵᠢᠷᠭᠤᠭᠠᠳᠤᠭᠠᠷ ᠬᠤᠭᠤᠴᠠᠭᠠᠨ᠎ᠤ ᠲᠡᠮᠢᠷ᠎ᠤᠨ ᠴᠣᠬ᠍ᠯᠠᠭᠠᠨ

2026-08-09 11:52:14

ᠵᠣᠬᠢᠶᠠᠭ᠍ᠴᠢ᠄ ​ ᠴᠸᠨ ᠨᠠᠷᠠᠠᠳᠤᠨᠭᠭᠠᠯᠠᠭ ᠨᠠᠮᠤᠭ ᠠᠯᠤᠰ ᠸ • ᠭᠡᠷᠡᠯᠳᠤ ᠣᠩᠱᠢᠭ᠍ᠰᠠᠨ ᠣᠳᠠᠭ᠎ᠠ᠄ 3

8 ᠰᠠᠷ᠎ᠠ᠎ᠶᠢᠨ 6 ᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ 《ᠮᠧᠩ ᠨᠢᠦ ᠬᠤᠨᠳᠠᠭᠠᠲᠤ》 ᠬᠦᠨᠳᠦ ᠬᠥᠩᠭᠡᠨ ᠪᠡᠶ᠎ᠡ᠎ᠶᠢᠨ ᠲᠠᠮᠢᠷ᠎ᠤᠨ ᠵᠠᠰᠠᠮᠠᠯ ᠵᠠᠮ᠎ᠤᠨ ᠤᠷᠤᠯᠳᠤᠭᠠᠨ ᠪᠤᠭᠤᠲᠤ ᠬᠣᠲᠠ᠎ᠶᠢᠨ ᠬᠠᠷ᠎ᠠ ᠤᠰᠤᠨ᠎ᠤ ᠨᠤᠭᠤ ᠭᠠᠵᠠᠷ᠎ᠤᠨ ᠴᠡᠴᠡᠷᠯᠢᠭ᠎ᠲᠦ ᠡᠬᠢᠯᠡᠪᠡ᠃

ᠲᠤᠰ ᠤᠷᠤᠯᠳᠤᠭᠠᠨ ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠠᠷᠠᠳ ᠎ᠤᠨ ᠵᠠᠰᠠᠭ ᠎ᠤᠨ ᠣᠷᠳᠣᠨ᠎ᠠᠴᠠ ᠭᠣᠣᠯᠯᠠᠨ ᠡᠷᠬᠢᠯᠡᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠪᠡᠶ᠎ᠡ᠎ᠶᠢᠨ ᠲᠠᠮᠢᠷ ᠎ᠤᠨ ᠲᠣᠪᠴᠢᠶ᠎ᠠ᠂ ᠪᠤᠭᠤᠲᠤ ᠬᠤᠳᠠ᠎ᠶᠢᠨ ᠠᠷᠠᠳ ᠎ᠤᠨ ᠵᠠᠰᠠᠭ ᠎ᠤᠨ ᠣᠷᠳᠣᠨ ᠳᠠᠭᠠᠭᠠᠴᠢᠯᠠᠨ ᠡᠷᠬᠢᠯᠡᠪᠡ᠃

ᠡᠷᠡᠭᠲᠡᠢ᠂ ᠡᠮᠡᠭᠲᠡᠢ᠎ᠶᠢᠨ ᠬᠥᠬᠡ ᠬᠥᠬᠡᠭᠴᠢᠨ ᠤᠯᠠᠭᠠᠨ 6 ᠳᠤᠭᠤᠢᠯᠠᠩ᠎ᠤᠨ 38 ᠵᠦᠢᠯ᠎ᠤᠨ ᠤᠷᠤᠯᠳᠤᠭᠠᠨ ᠎ᠢ ᠲᠣᠬᠢᠷᠠᠭᠤᠯᠵᠤ᠂ ᠪᠥᠬᠥ ᠣᠷᠣᠨ᠎ᠤ 11 ᠠᠢᠮᠠᠭ ᠬᠣᠲᠠ᠎ᠶᠢᠨ 570 ᠭᠠᠷᠤᠢ ᠲᠠᠰᠬᠠᠯᠵᠢᠭᠤᠯᠤᠭᠴᠢ᠂ ᠲᠠᠮᠢᠷᠴᠢᠨ ᠤᠷᠤᠯᠳᠤᠭᠠᠨ᠎ᠳᠤ ᠣᠷᠣᠯᠴᠠᠵᠠᠢ᠃ ᠲᠤᠰ ᠤᠷᠤᠯᠳᠤᠭᠠᠨ᠎ᠳᠤ ᠠᠯᠬᠤᠭ᠎ᠠ ᠤᠷᠤᠯᠳᠤᠭᠠᠨ᠂ ᠵᠠᠰᠠᠮᠠᠯ ᠵᠠᠮ᠎ᠤᠨ ᠬᠣᠯᠠ ᠭᠦᠶᠦᠯᠲᠡ ᠭᠡᠬᠦ ᠬᠣᠶᠠᠷ ᠶᠡᠬᠡ ᠲᠥᠷᠥᠯ᠎ᠤᠨ ᠤᠷᠤᠯᠳᠤᠭᠠᠨ᠎ᠭᠠᠷᠭᠠᠨ᠂ ᠡᠬᠢᠨ᠎ᠦ ᠡᠳᠦᠷ᠎ᠲᠦ 5 ᠺᠢᠯᠣᠮᠧᠲᠷ᠂ 10 ᠺᠢᠯᠣᠮᠧᠲᠷ᠂ 20 ᠺᠢᠯᠣᠮᠧᠲᠷ᠎ᠦᠨ ᠬᠤᠪᠢ ᠬᠥᠮᠥᠨ ᠵᠢᠴᠢ ᠪᠦᠯᠬᠦᠮ᠎ᠦᠨ ᠠᠯᠬᠤᠭ᠎ᠠ ᠤᠷᠤᠯᠳᠤᠭᠠᠨ ᠶᠠᠪᠤᠭᠳᠠᠵᠤ᠂ ᠵᠠᠯᠭᠠᠭᠠᠳ ᠬᠠᠭᠠᠰ ᠵᠠᠶ ᠵᠢᠨ ᠮᠠᠷᠠᠽᠤᠨ᠎ᠤᠷᠤᠯᠳᠤᠭᠠᠨ᠎ᠤ ᠬᠤᠪᠢ ᠬᠥᠮᠥᠨ᠎ᠦ ᠤᠷᠤᠯᠳᠤᠭᠠᠨ᠂ ᠪᠤᠤᠬᠢᠶ᠎ᠠ ᠤᠷᠤᠯᠳᠤᠭᠠᠨ ᠵᠢᠴᠢ 5 ᠺᠢᠯᠣᠮᠧᠲᠷ᠂ 10 ᠺᠢᠯᠣᠮᠧᠲᠷ᠎ᠦᠨ ᠵᠠᠰᠠᠮᠠᠯ ᠵᠠᠮ᠎ᠤᠨ ᠬᠣᠯᠠ ᠭᠦᠶᠦᠯᠲᠡ᠎ᠶᠢᠨ ᠬᠤᠪᠢ ᠬᠥᠮᠥᠨ᠎ᠤ ᠤᠷᠤᠯᠳᠤᠭᠠᠨ᠂ ᠪᠦᠯᠬᠦᠮ᠎ᠤᠨ ᠤᠷᠤᠯᠳᠤᠭᠠᠨ ᠶᠠᠪᠤᠭᠳᠠᠨ᠎ᠠ᠃ ᠤᠷᠤᠯᠳᠤᠭᠠᠨ ᠨᠢ 3 ᠡᠳᠦᠷ᠎ᠶᠠᠪᠤᠭᠳᠠᠬᠤ ᠪᠤᠯᠤᠨ᠎ᠠ᠃ ᠤᠷᠤᠯᠳᠤᠭᠠᠨ᠎ᠢ ᠬᠠᠷ᠎ᠠ ᠤᠰᠤᠨ᠎ᠤ ᠨᠤᠭᠤ ᠭᠠᠵᠠᠷ᠎ᠤᠨ ᠴᠡᠴᠡᠷᠯᠢᠭ᠎ᠦᠨ ᠨᠠᠭᠤᠷ ᠲᠣᠭᠣᠷᠢᠭ᠍ᠰᠠᠨ ᠤᠷᠤᠯᠳᠤᠭᠠᠨ᠎ᠤ ᠵᠠᠮ᠎ᠳᠤ ᠲᠤᠬᠢᠷᠠᠭᠤᠯᠵᠦ᠂ ᠤᠷᠤᠯᠳᠤᠭᠠᠨ᠎ᠤ ᠵᠠᠮ᠎ᠤᠨ ᠠᠮᠢ ᠠᠬᠤᠢ ᠣᠷᠴᠢᠨ ᠲᠣᠭᠣᠷᠢᠨ ᠰᠢᠯᠢᠳᠡᠭ ᠰᠠᠢᠨ᠂ ᠵᠠᠮ ᠱᠤᠭᠤᠮ᠎ᠢ ᠨᠠᠷᠢᠯᠢᠭ᠋ ᠣᠨᠣᠴᠠᠲᠠᠢ ᠬᠡᠮᠵᠢᠵᠦ ᠲᠣᠬᠢᠷᠠᠭᠤᠯᠪᠠ᠃

ᠪᠤᠭᠤᠲᠤ ᠬᠣᠲᠠ᠎ᠶᠢᠨ ᠪᠡᠶ᠎ᠡ᠎ᠶᠢᠨ ᠲᠠᠮᠢᠷ᠎ᠤᠨ ᠲᠣᠪᠴᠢᠶ᠎ᠠ ᠤᠷᠤᠯᠳᠤᠭᠠᠨ᠎ᠢ ᠰᠠᠢᠳᠤᠷ ᠡᠷᠬᠢᠯᠡᠬᠦ᠂ ᠠᠮᠤᠷ᠎ᠢ ᠬᠠᠮᠠᠭᠠᠯᠠᠬᠤ᠂ ᠡᠮᠴᠢᠯᠡᠭᠡ᠂ ᠰᠠᠢᠨ ᠳᠤᠷ᠎ᠠ᠎ᠶᠢᠨ ᠦᠢᠯᠡᠴᠢᠯᠡᠭᠡ ᠵᠡᠷᠭᠡ ᠠᠵᠢᠯ᠎ᠢ ᠨᠢᠭᠡᠳᠦᠯᠲᠡᠢ ᠲᠥᠯᠥᠪᠯᠡᠵᠦ᠂ ᠤᠷᠤᠯᠳᠤᠭᠠᠨ᠎ᠤ ᠤᠷᠤᠭᠰᠢᠲᠠᠢ ᠶᠠᠪᠤᠭᠳᠠᠬᠤ᠎ᠵᠢ ᠪᠠᠳᠤᠯᠠᠵᠤ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面