ᠭᠣᠣᠯ ᠰᠡᠳᠦᠪᠲᠦ ᠮᠡᠳᠡᠭᠡᠯᠡᠯ > ᠠᠷᠪᠠᠨ ᠵᠢᠷᠭᠤᠭᠠᠳᠤᠭᠠᠷ ᠬᠤᠭᠤᠴᠠᠭᠠᠨ᠎ᠤ ᠲᠡᠮᠢᠷ᠎ᠤᠨ ᠴᠣᠬ᠍ᠯᠠᠭᠠᠨ

2026-08-09 11:50:31

ᠵᠣᠬᠢᠶᠠᠭ᠍ᠴᠢ᠄ ᠴᠸᠨ ᠨᠠᠷᠠᠠᠳᠤᠨᠭᠭᠠᠯᠠᠭ ᠨᠠᠮᠤᠭ ᠠᠯᠤᠰ ᠸ • ᠭᠡᠷᠡᠯᠳᠤ ᠣᠩᠱᠢᠭ᠍ᠰᠠᠨ ᠣᠳᠠᠭ᠎ᠠ᠄ 3

8 ᠰᠠᠷ᠎ᠠ᠎ᠶᠢᠨ 6 ᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ ᠎ᠤ 《ᠤᠯᠤᠰ᠎ᠤᠨ ᠡᠨᠧᠷᠭᠢ᠎ᠶᠢᠨ ᠪᠦᠯᠦᠭᠯᠡᠯ ᠬᠤᠨᠳᠠᠭᠠᠲᠤ》 ᠵᠡᠪᠰᠡᠭ᠎ᠤᠨ ᠡᠷᠳᠡᠮ᠎ᠤᠨ ᠲᠦᠷᠦᠯ ᠵᠦᠢᠯ᠎ᠤᠨ ᠴᠥᠷᠬᠡᠯᠡᠭᠡ ᠤᠷᠤᠯᠳᠤᠭᠠᠨ ᠪᠤᠭᠤᠲᠤ ᠬᠣᠲᠠ᠎ᠶᠢᠨ ᠶᠡᠷᠡᠨ ᠭᠤᠷᠪᠠᠳᠤᠭᠠᠷ ᠳᠤᠮᠳᠠᠳᠤ ᠰᠤᠷᠭᠠᠭᠤᠯᠢ᠎ᠶᠢᠨ ᠪᠡᠶ᠎ᠡ᠎ᠶᠢᠨ ᠲᠠᠮᠢᠷ᠎ᠤᠨ ᠣᠷᠳᠣᠨ᠎ᠳᠤ ᠡᠬᠢᠯᠡᠪᠡ᠃

ᠲᠤᠰ ᠤᠷᠤᠯᠳᠤᠭᠠᠨ᠎ᠢ ᠦᠪᠦᠷ ᠮᠤᠨᠭᠭᠤᠯ᠎ᠤᠨ ᠦᠪᠡᠷᠲᠡᠭᠡᠨ ᠵᠠᠰᠠᠬᠤ ᠣᠷᠣᠨ ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠣᠣᠯᠯᠠᠨ ᠡᠷᠬᠢᠯᠡᠵᠤ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ᠂ ᠪᠤᠭᠤᠲᠤ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ ᠳᠠᠭᠠᠭᠠᠴᠢᠯᠠᠨ ᠡᠷᠬᠢᠯᠡᠪᠡ᠃ ᠤᠷᠤᠯᠳᠤᠭᠠᠨ᠎ᠤ ᠬᠤᠭᠤᠴᠠᠭ᠎ᠠ ᠨᠢ 4 ᠡᠳᠦᠷ ᠪᠠᠢᠵᠤ᠂ ᠡᠷᠡᠭᠲᠡᠢ᠂ ᠡᠮᠡᠭᠲᠡᠢ᠎ᠶᠢᠨ ᠬᠥᠬᠡ ᠬᠥᠬᠡᠭᠴᠢᠨ 4 ᠳᠤᠭᠤᠢᠯᠠᠩ᠎ᠤᠨ 16 ᠤᠷᠤᠯᠳᠤᠭᠠᠨ᠎ᠤ ᠵᠦᠢᠯ᠎ᠢ ᠲᠣᠬᠢᠷᠠᠭᠤᠯᠵᠤ᠂ ᠪᠦᠬᠦ ᠣᠷᠣᠨ᠎ᠤ 10 ᠠᠢᠮᠠᠭ ᠬᠣᠲᠠ᠎ᠶᠢᠨ 200 ᠭᠠᠷᠤᠢ ᠲᠠᠰᠬᠠᠯᠵᠢᠭᠤᠯᠤᠭᠴᠢ᠂ ᠲᠠᠮᠢᠷᠴᠢᠨ ᠤᠷᠤᠯᠳᠤᠭᠠᠨ᠎ᠳᠤ ᠣᠷᠣᠯᠴᠠᠪᠠ ᠃

ᠤᠷᠤᠯᠳᠤᠭᠠᠨ᠎ᠳᠤ ᠣᠷᠣᠯᠴᠠᠭᠰᠠᠳ ᠢᠳᠡᠪᠬᠢ ᠦᠭᠡᠳᠡᠷᠭᠡᠭ ᠲᠦᠷᠰᠦ ᠪᠠᠢᠳᠠᠯ ᠵᠢᠡᠷ ᠤᠯᠠᠮᠵᠢᠯᠠᠯᠲᠤ ᠵᠡᠪᠰᠡᠭ᠎ᠦᠨ ᠡᠷᠳᠡᠮ᠎ᠦᠨ ᠲᠠᠳᠠᠬᠤ ᠬᠦᠴᠦᠨ ᠪᠠ ᠵᠠᠯᠠᠭᠤᠴᠤᠳ ᠪᠠᠭᠠᠴᠤᠳ᠎ᠤᠨ ᠪᠡᠶ᠎ᠡ᠎ᠶᠢᠨ ᠲᠠᠮᠢᠷ᠎ᠤᠨ ᠴᠣᠭ ᠵᠢᠪᠬᠤᠭ᠎ᠠ᠎ᠶᠢ ᠭᠦᠢᠴᠡᠳ ᠢᠯᠡᠷᠡᠭᠦᠯᠦᠭᠰᠡᠨ ᠪᠠᠢᠨ᠎ᠠ᠃

ᠤᠷᠤᠯᠳᠤᠭᠠᠨ᠎ᠤ ᠤᠷᠤᠭᠰᠢᠲᠠᠢ ᠶᠠᠪᠤᠭᠳᠠᠬᠤ᠎ᠶᠢ ᠪᠠᠲᠤᠯᠠᠬᠤ᠎ᠶᠢᠨ ᠲᠥᠯᠥᠭᠡ ᠪᠤᠭᠤᠲᠤ ᠬᠣᠲᠠ᠎ᠶᠢᠨ ᠪᠡᠶ᠎ᠡ᠎ᠶᠢᠨ ᠲᠠᠮᠢᠷ᠎ᠤᠨ ᠲᠣᠪᠴᠢᠶ᠎ᠠ ᠠ᠋ᠴᠠ ᠡᠯ᠎ᠡ ᠵᠦᠢᠯ᠎ᠦᠨ ᠤᠷᠤᠯᠳᠤᠭᠠᠨ᠎ᠤ ᠪᠠᠲᠤᠯᠠᠭ᠎ᠠ᠎ᠶᠢᠨ ᠠᠵᠢᠯ᠎ᠢ ᠰᠠᠢᠳᠤᠷ ᠬᠢᠵᠦ᠂ ᠠᠮᠤᠷ ᠲᠦᠪᠰᠢᠨ᠎ᠦ ᠬᠠᠮᠠᠭᠠᠯᠠᠯᠲᠠ᠎ᠶᠢᠨ ᠲᠥᠬᠦᠭᠡᠷᠦᠮᠵᠢ᠎ᠶᠢ ᠵᠤᠬᠢᠴᠠᠭᠤᠯᠵᠤ᠂ ᠤᠷᠤᠯᠳᠤᠭᠠᠨ᠎ᠤ ᠶᠠᠪᠤᠴᠠ᠎ᠶᠢ ᠵᠢᠷᠤᠮᠵᠢᠭᠤᠯᠤᠨ᠂ ᠤᠷᠤᠯᠳᠤᠭᠠᠨ᠎ᠤ ᠶᠠᠪᠤᠳᠠᠯ᠎ᠤᠨ ᠲᠦᠪ ᠭᠤᠤᠯᠴᠢ ᠡᠮᠬᠢ ᠲᠢᠭᠯᠢᠮ ᠲᠠᠢ ᠶᠠᠪᠤᠭᠳᠠᠬᠤ᠎ᠶᠢ ᠪᠠᠲᠤᠯᠠᠵᠠᠢ᠃ ᠡᠬᠦᠨ ᠡᠴᠡ ᠭᠠᠳᠠᠨ᠎ᠠ᠂ ᠬᠣᠭᠣᠯᠠ ᠬᠣᠨᠣᠭ᠂ ᠵᠠᠮ ᠬᠠᠷᠢᠯᠴᠠᠭᠠᠨ᠎ᠤ ᠪᠠᠳᠤᠯᠠᠭ᠎ᠠ ᠵᠢᠨ ᠠᠵᠢᠯ᠎ᠢ ᠰᠠᠢᠳᠤᠷ ᠬᠢᠵᠦ᠂ ᠦᠢᠯᠡᠴᠢᠯᠡᠭᠡᠨ᠎ᠢ ᠪᠦᠬᠦ ᠲᠠᠯ᠎ᠠ᠎ᠪᠠᠷ ᠨᠠᠷᠢᠯᠢᠭ᠍ᠵᠢᠭᠤᠯᠵᠤ᠂ ᠤᠷᠤᠯᠳᠤᠭᠠᠨ᠎ᠳᠤ ᠣᠷᠣᠯᠴᠠᠭᠰᠠᠳ᠎ᠲᠤ ᠠᠮᠤᠷ ᠲᠦᠪᠰᠢᠨ ᠲᠠᠭᠠᠯᠠᠮᠵᠢᠲᠠᠢ ᠤᠷᠤᠯᠳᠤᠭᠠᠨ᠎ᠤ ᠣᠷᠴᠢᠨ ᠲᠣᠭᠣᠷᠢᠨ᠎ᠢ ᠪᠤᠢ ᠪᠣᠯᠭᠠᠵᠤ᠂ ᠤᠷᠤᠯᠳᠤᠭᠠᠨ᠎ᠤ ᠶᠠᠪᠤᠳᠠᠯ᠎ᠢ ᠠᠮᠵᠢᠯᠲᠠ᠎ᠲᠠᠢ ᠡᠷᠬᠢᠯᠡᠬᠦ᠎ᠳᠦ ᠬᠦᠴᠦᠨ ᠨᠡᠮᠡᠷᠢᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面