ᠭᠣᠣᠯ ᠰᠡᠳᠦᠪᠲᠦ ᠮᠡᠳᠡᠭᠡᠯᠡᠯ > ᠠᠷᠪᠠᠨ ᠵᠢᠷᠭᠤᠭᠠᠳᠤᠭᠠᠷ ᠬᠤᠭᠤᠴᠠᠭᠠᠨ᠎ᠤ ᠲᠡᠮᠢᠷ᠎ᠤᠨ ᠴᠣᠬ᠍ᠯᠠᠭᠠᠨ

2026-08-12 10:56:13

ᠵᠣᠬᠢᠶᠠᠭ᠍ᠴᠢ᠄ ​ ᠦᠨᠢᠷ ᠣᠩᠱᠢᠭ᠍ᠰᠠᠨ ᠣᠳᠠᠭ᠎ᠠ᠄ 3

ᠥᠪᠥᠷ ᠮᠣᠩᠭᠣᠯ ᠤ᠋ᠨ ᠴᠠᠭ ᠠᠭᠤᠷ ᠤ᠋ᠨ ᠰᠠᠯᠠᠭ᠎ᠠ ᠮᠥᠴᠢᠷ ᠥᠪᠡᠷᠲᠡᠭᠡᠨ ᠵᠠᠰᠠᠬᠤ ᠣᠷᠣᠨ ᠤ᠋ ᠠᠷᠪᠠᠨ ᠵᠢᠷᠭᠤᠳᠤᠭᠠᠷ ᠬᠤᠭᠤᠴᠠᠭᠠᠨ ᠤ᠋ ᠪᠡᠶ᠎ᠠ ᠢ᠋ᠢᠨ ᠲᠠᠮᠢᠷ ᠤ᠋ᠨ ᠴᠤᠭᠯᠠᠭᠠᠨ ᠳ᠋ᠤ ᠴᠠᠭ ᠠᠭᠤᠷ ᠤ᠋ᠨ ᠪᠠᠲᠤᠯᠠᠭ᠎ᠠ ᠬᠠᠡᠭᠭᠠᠨ᠎ᠠ

ᠥᠪᠥᠷ ᠮᠣᠩᠭᠣᠯ ᠤ᠋ᠨ ᠦᠪᠡᠷᠲᠡᠭᠡᠨ ᠵᠠᠰᠠᠬᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠡᠴᠡ ᠤᠢᠯᠠᠭᠠᠭᠰᠠᠨ ᠢ᠋ᠢᠡᠷ᠂ ᠥᠪᠥᠷ ᠮᠣᠩᠭᠣᠯ ᠤ᠋ᠨ ᠴᠠᠭ ᠠᠭᠤᠷ ᠤ᠋ᠨ ᠰᠠᠯᠠᠭ᠎ᠠ ᠮᠥᠴᠢᠷ ᠤ᠋ᠨ ᠬᠢᠨ ᠪᠣᠳᠠᠲᠠᠶ ᠠᠷᠭ᠎ᠠ ᠬᠡᠮᠵᠢᠶ᠎ᠡ ᠠᠪᠤᠨ ᠥᠨᠳᠥᠷ ᠪᠠᠷᠢᠮᠵᠢᠶ᠎ᠠ ᠪᠡᠷ ᠨᠢᠭᠡᠳᠦᠯᠲᠡᠶ ᠲᠥᠯᠥᠪᠵᠢᠭᠦᠯᠵᠦ᠍᠂ ᠣᠶᠤᠨᠴᠢ ᠦᠢᠯᠡᠴᠢᠯᠡᠭᠡᠨ ᠤ᠋ ᠲᠠᠪᠴᠠᠩ ᠪᠠᠶ᠋ᠢᠭᠤᠯᠤᠨ᠂ ᠬᠣᠯᠪᠣᠭᠠᠯᠠᠨ ᠰᠡᠷᠭᠡᠶ᠋ᠢᠯᠡᠵᠦ᠍ ᠬᠣᠯᠪᠣᠭᠠᠯᠠᠨ ᠬᠥᠳᠡᠯᠦᠯᠴᠡᠬᠦ᠌ ᠲᠤᠤᠷ ᠢ᠋ ᠨᠢᠭᠲᠠ ᠰᠦᠯᠵᠢᠵᠦ᠍᠂ ᠥᠪᠡᠷᠲᠡᠭᠡᠨ ᠵᠠᠰᠠᠬᠤ ᠣᠷᠣᠨ ᠤ᠋ ᠠᠷᠪᠠᠨ ᠵᠢᠷᠭᠤᠳᠤᠭᠠᠷ ᠬᠤᠭᠤᠴᠠᠭᠠᠨ ᠤ᠋ ᠪᠡᠶ᠎ᠡ ᠢ᠋ᠢᠨ ᠲᠠᠮᠢᠷ ᠤ᠋ᠨ ᠴᠤᠭᠯᠠᠭᠠᠨ ᠳ᠋ᠤ ᠪᠠᠲᠤ᠌ ᠴᠢᠩᠭ᠎ᠠ ᠴᠠᠭ ᠠᠭᠤᠷ ᠤ᠋ᠨ ᠪᠠᠲᠤᠯᠠᠭ᠎ᠠ ᠬᠠᠩᠭᠠᠵᠤ ᠪᠠᠢᠨ᠎ᠠ᠃

ᠥᠪᠡᠷᠲᠡᠭᠡᠨ ᠵᠠᠰᠠᠬᠤ ᠣᠷᠣᠨ ᠤ᠋ ᠴᠠᠭ ᠠᠭᠤᠷ ᠤ᠋ᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ᠋ ᠠᠷᠪᠠᠨ ᠵᠢᠷᠭᠤᠳᠤᠭᠠᠷ ᠬᠤᠭᠤᠴᠠᠭᠠᠨ ᠤ᠋ ᠪᠡᠶ᠎ᠡ ᠢ᠋ᠢᠨ ᠲᠠᠮᠢᠷ ᠤ᠋ᠨ ᠴᠤᠭᠯᠠᠭᠠᠨ ᠤ᠋ ᠴᠠᠭ ᠠᠭᠤᠷ ᠤ᠋ᠨ ᠦᠢᠯᠡᠴᠢᠯᠡᠭᠡᠨ ᠤ᠋ ᠲᠤᠰᠬᠠᠶ ᠠᠩᠭᠢ ᠪᠠᠶ᠋ᠢᠭᠤᠯᠤᠨ᠂ ᠶᠡᠷᠦᠩᠬᠡᠶ᠋ᠢᠯᠡᠨ ᠵᠣᠬᠢᠴᠠᠭᠤᠯᠬᠤ᠂ ᠤᠷᠢᠳᠴᠢᠯᠠᠨ ᠮᠡᠳᠡᠭᠡᠯᠡᠬᠦ᠌ ᠦᠢᠯᠡᠴᠢᠯᠡᠭᠡ ᠬᠠᠡᠭᠭᠠᠬᠤ᠂ ᠶᠡᠷᠦᠩᠬᠡᠶ᠋ᠢᠯᠡᠨ ᠪᠠᠲᠤᠯᠠᠬᠤ᠂ ᠮᠡᠳᠡᠭᠡ ᠵᠠᠩᠭᠢ ᠢ᠋ᠢᠨ ᠤᠬᠠᠭᠤᠯᠭ᠎ᠠ ᠬᠢᠬᠦ᠌ 4 ᠲᠤᠰᠬᠠᠶ ᠳᠤᠭᠤᠶ᠋ᠢᠯᠠᠩ ᠪᠠᠶ᠋ᠢᠭᠤᠯᠵᠤ᠂ ᠠᠵᠢᠯ ᠤ᠋ᠨ ᠬᠤᠪᠢᠶᠠᠷᠢᠯᠠᠯ ᠲᠣᠳᠣᠷᠬᠠᠶ᠂ ᠠᠵᠢᠯᠯᠠᠭᠠᠨ ᠥᠨᠳᠥᠷ ᠪᠦᠲᠦᠮᠵᠢᠲᠡᠶ ᠵᠢᠯᠣᠭᠣᠳᠬᠤ ᠰᠢᠰᠲ᠋ᠧᠮ ᠢ᠋ ᠪᠦᠷᠢᠯᠳᠦᠬᠦᠯᠪᠡ; ᠣᠶᠤᠨᠴᠢ ᠤᠷᠢᠳᠴᠢᠯᠠᠨ ᠮᠡᠳᠡᠭᠡᠯᠡᠵᠦ᠍ ᠰᠡᠷᠡᠮᠵᠢᠯᠡᠭᠦᠯᠬᠦ᠌ ᠢ᠋ᠢ ᠨᠢᠭᠡ ᠴᠣᠭᠴᠠᠵᠢᠭᠤᠯᠤᠭᠰᠠᠨ ᠲᠤᠬᠠᠶ᠋ᠢᠯᠠᠭᠰᠠᠨ ᠠᠵᠢᠯ ᠤ᠋ᠨ ᠲᠠᠪᠴᠠᠩ᠎ᠳᠤ ᠲᠦᠰᠢᠭᠯᠡᠨ《ᠠᠷᠪᠠᠨ ᠵᠢᠷᠭᠤᠳᠤᠭᠠᠷ ᠬᠤᠭᠤᠴᠠᠭᠠᠨ ᠤ᠋ ᠪᠡᠶ᠎ᠡ ᠢ᠋ᠢᠨ ᠲᠠᠮᠢᠷ ᠤ᠋ᠨ ᠴᠤᠭᠯᠠᠭᠠᠨ ᠤ᠋ ᠴᠠᠭ ᠠᠭᠤᠷ ᠤ᠋ᠨ ᠦᠢᠯᠡᠴᠢᠯᠡᠭᠡᠨ ᠤ᠋ ᠪᠠᠲᠤᠯᠠᠭ᠎ᠠ ᠢ᠋ᠢᠨ ᠲᠠᠪᠴᠠᠩ》 ᠢ᠋ ᠪᠡᠶ᠎ᠡ ᠪᠡᠨ ᠳᠠᠭᠠᠭᠠᠨ ᠰᠤᠳᠤᠯᠤᠨ ᠨᠡᠭᠡᠭᠡᠵᠦ᠍᠂ ᠤᠷᠤᠯᠳᠤᠭᠠᠨ ᠤ᠋ ᠦᠢᠯᠡᠴᠢᠯᠡᠭᠡᠨ ᠤ᠋ ᠲᠤᠰᠬᠠᠶ ᠪᠤᠯᠤᠩ ᠭᠠᠷᠭᠠᠨ᠂ ᠤᠷᠤᠯᠳᠤᠭᠠᠨ ᠤ᠋ ᠪᠥᠬᠥ᠌ ᠲᠠᠯᠠᠪᠤᠷ ᠣᠷᠳᠣᠨ ᠳ᠋ᠤ ᠨᠠᠷᠢᠨ ᠤᠨᠤᠴᠠᠲᠠᠢ ᠴᠠᠭ ᠠᠭᠤᠷ ᠤ᠋ᠨ ᠤᠷᠢᠳᠴᠢᠯᠠᠬᠰᠠᠨ ᠮᠡᠳᠡᠭᠡ ᠵᠢ ᠬᠠᠡᠭᠭᠠᠵᠤ ᠪᠠᠢᠨ᠎ᠠ; ᠣᠯᠠᠨ ᠡᠬᠢᠲᠦ᠍ ᠲᠣᠭ᠎ᠠ ᠪᠠᠷᠢᠮᠲᠠ ᠳ᠋ᠤ ᠰᠠᠭᠤᠷᠢᠯᠠᠭᠰᠠᠨ ᠪᠣᠰᠣᠭ᠎ᠠ ᠴᠣᠭᠴᠠᠲᠤ᠌ ᠬᠢᠨᠠᠨ ᠬᠡᠮᠵᠢᠬᠦ᠌ ᠲᠤᠤᠷ ᠢ᠋ ᠪᠦᠷᠢᠯᠳᠦᠭᠦᠯᠵᠦ᠍᠂ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠴᠢᠳᠠᠪᠤᠷᠢ ᠢ᠋ᠢ ᠪᠦᠲᠦᠮᠵᠢᠲᠡᠶ ᠳᠡᠭᠡᠭᠰᠢᠯᠡᠭᠦᠯᠵᠦ᠍᠂ ᠨᠠᠷᠢᠨ ᠪᠤᠳᠤᠯᠢᠶᠠᠨᠲᠠᠶ ᠭᠠᠵᠠᠷ ᠤ᠋ᠨ ᠪᠠᠶ᠋ᠢᠴᠠ ᠳᠤᠤᠷᠠᠬᠢ ᠬᠢᠨᠠᠨ ᠬᠡᠮᠵᠢᠯᠲᠡ ᠢ᠋ᠢᠨ ᠳᠤᠲᠠᠭᠤᠳᠠᠯ ᠢ᠋ ᠨᠥᠬᠥᠪᠥᠷᠢᠯᠡᠪᠡ; ᠬᠥᠮᠦᠨ ᠤ᠋ ᠬᠦᠴᠦ ᠪᠡᠷ ᠴᠠᠭ ᠠᠭᠤᠷ ᠢ᠋ ᠨᠥᠯᠥᠭᠡᠯᠡᠬᠦ᠌ ᠠᠵᠢᠯ ᠤ᠋ᠨ ᠪᠠᠲᠤᠯᠠᠭ᠎ᠠ ᠢ᠋ᠢᠨ ᠬᠡᠷᠡᠭᠵᠢᠭᠦᠯᠬᠦ᠌ ᠲᠥᠰᠦᠯ ᠢ᠋ ᠳᠠᠷᠤᠮᠠᠯᠯᠠᠨ ᠲᠠᠷᠬᠠᠭᠠᠵᠤ᠂ ᠬᠤᠷᠠᠯ ᠤ᠋ᠨ ᠲᠠᠯᠠᠪᠠᠶ ᠢ᠋ᠢᠨ ᠡᠷᠬᠢᠨ ᠲᠣᠭᠣᠷᠢᠨ ᠳ᠋ᠤ 4 ᠠᠵᠢᠯ ᠤ᠋ᠨ ᠰᠡᠷᠭᠡᠶ᠋ᠢᠯᠡᠯᠲᠡ ᠢ᠋ᠢᠨ ᠱᠤᠭᠤᠮ ᠭᠠᠷᠭᠠᠨ ᠪᠤᠭᠤᠲᠤ᠌᠂ ᠬᠥᠬᠡᠬᠣᠲᠠ ᠪᠠ ᠣᠷᠳᠣᠰ ᠵᠡᠷᠭᠡ ᠣᠯᠠᠨ ᠭᠠᠵᠠᠷ ᠤ᠋ᠨ ᠠᠵᠢᠯ ᠤ᠋ᠨ ᠲᠣᠨᠣᠭ ᠲᠥᠬᠥᠭᠡᠷᠦᠮᠵᠢ ᠢ᠋ᠢ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠵᠤ᠂ ᠤᠷᠤᠯᠳᠤᠭᠠᠨ ᠤ᠋ ᠲᠣᠭᠲᠠᠭᠤᠨ ᠪᠥᠭᠡᠳ ᠡᠮᠬᠢ ᠵᠢᠷᠤᠮ ᠲᠠᠶ ᠶᠠᠪᠤᠭᠳᠠᠬᠤ᠎ᠳᠤ ᠠᠮᠤᠷ ᠲᠦᠪᠰᠢᠨ ᠤ᠋ ᠪᠠᠲᠤᠯᠠᠭ᠎ᠠ ᠬᠠᠡᠭᠭᠠᠵᠤ ᠪᠤᠢ᠃

ᠤᠢᠯᠠᠭᠠᠭᠰᠠᠨ ᠢ᠋ᠢᠡᠷ᠂ ᠥᠪᠡᠷᠲᠡᠭᠡᠨ ᠵᠠᠰᠠᠬᠤ ᠣᠷᠣᠨ ᠤ᠋ ᠴᠠᠭ ᠠᠭᠤᠷ ᠤ᠋ᠨ ᠰᠠᠯᠠᠭ᠎ᠠ ᠮᠦᠴᠢᠷ 4 ᠰᠠᠷ᠎ᠠ ᠢ᠋ᠢᠨ 20 ᠤ᠋ ᠡᠳᠦᠷ ᠡᠴᠡ ᠥᠪᠡᠷᠲᠡᠭᠡᠨ ᠵᠠᠰᠠᠬᠤ ᠣᠷᠣᠨ ᠤ᠋ ᠠᠷᠪᠠᠨ ᠵᠢᠷᠭᠤᠳᠤᠭᠠᠷ ᠬᠤᠭᠤᠴᠠᠭᠠᠨ ᠤ᠋ ᠪᠡᠶ᠎ᠡ ᠢ᠋ᠢᠨ ᠲᠠᠮᠢᠷ ᠤ᠋ᠨ ᠴᠤᠭᠯᠠᠭᠠᠨ ᠤ᠋ ᠴᠠᠭ ᠠᠭᠤᠷ ᠤ᠋ᠨ ᠦᠢᠯᠡᠴᠢᠯᠡᠭᠡ ᠢ᠋ᠢ ᠪᠦᠬᠦ᠌ ᠲᠠᠯ᠎ᠠ ᠪᠡᠷ ᠡᠬᠢᠯᠡᠭᠦᠯᠵᠦ᠍᠂ 8 ᠰᠠᠷ᠎ᠠ ᠢ᠋ᠢᠨ 8 ᠤ᠋ ᠡᠳᠦᠷ ᠪᠣᠯᠲᠠᠯ᠎ᠠ ᠲᠤᠰᠬᠠᠶ ᠦᠢᠯᠡᠴᠢᠯᠡᠭᠡᠨ ᠤ᠋ ᠦᠢᠯᠡᠳᠬᠦᠨ ᠢ᠋ ᠨᠡᠶ᠋ᠢᠲᠡ 120 ᠬᠤᠭᠤᠴᠠᠭ᠎ᠠ ᠨᠡᠶ᠋ᠢᠲᠡᠯᠡᠪᠠ᠃ ᠡᠭᠦᠨ ᠳ᠋ᠤ ᠭᠠᠯ ᠪᠠᠮᠪᠠᠷ ᠳᠠᠮᠵᠢᠭᠤᠯᠬᠤ ᠲᠤᠰᠬᠠᠶ ᠰᠡᠳᠦᠪᠲᠦ᠍ ᠦᠢᠯᠡᠳᠬᠦᠨ 10 ᠬᠤᠭᠤᠴᠠᠭ᠎ᠠ᠂ ᠵᠠᠮ ᠳᠠᠭᠠᠤ ᠳᠠᠭᠠᠭᠤᠯᠢ ᠣᠳᠣᠨ ᠤ᠋ ᠠᠯᠤᠰ ᠰᠡᠷᠡᠯ ᠤ᠋ᠨ ᠵᠢᠷᠤᠭ ᠳᠦᠷᠰᠦ ᠢ᠋ᠢᠨ ᠦᠢᠯᠡᠳᠬᠦᠨ 9 ᠬᠤᠭᠤᠴᠠᠭ᠎ᠠ ᠵᠡᠷᠬᠡ ᠪᠠᠭᠲᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面