ᠭᠣᠣᠯ ᠰᠡᠳᠦᠪᠲᠦ ᠮᠡᠳᠡᠭᠡᠯᠡᠯ > ᠠᠷᠪᠠᠨ ᠵᠢᠷᠭᠤᠭᠠᠳᠤᠭᠠᠷ ᠬᠤᠭᠤᠴᠠᠭᠠᠨ᠎ᠤ ᠲᠡᠮᠢᠷ᠎ᠤᠨ ᠴᠣᠬ᠍ᠯᠠᠭᠠᠨ

2026-08-14 09:54:17

ᠵᠣᠬᠢᠶᠠᠭ᠍ᠴᠢ᠄ ᠴᠸᠨ ᠨᠠᠷᠠᠨᠳᠤᠨᠭᠭᠠᠯᠠᠭ ᠨᠠᠮᠤᠭ ᠠᠯᠤᠰ ᠸ·ᠭᠡᠷᠡᠯᠳᠦ ᠣᠩᠱᠢᠭ᠍ᠰᠠᠨ ᠣᠳᠠᠭ᠎ᠠ᠄ 3

8 ᠰᠠᠷ᠎ᠠ᠎ᠶᠢᠨ 12᠎ᠤ᠋ᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠲᠠᠮᠢᠷ᠎ᠤᠨ ᠴᠤᠭᠯᠠᠭᠠᠨ᠎ᠤ ᠤᠮᠪᠠᠯᠲᠠ᠎ᠶᠢᠨ ᠲᠦᠷᠦᠯ ᠵᠦᠢᠯ᠎ᠤᠨ ᠤᠷᠤᠯᠳᠤᠭᠠᠨ ᠥᠨᠳᠥᠷᠯᠡᠵᠦ᠂ 20 ᠵᠦᠢᠯ᠎ᠦᠨ ᠤᠷᠤᠯᠳᠤᠭᠠᠨ᠎ᠤ ᠲᠡᠮᠳᠡᠭᠯᠡᠯ᠎ᠢ ᠰᠢᠨᠠᠳᠭᠡᠪᠡ᠃


11.jpg


ᠤᠷᠤᠯᠳᠤᠭᠠᠨ ᠬᠤᠷᠴᠠ ᠰᠢᠷᠦᠭᠦᠨ ᠶᠠᠪᠤᠬᠳᠠᠵᠤ᠂ ᠬᠥᠬᠡ ᠬᠥᠬᠡᠭᠴᠢᠨ ᠳᠤᠭᠤᠢᠯᠠᠩ᠎ᠤᠨ ᠲᠠᠩᠭᠠᠢᠮᠠᠯ ᠤᠮᠪᠠᠯᠲᠠ᠂ ᠮᠡᠯᠡᠬᠡᠢ ᠤᠮᠪᠠᠯᠲᠠ᠂ ᠡᠷᠪᠡᠬᠡᠢ ᠤᠮᠪᠠᠯᠲᠠ ᠵᠡᠷᠭᠡ 13 ᠵᠦᠢᠯ᠎ᠦᠨ ᠰᠢᠢᠳᠪᠦᠷᠢᠲᠦ ᠤᠷᠤᠯᠳᠤᠭᠠᠨ᠎ᠢ ᠶᠠᠪᠤᠭᠤᠯᠵᠠᠢ᠃


22.jpg


ᠤᠢᠯᠠᠭᠠᠭᠰᠠᠨ ᠵᠢᠡᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠲᠠᠮᠢᠷ᠎ᠤᠨ ᠴᠤᠭᠯᠠᠭᠠᠨ᠎ᠤ ᠤᠮᠪᠠᠯᠲᠠ᠎ᠶᠢᠨ ᠲᠦᠷᠦᠯ ᠵᠦᠢᠯ᠎ᠤᠨ ᠤᠷᠤᠯᠳᠤᠭᠠᠨ ᠨᠡᠢᠳᠡ 4 ᠡᠳᠦᠷ ᠶᠠᠪᠤᠭᠳᠠᠵᠤ᠂ ᠡᠷᠡᠭᠲᠡᠢ ᠡᠮᠡᠭᠲᠡᠢ᠎ᠶᠢᠨ ᠬᠥᠬᠡ᠂ ᠬᠥᠬᠡᠭᠴᠢᠨ᠂ ᠤᠯᠠᠭᠠᠨ ᠬᠡᠭᠦ ᠵᠢᠷᠭᠤᠭᠠᠨ ᠳᠤᠭᠤᠢᠯᠠᠩ ᠭᠠᠷᠭᠠᠵᠦ᠂ 57 ᠤᠷᠤᠯᠳᠤᠭᠠᠨ᠎ᠤ ᠵᠦᠢᠯ᠎ᠢ ᠲᠣᠬᠢᠷᠠᠭᠤᠯᠵᠤ᠂ ᠪᠥᠬᠥ ᠣᠷᠣᠨ᠎ᠤ 10 ᠠᠢᠮᠠᠭ ᠬᠣᠲᠠ᠎ᠶᠢᠨ 300 ᠭᠠᠷᠤᠢ ᠲᠠᠮᠢᠷᠴᠢᠨ ᠣᠷᠣᠯᠴᠠᠪᠠ᠃ ᠪᠦᠬᠦᠢᠯᠡ ᠤᠷᠤᠯᠳᠤᠭᠠᠨ᠎ᠤ ᠶᠠᠪᠤᠴᠠ ᠳ᠋ᠤ ᠲᠠᠮᠢᠷᠴᠢᠳ ᠡᠷᠡᠯᠬᠡᠭᠯᠡᠨ ᠲᠡᠮᠡᠴᠡᠵᠦ᠂ ᠪᠦᠬᠦ ᠬᠦᠴᠦᠨ᠎ᠢᠶᠡᠷ᠎ᠢᠶᠡᠨ ᠴᠢᠷᠮᠠᠢᠵᠤ᠂ ᠡᠮᠡᠭᠳᠡᠢ ᠵᠢᠨ ᠬᠦᠭᠡᠭᠴᠢᠨ ᠲᠤᠭᠤᠢᠯᠠᠩ᠎ᠤᠨ 100 ᠮᠸᠲ᠋ᠷ᠎ᠤᠨ ᠮᠡᠯᠡᠭᠡᠢ ᠤᠮᠪᠠᠯᠳᠠ᠂ ᠡᠷᠡᠭᠳᠡᠢ ᠵᠢᠨ ᠬᠦᠭᠡᠭᠴᠢᠨ ᠲᠤᠭᠤᠢᠯᠠᠩ᠎ᠤᠨ 200 ᠮᠸᠲ᠋ᠷ᠎ᠤᠨ ᠮᠡᠯᠡᠭᠡᠢ ᠤᠮᠪᠠᠯᠳᠠ ᠵᠡᠷᠭᠡ 20 ᠲᠦᠷᠦᠯ ᠵᠦᠢᠯ ᠳ᠋ᠤ ᠥᠪᠡᠷᠲᠡᠭᠡᠨ ᠵᠠᠰᠠᠬᠤ ᠣᠷᠣᠨ᠎ᠤ ᠤᠷᠤᠯᠳᠤᠭᠠᠨ᠎ᠤ ᠲᠡᠮᠳᠡᠭᠯᠡᠯ᠎ᠢ ᠰᠢᠨᠠᠳᠭᠡᠪᠡ᠃ ᠡᠨᠡᠬᠦ ᠬᠢᠯᠡᠯᠵᠠᠭᠰᠠᠨ ᠠᠮᠵᠢᠯᠲᠠ ᠪᠦᠲᠦᠮᠵᠢ ᠨᠢ ᠮᠠᠨ᠎ᠤ ᠣᠷᠣᠨ᠎ᠤ ᠤᠮᠪᠠᠯᠲᠠ᠎ᠶᠢᠨ ᠲᠠᠮᠢᠷᠴᠢᠳ᠎ᠤᠨ ᠯᠠᠪᠳᠠᠭᠤᠨ ᠪᠠᠲᠤᠲᠠᠢ ᠮᠡᠷᠭᠡᠵᠢᠯ᠎ᠦᠨ ᠰᠠᠭᠤᠷᠢ ᠪᠠ ᠰᠠᠢᠨ ᠰᠠᠢᠬᠠᠨ ᠥᠷᠢᠰᠦᠯᠳᠦᠭᠡᠨ᠎ᠦ ᠪᠠᠢᠳᠠᠯ᠎ᠢ ᠭᠦᠢᠴᠡᠳ ᠬᠠᠷᠠᠭᠤᠯᠤᠬᠰᠠᠨ ᠵᠢᠡᠷ ᠪᠠᠷᠠᠬᠤ ᠦᠭᠡᠢ ᠡᠯ᠎ᠡ ᠭᠠᠵᠠᠷ᠎ᠤᠨ ᠵᠠᠯᠠᠭᠤᠴᠤᠳ ᠪᠠᠭᠠᠴᠤᠳ᠎ᠤᠨ ᠤᠮᠪᠠᠯᠲᠠ᠎ᠶᠢᠨ ᠪᠡᠯᠡᠳᠬᠡᠯ ᠴᠢᠳᠠᠪᠤᠷᠢᠲᠠᠨ᠎ᠤ ᠪᠣᠯᠪᠠᠰᠤᠷᠠᠯ᠎ᠤᠨ ᠦᠷ᠎ᠡ ᠪᠦᠲᠦᠭᠡᠯ᠎ᠢ ᠪᠦᠳᠦᠮᠵᠢᠳᠡᠢ ᠰᠢᠯᠭᠠᠨ ᠪᠠᠢᠴᠠᠭᠠᠵᠤ᠂ ᠪᠦᠬᠦ ᠣᠷᠣᠨ᠎ᠤ ᠪᠡᠶ᠎ᠡ᠎ᠶᠢᠨ ᠲᠠᠮᠢᠷ᠎ᠤᠨ ᠦᠢᠯᠡᠰ᠎ᠦᠨ ᠬᠥᠭᠵᠢᠯᠲᠡ᠎ᠳᠦ ᠬᠦᠴᠦᠨ ᠨᠡᠮᠡᠷᠢᠯᠡᠪᠠ᠃


33.jpg

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面