ᠭᠣᠣᠯ ᠰᠡᠳᠦᠪᠲᠦ ᠮᠡᠳᠡᠭᠡᠯᠡᠯ > ᠠᠷᠪᠠᠨ ᠵᠢᠷᠭᠤᠭᠠᠳᠤᠭᠠᠷ ᠬᠤᠭᠤᠴᠠᠭᠠᠨ᠎ᠤ ᠲᠡᠮᠢᠷ᠎ᠤᠨ ᠴᠣᠬ᠍ᠯᠠᠭᠠᠨ

2026-08-16 11:52:54

ᠵᠣᠬᠢᠶᠠᠭ᠍ᠴᠢ᠄ ᠴᠸᠨ ᠨᠠᠷᠠᠨᠳᠤᠨᠭᠭᠠᠯᠠᠭ ᠨᠠᠮᠤᠭ ᠠᠯᠤᠰ ᠸ·ᠭᠡᠷᠡᠯᠳᠦ ᠣᠩᠱᠢᠭ᠍ᠰᠠᠨ ᠣᠳᠠᠭ᠎ᠠ᠄ 3

8 ᠰᠠᠷ᠎ᠠ᠎ᠶᠢᠨ 10᠎ᠤ᠋ ᠡᠳᠦᠷ᠎ᠡᠴᠡ 15᠎ᠤ᠋ ᠡᠳᠦᠷ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠲᠣᠣᠷ ᠪᠥᠮᠪᠥᠭᠡ᠎ᠶᠢᠨ ᠲᠥᠷᠥᠯ ᠵᠦᠢᠯ᠎ᠦᠨ ᠤᠷᠤᠯᠳᠤᠭᠠᠨ ᠪᠤᠭᠤᠲᠤ ᠬᠣᠲᠠ᠎ᠶᠢᠨ ᠪᠡᠶ᠎ᠡ᠎ᠶᠢᠨ ᠲᠠᠮᠢᠷ᠎ᠤᠨ ᠲᠥᠪ᠎ᠦᠨ ᠲᠣᠣᠷ ᠪᠥᠮᠪᠥᠭᠡ᠎ᠶᠢᠨ ᠣᠷᠳᠣᠨ᠎ᠳᠦ ᠶᠠᠪᠤᠭᠳᠠᠪᠠ᠃

ᠲᠣᠰ ᠤᠳᠠᠭᠠᠨ᠎ᠤ ᠤᠷᠤᠯᠳᠤᠭᠠᠨ᠎ᠳᠤ ᠪᠥᠬᠥ ᠣᠷᠣᠨ᠎ᠤ ᠨᠡᠶ᠋ᠢᠲᠡ 252 ᠲᠠᠮᠢᠷᠴᠢᠨ᠂ 63 ᠳᠠᠭᠠᠭᠤᠯᠤᠭ᠍ᠴᠢ ᠳᠠᠰᠬᠠᠯᠵᠢᠭᠤᠯᠤᠭ᠍ᠴᠢ ᠣᠷᠣᠯᠴᠠᠵᠤ᠂ ᠤᠷᠤᠯᠳᠤᠭᠠᠨ᠎ᠳᠦ ᠬᠥᠬᠡ᠂ ᠬᠥᠬᠡᠭᠴᠢᠨ᠂ ᠤᠯᠠᠭᠠᠨ ᠭᠤᠷᠪᠠᠨ ᠳᠤᠭᠤᠢᠯᠠᠩ ᠬᠤᠪᠢᠶᠠᠵᠤ᠂ ᠨᠡᠶ᠋ᠢᠲᠡ 18 ᠤᠷᠤᠯᠳᠤᠭᠠᠨ᠎ᠤ ᠪᠠᠭ᠎ᠠ ᠲᠥᠷᠥᠯ᠎ᠢ ᠲᠣᠬᠢᠷᠠᠭᠤᠯᠪᠠ᠃ ᠪᠤᠭᠤᠲᠤ ᠬᠣᠲᠠ 8 ᠠᠯᠲᠠᠨ ᠮᠧᠳᠠᠯ᠎ᠭᠠᠷᠳᠠᠵᠦ ᠲᠡᠷᠢᠭᠦᠨ᠎ᠳᠦ ᠵᠢᠭ᠍ᠰᠠᠭᠠᠭᠳᠠᠵᠤ᠂ ᠣᠷᠳᠣᠰ ᠬᠣᠲᠠ 3 ᠠᠯᠲᠠᠨ ᠮᠧᠳᠠᠯ ᠭᠠᠷᠳᠠᠵᠦ᠂ ᠬᠥᠬᠡᠬᠣᠲᠠ᠂ ᠦᠬᠠᠢ ᠬᠣᠲᠠ ᠲᠤᠰ ᠪᠦᠷᠢ 2 ᠠᠯᠲᠠᠨ ᠮᠧᠳᠠᠯ ᠭᠠᠷᠳᠠᠵᠦ᠂ ᠲᠦᠩᠯᠢᠶᠣᠣ ᠬᠣᠲᠠ᠂ ᠤᠯᠠᠭᠠᠨᠴᠠᠪ ᠬᠣᠲᠠ ᠪᠠ ᠤᠯᠠᠭᠠᠨᠬᠠᠳᠠ ᠬᠣᠲᠠ ᠲᠣᠰ ᠲᠣᠰ 1 ᠠᠯᠲᠠᠨ ᠮᠧᠳᠠᠯ ᠭᠠᠳᠠᠯ᠎ᠠ᠃

ᠲᠣᠰ ᠬᠤᠭᠤᠴᠠᠭᠠᠨ᠎ᠤ ᠤᠷᠤᠯᠳᠤᠭᠠᠨ᠎ᠨᠢ ᠮᠠᠨ᠎ᠤ ᠣᠷᠣᠨ᠎ᠤ ᠲᠣᠣᠷ ᠪᠥᠮᠪᠥᠭᠡ᠎ᠶᠢᠨ ᠤᠷᠤᠯᠳᠤᠭᠠᠨ᠎ᠤ ᠬᠢᠷᠢ ᠲᠦᠪᠰᠢᠨ᠎ᠦ ᠥᠷᠨᠢᠩᠭᠦᠢ ᠬᠥᠭᠵᠢᠯᠲᠡ᠎ᠶᠢ ᠭᠦᠢᠴᠡᠳ ᠬᠠᠷᠠᠭᠤᠯᠪᠠ᠃ ᠤᠷᠤᠯᠳᠤᠭᠠᠨ᠎ᠶ᠋ᠢᠡᠷ ᠳᠠᠮᠵᠢᠨ ᠡᠯ᠎ᠡ ᠭᠠᠵᠠᠷ᠎ᠤᠨ ᠲᠠᠮᠢᠷᠴᠢᠳ ᠬᠠᠷᠢᠯᠴᠠᠨ ᠲᠤᠷᠰᠢᠯᠭ᠎ᠠ ᠪᠠᠨ ᠰᠤᠯᠢᠯᠴᠠᠨ ᠮᠡᠷᠭᠡᠵᠢᠯ᠎ᠦᠨ ᠳᠤᠲᠠᠭᠤᠳᠠᠯ᠎ᠢᠶᠠᠨ ᠨᠥᠬᠥᠪᠦᠷᠢᠯᠡᠵᠦ᠂ ᠣᠷᠣᠨ᠎ᠤ ᠳᠣᠲᠣᠷᠠᠬᠢ ᠲᠣᠣᠷ ᠪᠥᠮᠪᠥᠭᠡ᠎ᠶᠢᠨ ᠤᠷᠤᠯᠳᠤᠭᠠᠨ᠎ᠤ ᠪᠡᠶ᠎ᠡ᠎ᠶᠢᠨ ᠲᠠᠮᠢᠷ᠎ᠤᠨ ᠶᠠᠰᠤ ᠴᠢᠨᠠᠷ᠎ᠢ ᠲᠣᠭᠲᠠᠭᠤᠨ᠎ᠢᠶᠠᠷ ᠳᠡᠭᠡᠭᠰᠢᠯᠡᠭᠦᠯᠬᠦ᠎ᠶᠢ ᠦᠷᠭᠦᠯᠵᠢᠯᠡᠨ ᠠᠬᠢᠭᠤᠯᠵᠤ᠂ ᠪᠥᠬᠥ ᠣᠷᠣᠨ᠎ᠤ ᠤᠷᠤᠯᠳᠤᠭᠠᠨ᠎ᠤ ᠪᠡᠶ᠎ᠡ᠎ᠶᠢᠨ ᠲᠠᠮᠢᠷ᠎ᠤᠨ ᠦᠢᠯᠡᠰ᠎ᠦᠨ ᠲᠣᠭᠲᠠᠭᠤᠨ᠎ᠢᠶᠠᠷ ᠬᠥᠭᠵᠢᠬᠦ᠎ᠶᠢ ᠲᠦᠯᠬᠢᠨ ᠠᠬᠢᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面