2026-08-15 12:25:55
8 ᠰᠠᠷ᠎ᠠ᠎ᠶᠢᠨ 13᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠣᠯᠠᠨ ᠤᠯᠤᠰ᠎ᠤᠨ ᠮᠠᠶᠢᠭ᠋᠎ᠤᠨ ᠪᠥᠬᠡ᠎ᠶᠢᠨ ᠤᠷᠤᠯᠳᠤᠭᠠᠨ ᠦᠨᠳᠦᠷᠯᠡᠪᠡ᠃ ᠲᠣᠰ ᠬᠤᠭᠤᠴᠠᠭᠠᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ ᠶᠢᠨ ᠲᠠᠮᠢᠷ᠎ᠤᠨ ᠴᠤᠭᠯᠠᠭᠠᠨ᠎ᠤ ᠣᠯᠠᠨ ᠤᠯᠤᠰ᠎ᠤᠨ ᠮᠠᠶᠢᠭ᠋᠎ᠤᠨ ᠪᠥᠬᠡ᠎ᠶᠢᠨ ᠤᠷᠤᠯᠳᠤᠭᠠᠨ᠎ᠳᠦ ᠨᠠᠰᠤ ᠪᠠᠷ ᠨᠢ ᠬᠥᠬᠡ᠂ ᠬᠥᠬᠡᠭᠴᠢᠨ᠂ ᠤᠯᠠᠭᠠᠨ ᠭᠡᠬᠦ ᠮᠡᠲᠦ᠎ᠶᠢᠨ ᠣᠯᠠᠨ ᠤᠷᠤᠯᠳᠤᠭᠠᠨ᠎ᠤ ᠳᠤᠭᠤᠢᠯᠠᠩ ᠬᠤᠪᠢᠶᠠᠵᠤ᠂ ᠪᠥᠬᠥ ᠣᠷᠣᠨ᠎ᠤ 700 ᠭᠠᠷᠤᠢ ᠲᠠᠮᠢᠷᠴᠢᠨ ᠣᠷᠣᠯᠴᠠᠪᠠ᠃ ᠪᠥᠬᠡ᠎ᠶᠢᠨ ᠤᠷᠤᠯᠳᠤᠭᠠᠨ ᠪᠣᠯ ᠥᠪᠥᠷ ᠮᠣᠩᠭᠣᠯ᠎ᠤᠨ ᠤᠯᠠᠮᠵᠢᠯᠠᠯᠲᠤ ᠳᠠᠪᠠᠭᠤᠯᠢᠭ᠋ ᠪᠡᠶ᠎ᠡ᠎ᠶᠢᠨ ᠲᠠᠮᠢᠷ᠎ᠤᠨ ᠲᠥᠷᠥᠯ ᠵᠦᠢᠯ ᠪᠤᠯᠬᠤᠷ ᠣᠯᠠᠨ ᠲᠦᠮᠡᠨ᠎ᠦ ᠰᠠᠭᠤᠷᠢ ᠭᠦᠨ ᠵᠤᠵᠠᠭᠠᠨ ᠪᠠᠢᠳᠠᠭ᠃
ᠲᠤᠰ ᠤᠳᠠᠭ᠎ᠠ ᠶᠢᠨ ᠤᠯᠠᠨ ᠤᠯᠤᠰ᠎ᠤᠨ ᠮᠠᠶᠢᠭ᠋᠎ᠤᠨ ᠪᠦᠬᠡ᠎ᠶᠢᠨ ᠤᠷᠤᠯᠳᠤᠭᠠᠨ᠎ᠤ ᠠᠮᠵᠢᠯᠲᠠ᠎ᠲᠠᠢ ᠥᠨᠳᠥᠷᠯᠡᠭᠰᠡᠨ ᠨᠢ ᠪᠦᠬᠦ ᠣᠷᠣᠨ ᠤ ᠡᠯ᠎ᠡ ᠭᠠᠵᠠᠷ᠎ᠤᠨ ᠵᠠᠯᠠᠭᠤᠴᠤᠳ ᠪᠠᠭᠠᠴᠤᠳ᠎ᠤᠨ ᠪᠦᠬᠡ᠎ᠶᠢᠨ ᠪᠣᠯᠪᠠᠰᠤᠷᠠᠯ᠎ᠤᠨ ᠦᠷ᠎ᠡ ᠪᠦᠲᠦᠭᠡᠯ ᠢ ᠰᠢᠯᠭᠠᠨ ᠪᠠᠢᠴᠠᠭᠠᠭᠰᠠᠨ᠎ᠢᠶᠠᠷ ᠪᠠᠷᠠᠬᠤ ᠦᠭᠡᠢ᠂ ᠪᠠᠰᠠ ᠵᠠᠯᠠᠭᠤ ᠲᠠᠮᠢᠷᠴᠢᠳ᠎ᠲᠤ ᠰᠣᠯᠢᠯᠴᠠᠨ ᠵᠥᠪᠳᠡᠯᠴᠡᠬᠦ᠂ ᠤᠷᠤᠯᠳᠤᠭᠠᠨ᠎ᠤ ᠲᠤᠷᠰᠢᠯᠭ᠎ᠠ᠎ᠪᠠᠨ ᠨᠡᠮᠡᠭᠳᠡᠭᠦᠯᠬᠦ ᠥᠨᠳᠥᠷ ᠲᠦᠪᠰᠢᠨ᠎ᠦ ᠲᠠᠪᠴᠠᠩ᠎ᠢ ᠪᠠᠢᠭᠤᠯᠵᠤ ᠥᠭᠴᠡᠢ᠃ ᠮᠦᠨ ᠴᠸ᠋ ᠲᠠᠮᠢᠷᠴᠢᠳ᠎ᠤᠨ ᠡᠷᠡᠯᠬᠡᠭᠯᠡᠨ ᠲᠡᠮᠡᠴᠡᠵᠦ᠂ ᠰᠢᠨᠲᠠᠷᠠᠰᠢ ᠦᠭᠡᠢ ᠴᠢᠷᠮᠠᠢᠵᠦ ᠲᠡᠷᠢᠭᠦᠨ᠎ᠳᠦ ᠣᠷᠣᠬᠤ᠎ᠪᠠᠷ ᠲᠡᠮᠡᠴᠡᠬᠦ ᠪᠡᠶ᠎ᠡ ᠲᠠᠮᠢᠷ᠎ᠤᠨ ᠵᠣᠷᠢᠭ᠋ ᠰᠠᠨᠠᠭ᠎ᠠ ᠶᠢ ᠭᠦᠢᠴᠡᠳ ᠢᠯᠡᠷᠡᠭᠦᠯᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃