2026-08-25 11:03:35
ᠦᠪᠤᠷ ᠮᠤᠨᠭᠭᠤᠯᠤᠨ ᠦᠪᠡᠷᠲᠡᠭᠡᠨ ᠵᠠᠰᠠᠬᠤ ᠤᠷᠤᠨᠤ ᠠᠷᠪᠠᠨ ᠵᠢᠷᠭᠤᠳᠤᠭᠠᠷ ᠬᠤᠭᠤᠴᠠᠭᠠᠨ ᠤ᠋ ᠪᠡᠶ᠎ᠡ ᠵᠢᠨ ᠲᠠᠮᠢᠷ ᠤ᠋ᠨ ᠴᠤᠭᠯᠠᠭᠠᠨ ᠲᠡᠭᠦᠰ ᠠᠮᠵᠢᠯᠳᠠ ᠲᠠᠢ ᠦᠨᠳᠦᠷᠯᠡᠯ᠎ᠡ — ᠣᠮᠣᠭ ᠪᠠᠬᠠᠳᠤᠮ᠎ᠠ ᠣᠷᠣᠨ ᠤ᠋ ᠨᠠᠭᠠᠳᠤᠮ
ᠨᠠᠷᠠ ᠬᠤᠷ᠎ᠠ ᠲᠡᠩᠴᠡᠵᠦ᠂ ᠨᠠᠮᠤᠷ ᠤ᠋ᠨ ᠠᠭᠤᠷ ᠣᠷᠣᠭᠰᠠᠨ ᠪᠤᠭᠤᠲᠤ ᠬᠤᠲᠠ ᠳ᠋ᠤ᠌ ᠬᠥᠮᠥᠨ ᠤ᠋ ᠲᠠᠯᠠᠢ ᠪᠣᠯᠵᠤ᠂ ᠥᠩᠭᠡᠲᠦ ᠳᠠᠯᠪᠠᠭ᠎ᠠ ᠰᠠᠯᠬᠢᠨ ᠤ᠋ ᠠᠶᠠᠰ ᠵᠢᠡᠷ ᠨᠠᠮᠢᠷᠠᠵᠤ ᠬᠠᠷᠠᠭᠰᠠᠨ ᠪᠣᠯᠭᠠᠨ ᠤ᠋ ᠰᠡᠳᠬᠢᠯ ᠢ ᠰᠡᠷᠭᠦᠭᠡᠨ᠎ᠡ᠃

8 ᠰᠠᠷ᠎ᠠ ᠵᠢᠨ 8 ᠤ᠋ ᠡᠳᠦᠷ ᠡᠴᠡ 17 ᠤ᠋ ᠡᠳᠦᠷ ᠪᠤᠯᠳᠠᠯ᠎ᠠ 《ᠪᠣᠬᠢᠷᠳᠤᠯ ᠦᠭᠡᠢ᠂ ᠬᠠᠮᠲᠤ ᠪᠡᠷ ᠡᠳ᠋ᠯᠡᠬᠦ᠂ ᠨᠡᠭᠡᠭᠡᠯᠲᠡᠲᠡᠢ᠂ ᠠᠷᠢᠭᠤᠨ ᠴᠢᠬᠡᠴᠢ》 ᠪᠡᠷ ᠭᠣᠣᠯ ᠰᠡᠳᠦᠪ ᠪᠤᠯᠭᠠᠬ᠍ᠰᠠᠨ ᠦᠪᠡᠳᠡᠭᠰᠢ ᠴᠤᠭᠯᠠᠭᠠᠨ - ᠥᠪᠥᠷ ᠮᠣᠩᠭᠣᠯ ᠤ᠋ᠨ ᠦᠪᠡᠷᠲᠡᠭᠡᠨ ᠵᠠᠰᠠᠬᠤ ᠣᠷᠣᠨ ᠤ᠋ ᠠᠷᠪᠠᠨ ᠵᠢᠷᠭᠤᠳᠤᠭᠠᠷ ᠬᠤᠭᠤᠴᠠᠭᠠᠨ ᠤ᠋ ᠪᠡᠶ᠎ᠡ ᠵᠢᠨ ᠲᠠᠮᠢᠷ ᠤ᠋ᠨ ᠴᠤᠭᠯᠠᠭᠠᠨ ᠪᠤᠭᠤᠲᠤ ᠬᠤᠲᠠ ᠳ᠋ᠤ᠌ ᠨᠢᠵᠢᠭᠢᠷ ᠪᠣᠯᠵᠤ ᠥᠩᠭᠡᠷᠡᠯ᠎ᠡ᠃ ᠮᠠᠨ ᠤ᠋ ᠣᠷᠣᠨ ᠤ᠋ ᠬᠡᠪᠴᠢᠶᠡᠨ ᠳ᠋ᠤ᠌ ᠬᠠᠮᠤᠭ ᠤ᠋ᠨ ᠲᠣᠮᠣ᠌᠂ ᠪᠠᠷᠢᠮᠵᠢᠶ᠎ᠠ ᠪᠡᠷ ᠬᠠᠮᠤᠭ ᠤ᠋ᠨ ᠥᠨᠳᠥᠷ᠂ ᠨᠥᠯᠥᠭᠡᠯᠡᠬᠦ ᠬᠦᠴᠦᠨ ᠵᠢᠡᠷ ᠬᠠᠮᠤᠭ ᠤ᠋ᠨ ᠥᠷᠭᠡᠨ ᠳᠡᠯᠭᠡᠷ ᠪᠣᠯᠤᠭᠰᠠᠨ ᠡᠨᠡ ᠬᠦ᠌ ᠶᠡᠷᠦᠩᠬᠡᠢᠯᠡᠭᠰᠡᠨ ᠴᠢᠨᠠᠷᠲᠠᠢ ᠪᠡᠶ᠎ᠡ ᠵᠢᠨ ᠲᠠᠮᠢᠷ ᠤ᠋ᠨ ᠴᠤᠭᠯᠠᠭᠠᠨ ᠳ᠋ᠤ᠌ ᠪᠦᠭᠦ ᠣᠷᠣᠨ ᠤ᠋ 12 ᠠᠢᠮᠠᠭ ᠬᠤᠲᠠ ᠵᠢᠨ ᠤᠳᠤ ᠰᠣᠳᠣ᠌ ᠨᠢ ᠪᠣᠯᠤᠭᠰᠠᠨ ᠲᠦᠮᠡ ᠭᠠᠷᠤᠢ ᠲᠠᠮᠢᠷᠴᠢᠳ ᠤᠷᠤᠯᠴᠠᠵᠤ ᠡᠷᠴᠢ ᠬᠦᠴᠦ ᠪᠡᠨ ᠮᠥᠷᠥᠢᠴᠡᠵᠦ᠂ ᠤᠬᠠᠭᠠᠨ ᠰᠠᠮᠪᠠᠭ᠎ᠠ ᠪᠡᠨ ᠰᠣᠷᠢᠪᠠ᠃




ᠲᠤᠰ ᠤᠳᠠᠭᠠᠨ ᠤ᠋ ᠪᠡᠶ᠎ᠡ ᠵᠢᠨ ᠲᠠᠮᠢᠷ ᠤ᠋ᠨ ᠴᠤᠭᠯᠠᠭᠠᠨᠤ ᠤᠷᠤᠯᠳᠤᠭᠠᠨᠤ ᠲᠦᠷᠦᠯ ᠵᠦᠢᠯᠳᠤ᠂ 37 ᠶᠡᠬᠡ ᠲᠦᠷᠦᠯ᠂ 860 ᠪᠠᠭ᠎ᠠ ᠲᠦᠷᠦᠯ ᠬᠤᠪᠢᠶᠠᠨ᠂ ᠨᠡᠢᠲᠡ 12029 ᠲᠠᠮᠢᠷᠴᠢᠨ ᠤᠷᠤᠯᠳᠤᠭᠠᠨᠳᠤ ᠤᠷᠤᠯᠴᠠᠵᠠᠢ᠃ ᠡᠢᠨ ᠬᠦ᠌ ᠪᠠᠶᠠᠯᠢᠭ ᠰᠠᠢᠬᠠᠨ ᠤᠷᠤᠯᠳᠤᠭᠠᠨ ᠨᠤᠭᠤᠳ ᠨᠢ ᠰᠢᠨ᠎ᠡ ᠴᠠᠭ ᠦᠶ᠎ᠡ ᠵᠢᠨ ᠥᠪᠥᠷ ᠮᠣᠩᠭᠣᠯ ᠤ᠋ᠨ ᠪᠡᠶ᠎ᠡ ᠵᠢᠨ ᠲᠠᠮᠢᠷ ᠤ᠋ᠨ ᠦᠢᠯᠡᠰ ᠤ᠋ᠨ ᠦᠷᠨᠢᠩᠭᠦᠢ ᠬᠥᠭᠵᠢᠯᠲᠡ ᠶ᠋ᠢ ᠪᠦᠭᠦ ᠲᠠᠯ᠎ᠠ ᠪᠡᠷ ᠬᠠᠷᠠᠭᠤᠯᠪᠠ᠃

ᠪᠢᠳᠡ ᠡᠳᠡᠭᠡᠷ ᠬᠦᠴᠦ ᠰᠢᠨᠳᠠᠰᠤ᠂ ᠤᠬᠠᠭᠠᠨ ᠰᠠᠮᠪᠠᠭ᠎ᠠ ᠶ᠋ᠢ ᠬᠠᠷᠠᠭᠤᠯᠤᠭᠰᠠᠨ ᠬᠤᠷᠴᠠ ᠰᠢᠷᠦᠭᠦᠨ᠂ ᠬᠥᠮᠥᠰ ᠤ᠋ᠨ ᠰᠡᠳᠬᠢᠯ ᠢ᠋ ᠬᠦᠳᠡᠯᠭᠡᠮ᠎ᠡ ᠤᠷᠤᠯᠳᠤᠭᠠᠨ ᠤ᠋ ᠲᠣᠷᠭᠠᠨ ᠭᠱᠠᠨᠤᠳᠢ ᠵᠢᠷᠤᠭᠯᠠᠨ ᠲᠡᠮᠳᠡᠭᠯᠡᠯ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃