ᠭᠣᠣᠯ ᠰᠡᠳᠦᠪᠲᠦ ᠮᠡᠳᠡᠭᠡᠯᠡᠯ > ᠲᠦᠯᠦᠭᠡᠯᠡᠭ᠌ᠴᠢᠳ ᠭᠡᠱᠢᠭᠦᠳ ᠪᠣᠴᠠᠵᠤ ᠢᠷᠡᠯ᠎ᠡ

2026-03-16 16:53:15

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

《ᠡᠨᠡ ᠵᠢᠯ ᠪᠣᠯ 〈ᠠᠷᠪᠠᠨ ᠳᠠᠪᠤᠳᠤᠭᠠᠷ ᠳᠠᠪᠤᠨ ᠵᠢᠯ〉ᠤ᠋ᠨ ᠡᠬᠢᠯᠡᠯᠲᠡ᠎ᠶ᠋ᠢᠨ ᠵᠢᠯ ᠮᠥᠨ᠂ ᠮᠦᠨ᠎ᠴᠦ ᠰᠤᠷᠭᠠᠨ ᠬᠦᠮᠣᠵᠢᠯ᠎ᠤᠨ ᠬᠦᠴᠣᠷᠭᠡᠭ ᠤᠯᠤᠰ᠎ᠢ ᠪᠦᠲᠣᠭᠡᠠ ᠪᠠᠢᠭᠤᠯᠬᠤ ᠵᠠᠩᠭᠢᠯᠠᠭ᠎ᠠ᠎ᠶ᠋ᠢᠨ ᠵᠢᠯ ᠮᠥᠨ》᠃ ᠴᠧᠨ ᠠᠶ ᠱᠢᠤᠸᠠᠢ ᠬᠠᠮᠲᠤ ᠠᠵᠢᠯᠲᠠᠳ᠎ᠲᠠᠶ᠎ᠪᠠᠨ ᠴᠤᠬ ᠰᠠᠭᠤᠵᠤ᠂ 《ᠪᠥᠬᠥ᠌ ᠤᠯᠤᠰ᠎ᠤᠨ ᠬᠣᠶᠠᠷ ᠬᠤᠷᠠᠯ᠎ᠳᠤ ᠣᠷᠣᠯᠴᠠᠭᠰᠠᠨ ᠬᠠᠮᠤᠭ᠎ᠤᠨ ᠶᠡᠬᠡ ᠲᠥᠷᠥᠭ᠌ᠳᠡᠯ ᠪᠣᠯ ᠢᠲᠡᠭᠡᠯ ᠵᠤᠷᠢᠭ ᠪᠠ ᠬᠦᠰᠡᠯ ᠡᠷᠡᠮᠡᠯᠵᠡᠯ ᠪᠣᠯᠤᠨ᠎ᠠ᠂ ᠢᠲᠡᠭᠡᠯ ᠵᠣᠷᠢᠭ ᠨᠢ ᠤᠯᠤᠰ ᠡᠴᠡ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠴᠢᠳᠠᠪᠤᠷᠢᠲᠠᠨ᠎ᠤ ᠬᠥᠭ᠌ᠵᠢᠯᠲᠡ᠎ᠶ᠋ᠢ ᠨᠢᠭᠡ ᠴᠤᠭ᠍ᠴᠠᠵᠢᠭᠤᠯᠤᠨ ᠠᠬᠢᠭᠤᠯᠬᠤ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ ᠡᠴᠡ ᠢᠷᠡᠯᠳᠡ ᠲᠠᠢ᠂ ᠬᠦᠰᠡᠯ ᠡᠷᠡᠮᠡᠯᠵᠡᠯ ᠨᠢ ᠴᠢᠳᠠᠪᠤᠷᠢᠲᠠᠨ᠎ᠢ ᠬᠥᠮᠦᠵᠢᠭᠦᠯᠬᠦ᠌ ᠪᠠ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠬᠡᠷᠡᠭ᠌ᠴᠡᠭᠡ᠎ᠶ᠋ᠢᠨ ᠭᠦᠨᠵᠡᠭᠡᠢ ᠠᠭᠤᠰᠤᠯᠴᠠᠯ ᠡᠴᠡ ᠢᠷᠡᠯᠳᠡ ᠲᠠᠢ ᠶᠤᠮ᠃ ᠪᠢᠳᠡ ᠨᠡᠩ ᠠᠯᠤᠰ ᠬᠡᠳᠦ᠍᠎ᠶ᠋ᠢᠨ ᠬᠠᠷᠠᠴᠠ᠂ ᠨᠡᠩ ᠨᠡᠭᠡᠭᠡᠯᠲᠡ᠎ᠲᠡᠶ ᠪᠠᠢᠳᠠᠯ᠎ᠢᠶᠠᠷ 〈ᠠᠷᠪᠠᠨ ᠲᠠᠪᠤᠳᠤᠭᠠᠷ ᠲᠠᠪᠤᠨ ᠵᠢᠯ〉 ᠴᠢᠨᠠᠭ᠍ᠰᠢᠯᠠᠪᠠᠯ ᠨᠡᠩ ᠤᠷᠲᠤ ᠬᠤᠭᠤᠴᠠᠭᠠᠨ᠎ᠤ ᠬᠥᠭ᠌ᠵᠢᠯᠲᠡ᠎ᠳᠦ ᠴᠢᠳᠠᠪᠤᠷᠢᠲᠠᠨ᠎ᠤ ᠬᠥᠳᠡᠯᠭᠡᠭ᠌ᠴᠢ ᠡᠨᠧᠷᠭᠢ᠎ᠶ᠋ᠢ ᠨᠥᠭᠡᠴᠡᠯᠡᠵᠦ᠍᠂ ᠰᠤᠷᠭᠠᠨ ᠬᠥᠮᠦᠵᠢᠯ᠎ᠢ ᠦᠨᠡᠨ ᠬᠦ᠌ ᠣᠳᠣᠬᠢᠴᠢᠯᠠᠯᠳᠠ᠎ᠶᠢᠨ ᠪᠦᠲᠦᠭᠡᠨ ᠪᠠᠢᠭᠤᠯᠤᠯᠲᠠ᠎ᠶ᠋ᠢ ᠬᠥᠲᠥᠯᠥᠨ ᠳᠠᠭᠠᠭᠤᠯᠬᠤ ᠬᠦᠴᠦᠲᠡᠶ ᠲᠤᠯᠭᠠᠭᠤᠷᠢᠯᠠᠯ ᠪᠣᠯᠭᠠᠬᠤ ᠬᠡᠷᠡᠭ᠌ᠲᠡᠶ》 ᠭᠡᠵᠦ ᠬᠤᠷᠠᠯ ᠎ᠳᠤ ᠣᠷᠣᠯᠴᠠᠭ᠍ᠰᠠᠨ ᠲᠥᠷᠥᠭ᠌ᠳᠡᠯ᠎ᠢᠶᠡᠨ ᠬᠤᠪᠢᠶᠠᠯᠴᠠᠪᠡ᠃ ᠲᠡᠷᠡ ᠪᠥᠬᠥ᠌ ᠤᠯᠤᠰ᠎ᠤᠨ ᠬᠣᠶᠠᠷ ᠬᠤᠷᠠᠯ ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠪᠥᠭᠡᠳ ᠣᠢᠯᠠᠭᠠᠮᠵᠢᠲᠠᠶ ᠲᠠᠢᠯᠪᠤᠷᠢᠯᠠᠵᠤ᠂ ᠣᠯᠠᠨ᠎ᠢᠶᠠᠷ᠎ᠢᠶᠠᠨ ᠰᠡᠳᠭᠢᠯ ᠳᠡᠯᠪᠢᠨ ᠰᠣᠨᠣᠰᠴᠤ᠌᠂ ᠨᠠᠷᠢᠨ ᠨᠢᠮᠪᠠᠶ ᠲᠡᠮᠳᠡᠭ᠌ᠯᠡᠵᠦ᠍᠂ ᠭᠣᠢᠳᠠ ᠰᠠᠢᠬᠠᠨ ᠲᠠᠢᠯᠤᠮᠵᠢ᠎ᠨᠢ ᠤᠯᠠᠨ᠎ᠳᠤ ᠲᠠᠭᠠᠯᠠᠭᠳᠠᠵᠤ ᠪᠠᠢᠨ ᠪᠠᠢᠨ ᠶᠠᠷᠢᠯᠴᠠᠭ᠎ᠠ ᠦᠷᠨᠢᠭᠳᠡᠨ᠂ ᠲᠤᠬᠠᠶ᠎ᠶ᠋ᠢᠨ ᠲᠠᠯᠠᠪᠠᠶ᠎ᠶ᠋ᠢᠨ ᠠᠭᠤᠷ ᠠᠮᠢᠰᠭᠤᠯ ᠣᠨᠴᠠᠭᠠᠶ ᠬᠥᠷ ᠬᠥᠭ᠌ᠵᠢᠶᠡᠨ᠎ᠲᠡᠶ ᠪᠠᠢᠯ᠎ᠠ᠃

ᠴᠧᠨ ᠠᠢ ᠱᠢᠤᠸᠠᠢ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠎ᠳᠤ 20 ᠭᠠᠷᠤᠢ ᠵᠢᠯ ᠪᠠᠭ᠍ᠰᠢᠯᠠᠵᠤ᠂ ᠡᠯᠪᠡᠭ ᠪᠠᠶᠠᠯᠢᠭ ᠦᠷ᠎ᠡ ᠪᠦᠲᠦᠭᠡᠯ ᠣᠯᠵᠠᠢ᠃ ᠡᠨᠡ ᠵᠢᠯ᠎ᠦᠨ ᠪᠦᠬᠦ᠌ ᠤᠯᠤᠰ᠎ᠤᠨ ᠬᠣᠶᠠᠷ ᠬᠤᠷᠠᠯ ᠳᠡᠭᠡᠷ᠎ᠡ᠂ ᠲᠡᠷᠡ ᠰᠠᠨᠠᠯ ᠰᠠᠨᠠᠭᠤᠯᠭ᠎ᠠ ᠳᠤᠷᠠᠳᠭᠤ ᠭᠣᠣᠯᠳᠠᠯᠭ᠎ᠠ᠎ᠪᠠᠨ ᠶᠡᠬᠡ ᠳᠡᠭᠡᠳᠦ ᠰᠤᠷᠭᠠᠭᠤᠯᠢ᠎ᠶ᠋ᠢᠨ ᠲᠤᠰᠭᠠᠢ ᠮᠡᠷᠭᠡᠵᠢᠯ ᠪᠣᠯᠤᠨ ᠣᠷᠣᠨ ᠨᠤᠲᠤᠭ᠎ᠤᠨ ᠠᠵᠤ ᠦᠢᠯᠡᠰ᠎ᠦᠨ 《ᠬᠠᠩᠭᠠᠯᠭ᠎ᠠ ᠬᠡᠷᠡᠭ᠌ᠴᠡᠭᠡ᠎ᠶ᠋ᠢ ᠲᠤᠬᠢᠷᠠᠭᠤᠯᠬᠤ》 ᠳᠡᠭᠡᠷ᠎ᠡ ᠲᠠᠯᠪᠢᠵᠤ᠂ ᠱᠢᠨᠵᠢᠯᠡᠭᠡᠨ᠎ᠦ ᠰᠠᠯᠠᠭ᠎ᠠ᠎ᠶ᠋ᠢ ᠪᠣᠢᠵᠢᠭᠤᠯᠬᠤ ᠪᠠ ᠪᠦᠲᠦᠴᠡ᠎ᠶ᠋ᠢ ᠲᠤᠬᠢᠷᠠᠭᠤᠯᠬᠤ᠂ ᠡᠬᠢ ᠪᠠᠶᠠᠯᠢᠭ᠎ᠢ ᠲᠤᠬᠢᠷᠠᠭᠤᠯᠬᠤ ᠪᠠ ᠱᠢᠨ᠎ᠡ᠎ᠶ᠋ᠢ ᠡᠭᠦᠳᠬᠦ᠌ ᠠᠴᠢᠶᠠᠯᠠᠪᠤᠷᠢ ᠵᠢ ᠪᠠᠢᠭᠤᠯᠬᠤ ᠵᠡᠷᠭᠡ ᠲᠠᠯ᠎ᠠ ᠡᠴᠡ ᠬᠡᠷᠡᠭ᠌ᠵᠢᠭᠦᠯᠬᠦ᠌ ᠴᠢᠨᠠᠷᠲᠠᠢ ᠲᠥᠰᠦᠯ ᠳᠤᠷᠠᠳᠴᠠᠢ᠃ ᠡᠨᠡ ᠬᠦ᠌ ᠬᠦᠨᠳᠦ ᠴᠢᠬᠤᠯᠠ ᠰᠠᠨᠠᠭᠤᠯᠭ᠎ᠠ ᠵᠢ ᠳᠡᠷᠡᠪᠡᠷ ᠵᠢᠭᠠᠨ ᠰᠤᠷᠭᠠᠯᠲᠠ᠎ᠶ᠋ᠢᠨ ᠦᠢᠯᠡᠳᠦᠯᠭᠡ ᠪᠠ ᠰᠤᠷᠪᠤᠯᠵᠢᠯᠠᠨ ᠰᠤᠳᠤᠯᠬᠤ ᠳᠤᠮᠳᠠ ᠣᠯᠤᠭ᠍ᠰᠠᠨ ᠪᠠᠢᠳᠠᠯ᠎ᠲᠠᠶ ᠪᠠᠨ ᠤᠶᠠᠯᠳᠤᠭᠤᠯᠤᠨ᠂ ᠣᠷᠣᠨ ᠪᠦᠰᠡ᠎ᠶ᠋ᠢᠨ ᠠᠵᠤ ᠠᠬᠤᠢ ᠪᠠ ᠰᠤᠷᠭᠠᠨ ᠬᠥᠮᠦᠵᠢᠯ᠎ᠦᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠳᠤ ᠴᠢᠭ᠌ᠯᠡᠭᠦᠯᠦᠨ ᠡᠮᠬᠢᠳᠭᠡᠵᠦ᠍ ᠭᠠᠷᠭᠠᠭ᠍ᠰᠠᠨ ᠶᠤᠮ᠃

ᠠᠵᠢᠯ᠎ᠤᠨ ᠪᠠᠢᠷᠢ ᠎ᠳᠠᠭᠠᠨ ᠪᠤᠴᠠᠵᠤ᠂ ᠪᠦᠬᠦ᠌ ᠤᠯᠤᠰ ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠲᠥᠯᠥᠭᠡᠯᠡᠭ᠌ᠴᠢ ᠪᠣᠯᠤᠭ᠍ᠰᠠᠨ ᠎ᠤ ᠬᠤᠪᠢ᠎ᠳᠤ᠂ ᠲᠡᠷᠡ ᠮᠦᠷᠦᠨ ᠳᠡᠭᠡᠷ᠎ᠡ ᠳᠠᠯᠪᠢᠭᠳᠠᠭᠰᠠᠨ ᠡᠭᠦᠷᠭᠡ ᠪᠠᠨ ᠬᠦᠢᠴᠡᠳ ᠤᠢᠯᠠᠭᠠᠵᠤ ᠪᠠᠢᠨ᠎ᠠ᠄ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ ᠬᠦᠷᠭᠡᠵᠦ ᠦᠭᠬᠦ᠎ᠪᠠᠷ ᠪᠠᠷᠠᠬᠤ ᠦᠭᠡᠢ ᠨᠡᠩ ᠴᠤ᠌ ᠵᠢᠭᠠᠨ ᠰᠤᠷᠭᠠᠯᠲᠠ ᠱᠢᠨᠵᠢᠯᠡᠬᠦ᠌ ᠤᠬᠠᠭᠠᠨ᠎ᠤ ᠰᠤᠳᠤᠯᠭᠠᠨ ᠳᠤᠮᠳᠠ ᠨᠠᠢᠳᠠᠪᠤᠷᠢᠵᠢᠭᠤᠯᠤᠨ᠎ᠠ᠃ ᠴᠧᠨ ᠠᠶ ᠱᠢᠦᠸᠠᠶ᠎ᠶ᠋ᠢᠨ ᠠᠯᠪᠠᠨ ᠱᠢᠷᠡᠭᠡᠨ ᠳᠡᠭᠡᠷ᠎ᠡ ᠰᠠᠶᠢᠬᠠᠨ ᠪᠢᠴᠢᠵᠦ᠍ ᠳᠠᠭᠤᠰᠭᠠᠭ᠍ᠰᠠᠨ ᠤᠬᠠᠭᠤᠯᠭ᠎ᠠ᠎ᠶ᠋ᠢᠨ ᠡᠬᠡ ᠪᠢᠴᠢᠭ ᠲᠠᠯᠪᠢᠭ᠍ᠳᠠᠵᠤ ᠪᠠᠢᠯ᠎ᠠ᠃

ᠲᠠᠷᠠᠭᠠᠴᠢ᠎ᠶ᠋ᠢᠨ ᠭᠤᠤᠯᠳᠠᠯᠭ᠎ᠠ᠎ᠲᠠᠶ ᠠᠵᠢᠯ᠎ᠤᠨ ᠲᠤᠬᠠᠶ ᠲᠡᠷᠡ ᠰᠡᠳᠬᠢᠮᠵᠢ ᠳᠤᠳᠤᠷᠬᠠᠢ ᠪᠠᠢᠵᠦ᠄ 《ᠪᠢᠳᠡ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠳᠡᠭᠡᠳᠦ ᠰᠤᠷᠭᠠᠭᠤᠯᠢ᠎ᠶ᠋ᠢᠨ ᠪᠥᠲᠥᠭᠡᠨ ᠪᠠᠢᠭᠤᠯᠤᠯᠲᠠ ᠪᠠ ᠴᠢᠳᠠᠪᠤᠷᠢᠲᠠᠨ ᠬᠥᠮᠦᠵᠢᠭᠦᠯᠬᠦ᠌ ᠪᠥᠬᠥ᠌ ᠶᠠᠪᠤᠴᠠ᠎ᠳᠤ ᠪᠥᠬᠥ᠌ ᠲᠠᠯ᠎ᠠ᠎ᠪᠠᠷ ᠠᠭᠤᠰᠤᠯᠴᠠᠭᠤᠯᠵᠤ᠂ ᠳᠡᠭᠡᠳᠦ ᠰᠤᠷᠭᠠᠭᠤᠯᠢ᠎ᠶ᠋ᠢᠨ ᠱᠢᠨᠵᠢᠯᠡᠭᠡᠨ᠎ᠦ ᠰᠠᠯᠠᠭ᠎ᠠ᠎ᠶ᠋ᠢᠨ ᠪᠠᠢᠭᠤᠯᠤᠯᠲᠠ᠎ᠶ᠋ᠢ ᠥᠪᠡᠷᠲᠡᠭᠡᠨ ᠵᠠᠰᠠᠬᠤ ᠣᠷᠣᠨ ᠎ᠤ ᠵᠠᠩᠭᠢᠯᠠᠭ᠎ᠠ᠎ᠶ᠋ᠢᠨ ᠬᠦᠷᠢᠶ᠎ᠡ᠂ ᠣᠨᠴᠠᠯᠢᠭᠳᠤ ᠳᠠᠪᠠᠭᠤᠯᠢᠭ ᠠᠵᠤ ᠦᠶ᠋ᠯᠡᠰ ᠎ᠦᠨ ᠬᠥᠭ᠌ᠵᠢᠯᠲᠡ ᠎ᠶ᠋ᠢᠨ ᠬᠡᠷᠡᠭ᠌ᠴᠡᠭᠡ᠎ᠲᠡᠶ ᠨᠠᠩ ᠰᠠᠢᠲᠤᠷ ᠵᠣᠯᠭᠠᠯᠳᠤᠭᠤᠯᠬᠤ ᠵᠢ ᠠᠬᠢᠭᠤᠯᠵᠤ᠂ ᠭᠠᠵᠠᠷ ᠣᠷᠣᠨ ᠎ᠤ ᠬᠥᠭ᠌ᠵᠢᠯᠲᠡ᠎ᠳᠦ ᠴᠢᠳᠠᠪᠤᠷᠢᠲᠠᠨ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠤᠯᠭᠠᠭᠤᠷᠢᠯᠠᠯ ᠬᠠᠩᠭᠠᠵᠤ᠂ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠳᠤ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠶ》 ᠭᠡᠪᠡ᠃

ᠡᠨᠡ ᠬᠦ᠌ ᠰᠡᠳᠭᠢᠮᠵᠢ ᠪᠠᠨ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠲᠡᠷᠡ ᠪᠠᠰᠠ ᠪᠠᠢᠴᠠᠭᠠᠨ ᠰᠤᠳᠤᠯᠤᠯᠲᠠ᠎ᠶ᠋ᠢᠨ ᠬᠠᠷᠠᠴᠠ᠎ᠪᠠᠨ ᠬᠥᠳᠡᠭᠡ ᠲᠣᠰᠭᠣᠨ᠎ᠳᠦ ᠢᠯᠡᠭᠦᠬᠡᠨ ᠲᠥᠪᠯᠡᠷᠡᠭᠦᠯᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠦ ᠬᠡᠷᠡᠭᠰᠡᠬᠦ ᠡᠯ᠎ᠡ ᠲᠥᠷᠥᠯ᠎ᠦᠨ ᠴᠢᠳᠠᠪᠤᠷᠢᠲᠠᠨ᠎ᠤ ᠦᠨᠡᠨ ᠪᠣᠳᠠᠲᠠᠶ ᠬᠡᠷᠡᠭ᠌ᠴᠡᠭᠡ᠎ᠶ᠋ᠢ ᠲᠣᠳᠣᠷᠬᠠᠶ ᠣᠢᠯᠠᠭᠠᠬᠤ᠎ᠪᠠᠷ ᠲᠥᠯᠥᠪᠯᠡᠵᠦ᠍ ᠪᠣᠶ᠃ ᠲᠡᠷᠡ ᠯᠠᠪᠳᠠᠭᠤᠨ ᠪᠠᠲᠤᠲᠠᠶ ᠪᠠᠢᠴᠠᠭᠠᠨ ᠰᠤᠳᠤᠯᠤᠯᠲᠠ ᠬᠢᠬᠦ᠌᠎ᠪᠡᠷ ᠳᠡᠮᠵᠢᠨ᠂ ᠶᠡᠬᠡ ᠳᠡᠭᠡᠳᠦ ᠰᠤᠷᠭᠠᠭᠤᠯᠢ᠎ᠶ᠋ᠢᠨ ᠴᠢᠳᠠᠪᠤᠷᠢᠲᠠᠨ᠎ᠤ ᠬᠠᠩᠭᠠᠯᠭ᠎ᠠ᠎ᠶ᠋ᠢ ᠬᠥᠳᠡᠭᠡ ᠲᠣᠰᠭᠣᠨ᠎ᠤ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠪᠣᠳᠠᠲᠠᠶ ᠬᠡᠷᠡᠭ᠌ᠴᠡᠭᠡ᠎ᠲᠡᠶ ᠵᠤᠬᠢᠴᠠᠯᠳᠤᠭᠤᠯᠵᠤ᠂ ᠤᠯᠤᠰ᠎ᠤᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠳᠡᠬᠢ ᠰᠤᠷᠭᠠᠨ ᠬᠥᠮᠦᠵᠢᠯ᠎ᠤᠨ ᠦᠶ᠋ᠯᠡᠴᠢᠯᠡᠬᠦ᠌ ᠴᠢᠳᠠᠪᠤᠷᠢ᠎ᠶ᠋ᠢ ᠦᠨᠡᠨ ᠬᠦ᠌ ᠳᠡᠭᠡᠭ᠌ᠰᠢᠯᠡᠭᠦᠯᠬᠦ᠌᠎ᠶ᠋ᠢ ᠬᠦᠰᠡᠵᠦ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面