ᠭᠣᠣᠯ ᠰᠡᠳᠦᠪᠲᠦ ᠮᠡᠳᠡᠭᠡᠯᠡᠯ > ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠣᠬᠠᠢ ᠵᠥᠪ ᠦᠵᠡᠯᠲᠡ

2026-03-03 09:53:08

ᠵᠣᠬᠢᠶᠠᠭ᠍ᠴᠢ᠄ ᠰᠦᠩ ᠱᠤᠸᠠᠩ ᠣᠩᠱᠢᠭ᠍ᠰᠠᠨ ᠣᠳᠠᠭ᠎ᠠ᠄ 3

3 ᠰᠠᠷ᠎ᠠ᠎ᠶ᠋ᠢᠨ 2 ᠤ᠋ᠨ ᠡᠳᠦᠷ᠂ ᠪᠦᠬᠦ᠌ ᠣᠷᠣᠨ᠎ᠤ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠬᠤ ᠪᠠ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠦᠨ ᠠᠵᠢᠯ᠎ᠤᠨ ᠬᠤᠷᠠᠯ ᠬᠤᠷᠠᠯᠳᠤᠪᠠ᠃ ᠬᠤᠷᠠᠯ ᠡᠴᠡ ᠶᠡᠷᠦᠩᠬᠡᠶ ᠱᠦᠵᠢ ᠰᠢ ᠵᠢᠨ ᠫᠢᠩ᠎ᠦᠨ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠬᠤ ᠪᠠ ᠦᠶ᠋ᠯᠡᠳᠦᠯᠭᠡᠵᠢᠭᠦᠯᠬᠦ᠌ ᠲᠤᠬᠠᠶ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠲᠥᠪ᠎ᠦᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ᠎ᠤᠨ ᠬᠤᠷᠠᠯ᠎ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠰᠤᠷᠤᠯᠴᠠᠯᠭ᠎ᠠ ᠬᠥᠮᠦᠵᠢᠯ᠎ᠦᠨ ᠭᠤᠤᠯᠳᠠᠯᠭ᠎ᠠ᠎ᠲᠠᠶ ᠡᠭᠦᠷᠭᠡ᠎ᠶ᠋ᠢ ᠪᠠᠢᠷᠢᠯᠠᠭᠤᠯᠪᠠ᠃

ᠬᠤᠷᠠᠯ ᠡᠴᠡ᠂ ᠪᠦᠬᠦ᠌ ᠨᠠᠮ᠎ᠳᠤ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠬᠤ ᠪᠠ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌ ᠪᠣᠯ ᠨᠠᠮ᠎ᠤᠨ ᠲᠥᠪ ᠬᠣᠷᠢᠶ᠎ᠠ ᠡᠴᠡ ᠭᠠᠷᠭᠠᠭ᠍ᠰᠠᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠮᠥᠨ᠂ ᠪᠠᠰᠠ ᠴᠤ᠌ ᠡᠨᠡ ᠵᠢᠯ᠎ᠦᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠭᠣᠣᠯᠳᠠᠯᠭ᠎ᠠ᠎ᠲᠠᠶ ᠡᠭᠦᠷᠭᠡ ᠮᠥᠨ᠂ ᠨᠠᠮ ᠪᠣᠯᠤᠨ ᠤᠯᠤᠰ᠎ᠤᠨ ᠠᠵᠢᠯ ᠦᠢᠯᠡᠰ᠎ᠢ ᠠᠬᠢᠭᠤᠯᠬᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠰᠤᠷᠤᠯᠴᠠᠯᠭ᠎ᠠ ᠬᠥᠮᠦᠵᠢᠯ᠎ᠢ ᠰᠠᠢᠲᠤᠷ ᠥᠷᠨᠢᠭᠦᠯᠬᠦ᠌ ᠤᠯᠤᠰ ᠲᠥᠷᠥ᠎ᠶ᠋ᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠦᠢᠯᠡ ᠠᠵᠢᠯᠯᠠᠭᠠᠨ᠎ᠤ ᠤᠬᠠᠮᠰᠠᠷ᠎ᠢᠶᠠᠨ ᠴᠢᠩᠭᠠᠳᠭᠠᠵᠤ᠂ 《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》᠎ᠶ᠋ᠢ ᠡᠷᠡᠰ ᠪᠡᠶᠡᠯᠡᠭᠦᠯᠵᠦ᠍᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠥᠪᠥᠷ ᠮᠣᠩᠭᠣᠯ᠎ᠤᠨ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠲᠦᠷᠭᠡᠳᠭᠡᠬᠦ᠌ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠤᠨᠳᠤᠤᠰᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠎ᠳᠤ ᠬᠦᠴᠦᠲᠤ ᠪᠠᠲᠤᠯᠠᠭ᠎ᠠ ᠬᠠᠩᠭᠠᠬᠤ ᠬᠡᠷᠡᠭ᠌ᠲᠡᠶ ᠭᠡᠵᠤ ᠵᠢᠭᠠᠵᠤ ᠭᠠᠷᠭᠠᠵᠠᠢ᠃

ᠬᠤᠷᠠᠯ᠎ᠡᠴᠡ᠂ ᠠᠵᠢᠯ᠎ᠤᠨ ᠭᠣᠣᠯᠳᠠᠯᠭ᠎ᠠ᠎ᠶ᠋ᠢ ᠣᠨᠣᠪᠴᠢᠲᠠᠢ ᠡᠵᠡᠮᠳᠡᠵᠦ᠍᠂ ᠡᠯ᠎ᠡ ᠵᠦᠢᠯ᠎ᠦᠨ ᠡᠭᠦᠷᠭᠡ᠎ᠶ᠋ᠢ ᠭᠦᠨᠵᠡᠭᠡᠢ ᠠᠳᠭᠤᠵᠤ ᠪᠣᠳᠠᠲᠠᠢ ᠠᠳᠭᠤᠬᠤ ᠬᠡᠷᠡᠭ᠌ᠲᠡᠢ᠃ ᠲᠣᠭ᠍ᠲᠠᠭᠠᠭᠰᠠᠨ ᠠᠭᠤᠯᠭ᠎ᠠ᠎ᠪᠠᠷ ᠪᠠᠷᠢᠮᠵᠢᠶᠠᠯᠠᠨ ᠬᠠᠷᠭᠤᠭᠤᠯᠵᠤ ᠰᠤᠷᠤᠯᠴᠠᠵᠤ᠂ ᠬᠠᠮᠲᠤ᠎ᠶ᠋ᠢᠨ ᠰᠤᠷᠤᠯᠴᠠᠯᠭ᠎ᠠ᠎ᠶ᠋ᠢ ᠱᠠᠲᠤ ᠲᠥᠷᠥᠯ ᠬᠤᠪᠢᠶᠠᠨ ᠵᠣᠬᠢᠶᠠᠨ ᠪᠠᠢᠭᠤᠯᠵᠤ᠂ ᠵᠥᠪ ᠪᠤᠷᠤᠭᠤ ᠨᠡᠢᠲᠡᠯᠢᠭ ᠵᠢᠱ᠌ᠢᠶ᠎ᠡ᠎ᠶ᠋ᠢᠨ ᠬᠥᠮᠦᠵᠢᠯ᠎ᠢ ᠴᠢᠩᠭᠠᠳᠭᠠᠵᠤ᠂ ᠭᠦᠨᠵᠡᠭᠡᠶ ᠰᠤᠷᠤᠯᠴᠠᠬᠤ ᠳᠡᠭᠡᠷ᠎ᠡ ᠬᠦᠴᠦ᠍ ᠲᠠᠯᠪᠢᠵᠤ ᠦᠷ᠎ᠡ ᠪᠦᠲᠦᠮᠵᠢ ᠭᠠᠷᠭᠠᠬᠤ ᠬᠡᠷᠡᠭ᠌ᠲᠡᠶ᠃ ᠴᠢᠩᠭ᠎ᠠ ᠬᠠᠷᠭᠤᠭᠤᠯᠤᠨ ᠨᠠᠷᠢᠨ ᠬᠢᠨᠠᠮᠠᠭᠠᠢ ᠪᠠᠢᠴᠠᠭᠠᠨ ᠳᠡᠯᠭᠡᠵᠦ᠍᠂ ᠠᠷᠠᠳᠴᠢᠯᠠᠯ᠎ᠢ ᠪᠠᠳᠠᠷᠠᠭᠤᠯᠤᠨ ᠰᠠᠨᠠᠯ ᠰᠣᠨᠣᠰᠴᠤ᠌᠂ ᠬᠡᠷᠡᠭ᠎ᠢᠶᠡᠷ ᠲᠤᠯᠢ ᠪᠤᠯᠭᠠᠵᠤ ᠦᠨᠳᠦᠰᠦ ᠰᠤᠷᠪᠤᠯᠵᠢ ᠵᠢ ᠵᠠᠳᠠᠯᠵᠤ᠂ ᠦᠨᠡᠨ ᠬᠦ᠌ ᠪᠠᠢᠴᠠᠭᠠᠬᠤ ᠳᠡᠭᠡᠷ᠎ᠡ ᠬᠦᠴᠦ᠍ ᠲᠠᠯᠪᠢᠵᠤ ᠦᠷ᠎ᠡ ᠪᠦᠲᠦᠮᠵᠢ ᠭᠠᠷᠭᠠᠬᠤ ᠬᠡᠷᠡᠭ᠌ᠲᠡᠢ᠃ ᠨᠢᠭᠡ ᠴᠣᠭ᠍ᠴᠠ ᠪᠡᠷ ᠨᠡᠪᠲᠡᠷᠡᠯᠴᠡᠭᠦᠯᠦᠨ ᠴᠡᠭ᠌ᠴᠡᠯᠡᠨ ᠰᠠᠢᠵᠢᠷᠠᠭᠤᠯᠵᠤ᠂ ᠭᠤᠤᠯᠳᠠᠯᠭ᠎ᠠ᠎ᠲᠠᠶ ᠴᠡᠭ᠌ᠴᠡᠯᠡᠨ ᠵᠠᠰᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠤᠨ ᠠᠬᠢᠭᠤᠯᠵᠤ᠂ ᠪᠣᠳᠠᠲᠠᠶ ᠴᠡᠭ᠌ᠴᠡᠯᠡᠨ ᠰᠠᠢᠵᠢᠷᠠᠭᠤᠯᠬᠤ ᠳᠡᠭᠡᠷ᠎ᠡ ᠬᠦᠴᠦ᠍ ᠲᠠᠯᠪᠢᠵᠤ ᠦᠷ᠎ᠡ ᠪᠦᠲᠦᠮᠵᠢ ᠭᠠᠷᠭᠠᠬᠤ ᠬᠡᠷᠡᠭ᠌ᠲᠡᠶ᠃ 《ᠤᠳᠤᠬᠠᠨ ᠳ᠋ᠤ ᠴᠡᠭᠴᠡᠯᠡᠨ ᠰᠠᠢᠵᠢᠷᠠᠭᠤᠯᠬᠤ》 ᠪᠠ 《ᠤᠷᠳᠤ ᠬᠤᠭᠤᠴᠠᠭ᠎ᠠ᠎ᠪᠠᠷ ᠪᠠᠢᠭᠤᠯᠬᠤ》 ᠵᠢ ᠬᠠᠷᠢᠯᠴᠠᠨ ᠤᠶᠠᠯᠳᠤᠭᠤᠯᠬᠤ᠎ᠶ᠋ᠢ ᠪᠠᠷᠢᠮᠲᠠᠯᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠦᠵᠡᠯᠲᠡ᠎ᠶ᠋ᠢᠨ ᠵᠥᠷᠢᠶ᠎ᠡ᠎ᠶ᠋ᠢ ᠪᠦᠲᠦᠮᠵᠢᠲᠡᠢ ᠰᠡᠷᠭᠡᠢᠯᠡᠨ ᠵᠠᠯᠠᠷᠠᠭᠤᠯᠬᠤ ᠠᠵᠢᠯ᠎ᠤᠨ ᠲᠣᠭ᠍ᠲᠠᠴᠠ᠎ᠶ᠋ᠢ ᠪᠦᠷᠢᠨᠱᠢᠬᠦᠯᠬᠦ᠌ ᠬᠡᠷᠡᠭ᠌ᠲᠡᠢ᠃ ᠪᠦᠬᠦ᠌ ᠶᠠᠪᠤᠴᠠ᠎ᠳᠤ ᠤᠯᠠᠨ ᠲᠦᠮᠡᠨ᠎ᠦ ᠬᠢᠨᠠᠯᠲᠠ᠎ᠶ᠋ᠢ ᠬᠦᠯᠢᠶᠡᠵᠦ᠍᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠦᠨᠡᠨ ᠬᠦ᠌ ᠰᠠᠢᠲᠤᠷ ᠬᠢᠵᠦ᠍᠂ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠲᠥᠪᠯᠡᠷᠡᠭᠦᠯᠦᠨ ᠱᠢᠢᠳᠪᠦᠷᠢᠯᠡᠵᠦ᠍᠂ ᠤᠯᠠᠨ ᠲᠦᠮᠡᠨ ᠳ᠋ᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠮᠵᠢ᠎ᠶ᠋ᠢ ᠮᠡᠳᠡᠷᠡᠭᠦᠯᠵᠤ ᠬᠦᠷᠳᠡᠭᠡᠬᠦ ᠬᠡᠷᠡᠭ᠌ᠲᠡᠢ ᠭᠡᠵᠦ ᠴᠢᠬᠤᠯᠠᠴᠢᠯᠠᠪᠠ᠃

ᠬᠤᠷᠠᠯ᠎ᠡᠴᠡ᠂ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠡᠷᠡᠰ ᠡᠭᠦᠷᠭᠡᠯᠡᠵᠦ᠍᠂ ᠭᠣᠣᠯ ᠬᠠᠷᠢᠭᠤᠴᠠᠯᠭᠠᠲᠠᠨ ᠨᠠᠷ ᠨᠢᠭᠡᠳᠦᠭᠡᠷ ᠬᠠᠷᠢᠭᠤᠴᠠᠯᠭᠠᠲᠠᠨ᠎ᠤ ᠲᠤᠱᠢᠶᠠᠯ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠭᠡᠵᠦ᠍᠂ ᠪᠠᠭ᠎ᠤᠨ ᠪᠦᠷᠢᠯᠳᠦᠬᠦᠨ 《ᠨᠢᠭᠡ ᠠᠵᠢᠯ᠎ᠤᠨ ᠪᠠᠢᠷᠢ ᠳ᠋ᠤ ᠬᠤᠤᠰ ᠬᠠᠷᠢᠭᠤᠴᠠᠯᠭ᠎ᠠ ᠡᠭᠦᠷᠭᠡᠯᠡᠬᠦ》 ᠵᠢ ᠨᠠᠷᠢᠨ ᠬᠢᠨᠠᠮᠠᠭᠠᠢ ᠭᠦᠢᠴᠡᠳᠭᠡᠵᠦ᠍᠂ ᠨᠢᠭᠡ ᠱᠠᠳᠤ ᠨᠢ ᠨᠢᠭᠡ ᠱᠠᠳᠤ᠎ᠪᠠᠨ ᠠᠳᠭᠤᠬᠤ᠂ ᠱᠠᠳᠤ ᠱᠠᠳᠤ᠎ᠪᠠᠷ ᠨᠠᠢᠳᠠᠪᠤᠷᠢᠵᠢᠭᠤᠯᠤᠯᠲᠠ᠎ᠶ᠋ᠢ ᠠᠳᠭᠤᠬᠤ ᠠᠵᠢᠯ᠎ᠤᠨ ᠪᠠᠢᠳᠠᠯ᠎ᠢ ᠪᠦᠷᠢᠯᠳᠦᠭᠦᠯᠬᠦ᠌ ᠬᠡᠷᠡᠭ᠌ᠲᠡᠢ᠃ ᠰᠤᠷᠤᠯᠴᠠᠯᠭ᠎ᠠ ᠬᠥᠮᠦᠵᠢᠯ᠎ᠢ ᠭᠣᠣᠯ ᠠᠵᠢᠯ᠎ᠢ ᠠᠬᠢᠭᠤᠯᠬᠤ᠂ ᠬᠡᠯᠪᠡᠷᠢᠴᠢ ᠦᠵᠡᠯ᠎ᠢ ᠦᠷᠭᠦᠯᠵᠢᠯᠡᠨ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌᠎ᠲᠡᠶ ᠤᠶᠠᠯᠳᠤᠭᠤᠯᠵᠤ᠂ ᠭᠦᠨᠵᠡᠭᠡᠢ ᠠᠭᠤᠰᠤᠯᠴᠠᠭᠤᠯᠬᠤ᠂ ᠬᠠᠷᠢᠯᠴᠠᠨ ᠠᠬᠢᠭᠤᠯᠵᠤ ᠬᠠᠮᠲᠤ᠎ᠪᠠᠷ ᠤᠷᠤᠭᠰᠢᠯᠠᠬᠤ᠎ᠶ᠋ᠢ ᠪᠡᠶᠡᠯᠡᠭᠦᠯᠬᠦ᠌ ᠬᠡᠷᠡᠭ᠌ᠲᠡᠢ᠃ ᠠᠵᠢᠯ᠎ᠤᠨ ᠵᠢᠯᠣᠭᠣᠳᠤᠯᠭ᠎ᠠ᠎ᠪᠠᠨ ᠴᠢᠩᠭᠠᠳᠭᠠᠵᠤ᠂ ᠤᠬᠠᠭᠤᠯᠵᠤ ᠬᠥᠲᠥᠯᠥᠨ ᠵᠢᠯᠣᠭᠣᠳᠭᠤ᠎ᠶ᠋ᠢ ᠰᠠᠢᠲᠤᠷ ᠬᠢᠵᠦ᠍᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠴᠢᠩᠭ᠎ᠠ ᠴᠡᠭᠡᠷᠯᠡᠵᠦ᠍᠂ 《ᠪᠤᠯᠬᠢ ᠰᠢᠳᠦᠭᠴᠢ》᠂ 《ᠤᠷᠠᠨ ᠡᠰᠡᠷᠬᠦᠴᠡᠭᠴᠢ》 ᠶ᠋ᠢ ᠴᠢᠩᠭ᠎ᠠ ᠰᠡᠷᠭᠡᠢᠯᠡᠵᠦ᠍᠂ ᠰᠤᠷᠤᠯᠴᠠᠯᠭ᠎ᠠ ᠬᠥᠮᠦᠵᠢᠯ᠎ᠢ ᠬᠦᠴᠦᠲᠡᠶ ᠡᠮᠬᠢ ᠵᠢᠷᠤᠮ᠎ᠲᠠᠶ ᠥᠷᠨᠢᠭᠦᠯᠵᠦ᠍᠂ ᠵᠢᠱ᠌ᠢᠭ᠌ᠰᠡᠨ ᠦᠷ᠎ᠡ ᠪᠦᠲᠦᠮᠵᠢ ᠣᠯᠬᠤ᠎ᠶ᠋ᠢ ᠪᠠᠲᠤᠯᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

ᠬᠤᠷᠠᠯ᠎ᠢ ᠸᠢᠳᠢᠣ᠋ ᠬᠡᠯᠪᠡᠷᠢ᠎ᠪᠡᠷ ᠬᠤᠷᠠᠯᠳᠤᠭᠤᠯᠵᠤ᠂ ᠡᠯ᠎ᠡ ᠠᠢᠮᠠᠭ ᠬᠤᠳᠠ᠂ ᠬᠣᠱᠢᠭᠤ ᠱᠢᠶᠠᠨ (ᠬᠤᠳᠠ᠂ ᠲᠣᠭᠣᠷᠢᠭ) ᠳ᠋ᠤ ᠬᠤᠪᠢᠶᠠᠷᠢ ᠬᠤᠷᠠᠯ᠎ᠤᠨ ᠲᠠᠯᠠᠪᠠᠢ ᠲᠤᠬᠢᠷᠠᠭᠤᠯᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面