ᠭᠣᠣᠯ ᠰᠡᠳᠦᠪᠲᠦ ᠮᠡᠳᠡᠭᠡᠯᠡᠯ > ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠣᠬᠠᠢ ᠵᠥᠪ ᠦᠵᠡᠯᠲᠡ

2026-06-06 10:52:16

ᠵᠣᠬᠢᠶᠠᠭ᠍ᠴᠢ᠄ ᠵᠧᠩ ᠱᠢᠤᠸᠠᠢ ᠯᠢᠶᠠᠩ ᠭᠦᠸᠧ ᠴᠢ ᠨᠠᠨ ᠸᠠᠩ ᠬᠤᠤ ᠣᠩᠱᠢᠭ᠍ᠰᠠᠨ ᠣᠳᠠᠭ᠎ᠠ᠄ 3

— ᠪᠥᠬᠥ᠌ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤ᠋ᠨ ᠬᠢᠨ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍ ᠪᠣᠶ

ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ ᠮᠠᠨ᠎ᠤ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ᠎ᠬᠢᠨ ᠳᠡᠭᠡᠳᠦ ᠬᠡᠮᠵᠢᠶᠡᠨ᠎ᠦ ᠤᠯᠤᠰ ᠲᠥᠷᠥ᠎ᠶ᠋ᠢᠨ ᠤᠬᠠᠮᠰᠠᠷ᠎ᠢᠶᠠᠷ ᠬᠦᠴᠦᠲᠡᠶ ᠪᠥᠭᠡᠳ ᠡᠮᠬᠢ ᠵᠢᠷᠤᠮ᠎ᠲᠠᠶ ᠠᠬᠢᠭᠤᠯᠵᠤ᠂ ᠥᠷᠭᠡᠨ ᠣᠯᠠᠨ ᠨᠠᠮ᠎ᠤᠨ ᠭᠡᠱᠢᠭᠦᠨ᠂ ᠺᠠᠳ᠋ᠷ᠎ᠢ ᠬᠥᠮᠦᠵᠢᠭᠦᠯᠦᠨ ᠵᠢᠯᠣᠭᠣᠳᠴᠤ᠌ ᠦᠨᠡᠨ᠎ᠡᠴᠡ ᠵᠥᠪ᠎ᠢ ᠡᠷᠢᠬᠦ᠌᠂ ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠬᠦ᠌᠎ᠶ᠋ᠢ ᠪᠠᠷᠢᠮᠲᠠᠯᠠᠭᠤᠯᠵᠤ᠂ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠱᠢᠶ᠋ᠳᠪᠦᠷᠢᠯᠡᠬᠦ᠌ ᠳᠤᠮᠳᠠ ᠦᠵᠡᠯ ᠲᠠᠨᠢᠯᠲᠠ᠎ᠪᠠᠨ ᠭᠦᠨᠵᠡᠭᠡᠢᠷᠡᠭᠦᠯᠵᠦ᠍᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢ ᠱᠢᠯᠭᠠᠨ ᠪᠠᠢᠴᠠᠭᠠᠵᠤ᠂ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠬᠦ᠌᠂ ᠪᠣᠳᠠᠲᠠᠢᠵᠢᠭᠤᠯᠬᠤ᠂ ᠰᠡᠳᠭᠢᠯ᠎ᠳ᠋ᠦ ᠰᠠᠭᠤᠭᠳᠠᠭᠤᠯᠬᠤ᠎ᠶ᠋ᠢ ᠠᠬᠢᠭᠤᠯᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶ᠎ᠠ ᠨᠢ ᠨᠠᠮ᠎ᠤᠨ ᠲᠥᠪ ᠬᠣᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠵᠢᠯ᠎ᠤᠨ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠲᠣᠪᠣᠢᠮ᠎ᠠ ᠪᠠᠢᠷᠢᠨ᠎ᠳᠤ ᠲᠠᠯᠪᠢᠵᠤ᠂ ᠲᠤᠰᠭᠠᠶ ᠰᠡᠳᠦᠪ᠎ᠢᠶᠡᠷ ᠬᠠᠪᠰᠤᠷᠤᠨ ᠵᠢᠯᠣᠭᠣᠳᠭᠤ᠂ ᠳᠠᠭᠠᠭᠤᠯᠤᠨ ᠰᠤᠷᠤᠯᠴᠠᠬᠤ᠎ᠪᠠᠷ ᠰᠤᠷᠤᠯᠴᠠᠯᠭ᠎ᠠ᠎ᠶ᠋ᠢ ᠠᠬᠢᠭᠤᠯᠬᠤ᠂ ᠰᠣᠯᠢᠯᠴᠠᠭ᠎ᠠ ᠬᠢᠵᠦ᠍ ᠰᠤᠳᠤᠯᠤᠨ ᠶᠠᠷᠢᠯᠴᠠᠬᠤ ᠵᠡᠷᠭᠡ ᠣᠯᠠᠨ ᠵᠦᠶ᠋ᠯ᠎ᠦᠨ ᠬᠡᠯᠪᠡᠷᠢ᠎ᠪᠡᠷ ᠳᠠᠮᠵᠢᠭᠤᠯᠤᠨ ᠣᠨᠣᠯ᠎ᠢᠶᠠᠷ ᠵᠡᠪᠰᠡᠭ᠌ᠯᠡᠬᠦ᠌᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠦᠵᠡᠯ ᠰᠠᠨᠠᠭᠠᠨ᠎ᠤ ᠤᠬᠠᠮᠰᠠᠷ ᠪᠣᠯᠤᠨ ᠦᠶ᠋ᠯᠡ ᠠᠵᠢᠯᠯᠠᠭ᠎ᠠ᠎ᠶ᠋ᠢᠨ ᠤᠬᠠᠮᠰᠠᠷ᠎ᠢᠶᠠᠨ ᠲᠠᠰᠤᠷᠠᠯᠲᠠ ᠥᠬᠡᠶ ᠴᠢᠩᠭᠠᠳᠭᠠᠪᠠ᠃ ᠦᠵᠡᠯ ᠰᠠᠨᠠᠭ᠎ᠠ᠎ᠪᠠᠨ ᠳᠠᠪᠲᠠᠨ ᠪᠣᠯᠪᠠᠰᠤᠷᠠᠭᠤᠯᠬᠤ᠂ ᠨᠠᠮᠴᠢ ᠴᠢᠨᠠᠷ᠎ᠢᠶᠡᠨ ᠪᠤᠯᠪᠠᠰᠤᠷᠠᠭᠤᠯᠬᠤ᠂ ᠪᠣᠳᠠᠲᠠᠶ ᠠᠵᠢᠯᠯᠠᠵᠤ ᠳᠠᠪᠲᠠᠨ ᠪᠣᠯᠪᠠᠰᠤᠷᠠᠭᠤᠯᠬᠤ᠎ᠶ᠋ᠢ ᠰᠤᠷᠤᠯᠴᠠᠯᠭ᠎ᠠ ᠬᠥᠮᠦᠵᠢᠯ᠎ᠦᠨ ᠪᠦᠬᠦ᠌ ᠶᠠᠪᠤᠴᠠ ᠡᠯ᠎ᠡ ᠲᠠᠯ᠎ᠠ᠎ᠳᠤ ᠲᠤᠭᠤᠱᠢᠯᠠᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠡᠭᠦᠷᠭᠡ ᠬᠠᠷᠢᠭᠤᠴᠠᠯᠭ᠎ᠠ᠎ᠪᠠᠨ ᠯᠠᠪᠳᠠᠭᠤᠨ ᠪᠠᠲᠤᠲᠠᠶ ᠭᠦᠶ᠋ᠴᠡᠳᠭᠡᠵᠦ᠂ ᠬᠠᠤᠯᠢ ᠪᠡᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠂ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠶ᠋ᠢ ᠴᠢᠩᠭᠠᠳᠭᠠᠬᠤ᠂ ᠨᠡᠢᠭᠡᠮ᠎ᠦᠨ ᠲᠣᠭ᠍ᠲᠠᠭᠤᠨ ᠪᠠᠢᠳᠠᠯ᠎ᠢ ᠬᠠᠮᠠᠭᠠᠯᠠᠬᠤ᠂ ᠠᠮᠤᠷ ᠠᠮᠤᠭᠤᠯᠠᠩ᠎ᠤᠨ ᠪᠠᠢᠭᠤᠯᠤᠯᠲᠠ᠎ᠶ᠋ᠢ ᠴᠢᠩᠭᠠᠳᠭᠠᠬᠤ ᠵᠡᠷᠭᠡ ᠵᠠᠩᠭᠢᠯᠠᠭ᠎ᠠ᠎ᠶ᠋ᠢᠨ ᠭᠣᠭ᠍ᠴᠣᠭ᠎ᠠ ᠳ᠋ᠤ ᠠᠩᠬᠠᠷᠤᠯ ᠵᠢᠡᠨ ᠲᠦᠪᠯᠡᠷᠡᠭᠦᠯᠵᠦ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠬᠦᠴᠦᠨ᠎ᠢ ᠨᠢᠭᠡᠳᠦᠯᠲᠡᠶ ᠲᠥᠯᠥᠪᠯᠡᠵᠦ᠍ ᠦᠨᠳᠦᠰᠦᠨ ᠱᠠᠲᠤᠨ᠎ᠳᠤ ᠪᠠᠭᠤᠯᠭᠠᠵᠤ᠂ ᠤᠯᠤᠰ ᠲᠥᠷᠥ᠎ᠶ᠋ᠢᠨ ᠬᠢᠨᠠᠨ ᠪᠠᠢᠴᠠᠭᠠᠯᠲᠠ᠎ᠪᠠᠷ ᠭᠠᠷᠳᠠᠴᠠ ᠪᠣᠯᠭᠠᠵᠤ᠂ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠭ᠍ᠰᠠᠨ ᠪᠠᠢᠭᠤᠯᠤᠯᠲᠠ᠎ᠶ᠋ᠢ ᠭᠦᠨᠵᠡᠭᠡᠶ ᠠᠬᠢᠭᠤᠯᠬᠤ᠂ ᠵᠥᠷᠢᠴᠡᠯ ᠵᠠᠭᠤᠷᠠᠯᠳᠤᠭᠠᠨ᠎ᠢ ᠤᠷᠢᠳᠴᠢᠯᠠᠨ ᠰᠡᠷᠭᠡᠢᠯᠡᠬᠦ᠌ ᠠᠵᠢᠯ᠎ᠤ᠋ᠨ ᠬᠠᠤᠯᠢ ᠪᠡᠷ ᠵᠠᠰᠠᠬᠤ᠂ ᠵᠠᠬᠢᠳᠠᠯ ᠰᠤᠷᠪᠤᠯᠵᠢᠯᠠᠯ ᠤ᠋ᠨ ᠠᠵᠢᠯ᠎ᠤ᠋ᠨ ᠬᠠᠤᠯᠢ᠎ᠪᠠᠷ ᠵᠠᠰᠠᠬᠤ᠎ᠶ᠋ᠢᠨ ᠠᠭᠤᠰᠤᠯᠴᠠᠯ ᠢ᠋ ᠬᠦᠨᠵᠡᠭᠡᠢ ᠠᠬᠢᠭᠤᠯᠵᠤ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠦᠨᠡᠨ ᠬᠦ᠌ ᠠᠮᠤᠷ ᠲᠦᠪᠱᠢᠨ᠎ᠢ ᠰᠠᠬᠢᠬᠤ᠂ ᠲᠣᠭ᠍ᠲᠠᠭᠤᠨ ᠪᠠᠢᠳᠠᠯ᠎ᠢ ᠬᠠᠮᠠᠭᠠᠯᠠᠬᠤ᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌ ᠱᠢᠯᠭᠠᠷᠠᠭ᠍ᠰᠠᠨ ᠪᠣᠳᠠᠲᠤ ᠠᠮᠵᠢᠯᠲᠠ ᠪᠣᠯᠭᠠᠨ ᠬᠤᠪᠢᠷᠠᠭᠤᠯᠵᠤ᠂ ᠮᠠᠨ᠎ᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ᠋ ᠰᠠᠢᠨ ᠡᠬᠢᠯᠡᠯᠲᠡ᠂ ᠲᠤᠷᠪᠢᠯᠢᠭ ᠠᠯᠬᠤᠭ᠎ᠠ ᠳ᠋ᠤ ᠤᠯᠤᠰ ᠲᠥᠷᠥ᠍ ᠬᠠᠤᠯᠢ ᠴᠠᠭᠠᠵᠠ᠎ᠶ᠋ᠢᠨ ᠪᠠᠲᠤ ᠴᠢᠩᠭ᠎ᠠ ᠪᠠᠲᠤᠯᠠᠭ᠎ᠠ ᠬᠠᠩᠭᠠᠪᠠ᠃

ᠬᠥᠬᠡᠬᠣᠲᠠ᠎ᠶ᠋ᠢᠨ ᠦᠴᠦᠸᠠᠨ ᠱᠢᠶᠠᠨ ᠡᠭᠦᠳᠡ᠎ᠪᠡᠨ ᠨᠡᠭᠡᠭᠡᠵᠦ᠍ ᠰᠤᠷᠭᠠᠨ ᠬᠥᠮᠦᠵᠢᠯ᠎ᠢ ᠠᠳᠭᠤᠬᠤ᠎ᠶ᠋ᠢ ᠪᠠᠷᠢᠮᠲᠠᠯᠠᠵᠤ᠂ ᠠᠷᠠᠳ᠎ᠤᠨ ᠰᠠᠨᠠᠭ᠎ᠠ᠎ᠶ᠋ᠢ ᠥᠷᠭᠡᠨ᠎ᠢᠶᠡᠷ ᠬᠦᠯᠢᠶᠡᠨ ᠠᠪᠴᠤ᠌᠂ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠡᠮᠦᠨ᠎ᠡ ᠹᠷᠣᠨᠲ ᠲᠤ᠌ ᠭᠦᠨᠵᠡᠭᠡᠢᠷᠡᠨ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠡᠳᠭᠢᠯ ᠲᠠᠯᠪᠢᠨ ᠬᠠᠢᠷ᠎ᠠ ᠰᠡᠳᠭᠢᠯᠭᠡ᠎ᠲᠡᠶ᠎ᠪᠡᠷ ᠬᠦᠴᠦ᠍ ᠣᠷᠣᠭᠤᠯᠤᠨ ᠰᠠᠢᠲᠤᠷ ᠬᠢᠵᠦ᠍᠂ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠪᠣᠳᠠᠲᠠᠢ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠪᠠ᠃ ᠦᠴᠦᠸᠠᠨ ᠱᠢᠶᠠᠨ ᠣᠯᠠᠨ ᠲᠦᠮᠡᠨ᠎ᠦ ᠴᠢᠨᠠᠷ ᠰᠠᠢᠲᠠᠶ ᠲᠡᠩᠴᠡᠭᠦᠷᠢᠲᠡᠶ ᠰᠤᠷᠭᠠᠨ ᠬᠥᠮᠦᠵᠢᠯ᠎ᠦᠨ ᠲᠤᠯᠭᠠᠮ ᠬᠡᠷᠡᠭ᠌ᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ 《AI ᠰᠤᠷᠭᠠᠨ ᠬᠥᠮᠦᠵᠢᠯ》 ᠎ᠤ᠋ᠨ ᠬᠡᠷᠡᠭ᠌ᠯᠡᠯᠲᠡ᠎ᠶ᠋ᠢ ᠨᠠᠢᠳᠠᠪᠤᠷᠢᠵᠢᠭᠤᠯᠬᠤ᠎ᠶ᠋ᠢ ᠶᠡᠬᠡ᠎ᠪᠡᠷ ᠠᠬᠢᠭᠤᠯᠵᠤ᠂ ᠵᠢᠭᠠᠨ ᠰᠤᠷᠭᠠᠯᠲᠠ᠎ᠶ᠋ᠢᠨ ᠣᠷᠴᠢᠨ ᠨᠥᠬᠥᠴᠡᠯ᠎ᠢ ᠲᠣᠭᠠᠴᠢᠯᠠᠨ ᠲᠠᠰ ᠳᠡᠪᠱᠢᠭᠦᠯᠬᠦ᠌᠎ᠶ᠋ᠢ ᠦᠷᠭᠦᠯᠵᠢᠯᠡᠨ ᠠᠬᠢᠭᠤᠯᠵᠤ᠂ AI ᠠᠭᠤᠰᠤᠯᠴᠠᠯ᠎ᠤᠨ ᠬᠢᠴᠢᠶᠡᠯ᠎ᠨᠢ ᠪᠥᠬᠥ᠌ ᠱᠢᠶᠠᠨ᠎ᠤ 5400 ᠭᠠᠷᠤᠶ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠣᠷᠣᠭ᠍ᠴᠢ᠎ᠶ᠋ᠢ ᠬᠠᠮᠤᠷᠴᠤ᠌᠂ ᠬᠡᠦᠬᠡᠳ᠎ᠦᠳ 《ᠬᠡᠷ᠎ᠦᠨ ᠡᠭᠦᠳᠡᠨ》᠎ᠳ᠋ᠡᠭᠡᠨ ᠲᠦᠭᠡᠮᠡᠯ ᠬᠠᠷᠠᠭᠠᠯᠵᠠᠯᠲᠤ᠂ ᠴᠢᠨᠠᠷ ᠰᠠᠢᠲᠠᠶ ᠣᠳᠣᠬᠢᠴᠢᠯᠠᠭ᠍ᠰᠠᠨ ᠰᠤᠷᠭᠠᠨ ᠬᠥᠮᠦᠵᠢᠯ᠎ᠦᠨ ᠡᠬᠢ ᠪᠠᠶᠠᠯᠢᠭ᠎ᠢ ᠬᠦᠷᠳᠡᠪᠡ; ᠪᠦᠬᠦ᠌ ᠱᠢᠶᠠᠨ᠎ᠤ ᠪᠤᠢ ᠪᠦᠬᠦᠢ ᠠᠯᠪᠠᠨ᠎ᠡᠴᠡ ᠪᠠᠢᠭᠤᠯᠤᠭ᠍ᠰᠠᠨ ᠡᠮᠴᠢᠯᠡᠭᠡᠨ᠎ᠦ ᠪᠠᠢᠭᠤᠯᠤᠮᠵᠢ ᠤᠯᠠᠨ ᠲᠦᠮᠡᠨ᠎ᠦ ᠡᠪᠡᠳᠴᠢᠨ ᠦᠵᠡᠭᠦᠯᠬᠦ᠌ ᠳ᠋ᠦ ᠬᠦᠴᠢᠷ ᠠᠰᠠᠭᠤᠳᠠᠯ᠎ᠳᠤ ᠴᠢᠭ᠌ᠯᠡᠭᠦᠯᠦᠨ 《ᠤᠷᠢᠳ᠎ᠢᠶᠠᠷ ᠣᠨᠣᠱᠢᠯᠠᠨ ᠡᠮᠨᠡᠵᠦ᠍ ᠳᠠᠷᠠᠭ᠎ᠠ ᠨᠢ ᠰᠦᠢᠳᠭᠡᠯ ᠲᠤᠱᠢᠶᠠᠬᠤ》 ᠦᠢᠯᠡᠴᠢᠯᠡᠭᠡᠨ᠎ᠦ ᠵᠠᠭ᠍ᠪᠤᠷ᠎ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠬᠤᠳᠠ ᠬᠥᠳᠡᠭᠡ᠎ᠶ᠋ᠢᠨ ᠰᠠᠭᠤᠭᠠᠯᠢ ᠠᠷᠠᠳ᠎ᠢ ᠪᠦᠬᠦᠨ᠎ᠢ ᠪᠦᠷᠬᠦᠬᠦᠯᠬᠦ᠌᠎ᠶ᠋ᠢ ᠪᠡᠶᠡᠯᠡᠭᠦᠯᠵᠦ᠍᠂ ᠨᠡᠢ᠌ᠳᠡ 3601 ᠬᠥᠮᠦᠨ ᠤᠳᠠᠭ᠎ᠠ᠎ᠳᠤ ᠠᠱᠢᠭ ᠬᠦᠷᠲᠡᠭᠡᠪᠡ; ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠤᠯᠭᠠᠭᠤᠷᠢᠯᠠᠯ᠎ᠢ ᠢᠳᠡᠪᠬᠢᠲᠡᠶ ᠴᠢᠩᠭᠠᠷᠠᠭᠤᠯᠵᠤ᠂ ᠲᠠᠷᠢᠶᠠᠯᠠᠩ᠎ᠤᠨ ᠮᠡᠷᠭᠡᠵᠢᠯ᠎ᠦᠨ ᠭᠤᠤᠯᠯᠠᠭ᠍ᠴᠢ᠎ᠶ᠋ᠢ ᠲᠠᠷᠢᠶᠠᠨ ᠭᠠᠵᠠᠷ᠎ᠲᠤ ᠪᠠᠭᠤᠯᠭᠠᠬᠤ᠎ᠶ᠋ᠢ ᠵᠣᠬᠢᠶᠠᠨ ᠪᠠᠢᠭᠤᠯᠵᠤ᠂ ᠬᠡᠰᠡᠭ᠎ᠢᠶᠡᠷ ᠳᠠᠭᠠᠭᠠᠴᠢᠯᠠᠬᠤ ᠪᠠ ᠲᠣᠭᠣᠷᠢᠨ ᠵᠢᠯᠣᠭᠣᠳᠭᠤ᠎ᠶ᠋ᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ᠎ᠢ ᠠᠪᠴᠤ᠌᠂ ᠲᠠᠷᠢᠶᠠᠯᠠᠬᠤ ᠡᠷᠦᠬᠡ᠎ᠳᠦ ᠬᠥᠷᠥᠰᠥ᠍ ᠱᠢᠷᠣᠶ᠎ᠶ᠋ᠢ ᠬᠡᠮᠵᠢᠬᠦ᠂ ᠴᠢᠭᠢᠭ᠎ᠦᠨ ᠪᠠᠢᠳᠠᠯ᠎ᠢ ᠣᠨᠣᠱᠢᠯᠠᠬᠤ᠂ ᠡᠪᠡᠳᠴᠢᠨ ᠬᠣᠷᠣᠬᠠᠶ᠎ᠶ᠋ᠢᠨ ᠬᠥᠨᠥᠭᠡᠯ᠎ᠢ ᠤᠷᠢᠳᠴᠢᠯᠠᠨ ᠰᠡᠷᠡᠮᠵᠢᠯᠡᠭᠦᠯᠬᠦ᠌ ᠵᠡᠷᠭᠡ ᠪᠥᠬᠥ᠌ ᠲᠠᠯ᠎ᠠ᠎ᠶ᠋ᠢᠨ ᠮᠡᠷᠭᠡᠵᠢᠯ᠎ᠦᠨ ᠦᠶ᠋ᠯᠡᠴᠢᠯᠡᠭᠡ᠎ᠶ᠋ᠢ ᠲᠤᠢᠯ᠎ᠤᠨ ᠣᠨᠣᠪᠴᠢᠲᠠᠶ᠎ᠪᠠᠷ ᠬᠠᠩᠭᠠᠵᠤ᠂ ᠲᠠᠷᠢᠶᠠᠯᠠᠩ᠎ᠤᠨ ᠦᠶ᠋ᠯᠡᠳᠪᠦᠷᠢᠯᠡᠯ᠎ᠦᠨ ᠱᠢᠨᠵᠢᠯᠡᠬᠦ᠌ ᠤᠬᠠᠭᠠᠨᠴᠢᠯᠠᠯᠲᠠ᠂ ᠨᠠᠷᠢᠯᠢᠭ᠍ᠵᠢᠭᠤᠯᠤᠯᠲᠠ᠎ᠶ᠋ᠢᠨ ᠲᠦᠪᠰᠢᠨ᠎ᠢ ᠦᠨᠡᠨ ᠬᠦ᠌ ᠳᠡᠭᠡᠭ᠌ᠰᠢᠯᠡᠭᠦᠯᠪᠡ᠃ ᠣᠳᠣᠬᠠᠨ ᠪᠣᠯᠲᠠᠯ᠎ᠠ ᠦᠴᠦᠸᠠᠨ ᠱᠢᠶᠠᠨ᠎ᠤ ᠰᠤᠷᠤᠯᠴᠠᠯᠭ᠎ᠠ ᠬᠦᠮᠦᠵᠢᠯ᠎ᠳᠤ ᠣᠷᠣᠯᠴᠠᠬᠰᠠᠨ ᠡᠯ᠎ᠡ ᠨᠢᠭᠡᠴᠢ ᠤᠯᠠᠨ ᠲᠦᠮᠡᠨ᠎ᠦ ᠡᠯ᠎ᠡ ᠵᠦᠢᠯ᠎ᠦᠨ ᠪᠠᠴᠢᠮᠳᠡᠵᠦ ᠲᠦᠪᠡᠭᠳᠡᠵᠦ ᠵᠣᠪᠠᠨᠢᠵᠤ ᠬᠦᠰᠡᠵᠦ ᠪᠠᠢᠭ᠎ᠠ ᠠᠰᠠᠭᠤᠳᠠᠯ᠎ᠢ 1532 ᠱᠢᠢᠳᠪᠦᠷᠢᠯᠡᠵᠦ᠍᠂ ᠤᠯᠠᠨ ᠲᠦᠮᠡᠨ᠎ᠳᠦ ᠰᠤᠷᠤᠯᠴᠠᠯᠭ᠎ᠠ ᠬᠥᠮᠦᠵᠢᠯ᠎ᠦᠨ ᠠᠪᠴᠢᠷᠠᠭ᠍ᠰᠠᠨ ᠱᠢᠨ᠎ᠡ ᠬᠤᠪᠢᠷᠠᠯᠲᠠ᠂ ᠱᠢᠨ᠎ᠡ ᠪᠠᠢᠳᠠᠯ᠎ᠢ ᠦᠨᠡᠨ ᠬᠦ᠌ ᠮᠡᠳᠡᠷᠡᠭᠦᠯᠪᠡ᠃

ᠤᠯᠠᠭᠠᠨᠴᠠᠪ ᠬᠣᠲᠠ᠎ᠶ᠋ᠢᠨ ᠴᠠᠬᠠᠷ ᠪᠠᠷᠠᠭᠤᠨ ᠭᠠᠷᠤᠨ ᠬᠣᠢᠲᠤ ᠬᠣᠱᠢᠭᠤ ᠢᠮᠠᠭ᠍ᠲᠠ 《ᠠᠷᠠᠳ ᠲᠦᠮᠡᠨ᠎ᠳᠦ ᠪᠤᠶᠠᠨ ᠦᠶ᠋ᠯᠡᠳᠬᠦ᠌ ᠪᠣᠯ ᠬᠠᠮᠤᠭ᠎ᠤᠨ ᠶᠡᠬᠡ ᠵᠠᠰᠠᠭ᠎ᠤᠨ ᠠᠵᠢᠯ᠎ᠤᠨ ᠪᠦᠲᠦᠮᠵᠢ ᠮᠥᠨ》 ᠭᠡᠬᠦ᠎ᠳᠦ ᠠᠩᠬᠠᠷᠤᠯ ᠵᠢᠡᠨ ᠳᠦᠪᠯᠡᠷᠡᠬᠦᠯᠵᠦ᠂ ᠺᠠᠳ᠋ᠷᠴᠤᠳ᠎ᠢ ᠬᠥᠲᠥᠯᠥᠨ ᠵᠢᠯᠣᠭᠣᠳᠴᠤ᠌ ᠪᠠᠢᠭᠠᠳ ᠠᠷᠠᠳ᠎ᠤᠨ ᠠᠮᠢᠳᠤᠷᠠᠯ᠎ᠤᠨ ᠡᠮᠦᠨ᠎ᠡ ᠹᠷᠣᠨᠲ᠎ᠲᠦ ᠭᠦᠨᠵᠡᠭᠡᠢᠷᠡᠵᠦ᠂ ᠦᠨᠡᠨ ᠪᠣᠳᠠᠲᠠᠶ ᠦᠷ᠎ᠡ ᠪᠦᠲᠦᠮᠵᠢ᠎ᠪᠡᠷ ᠣᠭ ᠰᠠᠨᠠᠭ᠎ᠠ᠎ᠪᠠᠨ ᠦᠶ᠋ᠯᠡᠳᠦᠯᠭᠡᠵᠢᠭᠦᠯᠪᠡ᠃ ᠬᠡᠷᠡᠭ᠌ᠴᠡᠭᠡ ᠱᠠᠭᠠᠷᠳᠠᠯᠭ᠎ᠠ᠎ᠶ᠋ᠢ ᠠᠷᠠᠳ᠎ᠡᠴᠡ ᠠᠰᠠᠭᠤᠬᠤ᠎ᠶ᠋ᠢ ᠪᠠᠷᠢᠮᠲᠠᠯᠠᠵᠤ᠂ ᠺᠠᠳ᠋ᠷ᠎ᠢ ᠵᠣᠬᠢᠶᠠᠨ ᠪᠠᠢᠭᠤᠯᠵᠤ ᠪᠠᠢᠭᠠᠳ ᠦᠨᠳᠦᠰᠦᠨ ᠱᠠᠲᠤᠨ᠎ᠳᠤ ᠭᠦᠨᠵᠡᠭᠡᠢᠷᠡᠨ ᠠᠷᠠᠳ᠎ᠤᠨ ᠰᠠᠨᠠᠭ᠎ᠠ᠎ᠶ᠋ᠢ ᠣᠢᠯᠠᠭᠠᠵᠤ᠂ 《ᠤᠯᠠᠨ ᠲᠦᠮᠡᠨ ᠨᠠᠷᠢᠨ ᠲᠠᠩᠰᠠ ᠭᠠᠷᠭᠠᠬᠤ᠂ ᠰᠠᠯᠠᠭ᠎ᠠ ᠮᠥᠴᠢᠷ ᠬᠦᠯᠢᠶᠡᠨ ᠠᠪᠬᠤ᠂ ᠦᠨᠳᠦᠰᠦᠨ ᠱᠠᠳᠤ ᠱᠠᠯᠠᠪᠳᠠᠭᠤᠯᠤᠨ ᠭᠦᠢᠴᠡᠳᠭᠡᠯᠭᠡᠬᠦ》 ᠪᠢᠲᠡᠭᠦᠮᠵᠢᠯᠡᠭ᠌ᠰᠡᠨ ᠦᠢᠯᠡᠴᠢᠯᠡᠭᠡᠨ᠎ᠦ ᠲᠣᠭ᠍ᠲᠡᠴᠡ᠎ᠶ᠋ᠢ ᠪᠦᠷᠢᠨᠱᠢᠬᠦᠯᠵᠤ᠂ ᠤᠯᠠᠨ ᠲᠦᠮᠡᠨ᠎ᠦ ᠦᠨᠡᠨ ᠪᠣᠳᠠᠲᠠᠢ ᠬᠡᠷᠡᠭ᠌ᠴᠡᠭᠡ ᠱᠠᠭᠠᠷᠳᠠᠯᠭ᠎ᠠ᠎ᠶ᠋ᠢ ᠣᠨᠣᠪᠴᠢᠲᠠᠢ ᠵᠣᠯᠭᠠᠭᠤᠯᠵᠤ᠂ ᠤᠯᠠᠨ ᠲᠦᠮᠡᠨ᠎ᠦ ᠪᠠᠴᠢᠮᠳᠡᠵᠦ ᠲᠦᠪᠡᠭᠳᠡᠵᠦ ᠵᠣᠪᠠᠨᠢᠵᠦ ᠬᠦᠰᠡᠵᠦ ᠪᠠᠢᠭ᠎ᠠ ᠵᠦᠢᠯ᠂ 《ᠪᠢᠴᠢᠯ ᠬᠦᠰᠡᠯ ᠡᠷᠡᠮᠡᠯᠵᠡᠯ》᠎ᠢ᠋ ᠨᠡᠢ᠌ᠳᠡ 248 ᠬᠤᠪᠢ ᠱᠢᠢᠳᠪᠦᠷᠢᠯᠡᠪᠡ᠃ ᠡᠭᠦᠨ᠎ᠦ ᠬᠠᠮᠲᠤ ᠠᠷᠠᠳ᠎ᠤᠨ ᠠᠮᠢᠳᠤᠷᠠᠯ᠎ᠤᠨ ᠬᠦᠴᠢᠷ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠤᠨᠢᠨ ᠳᠡᠭᠡᠷ᠎ᠡ ᠨᠢ ᠬᠦᠴᠦᠯᠡᠵᠦ᠍᠂ ᠬᠥᠳᠡᠭᠡ ᠲᠣᠰᠭᠣᠨ᠎ᠤ ᠵᠠᠮ᠎ᠤᠨ ᠲᠣᠣᠷ᠎ᠢ ᠱᠢᠯᠢᠳᠡᠭ᠌ᠵᠢᠭᠦᠯᠬᠦ᠌᠂ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡ᠎ᠶ᠋ᠢ ᠤᠷᠲᠤᠳᠭᠠᠬᠤ᠂ ᠰᠤᠷᠭᠠᠨ ᠬᠥᠮᠦᠵᠢᠯ᠎ᠢᠶᠡᠷ ᠬᠠᠪᠰᠤᠷᠤᠨ ᠲᠡᠳᠬᠦᠬᠦ᠌ ᠵᠡᠷᠭᠡ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠱᠢᠰᠲ᠋ᠧᠮ᠎ᠲᠡᠶ ᠠᠬᠢᠭᠤᠯᠵᠤ᠂ ᠲᠦᠭᠡᠮᠡᠯ ᠬᠠᠷᠠᠭᠠᠯᠵᠠᠯ᠎ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠪᠠᠢᠭᠤᠯᠤᠯᠲᠠ᠎ᠶ᠋ᠢ ᠪᠣᠳᠠᠲᠠᠢ ᠠᠳᠭᠤᠨ ᠨᠠᠷᠢᠯᠢᠭ ᠠᠳᠭᠤᠪᠠ᠃ ᠡᠭᠦᠨ᠎ᠡᠴᠡ ᠭᠠᠳᠠᠨ᠎ᠠ ᠣᠷᠳᠣ ᠬᠤᠭᠤᠴᠠᠭᠠᠨ᠎ᠤ ᠪᠦᠲᠦᠮᠵᠢᠲᠡᠶ ᠦᠶ᠋ᠯᠡᠴᠢᠯᠡᠭᠡᠨ᠎ᠦ ᠱᠢᠰᠲ᠋ᠧᠮ᠎ᠢ ᠪᠦᠷᠢᠨᠱᠢᠭᠦᠯᠵᠦ᠍᠂ ᠦᠨᠳᠦᠰᠦᠨ ᠱᠠᠲᠤᠨ᠎ᠤ ᠵᠢᠭ᠍ᠰᠠᠭᠠᠯ᠎ᠤᠨ ᠭᠠᠵᠠᠷ᠎ᠤᠨ ᠡᠬᠢ ᠪᠠᠶᠠᠯᠢᠭ᠎ᠢ ᠨᠡᠢᠳᠭᠡᠵᠦ᠂ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡ᠎ᠶ᠋ᠢ ᠣᠯᠠᠨ ᠲᠦᠮᠡᠨ᠎ᠳᠦ ᠱᠢᠭᠤᠳ ᠬᠦᠷᠭᠡᠬᠦ᠌᠎ᠶ᠋ᠢ ᠠᠬᠢᠭᠤᠯᠪᠠ᠃ ᠠᠷᠠᠳ᠎ᠤᠨ ᠠᠮᠢᠳᠤᠷᠠᠯ᠎ᠤᠨ ᠪᠣᠳᠠᠲᠤ ᠪᠦᠲᠦᠮᠵᠢ ᠪᠠ ᠣᠯᠠᠨ ᠲᠦᠮᠡᠨ᠎ᠦ ᠬᠠᠨᠤᠮᠵᠢ᠎ᠶ᠋ᠢᠨ ᠬᠡᠮᠵᠢᠶ᠎ᠡ᠎ᠪᠡᠷ ᠺᠠᠳ᠋ᠷ᠎ᠢ ᠬᠢᠨᠠᠨ ᠱᠢᠯᠭᠠᠬᠤ ᠴᠢᠬᠤᠯᠠ ᠪᠠᠷᠢᠮᠵᠢᠶ᠎ᠠ ᠪᠣᠯᠭᠠᠵᠤ᠂ ᠪᠥᠬᠥ᠌ ᠬᠣᠱᠢᠭᠤᠨ᠎ᠤ ᠨᠠᠮ᠎ᠤᠨ ᠭᠡᠱᠢᠭᠦᠨ᠂ ᠺᠠᠳ᠋ᠷ᠎ᠢ ᠬᠥᠲᠥᠯᠦᠨ ᠵᠢᠯᠣᠭᠣᠳᠴᠤ᠌ ᠪᠠᠢᠭᠠᠳ ᠣᠬᠣᠷ ᠬᠤᠭᠤᠴᠠᠭᠠᠨ᠎ᠤ ᠠᠱᠢᠭ ᠬᠠᠷᠠᠬᠤ ᠰᠡᠳᠭᠢᠬᠦᠶ᠎ᠶ᠋ᠢ ᠲᠠᠶᠠᠭ᠍ᠳᠠᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠦᠷᠭᠦᠯᠵᠢᠯᠡᠨ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠬᠦ᠌ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面