ᠭᠣᠣᠯ ᠰᠡᠳᠦᠪᠲᠦ ᠮᠡᠳᠡᠭᠡᠯᠡᠯ > ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠣᠬᠠᠢ ᠵᠥᠪ ᠦᠵᠡᠯᠲᠡ

2026-08-06 10:11:50

ᠵᠣᠬᠢᠶᠠᠭ᠍ᠴᠢ᠄ ᠭᠣᠣ ᠮᠢᠨ ᠨᠠ ᠣᠩᠱᠢᠭ᠍ᠰᠠᠨ ᠣᠳᠠᠭ᠎ᠠ᠄ 3

《ᠠᠷᠪᠠᠨ ᠬᠡᠳᠦᠨ ᠵᠢᠯ ᠨᠣᠭᠣᠭ᠎ᠠ ᠬᠤᠳᠠᠯᠳᠤᠵᠤ᠂ ᠨᠡᠷᠡᠨ᠎ᠳᠦ ᠰᠢᠷᠠᠭᠳᠠᠵᠤ᠂ ᠪᠣᠷᠣᠭᠠᠨ᠎ᠳᠤ ᠨᠤᠷᠤᠭᠳᠠᠵᠤ ᠦᠩᠭᠡᠷᠡᠯ᠎ᠠ᠂ ᠤᠳᠤ ᠰᠠᠷᠠᠪᠴᠢ ᠲᠠᠢ ᠪᠤᠯᠵᠤ ᠮᠠᠰᠢ ᠲᠦᠭᠦᠮ ᠪᠤᠯᠪᠠ》 ᠭᠡᠵᠦ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠭᠤᠤᠯ ᠤ᠋ᠨ ᠪᠠᠢᠰᠢᠩ ᠪᠠᠯᠭᠠᠰᠤ᠎ᠶᠢᠨ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠲᠦ᠂ ᠳ᠋ᠦᠩ ᠹᠸᠩ ᠭᠠᠴᠠᠭᠠᠨ᠎ᠤ ᠠᠷᠠᠳ ᠪᠠᠢ ᠴᠦᠨ ᠯᠢᠶᠠᠨ ᠥᠪᠡᠷ᠎ᠤᠨ ᠲᠠᠷᠢᠭᠰᠠᠨ ᠢᠳᠡᠰᠢᠨ ᠨᠣᠭᠣᠭ᠎ᠠ᠎ᠪᠠᠨ ᠳᠡᠯᠭᠡᠨ ᠪᠤᠷᠤᠯᠠᠭᠤᠯᠬᠤ ᠵᠢᠨ ᠲᠠᠭᠠᠦ ᠰᠡᠳᠬᠢᠯ ᠬᠠᠩᠬᠤᠯᠤᠭᠤᠨ ᠶᠠᠷᠢᠨ᠎ᠠ᠃ ᠥᠩᠭᠡᠷᠡᠭᠰᠡᠨ᠎ᠳᠦ ᠡᠨᠡ ᠬᠦ᠌ ᠵᠠᠬ᠎ᠠ ᠳᠡᠯᠭᠡᠭᠦᠷ ᠨᠢ ᠰᠠᠯᠬᠢ ᠪᠣᠷᠣᠭᠠᠨ ᠡᠴᠡ ᠲᠠᠯᠳᠠᠯᠠᠬᠤ ᠭᠠᠵᠠᠷ ᠦᠭᠡᠢ ᠪᠠᠢᠵᠤ᠂ ᠰᠠᠯᠬᠢ ᠪᠣᠷᠣᠭᠠᠨ᠎ᠲᠠᠢ ᠡᠳᠦᠷ ᠲᠠᠭᠠᠷᠠᠯᠳᠤᠪᠠᠯ᠂ ᠮᠠᠢᠮᠠᠢᠯᠠᠬᠤ ᠬᠣᠶᠠᠷ ᠲᠠᠯ᠎ᠠ ᠪᠦᠷ ᠬᠠᠯᠠ ᠠᠮᠰᠠᠳᠠᠭ ᠪᠠᠢᠪᠠ᠃ ᠡᠳᠦᠭᠡ᠂ ᠡᠨᠡ ᠬᠦ᠌ ᠰᠠᠯᠬᠢ ᠪᠤᠷᠤᠭᠠᠨ ᠢ᠋ ᠬᠠᠯᠬᠠᠯᠠᠬᠤ 300 ᠲᠡᠭᠰᠢ ᠳᠥᠷᠪᠡᠯᠵᠢᠨ ᠮᠸᠲᠷ ᠤ᠋ᠨ ᠲᠦᠭᠦᠮ ᠰᠠᠷᠠᠪᠴᠢ᠎ᠶᠢ ᠪᠠᠢᠭᠤᠯᠤᠨ ᠠᠰᠢᠭ᠍ᠯᠠᠯᠲᠠ᠎ᠳᠤ ᠣᠷᠣᠭᠤᠯᠤᠭᠰᠠᠨ ᠡᠴᠡ ᠠᠷᠠᠯᠵᠢᠶᠠᠯᠠᠬᠤ ᠣᠷᠴᠢᠨ ᠨᠦᠬᠦᠴᠡᠯ ᠶᠡᠬᠡ᠎ᠪᠡᠷ ᠰᠠᠢᠵᠢᠷᠠᠵᠠᠢ᠃

ᠪᠠᠢ ᠴᠦᠨ ᠯᠢᠶᠠᠨ᠎ᠤ ᠬᠡᠯᠡᠭᠰᠡᠨ 《ᠲᠦᠭᠦᠮ ᠪᠤᠯᠪᠠ》 ᠭᠡᠳᠡᠭ ᠨᠢ ᠶᠠᠭ ᠬᠢᠩᠭᠠᠨ ᠠᠢᠮᠠᠭ᠎ᠤᠨ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠦᠭᠰᠡᠨ᠎ᠡᠴᠡ ᠪᠣᠯᠤᠭᠰᠠᠨ ᠦᠷ᠎ᠡ ᠪᠦᠲᠦᠮᠵᠢ ᠪᠣᠯᠣᠨ᠎ᠠ᠃ ᠡᠨᠡ ᠵᠢᠯ᠎ᠡᠴᠡ ᠨᠠᠭᠠᠰᠢ᠂ ᠬᠢᠩᠭᠠᠨ ᠠᠢᠮᠠᠭ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠲᠠᠢ ᠭᠦᠨᠵᠡᠭᠡᠢ ᠠᠭᠤᠰᠤᠯᠴᠠᠭᠤᠯᠵᠤ᠂ ᠪᠥᠬᠥ ᠠᠢᠮᠠᠭ᠎ᠲᠤ 《ᠠᠷᠠᠳ᠎ᠲᠤ ᠪᠣᠳᠠᠲᠤ ᠶᠠᠪᠤᠳᠠᠯ ᠬᠢᠵᠦ ᠥᠭᠬᠦ》 ᠲᠤᠰᠬᠠᠢ ᠠᠵᠢᠯᠯᠠᠭ᠎ᠠ ᠥᠷᠨᠢᠭᠦᠯᠵᠦ᠂ ᠡᠪᠳᠡᠭᠳᠡᠭᠰᠡᠨ ᠵᠠᠮ᠎ᠢ ᠰᠡᠯᠪᠢᠨ ᠵᠠᠰᠠᠬᠤ᠂ ᠰᠡᠯᠡᠭᠦᠴᠡᠯ᠎ᠦᠨ ᠠᠭᠤᠳᠠᠮ ᠲᠠᠯᠠᠪᠠᠶ᠎ᠶᠢ ᠥᠭᠡᠷᠡᠴᠢᠯᠡᠨ ᠵᠠᠰᠠᠬᠤ᠂ ᠭᠡᠷᠡᠯᠲᠦᠭᠦᠯᠭᠡ᠎ᠶᠢᠨ ᠲᠥᠬᠦᠭᠡᠷᠦᠮᠵᠢ᠎ᠶᠢ ᠲᠡᠭᠦᠯᠳᠡᠷᠵᠢᠭᠦᠯᠬᠦ᠂ ᠣᠷᠴᠢᠨ ᠲᠣᠭᠣᠷᠢᠨ᠎ᠤ ᠡᠷᠡᠭᠦᠯ ᠬᠠᠮᠠᠭᠠᠯᠠᠯ᠎ᠢ ᠴᠡᠭᠴᠡᠯᠡᠨ ᠵᠠᠰᠠᠬᠤ ᠵᠡᠷᠭᠡ ᠠᠷᠠᠳ᠎ᠤᠨ ᠠᠮᠢᠳᠤᠷᠠᠯ᠎ᠤᠨ ᠪᠠᠭ᠎ᠠ ᠶᠠᠪᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠡᠳ᠋᠎ᠦᠨ ᠵᠠᠰᠠᠭ᠎ᠤᠨ ᠪᠡᠯᠡ ᠮᠥᠩᠭᠥ᠎ᠶᠢ 5200 ᠭᠠᠷᠤᠢ ᠲᠦᠮᠡᠨ ᠲᠥᠭᠥᠷᠢᠭ ᠨᠢᠭᠡᠳᠦᠯᠲᠡᠢ ᠲᠥᠯᠥᠪᠵᠢᠭᠦᠯᠵᠦ᠂ ᠪᠥᠬᠥ ᠠᠢᠮᠠᠭ᠎ᠤᠨ 851 ᠭᠠᠴᠠᠭ᠎ᠠ ᠲᠣᠰᠬᠣᠨ᠂ 167 ᠨᠡᠢᠭᠡᠮ ᠲᠣᠭᠣᠷᠢᠭ᠋᠎ᠲᠤ 1037 ᠪᠠᠭ᠎ᠠ ᠵᠢᠵᠢᠭ ᠠᠷᠠᠳ᠎ᠤᠨ ᠠᠮᠢᠳᠤᠷᠠᠯ᠎ᠤᠨ ᠲᠥᠷᠥᠯ ᠵᠦᠢᠯ᠎ᠢ ᠨᠠᠢᠳᠠᠪᠤᠷᠢᠵᠢᠭᠤᠯᠵᠤ᠂ ᠣᠳᠣᠬᠠᠨ᠎ᠳᠤ ᠲᠥᠷᠥᠯ ᠵᠦᠢᠯ᠎ᠦᠨ ᠪᠠᠷᠢᠯᠭ᠎ᠠ ᠡᠬᠢᠯᠡᠭᠰᠡᠨ ᠨᠣᠷᠮ᠎ᠠ᠂ ᠪᠠᠷᠢᠯᠭ᠎ᠠ ᠳᠠᠭᠤᠰᠤᠭᠰᠠᠨ ᠨᠣᠷᠮ᠎ᠠ ᠨᠢ ᠴᠥᠮ 100%᠎ᠳ᠋ᠤ ᠬᠦᠷᠴᠦ᠂ ᠦᠨᠡᠨ ᠪᠤᠳᠠᠳᠠᠢ ᠣᠯᠵᠤ ᠬᠠᠷᠠᠬᠤ ᠦᠷ᠎ᠡ ᠪᠦᠲᠦᠮᠵᠢ᠎ᠪᠡᠷ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠰᠢᠯᠭᠠᠪᠠ᠃

ᠪᠣᠳᠠᠲᠠᠢ ᠠᠵᠢᠯ ᠬᠢᠬᠦ᠎ᠳᠦ᠂ ᠤᠷᠢᠳ᠎ᠢᠶᠠᠷ ᠣᠯᠠᠨ ᠲᠦᠮᠡᠨ᠎ᠦ ᠰᠡᠳᠬᠢᠯ᠎ᠦᠨ ᠦᠭᠡ᠎ᠶᠢ ᠰᠠᠢᠳᠤᠷ ᠰᠣᠨᠣᠰᠬᠤ ᠬᠡᠷᠡᠭᠲᠡᠢ᠃ ᠬᠢᠩᠭᠠᠨ ᠠᠢᠮᠠᠭ 《ᠳᠣᠣᠷᠠᠳᠤ ᠱᠠᠳᠤ᠎ᠡᠴᠡ ᠲᠡᠭᠡᠳᠦ ᠱᠠᠳᠤ ᠬᠦᠷᠲᠡᠯ᠎ᠡ》 ᠠᠷᠠᠳ᠎ᠤᠨ ᠰᠠᠨᠠᠯ᠎ᠢ ᠬᠤᠷᠢᠶᠠᠬᠤ ᠲᠣᠭᠲᠠᠴᠠ᠎ᠶᠢ ᠪᠠᠢᠭᠤᠯᠵᠤ ᠂ ᠠᠢᠮᠠᠭ ᠬᠣᠰᠢᠭᠤ ᠬᠣᠶᠠᠷ ᠱᠠᠲᠤᠨ᠎ᠤ ᠨᠡᠢᠭᠡᠮ᠎ᠦᠨ ᠠᠵᠢᠯ᠎ᠤᠨ ᠰᠠᠯᠠᠭ᠎ᠠ ᠮᠥᠴᠢᠷ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠨᠠᠮ᠎ᠤᠨ ᠭᠡᠰᠢᠭᠦᠨ ᠺᠠᠳ᠋ᠷ᠂ ᠲᠤᠤᠷᠵᠢᠭᠤᠯᠤᠯᠳᠠ ᠵᠢᠨ ᠠᠵᠢᠯᠳᠠᠨ ᠢ᠋ ᠵᠣᠬᠢᠶᠠᠨ ᠪᠠᠢᠭᠤᠯᠤᠨ ᠲᠣᠰᠬᠣᠨ ᠡᠷᠦᠬᠡ᠎ᠳᠦ ᠭᠦᠨᠵᠡᠭᠡᠢᠷᠡᠭᠦᠯᠵᠦ᠂ ᠵᠡᠭᠡᠯᠢ ᠭᠤᠳᠤᠮᠵᠢ᠎ᠳᠤ ᠭᠦᠨᠵᠡᠭᠡᠢᠷᠡᠭᠦᠯᠵᠦ᠂ 《ᠡᠭᠦᠳᠡ ᠲᠣᠭᠰᠢᠬᠤ ᠠᠵᠢᠯᠯᠠᠭ᠎ᠠ》᠂ 《ᠴᠤᠭ ᠰᠠᠭᠤᠵᠤ ᠬᠡᠷᠡᠭ ᠵᠥᠪᠯᠡᠬᠦ ᠬᠤᠷᠠᠯ》᠂ 《ᠢᠳᠡᠪᠬᠢᠳᠠᠢ ᠪᠡᠷ ᠰᠠᠨᠠᠯ ᠪᠤᠳᠤᠯ ᠵᠢᠡᠨ ᠶᠠᠷᠢᠬᠤ ᠬᠤᠷᠠᠯ》 ᠵᠢᠡᠷ ᠳᠠᠮᠵᠢᠭᠤᠯᠤᠨ ᠭᠣᠮᠣᠳᠠᠯ ᠲᠤᠭᠠᠴᠠᠯᠲᠠ᠎ᠶᠢ ᠨᠢᠭᠤᠷᠲᠠᠨ ᠬᠤᠷᠢᠶᠠᠵᠤ᠂ ᠪᠡᠯᠡ ᠮᠥᠩᠭᠥ ᠳᠤᠲᠠᠭᠳᠠᠵᠤ ᠪᠠᠢᠬᠤ᠂ ᠡᠷᠬᠡ ᠬᠠᠷᠢᠭᠤᠴᠠᠯᠭ᠎ᠠ ᠰᠣᠯᠪᠢᠴᠠᠨ ᠣᠷᠳᠣ᠌ ᠬᠤᠭᠤᠴᠠᠭ᠎ᠠ᠎ᠪᠠᠷ ᠲᠠᠯᠪᠢᠭ᠍ᠳᠠᠵᠤ ᠪᠠᠢᠭ᠎ᠠ ᠨᠢᠭᠡ ᠪᠦᠯᠦᠭ 《ᠶᠠᠷᠰᠢᠭ᠋ ᠲᠦᠪᠡᠭᠲᠡᠢ ᠠᠰᠠᠭᠤᠳᠠᠯ》 ᠢ᠋ ᠲᠥᠷᠥᠯ ᠵᠦᠢᠯ᠎ᠦᠨ ᠨᠠᠷᠢᠨ ᠲᠠᠩᠰᠠᠨ᠎ᠳᠤ ᠣᠷᠣᠭᠤᠯᠪᠠ᠃

ᠵᠠᠯᠠᠢᠳ ᠬᠣᠰᠢᠭᠤᠨ᠎ᠤ ᠨᠠᠮ᠎ᠤᠨ ᠭᠡᠰᠢᠭᠦᠨ ᠪᠠ ᠣᠯᠠᠨ ᠲᠦᠮᠡᠨ᠎ᠦ ᠦᠢᠯᠡᠴᠢᠯᠡᠭᠡᠨ᠎ᠦ ᠲᠥᠪ᠎ᠦᠨ ᠤᠯᠠᠭᠠᠨ ᠨᠡᠢᠭᠡᠮ ᠲᠣᠭᠣᠷᠢᠭ᠋᠎ᠤᠨ ᠺᠠᠳ᠋ᠷ ᠡᠷᠦᠬᠡ᠎ᠳᠦ ᠣᠷᠣᠬᠤ ᠦᠶ᠎ᠡ᠎ᠳᠦ ᠪᠠᠢᠰᠢᠩ ᠭᠡᠷ ᠤ᠋ᠨ ᠲᠡᠷᠭᠡᠳᠡᠬᠢ ᠭᠤᠳᠤᠮᠵᠢ᠎ᠳᠤ ᠰᠥᠨᠢ᠎ᠪᠡᠷ ᠭᠡᠷᠡᠯᠲᠦᠭᠦᠯᠭᠡ ᠦᠭᠡᠢ᠂ ᠣᠯᠠᠨ ᠲᠦᠮᠡᠨ ᠶᠠᠪᠤᠵᠤ ᠰᠠᠭᠤᠬᠤ᠎ᠳᠤ ᠳᠥᠭᠥᠮ ᠦᠭᠡᠢ ᠪᠠᠢᠬᠤ᠎ᠶᠢ ᠣᠯᠵᠤ ᠮᠡᠳᠡᠭᠡᠳ᠂ ᠲᠡᠷᠡ ᠳᠠᠷᠤᠢ ᠳ᠋ᠤᠨᠢ ᠲᠤᠬᠠᠢ᠎ᠶᠢᠨ ᠲᠠᠯᠠᠪᠠᠶ᠎ᠳᠤ ᠬᠠᠢᠨ ᠪᠠᠢᠴᠠᠭᠠᠵᠤ᠂ ᠣᠯᠠᠨ ᠲᠠᠯ᠎ᠠ᠎ᠡᠴᠡ ᠨᠤᠲᠠᠯᠠᠵᠤ᠂ ᠵᠠᠮ᠎ᠤᠨ ᠳ᠋ᠧᠩ᠎ᠦᠨ ᠪᠠᠢᠷᠢᠯᠠᠭᠤᠯᠤᠯᠲᠠ᠎ᠶᠢ ᠪᠣᠳᠠᠲᠤ ᠬᠡᠷᠡᠭ᠎ᠦᠨ ᠨᠠᠷᠢᠨ ᠲᠠᠩᠰᠠ᠎ᠳᠤ ᠣᠷᠣᠭᠤᠯᠪᠠ᠃ 《ᠤᠤᠯ ᠨᠢ ᠰᠥᠨᠢ ᠳᠦᠯᠢ ᠪᠤᠯᠪᠠᠯ ᠭᠤᠳᠤᠮᠵᠢ ᠳ᠋ᠤ ᠬᠠᠪ ᠬᠠᠷᠠᠩᠭᠤᠢ ᠪᠠᠢᠳᠠᠭ᠂ ᠣᠳᠣ᠌ ᠵᠠᠮ᠎ᠤᠨ ᠳ᠋ᠧᠩ ᠭᠡᠷᠡᠯᠲᠦᠵᠦ᠂ ᠭᠠᠷ ᠳ᠋ᠧᠩ ᠢ᠋ ᠴᠤ᠌ ᠪᠦᠷ ᠬᠡᠷᠡᠭᠯᠡᠬᠦ ᠪᠡᠨ ᠪᠤᠯᠢᠵᠠᠢ !》 ᠭᠡᠵᠦ ᠰᠠᠭᠤᠭᠠᠯᠢ ᠠᠷᠠᠳ ᠺᠦᠩ ᠯᠢᠩ ᠶᠠᠨ᠎ᠤ ᠬᠡᠯᠡᠭᠰᠡᠨ ᠦᠭᠡᠨ᠎ᠳᠦ 《ᠰᠠᠨᠠᠭᠠᠴᠢᠯᠠᠭ᠎ᠠ᠎ᠡᠴᠡ᠎ᠪᠠᠨ ᠠᠰᠠᠭᠤᠨ ᠯᠠᠪᠯᠠᠬᠤ》 ᠲᠣᠭᠲᠠᠴᠠ᠎ᠶᠢᠨ ᠪᠣᠳᠠᠲᠤ ᠦᠷ᠎ᠡ ᠪᠦᠲᠦᠮᠵᠢ᠎ᠶᠢ ᠢᠯᠡᠷᠡᠭᠦᠯᠦᠭᠰᠡᠨ ᠪᠠᠢᠨ᠎ᠠ᠃

ᠦᠨᠳᠦᠰᠦᠨ ᠱᠠᠲᠤᠨ᠎ᠤ ᠡᠳ᠋᠎ᠦᠨ ᠬᠦᠴᠦᠨ ᠬᠢᠵᠠᠭᠠᠷ᠎ᠲᠠᠢ ᠪᠣᠯᠬᠣᠷ ᠵᠣᠭᠣᠰ᠎ᠢ ᠴᠢᠬᠤᠯᠠᠲᠠᠢ ᠭᠠᠵᠠᠷ ᠲᠤᠨᠢ ᠵᠠᠷᠤᠴᠠᠭᠤᠯᠬᠤ ᠬᠡᠷᠡᠭᠲᠡᠢ᠃ ᠬᠢᠩᠭᠠᠨ ᠠᠢᠮᠠᠭ 《ᠵᠢᠵᠢᠭ ᠭᠠᠷᠳᠠᠴᠠ᠂ ᠶᠡᠬᠡ ᠠᠷᠠᠳ᠎ᠤᠨ ᠠᠮᠢᠳᠤᠷᠠᠯ》 ᠢ᠋ ᠪᠠᠷᠢᠮᠲᠠᠯᠠᠵᠤ᠂ ᠲᠦᠷᠦᠯ ᠵᠦᠢᠯ ᠪᠠᠭ᠎ᠠ ᠪᠣᠯᠪᠠᠴᠤ ᠠᠷᠠᠳ᠎ᠤᠨ ᠠᠮᠢᠳᠤᠷᠠᠯ᠎ᠤᠨ ᠬᠦᠴᠢᠷ ᠠᠰᠠᠭᠤᠳᠠᠯ᠎ᠢ ᠨᠢᠭᠡᠳ ᠨᠢᠭᠡ᠎ᠪᠡᠷ ᠰᠢᠭᠤᠳ ᠰᠢᠢᠳᠪᠦᠷᠢᠯᠡᠪᠡ᠃ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠳᠥᠷᠦᠯᠵᠢ ᠪᠠᠯᠭᠠᠰᠤᠨ᠎ᠤ ᠶᠠᠮᠤᠨᠮᠤᠲᠤ ᠭᠠᠴᠡᠭᠠᠨ᠎ᠤ ᠲᠠᠷᠢᠶᠠᠨ ᠵᠠᠮ᠎ᠢ ᠤᠳᠠᠭᠠᠨ ᠵᠢᠯ ᠵᠠᠰᠠᠭᠰᠠᠨ ᠦᠭᠡᠢ ᠪᠤᠯᠬᠤᠷ ᠪᠣᠷᠣᠭᠠᠨ᠎ᠤᠷᠤᠭᠰᠠᠭᠠᠷ ᠰᠢᠪᠠᠷ ᠱᠠᠯᠴᠢᠭ᠋᠎ᠪᠤᠯᠵᠤ᠂ ᠲᠠᠷᠢᠶᠠᠯᠠᠩ᠎ᠤᠨ ᠪᠦᠲᠦᠭᠡᠭᠳᠡᠬᠦᠨ᠎ᠦ ᠲᠡᠭᠡᠭᠡᠪᠦᠷᠢ ᠬᠠᠷᠰᠢᠯᠠᠭᠳᠠᠳᠠᠭ᠃ ᠪᠠᠯᠭᠠᠰᠤᠨ᠎ᠡᠴᠡ ᠲᠡᠭᠦᠨ᠎ᠢ ᠨᠠᠷᠢᠨ ᠳᠠᠩᠰᠠᠨ᠎ᠳᠤ ᠣᠷᠣᠭᠤᠯᠵᠤ᠂ ᠪᠡᠯᠡ ᠮᠥᠩᠭᠥ ᠣᠷᠣᠭᠤᠯᠤᠨ ᠵᠠᠮ᠎ᠢ ᠬᠠᠲᠠᠭᠤᠷᠠᠭᠤᠯᠪᠠ᠃ 《ᠥᠩᠭᠡᠷᠡᠭᠰᠡᠨ᠎ᠳᠦ ᠨᠠᠮᠤᠷ᠎ᠤᠨ ᠬᠤᠷᠢᠶᠠᠯᠲᠠ᠎ᠶᠢᠨ ᠲᠡᠷᠭᠡ ᠣᠷᠣᠵᠤ ᠢᠷᠡᠵᠦ ᠳᠡᠶ᠋ᠢᠯᠬᠦ ᠦᠭᠡᠢ᠂ ᠠᠮᠤ ᠪᠤᠳᠠᠭ᠎ᠠ᠎ᠶᠢ ᠬᠥᠮᠥᠨ᠎ᠦ ᠬᠦᠴᠦ᠎ᠪᠡᠷ ᠲᠡᠭᠡᠭᠡᠪᠤᠷᠢᠯᠡᠵᠦ ᠪᠠᠢᠵᠠᠢ᠂ ᠣᠲᠣ᠌ ᠬᠠᠳᠤᠵᠤ ᠬᠤᠷᠢᠶᠠᠬᠤ ᠮᠠᠰᠢᠨ ᠰᠢᠭᠤᠳ ᠲᠠᠷᠢᠶᠠᠨ ᠭᠠᠵᠠᠷ᠎ᠲᠤ ᠬᠦᠷᠴᠦ᠂ ᠶᠡᠬᠡ ᠬᠦᠴᠦ ᠠᠷᠪᠢᠯᠠᠬᠤ ᠪᠣᠯᠵᠠᠢ!》 ᠭᠡᠵᠦ ᠲᠠᠷᠢᠶᠠᠯᠠᠩ᠎ᠤᠨ ᠲᠣᠮᠣ᠌ ᠡᠷᠦᠭᠡ ᠴᠧᠨ ᠪᠢᠯᠢᠭ ᠪᠠᠶᠠᠷᠯᠠᠨ ᠬᠡᠯᠡᠪᠡ᠃ ᠪᠠᠭ᠎ᠠ᠎ᠡᠴᠡ ᠨᠢᠭᠡ ᠵᠠᠮ᠎ᠤᠨ ᠳ᠋ᠧᠩ᠂ ᠨᠢᠭᠡ ᠤᠰᠤᠨ ᠰᠤᠪᠠᠭ᠂ ᠶᠡᠬᠡ᠎ᠡᠴᠡ ᠨᠢᠭᠡ ᠤᠳᠠᠭᠠᠨ᠎ᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ᠂ ᠨᠢᠭᠡ ᠤᠯᠠᠨ ᠨᠡᠶ᠋ᠢᠲᠡ᠎ᠶᠢᠨ ᠲᠥᠬᠦᠭᠡᠷᠦᠮᠵᠢ᠂ ᠡᠢᠮᠦᠷᠬᠦᠦ 《ᠤᠨᠢᠨ ᠳᠡᠭᠡᠷ᠎ᠡ ᠨᠢ ᠬᠦᠴᠦᠯᠡᠬᠦ》 ᠨᠢ ᠮᠥᠩᠭᠥ ᠪᠦᠷᠢ᠎ᠶᠢ ᠤᠯᠠᠨ ᠲᠦᠮᠡᠨ᠎ᠦ ᠬᠠᠮᠤᠭ᠎ᠤᠨ ᠪᠠᠴᠢᠮ ᠱᠠᠭᠠᠷᠳᠠᠵᠤ ᠪᠠᠢᠭ᠎ᠠ᠂ ᠬᠠᠮᠤᠭ᠎ᠤᠨ ᠬᠦᠰᠡᠵᠦ ᠪᠠᠢᠭ᠎ᠠ ᠭᠠᠵᠠᠷ᠎ᠲᠤ ᠬᠡᠷᠡᠭᠯᠡᠭᠦᠯᠪᠡ᠃

ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠢᠲᠤᠷ ᠬᠢᠬᠦ᠎ᠳᠦ ᠵᠠᠰᠠᠭ᠎ᠤᠨ ᠣᠷᠳᠣᠨ᠎ᠡᠴᠡ ᠬᠦᠴᠦᠯᠡᠬᠦ ᠮᠥᠷᠲᠡᠭᠡᠨ ᠪᠠᠰᠠ ᠣᠯᠠᠨ ᠲᠦᠮᠡᠨ᠎ᠢ ᠣᠷᠣᠯᠴᠠᠭᠤᠯᠬᠤ ᠬᠡᠷᠡᠭᠲᠡᠢ᠃ ᠬᠢᠩᠭᠠᠨ ᠠᠢᠮᠠᠭ ᠬᠠᠮᠲᠤ᠎ᠪᠠᠷ ᠪᠠᠶ᠋ᠢᠭᠤᠯᠬᠤ ᠬᠠᠮᠲᠤ᠎ᠪᠠᠷ ᠵᠠᠰᠠᠬᠤ ᠬᠠᠮᠲᠤ᠎ᠪᠠᠷ ᠡᠳ᠋ᠯᠡᠬᠦ ᠦᠨᠳᠦᠰᠦᠨ ᠱᠠᠲᠤᠨ᠎ᠤ ᠵᠠᠰᠠᠯᠲᠠ᠎ᠶᠢᠨ ᠠᠷᠭ᠎ᠠ ᠵᠠᠮ᠎ᠢ ᠰᠦᠪᠡᠭᠴᠢᠯᠡᠵᠦ᠂ ᠤᠯᠠᠨ ᠲᠦᠮᠡᠨ᠎ᠢ 《ᠬᠠᠵᠠᠭᠤ᠎ᠡᠴᠡ ᠬᠠᠷᠠᠭ᠍ᠴᠢ》 ᠪᠠᠢᠭᠰᠠᠨ᠎ᠡᠴᠡ 《ᠣᠷᠣᠯᠴᠠᠭ᠍ᠴᠢ》 ᠪᠣᠯᠭᠠᠪᠠ᠃ ᠲᠦᠴᠢᠦᠸᠠᠨ ᠰᠢᠶᠠᠨ᠎ᠤ ᠲᠦᠴᠢᠦᠸᠠᠨ ᠪᠠᠯᠭᠠᠰᠤᠨ᠎ᠤ ᠯᠢᠦ ᠾᠧ ᠲᠣᠰᠬᠣᠨ᠎ᠤ ᠭᠡᠷᠡᠯᠲᠦᠭᠦᠯᠭᠡ᠎ᠶᠢᠨ ᠢᠨᠵᠧᠨᠧᠷᠢᠩ᠎ᠦᠨ ᠪᠠᠷᠢᠯᠭ᠎ᠠ ᠳᠤᠮᠳᠠ᠂ ᠲᠤᠰᠬᠠᠢᠯᠠᠨ 《ᠤᠯᠠᠨ ᠲᠦᠮᠡᠨ᠎ᠦ ᠬᠢᠨᠠᠯᠲᠠ ᠲᠠᠯᠪᠢᠬᠤ ᠪᠠᠢᠷᠢ》 ᠭᠠᠷᠭᠠᠵᠤ᠂ ᠠᠬᠠᠮᠠᠳ ᠨᠠᠮ᠎ᠤᠨ ᠭᠡᠰᠢᠭᠦᠨ ᠪᠣᠯᠣᠨ ᠬᠠᠯᠠᠭᠤᠨ ᠰᠡᠳᠬᠢᠯᠲᠦ ᠲᠣᠰᠬᠣᠨ᠎ᠤ ᠠᠷᠠᠳ ᠲᠣᠭᠣᠷᠢᠨ ᠴᠠᠭᠳᠠᠬᠤ ᠠᠩᠭᠢ ᠪᠠᠢᠭᠤᠯᠵᠤ᠂ ᠡᠳᠦᠷ ᠪᠦᠷᠢ ᠮᠠᠲᠧᠷᠢᠶᠠᠯ᠎ᠤᠨ ᠶᠠᠰᠤ ᠴᠢᠨᠠᠷ ᠪᠣᠯᠣᠨ ᠪᠠᠷᠢᠯᠭ᠎ᠠ᠎ᠶᠢᠨ ᠠᠬᠢᠴᠠ᠎ᠶᠢ ᠠᠩᠬᠠᠷᠴᠤ ᠪᠠᠢᠪᠠ᠃ 《ᠵᠠᠮ᠎ᠤᠨ ᠳ᠋ᠧᠩ᠎ᠢ ᠪᠢᠳᠡ ᠥᠪᠡᠷᠰᠡᠳ᠎ᠢᠶᠡᠨ ᠲᠠᠭᠠᠷᠠᠭᠤᠯᠤᠭᠰᠠᠨ ᠪᠤᠯᠬᠤᠷ ᠴᠢᠩᠭ᠎ᠠ ᠬᠠᠮᠢᠶᠠᠷᠬᠤ ᠬᠡᠷᠡᠭᠲᠡᠢ!》 ᠭᠡᠵᠦ ᠲᠣᠰᠬᠣᠨ᠎ᠤ ᠠᠷᠠᠳ ᠸᠠᠩ ᠱᠤᠸᠠᠩ ᠰᠢ ᠬᠡᠯᠡᠪᠡ᠃ ᠡᠭᠦᠨ᠎ᠡᠴᠡ ᠭᠠᠳᠠᠨ᠎ᠠ᠂ ᠡᠯ᠎ᠡ ᠭᠠᠵᠠᠷ᠎ᠤᠨ ᠬᠢᠨ ᠪᠠᠰᠠ ᠰᠠᠨᠠᠭᠠᠴᠢᠯᠠᠭ᠎ᠠ᠎ᠡᠴᠡ᠎ᠪᠠᠨ 《ᠤᠯᠠᠭᠠᠨ ᠡᠯᠢᠭᠡᠪᠴᠢᠲᠦ》 ᠬᠠᠮᠢᠶᠠᠷᠤᠨ ᠬᠠᠮᠠᠭᠠᠯᠠᠬᠤ ᠠᠩᠭᠢ ᠵᠣᠬᠢᠶᠠᠨ ᠪᠠᠢᠭᠤᠯᠵᠤ᠂ ᠠᠭᠤᠳᠠᠮ ᠲᠠᠯᠠᠪᠠᠶ᠂ ᠰᠡᠷᠢᠭᠦᠨ ᠲᠢᠨᠭᠰᠡ᠂ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠵᠡᠷᠭᠡ ᠣᠯᠠᠨ ᠨᠡᠶ᠋ᠢᠲᠡ᠎ᠶᠢᠨ ᠲᠥᠬᠦᠭᠡᠷᠦᠮᠵᠢ᠎ᠶᠢ ᠲᠣᠭᠲᠠᠮᠠᠯ ᠬᠤᠭᠤᠴᠠᠭ᠎ᠠ᠎ᠲᠠᠢ᠎ᠪᠠᠷ ᠬᠠᠮᠠᠭᠠᠯᠠᠵᠤ ᠪᠠᠢᠨ᠎ᠠ᠃ ᠡᠨᠡ ᠬᠦ᠌ ᠵᠠᠭᠪᠤᠷ ᠨᠢ ᠰᠡᠭᠦᠯᠴᠢ᠎ᠶᠢᠨ ᠬᠤᠭᠤᠴᠠᠭᠠᠨ᠎ᠤ ᠬᠠᠮᠢᠶᠠᠷᠴᠤ ᠬᠠᠮᠠᠭᠠᠯᠠᠬᠤ ᠥᠪᠡᠷ᠎ᠦᠨ ᠥᠷᠲᠡᠭ᠎ᠢ ᠪᠠᠭᠤᠷᠠᠭᠤᠯᠤᠭᠰᠠᠨ᠎ᠢᠶᠠᠷ ᠪᠠᠷᠠᠬᠤ ᠦᠭᠡᠢ ᠨᠠᠩ ᠴᠤ᠌ ᠣᠯᠠᠨ᠎ᠤ ᠡᠵᠡᠨ ᠬᠥᠮᠥᠨ᠎ᠦ ᠤᠬᠠᠮᠰᠠᠷ᠎ᠢ ᠤᠯᠠᠮ ᠴᠢᠩᠭᠠᠷᠠᠭᠤᠯᠵᠠᠢ᠃

ᠪᠣᠳᠠᠲᠤ ᠶᠠᠪᠤᠳᠠᠯ ᠬᠢᠬᠦ᠎ᠳᠤ ᠰᠠᠯᠬᠢᠯᠠᠭᠠᠳ ᠯᠡ ᠦᠨᠭᠭᠡᠷᠡᠬᠦ ᠰᠠᠯᠬᠢ ᠰᠢᠭ᠋ ᠪᠠᠢᠵᠤ ᠪᠣᠯᠬᠤ ᠦᠭᠡᠢ᠂ ᠡᠷᠬᠡᠪᠰᠢ ᠤᠷᠳᠤ ᠬᠤᠭᠤᠴᠠᠭᠠᠨ᠎ᠤ ᠪᠦᠲᠦᠮᠵᠢᠲᠡᠢ ᠲᠣᠭᠲᠡᠴᠡ᠎ᠪᠠᠷ ᠦᠨᠳᠦᠰᠦᠨ ᠵᠦᠢᠯ᠎ᠢ ᠪᠠᠲᠤᠯᠠᠬᠤ ᠬᠡᠷᠡᠭᠲᠡᠢ᠃ ᠬᠢᠩᠭᠠᠨ ᠠᠢᠮᠠᠭ 《ᠲᠥᠷᠥᠯ ᠵᠦᠢᠯ᠎ᠤᠨ ᠡᠷᠬᠢᠨ ᠬᠠᠷᠠᠬᠤ》 ᠲᠣᠭᠲᠡᠴᠡ᠎ᠶᠢ ᠵᠡᠷᠭᠡ᠎ᠪᠡᠷ ᠪᠠᠢᠭᠤᠯᠵᠤ᠂ ᠡᠷᠦᠬᠡ᠎ᠳᠦ ᠣᠷᠣᠵᠤ ᠰᠤᠷᠪᠤᠯᠵᠢᠯᠠᠬᠤ᠂ ᠬᠠᠨᠤᠮᠵᠢ᠎ᠶᠢᠨ ᠬᠡᠮᠵᠢᠶ᠎ᠡ᠎ᠶᠢ ᠰᠢᠯᠭᠠᠨ ᠦᠨᠡᠯᠡᠬᠦ᠎ᠪᠡᠷ ᠳᠡᠮᠵᠢᠨ ᠦᠷ᠎ᠡ ᠪᠦᠲᠦᠮᠵᠢ᠎ᠶᠢ ᠮᠥᠷᠳᠡᠨ ᠠᠰᠠᠭᠤᠵᠤ᠂ ᠠᠰᠠᠭᠤᠳᠠᠯ᠎ᠢ ᠢᠯᠡᠷᠡᠭᠦᠯᠪᠡᠯ ᠬᠤᠭᠤᠴᠠᠭ᠎ᠠ ᠲᠣᠭᠲᠠᠭᠠᠨ ᠴᠡᠭᠴᠡᠯᠡᠨ ᠰᠠᠢᠵᠢᠷᠠᠭᠤᠯᠵᠤ᠂ ᠰᠠᠢᠨ ᠶᠠᠪᠤᠳᠠᠯ᠎ᠢ ᠰᠠᠢᠲᠤᠷ ᠬᠢᠬᠦ᠎ᠶᠢ ᠦᠨᠡᠨ ᠬᠦ᠌ ᠪᠠᠲᠤᠯᠠᠪᠠ᠃ ᠡᠭᠦᠨ᠎ᠦ ᠬᠠᠮᠲᠤ᠂ ᠠᠢᠮᠠᠭ᠎ᠤᠨ ᠬᠢᠨ ᠲᠤᠰᠬᠠᠢ ᠠᠵᠢᠯ᠎ᠤᠨ ᠤᠳᠤᠷᠢᠳᠬᠤ ᠳᠤᠭᠤᠢᠯᠠᠩ ᠪᠠᠢᠭᠤᠯᠵᠤ᠂ ᠠᠢᠮᠠᠭ᠎ᠤᠨ ᠱᠠᠲᠤ ᠳᠠᠭᠠᠭᠠᠴᠢᠯᠠᠨ ᠬᠣᠯᠪᠣᠭᠠᠯᠠᠬᠤ᠂ ᠰᠠᠯᠠᠭ᠎ᠠ ᠮᠥᠴᠢᠷ ᠨᠢᠭᠡᠳᠦᠯᠲᠡᠢ ᠲᠥᠯᠥᠪᠵᠢᠭᠦᠯᠬᠦ᠂ ᠬᠣᠰᠢᠭᠤ ᠰᠢᠶᠠᠨ ᠨᠠᠢᠳᠠᠪᠤᠷᠢᠵᠢᠭᠤᠯᠬᠤ ᠬᠠᠷᠢᠭᠤᠴᠠᠯᠭ᠎ᠠ᠎ᠶᠢᠨ ᠰᠢᠰᠲᠧᠮ᠎ᠢ ᠪᠠᠢᠭᠤᠯᠵᠤ᠂ ᠲᠥᠷᠥᠯ ᠵᠦᠢᠯ᠎ᠦᠨ ᠠᠬᠢᠴᠠ᠂ ᠪᠡᠯᠡ ᠮᠥᠩᠭᠥ᠎ᠶᠢᠨ ᠬᠡᠷᠡᠭᠯᠡᠯᠲᠡ᠎ᠶᠢᠨ ᠪᠠᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠰᠤᠭᠤᠴᠢᠨ ᠪᠠᠢᠴᠠᠭᠠᠵᠤ᠂ ᠪᠠᠷᠢᠯᠭ᠎ᠠ᠎ᠶᠢᠨ ᠶᠠᠰᠤ ᠴᠢᠨᠠᠷ ᠪᠣᠯᠣᠨ ᠪᠡᠯᠡ ᠮᠥᠩᠭᠥ᠎ᠶᠢᠨ ᠲᠣᠭᠲᠠᠭᠠᠯ᠎ᠳᠤ ᠨᠡᠢᠴᠡᠬᠦ ᠬᠣᠷᠢᠭ᠎ᠠ ᠱᠤᠭᠤᠮ᠎ᠢ ᠪᠠᠲᠤ ᠰᠠᠬᠢᠪᠠ᠃

《ᠠᠷᠠᠳ᠎ᠤᠨ ᠲᠥᠯᠥᠭᠡ ᠪᠣᠳᠠᠲᠠᠢ ᠶᠠᠪᠤᠳᠠᠯ ᠬᠢᠬᠦ᠎ᠳᠦ ᠲᠡᠭᠦᠰᠬᠡᠯ ᠭᠡᠵᠦ ᠪᠠᠢᠬᠤ ᠦᠭᠡᠢ》᠃ ᠬᠢᠩᠭᠠᠨ ᠠᠢᠮᠠᠭ᠎ᠤᠨ ᠨᠠᠮ᠎ᠤᠨ ᠬᠣᠷᠢᠶᠠᠨ᠎ᠤ ᠨᠡᠢᠭᠡᠮ᠎ᠦᠨ ᠠᠵᠢᠯ᠎ᠤᠨ ᠬᠡᠯᠲᠡᠰ᠎ᠦᠨ ᠳᠠᠷᠤᠭ᠎ᠠ ᠰᠦᠨ ᠹᠧᠩ ᠯᠢᠨ᠂ ᠲᠠᠷᠠᠭᠠᠴᠢ᠎ᠶᠢᠨ ᠠᠯᠬᠤᠮ᠎ᠳᠤ ᠬᠠᠷᠢᠶ᠎ᠠ ᠭᠠᠵᠠᠷ᠎ᠤᠨ ᠬᠢᠨᠠᠯᠲᠠ ᠬᠠᠮᠢᠶᠠᠷᠤᠯᠲᠠ ᠪᠠ ᠰᠠᠯᠠᠭ᠎ᠠ ᠮᠥᠴᠢᠷ᠎ᠦᠨ ᠬᠠᠮᠵᠢᠯᠴᠠᠬᠤ ᠬᠠᠷᠢᠭᠤᠴᠠᠯᠭ᠎ᠠ᠎ᠶᠢ ᠦᠷᠭᠦᠯᠵᠢᠯᠡᠨ ᠪᠣᠳᠠᠲᠠᠢᠵᠢᠭᠤᠯᠵᠤ᠂ ᠣᠯᠠᠨ ᠲᠦᠮᠡᠨ᠎ᠦ ᠬᠡᠷᠡᠭᠴᠡᠭᠡ ᠱᠠᠭᠠᠷᠳᠠᠯᠭ᠎ᠠ᠎ᠶᠢ ᠪᠠᠢᠩᠭᠤᠵᠢᠭᠤᠯᠤᠨ ᠴᠤᠭᠯᠠᠭᠤᠯᠵᠤ᠂ ᠣᠷᠳᠣ᠌ ᠬᠤᠭᠤᠴᠠᠭᠠᠨ᠎ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠡᠴᠡ᠎ᠶᠢ ᠲᠡᠭᠦᠯᠳᠡᠷᠵᠢᠭᠦᠯᠵᠦ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠭᠠᠷᠭᠠᠬᠤ᠎ᠪᠠᠷ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢᠨ ᠬᠣᠷᠢᠭ᠎ᠠ ᠱᠤᠭᠤᠮ᠎ᠢ ᠪᠠᠲᠤ ᠴᠣᠭᠴᠠᠯᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ᠎ᠤᠨ ᠠᠮᠢᠳᠤᠷᠠᠯ᠎ᠤᠨ ᠪᠣᠳᠠᠲᠤ ᠦᠷ᠎ᠡ ᠪᠦᠲᠦᠮᠵᠢ᠎ᠪᠡᠷ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠦᠢᠯᠡᠳᠦᠯᠭᠡᠵᠢᠭᠦᠯᠦᠨ᠎ᠡ ᠭᠡᠵᠦ ᠢᠯᠡᠳᠬᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面