2026-08-17 11:02:57
ᠰᠠᠭᠤᠭᠠᠯᠢ ᠠᠷᠠᠳ᠎ᠤᠨ ᠲᠣᠭᠣᠷᠢᠭ᠎ᠤᠨ ᠠᠰᠠᠷ᠎ᠤᠨ ᠳ᠋ᠧᠩ ᠡᠪᠳᠡᠷᠡᠴᠢᠬᠡᠭᠰᠡᠨ᠂ᠬᠣᠭ ᠨᠣᠪᠰᠢ ᠤᠯᠠᠨ ᠣᠪᠣᠭᠠᠷᠠᠴᠢᠬᠠᠬᠰᠠᠠ᠂ ᠴᠠᠬᠢᠯᠭᠠᠨ ᠬᠥᠳᠡᠯᠭᠡᠭᠦᠷᠲᠦ᠍ ᠲᠡᠷᠭᠡ ᠳᠤᠷ᠎ᠠ᠎ᠪᠠᠷ᠎ᠢᠶᠠᠨ ᠤᠲᠠᠰᠤ ᠲᠠᠲᠠᠵᠤ ᠴᠠᠬᠢᠯᠭᠠᠨ ᠴᠡᠨᠡᠭᠯᠡᠵᠦ᠍ ᠪᠠᠢᠬᠰᠠᠠ ᠁ ᠥᠩᠭᠡᠷᠡᠭᠰᠡᠨ᠎ᠳᠦ᠂ ᠡᠲᠡᠭᠡᠷ ᠢᠬᠢᠷ ᠰᠢᠬᠢᠷ ᠠᠳᠠᠯ ᠠᠬᠤᠶ᠎ᠶᠢᠨ ᠠᠰᠠᠭᠤᠳᠠᠯ ᠨᠢ ᠤᠯᠠᠭᠠᠨᠴᠠᠪ ᠬᠣᠲᠠ᠎ᠶᠢᠨ ᠤᠯᠠᠨ ᠰᠠᠭᠤᠭᠠᠯᠢ ᠠᠷᠠᠳ᠎ᠤᠨ ᠰᠡᠳᠬᠢᠯ ᠢ᠋ ᠵᠤᠪᠠᠭᠠᠵᠤ ᠪᠠᠢᠭᠰᠠᠨ ᠵᠢᠡᠷ ᠦᠯᠦ ᠪᠠᠷᠠᠨ ᠪᠠᠰᠠ ᠴᠤ᠌ ᠨᠡᠶ᠋ᠢᠭᠡᠮ ᠲᠣᠭᠣᠷᠢᠭ᠎ᠤᠨ ᠺᠠᠳ᠋ᠷᠴᠤᠳ᠎ᠤᠨ ᠬᠦᠨᠳᠤ ᠬᠡᠴᠡᠬᠦᠤ ᠠᠵᠢᠯ᠎ᠤᠨ ᠳᠠᠷᠤᠭᠠᠰᠤ ᠪᠠᠢᠪᠠ᠃
《ᠤᠤᠯ ᠳ᠋ᠠᠭᠠᠨ 〈12345〉 ᠬᠠᠯᠠᠮᠰᠢᠯ ᠤᠲᠠᠰᠤ᠎ᠶᠢᠨ ᠰᠢᠯᠵᠢᠭᠦᠯᠦᠨ ᠬᠦᠢᠴᠡᠳᠭᠡᠬᠦᠯᠦᠭᠰᠡᠨ ᠠᠳᠠᠯ ᠠᠬᠤᠶ᠎ᠶᠢᠨ ᠲᠥᠷᠥᠯ᠎ᠦᠨ ᠠᠵᠢᠯ᠎ᠤᠨ ᠬᠠᠭᠤᠳᠠᠰᠤ ᠣᠯᠠᠨ᠂ ᠬᠠᠭᠤᠴᠢᠨ ᠠᠰᠠᠭᠤᠳᠠᠯ᠎ᠢ ᠰᠢᠢᠳᠪᠤᠷᠢᠯᠡᠵᠤ ᠲᠠᠭᠤᠰᠬᠤ ᠡᠴᠡ ᠡᠮᠦᠨ᠎ᠠ ᠰᠢᠨ᠎ᠡ ᠵᠠᠭᠠᠯᠳᠤᠯᠭ᠎ᠠ ᠪᠠᠰᠠ ᠭᠠᠷᠴᠤ᠌ ᠢᠷᠡᠳᠡᠭ ᠪᠣᠯᠬᠣᠷ ᠨᠡᠶ᠋ᠢᠭᠡᠮ ᠲᠣᠭᠣᠷᠢᠭ᠎ᠤᠨ ᠠᠵᠢᠯᠲᠠᠨ᠎ᠤ ᠴᠠᠭ ᠢ᠋ ᠶᠡᠭᠡ ᠵᠠᠷᠤᠴᠠᠭᠤᠯᠳᠠᠭ ᠪᠠᠢᠪᠠ ᠃ ᠣᠳᠣᠬᠠᠨ᠎ᠳᠤ ᠠᠵᠢᠯ ᠤ᠋ᠨ ᠬᠠᠭᠤᠳᠠᠰᠤ ᠵᠢᠨ ᠲᠣᠭ᠎ᠠ ᠶᠡᠬᠡᠪᠡᠷ ᠪᠠᠭᠤᠷᠠᠵᠤ᠂ ᠰᠠᠭᠤᠭᠠᠯᠢ ᠠᠷᠠᠳ᠎ᠤᠨ ᠭᠣᠮᠣᠳᠠᠯ ᠲᠤᠭᠠᠴᠢᠬᠤ ᠪᠠᠢᠳᠠᠯ ᠪᠠᠭᠠᠰᠴᠤ᠂ ᠨᠢᠭᠤᠷ ᠲᠡᠭ᠎ᠢ ᠢᠨᠢᠶᠡᠮᠰᠦᠭᠯᠡᠯ ᠨᠢ ᠣᠯᠠᠰᠢᠷᠠᠪᠠ︾ᠭᠡᠵᠦ᠍ ᠵᠢᠨᠢᠩ ᠲᠣᠭᠣᠷᠢᠭ᠎ᠤᠨ ᠵᠢᠶᠠ ᠶᠤᠸᠠᠨ ᠨᠡᠶ᠋ᠢᠭᠡᠮ ᠲᠣᠭᠣᠷᠢᠭ᠎ᠤᠨ ᠨᠠᠮ᠎ᠤᠨ ᠶᠡᠷᠦᠩᠬᠡᠢ ᠡᠭᠦᠷ᠎ᠦᠨ ᠱᠦᠵᠢ ᠲᠢᠶᠠᠨ ᠭᠤᠸᠠᠩ ᠶᠠᠷᠢᠨ᠎ᠠ᠃
ᠵᠢᠯ ᠤ᠋ᠨ ᠡᠬᠢᠨ ᠡᠴᠡ ᠨᠠᠭᠠᠰᠢ᠂ ᠤᠯᠠᠭᠠᠨᠴᠠᠪ ᠬᠤᠳᠠ ᠵᠠᠰᠠᠭ ᠤ᠋ᠨ ᠠᠵᠢᠯ ᠤ᠋ᠨ ᠪᠦᠲᠦᠮᠵᠢ ᠵᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠌᠎ᠪᠡᠷ ᠠᠵᠠ ᠲᠣᠬᠢᠶᠠᠯ ᠪᠣᠯᠭᠠᠵᠤ᠂ ᠠᠳᠠᠯ ᠠᠬᠤᠢ᠎ᠶᠢᠨ ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭᠰᠢᠯᠡᠭᠦᠯᠬᠦ᠌ ᠠᠵᠢᠯᠯᠠᠭ᠎ᠠ᠎ᠶᠢ 《ᠱᠦᠵᠢ᠎ᠶᠢᠨ ᠲᠦᠷᠦᠯ ᠵᠦᠢᠯ》 ᠪᠣᠯᠭᠠᠠ ᠲᠡᠭᠡᠷ᠎ᠠ ᠱᠠᠲᠤᠨ ᠡᠴᠡ ᠲᠦᠯᠬᠢᠨ ᠠᠬᠢᠭᠤᠯᠵᠤ᠂ ᠨᠠᠮ᠎ᠤᠨ ᠪᠠᠶ᠋ᠢᠭᠤᠯᠤᠯᠲᠠ᠎ᠪᠠᠷ ᠬᠦᠴᠢᠷ ᠰᠡᠳᠤᠪ ᠢ᠋ ᠵᠠᠳᠠᠯᠵᠦ᠍᠂ ᠬᠠᠮᠲᠤ ᠪᠡᠷ ᠵᠠᠰᠠᠬᠤ ᠪᠡᠷ ᠬᠦᠴᠢᠷ ᠠᠰᠠᠭᠤᠳᠠᠯ᠎ᠢ ᠰᠢ᠌ᠳᠪᠦᠷᠢᠯᠡᠨ᠂ ᠪᠣᠳᠠᠲᠠᠢ ᠠᠵᠢᠯᠯᠠᠨ ᠠᠷᠠᠳ᠎ᠲᠤ᠌ ᠠᠰᠢᠭ ᠬᠦᠷᠲᠡᠭᠡᠵᠦ᠍᠂ ᠠᠳᠠᠯ ᠠᠬᠤᠢ᠎ᠶᠢᠨ ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠌᠎ᠶᠢ ᠦᠷᠭᠦᠯᠵᠢᠯᠡᠨ ᠠᠬᠢᠭᠤᠯᠵᠤ᠂ ᠦᠨᠳᠦᠰᠦᠨ ᠱᠠᠲᠤᠨ᠎ᠤ ᠵᠠᠰᠠᠯᠲᠠ᠎ᠶᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠪᠠ᠃
ᠣᠷᠳᠣ ᠬᠤᠭᠤᠴᠠᠭᠠᠨ᠎ᠤ ᠲᠤᠷᠰᠢ᠂ ᠠᠳᠠᠯ ᠠᠬᠤᠶ᠎ᠶᠢᠨ ᠬᠦᠷᠢᠶᠡᠨ᠎ᠳᠡᠬᠢ ᠵᠥᠷᠢᠴᠡᠯ ᠵᠠᠭᠤᠷᠠᠯᠳᠤᠭᠠᠨ ᠣᠯᠠᠨ᠂ ᠵᠠᠰᠠᠯᠲᠠ ᠬᠢᠬᠦ ᠳ᠋ᠤ ᠬᠦᠴᠢᠷᠳᠡᠯ ᠶᠡᠭᠡ᠂ ᠰᠢᠰᠲ᠋ᠧᠮᠲᠦ᠍ ᠴᠢᠨᠠᠷᠲᠠᠶ᠎ᠪᠠᠷ ᠨᠢᠭᠡᠳᠦᠯᠲᠡᠶ ᠲᠥᠯᠥᠪᠯᠡᠨ ᠵᠠᠰᠠᠬᠤ᠎ᠶᠢ ᠴᠢᠩᠭᠠᠳᠬᠠᠬᠤ ᠴᠢᠬᠤᠯᠠᠲᠠᠶ ᠪᠠᠢᠵᠠᠢ᠃ 《ᠱᠦᠵᠢ᠎ᠶᠢᠨ ᠲᠥᠷᠥᠯ ᠵᠤᠢᠯ》 ᠢ᠋ ᠲᠣᠭᠲᠠᠭᠠᠭᠰᠠᠨ᠎ᠠᠴᠠ ᠨᠠᠭᠠᠰᠢ᠂ ᠤᠯᠠᠭᠠᠨᠴᠠᠪ ᠬᠣᠲᠠ ᠠᠵᠢᠯ ᠲᠥᠷᠥᠯ ᠤ᠋ᠨ ᠬᠢᠨ ᠤ᠋ ᠨᠠᠮ᠎ᠤᠨ ᠪᠠᠶ᠋ᠢᠭᠤᠯᠤᠯᠲᠠ᠎ᠶᠢᠨ ᠠᠵᠢᠯ᠎ᠢ ᠴᠢᠩᠭᠠᠳᠬᠠᠬᠤ᠎ᠶᠢ ᠠᠳᠠᠯ ᠠᠬᠤᠶ᠎ᠶᠢᠨ ᠵᠠᠰᠠᠯᠲᠠ᠎ᠶᠢᠨ ᠬᠦᠴᠢᠷ ᠠᠰᠠᠭᠤᠳᠠᠯ᠎ᠢ ᠰᠢᠢᠳᠪᠤᠷᠢᠯᠡᠬᠦ ᠰᠢᠪᠲᠤᠯᠤᠯᠲᠠ᠎ᠶᠢᠨ ᠴᠡᠭ ᠪᠣᠯᠭᠠᠵᠤ᠂ ᠬᠣᠲᠠ ᠰᠢᠶᠠᠨ ᠬᠣᠶᠠᠷ ᠱᠠᠲᠤ᠌ ᠪᠦᠬᠦᠨ᠎ᠢᠶᠡᠷ᠎ᠢᠶᠡᠨ ᠠᠳᠠᠯ ᠠᠬᠤᠶ᠎ᠶᠢᠨ ᠠᠵᠢᠯ ᠲᠥᠷᠥᠯ᠎ᠦᠨ ᠬᠢᠨ ᠤ᠋ ᠨᠠᠮ᠎ᠤᠨ ᠵᠣᠬᠢᠶᠠᠨ ᠪᠠᠶ᠋ᠢᠭᠤᠯᠤᠯᠲᠠ ᠪᠠᠶ᠋ᠢᠭᠤᠯᠬᠤ᠎ᠶᠢ ᠠᠬᠢᠭᠤᠯᠵᠤ᠂ ᠠᠳᠠᠯ ᠠᠬᠤᠶ᠎ᠶᠢᠨ ᠠᠰᠠᠭᠤᠳᠠᠯ᠎ᠢ ᠲᠦᠰᠢᠭ ᠲᠤᠯᠭᠠᠭᠤᠷᠢ᠎ᠲᠠᠶ ᠪᠣᠯᠭᠠᠪᠠ᠃
ᠲᠣᠰ ᠬᠣᠲᠠ ᠨᠥᠬᠥᠴᠡᠯ᠎ᠳᠦ ᠨᠡᠶ᠋ᠢᠴᠡᠬᠦ᠌ 83 ᠠᠳᠠᠯ ᠠᠬᠤᠶ᠎ᠶᠢᠨ ᠺᠣᠮᠫᠠᠨᠢ᠎ᠳᠤ ᠨᠠᠮ᠎ᠤᠨ ᠵᠣᠬᠢᠶᠠᠨ ᠪᠠᠶ᠋ᠢᠭᠤᠯᠤᠯᠲᠠ ᠪᠠᠶ᠋ᠢᠭᠤᠯᠵᠤ᠂ ᠲᠦᠷ ᠨᠥᠬᠥᠴᠡᠯ ᠪᠦᠷᠢᠯᠳᠦᠭᠦᠯᠦᠭᠡᠳᠦᠶ ᠠᠳᠠᠯ ᠠᠬᠤᠶ᠎ᠶᠢᠨ ᠠᠵᠤ ᠠᠬᠤᠶ᠋ᠢᠯᠠᠯ᠎ᠳᠤ 《ᠨᠠᠮ᠎ᠤᠨ ᠪᠠᠶ᠋ᠢᠭᠤᠯᠤᠯᠲᠠ ᠨᠢ ᠣᠯᠠᠨ ᠲᠦᠮᠡᠨ᠎ᠦ ᠪᠠᠶ᠋ᠢᠭᠤᠯᠤᠯᠲᠠ᠎ᠶᠢ ᠳᠠᠶ᠋ᠢᠴᠢᠯᠠᠬᠤ᠂ ᠣᠯᠠᠨ ᠲᠦᠮᠡᠨ᠎ᠦ ᠪᠠᠶ᠋ᠢᠭᠤᠯᠤᠯᠲᠠ ᠨᠢ ᠨᠠᠮ᠎ᠤᠨ ᠪᠠᠶ᠋ᠢᠭᠤᠯᠤᠯᠲᠠ᠎ᠶᠢ ᠠᠬᠢᠭᠤᠯᠬᠤ》 ᠬᠡᠯᠪᠡᠷᠢ᠎ᠪᠡᠷ ᠳᠠᠮᠵᠢᠭᠤᠯᠤᠨ 50 ᠣᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠶ᠋ᠢᠭᠤᠯᠤᠯᠲᠠ᠎ᠶᠢ ᠵᠣᠬᠢᠶᠠᠨ ᠪᠠᠶ᠋ᠢᠭᠤᠯᠵᠤ᠂ 235 ᠨᠡᠷᠡᠰ ᠨᠠᠮ ᠤ᠋ᠨ ᠬᠡᠰᠢᠬᠦᠨ ᠢ᠋ ᠰᠤᠡᠭᠭᠤᠨ ᠰᠠᠭᠤᠭᠠᠯᠢ ᠠᠷᠠᠳ ᠤ᠋ᠨ ᠲᠤᠭᠤᠷᠢᠭ ᠤ᠋ᠨ ᠨᠢᠭᠡᠳᠦᠭᠡᠷ ᠹᠷᠣᠨᠲ᠎ᠲᠤ᠌ ᠪᠠᠭᠤᠯᠭᠠᠵᠤ᠂ ᠠᠳᠠᠯ ᠠᠬᠤᠶ᠎ᠶᠢᠨ ᠤᠢᠯᠡᠴᠢᠯᠡᠭᠡᠨᠦ ᠠᠵᠤ ᠠᠬᠤᠶ᠋ᠢᠯᠠᠯ᠎ᠳᠤ ᠨᠠᠮ᠎ᠤᠨ ᠠᠵᠢᠯ᠎ᠢ ᠨᠡᠶ᠋ᠢᠳᠡᠮ ᠪᠦᠷᠭᠦᠭᠦᠯᠬᠦ᠎ᠶᠢ ᠪᠡᠶᠡᠯᠡᠭᠦᠯᠵᠦ᠍᠂ ᠥᠩᠭᠡᠷᠡᠭᠰᠡᠨ᠎ᠦ ᠠᠳᠠᠯ ᠠᠬᠤᠶ᠎ᠶᠢᠨ ᠵᠠᠰᠠᠯᠲᠠ᠎ᠶᠢᠨ 《ᠬᠠᠮᠢᠶᠠᠷᠬᠤ ᠬᠥᠮᠦᠨ ᠥᠬᠡᠶ᠂ ᠠᠳᠬᠤᠬᠤ ᠬᠥᠮᠦᠨ ᠥᠬᠡᠶ᠂ ᠰᠤᠯᠠ ᠵᠠᠳᠠᠭᠠᠶ》ᠪᠠᠶ᠋ᠢᠳᠠᠯ᠎ᠢ ᠲᠤᠶ᠋ᠢᠯᠪᠤᠷᠢᠲᠠᠶ ᠬᠤᠪᠢᠷᠠᠭᠤᠯᠪᠠ᠃
ᠥᠩᠭᠡᠷᠡᠭᠰᠡᠨ᠎ᠳᠦ ᠰᠠᠭᠤᠭᠠᠯᠢ ᠠᠷᠠᠳ᠎ᠤᠨ ᠲᠣᠭᠣᠷᠢᠭ᠎ᠤᠨ ᠠᠰᠠᠭᠤᠳᠠᠯ ᠪᠦᠷ ᠠᠳᠠᠯ ᠠᠬᠤᠢ ᠵᠢᠨ ᠬᠢᠨ ᠳ᠋ᠤ ᠲᠤᠯᠭᠠᠷᠠᠵᠤ ᠪᠦᠬᠦᠢ ᠶᠠᠪᠤᠳᠠᠯ ᠪᠤᠯᠵᠤ᠂ ᠴᠠᠭ ᠲᠤᠬᠠᠢᠳᠤᠨᠢ ᠰᠢ᠌ᠳᠪᠦᠷᠢᠯᠡᠬᠦ᠌ ᠦᠭᠡᠢ ᠪᠣᠯ ᠵᠥᠷᠢᠴᠡᠯ ᠨᠢ ᠡᠳᠤᠷ ᠢᠷᠡᠭᠦᠶ᠎ᠠ ᠰᠢᠷᠦᠭᠦᠰᠳᠡᠭ ᠪᠠᠢᠪᠠ᠃ ᠡᠨᠡ ᠬᠦ᠌ ᠲᠦᠭᠵᠢᠷᠡᠯ᠎ᠢ ᠨᠡᠪᠲᠡᠷᠡᠭᠦᠯᠬᠦ᠌᠎ᠶᠢᠨ ᠲᠥᠯᠥᠭᠡ᠂ ᠤᠯᠠᠭᠠᠨᠴᠠᠪ ᠬᠤᠳᠠ ᠤᠯᠠᠨ ᠲᠠᠯ᠎ᠠ᠎ᠶᠢᠨ ᠬᠡᠷᠡᠭ ᠵᠥᠪᠯᠡᠵᠦ᠍ ᠵᠣᠬᠢᠴᠠᠭᠤᠯᠬᠤ ᠲᠣᠭᠲᠠᠴᠠ᠎ᠶᠢ ᠪᠠᠶ᠋ᠢᠭᠤᠯᠪᠠ᠃ ᠨᠡᠶ᠋ᠢᠭᠡᠮ ᠲᠣᠭᠣᠷᠢᠭ᠎ᠤᠨ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠵᠢᠯᠣᠭᠣᠳᠣᠯᠭ᠎ᠠ ᠳᠤᠤᠷ᠎ᠠ ᠰᠠᠭᠤᠭᠠᠯᠢ ᠠᠷᠠᠳ᠎ᠤᠨ ᠵᠥᠪᠯᠡᠯ᠂ ᠦᠮᠴᠢᠲᠡᠨ ᠤ᠋ ᠵᠥᠪᠯᠡᠯ᠂ ᠠᠳᠠᠯ ᠠᠬᠤᠶ᠎ᠶᠢᠨ ᠠᠵᠤ ᠠᠬᠤᠶ᠋ᠢᠯᠠᠯ ᠬᠠᠮᠲᠤ᠌ ᠰᠠᠭᠤᠵᠤ᠂ ᠰᠠᠭᠤᠭᠠᠯᠢ ᠠᠷᠠᠳ ᠤ᠋ᠨ ᠲᠣᠭᠣᠷᠢᠭ᠎ᠤᠨ ᠣᠯᠠᠨ ᠨᠡᠶ᠋ᠢᠲᠡ᠎ᠶᠢᠨ ᠬᠡᠷᠡᠭ ᠶᠠᠪᠤᠳᠠᠯ ᠪᠠ ᠵᠠᠰᠠᠯᠲᠠ᠎ᠶᠢᠨ ᠬᠦᠴᠢᠷ ᠠᠰᠠᠭᠤᠳᠠᠯ᠎ᠢ ᠬᠠᠮᠲᠤ᠎ᠪᠠᠷ ᠰᠤᠳᠤᠯᠤᠨ ᠰᠢᠢᠳᠪᠤᠷᠢᠯᠡᠨ᠎ᠠ᠃
ᠴᠠᠬᠠᠷ ᠪᠠᠷᠠᠭᠤᠨ ᠭᠠᠷᠤᠨ ᠡᠮᠦᠨᠡᠲᠦ᠍ ᠬᠣᠰᠢᠭᠤᠨ᠎ᠤ ᠸᠠᠩ ᠵᠢᠩ ᠬᠦᠸᠸ ᠵᠢᠢ ᠰᠠᠭᠤᠭᠠᠯᠢ ᠠᠷᠠᠳ᠎ᠤᠨ ᠲᠣᠭᠣᠷᠢᠭ᠎ᠲᠤ᠌ ᠬᠦᠷᠬᠦ᠌᠎ᠳᠦ᠂ ᠥᠩᠭᠡᠷᠡᠭᠰᠡᠨ᠎ᠳᠦ ᠡᠮᠬᠢ ᠵᠠᠮᠪᠠᠷᠠᠭ᠎ᠠ ᠦᠭᠡᠢ ᠣᠪᠣᠭᠠᠷᠠᠵᠤ ᠪᠠᠶ᠋ᠢᠭᠰᠠᠨ ᠪᠠᠷᠢᠯᠭ᠎ᠠ᠎ᠶᠢᠨ ᠬᠣᠭ ᠨᠣᠪᠰᠢ ᠠᠯᠠᠭ᠎ᠠ ᠪᠤᠯᠵᠤ᠂ ᠠᠰᠠᠷ᠎ᠤᠨ ᠵᠠᠮ ᠴᠡᠪᠡᠷ ᠴᠡᠮᠴᠡᠭᠡᠷ᠂ ᠤᠯᠠᠨ ᠨᠡᠶ᠋ᠢᠲᠡ᠎ᠶᠢᠨ ᠲᠣᠭᠣᠷᠢᠭ ᠡᠮᠬᠢ ᠴᠡᠭᠴᠡ᠎ᠲᠡᠶ ᠬᠠᠷᠠᠭᠳᠠᠨ᠎ᠠ᠃ ᠡᠮᠦᠨᠡᠬᠡᠨ ᠡᠨᠳᠡ ᠬᠣᠭ ᠨᠣᠪᠰᠢ ᠬᠠ ᠶᠠ ᠦᠭᠡᠢ ᠣᠪᠣᠭᠠᠷᠠᠵᠤ ᠰᠠᠭᠤᠭᠠᠯᠢ ᠠᠷᠠᠳ᠎ᠢ ᠮᠠᠰᠢ ᠭᠠᠴᠢᠭᠳᠠᠭᠤᠯᠵᠤ ᠪᠠᠶ᠋ᠢᠪᠠ᠃ ᠨᠡᠶ᠋ᠢᠭᠡᠮ ᠲᠣᠭᠣᠷᠢᠭ᠎ᠠᠴᠠ ᠬᠡᠷᠡᠭ ᠵᠥᠪᠯᠡᠬᠦ᠌ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠣᠯᠠᠨ ᠲᠠᠯ᠎ᠠ᠎ᠶᠢᠨ ᠬᠢᠨ ᠰᠢᠢᠳᠪᠤᠷᠢᠯᠡᠬᠦ ᠲᠥᠰᠦᠯ ᠲᠣᠭᠲᠠᠭᠠᠵᠤ᠂ ᠬᠣᠲᠠ᠎ᠶᠢᠨ ᠬᠠᠮᠢᠶᠠᠷᠤᠯᠲᠠ᠎ᠶᠢᠨ ᠰᠠᠯᠠᠭ᠎ᠠ ᠮᠥᠴᠢᠷ ᠴᠠᠭ ᠲᠤᠬᠠᠶ᠎ᠳᠤᠨᠢ ᠲᠤᠬᠠᠶ᠎ᠶᠢᠨ ᠲᠠᠯᠠᠪᠤᠷ᠎ᠲᠤ᠌ ᠬᠦᠷᠴᠦ᠍ ᠬᠤᠭ ᠨᠤᠪᠰᠢ ᠵᠢ ᠴᠡᠪᠡᠷᠯᠡᠨ ᠠᠷᠢᠯᠭᠠᠵᠤ᠂ ᠤᠳᠠᠭᠠᠨ ᠡᠳᠦᠷ ᠳᠠᠷᠤᠭᠳᠠᠭᠰᠠᠨ ᠬᠦᠴᠢᠷ ᠠᠰᠠᠭᠤᠳᠠᠯ᠎ᠢ ᠨᠢᠭᠡ ᠡᠳᠦᠷᠲᠦ᠍ ᠰᠢ᠌ᠳᠪᠦᠷᠢᠯᠡᠪᠡ᠃
《ᠣᠳᠣ ᠤᠴᠢᠷ ᠶᠠᠪᠤᠳᠠᠯ ᠰᠢᠢᠳᠪᠤᠷᠢᠯᠡᠬᠦ ᠳ᠋ᠤ ᠲᠦᠷᠭᠡᠨ ᠪᠤᠯᠵᠠᠢ᠂ ᠠᠰᠠᠭᠤᠳᠠᠯ᠎ᠢ ᠤᠯᠠᠨ ᠤ᠋ ᠡᠮᠦᠨ᠎ᠠ ᠭᠠᠷᠭᠠᠨ ᠵᠦᠪᠳᠡᠵᠤ᠂ ᠤᠳᠠᠯ ᠦᠭᠡᠢ ᠰᠢᠢᠳᠪᠤᠷᠢᠯᠡᠴᠢᠭᠡᠳᠡᠭ᠂ ᠦᠨᠡᠬᠡᠷ ᠳᠥᠭᠥᠮ ᠲᠦᠳᠡ ᠪᠤᠯᠤᠭᠰᠠᠨ︾ᠭᠡᠵᠤ ᠣᠷᠴᠢᠨ ᠲᠣᠭᠣᠷᠢᠨ᠎ᠤ ᠶᠡᠬᠡ ᠬᠤᠪᠢᠷᠠᠯᠲᠠ᠎ᠶᠢ ᠦᠵᠡᠭᠡᠳ ᠸᠠᠩ ᠵᠢᠩ ᠬᠦᠸᠸ ᠵᠢᠢ ᠰᠠᠭᠤᠭᠠᠯᠢ ᠠᠷᠠᠳ᠎ᠤᠨ ᠲᠣᠭᠣᠷᠢᠭ᠎ᠤᠨ ᠰᠠᠭᠤᠭᠠᠯᠢ ᠠᠷᠠᠳ ᠯᠢ ᠷᠦᠩ ᠮᠠᠭᠲᠠᠨ ᠰᠠᠶ᠋ᠢᠰᠢᠶᠠᠨ᠎ᠠ᠃ ᠲᠣᠭᠲᠠᠭᠰᠠᠨ ᠬᠤᠭᠤᠴᠠᠭ᠎ᠠ᠎ᠲᠠᠶ ᠵᠥᠪᠳᠡᠯᠴᠡᠬᠦ᠌᠂ ᠲᠤᠬᠠᠶ᠎ᠶᠢᠨ ᠲᠠᠯᠠᠪᠤᠷ᠎ᠲᠤ᠌ ᠠᠵᠢᠯᠯᠠᠬᠤ᠎ᠪᠠᠷ ᠳᠠᠮᠵᠢᠨ ᠲᠣᠰ ᠬᠣᠲᠠ ᠨᠢ ᠤᠴᠢᠷ ᠶᠠᠪᠤᠳᠠᠯ᠎ᠢ ᠬᠠᠮᠲᠤ᠎ᠪᠠᠷ ᠵᠥᠪᠳᠡᠯᠴᠡᠬᠦ᠌᠂ ᠬᠦᠴᠢᠷ ᠠᠰᠠᠭᠤᠳᠠᠯ᠎ᠢ ᠬᠠᠮᠲᠤ᠎ᠪᠠᠷ ᠰᠢᠢᠳᠪᠤᠷᠢᠯᠡᠬᠦ ᠰᠢᠨ᠎ᠡ ᠪᠠᠶ᠋ᠢᠳᠠᠯ᠎ᠢ ᠪᠤᠢ ᠪᠣᠯᠭᠠᠪᠠ᠃ ᠣᠳᠣᠬᠠᠨ᠎ᠳᠤ 430 ᠭᠠᠷᠤᠶ ᠪᠡᠷᠬᠡ ᠠᠰᠠᠭᠤᠳᠠᠯ᠎ᠢ ᠰᠢᠢᠳᠪᠤᠷᠢᠯᠡᠵᠤ᠂ 《12345》 ᠬᠠᠯᠠᠮᠰᠢᠯ ᠤᠲᠠᠰᠤ᠎ᠶᠢᠨ ᠠᠳᠠᠯ ᠠᠬᠤᠶ᠎ᠶᠢᠨ ᠲᠥᠷᠥᠯ᠎ᠦᠨ ᠠᠵᠢᠯ᠎ᠢ ᠰᠢᠯᠵᠢᠭᠦᠯᠦᠨ ᠬᠦᠢᠴᠡᠳᠭᠡᠬᠦ ᠬᠠᠭᠤᠳᠠᠰᠤ ᠠᠳᠠᠯᠢ ᠬᠤᠭᠤᠴᠠᠭᠠᠨ᠎ᠤ᠎ᠬᠢ᠎ᠡᠴᠡ 34.96%᠎ᠪᠠᠷ ᠪᠠᠭᠤᠷᠠᠪᠠ᠃
ᠣᠯᠠᠨ ᠲᠦᠮᠡᠨ᠎ᠦ ᠬᠠᠮᠤᠭ᠎ᠠᠴᠠ ᠠᠩᠬᠠᠷᠴᠤ᠌ ᠪᠠᠶ᠋ᠢᠭ᠎ᠠ ᠠᠳᠠᠯ ᠠᠬᠤᠶ᠎ᠶᠢᠨ ᠵᠠᠷᠤᠳᠠᠯ᠎ᠤᠨ ᠣᠷᠣᠯᠭ᠎ᠠ ᠵᠠᠷᠤᠯᠭ᠎ᠠ᠂ ᠣᠯᠠᠨ ᠨᠡᠶ᠋ᠢᠲᠡ᠎ᠶᠢᠨ ᠠᠰᠢᠭ ᠣᠷᠣᠯᠭ᠎ᠠ᠎ᠶᠢ ᠬᠡᠷᠡᠭᠯᠡᠬᠦ᠌ ᠠᠰᠠᠭᠤᠳᠠᠯ᠎ᠳᠤ ᠴᠢᠭᠯᠡᠭᠦᠯᠦᠨ᠂ ᠲᠣᠰ ᠬᠣᠲᠠ᠎ᠶᠢᠨ 906 ᠰᠠᠭᠤᠭᠠᠯᠢ ᠠᠷᠠᠳ ᠤ᠋ᠨ ᠲᠣᠭᠣᠷᠢᠭ᠎ᠲᠤ᠌ ᠠᠳᠠᠯ ᠠᠬᠤᠶ᠎ᠶᠢᠨ ᠵᠤᠢᠯᠡᠰ᠎ᠢ 《ᠢᠯᠡ ᠨᠡᠶ᠋ᠢᠲᠡᠯᠡᠬᠦ᠌》 ᠵᠢ ᠪᠥᠬᠥ᠌ ᠲᠠᠯ᠎ᠠ᠎ᠪᠠᠷ ᠬᠡᠷᠡᠭᠵᠢᠭᠦᠯᠵᠦ᠍᠂ ᠲᠠᠩᠰᠠ ᠬᠠᠷ᠎ᠠ ᠨᠢᠭᠡᠪᠦᠷᠢ᠎ᠶᠢ ᠴᠥᠮ ᠢᠯᠡ ᠪᠣᠯᠭᠠᠪᠠ᠃ ᠰᠠᠭᠤᠭᠠᠯᠢ ᠠᠷᠠᠳ᠎ᠤᠨ ᠣᠯᠠᠨ ᠶᠠᠩᠵᠤ᠎ᠶᠢᠨ᠂ ᠥᠪᠡᠷᠮᠢᠴᠡ ᠬᠡᠷᠡᠭᠴᠡᠭᠡ ᠱᠠᠭᠠᠷᠳᠠᠯᠭ᠎ᠠ᠎ᠶᠢᠨ ᠲᠣᠭᠣᠷᠢᠨ᠎ᠳᠤ᠂ ᠲᠣᠰ ᠬᠣᠲᠠ᠎ᠶᠢᠨ 1023 ᠰᠠᠭᠤᠭᠠᠯᠢ ᠠᠷᠠᠳ ᠤ᠋ᠨ ᠲᠣᠭᠣᠷᠢᠭ 《ᠠᠳᠠᠯ ᠠᠬᠤᠶ᠎ᠶᠢᠨ ᠺᠣᠳ᠋᠎ᠢᠶᠠᠷ ᠬᠦᠢᠴᠡᠳᠭᠡᠬᠦ》 ᠠᠷᠠᠳ᠎ᠲᠤ᠌ ᠲᠥᠬᠥᠮ ᠦᠵᠡᠭᠦᠯᠬᠦ᠌ ᠲᠠᠪᠴᠠᠩ᠎ᠢ ᠰᠦᠯᠵᠢᠶᠡᠨ᠎ᠳᠦ ᠭᠠᠷᠭᠠᠵᠤ᠂ ᠠᠰᠠᠭᠤᠳᠠᠯ᠎ᠢ ᠴᠤᠭᠯᠠᠭᠤᠯᠬᠤ᠂ ᠠᠬᠢᠴᠠ᠎ᠶᠢ ᠠᠰᠠᠭᠤᠨ ᠯᠠᠪᠯᠠᠬᠤ ᠂ ᠦᠷ᠎ᠡ ᠳ᠋ᠦᠩ᠎ᠢ ᠬᠠᠷᠢᠭᠤ ᠲᠤᠰᠬᠠᠬᠤ᠎ᠶᠢ ᠨᠢᠭᠡ ᠯᠡ ᠺᠣᠳ᠋᠎ᠢᠶᠠᠷ ᠨᠡᠶ᠋ᠢᠳᠡᠮ ᠬᠦᠢᠴᠡᠳᠭᠡᠬᠦ᠎ᠶᠢ ᠪᠡᠶᠡᠯᠡᠭᠦᠯᠵᠠᠢ᠃
ᠣᠯᠠᠨ ᠲᠦᠮᠡᠨ᠎ᠦ ᠡᠳᠦᠷ ᠲᠤᠲᠤᠮ᠎ᠤᠨ ᠬᠦᠰᠡᠯ ᠱᠠᠭᠠᠷᠳᠠᠯᠭ᠎ᠠ᠎ᠶᠢ ᠰᠢᠢᠳᠪᠤᠷᠢᠯᠡᠬᠦ᠎ᠡᠴᠡ ᠭᠠᠳᠠᠨ᠎ᠠ᠂ ᠣᠯᠠᠨ ᠲᠦᠮᠡᠨ᠎ᠦ ᠲᠤᠰᠬᠠᠯ᠎ᠢᠶᠠᠷ ᠴᠢᠩᠭ᠎ᠠ᠂ ᠠᠳᠠᠯ ᠠᠬᠤᠶ᠎ᠶᠢᠨ ᠵᠠᠭᠤᠷᠠᠯᠳᠤᠭᠠᠨ ᠲᠣᠪᠣᠶ᠋ᠢᠮ᠎ᠠ ᠰᠠᠭᠤᠭᠠᠯᠢ ᠠᠷᠠᠳ ᠤ᠋ᠨ ᠲᠣᠭᠣᠷᠢᠭ᠎ᠲᠤ᠌ ᠨᠡᠶ᠋ᠢᠭᠡᠮ ᠲᠣᠭᠣᠷᠢᠭ᠎ᠤᠨ ᠨᠠᠮ᠎ᠤᠨ ᠵᠣᠬᠢᠶᠠᠨ ᠪᠠᠶ᠋ᠢᠭᠤᠯᠤᠯᠲᠠ᠎ᠠᠴᠠ ᠲᠦᠷᠦᠭᠦᠯᠡᠨ 《ᠢᠲᠡᠭᠡᠮᠵᠢ᠎ᠳᠤ ᠨᠠᠢᠳᠠᠯᠭ᠎ᠠ ᠵᠢᠨ ᠲᠦᠷᠢᠮ》 ᠤ᠋ᠨ ᠠᠳᠠᠯ ᠠᠬᠤᠶ᠎ᠶᠢᠨ ᠤᠢᠯᠡᠴᠢᠯᠡᠭᠡᠨᠦ ᠵᠠᠭᠪᠤᠷ᠎ᠢ ᠬᠡᠷᠡᠭᠵᠢᠭᠦᠯᠵᠦ᠍᠂ ᠠᠳᠠᠯ ᠠᠬᠤᠶ᠎ᠶᠢᠨ ᠰᠤᠢᠳᠭᠡᠯ ᠪᠠ ᠣᠯᠠᠨ ᠨᠡᠶ᠋ᠢᠲᠡ᠎ᠶᠢᠨ ᠠᠰᠢᠭ ᠣᠷᠣᠯᠭ᠎ᠠ᠎ᠶᠢ ᠥᠮᠴᠢᠲᠡᠨ᠎ᠦ ᠬᠠᠮᠲᠤ᠎ᠪᠠᠷ ᠬᠠᠮᠢᠶᠠᠷᠬᠤ ᠲᠤᠰᠬᠠᠶ ᠲᠠᠡᠭᠰᠠᠨᠳᠦ ᠬᠤᠪᠢᠶᠠᠷᠢᠯᠠᠨ ᠣᠷᠣᠭᠤᠯᠵᠤ᠂ ᠠᠳᠠᠯ ᠠᠬᠤᠶ᠎ᠶᠢᠨ ᠠᠵᠤ ᠠᠬᠤᠶ᠋ᠢᠯᠠᠯ᠎ᠨᠢ ᠤᠢᠯᠡᠴᠢᠯᠡᠭᠡᠨᠦ ᠪᠠᠶ᠋ᠢᠳᠠᠯ᠎ᠢᠶᠠᠨ ᠦᠨᠳᠦᠰᠦᠯᠡᠨ ᠬᠠᠷᠠᠮᠵᠢ ᠮᠥᠩᠭᠥ᠌ ᠭᠠᠷᠭᠠᠨ ᠠᠪᠴᠤ᠌᠂ ᠠᠳᠠᠯ ᠠᠬᠤᠶ᠎ᠶᠢᠨ ᠰᠤᠢᠳᠭᠡᠯ ᠬᠤᠷᠢᠶᠠᠬᠤ ᠪᠠ ᠬᠡᠷᠡᠭᠯᠡᠬᠦ᠌᠎ᠶᠢ ᠨᠠᠩ ᠢᠯᠡ ᠲᠣᠳᠣ ᠪᠣᠯᠭᠠᠬᠤ᠎ᠶᠢ ᠠᠬᠢᠭᠤᠯᠵᠠᠢ᠃
《ᠣᠷᠴᠢᠨ ᠲᠣᠭᠣᠷᠢᠨ ᠴᠡᠪᠡᠷᠰᠢᠵᠦ᠍᠂ ᠰᠦᠢᠳᠬᠡᠯ ᠬᠤᠷᠢᠶᠠᠬᠤ ᠨᠢ ᠢᠯᠡ ᠲᠣᠳᠣ ᠪᠤᠯᠵᠦ᠍᠂ ᠤᠴᠢᠷ ᠶᠠᠪᠤᠳᠠᠯ ᠰᠢ᠌ᠳᠪᠦᠷᠢᠯᠡᠬᠦ᠌ ᠬᠤᠷᠳᠤᠴᠠ ᠲᠦᠷᠭᠡᠳᠴᠦ᠍᠂ ᠰᠠᠭᠤᠭᠠᠯᠢ ᠠᠷᠠᠳ᠎ᠤᠨ ᠲᠣᠭᠣᠷᠢᠭ᠎ᠲᠤ᠌ ᠰᠠᠭᠤᠬᠤ ᠳ᠋ᠤ ᠤᠯᠠᠮ᠎ᠠᠴᠠ ᠤᠯᠠᠮ ᠰᠠᠨᠠᠭ᠎ᠠ ᠠᠮᠤᠷ᠂ ᠲᠠᠭᠠᠯᠠᠮᠵᠢᠲᠠᠢ ᠪᠤᠯᠵᠦ᠍ ᠪᠠᠶ᠋ᠢᠨ᠎ᠠ︾ᠬᠡᠵᠤ ᠵᠢᠨᠢᠩ ᠲᠣᠭᠣᠷᠢᠭ᠎ᠤᠨ ᠱᠧᠩ ᠱ᠌ᠢ ᠰᠢᠨ ᠴᠸᠡᠭ ᠰᠠᠭᠤᠭᠠᠯᠢ ᠠᠷᠠᠳ ᠤ᠋ᠨ ᠲᠤᠭᠤᠷᠢᠭ ᠤ᠋ᠨ ᠰᠠᠭᠤᠭᠠᠯᠢ ᠠᠷᠠᠳ ᠭᠤᠤ ᠵᠢᠶᠠᠨ ᠯᠢ ᠤᠯᠠᠨ ᠰᠠᠭᠤᠭᠠᠯᠢ ᠠᠷᠠᠳ ᠤ᠋ᠨ ᠰᠡᠳᠬᠢᠯ᠎ᠦᠨ ᠦᠭᠡ᠎ᠶᠢ ᠶᠠᠷᠢᠨ᠎ᠠ᠃
ᠵᠠᠰᠠᠭ ᠤ᠋ᠨ ᠠᠵᠢᠯ ᠤ᠋ᠨ ᠪᠦᠲᠦᠮᠵᠢ ᠵᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ᠎ᠶᠢ ᠲᠠᠭᠠᠯᠳᠤᠨ᠂ ᠣᠷᠣᠰᠢᠨ ᠰᠠᠭᠤᠬᠤ᠎ᠳᠤ ᠲᠣᠬᠢᠷᠠᠮᠵᠢᠲᠠᠢ ᠣᠷᠴᠢᠨ ᠲᠣᠭᠣᠷᠢᠨ᠂ ᠴᠢᠨᠠᠷ ᠰᠠᠶ᠋ᠢᠲᠠᠢ ᠦᠢᠯᠡᠴᠢᠯᠡᠭᠡ᠎ᠳᠦ ᠬᠣᠯᠪᠣᠭᠳᠠᠬᠤ ᠲᠡᠳᠡᠭᠡᠷ ᠤᠯᠠᠨ ᠤ᠋ 《ᠰᠡᠳᠬᠢᠯ ᠢ᠋ ᠵᠤᠪᠠᠭᠠᠵᠤ ᠪᠠᠢᠭᠰᠠᠨ ᠶᠠᠪᠤᠳᠠᠯ》 ᠨᠢ ᠶᠠᠭ ᠨᠢᠭᠡᠳ ᠨᠢᠭᠡ ᠪᠡᠷ ᠤᠯᠠᠨ᠎ᠦ 《ᠰᠠᠨᠠᠭ᠎ᠠ ᠵᠢ ᠳᠠᠢᠪᠤᠰᠢᠷᠠᠭᠤᠯᠬᠤ ᠶᠠᠪᠤᠳᠠᠯ》 ᠪᠤᠯᠵᠤ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃