ᠭᠣᠣᠯ ᠰᠡᠳᠦᠪᠲᠦ ᠮᠡᠳᠡᠭᠡᠯᠡᠯ > ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠣᠬᠠᠢ ᠵᠥᠪ ᠦᠵᠡᠯᠲᠡ

2026-08-16 11:35:44

ᠵᠣᠬᠢᠶᠠᠭ᠍ᠴᠢ᠄ ᠰᠢᠤᠸᠠᠢ ᠯᠠᠢ ᠣᠩᠱᠢᠭ᠍ᠰᠠᠨ ᠣᠳᠠᠭ᠎ᠠ᠄ 3

《ᠬᠠᠭᠠᠰ ᠨᠠᠰᠤ᠎ᠪᠠᠷ᠎ᠢᠶᠠᠨ ᠰᠢᠪᠠᠷ ᠪᠠᠢᠰᠢᠩ᠎ᠳᠤ ᠠᠮᠢᠳᠤᠷᠠᠭᠠᠳ ᠡᠢᠮᠦ ᠰᠠᠢᠬᠠᠨ ᠰᠢᠨ᠎ᠡ ᠭᠡᠷ ᠲᠸ᠋ ᠰᠠᠭᠤᠬᠤ ᠵᠢ ᠶᠡᠷᠦ ᠪᠤᠳᠤᠵᠤ ᠣᠯᠣᠭᠰᠠᠨ ᠦᠭᠡᠢ》 ᠭᠡᠵᠦ ᠪᠠᠶᠠᠨᠨᠠᠭᠤᠷ ᠬᠤᠳᠠ᠎ᠶᠢᠨ ᠦᠶᠤᠸᠠᠨ ᠰᠢᠶᠠᠨ᠎ᠤ ᠰᠢᠨ ᠭᠦᠩ ᠵᠦᠩ ᠪᠠᠯᠭᠠᠰᠤ᠎ᠶᠢᠨ ᠾᠧ ᠹᠸᠩ ᠲᠣᠰᠬᠣᠨ᠎ᠤ ᠠᠷᠠᠳ ᡂᠢ ᠰᠠᠨ ᠱᠦᠢ ᠪᠠᠶᠠᠷᠳᠠᠢᠬᠠᠨ ᠬᠡᠯᠡᠨ᠎ᠡ᠃

ᡂᠢ ᠰᠠᠨ ᠱᠦᠢ᠎ᠶᠢᠨ ᠰᠢᠨ᠎ᠡ ᠭᠡᠷ᠎ᠲᠦ ᠬᠦᠷᠬᠦ᠎ᠳᠤ᠂ ᠭᠠᠳᠠᠨ᠎ᠠ ᠲᠤᠳᠤᠨ᠎ᠠ ᠪᠠᠨ ᠬᠢᠯᠠ ᠴᠢᠯᠠ᠃ 《ᠤᠤᠯ᠎ᠤᠨ ᠬᠠᠭᠤᠴᠢᠨ ᠭᠡᠷ ᠪᠠᠢᠰᠢᠩ᠎ᠢ ᠤᠳᠠᠭᠠᠨ ᠵᠢᠯ ᠵᠠᠰᠠᠭᠰᠠᠨ ᠦᠭᠡᠢ ᠡᠴᠨ ᠬᠡᠷᠡᠮ᠎ᠦᠨ ᠣᠯᠠᠨ ᠬᠡᠰᠡᠭ ᠨᠢ ᠠᠩ ᠭᠠᠷᠴᠤ᠂ D ᠲᠠᠰ᠎ᠤᠨ ᠨᠤᠷᠠᠬᠤ ᠠᠶᠤᠯ ᠲᠠᠢ ᠭᠡᠷ ᠪᠠᠢᠰᠢᠩ᠎ᠢᠶᠠᠷ ᠬᠢᠨᠠᠨ ᠲᠣᠭᠲᠠᠭᠠᠭᠳᠠᠪᠠ᠃ ᠪᠣᠷᠣᠭᠠᠨ᠎ᠤ ᠤᠯᠠᠷᠢᠯ ᠪᠣᠯᠣᠭᠰᠠᠭᠠᠷ ᠭᠠᠳᠠᠨ᠎ᠠ ᠶᠡᠬᠡ ᠪᠣᠷᠣᠭᠠᠨ ᠣᠷᠣᠨ᠎ᠠ᠂ ᠭᠡᠷ ᠳᠣᠲᠣᠷ᠎ᠠ ᠪᠠᠭ᠎ᠠ ᠪᠣᠷᠣᠭᠠᠨ ᠣᠷᠣᠨ᠎ᠠ᠂ ᠭᠦᠭᠰᠢᠨ ᠪᠢᠳᠡ ᠬᠣᠶᠠᠭᠤᠯᠠ ᠰᠦᠨᠢᠵᠢᠨ ᠰᠡᠳᠬᠢᠯ ᠠᠮᠤᠷ ᠤᠨᠲᠠᠵᠤ ᠴᠢᠳᠠᠬᠤ ᠦᠭᠡᠢ》᠃ ᡂᠢ ᠰᠠᠨ ᠱᠦᠢ᠄ 《ᠤᠳᠤ ᠵᠢᠨ ᠰᠢᠨ᠎ᠡ ᠭᠡᠷ 56 ᠲᠡᠭᠰᠢ ᠳᠥᠷᠪᠡᠯᠵᠢᠨ ᠮᠧᠲᠷ ᠪᠠᠢᠵᠤ᠂ ᠪᠦᠷᠢᠨ ᠲᠦᠭᠦᠷ ᠰᠠᠭᠤᠷᠢ ᠲᠥᠬᠦᠭᠡᠷᠦᠮᠵᠢ ᠲᠠᠢ᠂ ᠪᠠᠯᠭᠠᠰᠤ ᠲᠣᠰᠬᠣᠨ᠎ᠤ ᠠᠵᠢᠯᠲᠠᠳ ᠦᠷᠭᠦᠯᠵᠢ ᠪᠢᠳᠡᠨ᠎ᠢ ᠡᠷᠬᠢᠨ ᠦᠵᠡᠵᠦ᠂ ᠬᠦᠴᠢᠷᠳᠡᠯ ᠲᠤᠯᠭᠠᠷᠠᠪᠠᠯ ᠴᠠᠭ ᠲᠤᠬᠠᠢ ᠳ᠋ᠤᠨᠢ ᠬᠠᠪᠰᠤᠷᠤᠨ ᠰᠢᠢᠳᠪᠦᠷᠢᠯᠡᠵᠦ ᠥᠭᠲᠡᠭᠭᠡᠵᠦ ᠪᠠᠢᠯ᠎ᠠ᠃

ᠡᠨᠡ ᠵᠢᠯ᠂ ᠪᠠᠶᠠᠨᠨᠠᠭᠤᠷ ᠬᠣᠲᠠ᠎ᠶᠢᠨ ᠦᠶᠤᠸᠠᠨ ᠰᠢᠶᠠᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠢᠲᠤᠷ ᠬᠢᠬᠦ᠎ᠶᠢ ᠵᠠᠰᠠᠭ ᠤ᠋ᠨ ᠠᠵᠢᠯ᠎ᠤᠨ ᠪᠦᠳᠦᠮᠵᠢ ᠵᠢᠨ ᠵᠦᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠭᠠᠷᠳᠠᠴᠠ ᠪᠣᠯᠭᠠᠬᠤ᠎ᠶᠢ ᠪᠠᠷᠢᠮᠲᠠᠯᠠᠵᠤ᠂ ᠬᠥᠳᠡᠭᠡ ᠲᠣᠰᠬᠣᠨ᠎ᠤ ᠨᠤᠷᠠᠬᠤ ᠠᠶᠤᠯ ᠲᠠᠢ ᠭᠡᠷ ᠪᠠᠢᠰᠢᠩ᠎ᠢ ᠥᠭᠡᠷᠡᠴᠢᠯᠡᠨ ᠰᠢᠨᠡᠳᠬᠡᠬᠦ ᠡᠨᠡ ᠬᠦ᠌ ᠠᠷᠠᠳ᠎ᠤᠨ ᠠᠮᠢᠳᠤᠷᠠᠯ᠎ᠤᠨ ᠭᠣᠣᠯᠯᠠᠬᠤ ᠢᠨᠵᠧᠨᠧᠷᠢᠩ᠎ᠢ ᠴᠢᠩᠭ᠎ᠠ ᠪᠣᠳᠠᠲᠠᠢ ᠠᠳᠬᠤᠵᠤ᠂ ᠬᠥᠳᠡᠭᠡ ᠲᠣᠰᠬᠣᠨ᠎ᠤ 《ᠵᠢᠷᠭᠤᠭᠠᠨ ᠲᠥᠷᠥᠯ᠎ᠦᠨ ᠬᠥᠮᠥᠰ》 ᠵᠢᠴᠢ ᠡᠩ᠎ᠦᠨ ᠲᠠᠷᠢᠶᠠᠴᠢᠨ ᠡᠷᠦᠬᠡ᠎ᠶᠢᠨ ᠴᠣᠷ᠎ᠤᠨ ᠭᠠᠭᠴᠠ ᠣᠷᠣᠨ ᠰᠠᠭᠤᠴᠠ᠎ᠶᠢᠨ ᠠᠮᠤᠷ ᠲᠦᠪᠰᠢᠨ᠎ᠦ ᠪᠠᠲᠤᠯᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂《ᠵᠠᠰᠠᠭ᠎ᠤᠨ ᠣᠷᠳᠣᠨ᠎ᠢᠶᠠᠷ ᠭᠣᠣᠯᠯᠠᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠣᠨᠣᠴᠠᠲᠠᠢ᠎ᠪᠠᠷ ᠢᠯᠭᠠᠨ ᠲᠠᠨᠢᠬᠤ᠂ ᠥᠭᠡᠷᠡᠴᠢᠯᠡᠨ ᠰᠠᠢᠵᠢᠷᠠᠭᠤᠯᠪᠠᠰᠤ ᠵᠣᠬᠢᠬᠤ᠎ᠶᠢ ᠨᠢ ᠪᠦᠬᠦᠨ᠎ᠢ ᠥᠭᠡᠷᠡᠴᠢᠯᠡᠨ ᠰᠠᠢᠵᠢᠷᠠᠭᠤᠯᠬᠤ》 ᠵᠢ ᠪᠠᠷᠢᠮᠲᠠᠯᠠᠵᠤ᠂ ᠰᠡᠯᠪᠢᠨ ᠵᠠᠰᠠᠵᠤ ᠪᠡᠬᠢᠵᠢᠭᠦᠯᠬᠦ᠂ ᠨᠤᠷᠠᠭᠠᠵᠤ ᠳᠠᠬᠢᠨ ᠪᠦᠲᠦᠭᠡᠨ ᠪᠠᠶ᠋ᠢᠭᠤᠯᠬᠤ ᠵᠡᠷᠭᠡ ᠠᠷᠭ᠎ᠠ ᠮᠠᠶᠢᠭ᠋᠎ᠢ ᠶᠡᠷᠦᠩᠬᠡᠢᠯᠡᠨ ᠠᠪᠴᠤ᠂ ᠥᠭᠡᠷᠡᠴᠢᠯᠡᠨ ᠰᠢᠨᠡᠳᠭᠡᠭᠦ ᠠᠵᠢᠯ᠎ᠢ ᠪᠥᠬᠥ ᠬᠦᠴᠦᠨ᠎ᠢᠶᠡᠷ ᠵᠢᠡᠨ ᠠᠬᠢᠭᠤᠯᠵᠦ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ᠋ ᠦᠨᠡᠨ ᠎ᠬᠦ ᠪᠤᠳᠠᠳᠠᠢᠵᠢᠭᠤᠯᠪᠠ᠃ ᠣᠳᠣᠬᠠᠨ ᠪᠣᠯᠲᠠᠯ᠎ᠠ᠂ ᠪᠦᠬᠦ ᠰᠢᠶᠠᠨ ᠤ᠋ ᠳᠡᠭᠡᠷ᠎ᠡ ᠱᠠᠲᠤᠨ᠎ᠤ ᠨᠤᠷᠠᠬᠤ ᠠᠶᠤᠯ ᠲᠠᠢ ᠭᠡᠷ ᠪᠠᠢᠰᠢᠩ᠎ᠢ ᠥᠭᠡᠷᠡᠴᠢᠯᠡᠬᠦ ᠡᠭᠦᠷᠭᠡ᠎ᠳᠦ ᠣᠷᠣᠭᠤᠯᠤᠬᠰᠠᠨ 197 ᠡᠷᠦᠬᠡ ᠵᠢᠨ 98 ᠡᠷᠦᠬᠡ᠎ᠨᠢ ᠨᠢᠭᠡᠨᠲᠡ ᠪᠠᠷᠢᠯᠭ᠎ᠠ ᠳᠠᠭᠤᠰᠴᠦ᠂ 99 ᠡᠷᠦᠬᠡ᠎ᠶᠢ ᠪᠠᠢᠭᠤᠯᠵᠤ ᠪᠠᠢᠨ᠎ᠠ; ᠰᠢᠶᠠᠨ᠎ᠤ ᠲᠤᠰ ᠱᠠᠲᠤᠨ᠎ᠤ ᠬᠥᠳᠡᠭᠡ ᠲᠣᠰᠬᠣᠨ᠎ᠤ ᠨᠤᠷᠠᠬᠤ ᠠᠶᠤᠯ ᠲᠠᠢ ᠭᠡᠷ ᠪᠠᠢᠰᠢᠩ᠎ᠢ ᠥᠭᠡᠷᠡᠴᠢᠯᠡᠬᠦ ᠲᠥᠯᠥᠪᠯᠡᠭᠡ᠎ᠳᠦ 384 ᠡᠷᠤᠭᠡ᠎ᠶᠢ ᠬᠡᠷᠡᠭᠵᠢᠭᠦᠯᠵᠦ᠂ 375 ᠡᠷᠤᠭᠡ᠎ᠶᠢ ᠠᠵᠢᠯ ᠡᠬᠢᠯᠡᠭᠦᠯᠵᠦ᠂ ᠤᠯᠠᠨ ᠲᠦᠮᠡᠨ᠎ᠦ ᠣᠷᠣᠨ ᠰᠠᠭᠤᠴᠠ᠎ᠶᠢᠨ ᠠᠮᠤᠷ ᠲᠦᠪᠰᠢᠨ᠎ᠳᠦ ᠬᠣᠯᠪᠣᠭᠳᠠᠭᠰᠠᠨ ᠨᠢᠭᠡᠨ ᠤᠳᠠᠭᠠᠨ᠎ᠤ ᠪᠤᠭᠤᠮᠳᠠ ᠰᠢᠪᠳᠤᠯᠬᠤ ᠲᠠᠢᠯᠠᠯᠳᠤᠭᠠᠨ ᠢᠳᠡ ᠬᠦᠭ ᠲᠠᠢ ᠶᠠᠪᠤᠭᠳᠠᠵᠤ ᠪᠠᠢᠨ᠎ᠠ᠃

ᠤ᠋ᠤᠢ ᠰᠠᠨ ᠱᠦᠢ᠎ᠲᠠᠢ ᠠᠳᠠᠯᠢ ᠦᠭᠡᠢ ᠨᠢ ᠯᠦᠩ ᠰᠢᠩ ᠴᠠᠩ ᠪᠠᠯᠭᠠᠰᠤᠨ᠎ᠤ ᠰᠢᠶᠠᠨ ᠹᠧᠩ ᠲᠣᠰᠬᠣᠨ᠎ᠤ ᠠᠷᠠᠳ ᠱᠢ ᠳ᠋ᠦᠩ ᠮᠧᠶ᠎ᠶᠢᠨ ᠭᠡᠷ ᠪᠣᠯ C ᠲᠠᠰ᠎ᠤᠨ ᠨᠤᠷᠠᠬᠤ ᠠᠶᠤᠯ ᠲᠠᠢ ᠭᠡᠷ ᠪᠠᠢᠰᠢᠩ ᠪᠣᠯᠣᠨ᠎ᠠ᠃ 《ᠦᠶᠤᠸᠠᠨ ᠰᠢᠶᠠᠨ᠎ᠤ ᠨᠤᠷᠠᠬᠤ ᠠᠶᠤᠯ ᠲᠠᠢ ᠭᠡᠷ ᠪᠠᠢᠰᠢᠩ᠎ᠢ ᠲᠥᠷᠥᠯ ᠬᠤᠪᠢᠶᠠᠨ ᠥᠭᠡᠷᠡᠴᠢᠯᠡᠨ ᠵᠠᠰᠠᠬᠤ ᠠᠷᠭ᠎ᠠ ᠬᠡᠮᠵᠢᠶ᠎ᠡ᠎ᠶᠢᠨ ᠤᠳᠤᠷᠢᠳᠤᠮᠵᠢ᠎ᠶᠢᠨ ᠳᠦᠷᠢᠮ》 ᠶᠣᠰᠣᠭᠠᠷ᠂ C ᠲᠠᠰ᠎ᠤᠨ ᠨᠤᠷᠠᠬᠤ ᠠᠶᠤᠯ ᠲᠠᠢ ᠭᠡᠷ ᠪᠠᠢᠰᠢᠩ᠎ᠳᠤ 《ᠵᠠᠰᠠᠭ᠎ᠤᠨ ᠣᠷᠳᠣᠨ᠎ᠤ ᠨᠥᠬᠥᠪᠦᠷᠢ + ᠲᠠᠷᠢᠶᠠᠴᠢᠨ ᠡᠷᠦᠬᠡ ᠥᠪᠡᠰᠦᠪᠡᠨ ᠴᠤᠭᠯᠠᠭᠤᠯᠬᠤ》 ᠵᠠᠭᠪᠤᠷ᠎ᠢ ᠠᠪᠴᠤ᠂ ᠬᠤᠵᠢᠷᠯᠢᠭ᠋ ᠭᠠᠵᠠᠷ᠎ᠤᠨ ᠢᠳᠡᠭᠳᠡᠯ᠂ ᠰᠠᠭᠤᠷᠢ ᠨᠢ ᠳᠣᠷᠣᠭ᠍ᠰᠢ ᠰᠠᠭᠤᠬᠰᠠᠨ᠂ ᠬᠡᠷᠡᠮ ᠬᠠᠨ᠎ᠠ ᠨᠢ ᠠᠩ ᠵᠠᠪᠰᠠᠷ ᠭᠠᠷᠤᠬᠰᠠᠨ ᠵᠡᠷᠭᠡ ᠠᠮᠤᠷ ᠲᠦᠪᠰᠢᠨ᠎ᠦ ᠬᠡᠮ ᠰᠤᠭᠤᠭ᠎ᠢ ᠭᠣᠣᠯᠳᠠᠯᠭ᠎ᠠ᠎ᠲᠠᠢ ᠴᠡᠭᠴᠡᠯᠡᠨ ᠵᠠᠰᠠᠪᠠ᠃

《ᠶᠡᠬᠡ ᠰᠠᠯᠬᠢ ᠰᠠᠯᠬᠢᠯᠠᠵᠤ ᠰᠢᠷᠦᠬᠦᠨ ᠪᠣᠷᠣᠭᠠᠨ ᠣᠷᠣᠬᠤ ᠪᠤᠯ ᠮᠢᠨᠤ ᠬᠠᠮᠤᠭ᠎ᠠᠴᠠ ᠰᠠᠨᠠᠭ᠎ᠠ ᠵᠤᠪᠠᠳᠠᠭ ᠴᠠᠭ ᠠᠭᠤᠷ ᠮᠦᠨ》 ᠭᠡᠵᠦ ᠱᠢ ᠳ᠋ᠦᠩ ᠮᠧᠶ ᠬᠡᠯᠡᠨ᠎ᠡ᠃ ᠡᠨᠡ ᠵᠢᠯ᠎ᠦᠨ ᠡᠬᠢ᠎ᠪᠡᠷ᠂ ᠪᠠᠷᠢᠯᠭ᠎ᠠ᠎ᠶᠢᠨ ᠠᠩᠭᠢ ᠵᠢᠨ ᠬᠢᠨ ᠲᠡᠭᠦᠨ᠎ᠦ ᠭᠡᠷ᠎ᠲᠦ ᠣᠷᠣᠵᠤ ᠰᠠᠭᠤᠨ᠂ ᠬᠡᠷᠡᠮ᠎ᠢ ᠨᠢ ᠰᠠᠯᠪᠢᠨ ᠵᠠᠰᠠᠵᠤ᠂ ᠬᠠᠭᠤᠴᠢᠷᠠᠵᠤ ᠡᠪᠳᠡᠷᠡᠭᠰᠡᠨ ᠡᠭᠦᠳᠡ ᠴᠣᠩᠬᠣ᠌᠎ᠶᠢ ᠨᠢ ᠰᠣᠯᠢᠵᠤ᠂ ᠭᠡᠷ᠎ᠪᠠᠢᠰᠢᠡᠭ ᠤ᠋ᠨ ᠰᠠᠭᠤᠷᠢ᠎ᠶᠢ ᠨᠢ ᠪᠡᠬᠢᠵᠢᠭᠦᠯᠪᠡ᠃ ᠥᠭᠡᠷᠡᠴᠢᠯᠡᠨ ᠪᠠᠶ᠋ᠢᠭᠤᠯᠬᠤ ᠶᠠᠪᠤᠴᠠ᠎ᠳᠤ᠂ ᠱᠢ ᠳ᠋ᠦᠩ ᠮᠧᠢ ᠪᠠᠰᠠ ᠬᠥᠳᠡᠯᠮᠦᠷᠢ ᠬᠦᠴᠦ ᠣᠷᠣᠭᠤᠯᠬᠤ ᠠᠵᠢᠯ᠎ᠳᠤ ᠢᠳᠡᠪᠬᠢᠲᠡᠢ ᠣᠷᠣᠯᠴᠠᠵᠠᠢ᠃

《ᠨᠠᠮ ᠪᠠ ᠵᠠᠰᠠᠭ᠎ᠤᠨ ᠣᠷᠳᠣᠨ᠎ᠤ ᠰᠠᠢᠨ ᠲᠦᠷᠦ᠎ᠶᠢᠨ ᠪᠣᠳᠣᠯᠭ᠎ᠠ᠎ᠳᠤ ᠲᠠᠯᠠᠷᠬᠠᠵᠤ ᠪᠠᠢᠨ᠎ᠠ᠂ ᠤᠳᠤ ᠰᠢᠨ᠎ᠡ ᠭᠡᠷ᠎ᠦᠨ ᠴᠣᠩᠬᠣ᠌ ᠨᠢ ᠭᠡᠭᠡᠨ ᠰᠠᠷᠠᠭᠤᠯ᠂ ᠲᠤᠰᠠᠭᠠᠷ ᠲᠣᠭᠣᠭᠠᠨ ᠭᠡᠷ ᠪᠠ ᠵᠣᠷᠯᠣᠩ ᠪᠠᠢᠬᠤ ᠪᠦᠬᠡᠳ ᠳᠤᠯᠠᠭᠠᠯᠠᠮᠵᠢ ᠨᠢ ᠴᠦ᠍ ᠮᠠᠰᠢ ᠬᠠᠯᠠᠭᠤᠨ ᠪᠤᠯᠪᠠ᠂ ᠪᠢᠳᠡ ᠡᠨᠳᠡ ᠰᠠᠭᠤᠭᠠᠳ ᠬᠡᠴᠢᠨᠠᠨ ᠲᠠᠭᠠᠯᠠᠮᠵᠢᠲᠠᠢ ᠪᠤᠯᠤᠭᠰᠠᠨ᠎ᠢ ᠮᠠᠲᠠᠬᠦ ᠦᠬᠡᠢ !》 ᠭᠡᠵᠦ ᠱᠢ ᠳ᠋ᠦᠩ ᠮᠧᠶ ᠪᠠᠶᠠᠷᠲᠠᠢ ᠬᠡᠯᠡᠨ᠎ᠡ᠃ 《ᠨᠢᠭᠡ ᠡᠷᠦᠬᠡ᠂ ᠨᠢᠬᠡ ᠬᠦᠮᠤᠨ᠎ᠢ ᠴᠦ᠍ ᠣᠷᠬᠢᠭ᠍ᠳᠠᠭᠤᠯᠬᠤ ᠦᠭᠡᠢ》 ᠵᠢ ᠦᠨᠡᠨ ᠬᠦ᠌ ᠪᠠᠲᠤᠯᠠᠬᠤ᠎ᠶᠢᠨ ᠲᠦᠯᠤᠬᠡ᠂ ᠦᠶᠤᠸᠠᠨ ᠰᠢᠶᠠᠨ᠎ᠤ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠣᠪᠴᠢᠶ᠎ᠠ 《ᠨᠢᠭᠡ ᠡᠷᠦᠬᠡ᠎ᠳᠦ ᠨᠢᠭᠡ ᠳᠠᠩᠰᠠ ᠡᠪᠬᠡᠮᠡᠯ᠎ᠲᠠᠢ ᠪᠠᠢᠬᠤ》 ᠬᠠᠮᠢᠶᠠᠷᠤᠯᠲᠠ᠎ᠶᠢᠨ ᠡᠬᠡ ᠳᠠᠩᠰᠠ ᠪᠠᠢᠭᠤᠯᠵᠠᠢ᠃ ᠲᠦᠷ ᠴᠠᠭ ᠰᠢᠨᠡᠳᠬᠡᠨ ᠵᠠᠰᠠᠬᠤ ᠰᠠᠨᠠᠭ᠎ᠠ ᠦᠭᠡᠢ ᠵᠢᠴᠢ ᠰᠤᠯᠠ ᠲᠠᠯᠪᠢᠬᠳᠠᠵᠤ ᠪᠠᠢᠭ᠎ᠠ ᠨᠤᠷᠠᠬᠤ ᠠᠶᠤᠯ ᠲᠠᠢ ᠭᠡᠷ ᠪᠠᠢᠰᠢᠩ᠎ᠳᠤ ᠰᠡᠷᠡᠮᠵᠢ᠎ᠶᠢᠨ ᠲᠡᠮᠳᠡᠭ ᠡᠯᠭᠦᠬᠦ᠂ ᠠᠮᠤᠷ ᠲᠦᠪᠰᠢᠨ᠎ᠦ ᠮᠡᠳᠡᠭᠳᠡᠯ ᠤ᠋ᠨ ᠪᠢᠴᠢᠭ ᠪᠠᠭᠤᠯᠭᠠᠬᠤ ᠵᠡᠷᠭᠡ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ᠎ᠶᠢ ᠪᠥᠬᠥ ᠲᠠᠯ᠎ᠠ᠎ᠪᠠᠷ ᠬᠡᠷᠡᠭᠵᠢᠬᠦᠯᠵᠤ᠂ ᠨᠤᠷᠠᠬᠤ ᠠᠶᠤᠯ ᠲᠠᠢ ᠭᠡᠷ ᠪᠠᠢᠰᠢᠩ᠎ᠳᠤ ᠬᠥᠮᠥᠨ ᠰᠠᠭᠤᠬᠤ᠎ᠶᠢ ᠡᠷᠡᠰ ᠬᠣᠷᠢᠭ᠍ᠯᠠᠬᠤ᠎ᠶᠢᠨ ᠬᠠᠮᠲᠤ᠂ ᠲᠡᠳᠡᠨ᠎ᠢ ᠵᠣᠷᠢᠭ᠍ᠵᠢᠭᠤᠯᠵᠤ ᠪᠠᠢᠭᠠᠳ ᠭᠡᠷ ᠲᠦᠷᠢᠶᠡᠰᠦᠯᠡᠨ ᠭᠡᠷ ᠪᠠᠢᠰᠢᠩ ᠵᠢᠭᠡᠯᠡᠬᠦ᠂ ᠲᠥᠷᠥᠯ ᠰᠠᠳᠤᠨ ᠨᠠᠢᠵᠠ ᠨᠥᠬᠥᠳ᠎ᠢᠶᠡᠨ ᠲᠦᠰᠢᠬᠦ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠨ ᠣᠷᠣᠨ ᠰᠠᠭᠤᠴᠠ᠎ᠶᠢᠨ ᠠᠰᠠᠭᠤᠳᠠᠯ᠎ᠢ ᠰᠢᠢᠳᠪᠦᠷᠢᠯᠡᠬᠦ ᠶ᠋ᠢ ᠵᠤᠷᠢᠡᠡᠵᠢᠭᠤᠯᠪᠠ᠃ ᠪᠠᠷᠢᠯᠭ᠎ᠠ᠎ᠶᠢᠨ ᠠᠬᠢᠴᠠ ᠤᠷᠤᠭᠰᠢᠲᠠᠢ ᠪᠠᠢᠬᠤ᠎ᠶᠢ ᠦᠨᠡᠨ ᠬᠦ᠌ ᠪᠠᠲᠤᠯᠠᠬᠤ᠎ᠶᠢᠨ ᠲᠥᠯᠥᠭᠡ᠂ ᠦᠶᠤᠸᠠᠨ ᠰᠢᠶᠠᠨ ᠳᠡᠭᠡᠷ᠎ᠡ ᠱᠠᠲᠤᠨ᠎ᠤ ᠬᠥᠳᠡᠭᠡ ᠲᠣᠰᠬᠣᠨ᠎ᠤ ᠨᠤᠷᠠᠬᠤ ᠠᠶᠤᠯ ᠲᠠᠢ ᠭᠡᠷ ᠪᠠᠢᠰᠢᠩ᠎ᠢ ᠥᠭᠡᠷᠡᠴᠢᠯᠡᠨ ᠰᠢᠨᠡᠳᠬᠡᠬᠦ ᠨᠥᠬᠥᠪᠦᠷᠢ ᠪᠡᠯᠡ ᠮᠥᠩᠭᠥ᠎ᠶᠢ ᠳᠡᠮᠡᠴᠡᠨ ᠣᠯᠬᠤ᠎ᠶᠢᠨ ᠬᠠᠮᠲᠤ ᠰᠢᠶᠠᠨ᠎ᠤ ᠱᠠᠲᠤᠨ᠎ᠤ ᠡᠳ᠋᠎ᠦᠨ ᠵᠠᠰᠠᠭ᠎ᠤᠨ ᠪᠡᠯᠡ ᠮᠥᠩᠭᠥ᠎ᠶᠢ ᠢᠵᠢ ᠪᠦᠷᠢᠳᠦᠭᠦᠯᠵᠠᠢ᠃ 2026 ᠣᠨ᠎ᠳᠤ᠂ ᠰᠢᠶᠠᠨ᠎ᠤ ᠱᠠᠲᠤᠨ᠎ᠤ ᠡᠳ᠋᠎ᠦᠨ ᠵᠠᠰᠠᠭ᠎ᠠᠴᠠ 222.25 ᠲᠦᠮᠡᠨ ᠲᠥᠭᠥᠷᠢᠭ᠎ᠦᠨ ᠪᠡᠯᠡ ᠣᠷᠣᠭᠤᠯᠵᠤ ᠨᠤᠷᠠᠬᠤ ᠠᠶᠤᠯ ᠲᠠᠢ ᠭᠡᠷ ᠪᠠᠢᠰᠢᠩ᠎ᠢ ᠥᠭᠡᠷᠡᠴᠢᠯᠡᠨ ᠰᠢᠨᠡᠳᠬᠡᠬᠦ ᠨᠥᠬᠥᠪᠦᠷᠢ᠎ᠳᠦ ᠬᠡᠷᠡᠭᠯᠡᠬᠦ᠎ᠪᠡᠷ ᠲᠥᠯᠥᠪᠯᠡᠵᠦ᠂ ᠪᠡᠯᠡ ᠮᠥᠩᠭᠥ᠎ᠶᠢᠨ ᠣᠷᠣᠭᠤᠯᠤᠯᠲᠠ ᠪᠠ ᠪᠠᠲᠤᠯᠠᠭ᠎ᠠ᠎ᠶᠢᠨ ᠡᠷᠴᠢᠮ᠎ᠢ ᠤᠯᠠᠮ ᠨᠢᠭᠡ ᠠᠯᠬᠤᠮ ᠴᠢᠩᠭᠠᠷᠠᠭᠤᠯᠪᠠ᠃

ᠨᠤᠷᠠᠬᠤ ᠠᠶᠤᠯ ᠲᠠᠢ ᠭᠡᠷ ᠪᠠᠢᠰᠢᠩ᠎ᠢ ᠥᠭᠡᠷᠡᠴᠢᠯᠡᠨ ᠵᠠᠰᠠᠭᠰᠠᠨ ᠦᠷ᠎ᠡ ᠪᠦᠲᠦᠮᠵᠢ ᠳ᠋ᠤ ᠤᠯᠠᠨ ᠲᠦᠮᠡᠨ ᠬᠠᠮᠤᠭ᠎ᠠᠴᠠ ᠢᠯᠡᠭᠦᠦ ᠦᠭᠡ ᠬᠡᠯᠡᠬᠦ ᠡᠷᠬᠡ᠎ᠲᠠᠢ ᠶᠤᠮ᠃ ᠪᠤᠰᠤᠳ ᠰᠢᠶᠠᠩ ᠪᠠᠯᠭᠠᠰᠤᠨ᠎ᠳᠤ᠂ ᡂᠢ ᠰᠠᠨ ᠱᠦᠢ ᠪᠣᠯᠣᠨ ᠱᠢ ᠳ᠋ᠦᠩ ᠮᠧᠶ ᠰᠢᠭ ᠨᠤᠷᠠᠬᠤ ᠠᠶᠤᠯ ᠲᠠᠢ ᠭᠡᠷ ᠪᠠᠢᠰᠢᠩ᠎ᠢ ᠥᠭᠡᠷᠡᠴᠢᠯᠡᠨ ᠰᠢᠨᠠᠳᠭᠡᠬᠦ ᠪᠠᠷ ᠲᠠᠮᠵᠢᠨ ᠰᠢᠨ᠎ᠡ ᠭᠡᠷ᠎ᠪᠠᠢᠰᠢᠡᠭ ᠳ᠋ᠤ ᠰᠠᠭᠤᠭᠰᠠᠨ ᠲᠣᠰᠬᠣᠨ᠎ᠤ ᠠᠷᠠᠳ ᠪᠠᠰᠠ ᠮᠠᠰᠢ ᠣᠯᠠᠨ ᠪᠠᠢᠨ᠎ᠠ᠃ 《ᠥᠩᠭᠡᠷᠡᠭᠰᠡᠨ᠎ᠳᠦ ᠰᠠᠯᠬᠢ ᠰᠠᠯᠬᠢᠯᠠᠵᠤ ᠪᠣᠷᠣᠭᠠᠨ ᠣᠷᠣᠬᠰᠠᠭᠠᠷ ᠯᠡ ᠵᠢᠷᠦᠬᠡ ᠲᠦᠭᠰᠢᠵᠦ ᠪᠠᠢᠭᠰᠠᠨ᠂ ᠤᠳᠤ ᠰᠠᠢᠨ ᠲᠥᠷᠥ᠎ᠶᠢᠨ ᠪᠣᠳᠣᠯᠭ᠎ᠠ᠎ᠲᠠᠢ ᠪᠤᠯᠤᠭᠰᠠᠨ ᠲᠤᠯᠠ ᠳᠠᠬᠢᠵᠤ ᠠᠶᠤᠵᠤ ᠰᠣᠴᠢᠭ᠍ᠤ ᠬᠡᠷᠡᠭ ᠦᠭᠡᠢ ᠪᠤᠯᠵᠠᠢ》 ᠬᠡᠵᠤ ᠤᠯᠠᠨ ᠶ᠋ᠢᠡᠷ ᠶ᠋ᠢᠡᠨ ᠬᠡᠯᠡᠨ᠎ᠡ᠃

《ᠡᠨᠡ ᠵᠢᠯ᠂ ᠲᠤᠬᠠᠢ᠎ᠶᠢᠨ ᠵᠢᠯ᠎ᠦᠨ ᠨᠤᠷᠠᠬᠤ ᠠᠶᠤᠯ ᠲᠠᠢ ᠭᠡᠷ ᠪᠠᠢᠰᠢᠩ᠎ᠢ ᠥᠭᠡᠷᠡᠴᠢᠯᠡᠨ ᠰᠢᠨᠡᠳᠬᠡᠬᠦ ᠡᠭᠦᠷᠭᠡ᠎ᠶᠢ ᠰᠠᠢᠲᠤᠷ ᠪᠡᠶᠡᠯᠡᠭᠦᠯᠬᠦ᠎ᠡᠴᠡ ᠭᠠᠳᠠᠨ᠎ᠠ᠂ ᠪᠠᠰᠠ ᠦᠷᠭᠦᠯᠵᠢᠯᠡᠨ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ᠎ᠳᠠᠭᠠᠨ ᠰᠠᠭᠤᠷᠢᠯᠠᠵᠤ᠂ ᠪᠦᠬᠦ ᠬᠦᠴᠦᠨ᠎ᠢᠶᠡᠷ᠎ᠢᠶᠡᠨ ᠴᠢᠷᠮᠠᠢᠠ᠂ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠨᠤᠷᠠᠬᠤ ᠠᠶᠤᠯ ᠲᠠᠢ ᠭᠡᠷ ᠪᠠᠢᠰᠢᠩ᠎ᠢ ᠰᠢᠭ᠌ᠰᠢᠨ ᠪᠠᠢᠴᠠᠭᠠᠵᠤ ᠦᠨᠡᠯᠡᠨ ᠲᠣᠭᠲᠠᠭᠠᠬᠤ᠎ᠶᠢ ᠢᠳᠡᠪᠬᠢᠲᠡᠢ ᠥᠷᠨᠢᠭᠦᠯᠤᠨ᠎ᠠ᠃ ᠡᠯ᠎ᠡ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ ᠵᠢᠴᠢ ᠬᠠᠮᠢᠶ᠎ᠠ ᠪᠦᠬᠦᠢ ᠨᠢᠭᠡᠴᠢ᠎ᠶᠢᠨ ᠬᠦᠷᠭᠡᠭᠰᠡᠨ 〈ᠵᠢᠷᠭᠤᠭᠠᠨ ᠲᠥᠷᠥᠯ᠎ᠦᠨ ᠬᠥᠮᠥᠰ〉 ᠢ᠋ ᠵᠢᠭ᠍ᠰᠠᠭᠠᠨ ᠪᠠᠢᠴᠠᠭᠠᠵᠤ ᠦᠨᠡᠯᠡᠨ ᠲᠣᠭᠲᠠᠭᠠᠬᠤ᠎ᠶᠢ ᠰᠠᠢᠲᠤᠷ ᠬᠢᠵᠦ᠂ ᠭᠡᠷ ᠪᠠᠢᠰᠢᠩ᠎ᠤᠨ ᠠᠮᠤᠷ ᠲᠦᠪᠰᠢᠨ᠎ᠦ ᠦᠨᠡᠯᠡᠨ ᠲᠣᠭᠲᠠᠭᠠᠬᠤ ᠬᠦᠰᠦᠨᠦᠭᠲᠦ ᠭᠠᠷᠭᠠᠵᠦ᠂ ᠨᠥᠬᠥᠴᠡᠯ᠎ᠳᠦ ᠨᠡᠢᠴᠡᠬᠦ ᠪᠠᠲᠤᠯᠠᠭ᠎ᠠ᠎ᠶᠢᠨ ᠡᠲᠡᠭᠡᠳ᠎ᠢ ᠴᠠᠭ ᠲᠤᠬᠠᠢ ᠳ᠋ᠤᠨᠢ ᠨᠤᠷᠠᠬᠤ ᠠᠶᠤᠯ ᠲᠠᠢ ᠭᠡᠷ ᠪᠠᠢᠰᠢᠩ᠎ᠢ ᠰᠢᠨᠡᠳᠬᠡᠨ ᠵᠠᠰᠠᠬᠤ᠎ᠶᠢ ᠳᠡᠮᠵᠢᠬᠦ ᠬᠡᠪᠴᠢᠶᠡᠨ᠎ᠳᠦ ᠣᠷᠣᠭᠤᠯᠤᠨ᠂ ᠭᠡᠷ ᠪᠠᠢᠰᠢᠩ᠎ᠤᠨ ᠲᠦᠭᠰᠢᠭᠦᠷᠢ᠎ᠶᠢᠨ ᠬᠡᠮᠵᠢᠶ᠎ᠡ ᠪᠠ ᠲᠠᠷᠢᠶᠠᠯᠠᠬᠤ ᠡᠷᠦᠬᠡ᠎ᠶᠢᠨ ᠰᠢᠨᠡᠳᠬᠡᠨ ᠵᠠᠰᠠᠬᠤ ᠬᠦᠰᠡᠯ ᠰᠠᠨᠠᠭ᠎ᠠ᠎ᠶᠢ ᠦᠨᠳᠦᠰᠦᠯᠡᠨ ᠰᠡᠯᠪᠢᠨ ᠵᠠᠰᠠᠬᠤ ᠪᠤᠶᠤ ᠰᠢᠨ᠎ᠡ᠎ᠪᠡᠷ ᠪᠠᠢᠭᠤᠯᠵᠤ᠂ ᠣᠯᠠᠨ ᠲᠦᠮᠡᠨ᠎ᠦ ᠣᠷᠣᠨ ᠰᠠᠭᠤᠴᠠ᠎ᠶᠢᠨ ᠬᠦᠷᠲᠡᠮᠵᠢ᠎ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠎ᠢ ᠦᠷᠭᠦᠯᠵᠢᠯᠡᠨ ᠳᠡᠭᠡᠭᠰᠢᠯᠡᠭᠦᠯᠦᠨ᠎ᠡ》 ᠭᠡᠵᠦ ᠦᠶᠤᠸᠠᠨ ᠰᠢᠶᠠᠨ᠎ᠤ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠣᠪᠴᠢᠶ᠎ᠠ ᠵᠢᠨ ᠳᠠᠷᠤᠭ᠎ᠠ ᠬᠠᠨ ᠫᠧᠩ ᠴᠧᠩ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面