ᠭᠣᠣᠯ ᠰᠡᠳᠦᠪᠲᠦ ᠮᠡᠳᠡᠭᠡᠯᠡᠯ > ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠣᠬᠠᠢ ᠵᠥᠪ ᠦᠵᠡᠯᠲᠡ

2026-08-31 09:26:17

ᠵᠣᠬᠢᠶᠠᠭ᠍ᠴᠢ᠄ ​ᠰᠢᠨᠬᠤᠸᠠ ᠬᠤᠷᠢᠶ᠎ᠠ ᠵᠢᠨ ᠰᠢᠭᠦᠮᠵᠢᠯᠡᠭᠴᠢ ᠣᠩᠱᠢᠭ᠍ᠰᠠᠨ ᠣᠳᠠᠭ᠎ᠠ᠄ 3

ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠠᠰᠠᠭᠤᠳᠠᠯ ᠪᠣᠯ ᠨᠡᠶ᠋ᠢᠲᠡ᠎ᠶᠢᠨ ᠲᠥᠯᠥᠭᠡ ᠨᠠᠮ ᠪᠠᠶ᠋ᠢᠭᠤᠯᠵᠤ᠂ ᠠᠷᠠᠳ᠎ᠤᠨ ᠲᠥᠯᠥᠭᠡ ᠲᠦᠷᠦ᠍ ᠪᠠᠷᠢᠬᠤ᠎ᠳᠤ ᠬᠣᠯᠪᠣᠭᠳᠠᠬᠤ ᠨᠢᠭᠡᠨ ᠦᠨᠳᠦᠰᠦᠨ ᠴᠢᠨᠠᠷᠲᠠᠢ ᠠᠰᠠᠭᠤᠳᠠᠯ ᠮᠥᠨ᠃ ᠶᠡᠷᠦᠩᠬᠡᠢ ᠱᠦᠵᠢ ᠰᠢ ᠵᠢᠨ ᠫᠢᠩ ᠤᠢ᠌ᠷ᠎ᠠ᠎ᠶᠢᠨ ᠡᠳᠦᠷ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠭ᠎ᠠ ᠬᠦᠮᠦᠵᠢᠯ᠎ᠤᠨ ᠲᠤᠬᠠᠢ ᠴᠢᠬᠤᠯᠠ ᠵᠢᠭᠠᠪᠤᠷᠢ ᠥᠭᠴᠦ᠍᠂ ᠰᠤᠷᠤᠯᠴᠠᠯᠭ᠎ᠠ ᠬᠥᠮᠦᠵᠢᠯ᠎ᠦᠨ ᠠᠵᠢᠯ ᠪᠣᠯᠤᠨ ᠦᠷ᠎ᠡ ᠪᠦᠲᠦᠮᠵᠢ᠎ᠶᠢ ᠭᠦᠢᠴᠡᠳ ᠨᠤᠲᠠᠯᠠᠵᠤ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠌᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠌ ᠤᠷᠳᠤ ᠬᠤᠭᠤᠴᠠᠭᠠᠨ᠎ᠤ ᠪᠦᠲᠦᠮᠵᠢᠲᠡᠢ ᠲᠣᠭᠲᠡᠴᠡ᠎ᠶᠢ ᠪᠠᠶ᠋ᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠤ᠌᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠌ ᠪᠣᠯ ᠨᠢᠭᠡᠨ ᠤᠷᠳᠤ ᠬᠤᠭᠤᠴᠠᠭᠠᠨ᠎ᠤ ᠡᠭᠦᠷᠭᠡ ᠮᠥᠨ᠂ ᠡᠷᠬᠡᠪᠰᠢ ᠤᠳᠠᠭᠠᠨ ᠲᠠᠭᠠᠭᠠᠮᠠᠭᠠᠢ᠎ᠴᠦᠬᠦᠷᠡᠰᠢ ᠦᠬᠡᠢ ᠪᠠᠷᠢᠮᠳᠠᠯᠠᠬᠤ ᠬᠡᠷᠡᠭᠳᠡᠢ ᠬᠡᠵᠤ ᠴᠢᠬᠤᠯᠠᠴᠢᠯᠠᠨ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ᠎ᠤᠨ ᠨᠡᠶ᠋ᠢᠲᠡ᠎ᠶᠢᠨ ᠲᠥᠯᠥᠭᠡ ᠨᠠᠮ ᠪᠠᠶ᠋ᠢᠭᠤᠯᠬᠤ᠂ ᠠᠷᠠᠳ ᠲᠦᠮᠡᠨ᠎ᠳᠦ ᠪᠤᠶᠠᠨ ᠦᠢᠯᠡᠳᠬᠦ᠌᠂ ᠰᠢᠨᠵᠢᠯᠡᠬᠦ᠌ ᠤᠬᠠᠭᠠᠨᠴᠢ᠎ᠪᠠᠷ ᠰᠢ᠌ᠳᠪᠦᠷᠢᠲᠦ᠍ ᠪᠤᠳᠤᠯᠭ᠎ᠠ ᠲᠣᠭᠲᠠᠭᠠᠬᠤ᠂ ᠦᠨᠡᠨ ᠬᠦ᠌ ᠠᠳᠬᠤᠵᠤ ᠪᠣᠳᠠᠲᠠᠢ ᠠᠵᠢᠯᠯᠠᠬᠤ ᠵᠢ ᠦᠷᠭᠦᠯᠵᠢᠯᠡᠨ ᠠᠬᠢᠭᠤᠯᠬᠤ᠎ᠳᠤ ᠤᠷᠤᠭᠰᠢᠯᠠᠯᠲᠠ᠎ᠶᠢᠨ ᠴᠢᠭᠯᠡᠯ᠎ᠢ ᠲᠣᠳᠣᠷᠬᠠᠢ ᠵᠢᠭᠠᠵᠤ᠂ ᠴᠢᠬᠤᠯᠠ ᠵᠢᠷᠤᠮᠯᠠᠯ ᠬᠠᠩᠭᠠᠭᠰᠠᠨ ᠪᠠᠶ᠋ᠢᠨ᠎ᠠ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠨᠢᠭᠡ ᠬᠤᠭᠤᠴᠠᠭᠠᠨ᠎ᠤ ᠨᠠᠮ᠎ᠤᠨ ᠪᠠᠶ᠋ᠢᠭᠤᠯᠤᠯᠲᠠ᠎ᠶᠢᠨ ᠳᠤᠮᠳᠠᠬᠢ ᠴᠢᠬᠤᠯᠠ ᠠᠰᠠᠭᠤᠳᠠᠯ᠂ ᠲᠤᠯᠭᠠᠮ ᠠᠰᠠᠭᠤᠳᠠᠯ᠎ᠳᠤ ᠴᠢᠭᠯᠡᠭᠦᠯᠦᠨ᠂ ᠪᠦᠬᠦ᠌ ᠨᠠᠮ᠎ᠢᠶᠡᠷ᠎ᠢᠶᠡᠨ ᠰᠤᠷᠤᠯᠴᠠᠯᠭ᠎ᠠ ᠬᠥᠮᠦᠵᠢᠯ᠎ᠦᠨ ᠠᠵᠢᠯᠯᠠᠭ᠎ᠠ᠎ᠶᠢ ᠵᠣᠬᠢᠶᠠᠨ ᠪᠠᠶ᠋ᠢᠭᠤᠯᠤᠨ ᠥᠷᠨᠢᠭᠦᠯᠬᠦ᠌ ᠨᠢ ᠨᠢᠭᠡᠨᠲᠡ ᠨᠠᠮ᠎ᠤᠨ ᠪᠠᠶ᠋ᠢᠭᠤᠯᠤᠯᠲᠠ᠎ᠶᠢᠨ ᠨᠢᠭᠡᠨ ᠴᠢᠬᠤᠯᠠ ᠪᠠᠢᠭᠤᠯᠤᠯ᠎ᠦᠨ ᠴᠢᠨᠠᠷᠲᠠᠢ ᠲᠤᠬᠢᠷᠠᠭᠤᠯᠤᠯᠳᠠ ᠪᠣᠯᠤᠭᠰᠠᠨ ᠪᠠᠶ᠋ᠢᠨ᠎ᠠ᠃ ᠡᠨᠡ ᠤᠳᠠᠭ᠎ᠠ᠎ᠶᠢᠨ ᠰᠤᠷᠤᠯᠴᠠᠯᠭ᠎ᠠ ᠬᠥᠮᠦᠵᠢᠯ᠎ᠳᠦ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ ᠵᠢᠨ ᠪᠠᠲᠤ᠌ ᠴᠢᠩᠭ᠎ᠠ ᠤᠳᠤᠷᠢᠳᠤᠯᠭ᠎ᠠ ᠳᠣᠣᠷ᠎ᠠ᠂ ᠤᠨᠤᠯ᠎ᠤᠨ ᠰᠤᠷᠤᠯᠴᠠᠯᠭ᠎ᠠ᠎ᠶᠢ ᠢᠮᠠᠭᠲᠠ ᠲᠤᠭᠤᠰᠢᠯᠠᠭᠤᠯᠬᠤ᠎ᠶᠢ ᠪᠠᠷᠢᠮᠲᠠᠯᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠦᠵᠡᠯᠲᠡ᠎ᠶᠢᠨ ᠵᠦᠷᠢᠶ᠎ᠡ ᠵᠢ ᠦᠨᠡᠨ ᠬᠦ᠌ ᠪᠠᠶ᠋ᠢᠴᠠᠭᠠᠨ ᠪᠤᠲᠠᠲᠠᠢ ᠴᠡᠭᠴᠡᠯᠡᠨ ᠰᠠᠢᠵᠢᠷᠠᠭᠤᠯᠵᠤ᠂ ᠪᠣᠳᠠᠲᠠᠢ᠎ᠶᠢ ᠡᠷᠬᠢᠮᠯᠡᠨ ᠪᠤᠲᠠᠲᠤ ᠬᠡᠷᠡᠭᠴᠡᠭᠡ ᠲᠠᠢ ᠵᠦᠢᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍ ᠪᠠᠢᠭᠤᠯᠤᠯ ᠲᠦᠷᠢᠮ᠎ᠢ ᠰᠠᠢᠳᠤᠷ ᠲᠤᠭᠲᠠᠭᠠᠵᠤ᠂ ᠴᠢᠩᠭ᠎ᠠ ᠪᠣᠳᠠᠲᠠᠢ ᠰᠤᠷᠲᠠᠯ᠎ᠢᠶᠠᠷ ᠡᠴᠦᠰ᠎ᠲᠦᠨᠢ ᠲᠤᠯᠲᠠᠯ᠎ᠠ ᠠᠳᠬᠤᠵᠤ᠂ ᠢᠯᠡᠳᠲᠡ ᠦᠷ᠎ᠡ ᠪᠦᠲᠦᠮᠵᠢ ᠣᠯᠵᠤ᠂ ᠵᠢᠱ᠌ᠢᠭᠰᠡᠨ ᠬᠠᠷᠠᠯᠲᠠ᠎ᠳᠠᠭᠠᠨ ᠬᠦᠷᠴᠡᠢ᠃ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ᠎ᠡᠴᠡ ᠨᠠᠭᠠᠰᠢ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠬᠢᠨ ᠬᠠᠷᠢᠭᠤᠴᠠᠯᠭ᠎ᠠ᠎ᠪᠠᠨ ᠪᠠᠲᠤ᠌ ᠡᠭᠦᠷᠭᠡᠯᠡᠵᠦ᠍᠂ ᠰᠤᠷᠤᠯᠴᠠᠬᠤ ᠪᠠᠶ᠋ᠢᠴᠠᠭᠠᠬᠤ ᠰᠠᠢᠵᠢᠷᠠᠭᠤᠯᠬᠤ᠎ᠶᠢ ᠨᠢᠭᠡ ᠴᠤᠬᠴᠠᠵᠢᠭᠤᠯᠤᠨ ᠠᠬᠢᠭᠤᠯᠵᠤ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ᠎ᠤᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠦᠵᠡᠯᠲᠡ᠎ᠶᠢᠨ ᠲᠤᠬᠠᠢ ᠲᠠᠨᠢᠯᠲᠠ ᠪᠠ ᠣᠶ᠋ᠢᠯᠠᠭᠠᠯᠲᠠ᠎ᠪᠠᠨ ᠭᠦᠨᠵᠡᠭᠡᠶ᠋ᠢᠷᠡᠭᠦᠯᠬᠦ᠌᠎ᠶᠢ ᠠᠬᠢᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠦᠵᠡᠯᠲᠡ᠎ᠶᠢᠨ ᠨᠢᠭᠡ ᠪᠦᠯᠦᠭ ᠵᠦᠷᠢᠶ᠎ᠡ ᠪᠠ ᠲᠤᠪᠤᠢ᠌ᠮ᠎ᠠ ᠠᠰᠠᠭᠤᠳᠠᠯ᠎ᠢ ᠪᠦᠲᠦᠮᠵᠢᠲᠡᠢ ᠰᠢ᠌ᠳᠪᠦᠷᠢᠯᠡᠵᠦ᠍᠂ ᠨᠠᠮᠴᠢ ᠴᠢᠨᠠᠷ᠎ᠤᠨ ᠪᠣᠯᠪᠠᠰᠤᠷᠠᠯ᠎ᠢ ᠦᠨᠡᠨ ᠪᠤᠲᠠᠲᠠᠢ ᠴᠢᠩᠭᠠᠳᠬᠠᠵᠤ᠂ ᠡᠯ᠎ᠡ ᠱᠠᠲᠤᠨ᠎ᠤ ᠤᠳᠤᠷᠢᠳᠬᠤ ᠺᠠᠳ᠋ᠷ᠎ᠤᠨ ᠡᠷᠬᠡ ᠪᠠᠷᠢᠬᠤ ᠦᠢᠯᠡ ᠠᠵᠢᠯᠯᠠᠭ᠎ᠠ᠎ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠣᠷᠣᠨ ᠨᠤᠲᠤᠭ᠎ᠤᠨ ᠡᠯ᠎ᠡ ᠱᠠᠲᠤᠨ᠎ᠤ ᠤᠳᠤᠷᠢᠳᠬᠤ ᠪᠠᠭ᠎ᠤᠨ ᠬᠤᠭᠤᠴᠠᠭ᠎ᠠ ᠰᠣᠯᠢᠬᠤ᠎ᠳᠤ ᠰᠠᠢ᠌ᠨ ᠰᠠᠶ᠋ᠢᠬᠠᠨ ᠦᠵᠡᠯ ᠰᠠᠨᠠᠭ᠎ᠠ ᠤᠯᠤᠰ ᠲᠦᠷᠦ᠎ᠶᠢᠨ ᠰᠠᠭᠤᠷᠢ᠎ᠶᠢ ᠲᠠᠯᠪᠢᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶᠢᠨ ᠡᠯ᠎ᠡ ᠵᠦᠢᠯ᠎ᠦᠨ ᠠᠵᠢᠯ᠎ᠢ ᠬᠦᠴᠦᠲᠡᠢ ᠠᠬᠢᠭᠤᠯᠪᠠ᠃ ᠡᠨᠡ ᠤᠳᠠᠭ᠎ᠠ᠎ᠶᠢᠨ ᠰᠤᠷᠤᠯᠴᠠᠯᠭ᠎ᠠ ᠬᠥᠮᠦᠵᠢᠯ᠎ᠳᠦ ᠲᠥᠪ ᠶᠣᠰᠣ᠎ᠶᠢ ᠪᠠᠷᠢᠮᠲᠠᠯᠠᠨ ᠰᠢᠨ᠎ᠡ᠎ᠶᠢ ᠡᠭᠦᠳᠬᠦ᠌᠂ ᠳᠥᠭᠥᠮ ᠠᠪᠰᠠᠷᠬᠠᠨ ᠪᠣᠳᠠᠲᠠᠢ᠎ᠶᠢ ᠡᠷᠬᠢᠮᠯᠡᠬᠦ᠌᠎ᠶᠢ ᠪᠠᠷᠢᠮᠲᠠᠯᠠᠵᠤ᠂ ᠦᠵᠡᠯ ᠰᠠᠨᠠᠭ᠎ᠠ᠎ᠪᠠᠷ ᠬᠦᠳᠦᠯᠥᠨ ᠳᠠᠭᠠᠭᠤᠯᠬᠤ᠂ ᠦᠨᠡᠨ ᠬᠦ᠌ ᠪᠠᠶ᠋ᠢᠴᠠᠭᠠᠨ ᠪᠣᠳᠠᠲᠠᠢ ᠴᠡᠭᠴᠡᠯᠡᠨ ᠰᠠᠶ᠋ᠢᠵᠢᠷᠠᠭᠤᠯᠬᠤ᠂ ᠳᠡᠭᠡᠳᠦ ᠱᠠᠳᠤ ᠨᠢ ᠳᠤᠤᠷᠠᠳᠦ ᠱᠠᠳᠤ᠎ᠪᠠᠨ ᠳᠠᠭᠠᠭᠤᠯᠬᠤ᠂ ᠦᠩᠭᠡᠨ ᠲᠠᠯ᠎ᠠ ᠪᠠ ᠦᠨᠳᠦᠰᠦ᠎ᠡᠴᠡ ᠨᠢ ᠵᠠᠰᠠᠬᠤ᠂ ᠭᠤᠤᠯ ᠠᠵᠢᠯ᠎ᠳᠤ ᠦᠢᠯᠡᠴᠢᠯᠡᠬᠦ ᠵᠡᠷᠭᠡ ᠲᠤᠷᠰᠢᠯᠭ᠎ᠠ᠎ᠶᠢ ᠪᠠᠶᠠᠯᠢᠭᠵᠢᠭᠤᠯᠵᠤ᠂ ᠨᠠᠮ᠎ᠤᠨ ᠳᠣᠲᠣᠭᠠᠳᠤ᠎ᠶᠢᠨ ᠲᠥᠪᠯᠡᠷᠡᠩᠭᠦᠢ ᠬᠥᠮᠦᠵᠢᠯ᠎ᠦᠨ ᠵᠢᠮ᠎ᠡ ᠶᠣᠰᠣᠴᠢ ᠴᠢᠨᠠᠷ᠎ᠤᠨ ᠲᠤᠬᠠᠢ ᠲᠠᠨᠢᠯᠲᠠ᠎ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠪᠡ᠃

ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠌᠎ᠳᠦ ᠤᠳᠠᠭᠠᠨ ᠳᠠᠭᠠᠭᠠᠮᠠᠭᠠᠢ ᠪᠡᠷ ᠪᠠᠷᠢᠮᠳᠠᠯᠠᠬᠤ ᠨᠢ ᠡᠷᠬᠢᠮ ᠪᠠᠶ᠋ᠢᠵᠤ᠂ ᠰᠢᠨᠲᠠᠷᠠᠰᠢ ᠦᠭᠡᠢ ᠦᠢᠯᠡᠳᠦᠯᠭᠡᠵᠢᠭᠦᠯᠬᠦ ᠪᠡᠷ ᠲᠠᠮᠵᠢᠨ ᠰᠠᠶᠢ ᠦᠷ᠎ᠠ ᠪᠦᠲᠦᠮᠵᠢ ᠭᠠᠷᠭᠠᠵᠤ ᠴᠢᠳᠠᠨ᠎ᠡ᠂ ᠨᠠᠮ᠎ᠤᠨ ᠭᠡᠰᠢᠭᠦᠨ᠂ ᠺᠠᠳ᠋ᠷᠴᠤᠳ᠎ᠤᠨ ᠨᠠᠰᠤᠨ ᠲᠤᠷᠰᠢᠳᠠ᠎ᠶᠢᠨ ᠪᠡᠶᠡᠯᠡᠬᠦᠯᠬᠦ ᠰᠡᠳᠦᠪ ᠮᠥᠨ᠃ ᠡᠨᠡ ᠤᠳᠠᠭᠠᠨ᠎ᠤ ᠰᠤᠷᠤᠯᠴᠠᠯᠭ᠎ᠠ ᠬᠥᠮᠦᠵᠢᠯ ᠣᠳᠣ ᠨᠢᠭᠡᠨᠲᠡ ᠦᠨᠳᠦᠰᠦᠨ᠎ᠳᠡᠭᠡᠨ ᠳᠠᠭᠤᠰᠪᠠ᠃ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠌᠎ᠳᠦ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠦᠵᠡᠯᠲᠡ᠎ᠶᠢᠨ ᠬᠥᠮᠦᠵᠢᠯ᠎ᠢ ᠪᠠᠶ᠋ᠢᠩᠭᠤ᠎ᠶᠢᠨ ᠴᠢᠨᠠᠷᠲᠠᠢ ᠥᠷᠨᠢᠭᠦᠯᠬᠦ᠌ ᠬᠡᠷᠡᠭᠲᠡᠢ᠃ ᠦᠵᠡᠯ ᠰᠠᠨᠠᠭᠠᠨ᠎ᠤ ᠲᠠᠯ᠎ᠠ ᠪᠡᠷ ᠵᠢᠭᠠᠬᠠᠨ ᠰᠤᠯᠠᠷᠠᠪᠠᠯ᠂ ᠦᠢᠯᠡ ᠠᠵᠢᠯᠯᠠᠭ᠎ᠠ ᠵᠢᠨ ᠲᠠᠯ᠎ᠠ ᠪᠡᠷ ᠲᠤᠮᠤ ᠠᠯᠳᠠᠭ᠎ᠠ ᠭᠠᠷᠭᠠᠳᠠᠭ᠃ ᠨᠠᠮ᠎ᠤᠨ ᠰᠢᠨ᠎ᠡ᠎ᠡᠭᠦᠳᠦᠯᠲᠡ ᠵᠢᠨ ᠤᠨᠤᠯ᠎ᠢᠶᠠᠷ ᠵᠡᠪᠰᠡᠭᠯᠡᠬᠦ᠌᠎ᠶᠢ ᠴᠥᠬᠥᠷᠡᠰᠢ ᠦᠭᠡᠢ ᠴᠢᠩᠭᠠᠳᠬᠠᠵᠤ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭᠠᠨ᠎ᠤ ᠲᠠᠯ᠎ᠠ᠎ᠪᠠᠷ 《ᠶᠠᠭᠤᠨ᠎ᠤ ᠲᠦᠯᠦᠭᠡ ᠨᠠᠮ᠎ᠳᠤ ᠣᠷᠣᠬᠤ᠂ 〈ᠨᠣᠶᠠᠨ〉 ᠰᠠᠭᠤᠭᠠᠳ ᠶᠠᠮᠠᠷ ᠠᠵᠢᠯ ᠬᠢᠬᠦ᠌᠂ ᠶᠠᠭᠤ ᠵᠢ ᠦᠯᠡᠳᠡᠭᠡᠵᠦ ᠦᠭᠬᠦ》 ᠠᠰᠠᠭᠤᠳᠠᠯ᠎ᠢ ᠦᠨᠡᠨ ᠬᠦ᠌ ᠰᠢ᠌ᠳᠪᠦᠷᠢᠯᠡᠵᠦ᠍᠂ ᠠᠷᠠᠳ ᠲᠦᠮᠡᠨ᠎ᠦ ᠲᠥᠯᠥᠭᠡ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠂ ᠪᠣᠳᠠᠲᠠᠢ ᠠᠵᠢᠯᠯᠠᠬᠤ᠎ᠪᠠᠷ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠎ᠶᠢ ᠪᠠᠷᠢᠮᠲᠠᠯᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠌ ᠦᠵᠡᠯ ᠰᠠᠨᠠᠭᠠᠨ᠎ᠤ ᠤᠬᠠᠮᠰᠠᠷ ᠪᠠ ᠦᠢᠯᠡ ᠠᠵᠢᠯᠯᠠᠭ᠎ᠠ᠎ᠶᠢᠨ ᠤᠬᠠᠮᠰᠠᠷ᠎ᠢᠶᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠣᠷᠣᠨ ᠨᠤᠲᠤᠭ᠎ᠤᠨ ᠨᠠᠮ ᠵᠠᠰᠠᠭ᠎ᠤᠨ ᠵᠢᠩᠬᠢᠨᠢ ᠲᠤᠰᠢᠶᠠᠯ᠎ᠤᠨ ᠺᠠᠳ᠋ᠷ᠂ ᠰᠢᠨ᠎ᠡ᠎ᠪᠡᠷ ᠳᠡᠪᠰᠢᠭᠦᠯᠦᠭᠰᠡᠨ ᠺᠠᠳ᠋ᠷ᠂ ᠵᠠᠯᠠᠭᠤ ᠺᠠᠳ᠋ᠷ᠂ ᠵᠠᠩᠭᠢᠯᠠᠭ᠎ᠠ᠎ᠶᠢᠨ ᠠᠵᠢᠯ᠎ᠤᠨ ᠪᠠᠶ᠋ᠢᠷᠢ᠎ᠳ᠋ᠡᠬᠢ ᠺᠠᠳ᠋ᠷ᠎ᠤᠨ ᠲᠤᠬᠠᠢ ᠬᠥᠮᠦᠵᠢᠯ ᠪᠣᠯᠪᠠᠰᠤᠷᠠᠯ᠎ᠢ ᠭᠣᠣᠯᠳᠠᠯᠭ᠎ᠠ᠎ᠲᠠᠶ ᠰᠠᠶ᠋ᠢᠲᠤᠷ ᠠᠳᠬᠤᠵᠤ᠂ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠪᠠ ᠪᠤᠷᠤᠭᠤ ᠲᠠᠯ᠎ᠠ᠎ᠶᠢᠨ ᠰᠡᠷᠡᠮᠵᠢᠯᠡᠭᠦᠯᠦᠯ᠎ᠢ ᠴᠢᠩᠭᠠᠳᠬᠠᠵᠤ᠂ ᠨᠠᠮ᠎ᠤᠨ ᠭᠡᠰᠢᠭᠦᠨ᠂ ᠺᠠᠳ᠋ᠷ᠎ᠤᠨ ᠢᠮᠠᠭᠲᠠ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠪᠡᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭᠠᠵᠤ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠌ ᠵᠢ ᠬᠦᠲᠦᠯᠦᠨ ᠵᠢᠯᠤᠭᠤᠳᠬᠤ ᠬᠡᠷᠡᠭᠲᠡᠶ᠃

ᠠᠰᠠᠭᠤᠳᠠᠯ ᠪᠣᠯ ᠴᠠᠭ ᠦᠶ᠎ᠡ᠎ᠶᠢᠨ ᠲᠠᠭᠤᠨ ᠮᠥᠨ᠂ ᠪᠠᠰᠠ ᠴᠤ᠌ ᠠᠵᠢᠯ᠎ᠤᠨ ᠤᠳᠤᠷᠢᠳᠤᠮᠵᠢ ᠮᠥᠨ᠃ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠎ᠳᠦ᠂ ᠪᠠᠢᠩᠭᠤ᠎ᠶᠢᠨ ᠴᠢᠨᠠᠷᠲᠠᠢ ᠪᠡᠷ ᠠᠰᠠᠭᠤᠳᠠᠯ᠎ᠢ ᠪᠠᠢᠴᠠᠭᠠᠨ ᠥᠭᠡᠷᠡᠴᠢᠯᠡᠬᠦ ᠵᠢ ᠪᠠᠷᠢᠮᠲᠠᠯᠠᠬᠤ ᠬᠡᠷᠡᠭᠲᠡᠢ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠎ᠳᠦ ᠡᠷᠬᠡᠪᠰᠢ ᠠᠰᠠᠭᠤᠳᠠᠯ᠎ᠢᠶᠠᠷ ᠤᠳᠤᠷᠢᠳᠤᠮᠵᠢ ᠪᠤᠯᠭᠠᠬᠤ᠎ᠶᠢ ᠪᠠᠷᠢᠮᠲᠠᠯᠠᠵᠤ᠂ ᠠᠰᠠᠭᠤᠳᠠᠯ ᠳ᠋ᠤ ᠰᠢᠭᠤᠳ ᠬᠠᠨᠳᠤᠵᠤ᠂ ᠠᠰᠠᠭᠤᠳᠠᠯ᠎ᠢ ᠠᠩᠬᠠᠷᠤᠨ ᠥᠭᠡᠷᠡᠴᠢᠯᠡᠵᠦ᠂ ᠬᠠᠳᠠᠭᠤ ᠲᠠᠢ ᠨᠢ ᠬᠠᠯᠳᠠᠵᠤ᠂ ᠬᠦᠴᠢᠷ᠎ᠢ ᠳᠤᠭᠤᠯᠤᠨ ᠪᠡᠷᠬᠡ᠎ᠶᠢ ᠳᠠᠪᠠᠬᠤ᠎ᠳᠠᠭᠠᠨ ᠴᠢᠳᠠᠮᠠᠭᠠᠢ ᠪᠠᠢᠬᠤ ᠬᠡᠷᠡᠭᠲᠡᠢ᠃ ᠣᠷᠳᠣ᠌ ᠬᠤᠭᠤᠴᠠᠭ᠎ᠠ᠎ᠪᠠᠷ ᠴᠡᠭᠴᠡᠯᠡᠨ ᠰᠠᠢᠵᠢᠷᠠᠭᠤᠯᠬᠤ ᠴᠢᠬᠤᠯᠠᠲᠠᠢ ᠵᠠᠰᠠᠬ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠵᠥᠷᠢᠶ᠎ᠡ᠎ᠪᠠ ᠲᠣᠪᠣᠢᠮ᠎ᠠ ᠠᠰᠠᠭᠤᠳᠠᠯ᠎ᠢ ᠴᠢᠩᠭ᠎ᠠ ᠠᠩᠬᠠᠷᠴᠤ᠂ ᠮᠥᠷᠳᠡᠨ ᠳᠠᠭᠠᠵᠤ ᠦᠷ᠎ᠡ ᠪᠦᠲᠦᠮᠵᠢ᠎ᠶᠢ ᠨᠢ ᠠᠰᠠᠭᠤᠵᠤ᠂ ᠰᠢᠨ᠎ᠡ ᠲᠠᠷᠤᠭ᠎ᠠ ᠬᠠᠭᠤᠴᠢᠨ ᠲᠠᠩᠰᠠ᠎ᠶᠢ ᠬᠠᠮᠢᠶᠠᠷᠬᠤ ᠦᠭᠡᠢ ᠪᠠᠢᠬᠤ ᠠᠰᠠᠭᠤᠳᠠᠯ᠎ᠢ ᠴᠡᠭᠴᠡᠯᠡᠨ ᠰᠠᠢᠵᠢᠷᠠᠭᠤᠯᠵᠤ ᠴᠡᠭᠴᠡᠯᠡᠨ ᠵᠠᠰᠠᠬᠤ᠎ᠶᠢ ᠭᠦᠨᠵᠡᠭᠡᠢᠷᠡᠭᠦᠯᠦᠨ᠎ᠡ᠃ ᠲᠣᠭᠣᠷᠢᠨ ᠦᠵᠡᠵᠤ ᠲᠤᠭᠤᠷᠢᠨ ᠪᠠᠢᠴᠠᠭᠠᠬᠤ᠂ ᠬᠢᠨᠠᠨ ᠪᠤᠳᠤᠯᠳᠠ ᠵᠢᠨ ᠬᠢᠨᠠᠯᠲᠠ ᠲᠠᠯᠪᠢᠬᠤ᠂ ᠲᠣᠭ᠎ᠠ ᠪᠦᠷᠢᠳᠬᠡᠯ᠎ᠦᠨ ᠬᠢᠨᠠᠯᠲᠠ ᠲᠠᠯᠪᠢᠬᠤ ᠵᠡᠷᠭᠡ᠎ᠲᠠᠢ ᠤᠶᠠᠯᠳᠤᠭᠤᠯᠤᠨ ᠠᠰᠠᠭᠤᠳᠠᠯ᠎ᠢ ᠤᠨᠢᠨ ᠲᠡᠬᠡᠷ᠎ᠡ ᠨᠢ ᠢᠯᠡᠷᠡᠭᠦᠯᠵᠦ᠂ ᠬᠠᠨᠳᠤᠯᠭᠠᠲᠤ ᠴᠢᠨᠠᠷ ᠪᠠ ᠨᠡᠪᠲᠡᠯᠬᠦ ᠬᠦᠴᠦᠨ᠎ᠢ ᠴᠢᠩᠭᠠᠷᠠᠭᠤᠯᠵᠤ᠂ ᠴᠡᠭᠴᠡᠯᠡᠨ ᠰᠠᠢᠵᠢᠷᠠᠭᠤᠯᠬᠤ᠎ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠳᠡᠢ᠃ ᠦᠨᠡᠨ᠎ᠡᠴᠡ ᠵᠥᠪ᠎ᠢ ᠡᠷᠢᠬᠦ᠎ᠶᠢ ᠪᠠᠷᠢᠮᠲᠠᠯᠠᠵᠤ᠂ ᠶᠠᠮᠠᠷ ᠠᠰᠠᠭᠤᠳᠠᠯ ᠪᠠᠢᠪᠠᠯ ᠲᠡᠷᠡ ᠠᠰᠠᠭᠤᠳᠠᠯ᠎ᠢ ᠰᠢᠢᠳᠪᠦᠷᠢᠯᠡᠵᠦ᠂ ᠬᠡᠳᠦᠢ ᠠᠰᠠᠭᠤᠳᠠᠯ ᠪᠠᠢᠪᠠᠯ ᠬᠡᠳᠦᠢ ᠠᠰᠠᠭᠤᠳᠠᠯ᠎ᠢ ᠰᠢᠢᠳᠪᠦᠷᠢᠯᠡᠵᠦ᠂ ᠠᠰᠠᠭᠤᠳᠠᠯ᠎ᠢ ᠶᠠᠮᠠᠷ ᠠᠷᠭ᠎ᠠ᠎ᠪᠠᠷ ᠰᠢᠢᠳᠪᠦᠷᠢᠯᠡᠪᠡᠯ ᠵᠣᠬᠢᠬᠤ ᠪᠣᠯ ᠲᠡᠷᠡ ᠠᠷᠭ᠎ᠠ᠎ᠪᠠᠷ ᠰᠢᠢᠳᠪᠦᠷᠢᠯᠡᠵᠦ᠂ ᠪᠠᠢᠴᠠᠭᠠᠬᠤ᠎ᠶᠢᠨ ᠳᠠᠭᠠᠤ ᠰᠠᠢᠵᠢᠷᠠᠭᠤᠯᠵᠤ᠂ ᠪᠠᠷᠢᠨ ᠬᠡᠷᠡᠭᠵᠢᠭᠦᠯᠵᠦ ᠪᠠᠷᠢᠨ ᠦᠭᠡᠷᠡᠴᠢᠯᠡᠬᠦ᠂ ᠰᠤᠷᠤᠯᠴᠠᠯᠭ᠎ᠠ᠎ᠶᠢᠨ ᠦᠷ᠎ᠡ ᠪᠦᠲᠦᠮᠵᠢ᠎ᠶᠢ ᠦᠨᠡᠨ ᠬᠦ᠌ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠎ᠳᠦ᠂ ᠬᠢᠨᠠᠨ ᠰᠢᠯᠭᠠᠬᠤ ᠵᠢᠯᠣᠭᠣᠳᠤᠮᠵᠢ᠎ᠶᠢ ᠰᠠᠢᠲᠤᠷ ᠬᠡᠷᠡᠭᠯᠡᠬᠦ ᠬᠡᠷᠡᠭᠲᠡᠢ᠃ ᠬᠢᠨᠠᠨ ᠰᠢᠯᠭᠠᠬᠤ ᠨᠢ ᠬᠥᠲᠥᠯᠥᠨ ᠳᠠᠭᠠᠭᠤᠯᠬᠤ ᠦᠢᠯᠡ ᠠᠵᠢᠯᠯᠠᠭ᠎ᠠ᠎ᠶᠢᠨ ᠬᠠᠨᠳᠤᠯᠭ᠎ᠠ᠎ᠶᠢ ᠵᠢᠭᠠᠵᠤ᠂ ᠬᠥᠮᠥᠨ ᠬᠡᠷᠡᠭᠯᠡᠬᠦ ᠤᠳᠤᠷᠢᠳᠤᠮᠵᠢ ᠨᠢ ᠠᠵᠢᠯ ᠬᠢᠬᠦ ᠴᠢᠭᠯᠡᠯ᠎ᠲᠠᠢ ᠬᠣᠯᠪᠣᠭᠳᠠᠵᠤ ᠪᠠᠢᠳᠠᠭ᠃ ᠵᠦᠷᠢᠶᠡᠴᠢᠯᠡᠭᠰᠡᠨ ᠬᠢᠨᠠᠨ ᠰᠢᠯᠭᠠᠵᠤ ᠦᠨᠡᠯᠡᠬᠦ ᠰᠢᠰᠲᠧᠮ᠎ᠢ ᠲᠡᠭᠦᠯᠳᠡᠷᠵᠢᠭᠦᠯᠵᠦ᠂ ᠬᠢᠨᠠᠨ ᠰᠢᠯᠭᠠᠬᠤ ᠭᠦᠢᠴᠡᠳᠬᠡᠯ ᠲᠣᠭ᠎ᠠ᠎ᠶᠢ ᠴᠣᠮᠬᠠᠳᠬᠠᠨ ᠰᠢᠯᠢᠳᠡᠭᠵᠢᠭᠦᠯᠵᠦ᠂ ᠬᠢᠨᠠᠨ ᠦᠨᠡᠯᠡᠬᠦ᠎ᠶᠢᠨ ᠬᠠᠨᠳᠤᠯᠭᠠᠲᠤ ᠴᠢᠨᠠᠷ ᠪᠠ ᠰᠢᠨᠵᠢᠯᠡᠬᠦ ᠤᠬᠠᠭᠠᠨᠴᠢ ᠴᠢᠨᠠᠷ᠎ᠢ ᠳᠡᠭᠡᠭᠰᠢᠯᠡᠭᠦᠯᠦᠨ᠂ 《ᠲᠣᠭ᠎ᠠ ᠪᠡᠷ ᠨᠤᠶᠠᠨ ᠎ᠢ ᠦᠨᠡᠯᠡᠬᠦ᠂ ᠨᠣᠶᠠᠨ ᠨᠢ ᠲᠣᠭ᠎ᠠ ᠵᠢᠨ ᠦᠷ᠎ᠡ ᠪᠦᠳᠦᠮᠵᠢ ᠭᠠᠷᠭᠠᠬᠤ》 ᠭᠠᠵᠢᠭᠤ ᠣᠷᠴᠢᠯ ᠡᠬᠦᠰᠬᠦ᠎ᠶᠢ ᠰᠡᠷᠭᠡᠢᠯᠡᠬᠦ ᠬᠡᠷᠡᠭᠲᠡᠢ᠃ ᠪᠣᠳᠠᠲᠠᠢ ᠠᠵᠢᠯᠯᠠᠬᠤ᠎ᠶᠢ ᠴᠢᠬᠤᠯᠠᠴᠢᠯᠠᠵᠤ ᠪᠣᠳᠠᠳᠤ ᠠᠮᠵᠢᠯᠲᠠ ᠪᠦᠲᠦᠮᠵᠢ ᠭᠠᠷᠭᠠᠬᠤ᠎ᠶᠢ ᠴᠢᠬᠤᠯᠠᠴᠢᠯᠠᠬᠤ ᠬᠥᠮᠥᠨ᠎ᠢ ᠰᠣᠩᠭᠣᠵᠤ ᠬᠥᠮᠥᠨ ᠬᠡᠷᠡᠭᠯᠡᠬᠦ ᠤᠳᠤᠷᠢᠳᠤᠮᠵᠢ᠎ᠶᠢ ᠪᠤᠢ ᠪᠤᠯᠭᠠᠵᠤ᠂ ᠵᠣᠷᠢᠭ᠍ᠲᠠᠢ᠎ᠪᠠᠷ ᠬᠠᠷᠢᠭᠤᠴᠠᠬᠤ᠂ ᠡᠬᠦᠷᠭᠡ ᠬᠠᠷᠢᠭᠤᠴᠠᠯᠭᠠᠳᠤ ᠰᠡᠳᠬᠢᠯᠬᠡ ᠲᠠᠢ᠂ ᠴᠢᠳᠠᠮᠠᠭᠠᠢ᠎ᠪᠠᠷ ᠠᠵᠢᠯᠯᠠᠬᠤ᠂ ᠪᠣᠳᠠᠲᠤ ᠠᠮᠵᠢᠯᠲᠠ ᠪᠦᠲᠦᠮᠵᠢ᠎ᠪᠡᠷ ᠲᠣᠪᠣᠢᠮ᠎ᠠ ᠪᠠᠢᠳᠠᠭ ᠺᠠᠳ᠋ᠷ᠎ᠢ ᠬᠦᠨᠳᠦ᠎ᠪᠡᠷ ᠬᠡᠷᠡᠭᠯᠡᠵᠦ᠂ ᠲᠡᠳᠡᠭᠡᠷ ᠦᠩᠭᠡᠨ ᠲᠠᠯ᠎ᠠ᠎ᠶᠢᠨ ᠠᠵᠢᠯ ᠬᠢᠵᠦ᠂ ᠠᠷᠠᠳ᠎ᠢ ᠵᠦᠳᠡᠭᠡᠵᠦ ᠡᠳ᠋᠎ᠢ ᠰᠦᠢᠳᠬᠡᠳᠡᠭ ᠺᠠᠳ᠋ᠷ᠎ᠲᠤ ᠠᠰᠢᠭ᠋ ᠲᠤᠰᠠ ᠣᠯᠭᠤᠬᠤ ᠦᠭᠡᠢ ᠮᠥᠷᠲᠡᠭᠡᠨ ᠰᠢᠭᠦᠮᠵᠢᠯᠡᠯ ᠪᠠ ᠰᠢᠢᠳᠬᠡᠯ ᠣᠯᠭᠣᠵᠤ᠂ ᠰᠠᠢᠨ ᠨᠢ ᠳᠡᠪᠰᠢᠵᠤ᠂ ᠰᠢᠯᠢᠳᠡᠭ᠎ᠢ ᠨᠢ ᠱᠠᠩᠨᠠᠵᠤ᠂ ᠶᠡᠷᠦᠮᠳᠡᠭ ᠨᠢ ᠪᠠᠭᠤᠵᠤ᠂ ᠠᠳᠠᠭ᠎ᠢ ᠰᠢᠭᠰᠢᠭᠳᠡᠭᠦᠯᠬᠦ ᠰᠠᠢᠨ ᠰᠠᠢᠬᠠᠨ ᠪᠠᠢᠳᠠᠯ᠎ᠢ ᠪᠤᠢ ᠪᠤᠯᠭᠠᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠎ᠳᠦ᠂ ᠵᠠᠰᠠᠬ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠠᠵᠢᠯᠯᠠᠭ᠎ᠠ᠎ᠶᠢᠨ ᠬᠠᠮᠢᠶᠠᠷᠤᠯᠲᠠ ᠬᠢᠨᠠᠯᠲᠠ ᠲᠠᠯᠪᠢᠬᠤ᠎ᠶᠢ ᠴᠢᠩᠭᠠᠳᠬᠠᠬᠤ ᠬᠡᠷᠡᠭᠲᠡᠢ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠳᠦ ᠡᠨᠳᠡᠬᠦᠦ ᠪᠤᠷᠤᠭᠤ ᠭᠠᠷᠬᠤ ᠨᠢ ᠶᠡᠷᠦ ᠨᠢ ᠡᠷᠬᠡ ᠪᠠ ᠬᠡᠷᠡᠭᠵᠢᠬᠦᠯᠬᠦ᠎ᠶᠢᠨ ᠵᠢᠷᠤᠮᠵᠢᠯ᠎ᠢᠶᠠᠨ ᠠᠯᠳᠠᠬᠤ᠂ ᠡᠷᠬᠡ᠎ᠶᠢ ᠳᠤᠷ᠎ᠠ᠎ᠪᠠᠷ᠎ᠢᠶᠠᠨ ᠬᠡᠷᠡᠭᠯᠡᠬᠦ ᠵᠡᠷᠭᠡ᠎ᠲᠠᠢ ᠨᠢᠭ᠍ᠲᠠ ᠬᠣᠯᠪᠤᠭ᠎ᠠ᠎ᠲᠠᠢ ᠪᠠᠢᠳᠠᠭ᠂ ᠡᠷᠬᠡᠪᠰᠢ ᠳᠦᠷᠢᠮ᠎ᠢᠶᠡᠷ ᠡᠷᠬᠡ᠎ᠶᠢ ᠵᠠᠰᠠᠬᠤ᠂ ᠲᠣᠭᠲᠠᠭᠠᠯ ᠶᠣᠰᠣᠭᠠᠷ ᠡᠷᠬᠡ᠎ᠶᠢ ᠬᠡᠷᠡᠭᠯᠡᠬᠦ᠎ᠶᠢ ᠴᠢᠩᠭᠠᠳᠬᠠᠵᠤ᠂ ᠡᠷᠬᠡ᠎ᠶᠢ ᠳᠦᠷᠢᠮ ᠵᠢᠨᠷ ᠡᠵᠡᠮᠳᠡᠬᠦ᠎ᠶᠢ ᠨᠡᠩ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠪᠠᠢᠯᠭᠠᠵᠤ᠂ ᠡᠷᠬᠡ᠎ᠶᠢ ᠳᠤᠷ᠎ᠠ᠎ᠪᠠᠷ᠎ᠢᠶᠠᠨ ᠬᠡᠷᠡᠭᠯᠡᠬᠦ᠎ᠶᠢ ᠰᠡᠷᠭᠡᠢᠯᠡᠬᠦ ᠬᠡᠷᠡᠭᠲᠡᠢ᠃ ᠠᠷᠠᠳᠴᠢᠯᠠᠯ ᠲᠥᠪᠯᠡᠷᠡᠯ᠎ᠦᠨ ᠶᠣᠰᠣ᠌᠎ᠶᠢ ᠴᠢᠩᠭ᠎ᠠ ᠬᠡᠷᠡᠭᠵᠢᠭᠦᠯᠵᠦ᠂ ᠤᠳᠤᠷᠢᠳᠬᠤ ᠪᠠᠭ᠎ᠤᠨ ᠬᠡᠷᠡᠭ ᠵᠥᠪᠯᠡᠬᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ᠎ᠢ ᠲᠡᠭᠦᠯᠳᠡᠷᠵᠢᠭᠦᠯᠵᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠨᠠᠷ ᠴᠢᠨᠰᠠᠭ᠎ᠠ᠎ᠶᠢᠨ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ ᠡᠳᠦᠷ ᠲᠤᠳᠤᠮ᠎ᠤᠨ ᠬᠠᠮᠢᠶᠠᠷᠤᠯᠲᠠ ᠬᠢᠨᠠᠯᠲᠠ ᠲᠠᠯᠪᠢᠬᠤ ᠎ᠪᠠᠨ ᠴᠢᠩᠭᠠᠳᠬᠠᠵᠤ᠂ ᠤᠳᠤᠷᠢᠳᠬᠤ ᠺᠠᠳ᠋ᠷᠴᠤᠳ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠶᠠᠷᠢᠯᠴᠠᠨ ᠰᠠᠨᠠᠭᠤᠯᠵᠤ᠂ ᠢᠯᠡᠷᠡᠯ᠎ᠤᠨ ᠴᠢᠨᠠᠷᠲᠠᠢ ᠬᠡᠯᠪᠡᠷᠢᠯ᠎ᠦᠨ ᠴᠢᠨᠠᠷᠲᠠᠢ ᠠᠰᠠᠭᠤᠳᠠᠯ᠎ᠢ ᠴᠠᠭ ᠲᠤᠬᠠᠢ ᠳ᠋ᠤᠨᠢ ᠢᠯᠡᠷᠡᠭᠦᠯᠬᠦ᠎ᠶᠢᠨ ᠬᠠᠮᠲᠤ ᠵᠠᠯᠠᠷᠠᠭᠤᠯᠵᠤ᠂ ᠨᠡᠢᠲᠡᠯᠢᠭ ᠬᠡᠷᠡᠭ᠎ᠢ ᠢᠯᠡᠷᠡᠬᠦᠯᠬᠦ ᠶᠠᠭ ᠶᠠᠪᠤᠬᠳᠠᠵᠤ ᠪᠠᠢᠬᠰᠠᠨ ᠲᠤᠬᠠᠢ ᠵᠢᠨ ᠦᠶ᠎ᠠ ᠳ᠋ᠤᠨᠢ ᠢᠯᠡᠷᠡᠬᠦᠯᠬᠦ ᠪᠠ ᠵᠠᠷᠯᠠᠨ ᠨᠡᠢᠳᠡᠯᠡᠬᠦ ᠵᠢ ᠠᠳᠬᠤᠵᠤ᠂ ᠴᠢᠩᠭ᠎ᠠ ᠬᠦᠴᠦᠲᠡᠢ ᠰᠦᠷ ᠬᠦᠴᠦᠳᠤ ᠪᠠᠢᠳᠠᠯ᠎ᠢ ᠪᠠᠲᠤᠯᠠᠵᠤ᠂ ᠨᠠᠮ᠎ᠤᠨ ᠭᠡᠰᠢᠭᠦᠨ᠂ ᠺᠠᠳ᠋ᠷᠴᠤᠳ᠎ᠢ ᠰᠡᠳᠬᠢᠯ ᠳ᠋ᠡᠬᠡᠨ ᠪᠢᠰᠢᠷᠠᠨ ᠵᠢᠷᠦᠬᠡᠰᠢᠶᠡᠬᠦ᠎ᠪᠤᠳᠤᠯ ᠲᠠᠢ᠂ ᠠᠮᠠᠨ ᠳ᠋ᠠᠭᠠᠨ ᠴᠡᠭᠡᠷ ᠲᠠᠢ᠂ ᠠᠵᠢᠯᠯᠠᠭ᠎ᠠ ᠲᠡᠬᠡᠷ᠎ᠡ ᠪᠠᠨ ᠬᠤᠷᠢᠭ᠎ᠠ ᠲᠠᠢ ᠪᠤᠯᠭᠠᠬᠤ ᠬᠡᠷᠡᠭᠲᠡᠢ᠃ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠰᠤᠷᠤᠯᠴᠠᠯᠭ᠎ᠠ ᠬᠥᠮᠦᠵᠢᠯ᠎ᠦᠨ《ᠡᠷᠭᠢᠨ ᠬᠠᠷᠠᠬᠤ》ᠠᠵᠢᠯ᠎ᠢ ᠰᠠᠢᠲᠤᠷ ᠠᠳᠬᠤᠵᠤ᠂ ᠱᠠᠯᠠᠪᠳᠠᠭᠤᠯᠤᠨ ᠪᠠᠢᠴᠠᠭᠠᠬᠤ ᠪᠠᠨ ᠴᠢᠩᠭᠠᠳᠬᠠᠵᠤ᠂ ᠳᠠᠷᠤᠯᠲᠠ᠎ᠶᠢ ᠪᠦᠲᠦᠮᠵᠢᠲᠡᠢ ᠳᠠᠮᠵᠢᠭᠤᠯᠵᠤ᠂ ᠱᠠᠲᠤ ᠱᠠᠲᠤ᠎ᠪᠠᠷ ᠨᠠᠢᠳᠠᠪᠤᠷᠢᠵᠢᠭᠤᠯᠬᠤ᠎ᠶᠢ ᠠᠬᠢᠭᠤᠯᠬᠤ ᠬᠡᠷᠡᠭᠲᠡᠢ᠃ ᠬᠦᠨᠳᠦ ᠡᠬᠦᠷᠬᠡ᠎ᠮᠦᠷᠦᠨ ᠳ᠋ᠤ ᠲᠠᠯᠪᠢᠬᠳᠡᠵᠤ ᠪᠤᠢ᠂ ᠡᠷᠴᠢ ᠵᠤᠷᠢᠭ᠎ᠢᠶᠡᠨ ᠬᠦᠪᠴᠢᠯᠡᠨ ᠰᠢᠨ᠎ᠠ ᠠᠶᠠᠨ᠎ᠳᠤ ᠳᠠᠭᠢᠨ ᠮᠣᠷᠳᠠᠨ᠎ᠠ᠃ ᠡᠨᠡ ᠤᠳᠠᠭᠠᠨ᠎ᠤ ᠰᠤᠷᠤᠯᠴᠠᠯᠭ᠎ᠠ ᠬᠥᠮᠦᠵᠢᠯ ᠪᠣᠯ ᠲᠡᠭᠦᠰᠬᠡᠯ᠎ᠦᠨ ᠴᠡᠭ ᠪᠢᠰᠢ ᠬᠠᠷᠢᠨ ᠰᠢᠨ᠎ᠡ ᠡᠭᠢᠯᠡᠯᠲᠡ ᠮᠥᠨ᠃ ᠰᠢᠨ᠎ᠡ ᠠᠶᠠᠨ᠎ᠳᠠᠭᠠᠨ᠂ ᠪᠢᠳᠡ ᠰᠢ᠎ᠶᠢᠨ ᠫᠢᠩ ᠨᠥᠬᠥᠷ᠎ᠢᠶᠡᠷ ᠭᠣᠣᠯ ᠪᠤᠯᠭᠠᠬ᠍ᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠢᠷᠮᠠᠢᠨ ᠳᠡᠮᠡᠴᠡᠵᠦ ᠵᠢᠳᠬᠦᠯ ᠴᠢᠷᠮᠠᠢᠯᠭ᠎ᠠ ᠭᠠᠷᠭᠠᠨ ᠦᠨᠡᠨ ᠪᠣᠳᠠᠲᠠᠢ ᠠᠵᠢᠯ ᠬᠢᠵᠦ᠂ ᠦᠢᠯᠡᠳᠦᠯᠭᠡ᠂ ᠠᠷᠠᠳ ᠲᠦᠮᠡᠨ᠂ ᠲᠡᠦᠬᠡ᠎ᠶᠢᠨ ᠰᠢᠯᠭᠠᠯᠲᠠ᠎ᠶᠢ ᠳᠠᠭᠠᠭᠠᠵᠤ ᠳᠡᠶ᠋ᠢᠯᠭᠦ ᠪᠣᠳᠠᠲᠤ ᠠᠮᠵᠢᠯᠲᠠ ᠪᠦᠳᠦᠮᠵᠢ᠎ᠶᠢ ᠴᠢᠷᠮᠠᠢᠨ ᠡᠭᠦᠳᠴᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠭᠦ ᠲᠠᠯ᠎ᠠ᠎ᠪᠠᠷ ᠠᠬᠢᠭᠤᠯᠬᠤ᠎ᠳᠤ ᠰᠢᠨ᠎ᠡ ᠨᠡᠩ ᠶᠡᠬᠡ ᠬᠤᠪᠢ ᠨᠡᠮᠡᠷᠢ ᠦᠵᠡᠭᠦᠯᠰᠦᠬᠡᠢ᠃

(ᠰᠢᠨᠬᠤᠸᠠ ᠬᠤᠷᠢᠶ᠎ᠠ ᠵᠢᠨ ᠪᠡᠭᠡᠵᠢᠩ᠎ᠦᠨ 8 ᠰᠠᠷ᠎ᠠ᠎ᠶᠢᠨ 25 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面