ᠭᠣᠣᠯ ᠰᠡᠳᠦᠪᠲᠦ ᠮᠡᠳᠡᠭᠡᠯᠡᠯ > ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠣᠬᠠᠢ ᠵᠥᠪ ᠦᠵᠡᠯᠲᠡ

2026-08-31 10:43:39

ᠵᠣᠬᠢᠶᠠᠭ᠍ᠴᠢ᠄ ᠯᠢᠦ ᠬᠤᠩ ᠵᠠᠩ ᠣᠩᠱᠢᠭ᠍ᠰᠠᠨ ᠣᠳᠠᠭ᠎ᠠ᠄ 3

ᠥᠷᠯᠥᠭᠡ ᠡᠷᠲᠡ᠂ ᠡᠵᠡᠨ᠎ᠡ ᠬᠣᠰᠢᠭᠤᠨ ᠤ᠋ ᠦᠨᠭᠲᠦ ᠭᠤᠤᠯ ᠰᠤᠮᠤ ᠶ᠋ᠢᠨ ᠬᠡᠷᠡᠯᠳᠤ ᠭᠠᠴᠠᠭᠠᠨ ᠤ᠋ ᠬᠢᠯᠢ ᠬᠠᠮᠠᠭᠠᠯᠠᠭᠴᠢ ᠵᠢᠪᠬᠤᠯᠠᠩ ᠮᠤᠲ᠋ᠤᠷ ᠲᠡᠷᠭᠡ ᠤᠨᠤᠵᠦ ᠡᠯᠡᠰᠦᠨ ᠭᠤᠪᠢ ᠵᠢᠨ ᠬᠢᠯᠢ ᠵᠢᠨ ᠱᠤᠭᠤᠮ ᠵᠢᠡᠷ ᠠᠶᠠᠯᠠᠵᠦ᠂ ᠴᠠᠬᠳᠠᠨ ᠪᠠᠢᠴᠠᠭᠠᠵᠤ ᠡᠬᠢᠯᠡᠪᠡ᠃ ᠲᠡᠷᠡ ᠵᠠᠮ ᠵᠠᠭᠤᠷ᠎ᠠ ᠪᠠᠨ ᠡᠷᠬᠢᠨ ᠲᠣᠭᠣᠷᠢᠨ ᠤ᠋ ᠪᠠᠨ ᠪᠠᠶ᠋ᠢᠳᠠᠯ ᠢ᠋ ᠲᠤᠷᠠᠨᠳᠠᠨ ᠠᠵᠢᠭᠯᠠᠬᠤ ᠶ᠋ᠢᠨ ᠲᠠᠭᠠᠤ᠂ ᠬᠢᠯᠢ ᠶ᠋ᠢᠨ ᠵᠢᠷᠤᠭ ᠳᠦᠷᠰᠦ ᠵᠢ ᠲᠤᠬᠠᠢ ᠵᠢᠨ ᠴᠠᠭ ᠲᠤᠨᠢ ᠭᠠᠷ ᠤᠲᠠᠰᠤ ᠪᠡᠷ ᠢ᠋ᠶ᠋ᠡᠨ ᠳᠠᠮᠵᠢᠭᠤᠯᠵᠤ᠂ ᠬᠢᠯᠢ ᠵᠢ ᠴᠠᠬᠳᠠᠨ ᠪᠠᠢᠴᠠᠭᠠᠬᠰᠠᠨ ᠪᠠᠶ᠋ᠢᠳᠠᠯ ᠎ᠵᠢᠡᠨ ᠳᠡᠭᠡᠭᠰᠢ ᠮᠡᠳᠡᠭᠦᠯᠦᠨ᠎ᠠ᠃

《ᠥᠩᠭᠡᠷᠡᠭᠰᠡᠨ ᠳ᠋ᠤ ᠴᠠᠬᠳᠠᠨ ᠪᠠᠢᠴᠠᠭᠠᠬᠤ ᠵᠠᠮ ᠵᠠᠭᠤᠷ᠎ᠠ ᠪᠠᠨ ᠪᠠᠢᠳᠠᠯ᠎ᠤᠨ ᠮᠡᠳᠡᠭᠦᠯᠦᠯᠳᠡ ᠬᠢᠬᠦ ᠭᠡᠪᠡᠯ ᠲᠤᠪᠤᠴᠠᠭ ᠭᠠᠵᠠᠷ ᠭᠠᠷᠴᠤ᠌ 〈ᠳᠣᠬᠢᠶ᠎ᠠ〉 ᠡᠷᠢᠳᠡᠭ ᠪᠠᠢᠵᠦ᠂ ᠰᠢᠭᠤᠷᠭ᠎ᠠ ᠲᠠᠢ ᠡᠳᠦᠷ ᠲᠣᠬᠢᠶᠠᠯᠳᠤᠪᠠᠯ ᠬᠡᠳᠦᠨ ᠡᠳᠦᠷ ᠵᠢᠡᠷ ᠬᠡᠷ ᠤ᠋ᠨ ᠬᠥᠮᠦᠰ ᠲᠠᠢ ᠪᠠᠨ ᠬᠠᠷᠢᠯᠴᠠᠭ᠎ᠠ ᠲᠠᠰᠤᠷᠠᠳᠠᠭ᠃ ᠬᠢᠯᠢ ᠶ᠋ᠢᠨ ᠨᠢᠭᠡᠳᠦᠭᠡᠷ ᠹᠷᠣᠨᠲ ᠲᠦ᠍ ᠴᠢᠮᠡᠭᠡ ᠬᠣᠯᠪᠣᠭ᠎ᠠ᠎ᠵᠢᠨ 〈ᠭᠤᠷᠪᠠᠨ ᠲᠤᠤᠷ〉 (ᠨᠡᠭᠦᠳᠡᠯ ᠬᠤᠯᠪᠤᠭ᠎ᠠ᠂ ᠨᠢᠭᠡᠳᠦᠭᠰᠡᠨ ᠬᠤᠯᠪᠤᠭ᠎ᠠ᠂ ᠴᠠᠬᠢᠯᠭᠠᠨ ᠬᠤᠯᠪᠤᠭ᠎ᠠ ᠶ᠋ᠢᠨ ᠲᠤᠤᠷ) ᠢ᠋ ᠪᠦᠬᠦᠨ ᠢ᠋ ᠪᠥᠷᠬᠥᠭᠦᠯᠦᠭᠰᠡᠨ ᠤ᠋ ᠳᠠᠷᠠᠭ᠎ᠠ᠂ ᠪᠦᠬᠦ ᠬᠢᠯᠢ ᠶ᠋ᠢᠨ ᠱᠤᠭᠤᠮ ᠳ᠋ᠤ ᠭᠠᠷ ᠤᠲᠠᠰᠤᠨ᠎ᠤ ᠲᠤᠬᠢᠶ᠎ᠠ ᠲᠠᠢ ᠪᠤᠯᠵᠦ᠂ ᠴᠠᠬᠳᠠᠨ ᠪᠠᠶ᠋ᠢᠴᠠᠭᠠᠬᠤ ᠵᠠᠮ ᠵᠠᠭᠤᠷ᠎ᠠ ᠬᠢᠯᠢ ᠶ᠋ᠢᠨ ᠵᠢᠷᠤᠭ ᠳᠦᠷᠰᠦ ᠵᠢ ᠴᠠᠭ ᠲᠤᠬᠠᠶ ᠳ᠋ᠤᠨᠢ ᠳᠠᠮᠵᠢᠭᠤᠯᠵᠤ᠂ ᠬᠡᠮ ᠰᠣᠭᠣᠭ ᠢ᠋ ᠰᠦᠯᠵᠢᠶᠡᠨ ᠳᠡᠭᠡᠷ᠎ᠡ ᠮᠡᠳᠡᠭᠦᠯᠦᠨ ᠳᠠᠩᠰᠠᠯᠠᠭᠤᠯᠵᠤ᠂ ᠮᠠᠯ ᠬᠠᠷᠢᠭᠤᠯᠬᠤ᠂ ᠵᠢᠵᠢᠭᠦᠷᠯᠡᠨ ᠰᠠᠬᠢᠬᠤ᠂ ᠬᠡᠷ᠎ᠲᠡᠬᠡᠨ ᠰᠠᠭᠤᠬᠤ ᠳ᠋ᠤ ᠴᠠᠭ ᠢᠮᠠᠭᠲᠠ ᠰᠠᠭᠠᠳ ᠥᠬᠡᠶ ᠨᠡᠪᠲᠡᠷᠡᠯᠴᠡᠬᠦ ᠪᠤᠯᠵᠦ᠂ ᠪᠢᠳᠡᠨ ᠤ᠋ ᠬᠢᠯᠢ ᠬᠢᠵᠠᠭᠠᠷ ᠲᠦ᠍ ᠨᠤᠲᠤᠬᠰᠢᠵᠤ ᠨᠤᠲᠤᠭ ᠳᠡᠪᠢᠰᠬᠡᠷ ᠢ᠋ᠶ᠋ᠡᠨ ᠰᠠᠬᠢᠨ ᠬᠠᠮᠠᠭᠠᠯᠠᠬᠤ ᠢᠲᠡᠭᠡᠯ ᠵᠣᠷᠢᠭ ᠢ᠋ ᠨᠠᠩ ᠬᠥᠪᠴᠢᠯᠡᠪᠡ》 ᠭᠡᠵᠦ 74 ᠺᠢᠯᠣᠮᠧᠲ᠋ᠷ ᠤ᠋ᠨ ᠬᠢᠯᠢ᠎ᠵᠢᠨ ᠱᠤᠭᠤᠮ᠎ᠤᠨ ᠬᠡᠰᠡᠭ᠎ᠢ ᠤᠳᠠᠭᠠᠨ ᠵᠢᠯ ᠵᠢᠡᠷ ᠰᠠᠬᠢᠨ ᠬᠠᠮᠠᠭᠠᠯᠠᠵᠤ ᠪᠠᠢᠭ᠎ᠠ ᠬᠢᠯᠢ ᠬᠠᠮᠠᠭᠠᠯᠠᠭᠴᠢ ᠵᠢᠪᠬᠤᠯᠠᠩ ᠬᠢᠯᠢ ᠶ᠋ᠢᠨ ᠨᠢᠭᠡᠳᠦᠭᠡᠷ ᠹᠷᠣᠨᠲ ᠲᠦ᠍ ᠴᠢᠮᠡᠭᠡ ᠬᠣᠯᠪᠣᠭ᠎ᠠ᠎ᠵᠢᠨ 《ᠭᠤᠷᠪᠠᠨ ᠲᠤᠤᠷ》 ᠨᠡᠶ᠋ᠢᠳᠡᠮ ᠪᠥᠷᠬᠦᠭᠦᠯᠦᠭᠰᠡᠨ ᠡᠴᠡ ᠴᠠᠬᠳᠠᠨ ᠪᠠᠢᠴᠠᠭᠠᠬᠤ ᠠᠵᠢᠯ ᠳ᠋ᠤ ᠦᠵᠡᠬᠦᠯᠵᠤ ᠪᠦᠬᠦᠢ ᠲᠤᠰᠠ ᠲᠡᠮ᠎ᠢ᠋ ᠶᠠᠷᠢᠵᠤ ᠭᠠᠷᠤᠯ᠎ᠠ᠃

ᠠᠯᠠᠱᠠ ᠠᠶ᠋ᠢᠮᠠᠭ ᠤ᠋ᠨ ᠬᠢᠯᠢ ᠶ᠋ᠢᠨ ᠱᠤᠭᠤᠮ ᠤᠷᠲᠤ ᠪᠦᠭᠡᠳ ᠥᠷᠭᠡᠨ ᠠᠭᠤᠳᠠᠮ᠂ ᠭᠣᠪᠢ ᠨᠤᠲᠤᠭ ᠡᠯᠡᠰᠦᠨ ᠴᠦᠯ ᠰᠤᠯᠪᠢᠴᠠᠨ᠂ ᠭᠠᠵᠠᠷ ᠠᠭᠤᠳᠠᠮ ᠬᠥᠮᠦᠨ ᠠᠮᠠ ᠰᠡᠢᠷᠡᠭ᠂ ᠦᠷᠳᠡᠭᠡ ᠴᠡᠭ ᠲᠠᠷᠠᠬᠠᠢ ᠪᠤᠲᠠᠷᠬᠠᠢ ᠪᠠᠢᠷᠢᠰᠢᠵᠦ᠂ ᠴᠢᠮᠡᠭᠡ ᠬᠣᠯᠪᠣᠭ᠎ᠠ᠎ᠵᠢᠨ ᠰᠠᠭᠤᠷᠢ ᠲᠥᠬᠥᠭᠡᠷᠦᠮᠵᠢ ᠨᠢ ᠢᠮᠠᠬᠳᠠ ᠬᠢᠯᠢ ᠬᠢᠵᠠᠭᠠᠷ ᠤ᠋ᠨ ᠬᠥᠭᠵᠢᠯᠲᠡ ᠶ᠋ᠢᠨ ᠲᠤᠪᠤᠢ᠌ᠮ᠎ᠠ ᠨᠢᠭᠡᠨ ᠳᠤᠲᠠᠭᠤᠳᠠᠯ ᠪᠤᠯᠵᠦ ᠪᠠᠢᠪᠠ᠃ ᠡᠭᠦᠨ ᠡᠴᠡ ᠡᠮᠦᠨ᠎ᠡ᠂ ᠬᠢᠯᠢ ᠳᠠᠭᠠᠤ ᠶ᠋ᠢᠨ ᠰᠠᠭᠤᠷᠢ ᠥᠷᠲᠡᠭᠡ ᠴᠥᠭᠡᠨ᠂ ᠰᠦᠯᠵᠢᠶ᠎ᠡ ᠲᠠᠰᠤᠯᠳᠠᠵᠤ᠂ ᠬᠢᠯᠢ ᠬᠠᠮᠠᠭᠠᠯᠠᠭᠴᠢ ᠴᠠᠭᠳᠠᠨ ᠪᠠᠢᠴᠠᠭᠠᠬᠤ ᠵᠠᠮ ᠵᠠᠭᠤᠷ᠎ᠠ ᠪᠠᠨ ᠲᠦᠭᠰᠢᠭᠦᠷᠢᠲᠦ᠍ ᠪᠠᠶ᠋ᠢᠳᠠᠯ ᠎ᠤᠨ ᠮᠡᠳᠡᠭᠦᠯᠦᠯᠳᠡ ᠬᠢᠬᠦ᠂ ᠮᠠᠯᠴᠢᠳ ᠮᠠᠯ ᠬᠠᠷᠢᠭᠤᠯᠬᠤ ᠳ᠋ᠠᠭᠠᠨ ᠬᠡᠷ ᠤ᠋ᠨ ᠬᠥᠮᠦᠰ ᠲᠠᠢ ᠪᠠᠨ ᠬᠠᠷᠢᠯᠴᠠᠬᠤ᠂ ᠭᠠᠴᠠᠭ᠎ᠠ ᠲᠤᠰᠬᠤᠨ ᠰᠦᠯᠵᠢᠶᠡᠨ ᠳᠡᠭᠡᠷ᠎ᠡ ᠮᠠᠯᠴᠢᠨ ᠲᠠᠷᠢᠶᠠᠴᠢᠨ ᠳ᠋ᠤ ᠠᠰᠢᠭ ᠬᠦᠷᠲᠡᠭᠡᠬᠦ᠌ ᠲᠤᠬᠠᠶ᠋ᠢᠯᠠᠭᠰᠠᠨ ᠠᠵᠢᠯ ᠢ᠋ ᠭᠦᠢᠴᠡᠳᠭᠡᠬᠦ ᠳ᠋ᠡᠭᠡᠨ ᠴᠥᠮ ᠬᠡᠳᠦᠨ ᠺᠢᠯᠣᠮᠧᠲ᠋ᠷ ᠠᠶᠠᠯᠠᠨ ᠥᠨᠳᠥᠷ ᠭᠠᠵᠠᠷ ᠡᠷᠢᠮᠠᠨᠵᠢᠨ ᠰᠠᠶᠢ ᠤᠲᠠᠰᠤ ᠨᠡᠪᠲᠡᠷᠡᠵᠦ᠍ ᠲᠡᠢᠯᠳᠡᠭ᠃ ᠡᠨᠡ ᠨᠢ᠂ ᠬᠢᠯᠢ ᠲᠡᠭᠡᠷ᠎ᠡ ᠪᠠᠶ᠋ᠢᠩᠭᠤ ᠰᠠᠭᠤᠭ᠎ᠠ ᠣᠯᠠᠨ ᠲᠦᠮᠡᠨ ᠤ᠋ ᠦᠢᠯᠡᠳᠪᠦᠷᠢᠯᠡᠯ ᠠᠮᠢᠳᠤᠷᠠᠯ ᠳ᠋ᠤ ᠮᠠᠰᠢ ᠣᠯᠠᠨ ᠳᠥᠭᠥᠮ ᠪᠤᠰᠤ ᠪᠠᠶ᠋ᠢᠳᠠᠯ ᠢ᠋ ᠠᠪᠴᠢᠷᠠᠭᠰᠠᠨ ᠢ᠋ᠶ᠋ᠡᠷ ᠪᠠᠷᠠᠬᠤ ᠥᠬᠡᠶ᠂ ᠨᠠᠩ ᠴᠤ᠌ ᠬᠢᠯᠢ ᠶ᠋ᠢᠨ ᠬᠠᠮᠢᠶᠠᠷᠤᠯᠲᠠ ᠡᠵᠡᠮᠳᠡᠯ᠂ ᠪᠠᠴᠢᠮ ᠪᠠᠶ᠋ᠢᠳᠠᠯ ᠢ᠋ ᠠᠷᠭᠠᠴᠠᠭᠠᠨ ᠰᠢᠢᠳᠪᠦᠷᠢᠯᠡᠬᠦ᠂ ᠬᠢᠯᠢ ᠬᠢᠵᠠᠭᠠᠷ ᠢ᠋ ᠬᠦᠭᠵᠢᠭᠦᠯᠵᠦ ᠠᠷᠠᠳ ᠢ᠋ ᠪᠠᠶᠠᠵᠢᠭᠤᠯᠬᠤ ᠡᠯ᠎ᠡ ᠵᠦᠢᠯ ᠤ᠋ᠨ ᠠᠵᠢᠯ ᠢ᠋ ᠠᠬᠢᠭᠤᠯᠬᠤ᠎ᠳᠤ ᠰᠠᠭᠠᠳ ᠪᠤᠯᠵᠦ ᠪᠠᠶ᠋ᠢᠪᠠ᠃

ᠵᠠᠰᠠᠭ᠎ᠤᠨ ᠠᠵᠢᠯ᠎ᠤᠨ ᠪᠦᠳᠤᠮᠵᠢ᠎ᠵᠢᠨ ᠲᠤᠬᠠᠢ ᠵᠦᠪ ᠦᠵᠡᠯᠳᠠ᠎ᠵᠢ ᠪᠤᠢ ᠪᠤᠯᠭᠠᠨ ᠦᠢᠯᠡᠳᠤᠯᠭᠡᠵᠢᠬᠦᠯᠬᠦ᠌ ᠰᠤᠷᠤᠯᠴᠠᠯᠭ᠎ᠠ ᠬᠥᠮᠦᠵᠢᠯ ᠳ᠋ᠤ᠂ ᠠᠯᠠᠱᠠ ᠠᠶ᠋ᠢᠮᠠᠭ᠎ᠤᠨ ᠬᠢᠨ ᠬᠢᠯᠢ ᠬᠢᠵᠠᠭᠠᠷ ᠤᠷᠤᠨ᠎ᠤ ᠤᠯᠠᠨ ᠲᠦᠮᠡᠨ᠂ ᠬᠢᠯᠢ ᠬᠢᠵᠠᠭᠠᠷ ᠢ᠋ ᠬᠠᠮᠠᠭᠠᠯᠠᠬᠤ ᠬᠥᠮᠦᠰ ᠤ᠋ᠨ ᠪᠣᠳᠠᠲᠠᠢ ᠬᠦᠴᠢᠷ ᠠᠰᠠᠭᠤᠳᠠᠯ ᠢ᠋ ᠰᠢᠢᠳᠪᠦᠷᠢᠯᠡᠬᠦ ᠵᠢ ᠵᠠᠰᠠᠭ᠎ᠤᠨ ᠠᠵᠢᠯ ᠤ᠋ᠨ ᠪᠦᠳᠤᠮᠵᠢ ᠵᠢ ᠰᠢᠯᠭᠠᠬᠤ 《ᠰᠢᠯᠭᠠᠭᠤᠷ》 ᠪᠣᠯᠭᠠᠪᠠ᠃ ᠬᠢᠯᠢ ᠬᠢᠵᠠᠭᠠᠷ ᠤᠷᠤᠨ᠎ᠤ ᠴᠢᠮᠡᠭᠡ ᠬᠣᠯᠪᠣᠭ᠎ᠠ᠎ᠵᠢᠨ ᠳᠤᠲᠠᠭᠤᠳᠠᠯ ᠢ᠋ ᠦᠨᠡᠨ ᠬᠦ᠌ ᠨᠥᠬᠥᠪᠥᠷᠢᠯᠡᠵᠦ᠍᠂ ᠬᠢᠯᠢ ᠬᠢᠵᠠᠭᠠᠷ ᠤᠷᠤᠨ᠎ᠤ ᠬᠥᠭᠵᠢᠯᠲᠡ ᠶ᠋ᠢᠨ ᠰᠠᠭᠤᠷᠢ ᠵᠢ ᠪᠡᠬᠢᠵᠢᠭᠦᠯᠬᠦ᠌ ᠶ᠋ᠢᠨ ᠲᠥᠯᠥᠭᠡ᠂ ᠲᠤᠰ ᠠᠶ᠋ᠢᠮᠠᠭ ᠤ᠋ᠨ ᠬᠢᠨ ᠬᠢᠯᠢ ᠬᠢᠵᠠᠭᠠᠷ᠎ᠤᠷᠤᠨ᠎ᠤ ᠴᠢᠮᠡᠭᠡ ᠬᠣᠯᠪᠣᠭ᠎ᠠ᠎ᠵᠢᠨ ᠶᠠᠰᠤ ᠴᠢᠨᠠᠷ ᠢ᠋ ᠳᠡᠭᠡᠭᠰᠢᠯᠡᠭᠦᠯᠬᠦ᠌ ᠵᠢ 《ᠤᠰᠤ ᠴᠠᠬᠢᠯᠭᠠᠨ ᠵᠠᠮ ᠴᠢᠮᠡᠭᠡ ᠬᠣᠯᠪᠣᠭ᠎ᠠ》 ᠵᠢ ᠨᠢᠭᠡ ᠴᠤᠬᠴᠠᠵᠢᠭᠤᠯᠬᠤ ᠭᠤᠷᠪᠠᠨ ᠵᠢᠯ ᠤ᠋ᠨ ᠠᠵᠢᠯᠯᠠᠭ᠎ᠠ ᠶ᠋ᠢᠨ ᠭᠣᠣᠯᠳᠠᠯᠭ᠎ᠠ ᠲᠠᠢ ᠠᠷᠠᠳ ᠤ᠋ᠨ ᠠᠮᠢᠳᠤᠷᠠᠯ ᠤ᠋ᠨ ᠡᠭᠦᠷᠭᠡ ᠳ᠋ᠤ ᠣᠷᠣᠭᠤᠯᠵᠤ᠂ ᠮᠡᠳᠡᠭᠡ ᠵᠠᠩᠭᠢ ᠵᠢ ᠰᠠᠭᠠᠳ ᠦᠭᠡᠢ ᠨᠡᠪᠲᠡᠷᠡᠭᠦᠯᠬᠦ ᠪᠡᠷ ᠵᠣᠷᠢᠭ ᠰᠢᠭᠤᠳᠪᠠ᠃

ᠠᠯᠠᠱᠠ ᠠᠶ᠋ᠢᠮᠠᠭ ᠤ᠋ᠨ ᠬᠢᠨ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠲᠥᠯᠥᠪᠵᠢᠭᠦᠯᠬᠦ᠂ ᠵᠠᠰᠠᠭ ᠤ᠋ᠨ ᠤᠷᠳᠤᠨ ᠠᠵᠤ ᠠᠬᠤᠶ᠋ᠢᠯᠠᠯ ᠬᠠᠮᠵᠢᠯᠴᠠᠬᠤ ᠵᠢ ᠪᠠᠷᠢᠮᠲᠠᠯᠠᠵᠤ᠂ 《ᠡᠳ᠋ ᠤ᠋ᠨ ᠵᠠᠰᠠᠭ ᠤ᠋ᠨ ᠢᠵᠢ ᠪᠦᠷᠢᠳᠦᠭᠦᠯᠬᠦ᠌ + ᠠᠵᠤ ᠠᠬᠤᠶ᠋ᠢᠯᠠᠯ ᠥᠪᠡᠰᠦᠪᠡᠨ ᠴᠤᠭᠯᠠᠭᠤᠯᠬᠤ》 ᠪᠡᠯᠡ ᠮᠦᠨᠭᠭᠦ ᠴᠤᠬᠯᠠᠭᠤᠯᠬᠤ ᠵᠠᠭᠪᠤᠷ᠎ᠤᠨ ᠰᠢᠨ᠎ᠡ ᠵᠢ ᠡᠭᠦᠳᠴᠦ᠍᠂ ᠨᠡᠶ᠋ᠢᠲᠡ 912 ᠲᠦᠮᠡᠨ ᠲᠥᠭᠥᠷᠢᠭ ᠤ᠋ᠨ ᠪᠠᠯᠠ ᠣᠷᠣᠭᠤᠯᠤᠨ ᠬᠢᠯᠢ ᠳ᠋ᠤ ᠴᠢᠮᠡᠭᠡ ᠬᠤᠯᠪᠤᠭ᠎ᠠ᠎ᠵᠢᠨ 《ᠭᠤᠷᠪᠠᠨ ᠲᠤᠤᠷ》 ᠢ᠋ ᠪᠦᠷᠬᠦᠬᠦᠯᠬᠦ ᠢᠨᠵᠧᠨᠧᠷᠢᠩ ᠢ᠋ ᠲᠤᠰᠬᠠᠶ ᠲᠥᠷᠦᠯ ᠢ᠋ᠶ᠋ᠡᠷ ᠠᠬᠢᠭᠤᠯᠪᠠ᠃ ᠲᠥᠷᠥᠯ ᠵᠦᠢᠯ ᠢ᠋ ᠬᠡᠷᠡᠭᠵᠢᠭᠦᠯᠬᠦ᠌ ᠡᠴᠡ ᠡᠮᠦᠨ᠎ᠡ᠂ ᠬᠢᠯᠢ ᠶ᠋ᠢᠨ ᠨᠢᠭᠡᠳᠦᠭᠡᠷ ᠹᠷᠣᠨᠲ ᠲᠦ᠍ ᠵᠦᠪᠬᠡᠨ 12ᠰᠠᠭᠤᠷᠢ 4G ᠶ᠋ᠢᠨ ᠰᠠᠭᠤᠷᠢ ᠥᠷᠲᠡᠭᠡ ᠲᠠᠢ ᠪᠠᠢᠪᠠ᠃ ᠪᠥᠲᠥᠭᠡᠨ ᠪᠠᠶ᠋ᠢᠭᠤᠯᠤᠯᠲᠠ ᠶ᠋ᠢᠨ ᠳᠤᠮᠳᠠ᠂ ᠨᠡᠭᠦᠳᠡᠯ ᠬᠣᠯᠪᠣᠭ᠎ᠠ᠂ ᠨᠢᠭᠡᠳᠦᠭᠰᠡᠨ ᠬᠣᠯᠪᠣᠭ᠎ᠠ᠂ ᠴᠠᠬᠢᠯᠭᠠᠨ ᠬᠣᠯᠪᠣᠭ᠎ᠠ ᠵᠡᠷᠭᠡ ᠭᠤᠷᠪᠠᠨ ᠲᠣᠮᠣ ᠡᠵᠡᠩᠨᠡᠯᠲᠡ ᠶ᠋ᠢᠨ ᠬᠤᠳᠠᠯᠳᠤᠭᠠᠴᠢᠨ ᠨᠢᠭᠡᠳᠦᠯᠲᠡᠶ ᠲᠥᠯᠥᠪᠵᠢᠭᠦᠯᠵᠦ᠍᠂ ᠵᠡᠷᠭᠡ ᠪᠡᠷ ᠪᠠᠷᠢᠯᠭ᠎ᠠ ᠡᠬᠢᠯᠡᠭᠦᠯᠵᠦ᠂ ᠪᠠᠷᠢᠯᠭ᠎ᠠ ᠶ᠋ᠢᠨ ᠠᠡᠭᠭᠢ ᠰᠠᠯᠬᠢ ᠡᠯᠡᠰᠦ ᠶᠡᠬᠡ᠂ ᠡᠳ᠋ ᠪᠣᠳᠠᠰ ᠤ᠋ᠨ ᠲᠡᠭᠡᠭᠡᠪᠦᠷᠢ ᠬᠣᠯᠠ᠂ ᠭᠠᠵᠠᠷ ᠤ᠋ᠨ ᠪᠠᠶ᠋ᠢᠴᠠ ᠪᠤᠳᠤᠯᠢᠶᠠᠨᠲᠠᠶ ᠵᠡᠷᠭᠡ ᠠᠯᠢ ᠣᠯᠠᠨ ᠬᠦᠴᠢᠷ ᠠᠰᠠᠭᠤᠳᠠᠯ ᠢ᠋ ᠢᠯᠡᠨ ᠳᠠᠪᠠᠵᠤ᠂ ᠪᠥᠬᠥ᠌ ᠱᠤᠭᠤᠮ᠎ᠳᠦ ᠲᠤᠤᠷ ᠰᠦᠯᠵᠢᠶᠡᠨ ᠤ᠋ ᠳᠣᠬᠢᠶ᠎ᠠ ᠵᠢ ᠪᠦᠷᠬᠦᠭᠦᠯᠬᠦ᠌ ᠡᠭᠦᠷᠭᠡ ᠵᠢ ᠬᠡᠳᠦᠬᠡᠨ ᠰᠠᠷ᠎ᠠ ᠶ᠋ᠢᠨ ᠳᠣᠲᠣᠷ᠎ᠠ ᠪᠡᠶᠡᠯᠡᠭᠦᠯᠵᠦ᠍᠂ 38 ᠪᠠᠷᠢᠮᠵᠢᠶᠠᠵᠢᠭᠰᠠᠨ ᠰᠠᠭᠤᠷᠢ ᠥᠷᠲᠡᠭᠡ ᠵᠢ ᠰᠢᠨ᠎ᠡ ᠪᠡᠷ ᠪᠠᠶ᠋ᠢᠭᠤᠯᠵᠤ᠂ 44 ᠨᠥᠭᠡᠴᠡ ᠥᠷᠲᠡᠭᠡ ᠴᠡᠭ ᠢ᠋ ᠠᠰᠢᠭᠯᠠᠯᠳᠠ᠎ᠳᠤ ᠤᠷᠤᠭᠤᠯᠤᠨ ᠬᠠᠮᠲᠤ ᠪᠡᠷ ᠡᠳ᠋ᠯᠡᠵᠦ᠍᠂ ᠰᠠᠭᠤᠷᠢ ᠥᠷᠲᠡᠭᠡᠨ ᠤ᠋ ᠡᠬᠢ ᠪᠠᠶᠠᠯᠢᠭ ᠢ᠋ ᠬᠠᠮᠲᠤ ᠪᠡᠷ ᠪᠠᠶ᠋ᠢᠭᠤᠯᠵᠤ ᠬᠠᠮᠲᠤ ᠪᠡᠷ ᠬᠡᠷᠡᠭᠯᠡᠬᠦ᠌᠂ ᠲᠤᠤᠷ ᠰᠦᠯᠵᠢᠶᠡᠨ ᠤ᠋ ᠳᠣᠬᠢᠶ᠎ᠠ ᠵᠢ ᠪᠥᠬᠥ᠌ ᠤᠷᠤᠨ ᠪᠦᠰᠡ ᠳ᠋ᠤ ᠬᠠᠷᠢᠯᠴᠠᠨ ᠨᠡᠪᠲᠡᠷᠡᠭᠦᠯᠬᠦ᠌ ᠵᠢ ᠪᠡᠶᠡᠯᠡᠭᠦᠯᠪᠡ᠃

ᠡᠨᠡ ᠵᠢᠯ ᠤ᠋ᠨ 6 ᠰᠠᠷ᠎ᠠ ᠶ᠋ᠢᠨ 26 ᠤ᠋ ᠡᠳᠦᠷ᠂ ᠭᠣᠪᠢ ᠨᠤᠲᠤᠭ ᠤ᠋ᠨ ᠬᠠᠮᠤᠭ᠎ᠤᠨ ᠰᠡᠭᠦᠯᠴᠢ ᠶ᠋ᠢᠨ ᠴᠢᠮᠡᠭᠡ ᠬᠣᠯᠪᠣᠭ᠎ᠠ᠎ᠵᠢᠨ ᠲᠤᠬᠢᠶ᠎ᠠ ᠦᠭᠡᠢ ᠣᠷᠣᠨ ᠳ᠋ᠤ ᠳᠣᠬᠢᠶ᠎ᠠ ᠨᠡᠪᠲᠡᠷᠡᠭᠦᠯᠬᠦ᠌ ᠵᠢ ᠳᠠᠭᠠᠯᠳᠤᠨ᠂ ᠲᠣᠰ ᠠᠶ᠋ᠢᠮᠠᠭ ᠤ᠋ᠨ ᠬᠢᠯᠢ ᠶ᠋ᠢᠨ ᠨᠢᠭᠡᠳᠦᠭᠡᠷ ᠹᠷᠣᠨᠲ ᠤ᠋ᠨ ᠴᠢᠮᠡᠭᠡ ᠬᠣᠯᠪᠣᠭᠠᠨ ᠤ᠋《ᠭᠤᠷᠪᠠᠨ ᠲᠤᠤᠷ》 ᠢ᠋ ᠵᠡᠷᠭᠡ᠎ᠪᠡᠷ ᠪᠦᠷᠬᠦᠭᠦᠯᠬᠦ᠌ ᠲᠥᠷᠥᠯ ᠵᠦᠢᠯ᠎ᠤᠨ ᠠᠵᠢᠯ ᠤᠷᠤᠭᠰᠢᠲᠠᠢ ᠳᠠᠭᠤᠰᠴᠤ᠌᠂ ᠪᠥᠬᠥ᠌ ᠠᠶ᠋ᠢᠮᠠᠭ ᠤ᠋ᠨ 735 ᠺᠢᠯᠣᠮᠧᠲ᠋ᠷ ᠤ᠋ᠨ ᠬᠢᠯᠢ ᠶ᠋ᠢᠨ ᠱᠤᠭᠤᠮ ᠳ᠋ᠤ ᠨᠡᠭᠦᠳᠡᠯ ᠬᠣᠯᠪᠣᠭ᠎ᠠ᠂ ᠨᠢᠭᠡᠳᠦᠭᠰᠡᠨ ᠬᠣᠯᠪᠣᠭ᠎ᠠ᠂ ᠴᠠᠬᠢᠯᠭᠠᠨ ᠬᠣᠯᠪᠣᠭ᠎ᠠ ᠵᠡᠷᠭᠡ ᠭᠤᠷᠪᠠᠨ ᠡᠵᠡᠩᠨᠡᠯᠲᠡ ᠶ᠋ᠢᠨ ᠬᠤᠳᠠᠯᠳᠤᠭᠠᠴᠢᠨ ᠤ᠋ ᠳᠣᠬᠢᠶ᠎ᠠ ᠵᠢ ᠪᠥᠬᠥ᠌ ᠬᠡᠪᠴᠢᠶᠡᠨ ᠳ᠋ᠤ ᠨᠡᠪᠲᠡᠷᠡᠭᠦᠯᠵᠦ᠍᠂ ᠬᠢᠯᠢ ᠬᠢᠵᠠᠭᠠᠷ ᠤᠷᠤᠨ᠎ᠤ ᠲᠤᠤᠷ ᠰᠦᠯᠵᠢᠶᠡᠨ ᠤ᠋ ᠪᠦᠷᠬᠦᠯᠲᠡ ᠶ᠋ᠢᠨ ᠪᠠᠭᠤᠷᠠᠶ ᠪᠠᠶ᠋ᠢᠳᠠᠯ ᠢ᠋ ᠲᠤᠶ᠋ᠢᠯᠪᠤᠷᠢᠲᠠᠶ ᠬᠤᠪᠢᠷᠠᠭᠤᠯᠵᠤ᠂ ᠥᠪᠥᠷ ᠮᠣᠩᠭᠣᠯ ᠤ᠋ᠨ ᠠᠨᠭᠬᠠᠨ᠎ᠤ ᠬᠢᠯᠢ ᠶ᠋ᠢᠨ ᠨᠢᠭᠡᠳᠦᠭᠡᠷ ᠹᠷᠣᠨᠲ ᠲᠦ᠍ ᠴᠢᠮᠡᠭᠡ ᠬᠤᠯᠪᠤᠭᠠᠨ ᠤ᠋ 《ᠭᠤᠷᠪᠠᠨ ᠲᠤᠤᠷ》 ᠢ᠋ ᠪᠦᠬᠦᠨ ᠢ᠋ ᠪᠦᠷᠬᠦᠭᠦᠯᠦᠭᠰᠡᠨ ᠠᠶ᠋ᠢᠮᠠᠭ ᠬᠣᠲᠠ ᠪᠣᠯᠪᠠ᠃

ᠪᠠᠯᠠ ᠮᠥᠩᠭᠥ᠌᠂ ᠡᠬᠢ ᠪᠠᠶᠠᠯᠢᠭ ᠢ᠋ ᠣᠯᠠᠨ ᠲᠦᠮᠡᠨ᠎ᠳᠤ ᠬᠠᠮᠤᠭ ᠤ᠋ᠨ ᠪᠠᠴᠢᠮ ᠱᠠᠭᠠᠷᠳᠠᠬᠳᠠᠬᠤ ᠴᠡᠭ ᠲᠦ᠍ ᠤᠷᠤᠭᠤᠯᠤᠬᠰᠠᠨ ᠡᠨᠡ ᠬᠦ᠌ ᠠᠷᠠᠳ ᠤ᠋ᠨ ᠠᠮᠢᠳᠤᠷᠠᠯ ᠤ᠋ᠨ ᠢᠨᠵᠧᠨᠧᠷᠢᠩ ᠨᠢ ᠬᠡᠳᠦᠨ ᠮᠢᠩᠭᠠᠨ ᠬᠢᠯᠢ ᠶ᠋ᠢᠨ ᠠᠷᠠᠳ᠂ ᠬᠢᠯᠢ ᠬᠠᠮᠠᠭᠠᠯᠠᠭᠴᠢ᠂ ᠬᠢᠯᠢ ᠶ᠋ᠢᠨ ᠬᠠᠮᠠᠭᠠᠯᠠᠯᠲᠠ ᠶ᠋ᠢᠨ ᠴᠡᠷᠢᠭ ᠴᠠᠬᠳᠠᠭ᠎ᠠ ᠳ᠋ᠤ ᠴᠢᠮᠡᠭᠡ ᠬᠤᠯᠪᠤᠭ᠎ᠠ ᠶ᠋ᠢᠨ ᠳᠦᠭᠦᠮ ᠳᠦᠲᠡ ᠵᠢ ᠠᠪᠴᠢᠷᠠᠨ ᠦᠭᠭᠦᠭᠰᠡᠨ ᠢ᠋ᠶ᠋ᠡᠷ ᠪᠠᠷᠠᠬᠤ ᠦᠭᠡᠢ᠂ ᠲᠣᠰ ᠠᠶ᠋ᠢᠮᠠᠭ ᠤ᠋ᠨ ᠬᠢᠯᠢ ᠵᠢ ᠲᠤᠬᠲᠠᠭᠤᠨ ᠪᠠᠢᠯᠭᠠᠬᠤ ᠬᠢᠯᠢ ᠬᠢᠵᠠᠭᠠᠷ ᠢ᠋ ᠪᠡᠬᠢᠵᠢᠭᠦᠯᠬᠦ᠌᠂ ᠬᠢᠯᠢ ᠬᠢᠵᠠᠭᠠᠷ ᠢ᠋ ᠬᠦᠭᠵᠢᠭᠦᠯᠦᠨ ᠠᠷᠠᠳ ᠢ᠋ᠶ᠋ᠡᠨ ᠪᠠᠶᠠᠵᠢᠭᠤᠯᠬᠤ ᠳ᠋ᠤ ᠴᠢᠮᠡᠭᠡ ᠬᠣᠯᠪᠣᠭᠠᠨ ᠤ᠋ ᠪᠠᠲᠤᠯᠠᠭ᠎ᠠ ᠶ᠋ᠢᠨ ᠰᠠᠭᠤᠷᠢ ᠵᠢ ᠪᠠᠲᠤ᠌ ᠲᠠᠯᠪᠢᠵᠤ ᠥᠭᠴᠡᠶ᠃

ᠴᠢᠮᠡᠭᠡ ᠬᠣᠯᠪᠣᠭ᠎ᠠ ᠵᠢ ᠰᠠᠭᠠᠳ ᠦᠭᠡᠢ ᠨᠡᠪᠲᠡᠷᠡᠭᠦᠯᠦᠭᠰᠡᠨ ᠨᠢ ᠬᠢᠯᠢ ᠬᠢᠵᠠᠭᠠᠷ ᠢ᠋ ᠬᠦᠭᠵᠢᠭᠦᠯᠦᠨ ᠠᠷᠠᠳ ᠢ᠋ ᠪᠠᠶᠠᠵᠢᠭᠤᠯᠬᠤ ᠬᠥᠳᠡᠯᠭᠡᠬᠦ᠌ ᠬᠦᠴᠦᠨ᠎ᠢ ᠬᠥᠭᠵᠢᠭᠡᠪᠡ᠃ ᠲᠤᠬᠲᠠᠪᠤᠷᠢᠲᠠᠢ ᠰᠦᠯᠵᠢᠶ᠎ᠡ ᠨᠢ ᠬᠢᠯᠢ ᠶ᠋ᠢᠨ ᠮᠠᠯᠴᠢᠳ ᠢ᠋ ᠬᠡᠷ ᠡᠴᠡ ᠪᠠᠨ ᠭᠠᠷᠬᠤ ᠥᠬᠡᠶ ᠪᠡᠷ ᠦᠬᠡᠷ ᠬᠣᠨᠢᠨ ᠮᠢᠬ᠎ᠠ᠂ ᠲᠡᠮᠡᠭᠡᠨ ᠤ᠋ ᠪᠦᠲᠦᠭᠡᠭᠳᠡᠬᠦᠨ ᠵᠢᠡᠨ ᠰᠦᠯᠵᠢᠶᠡᠨ ᠳᠡᠭᠡᠷ᠎ᠡ ᠪᠤᠷᠤᠯᠠᠭᠤᠯᠵᠤ ᠳᠡᠢᠯᠬᠦ ᠪᠣᠯᠭᠠᠵᠤ᠂ ᠰᠦᠯᠵᠢᠶᠡᠨ ᠳᠡᠭᠡᠷ᠎ᠡ ᠨᠥᠬᠥᠪᠥᠷᠢ ᠭᠤᠶᠤᠴᠢᠯᠠᠨ ᠮᠡᠳᠡᠭᠦᠯᠵᠦ᠍᠂ ᠡᠮ ᠡᠮᠨᠡᠯᠭᠡ ᠶ᠋ᠢᠨ ᠳᠠᠭᠠᠳᠬᠠᠯ ᠨᠡᠶ᠋ᠢᠭᠡᠮ ᠤ᠋ᠨ ᠳᠠᠭᠠᠳᠬᠠᠯ ᠤ᠋ᠨ ᠭᠠᠷ ᠭᠦᠢᠴᠡᠳᠭᠡᠯ ᠬᠢᠵᠦ ᠳᠡᠢᠯᠬᠦ ᠪᠤᠯᠭᠠᠪᠠ; ᠬᠢᠯᠢ ᠶ᠋ᠢᠨ ᠬᠠᠷᠠᠭᠤᠯ ᠤ᠋ᠨ ᠭᠠᠵᠠᠷ᠂ ᠬᠢᠯᠢ ᠶ᠋ᠢᠨ ᠴᠠᠭᠳᠠᠭᠠᠨ ᠤ᠋ ᠶᠠᠪᠤᠳᠠᠯ ᠤ᠋ᠨ ᠲᠠᠰᠤᠭ ᠨᠢ ᠪᠦᠷᠢᠨ ᠪᠦᠲᠦᠨ ᠴᠢᠮᠡᠭᠡ ᠬᠣᠯᠪᠣᠭᠠᠨ ᠤ᠋ ᠲᠤᠤᠷ ᠰᠦᠯᠵᠢᠶ᠎ᠡ ᠳ᠋ᠤ ᠲᠦᠰᠢᠭᠯᠡᠨ ᠲᠣᠭᠠᠴᠢᠯᠠᠭᠰᠠᠨ ᠴᠠᠬᠳᠠᠨ ᠪᠠᠢᠴᠠᠭᠠᠬᠤ ᠲᠠᠪᠴᠠᠩ ᠢ᠋ ᠪᠠᠶ᠋ᠢᠭᠤᠯᠵᠤ᠂ ᠬᠢᠯᠢ ᠶ᠋ᠢᠨ ᠬᠡᠮ ᠰᠣᠭᠣᠭ ᠢ᠋ ᠤᠷᠢᠳᠴᠢᠯᠠᠨ ᠰᠡᠷᠡᠮᠵᠢᠯᠡᠭᠦᠯᠬᠦ᠌᠂ ᠬᠣᠯᠪᠣᠭᠠᠯᠠᠨ ᠬᠥᠳᠡᠯᠦᠯᠴᠡᠵᠦ᠍ ᠰᠢᠢᠳᠪᠦᠷᠢᠯᠡᠬᠦ ᠦᠷ᠎ᠡ ᠪᠦᠲᠦᠮᠵᠢ ᠵᠢ ᠶᠡᠬᠡ ᠪᠡᠷ ᠳᠡᠭᠡᠭᠰᠢᠯᠡᠭᠦᠯᠵᠦ᠍᠂ ᠡᠬᠡ ᠤᠯᠤᠰ ᠤ᠋ᠨ ᠤᠮᠠᠷᠠᠲᠤ ᠶ᠋ᠢᠨ ᠠᠮᠤᠷ ᠲᠦᠪᠰᠢᠨ ᠲᠣᠭᠲᠠᠭᠤᠨ ᠤ᠋ ᠬᠠᠯᠬᠠᠪᠴᠢ ᠵᠢ ᠪᠠᠲᠤ᠌ ᠴᠣᠭᠴᠠᠯᠠᠪᠠ; ᠪᠦᠬᠦᠨ ᠢ᠋ ᠬᠠᠮᠤᠷᠤᠭᠰᠠᠨ ᠴᠢᠮᠡᠭᠡ ᠬᠣᠯᠪᠣᠭᠠᠨ ᠤ᠋ ᠲᠤᠤᠷ ᠲᠦ᠍ ᠲᠦᠰᠢᠭᠯᠡᠨ᠂ ᠪᠥᠬᠥ᠌ ᠠᠶ᠋ᠢᠮᠠᠭ ᠢ᠋ᠶ᠋ᠡᠷ ᠢ᠋ᠶ᠋ᠡᠨ ᠵᠠᠰᠠᠯᠲᠠ ᠵᠢᠨ 《ᠳᠤᠲᠠᠭᠤᠳᠠᠯ ᠢ᠋ ᠰᠠᠨᠠᠭᠠᠴᠢᠯᠠᠭᠠᠲᠤ ᠪᠤᠰᠤ ᠪᠠᠷ ᠨᠥᠬᠥᠪᠥᠷᠢᠯᠡᠵᠦ᠍》 ᠪᠠᠶ᠋ᠢᠭᠰᠠᠨ ᠡᠴᠡ 《ᠠᠷᠠᠳ ᠤ᠋ᠨ ᠠᠮᠢᠳᠤᠷᠠᠯ ᠳ᠋ᠤ ᠰᠠᠨᠠᠭᠠᠴᠢᠯᠠᠭ᠎ᠠ ᠡᠴᠡ ᠪᠠᠨ ᠠᠰᠢᠭ ᠬᠦᠷᠲᠡᠭᠡᠬᠦ᠌》 ᠪᠣᠯᠭᠠᠨ ᠬᠤᠪᠢᠷᠠᠭᠤᠯᠬᠤ ᠵᠢ ᠦᠷᠭᠦᠯᠵᠢᠯᠡᠨ ᠠᠬᠢᠭᠤᠯᠵᠤ᠂ ᠰᠠᠭᠤᠷᠢ ᠲᠥᠬᠥᠭᠡᠷᠦᠮᠵᠢ ᠶ᠋ᠢᠨ ᠪᠥᠲᠥᠭᠡᠨ ᠪᠠᠶ᠋ᠢᠭᠤᠯᠤᠯᠲᠠ ᠶ᠋ᠢᠨ ᠦᠷ᠎ᠡ ᠪᠦᠲᠦᠮᠵᠢ ᠵᠢ ᠬᠢᠯᠢ ᠬᠢᠵᠠᠭᠠᠷ ᠢ᠋ ᠲᠣᠭᠲᠠᠭᠤᠨ ᠪᠠᠢᠯᠭᠠᠬᠤ᠂ ᠬᠢᠯᠢ ᠬᠢᠵᠠᠭᠠᠷ ᠢ᠋ ᠬᠥᠭᠵᠢᠭᠦᠯᠬᠦ᠌᠂ ᠠᠷᠠᠳ ᠢ᠋ ᠪᠠᠶᠠᠵᠢᠭᠤᠯᠬᠤ ᠤᠳᠠᠭᠠᠨ ᠳᠠᠭᠠᠭᠠᠮᠠᠭᠠᠶ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠪᠠ᠃

《ᠪᠢᠳᠡ ᠲᠣᠰ ᠤᠳᠠᠭᠠᠨ ᠤ᠋ ᠴᠢᠮᠡᠭᠡ ᠬᠤᠯᠪᠤᠭ᠎ᠠ᠎ᠵᠢᠨ 〈ᠭᠤᠷᠪᠠᠨ ᠲᠤᠤᠷ〉 ᠢ᠋ ᠨᠡᠶ᠋ᠢᠳᠡᠮ ᠪᠥᠷᠬᠥᠭᠦᠯᠦᠭᠰᠡᠨ ᠵᠢᠡᠷ ᠰᠢᠨ᠎ᠡ ᠭᠠᠷᠤᠭ᠎ᠠ ᠪᠣᠯᠭᠠᠵᠤ᠂ ᠬᠢᠯᠢ ᠬᠢᠵᠠᠭᠠᠷ ᠤ᠋ᠨ 〈ᠤᠰᠤ ᠴᠠᠬᠢᠯᠭᠠᠨ ᠵᠠᠮ ᠴᠢᠮᠡᠭᠡ ᠬᠤᠯᠪᠤᠭ᠎ᠠ〉 ᠵᠢ ᠨᠢᠭᠡ ᠴᠣᠭᠴᠠᠵᠢᠭᠤᠯᠬᠤ ᠪᠥᠲᠥᠭᠡᠨ ᠪᠠᠶ᠋ᠢᠭᠤᠯᠤᠯᠲᠠ ᠶ᠋ᠢᠨ ᠦᠷ᠎ᠡ ᠪᠦᠲᠦᠮᠵᠢ᠎ᠵᠢ ᠦᠷᠭᠦᠯᠵᠢᠯᠡᠨ ᠪᠡᠬᠢᠵᠢᠭᠦᠯᠵᠦ᠍᠂ ᠨᠠᠮ ᠵᠠᠰᠠᠭ ᠴᠡᠷᠢᠭ ᠴᠠᠭᠳᠠᠭ᠎ᠠ ᠠᠷᠠᠳ ᠠᠵᠤ ᠠᠬᠤᠶ᠋ᠢᠯᠠᠯ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ᠋ ᠬᠦᠴᠦᠷᠬᠡᠭᠵᠢᠭᠦᠯᠵᠦ᠍ ᠰᠡᠷᠭᠡᠶ᠋ᠢᠯᠡᠯᠲᠡ ᠵᠢ ᠪᠡᠬᠢᠵᠢᠭᠦᠯᠬᠦ᠌ ᠲᠣᠭᠲᠠᠴᠠ ᠵᠢ ᠪᠦᠷᠢᠨᠰᠢᠭᠦᠯᠵᠦ᠍᠂ ᠬᠢᠯᠢ ᠬᠢᠵᠠᠭᠠᠷ ᠤ᠋ᠨ ᠴᠢᠮᠡᠭᠡ ᠬᠣᠯᠪᠣᠭ᠎ᠠ᠂ ᠵᠠᠮ ᠬᠠᠷᠢᠯᠴᠠᠭ᠎ᠠ᠂ ᠤᠰᠤ ᠬᠠᠩᠭᠠᠬᠤ᠂ ᠴᠠᠬᠢᠯᠭᠠᠨ ᠬᠠᠩᠭᠠᠬᠤ ᠲᠥᠬᠥᠷᠵᠢᠭᠰᠡᠨ ᠦᠢᠯᠡᠴᠢᠯᠡᠭᠡ ᠵᠢ ᠦᠷᠭᠦᠯᠵᠢᠯᠡᠨ ᠰᠢᠯᠢᠳᠡᠭᠵᠢᠭᠦᠯᠵᠦ᠍᠂ ᠣᠯᠠᠨ ᠲᠦᠮᠡᠨ ᠤ᠋ ᠰᠡᠳᠬᠢᠯ ᠬᠠᠨᠤᠮᠵᠢᠲᠠᠶ ᠪᠠᠶ᠋ᠢᠬᠤ ᠪᠡᠷ ᠦᠨᠳᠦᠰᠦᠨ ᠪᠠᠷᠢᠮᠵᠢᠶ᠎ᠠ ᠪᠣᠯᠭᠠᠨ᠂ ᠨᠠᠩ ᠣᠯᠠᠨ ᠪᠡᠶᠡᠴᠢᠯᠡᠨ ᠤᠢᠯᠠᠭᠠᠵᠤ ᠪᠤᠯᠬᠤ᠂ ᠬᠡᠮᠵᠢᠶᠡᠯᠡᠵᠦ᠍ ᠪᠣᠯᠬᠤ ᠰᠠᠭᠤᠷᠢ ᠲᠥᠬᠥᠭᠡᠷᠦᠮᠵᠢ ᠶ᠋ᠢᠨ ᠪᠣᠳᠠᠲᠠᠢ ᠠᠮᠵᠢᠯᠲᠠ ᠪᠡᠷ ᠡᠬᠡ ᠤᠯᠤᠰ ᠤ᠋ᠨ ᠤᠮᠠᠷᠠᠲᠤ᠌ ᠬᠢᠯᠢ ᠶ᠋ᠢᠨ ᠠᠮᠤᠷ ᠲᠣᠭᠲᠠᠭᠤᠨ ᠢ᠋ ᠰᠠᠬᠢᠨ ᠬᠠᠮᠠᠭᠠᠯᠠᠵᠤ᠂ ᠠᠯᠠᠱᠠ ᠠᠶ᠋ᠢᠮᠠᠭ ᠤ᠋ᠨ ᠠᠵᠤ ᠠᠬᠤᠶ ᠨᠡᠶ᠋ᠢᠭᠡᠮ ᠤ᠋ᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ》 ᠭᠡᠵᠦ᠍ ᠠᠯᠠᠱᠠ ᠠᠶ᠋ᠢᠮᠠᠭ ᠤ᠋ᠨ ᠭᠠᠳᠠᠭᠠᠳᠤ ᠶᠠᠪᠤᠳᠠᠯ ᠤ᠋ᠨ ᠠᠯᠪᠠᠨ ᠬᠡᠷ ᠤ᠋ᠨ ᠨᠠᠮ ᠤ᠋ᠨ ᠤᠳᠤᠷᠢᠳᠬᠤ ᠳᠤᠭᠤᠶ᠋ᠢᠯᠠᠩ ᠤ᠋ᠨ ᠱᠦᠵᠢ᠂ ᠡᠷᠬᠢᠯᠡᠭᠴᠢ ᠪᠤᠯᠤᠳ ᠬᠡᠯᠡᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面