2026-09-06 11:56:54
ᠦᠬᠠᠢ ᠬᠣᠲᠠ ᠤᠨᠢᠨ ᠲᠡᠬᠡᠷ᠎ᠡ ᠨᠢ ᠪᠣᠯᠪᠠᠰᠤᠷᠠᠯ ᠬᠦᠷᠳᠡᠬᠡᠵᠤ ᠣᠯᠠᠨ ᠲᠦᠮᠡᠨ᠎ᠦ ᠠᠵᠢᠯ ᠣᠯᠵᠤ ᠦᠢᠯᠡᠰ ᠪᠤᠰᠬᠠᠬᠤ ᠵᠠᠮ᠎ᠢ ᠥᠷᠭᠡᠳᠬᠡᠪᠡ
《ᠰᠦᠯᠵᠢᠶᠡᠨ᠎ᠦ ᠦᠢᠯᠡᠰ ᠪᠤᠰᠬᠠᠬᠤ ᠪᠣᠯᠪᠠᠰᠤᠷᠠᠯ᠎ᠳᠤ ᠦᠨ᠎ᠡ ᠲᠦᠯᠦᠪᠦᠷᠢ ᠦᠭᠡᠢ᠎ᠪᠡᠷ ᠣᠷᠣᠯᠴᠠᠵᠤ᠂ ᠣᠬᠣᠷ ᠸᠢᠳᠢᠤ᠋ ᠨᠠᠢᠷᠠᠭᠤᠯᠵᠤ ᠰᠡᠭᠦᠳᠡᠷᠯᠡᠬᠦ᠎ᠵᠢ ᠰᠤᠷᠤᠯᠴᠠᠨ᠂ ᠰᠦᠯᠵᠢᠶᠡᠨ ᠳᠡᠭᠡᠷᠡᠬᠢ ᠲᠠᠩᠰᠠᠨ ᠨᠣᠮᠧᠷ ᠡᠵᠡᠨᠭᠨᠡᠬᠦ ᠪᠡᠷ ᠳᠠᠮᠵᠢᠨ ᠦᠢᠯᠡᠰ ᠪᠤᠰᠬᠠᠬᠤ ᠰᠢᠨ᠎ᠡ ᠵᠠᠮ᠎ᠢ ᠨᠡᠭᠡᠭᠡᠯ᠎ᠡ᠂ ᠠᠵᠢᠯ ᠣᠯᠭᠣᠯᠲᠠ᠎ᠶᠢᠨ ᠪᠣᠯᠪᠠᠰᠤᠷᠠᠯ ᠨᠢ ᠦᠨᠡᠬᠡᠷ ᠮᠢᠨᠦ ᠬᠣᠶᠠᠳᠠᠭᠢ ᠤᠳᠠᠭ᠎ᠠ ᠵᠢᠨ ᠦᠢᠯᠡᠰ ᠪᠤᠰᠬᠠᠬᠤ ᠬᠦᠰᠡᠯ᠎ᠢ ᠪᠡᠶᠡᠯᠡᠭᠦᠯᠪᠡ!》 ᠦᠬᠠᠢ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠶᠢᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ᠎ᠦᠨ ᠥᠷᠨᠢᠭᠦᠯᠦᠭᠰᠡᠨ ᠦᠢᠯᠡᠰ ᠪᠤᠰᠬᠠᠬᠤ ᠪᠣᠯᠪᠠᠰᠤᠷᠠᠯ᠎ᠢ ᠬᠡᠯᠡᠬᠦ ᠳ᠋ᠦ᠂ ᠦᠢᠯᠡᠰ ᠪᠤᠰᠬᠠᠭᠴᠢ ᠵᠣᠣ ᡁᠢ ᠹᠧᠩ ᠦᠨᠡᠨ ᠰᠡᠳᠬᠢᠯ᠎ᠡᠴᠡ᠎ᠪᠡᠨ ᠮᠡᠳᠡᠷᠡᠵᠦ ᠪᠠᠢᠯ᠎ᠠ᠃
ᠣᠯᠠᠨ ᠵᠢᠯ᠎ᠦᠨ ᠡᠮᠦᠨ᠎ᠡ᠂ ᠵᠣᠣ ᡁᠢ ᠹᠧᠩ ᠱᠠᠨᠰᠢ ᠮᠤᠵᠢ᠎ᠡᠴᠡ ᠦᠬᠠᠢ ᠬᠣᠲᠠ᠎ᠳᠤ ᠢᠷᠡᠵᠦ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠰᠡᠯᠪᠢᠨ ᠵᠠᠰᠠᠬᠤ᠂ ᠡᠵᠡᠩᠨᠡᠨ ᠪᠣᠷᠣᠯᠠᠭᠤᠯᠬᠤ ᠠᠵᠢᠯ ᠲᠥᠷᠥᠯ᠎ᠳᠦ 17 ᠵᠢᠯ ᠠᠵᠢᠯᠯᠠᠪᠠ᠃ ᠭᠡᠲᠡᠯ᠎ᠡ ᠵᠠᠬ᠎ᠠ ᠳᠡᠯᠭᠡᠭᠦᠷ᠎ᠦᠨ ᠪᠠᠢᠳᠠᠯ ᠭᠡᠨᠡᠳᠲᠡ ᠬᠤᠪᠢᠷᠠᠵᠤ᠂ ᠲᠡᠬᠦᠨ᠎ᠤ ᠪᠤᠳᠠᠲᠤ ᠴᠤᠭᠴᠠᠵᠢᠨ ᠡᠭᠦᠳᠡᠡ ᠳᠡᠯᠭᠡᠭᠦᠷ ᠡᠭᠦᠳᠡ᠎ᠪᠡᠨ ᠬᠠᠭᠠᠭᠰᠠᠨᠤ ᠳᠠᠷᠠᠭ᠎ᠠ᠂ ᠲᠡᠷᠡ ᠨᠢᠭᠡᠨ ᠦᠶ᠎ᠡ ᠠᠵᠢᠯ ᠠᠯᠳᠠᠵᠤ ᠲᠥᠭᠡᠷᠢᠭᠳᠡᠨ᠂ ᠠᠷᠭ᠎ᠠ ᠪᠤᠰᠤ ᠰᠢᠨ᠎ᠡ ᠭᠠᠷᠬᠤ ᠵᠠᠮ᠎ᠢ ᠡᠷᠢᠯᠬᠢᠯᠡᠪᠡ᠃
ᠡᠨᠡ ᠵᠢᠯ᠂ ᠦᠬᠠᠢ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠶᠢᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ ᠡᠴᠡ ᠰᠦᠢᠳᠬᠡᠯ ᠬᠤᠷᠢᠶᠠᠬᠤ ᠦᠭᠡᠢ ᠰᠦᠯᠵᠢᠶᠡᠨ ᠳᠡᠭᠡᠷᠡᠬᠢ ᠦᠢᠯᠡᠰ ᠪᠤᠰᠬᠠᠬᠤ ᠪᠣᠯᠪᠠᠰᠤᠷᠠᠯ ᠦᠷᠨᠢᠭᠦᠯᠬᠦ ᠦᠶ᠎ᠠ ᠳ᠋ᠤ ᠵᠣᠣ ᡁᠢ ᠹᠧᠩ ᠢᠳᠡᠪᠬᠢᠲᠡᠢ᠎ᠪᠡᠷ ᠨᠡᠷ᠎ᠡ ᠮᠡᠳᠡᠭᠦᠯᠵᠡᠢ᠃ ᠣᠬᠣᠷ ᠸᠢᠳᠢᠤ᠋ ᠰᠡᠭᠦᠳᠡᠷᠯᠡᠬᠦ᠎ᠡᠴᠡ ᠠᠪᠤᠭᠠᠳ ᠲᠠᠩᠰᠠᠨ ᠨᠣᠮᠧᠷ ᠡᠵᠡᠩᠨᠡᠬᠦ ᠬᠦᠷᠲᠡᠯ᠎ᠡ᠂ ᠰᠢᠰᠲᠧᠮ᠎ᠲᠠᠢ ᠰᠤᠷᠤᠯᠴᠠᠬ᠍ᠰᠠᠨ᠎ᠡᠴᠡ ᠲᠡᠷᠡ ᠬᠤᠷᠠᠮᠳᠤᠭᠤᠯᠤᠭᠰᠠᠨ ᠠᠵᠢᠯ ᠤ᠋ᠨ ᠲᠤᠷᠰᠢᠯᠭ᠎ᠠ᠎ᠪᠠᠨ ᠰᠦᠯᠵᠢᠶᠡᠨ ᠳᠡᠭᠡᠷ᠎ᠡ ᠭᠠᠷᠭᠠᠵᠤ᠂ ᠬᠤᠪᠢ᠎ᠶᠢᠨ ᠵᠠᠭᠤᠴᠢᠯᠠᠭᠤᠷ᠎ᠤᠨ ᠦᠢᠯᠡᠰ ᠪᠣᠰᠬᠠᠬᠤ ᠵᠠᠮ᠎ᠢᠶᠠᠷ ᠵᠠᠮᠨᠠᠪᠠ᠃ ᠲᠡᠭᠦᠨ᠎ᠦ ᠡᠵᠡᠩᠨᠡᠵᠦ ᠪᠠᠢᠭ᠎ᠠ 《ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ᠎ᠵᠢ ᠰᠠᠢᠨ ᠤᠢᠯᠠᠭᠠᠳᠠᠭ ᠹᠸᠩ ᠭᠸ》 ᠬᠡᠬᠦ ᠨᠡᠷ᠎ᠡ ᠲᠠᠢ ᠪᠤᠰᠢᠭᠤ ᠭᠠᠷᠤᠨ ᠳᠠᠨᠭᠰᠠᠨ ᠨᠤᠮᠸᠷ ᠨᠢ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ᠎ᠶᠢ ᠰᠣᠩᠭᠣᠵᠤ ᠬᠤᠳᠠᠯᠳᠤᠨ ᠠᠪᠬᠤ᠂ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ ᠮᠡᠳᠡᠯᠭᠡ᠎ᠶᠢ ᠲᠤᠰᠬᠠᠢᠯᠠᠨ ᠬᠤᠪᠢᠶᠠᠯᠴᠠᠵᠤ᠂ 75 ᠡᠳᠦᠷ᠎ᠦᠨ ᠳᠣᠲᠣᠷ᠎ᠠ 1.9 ᠲᠦᠮᠡᠨ ᠬᠦᠷᠢᠶᠡᠯᠡᠭᠴᠢ᠎ᠲᠠᠢ ᠪᠣᠯᠪᠠ᠃ ᠡᠭᠦᠨ᠎ᠦ ᠵᠡᠷᠭᠡ ᠪᠡᠷ᠂ ᠠᠵᠢᠯ ᠣᠯᠭᠣᠯᠲᠠ᠎ᠶᠢᠨ ᠰᠠᠯᠠᠭ᠎ᠠ ᠮᠥᠴᠢᠷ ᠴᠤ᠌ ᠦᠢᠯᠡᠰ ᠪᠤᠰᠬᠠᠬᠤ ᠨᠥᠬᠥᠪᠦᠷᠢ ᠭᠤᠶᠤᠴᠢᠯᠠᠨ ᠠᠪᠬᠤ᠂ ᠦᠢᠯᠡᠰ ᠪᠤᠰᠬᠠᠬᠤ ᠲᠠᠯᠠᠪᠤᠷ ᠭᠠᠵᠠᠷ᠎ᠢ ᠨᠡᠪᠴᠢᠭᠦᠯᠬᠦ ᠵᠡᠷᠭᠡ ᠪᠥᠬᠥ ᠶᠠᠪᠤᠴᠠ᠎ᠳᠤ ᠦᠢᠯᠡᠴᠢᠯᠡᠭᠡ ᠬᠠᠩᠭᠠᠵᠤ᠂ ᠲᠡᠭᠦᠨ᠎ᠦ ᠦᠢᠯᠡᠰ ᠪᠤᠰᠬᠠᠬᠤ᠎ᠳᠤ ᠪᠠᠲᠤᠯᠠᠭ᠎ᠠ ᠬᠠᠩᠭᠠᠪᠠ᠃
ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠦᠮᠦᠵᠢᠯ᠎ᠢ ᠦᠷᠨᠢᠬᠦᠯᠦᠭᠰᠡᠨ᠎ᠡᠴᠡ ᠨᠠᠭᠠᠰᠢ᠂ ᠦᠬᠠᠢ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠶᠢᠨ ᠠᠵᠢᠯ ᠣᠯᠭᠣᠯᠲᠠ᠎ᠵᠢᠨ ᠦᠢᠯᠡᠴᠢᠯᠡᠭᠡᠨ᠎ᠦ ᠲᠥᠪ ᠨᠢ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠨ᠂ ᠣᠯᠠᠨ ᠲᠦᠮᠡᠨ᠎ᠦ ᠤᠷ᠎ᠠ ᠴᠢᠳᠠᠪᠤᠷᠢ ᠳᠤᠲᠠᠭᠳᠠᠵᠤ ᠪᠠᠢᠬᠤ᠂ ᠠᠵᠢᠯ ᠣᠯᠬᠤ᠎ᠳᠤ ᠬᠦᠴᠢᠷᠲᠡᠢ ᠪᠠᠢᠬᠤ᠂ ᠣᠷᠣᠯᠭ᠎ᠠ ᠳᠣᠣᠷ᠎ᠠ ᠪᠠᠢᠬᠤ ᠵᠡᠷᠭᠡ ᠠᠷᠠᠳ᠎ᠤᠨ ᠠᠮᠢᠳᠤᠷᠠᠯ᠎ᠤᠨ ᠡᠪᠡᠷᠰᠢᠶᠡᠯᠠᠰᠠᠭᠤᠳᠠᠯ ᠳ᠋ᠤ ᠠᠩᠬᠠᠷᠤᠯ᠎ᠢᠶᠠᠨ ᠲᠥᠪᠯᠡᠷᠡᠭᠦᠯᠵᠦ᠂ ᠤᠨᠢᠨ ᠲᠡᠬᠡᠷ᠎ᠡ ᠨᠢ ᠠᠵᠢᠯ ᠣᠯᠭᠣᠬᠤ ᠪᠣᠯᠪᠠᠰᠤᠷᠠᠯ᠎ᠢ ᠠᠷᠠᠳ᠎ᠲᠤ ᠠᠰᠢᠭ᠋ ᠬᠦᠷᠲᠡᠭᠡᠨ ᠠᠷᠠᠳ᠎ᠢ ᠪᠠᠶᠠᠵᠢᠭᠤᠯᠬᠤ᠎ᠶᠢᠨ ᠭᠣᠣᠯ ᠭᠠᠷᠳᠡᠴᠡ ᠪᠣᠯᠭᠠᠨ᠂ ᠤᠷ᠎ᠠ ᠴᠢᠳᠠᠪᠤᠷᠢ᠎ᠵᠢ ᠳᠡᠭᠡᠭᠰᠢᠯᠡᠭᠦᠯᠬᠦ᠂ ᠦᠢᠯᠡᠰ ᠪᠤᠰᠬᠠᠬᠤ᠎ᠶᠢ ᠲᠡᠳᠬᠦᠨ ᠳᠡᠮᠵᠢᠬᠦ ᠬᠣᠣᠰ ᠠᠷᠭ᠎ᠠ ᠵᠠᠮ᠎ᠢ ᠵᠡᠷᠭᠡ᠎ᠪᠡᠷ ᠤᠷᠲᠤᠳᠬᠠᠵᠤ᠂ ᠠᠵᠢᠯ ᠣᠯᠭᠣᠬᠤ ᠠᠵᠢᠯ᠎ᠢ ᠣᠬᠣᠷ ᠬᠤᠭᠤᠴᠠᠭᠠᠨ᠎ᠳᠤ ᠭᠦᠢᠴᠡᠳᠬᠡᠯ ᠲᠣᠭ᠎ᠠ᠎ᠶᠢᠨ ᠡᠭᠦᠷᠭᠡ᠎ᠪᠡᠨ ᠪᠡᠶᠡᠯᠡᠭᠦᠯᠵᠦ ᠪᠠᠢᠭᠰᠠᠨ᠎ᠡᠴᠡ ᠣᠯᠠᠨ ᠲᠦᠮᠡᠨ᠎ᠦ ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠬᠤ᠎ᠶᠢ ᠣᠷᠳᠣ᠌ ᠬᠤᠭᠤᠴᠠᠭ᠎ᠠ᠎ᠪᠠᠷ ᠪᠦᠲᠦᠮᠵᠢᠲᠡᠶ ᠳᠠᠢᠴᠢᠯᠠᠬᠤ ᠲᠡᠢᠰᠢ ᠬᠤᠪᠢᠷᠠᠭᠤᠯᠵᠤ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠮᠵᠢ᠎ᠶᠢ ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ᠂ ᠦᠢᠯᠡᠰ ᠪᠤᠰᠬᠠᠬᠤ᠎ᠶᠢ ᠠᠬᠢᠭᠤᠯᠬᠤ᠂ ᠣᠷᠣᠯᠭ᠎ᠠ᠎ᠶᠢ ᠨᠡᠮᠡᠭᠳᠡᠭᠦᠯᠬᠦ ᠠᠷᠠᠳ᠎ᠤᠨ ᠠᠮᠢᠳᠤᠷᠠᠯ᠎ᠤᠨ ᠪᠤᠳᠠᠳᠤ ᠦᠷ᠎ᠡ ᠪᠦᠲᠦᠮᠵᠢ ᠪᠤᠯᠭᠠᠨ ᠬᠤᠪᠢᠷᠠᠭᠤᠯᠪᠠ᠃
ᠬᠥᠳᠡᠯᠮᠦᠷᠢᠯᠡᠭᠴᠢᠳ᠎ᠦᠨ ᠠᠵᠢᠯ ᠡᠷᠢᠬᠦ ᠬᠦᠰᠡᠯ ᠡᠷᠡᠮᠡᠯᠵᠡᠯ ᠬᠢᠭᠡᠳ ᠵᠠᠬ᠎ᠠ ᠳᠡᠯᠭᠡᠭᠦᠷ᠎ᠦᠨ ᠠᠵᠢᠯᠴᠢᠨ ᠬᠡᠷᠡᠭᠯᠡᠬᠦᠳᠤᠲᠠᠭᠳᠠᠯ ᠲᠠᠯ᠎ᠠ᠎ᠶᠢ ᠤᠨᠢᠨ ᠲᠡᠬᠡᠷ᠎ᠡ ᠨᠢ ᠵᠤᠯᠭᠠᠭᠤᠯᠬᠤ ᠵᠢᠨ ᠲᠦᠯᠦᠬᠡ᠂ ᠠᠵᠢᠯ ᠣᠯᠭᠣᠯᠲᠠ᠎ᠵᠢᠨ ᠰᠠᠯᠠᠭ᠎ᠠ ᠮᠥᠴᠢᠷ᠎ᠦᠳ ᠨᠡᠢᠭᠡᠮ ᠲᠣᠭᠣᠷᠢᠭ᠋᠂ ᠬᠤᠳᠠᠯᠳᠤᠭᠠᠨ᠎ᠤ ᠲᠠᠯᠠᠪᠤᠷ᠂ ᠰᠤᠷᠭᠠᠭᠤᠯᠢ᠂ ᠰᠤᠯᠠ ᠠᠵᠢᠯ᠎ᠤᠨ ᠵᠠᠬ᠎ᠠ ᠳᠡᠯᠭᠡᠭᠦᠷ ᠵᠡᠷᠭᠡ ᠲᠠᠯᠠᠪᠤᠷ ᠭᠠᠵᠠᠷ᠎ᠲᠤ ᠬᠦᠷᠴᠦ᠂ ᠬᠥᠳᠡᠯᠮᠦᠷᠢᠯᠡᠭᠴᠢᠳ᠎ᠦᠨ ᠪᠣᠯᠪᠠᠰᠤᠷᠠᠯᠬᠦᠷᠳᠡᠬᠦ ᠬᠦᠰᠡᠯ ᠰᠠᠨᠠᠭ᠎ᠠ᠂ ᠠᠵᠢᠯ ᠣᠯᠬᠤ ᠬᠦᠰᠡᠯ ᠱᠠᠭᠠᠷᠳᠠᠯᠭ᠎ᠠ᠎ᠶᠢ ᠨᠠᠷᠢᠯᠢᠭ ᠣᠢᠯᠠᠭᠠᠨ ᠵᠢᠭ᠍ᠰᠠᠭᠠᠵᠤ᠂ ᠲᠣᠰ ᠭᠠᠵᠠᠷ ᠣᠷᠣᠨ᠎ᠤ ᠠᠵᠤ ᠠᠬᠤᠢᠯᠠᠯ᠎ᠤᠨ ᠠᠵᠢᠯᠴᠢᠨ ᠬᠡᠷᠡᠭᠯᠡᠬᠦ ᠬᠡᠷᠡᠭᠴᠡᠭᠡ᠎ᠲᠠᠢ ᠰᠠᠨᠠᠭᠠᠴᠢᠯᠠᠭ᠎ᠠ᠎ᠡᠴᠡ᠎ᠪᠠᠨ ᠵᠣᠯᠭᠠᠭᠤᠯᠵᠤ᠂ ᠠᠵᠢᠯ ᠲᠥᠷᠥᠯ᠎ᠦᠨ ᠬᠥᠭᠵᠢᠯᠲᠡ᠎ᠶᠢᠨ ᠪᠠᠢᠳᠠᠯ᠎ᠲᠠᠢ ᠤᠶᠠᠯᠳᠤᠭᠤᠯᠤᠨ᠂ ᠪᠣᠯᠪᠠᠰᠤᠷᠠᠯ᠎ᠤᠨ ᠲᠥᠷᠥᠯ ᠵᠦᠢᠯ᠎ᠦᠨ ᠲᠤᠬᠠᠢ ᠵᠢᠯᠤᠭᠣᠳᠬᠤ ᠭᠠᠷᠴᠠᠭ ᠪᠠ ᠪᠣᠯᠪᠠᠰᠤᠷᠠᠯ᠎ᠤᠨ ᠲᠥᠯᠥᠪᠯᠡᠭᠡ᠎ᠶᠢ ᠰᠤᠳᠤᠯᠤᠨ ᠮᠠᠭᠠᠳᠯᠠᠵᠤ ᠡᠮᠬᠢᠯᠡᠨ ᠪᠦᠷᠢᠯᠳᠦᠭᠦᠯᠵᠦ᠂ ᠠᠯᠪᠠᠨ᠎ᠤ ᠲᠠᠯ᠎ᠠ᠎ᠶᠢᠨ ᠰᠦᠯᠵᠢᠶᠡᠨ ᠥᠷᠲᠡᠭᠡ᠂ ᠣᠯᠠᠨ ᠨᠡᠶ᠋ᠢᠲᠡ᠎ᠶᠢᠨ ᠵᠢᠷᠬᠢᠶ᠎ᠡ ᠲᠠᠪᠴᠠᠩ ᠂ ᠨᠡᠢᠭᠡᠮ ᠲᠣᠭᠣᠷᠢᠭ᠋᠎ᠤᠨ ᠵᠢᠷᠬᠢᠶᠡᠴᠤᠬᠯᠠᠷᠠᠯ ᠵᠡᠷᠭᠡ ᠰᠦᠯᠵᠢᠶᠡᠨ ᠳᠡᠭᠡᠷ᠎ᠡ ᠢᠯᠡ ᠨᠡᠢᠲᠡᠯᠡᠬᠦ᠎ᠪᠡᠷ ᠳᠠᠮᠵᠢᠨ᠂ ᠣᠯᠠᠨ ᠲᠦᠮᠡᠨ᠎ᠦ ᠬᠡᠷᠡᠭᠴᠡᠭᠡ ᠶᠣᠰᠣᠭᠠᠷ ᠪᠣᠯᠪᠠᠰᠤᠷᠠᠯ᠎ᠳᠤ ᠣᠷᠣᠯᠴᠠᠵᠤ᠂ ᠨᠡᠷ᠎ᠡ ᠮᠡᠳᠡᠭᠦᠯᠬᠦ᠎ᠳᠦ ᠲᠥᠬᠥᠮ ᠦᠵᠡᠭᠦᠯᠪᠡ᠃
ᠡᠭᠦᠨ ᠦ ᠬᠠᠮᠲᠤ᠂ ᠦᠬᠠᠢ ᠬᠣᠲᠠ ᠶᠢᠨ ᠠᠵᠤ ᠦᠢᠯᠡᠰ᠎ᠦᠨ ᠣᠨᠴᠠᠯᠢᠭ᠋᠂ ᠵᠠᠬ᠎ᠠ ᠳᠡᠯᠭᠡᠭᠦᠷ᠎ᠦᠨ ᠠᠵᠢᠯ ᠣᠯᠭᠣᠯᠲᠠ᠎ᠶᠢᠨ ᠬᠠᠨᠳᠤᠰᠢ᠎ᠲᠠᠢ ᠤᠶᠠᠯᠳᠤᠭᠤᠯᠤᠨ᠂ ᠠᠵᠢᠯ᠎ᠤᠨ ᠪᠠᠢᠷᠢ᠎ᠳᠤ ᠵᠣᠬᠢᠴᠠᠭᠰᠠᠨ᠂ ᠬᠡᠷᠡᠭᠯᠡᠭᠡᠨ᠎ᠦ ᠴᠢᠨᠠᠷ᠎ᠢᠶᠠᠷ ᠴᠢᠩᠭ᠎ᠠ ᠨᠢᠭᠡ ᠪᠦᠯᠦᠭ ᠣᠨᠴᠠᠯᠢᠭ᠍ᠲᠤ ᠪᠣᠯᠪᠠᠰᠤᠷᠠᠯ᠎ᠤᠨ ᠬᠢᠴᠢᠶᠡᠯ᠎ᠢ ᠲᠣᠭᠲᠠᠭᠠᠭᠰᠠᠨ ᠪᠥᠭᠡᠳ ᠴᠢᠨᠠᠷ ᠰᠠᠢᠲᠠᠢ ᠪᠣᠯᠪᠠᠰᠤᠷᠠᠯ᠎ᠤᠨ ᠪᠠᠢᠭᠤᠯᠤᠮᠵᠢ᠎ᠶᠢ ᠬᠥᠲᠥᠯᠥᠨ ᠵᠢᠯᠤᠭᠣᠳᠴᠤ ᠰᠦᠯᠵᠢᠶᠡᠳᠡᠭᠡᠷᠡ ᠦᠢᠯᠡᠰ ᠪᠤᠰᠬᠠᠬᠤ᠂ ᠣᠷᠭᠠᠨᠢᠭ᠋ ᠪᠤᠰᠤ ᠬᠢᠮᠢ᠎ᠶᠢᠨ ᠤᠷᠪᠠᠯ᠎ᠤᠨ ᠦᠢᠯᠡᠳᠪᠦᠷᠢᠯᠡᠯ᠎ᠦᠨ ᠠᠵᠢᠯᠴᠢᠨ᠂ ᠡᠪᠡᠳᠴᠢᠲᠡᠨ ᠳ᠋ᠤ᠌ ᠪᠠᠷ᠎ᠠ ᠪᠣᠯᠵᠤ ᠰᠤᠪᠢᠯᠠᠬᠤ ᠵᠡᠷᠭᠡ ᠣᠨᠴᠠᠯᠢᠭ᠍ᠲᠤ ᠪᠣᠯᠪᠠᠰᠤᠷᠠᠯ᠎ᠤᠨ ᠠᠩᠭᠢ᠎ᠶᠢ ᠪᠠᠢᠩᠭᠤᠵᠢᠭᠤᠯᠤᠨ ᠨᠡᠭᠡᠭᠡᠵᠦ᠂ ᠤᠷ᠎ᠠ ᠴᠢᠳᠠᠪᠤᠷᠢ ᠦᠭᠡᠢ ᠣᠯᠠᠨ ᠲᠦᠮᠡᠨ᠎ᠦ ᠡᠷᠳᠡᠮ ᠰᠤᠷᠬᠤ᠂ ᠤᠷ᠎ᠠ ᠴᠢᠳᠠᠪᠤᠷᠢ᠎ᠲᠠᠢ ᠣᠯᠠᠨ ᠲᠦᠮᠡᠨ᠎ᠢ ᠬᠠᠪᠰᠤᠷᠤᠨ ᠲᠤᠰᠬᠠᠢ ᠮᠡᠷᠭᠡᠵᠢᠯ᠎ᠢ ᠨᠢ ᠳᠡᠭᠡᠭᠰᠢᠯᠡᠭᠦᠯᠬᠦ᠂ ᠲᠤᠷᠰᠢᠯᠭ᠎ᠠ᠎ᠲᠠᠢ ᠣᠯᠠᠨ ᠲᠦᠮᠡᠨ᠎ᠦ ᠤᠷᠤᠯᠳᠤᠭᠠᠨ᠎ᠤ ᠵᠠᠮ ᠢ ᠨᠢ ᠥᠷᠭᠡᠳᠬᠡᠬᠦ ᠳ᠋ᠤ ᠬᠠᠪᠰᠤᠷᠴᠤ᠂ ᠣᠯᠠᠨ ᠲᠦᠮᠡᠨ᠎ᠦ ᠠᠵᠢᠯ ᠣᠯᠵᠤ ᠦᠢᠯᠡᠰ ᠪᠤᠰᠬᠠᠬᠤ᠎ᠳᠤ ᠤᠷ᠎ᠠ ᠴᠢᠳᠠᠪᠤᠷᠢ᠎ᠶᠢᠨ ᠰᠠᠭᠤᠷᠢ᠎ᠶᠢ ᠨᠢ ᠪᠡᠬᠢᠵᠢᠭᠦᠯᠪᠡ᠃
ᠠᠳᠠᠯᠢ ᠪᠤᠰᠤ ᠬᠦᠮᠦᠰ ᠤ᠋ᠨ ᠠᠵᠢᠯ ᠣᠯᠭᠣᠯᠲᠠ᠎ᠶᠢᠨ ᠪᠣᠯᠪᠠᠰᠤᠷᠠᠯ᠎ᠳᠤ ᠣᠷᠣᠯᠴᠠᠬᠤ ᠪᠡᠷᠬᠡ ᠠᠰᠠᠭᠤᠳᠠᠯ᠎ᠳᠤ ᠴᠢᠭᠯᠡᠭᠦᠯᠦᠨ᠂ ᠠᠵᠢᠯ ᠣᠯᠭᠣᠯᠲᠠ᠎ᠶᠢᠨ ᠰᠠᠯᠠᠭ᠎ᠠ ᠮᠥᠴᠢᠷ ᠪᠠᠭ᠎ᠠ ᠠᠩᠭᠢ᠎ᠶᠢᠨ ᠵᠢᠭᠠᠨ ᠰᠤᠷᠭᠠᠯᠲᠠ᠂ ᠦᠷᠭᠦᠯᠵᠢᠯᠡᠨ ᠠᠩᠭᠢ ᠡᠷᠬᠢᠯᠡᠬᠦ᠂ ᠬᠡᠵᠢᠶ᠎ᠡ ᠢᠷᠡᠪᠡᠯ ᠬᠡᠵᠢᠶ᠎ᠡ ᠰᠤᠷᠤᠯᠴᠠᠬᠤ ᠠᠮᠢᠳᠤᠯᠢᠭ᠋ ᠵᠠᠭᠪᠤᠷ᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠴᠠᠭ᠎ᠤᠨ ᠮᠥᠷᠭᠥᠯᠳᠦᠭᠡᠨ᠎ᠦ ᠠᠰᠠᠭᠤᠳᠠᠯ᠎ᠢ ᠪᠦᠲᠦᠮᠵᠢᠲᠡᠶ ᠰᠢᠢᠳᠪᠦᠷᠢᠯᠡᠨ᠂ ᠣᠯᠠᠨ ᠲᠦᠮᠡᠨ᠎ᠦ ᠪᠣᠯᠪᠠᠰᠤᠷᠠᠯ᠎ᠳᠤ ᠣᠷᠣᠯᠴᠠᠬᠤ ᠨᠥᠬᠥᠴᠡᠯ᠎ᠢ ᠠᠭᠤᠵᠢᠭᠤ ᠪᠤᠯᠭᠠᠪᠠ᠃ ᠡᠭᠦᠨ᠎ᠦ ᠬᠠᠮᠲᠤ 《ᠪᠣᠯᠪᠠᠰᠤᠷᠠᠯ᠎ᠤᠨ ᠡᠮᠦᠨ᠎ᠡ ᠳᠤᠮᠳᠠ ᠬᠣᠢᠨ᠎ᠠ》ᠬᠡᠬᠦ ᠪᠢᠲᠡᠭᠦᠦ ᠴᠠᠭᠠᠷᠢᠬᠳᠤ ᠦᠢᠯᠡᠴᠢᠯᠡᠭᠡᠨ᠎ᠦ ᠰᠢᠰᠲᠧᠮ᠎ᠢ ᠬᠠᠩᠭᠠᠪᠠ᠃ ᠪᠣᠯᠪᠠᠰᠤᠷᠠᠯ᠎ᠡᠴᠡ ᠡᠮᠦᠨ᠎ᠡ᠂ ᠦᠨ᠎ᠡ ᠲᠥᠯᠥᠪᠦᠷᠢ ᠦᠭᠡᠢ᠎ᠪᠡᠷ ᠨᠢᠭᠡ ᠬᠥᠮᠥᠨ᠎ᠳᠦ ᠨᠢᠭᠡ ᠠᠵᠢᠯ ᠮᠡᠷᠭᠡᠵᠢᠯ᠎ᠦᠨ ᠰᠢᠯᠭᠠᠨ ᠦᠨᠡᠯᠡᠯᠲᠡ ᠬᠢᠬᠦ ᠦᠢᠯᠡᠴᠢᠯᠡᠬᠡ ᠬᠠᠩᠭᠠᠵᠤ᠂ ᠰᠤᠷᠤᠭ᠍ᠴᠢᠳ᠎ᠤᠨ ᠪᠣᠳᠠᠲᠠᠢ᠎ᠲᠠᠢ ᠤᠶᠠᠯᠳᠤᠭᠤᠯᠤᠨ ᠲᠤᠰᠬᠠᠢ ᠬᠠᠷᠢᠶᠠᠯᠠᠭᠳᠠᠬᠤ ᠰᠤᠷᠤᠯᠴᠠᠬᠤ ᠲᠥᠰᠥᠯ᠎ᠢ ᠲᠣᠭᠲᠠᠭᠠᠨ ᠦᠭᠴᠦ᠂ ᠪᠣᠯᠪᠠᠰᠤᠷᠠᠯ᠎ᠤᠨ ᠣᠨᠣᠪᠴᠢ᠎ᠶᠢᠨ ᠬᠡᠮᠵᠢᠶ᠎ᠡ᠎ᠶᠢ ᠳᠡᠭᠡᠭᠰᠢᠯᠡᠭᠦᠯᠪᠠ᠃ ᠪᠣᠯᠪᠠᠰᠤᠷᠠᠯᠳᠤᠮᠳᠠ᠂ ᠠᠵᠢᠯ ᠲᠥᠷᠥᠯ᠎ᠦᠨ ᠨᠡᠷ᠎ᠡ ᠬᠦᠨᠳᠦᠲᠦ ᠯᠧᠺᠲ᠋ᠣᠷ ᠪᠠ ᠡᠮᠦᠨ᠎ᠡ ᠹᠷᠣᠨᠲ᠎ᠤᠨ ᠪᠣᠳᠠᠲᠤ ᠠᠵᠢᠯᠯᠠᠭ᠎ᠠ᠎ᠶᠢ ᠵᠢᠯᠤᠭᠤᠳᠬᠤ ᠲᠤᠰᠬᠠᠢ ᠮᠡᠷᠭᠡᠵᠢᠯᠲᠡᠨ᠎ᠢ ᠤᠷᠢᠨ ᠬᠢᠴᠢᠶᠡᠯ ᠤᠷᠤᠭᠤᠯᠵᠤ᠂ 《ᠣᠨᠣᠯ + ᠪᠣᠳᠠᠲᠤ ᠠᠵᠢᠯᠯᠠᠭ᠎ᠠ》 ᠵᠢ ᠬᠠᠷᠢᠯᠴᠠᠨ ᠤᠶᠠᠯᠳᠤᠭᠤᠯᠤᠭᠰᠠᠨ ᠵᠢᠭᠠᠨ ᠰᠤᠷᠭᠠᠬᠤ ᠵᠠᠭᠪᠤᠷ᠎ᠢ ᠬᠡᠷᠡᠭᠯᠡᠨ᠂ ᠰᠤᠷᠤᠭ᠍ᠴᠢᠳ᠎ᠤᠨ ᠰᠤᠷᠪᠠᠯ ᠣᠯᠣᠯᠲᠠ᠎ᠲᠠᠢ᠂ ᠰᠤᠷᠤᠭᠰᠠᠨᠵᠢᠡᠨ ᠬᠡᠷᠡᠭᠯᠡᠬᠦ᠎ᠶᠢ ᠦᠨᠡᠨ ᠬᠦ᠌ ᠪᠠᠲᠤᠯᠠᠪᠠ᠃ ᠪᠤᠯᠪᠠᠰᠤᠷᠠᠯ ᠲᠡᠭᠦᠰᠦᠭᠰᠡᠨ᠎ᠦ ᠬᠤᠢᠨ᠎ᠠ᠂ ᠠᠵᠤ ᠠᠬᠤᠢᠯᠠᠯ᠎ᠳ᠋ᠤ ᠲᠣᠭᠲᠠᠭᠰᠠᠨ ᠴᠢᠭᠯᠡᠯ᠎ᠢᠶᠡᠷ ᠬᠦᠷᠭᠡᠬᠦ᠂ ᠨᠢᠭᠡ ᠨᠢᠬᠡ ᠬᠦᠮᠦᠨ᠎ᠢᠶᠡᠷ ᠬᠠᠷᠢᠭᠤᠴᠠᠵᠤ ᠠᠵᠢᠯ ᠣᠯᠭᠣᠬᠤ᠎ᠶᠢ ᠵᠢᠯᠤᠭᠣᠳᠬᠤ᠂ ᠰᠦᠯᠵᠢᠶᠡᠨ ᠳᠡᠭᠡᠷᠡᠬᠢ ᠠᠵᠢᠯ᠎ᠤᠨ ᠪᠠᠢᠷᠢ᠎ᠶᠢ ᠵᠣᠯᠭᠠᠭᠤᠯᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠨ᠂ ᠰᠤᠷᠤᠭ᠍ᠴᠢᠳ᠎ᠤᠨ ᠠᠵᠢᠯ ᠣᠯᠬᠤ ᠶᠢ ᠪᠥᠬᠥ ᠬᠦᠴᠦᠨ ᠢᠶᠡᠷ ᠢᠶᠡᠨ ᠬᠠᠪᠰᠤᠷᠪᠠ᠃ ᠦᠢᠯᠡᠰ ᠪᠤᠰᠬᠠᠬᠤ ᠰᠠᠨᠠᠮᠵᠢ᠎ᠲᠠᠢ ᠰᠤᠷᠤᠭ᠍ᠴᠢᠳ᠎ᠲᠤ ᠴᠢᠭᠯᠡᠭᠦᠯᠦᠨ᠂ ᠦᠢᠯᠡᠰ ᠪᠤᠰᠬᠠᠬᠤ ᠲᠥᠯᠦᠪᠵᠢᠭᠦᠯᠭᠡ᠂ ᠵᠢᠭᠡᠯᠡᠯᠭᠡ ᠭᠤᠶᠤᠴᠢᠯᠠᠨ ᠮᠡᠳᠡᠭᠦᠯᠬᠦ᠂ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ ᠬᠢᠬᠦ ᠵᠡᠷᠭᠡ ᠲᠤᠰᠬᠠᠢ ᠵᠦᠢᠯ᠎ᠢᠶᠡᠷ ᠬᠠᠪᠰᠤᠷᠤᠨ ᠲᠡᠳᠬᠦᠬᠦ᠎ᠶᠢ ᠢᠵᠢ ᠪᠦᠷᠢᠳᠦᠭᠦᠯᠦᠨ ᠬᠠᠩᠭᠠᠵᠤ᠂ ᠪᠣᠯᠪᠠᠰᠤᠷᠠᠯ ᠰᠤᠷᠤᠯᠴᠠᠯᠭ᠎ᠠ᠎ᠡᠴᠡ ᠪᠡᠶ᠎ᠡ᠎ᠪᠡᠨ ᠳᠠᠭᠠᠭᠠᠵᠤ ᠦᠢᠯᠡᠰ ᠪᠤᠰᠬᠠᠬᠤ ᠬᠦᠷᠲᠡᠯᠡᠬᠢ ᠪᠦᠬᠦ ᠱᠤᠭᠤᠮ᠎ᠢ ᠦᠨᠡᠨ ᠬᠦ᠌ ᠨᠡᠪᠲᠡᠷᠡᠭᠦᠯᠪᠡ᠃
ᠡᠨᠡ ᠵᠢᠯ᠎ᠡᠴᠡ ᠨᠠᠭᠠᠰᠢ᠂ ᠦᠬᠠᠢ ᠬᠣᠲᠠ ᠨᠡᠶ᠋ᠢᠲᠡ 201 ᠬᠥᠮᠥᠨ᠎ᠢ ᠵᠣᠬᠢᠶᠠᠨ ᠪᠠᠢᠭᠤᠯᠵᠤ ᠦᠢᠯᠡᠰ ᠪᠤᠰᠬᠠᠬᠤ ᠪᠣᠯᠪᠠᠰᠤᠷᠠᠯ᠎ᠳᠤ ᠣᠷᠣᠯᠴᠠᠭᠤᠯᠵᠠᠢ; ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠪᠣᠯᠪᠠᠰᠤᠷᠠᠯ᠂ ᠬᠣᠲᠠ ᠪᠠᠯᠭᠠᠰᠤ᠎ᠶᠢᠨ ᠠᠵᠢᠯ ᠣᠯᠭᠣᠬᠤ ᠤᠷ᠎ᠠ ᠴᠢᠳᠠᠪᠤᠷᠢ᠎ᠶᠢᠨ ᠪᠣᠯᠪᠠᠰᠤᠷᠠᠯ᠎ᠢ ᠵᠤᠬᠢᠶᠠᠨ ᠪᠠᠢᠭᠤᠯᠵᠤ ᠨᠡᠶ᠋ᠢᠲᠡ 2419 ᠬᠥᠮᠥᠨ ᠤᠳᠠᠭ᠎ᠠ ᠳ᠋ᠤ ᠪᠤᠯᠪᠠᠰᠤᠷᠠᠯ ᠬᠦᠷᠳᠡᠬᠡᠵᠤ᠂ 174 ᠬᠥᠮᠥᠨ ᠢ ᠬᠠᠪᠰᠤᠷᠤᠨ ᠠᠵᠢᠯ ᠣᠯᠭᠣᠵᠤ ᠦᠢᠯᠡᠰ ᠪᠤᠰᠬᠠᠬᠤ ᠵᠢ ᠨᠢ ᠲᠡᠮᠵᠢᠭᠰᠡᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃