2026-03-06 15:52:02
ᠪᠦᠬᠦ᠌ ᠤᠯᠤᠰ ᠤ᠋ᠨ ᠦᠨᠳᠦᠰᠦᠲᠡᠨ ᠤ᠋ ᠪᠦᠯᠬᠦᠮᠳᠡᠯ ᠳᠠᠪᠱᠢᠯᠲᠠ ᠵᠢᠨ ᠵᠢᠱ᠌ᠢᠶ᠎ᠡ ᠦᠵᠡᠭᠦᠯᠬᠦ᠌ ᠬᠣᠱᠢᠭᠤ ᠪᠣᠯᠤᠭ᠍ᠰᠠᠨᠤ ᠬᠤᠪᠢ ᠳ᠋ᠤ᠂ ᠮᠤᠷᠢᠨᠳᠠᠪᠠᠭ᠎ᠠ ᠳᠠᠭᠤᠷ ᠦᠨᠳᠦᠰᠦᠲᠡᠨ ᠤ᠋ ᠥᠪᠡᠷᠲᠡᠭᠡᠨ ᠵᠠᠰᠠᠬᠤ ᠬᠣᠱᠢᠭᠤ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠭᠣᠣᠯ ᠰᠢᠵᠢᠮ ᠤ᠋ᠨ ᠱᠠᠭᠠᠷᠳᠠᠯᠭ᠎ᠠ ᠶ᠋ᠢ ᠠᠵᠢᠯ ᠤ᠋ᠨ ᠪᠦᠬᠦ᠌ ᠶᠠᠪᠤᠴᠠ᠂ ᠡᠯ᠎ᠡ ᠭᠣᠭ᠍ᠴᠣᠭᠠ ᠳ᠋ᠤ ᠪᠦᠲᠦᠮᠵᠢᠲᠡᠢ ᠠᠭᠤᠰᠤᠯᠴᠠᠭᠤᠯᠪᠠ᠃

ᠬᠤᠢᠰᠢᠳᠠ ᠪᠥᠬᠥ᠌ ᠬᠣᠱᠢᠭᠤᠨᠤ ᠦᠨᠳᠦᠰᠦᠲᠡᠨᠨᠦᠭᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤ᠋ᠨ 《ᠭᠤᠷᠪᠠᠨ ᠵᠦᠶ᠋ᠯ ᠤ᠋ᠨ ᠲᠥᠯᠥᠪᠯᠡᠭᠡ》 ᠶ᠋ᠢ ᠭᠦᠨᠵᠡᠭᠡᠶ ᠬᠡᠷᠡᠭ᠌ᠵᠢᠭᠦᠯᠵᠦ᠍᠂ ᠪᠡᠭᠡᠵᠢᠩ ᠥᠪᠥᠷ ᠮᠣᠩᠭᠣᠯ ᠤ᠋ᠨ ᠬᠠᠮᠵᠢᠯᠴᠠᠭ᠎ᠠ ᠵᠢᠨ ᠰᠤᠷᠭᠠᠨ ᠬᠥᠮᠦᠵᠢᠯ᠂ ᠡᠮ ᠡᠮᠨᠡᠯᠭᠡ᠂ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠪᠣᠷᠣᠯᠠᠭᠤᠯᠭ᠎ᠠ᠂ ᠰᠣᠶᠣᠯ ᠵᠢᠭᠤᠯᠴᠢᠯᠠᠯ ᠵᠡᠷᠭᠡ ᠬᠦᠷᠢᠶᠡᠨᠳᠦ ᠬᠠᠷᠢᠯᠴᠠᠨ ᠠᠱᠢᠭ᠍ᠲᠠᠶ ᠬᠠᠮᠲᠤ ᠪᠡᠷ ᠳᠠᠪᠱᠢᠬᠤ ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠦᠨᠳᠦᠰᠦᠲᠡᠨᠨᠦᠭᠦᠳ ᠤ᠋ᠨ ᠣᠯᠠᠨ ᠲᠦᠮᠡᠨᠳᠦ ᠬᠠᠮᠵᠢᠯᠴᠠᠭᠠᠨᠤ ᠦᠷ᠎ᠡ ᠪᠦᠲᠦᠭᠡᠯ ᠢ᠋ ᠬᠠᠮᠲᠤ ᠪᠡᠷ ᠡᠳ᠋ᠯᠡᠭᠦᠯᠦᠨ᠎ᠡ; ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ ᠤ᠋ᠨ ᠬᠤᠳᠠᠯᠳᠤᠭᠠᠨᠤ ᠬᠥᠭ᠌ᠵᠢᠯᠲᠡᠪᠡᠷ ᠬᠦᠴᠦᠨ ᠨᠡᠮᠡᠷᠢᠯᠡᠵᠤ᠂ 《ᠳᠤᠮᠳᠠᠳᠤ ᠤᠯᠤᠰ ᠤ᠋ᠨ ᠪᠦᠢᠺᠦ᠌ ᠪᠥᠮᠪᠥᠭᠡ ᠵᠢᠨ ᠨᠤᠲᠤᠭ》 ᠤ᠋ᠨ ᠲᠦᠷᠦᠯ ᠲᠡᠮᠳᠡᠭ ᠤ᠋ᠨ ᠦᠢᠯᠡᠳᠦᠯ ᠢ᠋ ᠦᠷᠭᠦᠯᠵᠢᠯᠡᠨ ᠥᠷᠭᠡᠳᠭᠡᠵᠦ᠍᠂ 《ᠦᠨᠳᠦᠰᠦᠲᠡᠨ ᠤ᠋ ᠪᠦᠯᠬᠦᠮᠳᠡᠯ + ᠪᠡᠶ᠎ᠡ ᠵᠢᠨ ᠲᠠᠮᠢᠷ + ᠰᠣᠶᠣᠯ ᠵᠢᠭᠤᠯᠴᠢᠯᠠᠯ + ᠠᠵᠤ ᠦᠢᠯᠡᠰ》 ᠤ᠋ᠨ ᠬᠠᠷᠢᠯᠴᠠᠨ ᠠᠬᠢᠭᠤᠯᠬᠤ ᠵᠠᠭ᠍ᠪᠤᠷ ᠢ᠋ ᠢᠳᠡᠪᠬᠢᠲᠡᠢ ᠪᠠᠢᠭᠤᠯᠵᠤ᠂ ᠪᠡᠶ᠎ᠡ ᠵᠢᠨ ᠲᠠᠮᠢᠷ ᠤ᠋ᠨ ᠤᠷᠤᠯᠳᠤᠭᠠᠨ ᠢ᠋ ᠥᠨᠳᠥᠷ ᠪᠠᠷᠢᠮᠵᠢᠶ᠎ᠠ ᠪᠡᠷ ᠳᠠᠭᠠᠭᠠᠴᠢᠯᠠᠨ ᠡᠷᠬᠢᠯᠡᠵᠦ᠍᠂ ᠤᠨᠴᠠᠯᠢᠬ᠍ᠳᠤ ᠰᠣᠶᠣᠯ ᠵᠢᠭᠤᠯᠴᠢᠯᠠᠯ ᠢ᠋ ᠴᠢᠨᠠᠷ ᠰᠠᠢᠲᠠᠢ ᠲᠠᠨᠢᠯᠴᠠᠭᠤᠯᠵᠤ᠂ ᠪᠡᠯᠡᠳᠭᠡᠯ ᠴᠢᠳᠠᠪᠤᠷᠢᠲᠠᠨ ᠢ᠋ ᠥᠨᠳᠥᠷ ᠲᠦᠪᠱᠢᠨ ᠵᠢᠡᠷ ᠬᠥᠮᠦᠵᠢᠭᠦᠯᠵᠦ᠍᠂ ᠤᠯᠠᠨᠤ ᠤᠬᠠᠭᠠᠨ ᠬᠠᠮᠲᠤ ᠵᠢᠨ ᠬᠦᠴᠦ᠍ᠪᠡᠷ ᠦᠨᠳᠦᠰᠦᠲᠡᠨ ᠤ᠋ ᠠᠵᠢᠯ ᠤ᠋ᠨ ᠱᠢᠨ᠎ᠡ ᠬᠠᠭᠤᠳᠠᠰᠤ ᠶ᠋ᠢ ᠪᠢᠴᠢᠭ᠌ᠯᠡᠨᠡ; ᠠᠷᠠᠳ ᠤ᠋ᠨ ᠠᠮᠢᠳᠤᠷᠠᠯ ᠤ᠋ᠨ ᠠᠵᠠ ᠵᠢᠷᠭᠠᠯ ᠢ᠋ ᠪᠠᠲᠤᠯᠠᠬᠤ ᠪᠡᠷ ᠦᠨᠳᠦᠰᠦ ᠪᠣᠯᠭᠠᠵᠤ᠂ ᠦᠨᠳᠦᠰᠦᠲᠡᠨᠨᠦᠭᠦᠳ ᠤ᠋ᠨ ᠣᠯᠠᠨ ᠲᠦᠮᠡᠨ ᠤ᠋ ᠬᠦᠷᠲᠡᠮᠵᠢ ᠵᠢᠨ ᠲᠥᠷᠥᠭ᠌ᠳᠡᠯ ᠢ᠋ ᠨᠡᠮᠡᠭ᠌ᠳᠡᠭᠦᠯᠬᠦ᠌ ᠠᠷᠠᠳ ᠤ᠋ᠨ ᠠᠮᠢᠳᠤᠷᠠᠯ ᠤ᠋ᠨ ᠪᠣᠳᠠᠲᠤ ᠶᠠᠪᠤᠳᠠᠯ ᠤ᠋ᠨ ᠲᠥᠷᠥᠯ ᠵᠦᠶ᠋ᠯ ᠢ᠋ ᠨᠠᠷᠢᠨ ᠨᠢᠮᠪᠠᠶ ᠲᠥᠰᠦᠪᠯᠡᠨ ᠬᠡᠷᠡᠭ᠌ᠵᠢᠭᠦᠯᠵᠦ᠍᠂ ᠭᠤᠤᠯ ᠰᠢᠵᠢᠮ ᠢ᠋ ᠲᠤᠭᠤᠱᠢᠯᠠᠭᠤᠯᠬᠤ ᠠᠵᠤ ᠠᠬᠤᠶ ᠵᠢᠨ ᠰᠠᠭᠤᠷᠢ᠂ ᠪᠣᠳᠠᠰ ᠤ᠋ᠨ ᠰᠠᠭᠤᠷᠢ ᠶ᠋ᠢ ᠲᠠᠰᠤᠷᠠᠯᠲᠠ ᠥᠬᠡᠶ ᠪᠡᠬᠢᠵᠢᠭᠦᠯᠵᠦ᠍᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠪᠠᠢᠭᠤᠯᠤᠯᠲᠠ ᠵᠢᠨ ᠦᠷ᠎ᠡ ᠪᠦᠲᠦᠮᠵᠢ ᠶ᠋ᠢ ᠪᠥᠬᠥ᠌ ᠲᠠᠯ᠎ᠠ ᠪᠡᠷ ᠬᠠᠷᠠᠭᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃