2026 ᠪᠦᠬᠦ᠌ ᠤᠯᠤᠰ᠎ᠤᠨ ᠬᠤᠶᠠᠷ ᠬᠤᠷᠠᠯ > ᠰᠠᠨᠠᠯ ᠰᠠᠨᠠᠭᠤᠯᠭ᠎ᠠ

2026-03-13 10:11:35

ᠵᠣᠬᠢᠶᠠᠭ᠍ᠴᠢ᠄ ᠰᠦᠩ ᠱᠤᠸᠠᠩ ᠮᠠ ᠵᠢᠶᠠᠨ ᠪᠢᠩ ᠣᠩᠱᠢᠭ᠍ᠰᠠᠨ ᠣᠳᠠᠭ᠎ᠠ᠄ 3


微信图片_20260311103952_201_127.jpg


ᠶᠡᠷᠦᠩᠬᠡᠶ ᠱᠦᠵᠢ ᠰᠢ ᠵᠢᠨ ᠫᠢᠩ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠵᠦ᠍᠂ ᠪᠥᠬᠥ᠌ ᠪᠥᠮᠪᠥᠷᠴᠡᠭ᠎ᠦᠨ ᠵᠠᠬ᠎ᠠ ᠳᠡᠯᠭᠡᠭᠦᠷ᠎ᠢ ᠥᠷᠭᠡᠨ᠎ᠢᠶᠡᠷ ᠨᠡᠭᠡᠭᠡᠵᠦ᠍᠂ ᠣᠯᠠᠨ ᠤᠯᠤᠰ᠎ᠤᠨ ᠣᠷᠴᠢᠯ ᠳ᠋ᠤ ᠨᠠᠩ ᠰᠠᠢᠲᠤᠷ ᠬᠣᠯᠪᠣᠯᠳᠤᠨ ᠨᠡᠪᠲᠡᠷᠡᠯᠴᠡᠬᠦ ᠬᠡᠷᠡᠭ᠌ᠲᠡᠶ ᠭᠡᠵᠦ᠍ ᠴᠢᠬᠤᠯᠠᠴᠢᠯᠠᠪᠠ᠃

ᠲᠡᠮᠦᠷ ᠵᠠᠮ ᠪᠤᠯ ᠬᠦᠨᠳᠦ ᠡᠭᠦᠷᠭᠡ᠎ᠶ᠋ᠢ ᠡᠭᠦᠷᠭᠡᠯᠡᠵᠦ᠍ ᠪᠠᠢᠳᠠᠭ ᠲᠤᠯᠠ᠂ ᠪᠢᠳᠡ ᠣᠯᠠᠨ ᠤᠯᠤᠰ᠎ᠤᠨ ᠲᠡᠮᠦᠷ ᠵᠠᠮ᠎ᠤᠨ ᠪᠥᠲᠥᠭᠡᠨ ᠪᠠᠢᠭᠤᠯᠤᠯᠲᠠ᠎ᠶ᠋ᠢᠨ ᠬᠠᠮᠲᠤᠷᠠᠯᠴᠠᠭᠠᠨ᠎ᠤ ᠱᠢᠨ᠎ᠡ ᠦᠷ᠎ᠡ ᠪᠦᠲᠦᠮᠵᠢ ᠪᠡᠷ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠴᠣᠭ᠍ᠴᠠᠯᠠᠬᠤ᠎ᠳᠤ ᠲᠡᠮᠦᠷ ᠵᠠᠮ᠎ᠤᠨ ᠬᠦᠴᠦᠨ ᠴᠢᠳᠠᠯ᠎ᠢᠶᠠᠨ ᠨᠠᠮᠡᠷᠢᠯᠡᠨ᠎ᠠ᠃

ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ᠎ᠶᠢᠨ ᠲᠣᠪᠴᠢᠶ᠎ᠠ᠎ᠶᠢᠨ ᠪᠦᠯᠦᠭ᠌ᠯᠡᠯ ᠺᠣᠮᠫᠠᠨᠢ᠎ᠵᠢᠨ ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ᠂ ᠰᠠᠭᠤᠷᠢ ᠲᠦᠬᠦᠭᠡᠷᠦᠮᠵᠢ᠂ ᠲᠡᠭᠡᠭᠡᠪᠦᠷᠢ᠎ᠶ᠋ᠢᠨ ᠦᠶ᠋ᠯᠡᠴᠢᠯᠡᠭᠡ᠂ ᠬᠢᠯᠢ᠎ᠶ᠋ᠢᠨ ᠠᠷᠠᠯᠵᠢᠶᠠᠨ᠎ᠤ ᠬᠠᠮᠲᠤᠷᠠᠯᠴᠠᠭ᠎ᠠ ᠵᠡᠷᠭᠡ ᠲᠠᠯ᠎ᠠ ᠪᠠᠷ ᠬᠤᠯᠪᠤᠯᠳᠤᠨ ᠨᠡᠪᠳᠡᠷᠡᠯᠴᠡᠬᠦ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠮᠣᠩᠭᠣᠯ ᠣᠷᠣᠰ ᠬᠣᠶᠠᠷ ᠤᠯᠤᠰ᠎ᠤᠨ ᠲᠡᠮᠦᠷ ᠵᠠᠮ᠂ ᠪᠣᠭᠣᠮᠲᠠ᠎ᠪᠠ ᠬᠢᠯᠢ᠎ᠶ᠋ᠢᠨ ᠪᠠᠢᠴᠠᠭᠠᠯᠲᠠ᠎ᠶ᠋ᠢᠨ ᠰᠠᠯᠠᠭ᠎ᠠ ᠮᠥᠴᠢᠷ᠂ ᠬᠠᠮᠲᠤᠷᠠᠭ᠍ᠰᠠᠨ ᠲᠡᠭᠡᠭᠡᠪᠦᠷᠢ᠎ᠶ᠋ᠢᠨ ᠠᠵᠤ ᠠᠬᠤᠢᠯᠠᠯ᠎ᠯᠤᠭ᠎ᠠ᠎ᠶ᠋ᠢᠨ ᠲᠦᠷᠢᠮ᠎ᠪᠠ ᠪᠠᠷᠢᠮᠵᠢᠶ᠎ᠠ᠎ᠵᠢᠨ ᠲᠠᠯ᠎ᠠ ᠪᠡᠷ ᠵᠤᠯᠭᠠᠯᠴᠠᠬᠤ᠂ ᠮᠡᠳᠡᠭᠡ ᠵᠠᠩᠭᠢ ᠶ᠋ᠢᠨ ᠲᠠᠯ᠎ᠠ ᠪᠡᠷ ᠬᠠᠷᠢᠯᠴᠠᠨ ᠨᠡᠪᠳᠡᠷᠡᠯᠴᠡᠬᠦ᠂ ᠦᠶ᠋ᠯᠡᠳᠪᠦᠷᠢᠯᠡᠯ᠎ᠦᠨ ᠲᠠᠯ᠎ᠠ ᠪᠠᠷ ᠬᠠᠮᠳᠤᠷᠠᠨ ᠬᠦᠳᠡᠯᠤᠯᠴᠠᠬᠦ ᠎ᠵᠢ ᠴᠢᠩᠭᠠᠳᠭᠠᠨ᠂ ᠣᠯᠠᠨ ᠤᠯᠤᠰ᠎ᠤᠨ ᠲᠡᠮᠦᠷ ᠵᠠᠮ᠎ᠤᠨ ᠬᠤᠯᠪᠤᠯᠳᠤᠨ ᠨᠡᠪᠳᠡᠷᠡᠯᠴᠡᠬᠦ ᠪᠠ ᠪᠣᠭᠣᠮᠲᠠ᠎ᠪᠠᠷ ᠥᠩᠭᠡᠷᠡᠬᠦ᠌᠎ᠵᠢ ᠲᠦᠬᠦᠮ ᠳᠦᠳᠡᠴᠢᠯᠡᠬᠦ ᠲᠦᠪᠱᠢᠨ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠦᠨ᠎ᠡ; ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠡᠭᠦᠳᠦᠨ ᠪᠠᠢᠭᠤᠯᠬᠤ᠎ᠳᠤ ᠢᠳᠡᠪᠬᠢᠲᠡᠢ ᠠᠭᠤᠰᠤᠯᠴᠠᠨ᠂ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠪᠠᠭ᠍ᠲᠠᠭᠠᠮᠵᠢ᠎ᠶ᠋ᠢ ᠨᠡᠮᠡᠭᠳᠡᠭᠦᠯᠬᠦ᠌᠎ᠶ᠋ᠢ ᠦᠷᠭᠦᠯᠵᠢᠯᠡᠨ ᠠᠬᠢᠭᠤᠯᠵᠤ᠂ ᠲᠠᠪᠴᠠᠩ᠎ᠤᠨ ᠠᠵᠤ ᠠᠬᠤᠢ᠎ᠶ᠋ᠢ ᠶᠡᠬᠡ᠎ᠪᠡᠷ ᠬᠥᠭ᠌ᠵᠢᠭᠦᠯᠤᠨ᠂ ᠭᠠᠳᠠᠭᠠᠳᠤ ᠬᠠᠨᠳᠤᠯᠭᠠᠲᠤ ᠬᠡᠯᠪᠡᠷᠢ ᠶ᠋ᠢᠨ ᠡᠳ᠋ᠱᠢᠭᠦᠯᠭᠡ ᠦᠢᠯᠡᠳᠭᠡᠯ ᠵᠡᠷᠭᠡ ᠠᠵᠤ ᠦᠢᠯᠡᠰ ᠢ᠋ ᠬᠢᠯᠢ᠎ᠶᠢᠨ ᠪᠣᠭᠣᠮᠲᠠ᠎ᠶ᠋ᠢᠨ ᠳᠣᠲᠣᠷ ᠭᠠᠵᠠᠷ᠎ᠲᠤ ᠲᠥᠪᠯᠡᠷᠡᠭᠦᠯᠵᠦ᠍᠂ ᠨᠡᠩ ᠤᠯᠠᠨ 《ᠥᠪᠥᠷ ᠮᠣᠩᠭᠣᠯ᠎ᠤᠨ ᠦᠢᠯᠡᠳᠭᠡᠯ》 ᠤ᠋ᠨ ᠥᠪᠡᠷᠲᠡᠭᠡᠨ ᠵᠠᠰᠠᠬᠤ ᠣᠷᠣᠨ ᠡᠴᠡ ᠭᠠᠷᠴᠤ ᠭᠠᠳᠠᠭᠠᠳᠤ ᠳ᠋ᠤ ᠭᠠᠷᠭᠠᠬᠤ᠎ᠳᠤ ᠬᠦᠴᠦᠨ ᠨᠡᠮᠡᠷᠢᠯᠡᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面