2022-07-07 09:38:28
ᠪᠥᠬᠥ ᠣᠷᠣᠨ᠎ᠤ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠭᠡᠰᠢᠭᠦᠳ᠂ ᠪᠠᠭᠠᠴᠤᠳ᠎ᠤᠨ ᠬᠣᠰᠢᠭᠤᠴᠢ ᠠᠩᠭᠢ ᠶᠢᠨ ᠭᠡᠰᠢᠭᠦᠳ᠂ ᠵᠠᠯᠠᠭᠤ ᠨᠠᠢᠵᠠ ᠨᠠᠷ ᠡ᠄
ᠶᠡᠷᠦᠩᠬᠡᠢ ᠱᠦᠵᠢ᠎ᠰᠢ᠎ᠶᠢᠨ ᠫᠢᠩ ᠤ᠋ᠨ ᠳᠤᠮᠳᠠᠳᠤ ᠤᠯᠤᠰ᠎ᠤᠨ ᠡᠪ ᠬᠠᠮᠲᠤ ᠵᠠᠯᠠᠭᠤᠴᠤᠳ᠎ᠤᠨ ᠡᠪᠯᠡᠯ ᠪᠠᠢᠭᠤᠯᠤᠭᠳᠠᠭᠰᠠᠨ 100 ᠵᠢᠯ ᠦᠨ ᠣᠶ ᠵᠢ ᠪᠡᠯᠭᠡᠯᠡᠬᠦ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ《ᠥᠪᠥᠷ ᠮᠣᠩᠭᠣᠯ᠎ᠤᠨ ᠳᠦᠷᠢ ᠲᠥᠷᠬᠦ᠎ᠶᠢ ᠱᠤᠭᠤᠬᠤ》 ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠷᠭᠡᠨ ᠣᠯᠠᠨ ᠵᠠᠯᠠᠭᠤᠴᠤᠳ ᠪᠠᠭᠠᠴᠤᠳ᠎ᠢ ᠬᠥᠲᠥᠯᠥᠨ ᠳᠠᠭᠠᠭᠤᠯᠵᠤ ᠴᠠᠭ ᠦᠶ᠎ᠡ᠎ᠶᠢᠨ ᠰᠢᠨ᠎ᠡ ᠬᠡᠪ ᠰᠤᠷᠲᠠᠯ᠎ᠢ ᠪᠠᠳᠠᠷᠠᠭᠤᠯᠤᠨ᠂ ᠤᠮᠠᠷᠠᠲᠤ ᠬᠢᠯᠢ᠎ᠳᠦ ᠭᠠᠪᠢᠶ᠎ᠠ ᠵᠢᠳᠬᠦᠯ ᠪᠠᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ ᠤᠨ ᠠᠮᠵᠢᠯᠲᠠ᠎ᠲᠠᠢ ᠬᠤᠷᠠᠯᠳᠤᠬᠤ᠎ᠶᠢ ᠤᠭᠲᠤᠬᠤ ᠵᠢᠨ ᠲᠦᠯᠦᠭᠡ᠂ ᠡᠪ ᠬᠠᠮᠲᠤ ᠵᠠᠯᠠᠭᠤᠴᠤᠳ ᠤᠨ ᠡᠪᠯᠡᠯ᠎ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ᠎ᠤᠨ ᠬᠣᠯᠪᠣᠭ᠎ᠠ᠎ᠳᠤ ᠬᠤᠷᠠᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠤᠭ᠍ᠴᠢᠳ᠎ᠤᠨ ᠬᠣᠯᠪᠣᠭ᠎ᠠ᠎ᠳᠤ ᠬᠤᠷᠠᠯ᠂ ᠪᠠᠭᠠᠴᠤᠳ᠎ᠤᠨ ᠬᠣᠰᠢᠭᠤᠴᠢ ᠠᠩᠭᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠬᠤᠷᠢᠶ᠎ᠠ᠎ᠡᠴᠡ《ᠥᠪᠥᠷ ᠮᠣᠩᠭᠣᠯ᠎ᠢᠶᠠᠨ ᠬᠠᠢᠷᠠᠯᠠᠵᠤ᠂ ᠥᠪᠥᠷ ᠮᠣᠩᠭᠣᠯ᠎ᠢᠶᠠᠨ ᠪᠦᠲᠦᠭᠡᠨ ᠪᠠᠢᠭᠤᠯᠤᠶ᠎ᠠ — ᠪᠢ ᠤᠮᠠᠷᠠᠲᠤ ᠬᠢᠯᠢ᠎ᠳᠦ ᠬᠡᠷᠡᠯ ᠭᠢᠯᠪᠠᠭ᠎ᠠ ᠨᠡᠮᠡᠷᠢᠯᠡᠨ᠎ᠡ》 ᠭᠡᠬᠦ ᠭᠣᠣᠯ ᠰᠡᠳᠦᠪᠲᠦ ᠠᠵᠢᠯᠯᠠᠭ᠎ᠠ ᠥᠷᠨᠢᠭᠦᠯᠬᠦ ᠪᠡᠷ ᠪᠦᠬᠦ ᠣᠷᠣᠨ᠎ᠤ ᠥᠷᠭᠡᠨ ᠤᠯᠠᠨ ᠵᠠᠯᠠᠭᠤᠴᠤᠳ ᠪᠠᠭᠠᠴᠤᠳ᠎ᠲᠤ ᠰᠠᠨᠠᠭᠠᠴᠢᠯᠠᠵᠤ ᠪᠠᠢᠨ᠎ᠠ᠄
ᠨᠢᠭᠡᠳᠦᠭᠡᠷ ᠲᠸ᠋᠂ ᠥᠪᠥᠷ ᠮᠣᠩᠭᠣᠯ ᠢᠶᠠᠨ ᠬᠠᠢᠷᠠᠯᠠᠵᠤ᠂ ᠦᠪᠦᠷ ᠮᠤᠩᠭᠤᠯ ᠳ᠋ᠤ ᠦᠩᠭᠡ ᠨᠡᠮᠡᠷᠢᠯᠡᠵᠦ᠂ ᠰᠢᠨ᠎ᠡ ᠴᠠᠭ ᠦᠶ᠎ᠡ ᠵᠢᠨ ᠬᠦᠰᠡᠯ ᠬᠦᠭᠡᠭᠡᠴᠡᠯᠳᠦᠯ ᠲᠠᠢ ᠵᠠᠯᠠᠭᠤ ᠨᠠᠰᠤᠨ᠎ᠤ ᠢᠷᠠᠭᠤ ᠬᠠᠭᠤᠳᠠᠰᠤ᠎ᠶᠢ ᠪᠢᠴᠢᠭᠯᠡᠶ᠎ᠡ᠃ ᠤᠶᠠᠬᠠᠨ ᠰᠠᠯᠬᠢ ᠡᠬᠡ ᠤᠯᠤᠰ᠎ᠤᠨ ᠤᠮᠠᠷᠠᠲᠤ ᠤᠷᠤᠨ ᠢ᠋ ᠢᠯᠪᠢᠬᠦᠶ᠎ᠡ᠂ ᠦᠵᠡᠰᠬᠦᠯᠡᠩᠲᠦ ᠰᠠᠢᠬᠠᠨ ᠥᠪᠥᠷ ᠮᠣᠩᠭᠣᠯ ᠳᠤ ᠦᠩᠬᠡ ᠵᠢᠨ ᠴᠡᠴᠡᠭ ᠮᠢᠷᠠᠯᠵᠠᠨ ᠲᠡᠯᠭᠡᠷᠡᠨ᠎ᠡ᠃ ᠦᠯᠦᠭᠡᠢ ᠨᠤᠳᠤᠭ ᠮᠢᠨᠢ ᠦᠨᠢ ᠤᠳᠠᠭᠠᠨ ᠳᠡᠦᠬᠡ ᠰᠤᠶᠤᠯ ᠳᠠᠢ᠂ ᠦᠵᠡᠰᠬᠦᠯᠡᠩᠳᠦ ᠰᠠᠢᠬᠠᠨ ᠥᠩᠭᠡ ᠦᠵᠡᠮᠵᠢ ᠲᠠᠢ᠂ ᠡᠯᠪᠡᠭ ᠪᠠᠶᠠᠯᠢᠭ ᠡᠳ᠋ ᠠᠭᠤᠷᠰᠤᠨ ᠲᠠᠢ᠂ ᠦᠨᠳᠦᠰᠦᠲᠡᠨ᠎ᠨᠦᠭᠦᠳ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠵᠦ᠂ 《ᠦᠵᠡᠰᠬᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠲᠦᠭᠡᠨ ᠪᠠᠢᠭᠤᠯᠵᠤ᠂ ᠠᠭᠤᠤ ᠶᠡᠬᠡ ᠳᠤᠮᠳᠠᠳᠤ᠎ᠶᠢᠨ ᠵᠡᠭᠦᠳᠦ ᠪᠡᠨ ᠬᠠᠮᠲᠤ ᠪᠠᠷ ᠲᠡᠷᠭᠡᠯᠰᠢᠭᠦᠯᠬᠦ》 ᠪᠡᠷ ᠡᠷᠡᠮᠡᠭᠡᠢᠯᠡᠨ ᠤᠷᠤᠭᠰᠢᠯᠠᠨ᠎ᠠ᠃ ᠥᠷᠭᠡᠨ ᠣᠯᠠᠨ ᠵᠠᠯᠠᠭᠤᠴᠤᠳ ᠪᠠᠭᠠᠴᠤᠳ ᠪᠣᠯ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠰᠢᠨ᠎ᠡ ᠬᠦᠴᠦᠨ ᠪᠠ ᠪᠡᠯᠡᠳᠬᠡᠯ ᠬᠦᠴᠦᠨ ᠮᠥᠨ᠂ ᠥᠪᠥᠷ ᠮᠣᠩᠭᠣᠯ᠎ᠤᠨ ᠢᠷᠡᠭᠡᠳᠦᠢ ᠪᠠ ᠬᠦᠰᠡᠯ ᠡᠷᠡᠮᠡᠯᠵᠡᠯ ᠮᠥᠨ᠃ ᠡᠢᠮᠦ ᠡᠴᠡ ᠪᠢᠳᠡ ᠦᠪᠦᠷ ᠮᠤᠩᠭᠤᠯ ᠵᠢᠡᠨ ᠨᠡᠩ ᠢᠯᠡᠬᠦᠦ ᠰᠡᠳᠬᠢᠯ ᠳ᠋ᠡᠬᠡᠨ ᠪᠤᠳᠤᠵᠤ᠂ ᠥᠪᠥᠷ ᠮᠣᠩᠭᠣᠯ᠎ᠢᠶᠠᠨ ᠨᠡᠩ ᠢᠯᠡᠬᠦᠦ ᠬᠠᠢᠷᠠᠯᠠᠵᠤ᠂ ᠥᠪᠥᠷ ᠮᠣᠩᠭᠣᠯ ᠳ᠋ᠠᠭᠠᠨ ᠨᠡᠩ ᠶᠡᠭᠡ ᠬᠦᠴᠦ ᠪᠠᠨ ᠡᠷᠬᠦᠪᠡᠯ ᠵᠤᠬᠢᠨ᠎ᠠ᠃ ᠪᠢᠳᠡ ᠥᠪᠥᠷ ᠮᠣᠩᠭᠣᠯ᠎ᠤᠨ《ᠤᠬᠠᠭᠤᠯᠤᠭ᠍ᠴᠢ》 ᠪᠣᠯᠬᠤ ᠪᠠᠷ ᠮᠡᠷᠡᠢᠨ ᠴᠢᠷᠮᠠᠢᠵᠤ᠂ ᠬᠡᠬᠦᠳᠡᠭ ᠴᠡᠭᠡᠵᠢᠨ᠎ᠳᠡᠭᠡᠨ《ᠬᠣᠶᠠᠷ ᠶᠡᠬᠡ ᠲᠠᠯ᠎ᠠ》 ᠶ᠋ᠢ ᠪᠠᠭᠲᠠᠭᠠᠵᠤ᠂ ᠰᠡᠳᠬᠢᠯ ᠵᠢᠷᠦᠭᠡᠨ ᠳ᠋ᠡᠭᠡᠨ《ᠤᠯᠤᠰ᠎ᠤᠨ ᠶᠡᠬᠡ ᠶᠠᠪᠤᠳᠠᠯ》᠎ᠢ ᠪᠤᠳᠤᠯᠬᠢᠯᠠᠵᠤ᠂ 《ᠣᠷᠣᠨ᠎ᠤ ᠴᠢᠬᠤᠯᠠ ᠶᠠᠪᠤᠳᠠᠯ》 ᠢ᠋ ᠪᠠᠲᠤ ᠴᠡᠭᠡᠵᠢᠯᠡᠵᠦ᠂ ᠤᠮᠠᠷᠠᠳᠤ ᠬᠢᠯᠢ ᠵᠢᠨ ᠡᠯ᠎ᠡ ᠭᠠᠵᠠᠷ ᠵᠢᠡᠷ ᠬᠦᠷᠴᠦ᠂ ᠠᠷᠠᠳ ᠲᠦᠮᠡᠨ ᠦ ᠬᠦᠰᠡᠯ ᠱᠠᠭᠠᠷᠳᠠᠯᠭ᠎ᠠ ᠶᠢ ᠰᠡᠳᠬᠢᠯ ᠲᠠᠯᠪᠢᠨ ᠰᠣᠨᠣᠰᠴᠤ᠂ ᠴᠠᠭ ᠦᠶ᠎ᠡ᠎ᠶᠢᠨ ᠰᠤᠳᠠᠰᠤ᠎ᠶᠢ ᠮᠡᠳᠡᠷᠡᠵᠦ᠂ ᠥᠪᠥᠷ ᠮᠣᠩᠭᠣᠯ ᠵᠢᠡᠨ ᠭᠦᠨᠵᠡᠭᠡᠢ ᠣᠢᠯᠠᠭᠠᠵᠤ᠂ ᠥᠪᠥᠷ ᠮᠣᠩᠭᠣᠯᠵᠢᠡᠨ ᠥᠷᠭᠡᠨ᠎ᠢᠶᠡᠷ ᠤᠬᠠᠭᠤᠯᠵᠤ᠂ ᠥᠪᠥᠷ ᠮᠣᠩᠭᠣᠯ᠎ᠤᠨ ᠥᠯᠢᠭᠡᠷ᠎ᠢ ᠰᠠᠢᠲᠤᠷ ᠶᠠᠷᠢᠵᠤ᠂《ᠥᠪᠥᠷ ᠮᠣᠩᠭᠣᠯ ᠢᠶᠠᠨ ᠬᠠᠢᠷᠠᠯᠠᠬᠤ N ᠰᠢᠯᠲᠠᠭᠠᠨ》 ᠳ᠋ᠤ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠬᠦᠶ᠎ᠡ᠃ ᠪᠢᠳᠡ ᠥᠪᠥᠷ ᠮᠣᠩᠭᠣᠯ᠎ᠤᠨ《ᠣᠷᠣᠯᠠᠨ ᠥᠭᠦᠯᠡᠭᠴᠢ》 ᠪᠣᠯᠬᠤ᠎ᠪᠠᠷ ᠮᠡᠷᠡᠢᠨ ᠴᠢᠷᠮᠠᠢᠵᠤ ᠂ ᠭᠤᠢᠪᠢᠰᠢ ᠦᠭᠡᠢ᠎ᠪᠡᠷ ᠨᠠᠮ᠎ᠤᠨ ᠦᠭᠡ᠎ᠶᠢ ᠰᠣᠨᠣᠰᠴᠤ᠂ ᠨᠠᠮ ᠢᠶᠠᠨ ᠳᠠᠭᠠᠵᠤ᠂ ᠵᠠᠯᠠᠭᠤ ᠨᠠᠰᠤᠨ᠎ᠤ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠂ ᠵᠠᠯᠠᠭᠤ ᠨᠠᠰᠤᠨ᠎ᠤ ᠴᠤᠭ ᠵᠢᠪᠬᠤᠭ᠎ᠠ ᠪᠠᠨ ᠢᠯᠡᠷᠡᠭᠦᠯᠵᠦ᠂ ᠡᠷᠳᠡᠮ ᠴᠢᠳᠠᠪᠤᠷᠢ᠎ᠵᠢ ᠴᠠᠭᠠᠷᠠᠳᠡᠯᠠ ᠡᠵᠡᠮᠰᠢᠵᠦ᠂ ᠶᠡᠷᠦᠩᠬᠡᠢᠯᠡᠭᠰᠡᠨ ᠬᠡᠪ ᠴᠢᠨᠠᠷ ᠢᠶᠠᠨᠳᠡᠭᠡᠭᠰᠢᠯᠡᠭᠦᠯᠵᠦ᠂ᠰᠠᠬᠢᠨᠪᠠᠷᠠᠯᠠᠵᠤᠬᠠᠷᠢᠯᠴᠠᠨᠬᠠᠪᠰᠤᠷᠤᠯᠴᠠᠬᠤᠣᠢᠯᠠᠭᠠᠭᠳᠠᠬᠤᠨᠢᠵᠢᠱ᠌ᠢᠶᠡᠴᠢ ᠪᠡᠷ ᠦᠢᠯᠡᠳᠦᠯᠭᠡᠵᠢᠭᠦᠯᠵᠦ᠂《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ᠋ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠵᠤ᠂ ᠥᠪᠡᠷ᠎ᠢ᠎ᠪᠡᠨ ᠢᠲᠡᠭᠡᠵᠦ ᠥᠪᠡᠷ᠎ᠢ᠎ᠪᠡᠨ ᠬᠦᠴᠦᠷᠬᠡᠭᠵᠢᠭᠦᠯᠬᠦ᠂ ᠡᠷᠡᠯᠬᠡᠭᠯᠡᠨ ᠲᠡᠮᠡᠴᠡᠵᠦ ᠡᠷᠡᠮᠡᠭᠡᠢᠯᠡᠨ ᠤᠷᠤᠭᠰᠢᠯᠠᠬᠤ ᠵᠠᠯᠠᠭᠤ ᠨᠠᠰᠤᠨ᠎ᠤ ᠴᠤᠭ ᠵᠢᠪᠬᠤᠭ᠎ᠠ ᠪᠡᠷ ᠥᠪᠥᠷ ᠮᠣᠩᠭᠣᠯ᠎ᠤᠨ 《ᠦᠵᠡᠰᠬᠦᠯᠡᠩᠲᠦ ᠰᠠᠢᠬᠠᠨ ᠨᠡᠷ᠎ᠡ᠎ᠶᠢᠨ ᠬᠠᠭᠤᠳᠠᠰᠤ》 ᠪᠤᠯᠭᠠᠶ᠎ᠠ᠃ ᠪᠢᠳᠡ ᠥᠪᠥᠷ ᠮᠣᠩᠭᠣᠯ ᠤᠨ 《ᠰᠠᠬᠢᠨ ᠬᠠᠮᠠᠭᠠᠯᠠᠭ᠍ᠴᠢ》ᠪᠣᠯᠬᠤ᠎ᠪᠠᠷ ᠮᠡᠷᠡᠢᠨ ᠴᠢᠷᠮᠠᠢᠵᠤ᠂ ᠡᠬᠡ ᠤᠯᠤᠰ ᠤᠨ ᠤᠮᠠᠷᠠᠲᠤ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠰᠠᠢᠲᠤᠷ ᠰᠠᠬᠢᠵᠤ᠂ ᠡᠬᠡ ᠤᠯᠤᠰ᠎ᠤᠨ ᠤᠮᠠᠷᠠᠲᠤ᠎ᠶᠢᠨ ᠠᠮᠢ ᠠᠬᠤᠢ ᠶᠢᠨ ᠠᠮᠤᠷ ᠲᠦᠪᠰᠢᠨ᠎ᠦ ᠬᠠᠯᠬᠠᠪᠴᠢ᠎ᠶᠢ ᠰᠠᠢᠲᠤᠷ ᠰᠠᠬᠢᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠠᠢᠨ ᠰᠠᠢᠬᠠᠨ ᠤᠶᠤᠨ ᠰᠠᠨᠠᠭᠠᠨ᠎ᠤ ᠭᠡᠷ ᠣᠷᠣᠨ ᠢ ᠰᠠᠢᠲᠤᠷ ᠰᠠᠬᠢᠵᠤ᠂ ᠨᠣᠮᠢᠨ ᠨᠣᠭᠣᠭᠠᠨ᠂ ᠬᠥᠬᠡᠮᠳᠦᠭ᠂ ᠠᠷᠢᠭᠤᠨ ᠴᠡᠪᠡᠷ᠎ᠢ ᠰᠠᠢᠲᠤᠷ ᠰᠠᠬᠢᠨ ᠬᠠᠮᠠᠭᠠᠯᠠᠵᠤ᠂ ᠠᠮᠢ ᠠᠬᠤᠢ ᠶᠢ ᠤᠷᠢᠳ ᠵᠢᠡᠷ ᠪᠤᠳᠤᠯᠬᠢᠯᠠᠬᠤ ᠪᠣᠬᠢᠷᠳᠤᠯ ᠦᠭᠡᠢ ᠬᠥᠭᠵᠢᠯᠲᠡ᠎ᠪᠡᠷ ᠤᠳᠤᠷᠢᠳᠤᠮᠵᠢ ᠪᠣᠯᠭᠠᠭᠰᠠᠨ ᠴᠢᠨᠠᠷ ᠰᠠᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠢᠪᠢᠰᠢ ᠦᠭᠡᠢ ᠵᠠᠮᠨᠠᠵᠤ᠂ ᠦᠵᠡᠰᠬᠦᠯᠡᠩᠲᠦ ᠰᠠᠢᠬᠠᠨ ᠤᠮᠠᠷᠠᠲᠤ ᠬᠢᠯᠢ᠎ᠳᠦ ᠵᠠᠯᠠᠭᠤ ᠨᠠᠰᠤᠨ᠎ᠤ ᠬᠦᠰᠡᠯ ᠵᠡᠭᠦᠳᠦ᠎ᠪᠡᠨ ᠲᠡᠷᠭᠡᠯᠰᠢᠭᠦᠯᠵᠦ᠂ ᠭᠣᠢᠳᠠ ᠰᠠᠢᠬᠠᠨ ᠬᠥᠮᠥᠨ᠎ᠦ ᠠᠮᠢᠳᠤᠷᠠᠯ᠎ᠢ ᠴᠣᠭᠴᠠᠯᠠᠶ᠎ᠠ᠃
ᠬᠤᠶᠠᠳᠤᠭᠠᠷ ᠲᠸ᠋᠂ ᠥᠪᠥᠷ ᠮᠣᠩᠭᠣᠯ᠎ᠢᠶᠠᠨ ᠪᠦᠳᠦᠭᠡᠨ ᠪᠠᠢᠭᠤᠯᠵᠤ᠂ ᠱᠢᠨ᠎ᠡ ᠠᠶᠠᠨ ᠳᠠᠭᠠᠨ ᠡᠷᠡᠮᠡᠭᠡᠢᠯᠡᠨ ᠤᠷᠤᠭ᠍ᠰᠢᠯᠠᠵᠤ᠂ 《ᠨᠠᠮ ᠮᠢᠨᠢ ᠰᠠᠨᠠᠭ᠎ᠠ ᠠᠮᠤᠷ ᠪᠠᠢᠭᠠᠷᠠᠢ᠂ ᠤᠯᠤᠰ ᠢᠶᠠᠨ ᠬᠦᠴᠦᠷᠬᠡᠭ᠌ᠵᠢᠭᠦᠯᠬᠦ᠌᠎ᠳᠦ ᠪᠢ ᠪᠠᠢᠨ᠎ᠠ》 ᠭᠡᠬᠦ ᠵᠠᠯᠠᠭᠤ ᠨᠠᠰᠤᠨ᠎ᠤ ᠲᠠᠩᠭᠠᠷᠢᠭ᠎ᠢᠶᠠᠨ ᠦᠢᠯᠡᠳᠦᠯᠭᠡᠵᠢᠭᠦᠯᠦᠶ᠎ᠡ᠃ ᠲᠠᠪᠳᠠᠨ ᠪᠤᠯᠪᠠᠰᠤᠷᠠᠬᠤ ᠲᠤᠮᠳᠠ ᠵᠠᠯᠠᠭᠤ ᠨᠠᠰᠤ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠡᠷᠡᠮᠡᠭᠡᠢᠯᠡᠨ ᠲᠡᠮᠡᠴᠡᠬᠦ ᠲᠤᠮᠳᠠ ᠬᠦᠮᠦᠨ᠎ᠤ ᠠᠮᠢᠳᠤᠷᠠᠬᠤᠢ ᠲᠡᠬᠦᠯᠳᠡᠷᠵᠢᠨᠡ᠃ ᠥᠪᠥᠷ ᠮᠣᠩᠭᠣᠯ ᠶᠠᠭ ᠬᠥᠭ᠌ᠵᠢᠯᠲᠡ᠎ᠶ᠋ᠢᠨ ᠪᠣᠭᠣᠮᠲᠠ ᠳᠠᠪᠠᠬᠤ ᠪᠣᠭᠣᠮᠲᠠ ᠱᠢᠪᠲᠤᠯᠬᠤ ᠬᠤᠭᠤᠴᠠᠭ᠎ᠠ ᠪᠠ ᠲᠤᠬᠢᠷᠠᠭᠤᠯᠤᠯᠳᠠ ᠬᠢᠵᠦ᠍ ᠬᠡᠯᠪᠡᠷᠢ᠎ᠪᠡᠨ ᠬᠤᠪᠢᠷᠠᠭᠤᠯᠬᠤ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠱᠢᠵᠤ ᠪᠠᠢᠨ᠎ᠠ᠂ ᠥᠷᠭᠡᠨ ᠤᠯᠠᠨ ᠵᠠᠯᠠᠭᠤᠴᠤᠳ ᠪᠠᠭᠠᠴᠤᠳ ᠨᠡᠩ ᠴᠤ᠌ ᠲᠡᠷᠢᠬᠦᠨ ᠡᠩᠨᠡᠭᠡᠨ ᠳ᠋ᠤ ᠬᠤᠰᠢᠭᠤᠷᠠᠵᠤ᠂ ᠴᠤᠴᠠᠯᠲᠠ ᠦᠭᠡᠢ ᠤᠷᠤᠭ᠍ᠰᠢᠯᠠᠵᠤ᠂ ᠥᠪᠥᠷ ᠮᠣᠩᠭᠣᠯ᠎ᠢ ᠪᠦᠳᠦᠭᠡᠨ ᠪᠠᠢᠭᠤᠯᠬᠤ᠎ᠳᠤ ᠠᠷᠭ᠎ᠠ ᠤᠬᠠᠭᠠᠨ ᠰᠦᠪᠡᠭᠴᠢᠯᠡᠵᠦ᠂ ᠬᠦᠴᠦᠨ ᠴᠢᠳᠠᠯ᠎ᠢᠶᠠᠨ ᠡᠷᠭᠦᠪᠡᠯ ᠵᠣᠬᠢᠨ᠎ᠠ᠃ ᠪᠢᠳᠡ 《ᠱᠢᠪᠲᠤᠯᠤᠯᠲᠠ ᠬᠢᠬᠦ᠌》 ᠵᠣᠷᠢᠭ ᠰᠠᠨᠠᠭ᠎ᠠ᠎ᠶ᠋ᠢ ᠢᠮᠠᠭᠳᠠ ᠪᠠᠷᠢᠮᠳᠠᠯᠠᠵᠤ᠂ ᠮᠣᠩᠭᠣᠯ ᠮᠤᠷᠢᠨ᠎ᠤ ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠵᠤ᠂ ᠠᠭᠤᠯᠠ ᠳᠠᠭᠠᠷᠠᠪᠠᠯ ᠵᠠᠮ ᠨᠡᠭᠡᠭᠡᠵᠦ᠍ ᠤᠰᠤ ᠳᠠᠭᠠᠷᠠᠪᠠᠯ ᠬᠥᠭᠥᠷᠭᠡ ᠲᠠᠯᠪᠢᠬᠤ ᠲᠡᠮᠡᠴᠡᠯ᠎ᠦᠨ ᠵᠣᠷᠢᠭ᠎ᠢ ᠪᠠᠳᠠᠷᠠᠭᠠᠨ᠂ ᠵᠣᠷᠢᠭ᠍ᠲᠠᠢ᠎ᠪᠠᠷ ᠬᠠᠲᠠᠭᠤ ᠳᠠᠢᠯᠠᠯᠳᠤᠭᠠᠨ ᠬᠢᠵᠦ᠍᠂ ᠵᠣᠷᠢᠭ᠍ᠲᠠᠢ᠎ᠪᠠᠷ ᠪᠣᠭᠣᠮᠲᠠ ᠱᠢᠪᠲᠤᠯᠵᠤ᠂ ᠦᠵᠡᠯ ᠰᠠᠨᠠᠭ᠎ᠠ᠎ᠪᠠᠨ ᠴᠢᠯᠥᠭᠡᠯᠡᠬᠦ᠌ ᠲᠠᠯ᠎ᠠ᠎ᠪᠠᠷ 《ᠱᠢᠨ᠎ᠡ ᠵᠠᠮ》᠎ᠢ᠋ ᠨᠡᠭᠡᠭᠡᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢᠨ ᠲᠠᠯ᠎ᠠ᠎ᠪᠠᠷ 《ᠬᠤᠷᠳᠤᠴᠠ᠎ᠪᠠᠨ ᠲᠦᠷᠭᠡᠳᠭᠡᠵᠦ᠍》 ᠂ ᠬᠦᠴᠦᠷᠬᠡᠭ ᠶᠡᠬᠡ 《ᠱᠢᠪᠲᠤᠯᠤᠯᠲᠠ᠎ᠶ᠋ᠢᠨ ᠬᠦᠴᠦᠨ》 ᠪᠠ ᠬᠦᠴᠦᠨ ᠴᠢᠳᠠᠯ᠎ᠢ ᠬᠥᠭ᠌ᠵᠢᠭᠡᠵᠦ᠍᠂ ᠴᠥᠬᠥᠷᠡᠰᠢ ᠦᠭᠡᠢ ᠲᠡᠮᠡᠴᠡᠬᠦ᠌ ᠵᠠᠯᠠᠭᠤ ᠨᠠᠰᠤᠨ᠎ᠤ ᠦᠯᠢᠬᠡᠷ᠎ᠢ ᠪᠢᠴᠢᠭ᠌ᠯᠡᠶ᠎ᠡ᠃ ᠪᠢᠳᠡ 《ᠡᠭᠦᠳᠦᠨ ᠪᠦᠲᠦᠭᠡᠬᠦ᠌》 ᠡᠷᠴᠢ ᠵᠣᠷᠢᠭ ᠵᠢᠡᠨ ᠢᠮᠠᠭᠳᠠ ᠪᠠᠲᠤᠯᠠᠵᠤ᠂ 《ᠬᠡᠪ ᠰᠤᠷᠲᠠᠯ᠎ᠤᠨ ᠬᠣᠱᠢᠭᠤᠴᠢ ᠪᠤᠯᠬᠤ》 ᠢᠷᠠᠭᠤ ᠠᠯᠳᠠᠷᠲᠤ ᠤᠯᠠᠮᠵᠢᠯᠠᠯ᠎ᠢᠶᠠᠨ ᠪᠠᠳᠠᠷᠠᠭᠤᠯᠵᠤ᠂ ᠴᠤᠴᠠᠯᠲᠠ ᠦᠭᠡᠢ ᠤᠷᠤᠭ᠍ᠰᠢᠯᠠᠬᠤ ᠲᠡᠮᠡᠴᠡᠯ᠎ᠦᠨ ᠳᠦᠷᠰᠦ ᠪᠠᠢᠳᠠᠯ᠂ ᠰᠠᠯᠬᠢ ᠪᠣᠷᠣᠭᠠᠨ᠎ᠳᠤ ᠰᠠᠭᠠᠲᠠᠯ ᠦᠭᠡᠢ ᠤᠷᠤᠭ᠍ᠰᠢᠯᠠᠬᠤ ᠤᠶᠤᠨ ᠰᠠᠨᠠᠭᠠᠨ᠎ᠤ ᠳᠦᠷᠰᠦ ᠪᠠᠢᠳᠠᠯ᠎ᠢᠶᠠᠷ᠂ ᠱᠢᠨ᠎ᠡ ᠮᠡᠳᠡᠯᠭᠡ᠎ᠶ᠋ᠢ ᠡᠵᠡᠮᠱᠢᠵᠦ᠍᠂ ᠱᠢᠨ᠎ᠡ ᠬᠦᠷᠢᠢ᠎ᠡ᠎ᠶ᠋ᠢ ᠣᠢᠯᠠᠭᠠᠵᠤ᠂ ᠱᠢᠨ᠎ᠡ ᠬᠠᠷᠠᠭᠠᠰᠤ ᠵᠢ ᠨᠡᠭᠡᠭᠡᠵᠦ᠍᠂ ᠱᠢᠨ᠎ᠡ ᠴᠠᠭ ᠦᠶ᠎ᠡ᠎ᠶ᠋ᠢᠨ ᠬᠤᠰᠢᠭᠤᠴᠢ ᠪᠤᠯᠵᠤ᠂ 《ᠬᠣᠶᠠᠷ ᠬᠠᠯᠬᠠᠪᠴᠢ》 ᠂ 《ᠬᠣᠶᠠᠷ ᠰᠠᠭᠤᠷᠢᠨ》 ᠂ 《ᠨᠢᠭᠡ ᠪᠡᠬᠢᠯᠡᠯᠲᠡ》 ᠵᠢ ᠴᠣᠭ᠍ᠴᠠᠯᠠᠬᠤ ᠠᠮᠢᠳᠤᠯᠢᠭ ᠦᠢᠯᠡᠳᠦᠯᠭᠡ᠎ᠶ᠋ᠢᠨ ᠳᠤᠮᠳᠠ ᠱᠢᠨ᠎ᠡ ᠬᠦᠴᠦᠨ᠂ ᠱᠢᠨ᠎ᠡ ᠳᠦᠷᠰᠦ ᠪᠠᠢᠳᠠᠯ᠂ ᠱᠢᠨ᠎ᠡ ᠵᠢᠳᠬᠦᠯ ᠴᠢᠷᠮᠠᠢᠯᠭ᠎ᠠ ᠭᠠᠷᠭᠠᠶ᠎ᠠ᠃ ᠪᠢᠳᠡ ᠦᠨᠡᠨ ᠪᠤᠳᠠᠳᠠᠢ ᠠᠵᠢᠯᠯᠠᠬᠤ ᠵᠠᠩ ᠴᠢᠨᠠᠷ᠎ᠢ ᠢᠮᠠᠭᠳᠠ ᠪᠠᠷᠢᠮᠲᠠᠯᠠᠵᠦ᠂ 《ᠬᠤᠭᠤᠰᠤᠨ ᠶᠠᠷᠢᠭᠠᠳ ᠰᠠᠭᠤᠪᠠᠯ ᠲᠦᠷᠦ ᠬᠦᠷᠦᠨ ᠮᠦᠬᠦᠵᠦ᠂ ᠦᠨᠡᠨ ᠪᠤᠳᠠᠳᠠᠢ ᠠᠵᠢᠯᠯᠠᠪᠠᠯ ᠤᠯᠤᠰ ᠬᠦᠷᠦᠨ ᠮᠠᠨᠳᠤᠮᠤᠢ》ᠬᠡᠬᠦ ᠰᠤᠷᠭᠠᠯ᠎ᠢ ᠪᠠᠳᠤ ᠴᠡᠭᠡᠵᠢᠯᠡᠵᠦ᠂ ᠦᠨᠡᠨ ᠪᠤᠳᠠᠳᠠᠢ ᠠᠵᠢᠯᠯᠠᠬᠤ ᠵᠠᠩ ᠴᠢᠨᠠᠷ᠎ᠢ ᠪᠦᠷᠢᠯᠳᠦᠬᠦᠯᠵᠦ᠂ ᠠᠵᠢᠯ ᠬᠢᠬᠦ ᠵᠢ ᠪᠤᠳᠤᠬᠤ᠂ ᠠᠵᠢᠯ ᠬᠢᠵᠦ᠍ ᠴᠢᠳᠠᠬᠤ᠂ ᠠᠵᠢᠯ ᠶᠠᠪᠤᠳᠠᠯ ᠪᠦᠳᠦᠭᠡᠵᠦ ᠲᠡᠢᠯᠬᠦ 《ᠳᠠᠭᠠᠭᠤᠯᠤᠭ᠍ᠴᠢ》ᠪᠤᠯᠵᠦ᠂ ᠵᠥᠷᠢᠴᠡᠯ᠎ᠡᠴᠡ ᠵᠠᠢᠯᠠᠬᠤ ᠦᠭᠡᠢ᠂ ᠥᠷᠢᠰᠥᠯᠳᠦᠭᠡᠨ ᠡᠴᠡ ᠠᠶᠤᠬᠤ ᠦᠭᠡᠢ᠂ ᠬᠦᠴᠢᠷ ᠪᠡᠷᠬᠡᠱᠢᠶᠡᠯ ᠡᠴᠡ ᠡᠮᠢᠶᠡᠬᠦ ᠦᠭᠡᠢ᠂ ᠠᠵᠤ ᠠᠬᠤᠶ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠤᠤᠯ ᠳᠠᠢᠨ᠎ᠤ ᠲᠠᠯᠠᠪᠤᠷ᠎ᠲᠤ ᠰᠠᠨᠠᠭᠠᠴᠢᠯᠠᠭ᠎ᠠ᠎ᠠᠴᠠ᠎ᠪᠠᠨ ᠣᠷᠣᠯᠴᠠᠶ᠎ᠠ᠃ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠨᠢᠭᠡᠳᠦᠭᠡᠷ ᠹᠷᠣᠨᠲ᠂ ᠱᠢᠨ᠎ᠡ᠎ᠶ᠋ᠢ ᠡᠭᠦᠳᠴᠦ᠍ ᠦᠶ᠋ᠯᠡᠰ ᠪᠣᠰᠭᠠᠬᠤ ᠬᠠᠮᠤᠭ᠎ᠤᠨ ᠡᠮᠦᠨ᠎ᠡ ᠹᠷᠣᠨᠲ᠎ᠲᠤ ᠢᠳᠡᠪᠬᠢᠲᠠᠢ ᠭᠠᠪᠰᠢᠭᠠᠢᠯᠠᠵᠦ᠂ ᠰᠡᠳᠭᠢᠯ ᠰᠠᠨᠠᠭ᠎ᠠ᠎ᠪᠠᠨ ᠬᠥᠭ᠌ᠵᠢᠯᠲᠡ᠎ᠶ᠋ᠢ ᠠᠬᠢᠭᠤᠯᠬᠤ ᠳᠡᠭᠡᠷ᠎ᠡ ᠲᠠᠯᠪᠢᠵᠤ᠂ ᠬᠦᠴᠦ᠍ᠨ ᠴᠢᠳᠠᠯ ᠵᠢᠡᠨ ᠨᠠᠢᠳᠠᠪᠤᠷᠢᠵᠢᠭᠤᠯᠤᠯᠳᠠ ᠵᠢ ᠠᠳᠬᠤᠬᠤ ᠳᠡᠭᠡᠷ᠎ᠡ ᠲᠠᠯᠪᠢᠵᠤ᠂ ᠤᠯᠠ ᠮᠦᠷ ᠵᠢᠡᠨ ᠤᠮᠠᠷᠠᠳᠤ ᠬᠢᠯᠢ ᠵᠢᠨ ᠡᠭᠡ ᠭᠠᠵᠠᠷ ᠲᠸ᠋ ᠦᠯᠡᠳᠡᠭᠡᠵᠦ᠂ ᠪᠣᠳᠠᠲᠠᠶ ᠠᠷᠭ᠎ᠠ ᠭᠠᠷᠭᠠᠵᠦ᠂ ᠪᠣᠳᠠᠲᠠᠶ ᠠᠵᠢᠯ ᠬᠢᠵᠦ᠂ ᠪᠣᠳᠠᠳᠠᠢ ᠠᠮᠵᠢᠯᠲᠠ ᠭᠠᠷᠭᠠᠨ᠂ ᠲᠤᠭᠠᠯᠠᠰᠢ ᠦᠭᠡᠢ ᠤᠯᠠᠨ ᠠᠮᠵᠢᠯᠳᠠ ᠵᠢᠨ ᠬᠠᠭᠤᠳᠠᠰᠤ ᠪᠡᠷ ᠦᠵᠡᠰᠬᠦᠯᠡᠩᠳᠦ ᠰᠠᠢᠬᠠᠨ ᠦᠪᠦᠷ ᠮᠤᠩᠭᠤᠯ᠎ᠤᠨ ᠢᠷᠠᠭᠤ ᠬᠠᠭᠤᠳᠠᠰᠤ ᠵᠢ ᠪᠢᠴᠢᠭᠯᠡᠵᠦ᠂ ᠣᠳᠣᠬᠢᠴᠢᠯᠠᠭ᠍ᠰᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶᠢᠨ ᠡᠮᠦᠨ᠎ᠡ ᠡᠩᠨᠡᠭᠡᠨ᠎ᠳᠦ ᠬᠤᠰᠢᠭᠤᠷᠠᠵᠦ᠂ ᠰᠠᠢᠨ ᠰᠠᠢᠬᠠᠨ ᠢᠷᠡᠭᠡᠳᠦᠢ ᠵᠢ ᠤᠭᠳᠤᠶ᠎ᠠ᠃
ᠭᠤᠷᠪᠠᠳᠤᠭᠠᠷ ᠲᠤ᠂ ᠤᠮᠠᠷᠠᠲᠤ ᠬᠢᠯᠢ᠎ᠳᠦ ᠬᠡᠷᠡᠯ ᠭᠢᠯᠪᠠᠭ᠎ᠠ ᠨᠡᠮᠡᠷᠢᠯᠡᠵᠦ᠍᠂ ᠨᠤᠲᠤᠭ ᠤᠰᠤᠨ᠎ᠳᠠᠭᠠᠨ ᠬᠤᠪᠢ ᠨᠡᠮᠡᠷᠢ ᠦᠵᠡᠭᠦᠯᠵᠦ᠍᠂ ᠥᠭᠡᠳᠡᠷᠬᠡᠭ ᠴᠠᠢᠯᠭᠠᠨ᠂ ᠡᠷᠡᠮᠡᠬᠡᠢᠯᠡᠨ ᠲᠡᠮᠡᠴᠡᠵᠦ ᠤᠷᠤᠭᠰᠢᠯᠠᠨ ᠳᠠᠪᠱᠢᠬᠤ ᠵᠠᠯᠠᠭᠤ ᠨᠠᠰᠤᠨ᠎ᠤ ᠴᠤᠭ ᠵᠢᠪᠬᠤᠭ᠎ᠠ ᠵᠢ ᠢᠯᠡᠷᠡᠬᠦᠯᠦᠶᠡ᠃ ᠴᠠᠭ ᠦᠶ᠎ᠡ ᠶ᠋ᠢᠨ ᠬᠠᠷᠢᠭᠤᠴᠠᠯᠭ᠎ᠠ ᠵᠠᠯᠠᠭᠤᠴᠤᠳ᠎ᠤᠨ ᠮᠦᠷᠦᠨ ᠳ᠋ᠤ ᠲᠠᠯᠪᠢᠭᠳᠠᠵᠤ᠂ ᠴᠠᠭ ᠦᠶ᠎ᠡ ᠶ᠋ᠢᠨ ᠢᠷᠠᠭᠤ ᠠᠯᠳᠠᠷ ᠵᠠᠯᠠᠭᠤᠴᠤᠳ᠎ᠲᠦ ᠬᠠᠷᠢᠶᠠᠯᠠᠭᠳᠠᠨ᠎ᠠ᠃ ᠤᠮᠠᠷᠠᠲᠤ ᠬᠢᠯᠢ ᠳᠦ ᠬᠡᠷᠡᠯ ᠭᠢᠯᠪᠠᠭ᠎ᠠ ᠨᠡᠮᠡᠷᠢᠯᠡᠵᠦ᠍᠂ ᠨᠤᠲᠤᠭ ᠤᠰᠤᠨ᠎ᠳᠠᠭᠠᠨ ᠬᠤᠪᠢ ᠨᠡᠮᠡᠷᠢ ᠦᠵᠡᠭᠦᠯᠬᠦ᠌ ᠪᠣᠯ ᠱᠢᠨ᠎ᠡ ᠴᠠᠭ ᠦᠶ᠎ᠡ ᠶ᠋ᠢᠨ ᠥᠪᠥᠷ ᠮᠣᠩᠭᠣᠯ ᠤᠨ ᠵᠠᠯᠠᠭᠤᠴᠤᠳ ᠪᠠᠭᠠᠴᠤᠳ᠎ᠤᠨ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ ᠪᠣᠯᠤᠨ᠎ᠠ᠃ ᠪᠢᠳᠡ ᠬᠦᠰᠡᠯᠡᠩ ᠢᠲᠡᠭᠡᠯ ᠪᠢᠱᠢᠷᠡᠯ ᠢᠶᠡᠨ ᠪᠠᠲᠤᠳᠭᠠᠵᠤ᠂ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ ᠦᠨ ᠦᠵᠡᠯᠲᠡ ᠶ᠋ᠢ ᠢᠳᠡᠪᠬᠢᠲᠡᠢ ᠪᠤᠢ ᠪᠤᠯᠭᠠᠨ ᠦᠢᠯᠡᠳᠦᠯᠭᠡᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ᠎ᠢ ᠪᠠᠳᠤ ᠴᠤᠭᠴᠠᠯᠠᠵᠤ᠂ 《ᠤᠯᠤᠰ ᠤᠷᠤᠨ ᠵᠢᠡᠨ ᠪᠤᠳᠤᠯᠬᠢᠯᠠᠬᠤ》 ᠡᠬᠡ ᠣᠷᠣᠨᠴᠢ ᠵᠠᠯᠠᠭᠤᠴᠤᠳ ᠪᠤᠯᠤᠶ᠎ᠠ᠃ ᠪᠢᠳᠡ ᠱᠢᠮᠳᠡᠨ ᠰᠤᠷᠤᠯᠴᠠᠵᠤ ᠬᠠᠲᠠᠭᠤᠵᠢᠯᠲᠠᠢ ᠪᠣᠯᠪᠠᠰᠤᠷᠠᠵᠤ᠂ ᠲᠡᠷᠢᠭᠦᠨ ᠦ ᠬᠢ ᠶ᠋ᠢ ᠡᠭᠦᠳᠦᠨ ᠱᠢᠯᠢᠳᠡᠭ ᠪᠣᠯᠬᠤ᠎ᠪᠠᠷ ᠴᠢᠷᠮᠠᠢᠵᠤ᠂ ᠠᠵᠢᠯ ᠲᠦᠷᠦᠯ᠎ᠦᠨ ᠭᠣᠣᠯᠯᠠᠭ᠍ᠴᠢ ᠬᠦᠴᠦᠨ᠂ ᠵᠠᠯᠠᠭᠤᠴᠤᠳ᠎ᠤᠨ ᠬᠣᠱᠢᠭᠤᠴᠢ ᠪᠣᠯᠬᠤ᠎ᠪᠠᠷ ᠴᠢᠷᠮᠠᠢᠵᠤ᠂ ᠶᠡᠬᠡ ᠬᠡᠷᠡᠭ᠌ᠴᠡᠭᠡ᠎ᠲᠡᠶ᠂ ᠬᠦᠨᠳᠦ ᠡᠭᠦᠷᠭᠡ ᠶ᠋ᠢ ᠡᠭᠦᠷᠭᠡᠯᠡᠵᠦ᠍ ᠳᠡᠢᠯᠬᠦ᠌ ᠲᠤᠯᠭᠠᠭᠤᠷᠢ ᠬᠦᠴᠦᠨ ᠪᠤᠯᠵᠤ᠂ ᠡᠬᠦᠷᠭᠡᠯᠡᠯ ᠬᠠᠷᠢᠭᠤᠴᠠᠯᠭ᠎ᠠ ᠡᠭᠦᠷᠭᠡᠯᠡᠵᠦ᠍ ᠲᠡᠢᠯᠬᠦ ᠵᠠᠯᠠᠭᠤᠴᠤᠳ ᠪᠤᠯᠤᠶ᠎ᠠ; ᠪᠢᠳᠡ ᠲᠡᠮᠡᠴᠡᠯ ᠦᠨ ᠵᠣᠷᠢᠭ ᠰᠠᠨᠠᠭ᠎ᠠ ᠶ᠋ᠢ ᠪᠠᠳᠠᠷᠠᠭᠤᠯᠵᠤ᠂ ᠭᠠᠵᠢᠭᠤ ᠪᠤᠷᠤᠭᠤ ᠶ᠋ᠢ ᠢᠲᠡᠭᠡᠬᠦ᠌ ᠦᠭᠡᠢ᠂ ᠨᠤᠭᠤᠷᠠᠰᠢ ᠦᠭᠡᠢ ᠰᠦᠰᠦ ᠵᠤᠷᠢᠭᠲᠠᠢ ᠪᠠᠢᠵᠤ᠂ ᠡᠭᠦᠷᠭᠡᠯᠡᠬᠦ᠌ ᠶᠣᠰᠣᠲᠠᠢ ᠬᠦᠨᠳᠦ ᠡᠭᠦᠷᠭᠡ ᠶ᠋ᠢ ᠡᠭᠦᠷᠭᠡᠯᠡᠵᠦ᠍᠂ ᠲᠤᠯᠬᠤ ᠶᠣᠰᠣᠲᠠᠢ ᠵᠦᠢᠯ᠎ᠢ ᠲᠤᠯᠵᠤ᠂ ᠵᠣᠷᠢᠭ᠍ᠲᠠᠢ᠎ᠪᠠᠷ ᠪᠠᠢᠯᠳᠤᠵᠤ ᠢᠯᠠᠯᠲᠠ ᠤᠯᠬᠤ ᠲᠠᠢᠴᠢᠨ ᠵᠠᠯᠠᠭᠤᠴᠤᠳ ᠪᠤᠯᠤᠶ᠎ᠠ᠃ ᠪᠢᠳᠡ ᠲᠡᠮᠡᠴᠡᠯ᠎ᠢᠶᠡᠨ ᠠᠳᠠᠯᠢᠳᠭᠠᠵᠤ᠂ ᠬᠤᠪᠢ ᠨᠡᠮᠡᠷᠢ ᠦᠵᠡᠭᠦᠯᠬᠦ᠌ ᠶ᠋ᠢ ᠡᠷᠬᠢᠮᠯᠡᠨ᠂ ᠠᠷᠪᠢᠯᠠᠨ ᠭᠠᠮᠨᠠᠬᠤ ᠤᠬᠠᠮᠰᠠᠷ ᠢ ᠪᠠᠲᠤ ᠪᠤᠢ ᠪᠣᠯᠭᠠᠵᠤ᠂ ᠡᠬᠦᠷᠭᠡ ᠬᠠᠷᠢᠭᠤᠴᠠᠯᠭ᠎ᠠ ᠶ᠋ᠢᠨ ᠵᠢᠡᠨ ᠲᠥᠯᠥᠭᠡ ᠬᠦᠴᠢᠷ᠎ᠢ ᠲᠡᠰᠪᠦᠷᠢᠯᠡᠬᠦ᠂ ᠬᠦᠰᠡᠯ ᠵᠡᠭᠦᠳᠦ᠍ ᠶ᠋ᠢᠨ ᠢᠶᠡᠨ ᠲᠥᠯᠥᠭᠡ ᠬᠦᠴᠢᠷ᠎ᠢ ᠲᠡᠰᠪᠦᠷᠢᠯᠡᠬᠦ᠂ ᠠᠷᠠᠳ ᠲᠦᠮᠡᠨ ᠦ ᠲᠥᠯᠥᠭᠡ ᠬᠦᠴᠢᠷ᠎ᠢ ᠲᠡᠰᠪᠦᠷᠢᠯᠡᠬᠦ᠂ ᠡᠷᠡᠯᠬᠡᠭ᠌ᠯᠡᠨ ᠲᠡᠮᠡᠴᠡᠵᠦ᠍ ᠤᠷᠤᠭ᠍ᠰᠢᠯᠠᠨ ᠲᠠᠪᠱᠢᠬᠤ ᠪᠣᠳᠠᠲᠠᠢ ᠠᠵᠢᠯ ᠬᠢᠳᠡᠭ ᠵᠠᠯᠠᠭᠤᠴᠤᠳ ᠪᠤᠯᠤᠶ᠎ᠠ᠃ ᠪᠢᠳᠡ ᠶᠣᠰᠣ ᠰᠤᠷᠳᠠᠬᠤᠨ᠎ᠢ ᠡᠷᠬᠢᠮᠯᠡᠨ ᠴᠠᠢᠯᠭᠠᠨ ᠴᠠᠭᠠᠪᠤᠷ ᠶᠠᠪᠤᠵᠤ᠂ ᠶᠣᠰᠣ ᠮᠣᠷᠠᠯ ᠢ ᠡᠷᠬᠢᠮᠯᠡᠨ ᠦᠪᠡᠷ᠎ᠢ ᠪᠠᠨ ᠬᠦᠨᠳᠦᠳᠭᠡᠵᠦ᠍᠂ ᠶᠡᠬᠡ ᠶᠣᠰᠣ ᠶ᠋ᠢ ᠮᠡᠳᠡᠵᠦ᠍᠂ ᠨᠡᠢᠲᠡ ᠶ᠋ᠢᠨ ᠶᠣᠰᠣ ᠰᠤᠷᠳᠠᠬᠤᠨ ᠢ ᠰᠠᠬᠢᠵᠤ᠂ ᠬᠤᠪᠢ ᠶ᠋ᠢᠨ ᠶᠣᠰᠣ ᠮᠣᠷᠠᠯ ᠢ ᠴᠢᠩᠳᠠᠯᠠᠵᠤ᠂ ᠴᠡᠪᠡᠷ ᠴᠠᠢᠯᠭᠠᠨ ᠰᠠᠢᠨ ᠵᠠᠯᠠᠭᠤᠴᠤᠳ ᠪᠤᠯᠤᠶ᠎ᠠ᠃
ᠨᠠᠮ᠎ᠤᠨ ᠤᠷᠢᠶᠠᠯᠠᠭ᠎ᠠ᠎ᠶᠢ ᠴᠤᠤᠷᠢᠶᠠᠳᠤᠨ ᠡᠪᠯᠡᠯ᠎ᠤᠨ ᠠᠵᠢᠯᠯᠠᠭ᠎ᠠ ᠦᠷᠨᠢᠨᠡ᠃ ᠪᠥᠬᠥ᠌ ᠣᠷᠣᠨ ᠤ ᠡᠯ᠎ᠡ ᠱᠠᠲᠤᠨ ᠤ ᠡᠪᠯᠡᠯ ᠦᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠡᠪᠯᠡᠯ ᠦᠨ ᠺᠠᠳ᠋ᠷ ᠶᠡᠷᠦᠩᠬᠡᠶ ᠱᠦᠵᠢ ᠰᠢ ᠵᠢᠨ ᠫᠢᠩ ᠦᠨ ᠵᠠᠯᠠᠭᠤᠴᠤᠳ᠎ᠤᠨ ᠠᠵᠢᠯ᠎ᠤᠨ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠣᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠬᠥᠲᠥᠯᠥᠨ ᠳᠠᠭᠠᠭᠤᠯᠬᠤ ᠬᠦᠴᠦᠨ ᠵᠢᠡᠨ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠬᠦ᠌ ᠂ ᠵᠣᠬᠢᠶᠠᠨ ᠪᠠᠢᠭᠤᠯᠬᠤ ᠬᠦᠴᠦᠨ᠎ᠵᠢᠡᠨ ᠪᠥᠬᠥ᠌ ᠲᠠᠯ᠎ᠠ᠎ᠪᠠᠷ ᠴᠢᠩᠭᠠᠳᠭᠠᠬᠤ᠂ ᠦᠶ᠋ᠯᠡᠴᠢᠯᠡᠬᠦ᠌ ᠬᠦᠴᠦᠨ᠎ᠵᠢᠡᠨ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠬᠦ᠌᠂ ᠶᠡᠬᠡ ᠲᠠᠯ᠎ᠠ᠎ᠳᠤ ᠬᠤᠪᠢ ᠨᠡᠮᠡᠷᠢ ᠦᠵᠡᠭᠦᠯᠬᠦ᠌ ᠬᠡᠮᠵᠢᠶ᠎ᠡ ᠪᠠᠨ ᠪᠥᠬᠥ᠌ ᠲᠠᠯ᠎ᠠ᠎ᠪᠠᠷ ᠳᠣᠪᠣᠢᠯᠭᠠᠬᠤ᠂ ᠵᠠᠯᠠᠭᠤᠴᠤᠳ ᠪᠠᠭᠠᠴᠤᠳ ᠤᠨ ᠬᠦᠷᠲᠡᠮᠵᠢ ᠶ᠋ᠢᠨ ᠲᠥᠷᠥᠭ᠌ᠳᠡᠯ ᠢ ᠪᠥᠬᠥ᠌ ᠲᠠᠯ᠎ᠠ᠎ᠪᠠᠷ ᠨᠡᠮᠡᠭ᠌ᠳᠡᠭᠦᠯᠬᠦ᠂ ᠡᠪᠯᠡᠯ ᠦᠨ ᠱᠢᠨ᠎ᠡ ᠳᠦᠷᠢ ᠲᠥᠷᠬᠦ᠌ ᠶ᠋ᠢ ᠪᠥᠬᠥ᠌ ᠲᠠᠯ᠎ᠠ᠎ᠪᠠᠷ ᠱᠤᠭᠤᠬᠤ᠎ᠶᠢ ᠠᠬᠢᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢ ᠢᠮᠠᠭ᠍ᠲᠠ ᠳᠠᠭᠠᠵᠤ ᠴᠠᠭ ᠦᠶ᠎ᠡ ᠶ᠋ᠢᠨ ᠡᠮᠦᠨ᠎ᠡ ᠡᠩᠨᠡᠭᠡᠨ ᠳᠦ ᠬᠤᠰᠢᠭᠤᠷᠠᠵᠦ᠂ ᠵᠠᠯᠠᠭᠤᠴᠤᠳ ᠤᠨ ᠡᠮᠦᠨ᠎ᠡ ᠡᠩᠨᠡᠭᠡᠨ ᠳᠦ ᠬᠤᠰᠢᠭᠤᠷᠠᠬᠤ ᠬᠡᠷᠡᠭ᠌ᠲᠡᠶ᠃
ᠨᠠᠮ᠎ᠢᠶᠠᠨ ᠡᠭᠦᠷᠢᠳᠡ ᠳᠠᠭᠠᠵᠤ᠂ ᠱᠢᠨ᠎ᠡ ᠠᠶᠠᠨ᠎ᠳᠤ ᠡᠷᠡᠮᠡᠭᠡᠢᠯᠡᠨ ᠤᠷᠤᠭ᠍ᠰᠢᠯᠠᠶ᠎ᠠ᠃ ᠪᠢᠳᠡ ᠰᠢ ᠵᠢᠨ ᠫᠢᠩ ᠨᠥᠬᠥᠷ ᠢᠶᠡᠷ ᠭᠣᠣᠯ ᠪᠣᠯᠭᠠᠭ᠍ᠰᠠᠨ ᠨᠠᠮ ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠤᠭ᠎ᠢ ᠥᠨᠳᠥᠷ ᠮᠠᠨᠳᠤᠭᠤᠯᠵᠤ᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠱᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠮᠡᠬᠡᠢᠯᠡᠨ ᠤᠷᠤᠭ᠍ᠰᠢᠯᠠᠵᠤ᠂ ᠥᠪᠥᠷ ᠮᠣᠩᠭᠣᠯ ᠢᠶᠠᠨ ᠬᠠᠢᠷᠠᠯᠠᠵᠤ᠂ ᠥᠪᠥᠷ ᠮᠣᠩᠭᠣᠯ ᠢᠶᠠᠨ ᠪᠦᠳᠦᠭᠡᠨ ᠪᠠᠢᠭᠤᠯᠵᠤ᠂ ᠤᠷᠢ ᠵᠠᠯᠠᠭᠤ ᠨᠠᠰᠤ᠂ ᠤᠶᠤᠨ ᠤᠬᠠᠭᠠᠨ ᠪᠣᠯᠤᠨ ᠬᠦᠴᠦ᠍ ᠬᠥᠯᠥᠰᠥ ᠪᠡᠷ᠎ᠢᠶᠡᠨ ᠥᠪᠥᠷ ᠮᠣᠩᠭᠣᠯ᠎ᠳᠤ ᠦᠩᠭᠡ ᠬᠡᠷᠡᠯ ᠨᠡᠮᠡᠷᠢᠯᠡᠵᠦ᠍᠂ ᠪᠣᠳᠠᠲᠤ ᠠᠵᠢᠯᠯᠠᠭ᠎ᠠ ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠶ᠎ᠠ!
ᠡᠪ ᠬᠠᠮᠲᠤ ᠵᠠᠯᠠᠭᠤᠴᠤᠳ ᠤᠨ ᠡᠪᠯᠡᠯ ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ᠎ᠤᠨ ᠬᠣᠯᠪᠣᠭᠠᠲᠤ ᠬᠤᠷᠠᠯ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠤᠷᠤᠭ᠍ᠴᠢᠳ᠎ᠤᠨ ᠬᠣᠯᠪᠣᠭᠠᠲᠤ ᠬᠤᠷᠠᠯ
ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ ᠠᠵᠢᠯ ᠤᠨ ᠬᠤᠷᠢᠶ᠎ᠠ
2022 ᠣᠨ᠎ᠤ 7 ᠰᠠᠷ᠎ᠠ ᠶ᠋ᠢᠨ 6᠎ᠤ᠋ ᠡᠳᠦᠷ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃