2022-07-05 09:14:31
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠠᠮ᠎ᠤᠨ ᠲᠡᠦᠬᠡ ᠪᠠ ᠰᠤᠷᠪᠤᠯᠵᠢ ᠪᠢᠴᠢᠭ ᠰᠤᠳᠤᠯᠬᠤ ᠲᠠᠰᠤᠭ᠎ᠤᠨ ᠠᠯᠪᠠᠨ ᠭᠡᠷ᠎ᠦᠨ ᠳᠡᠳ᠋ ᠡᠷᠬᠢᠯᠡᠭ᠌ᠴᠢ ᠰᠦᠩ ᠯᠢ ᡁᠢ ᠄
ᠨᠠᠮ᠎ᠢ ᠴᠢᠩᠭ᠎ᠠ ᠵᠠᠰᠠᠬᠤ᠎ᠳᠤ ᠡᠷᠬᠡᠪᠰᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠡᠴᠡ ᠡᠬᠢᠯᠡᠵᠦ᠍ ᠴᠢᠩᠳᠠᠯᠠᠬᠤ ᠬᠡᠷᠡᠭ᠌ᠲᠡᠢ
ᠶᠡᠷᠦᠩᠬᠡᠢ ᠱᠦᠵᠢ ᠰᠢ᠎ᠶ᠋ᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠎ᠶ᠋ᠢ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤᠠᠵᠢᠯ᠎ᠤᠨ ᠭᠦᠨᠵᠡᠭᠡᠢᠷᠡᠨ ᠬᠥᠭ᠌ᠵᠢᠬᠦ᠌᠎ᠶ᠋ᠢ ᠠᠬᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠪᠣᠯᠭᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠡᠷᠡᠭᠦᠯ ᠪᠥᠭᠡᠳ ᠵᠢᠷᠤᠮᠵᠢᠭ᠍ᠰᠠᠨ ᠵᠠᠮ᠎ᠳᠤ ᠪᠦᠬᠦ᠌ ᠲᠠᠯ᠎ᠠ᠎ᠪᠠᠷ ᠪᠤᠴᠠᠬᠤ᠎ᠶ᠋ᠢ ᠲᠦᠷᠭᠡᠳᠭᠡᠨ ᠠᠬᠢᠭᠤᠯᠬᠤ ᠬᠡᠷᠡᠭ᠌ᠲᠡᠢ ᠭᠡᠵᠦ᠍ ᠣᠨᠴᠠᠭᠠᠢᠯᠠᠨ ᠴᠢᠬᠤᠯᠠᠴᠢᠯᠠᠪᠠ᠃ ᠡᠨᠡ ᠪᠣᠯ ᠶᠡᠷᠦᠩᠬᠡᠢ ᠱᠦᠵᠢ ᠰᠢ᠎ᠶ᠋ᠢᠨ ᠫᠢᠩ ᠤ᠋ᠨ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠲᠤᠬᠠᠢ ᠭᠠᠷᠭᠠᠭ᠍ᠰᠠᠨ ᠱᠢᠨ᠎ᠡ ᠱᠠᠭᠠᠷᠳᠠᠯᠭ᠎ᠠ ᠱᠢᠨ᠎ᠡ ᠪᠠᠢᠷᠢᠯᠠᠭᠤᠯᠤᠯᠲᠠ ᠪᠣᠯᠤᠨ᠎ᠠ᠃
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠤᠷᠢᠳ ᠡᠮᠦᠨ᠎ᠡ ᠪᠠᠢᠭ᠎ᠠ ᠦᠭᠡᠶ ᠡᠷᠴᠢᠮ᠎ᠢᠶᠡᠷ ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠢ ᠠᠬᠢᠭᠤᠯᠵᠤ᠂ ᠬᠡᠪ᠎ᠦᠨ ᠵᠤᠷᠱᠢᠯ ᠡᠴᠡ ᠳᠠᠪᠠᠭ᠍ᠰᠠᠨ ᠠᠷᠭ᠎ᠠ ᠬᠡᠮᠵᠢᠶ᠎ᠡ ᠪᠣᠯᠤᠨ ᠵᠣᠷᠢᠭ᠍ᠲᠠᠢ᠎ᠪᠠᠷ ᠪᠠᠢᠯᠳᠤᠵᠤ ᠵᠣᠷᠢᠭ᠍ᠲᠠᠢ᠎ᠪᠠᠷ ᠢᠯᠠᠬᠤ ᠲᠡᠮᠡᠴᠡᠯ᠎ᠦᠨ ᠵᠣᠷᠢᠭ ᠰᠠᠨᠠᠭ᠎ᠠ᠎ᠪᠠᠷ ᠨᠡᠭᠦᠷᠡᠰᠦᠨ᠎ᠦ ᠡᠬᠢ ᠪᠠᠶᠠᠯᠢᠭ᠎ᠤᠨ ᠬᠦᠷᠢᠶᠡᠨ᠎ᠳᠡᠬᠢ ᠬᠠᠤᠯᠢ ᠲᠣᠭ᠍ᠲᠠᠭᠠᠯ ᠡᠴᠡ ᠵᠥᠷᠢᠴᠡᠭ᠌ᠰᠡᠨ ᠠᠰᠠᠭᠤᠳᠠᠯ᠎ᠢ ᠲᠤᠰᠭᠠᠢ ᠴᠡᠭ᠌ᠴᠡᠯᠡᠨ ᠵᠠᠰᠠᠬᠤ᠎ᠶ᠋ᠢ ᠠᠬᠢᠭᠤᠯᠵᠤ᠂ ᠥᠴᠦᠬᠡᠨ ᠴᠦ᠍ ᠲᠠᠲᠠᠭᠠᠯᠵᠠᠯ ᠦᠭᠡᠢ᠎ᠪᠡᠷ ᠠᠷᠬᠠᠭ ᠭᠡᠮ᠎ᠳᠦ ᠰᠡᠯᠡᠮ᠎ᠡ ᠡᠷᠭᠦᠵᠦ᠍᠂ ᠥᠴᠦᠬᠡᠨ ᠴᠦ᠍ ᠢᠯᠳᠠᠷ ᠬᠠᠶᠠᠬᠤ ᠦᠭᠡᠢ᠎ᠪᠡᠷ ᠬᠣᠣᠷᠲᠤ ᠬᠠᠪᠤᠳᠠᠷ᠎ᠲᠤ ᠮᠡᠰᠡ ᠵᠠᠰᠠᠯ ᠬᠢᠵᠦ᠍᠂ ᠥᠪᠥᠷ ᠮᠣᠩᠭᠣᠯ᠎ᠤᠨ ᠤᠷᠳᠤ ᠬᠤᠭᠤᠴᠠᠭ᠎ᠠ᠎ᠪᠠᠷ ᠪᠣᠬᠢᠷᠲᠤᠵᠤ ᠡᠪᠳᠡᠭ᠌ᠳᠡᠭ᠌ᠰᠡᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠬᠦᠴᠦᠲᠡᠢ ᠰᠡᠷᠭᠦᠭᠡᠵᠦ᠍᠂ ᠴᠡᠪᠡᠷᠱᠢᠭᠦᠯᠦᠨ ᠱᠢᠯᠢᠳᠡᠭ᠌ᠵᠢᠭᠦᠯᠬᠦ᠌᠎ᠶ᠋ᠢ ᠲᠦᠷᠭᠡᠳᠭᠡᠵᠦ᠍ ᠪᠠᠢᠨ᠎ᠠ᠃ ᠭᠡᠪᠡᠴᠦ᠍ ᠰᠦᠩ ᠯᠢᠶᠠᠩ ᠵᠡᠷᠭᠡ ᠬᠥᠮᠦᠰ᠎ᠦᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠢ ᠵᠥᠷᠢᠴᠡᠭ᠌ᠰᠡᠨ ᠠᠰᠠᠭᠤᠳᠠᠯ ᠨᠢ ᠥᠪᠥᠷ ᠮᠣᠩᠭᠣᠯ᠎ᠤᠨ ᠤᠯᠤᠰ ᠲᠦᠷᠦ᠍᠎ᠶ᠋ᠢᠨ ᠠᠮᠢ ᠠᠬᠤᠢ᠎ᠳᠤ ᠤᠷᠢᠳ ᠡᠮᠦᠨ᠎ᠡ ᠪᠠᠢᠭ᠎ᠠ ᠦᠭᠡᠢ ᠬᠦᠨᠳᠦ ᠨᠣᠴᠢᠲᠠᠢ ᠬᠣᠣᠷ ᠬᠥᠨᠥᠭᠡᠯ ᠤᠴᠠᠷᠠᠭᠤᠯᠵᠤ᠂ ᠥᠪᠥᠷ ᠮᠣᠩᠭᠣᠯ᠎ᠤᠨ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠭ᠍ᠰᠠᠨ ᠠᠰᠠᠭᠤᠳᠠᠯ ᠢᠯᠡᠷᠡᠵᠦ᠍᠂ ᠪᠦᠬᠦ᠌ ᠣᠷᠣᠨ᠎ᠤ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠰᠡᠷᠡᠮᠵᠢ᠎ᠶ᠋ᠢᠨ ᠲᠤᠬᠢᠶ᠎ᠠ᠎ᠶ᠋ᠢ ᠳᠤᠤᠭᠠᠷᠭᠠᠪᠠ᠃
ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠰᠦᠩ ᠯᠢᠶᠠᠩ ᠵᠡᠷᠭᠡ ᠪᠤᠷᠤᠭᠤ ᠲᠠᠯ᠎ᠠ᠎ᠶ᠋ᠢᠨ ᠨᠡᠢᠲᠡᠯᠢᠭ ᠵᠢᠱ᠌ᠢᠢ᠎ᠡ ᠡᠨᠡᠬᠦ᠌ ᠣᠨᠴᠠᠭᠠᠢ ᠤᠯᠤᠰ ᠲᠦᠷᠦ᠍᠎ᠶ᠋ᠢᠨ ᠡᠬᠢ ᠪᠠᠶᠠᠯᠢᠭ᠎ᠢ ᠰᠠᠢᠲᠤᠷ ᠠᠱᠢᠭ᠍ᠯᠠᠵᠤ᠂ ᠡᠭᠦᠨ᠎ᠢᠶᠡᠷ ᠲᠤᠯᠢ ᠪᠣᠯᠭᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠭᠡᠬᠦ᠌ ᠡᠨᠡᠬᠦ᠌ 《ᠲᠤᠮᠤ ᠬᠠᠢᠯᠤᠭᠤᠯᠬᠤ ᠵᠤᠤᠬ᠎ᠠ》 ᠵᠢ ᠰᠠᠢᠲᠤᠷ ᠬᠡᠷᠡᠭ᠌ᠯᠡᠬᠦ᠌ ᠬᠡᠷᠡᠭ᠌ᠲᠡᠢ᠃ ᠨᠢᠭᠡ᠎ᠳᠦ᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠬᠦᠰᠡᠯᠡᠩ ᠢᠲᠡᠭᠡᠯ ᠪᠢᠰᠢᠷᠡᠯ᠎ᠤᠨ ᠬᠥᠮᠦᠵᠢᠯ᠎ᠢ ᠪᠠᠲᠤᠳᠭᠠᠬᠤ ᠡᠨᠡ ᠬᠦ᠌ ᠲᠡᠷᠢᠭᠦᠨ ᠴᠢᠬᠤᠯᠠ ᠡᠭᠦᠷᠭᠡ᠎ᠶ᠋ᠢ ᠰᠠᠢᠲᠤᠷ ᠠᠳᠭᠤᠬᠤ ᠬᠡᠷᠡᠭ᠌ᠲᠡᠶ᠃ ᠤᠨᠤᠯ᠎ᠤᠨ ᠤᠬᠠᠮᠰᠠᠷ᠎ᠢᠶᠠᠨ ᠴᠢᠩᠭᠠᠳᠭᠠᠬᠤ᠎ᠶ᠋ᠢ ᠠᠩᠬᠠᠷᠴᠤ᠌᠂ ᠰᠢ᠎ᠶ᠋ᠢᠨ ᠫᠢᠩ ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠲᠠᠷᠢᠬᠢ ᠲᠣᠯᠣᠭᠠᠢ᠎ᠪᠠᠨ ᠵᠡᠪᠰᠡᠭ᠌ᠯᠡᠬᠦ᠌᠎ᠶ᠋ᠢ ᠴᠥᠬᠥᠷᠡᠰᠢ ᠦᠭᠡᠢ ᠪᠠᠷᠢᠮᠲᠠᠯᠠᠬᠤ ᠬᠡᠷᠡᠭ᠌ᠲᠡᠢ᠃ ᠤᠯᠤᠰ ᠲᠦᠷᠦ᠍᠎ᠶ᠋ᠢᠨ ᠴᠢᠳᠠᠪᠤᠷᠢ᠎ᠶ᠋ᠢᠨ ᠪᠣᠯᠪᠠᠰᠤᠷᠠᠯ ᠪᠠ ᠤᠯᠤᠰ ᠲᠦᠷᠦ᠍᠎ᠶ᠋ᠢᠨ ᠦᠢᠯᠡᠳᠦᠯᠭᠡ᠎ᠶ᠋ᠢᠨ ᠳᠠᠪᠲᠠᠯᠲᠠ᠎ᠶ᠋ᠢ ᠴᠢᠩᠭᠠᠳᠭᠠᠵᠤ᠂ ᠥᠷᠭᠡᠨ ᠤᠯᠠᠨ ᠨᠠᠮ᠎ᠤᠨ ᠭᠡᠱᠢᠭᠦᠨ᠎ᠢ ᠤᠷᠢᠶᠠᠯᠠᠨ ᠠᠵᠢᠯ ᠬᠢᠬᠦ᠂ ᠪᠣᠳᠠᠲᠠᠢ ᠠᠵᠢᠯ ᠬᠢᠬᠦ᠌ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠰᠢᠯᠠᠭᠤᠯᠬᠤ ᠴᠢᠳᠠᠪᠤᠷᠢ ᠪᠠ ᠲᠦᠪᠱᠢᠨ᠎ᠢᠶᠡᠨ ᠳᠡᠭᠡᠭ᠌ᠰᠢᠯᠡᠭᠦᠯᠵᠦ᠍᠂ 《ᠬᠣᠶᠠᠷ᠎ᠢ ᠬᠠᠮᠠᠭᠠᠯᠠᠬᠤ》 ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠢ ᠴᠥᠬᠥᠷᠡᠰᠢ ᠦᠭᠡᠢ ᠣᠢᠯᠠᠭᠠᠵᠤ᠂ 《ᠬᠣᠶᠠᠷ᠎ᠢ ᠬᠠᠮᠠᠭᠠᠯᠠᠬᠤ》 ᠳᠡᠭᠡᠳᠦ ᠬᠡᠮᠵᠢᠶᠡᠨ᠎ᠦ ᠤᠬᠠᠮᠰᠠᠷ᠎ᠢ ᠡᠷᠡᠰ ᠪᠡᠶᠡᠯᠡᠭᠦᠯᠬᠦ᠌ ᠬᠡᠷᠡᠭ᠌ᠲᠡᠢ᠃ ᠨᠠᠮ᠎ᠤᠨ ᠭᠡᠱᠢᠭᠦᠨ ᠺᠠᠳ᠋ᠷᠴᠤᠳ᠎ᠤᠨ ᠶᠢᠷᠲᠢᠨᠴᠦ᠍᠎ᠶ᠋ᠢᠨ ᠦᠵᠡᠯᠲᠡ᠂ ᠠᠮᠢᠳᠤᠷᠠᠬᠤᠢ᠎ᠶ᠋ᠢᠨ ᠦᠵᠡᠯᠲᠡ᠂ ᠦᠷᠳᠡᠭ ᠦᠨ ᠦᠵᠡᠯᠲᠡ ᠭᠡᠬᠦ᠌ ᠡᠨᠡ ᠬᠦ᠌ 《ᠶᠡᠷᠦᠩᠬᠡᠢ ᠨᠡᠭᠡᠭᠡᠯᠭᠡ》 ᠢ᠋ᠢᠨ ᠠᠰᠠᠭᠤᠳᠠᠯ᠎ᠢ ᠬᠦᠴᠦᠯᠡᠨ ᠰᠠᠢᠲᠤᠷ ᠱᠢᠢᠳᠪᠦᠷᠢᠯᠡᠵᠦ᠍᠂ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠬᠦᠰᠡᠯᠡᠩ ᠢᠲᠡᠭᠡᠯ ᠪᠢᠰᠢᠷᠡᠯ ᠤ᠋ᠨ ᠡᠷᠡᠰ ᠪᠠᠲᠤ ᠴᠢᠨᠠᠷ᠎ᠢ ᠲᠤᠬᠠᠢᠯᠠᠭ᠍ᠰᠠᠨ ᠠᠵᠢᠯ᠎ᠢᠶᠠᠨ ᠰᠠᠢᠲᠤᠷ ᠬᠢᠬᠦ᠌ ᠶᠠᠪᠤᠴᠠ᠎ᠳᠤ ᠢᠯᠡᠷᠡᠭᠦᠯᠬᠦ᠌ ᠬᠡᠷᠡᠭ᠌ᠲᠡᠢ᠃ ᠬᠣᠶᠠᠷ᠎ᠲᠤ᠂ ᠰᠠᠬᠢᠯᠭ᠎ᠠ ᠪᠠᠲᠤ ᠪᠠ ᠶᠣᠰᠣ ᠲᠦᠷᠢᠮ ᠭᠡᠬᠦ᠌ ᠡᠨᠡ ᠬᠦ᠌ ᠲᠦᠷᠢᠮ᠎ᠦᠨ ᠪᠠᠲᠤᠯᠠᠭ᠎ᠠ᠎ᠶ᠋ᠢ ᠴᠢᠩᠭᠠᠳᠭᠠᠬᠤ ᠬᠡᠷᠡᠭᠲᠡᠢ᠃ ᠮᠠᠨ᠎ᠤ ᠨᠠᠮ ᠪᠣᠯ ᠬᠤᠪᠢᠰᠭᠠᠯ᠎ᠤᠨ ᠬᠦᠰᠡᠯᠡᠩ ᠪᠠ ᠲᠡᠮᠤᠷ ᠮᠡᠲᠦ ᠰᠠᠬᠢᠯᠭ᠎ᠠ ᠪᠠᠲᠤ᠎ᠪᠠᠷ ᠵᠣᠬᠢᠶᠠᠨ ᠪᠠᠢᠭᠤᠯᠤᠭ᠍ᠳᠠᠭ᠍ᠰᠠᠨ ᠮᠠᠷᠺᠰ᠎ᠤᠨ ᠦᠵᠡᠯ᠎ᠦᠨ ᠲᠦᠷᠦ᠍᠎ᠶ᠋ᠢᠨ ᠨᠠᠮ ᠮᠥᠨ᠂ ᠲᠡᠮᠤᠷ ᠮᠡᠲᠦ ᠰᠠᠬᠢᠯᠭ᠎ᠠ ᠪᠠᠲᠤ ᠪᠠ ᠶᠣᠰᠣ ᠲᠦᠷᠢᠮ ᠪᠣᠯ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠲᠦᠷᠢᠮ᠎ᠦᠨ ᠪᠠᠲᠤᠯᠠᠭ᠎ᠠ ᠮᠥᠨ᠃ ᠰᠠᠬᠢᠯᠭ᠎ᠠ ᠪᠠᠲᠤ᠎ᠶ᠋ᠢ ᠲᠡᠷᠢᠭᠦᠨ᠎ᠳᠦ ᠲᠠᠯᠪᠢᠵᠤ᠂ ᠬᠢᠨᠠᠯᠲᠠ ᠲᠠᠯᠪᠢᠵᠤ ᠬᠢᠵᠠᠭᠠᠷᠯᠠᠬᠤ᠎ᠶ᠋ᠢ ᠴᠢᠩᠳᠠᠯᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠬᠠᠲᠠᠭᠤ ᠬᠢᠵᠠᠭᠠᠷᠯᠠᠯ᠎ᠢ ᠴᠢᠩᠭᠠᠳᠭᠠᠬᠤ ᠬᠡᠷᠡᠭ᠌ᠲᠡᠢ᠃ ᠭᠤᠷᠪᠠ᠎ᠳᠤ᠂ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ ᠭᠡᠬᠦ᠌ ᠡᠨᠡ ᠬᠦ᠌ ᠴᠢᠬᠤᠯᠠ ᠠᠴᠢᠶᠠᠯᠠᠪᠤᠷᠢ᠎ᠶ᠋ᠢ ᠵᠢᠷᠤᠮᠵᠢᠭᠤᠯᠬᠤ ᠬᠡᠷᠡᠭᠲᠡᠢ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠎ᠳᠤ ᠡᠷᠬᠡᠪᠰᠢ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠢ ᠴᠢᠨᠠᠬᠰᠢᠲᠠ ᠵᠢᠷᠤᠮᠵᠢᠭᠤᠯᠤᠨ ᠱᠢᠨ᠎ᠡ᠎ᠶ᠋ᠢ ᠡᠭᠦᠳᠴᠦ᠍᠂ ᠥᠷᠭᠡᠨ ᠤᠯᠠᠨ ᠨᠠᠮ᠎ᠤᠨ ᠭᠡᠱᠢᠭᠦᠨ᠎ᠢ ᠬᠥᠲᠥᠯᠥᠨ ᠵᠢᠯᠣᠭᠣᠳᠴᠤ᠌ ᠪᠠᠢᠭᠠᠳ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠪᠠᠷᠢᠮᠵᠢᠶ᠎ᠠ᠎ᠶ᠋ᠢ ᠬᠢᠨᠠᠮᠠᠭᠠᠶ ᠲᠤᠭᠤᠱᠢᠯᠠᠭᠤᠯᠤᠨ ᠬᠡᠷᠡᠭ᠌ᠵᠢᠭᠦᠯᠵᠦ᠍᠂ ᠪᠤᠯᠬᠢ ᠢᠯᠵᠠᠷᠠᠮᠠᠯ ᠤᠯᠤᠰ ᠲᠦᠷᠦ᠍᠎ᠶ᠋ᠢᠨ ᠰᠣᠶᠣᠯ᠎ᠢ ᠡᠷᠡᠰ ᠡᠰᠡᠷᠭᠦᠴᠡᠵᠦ᠍᠂ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠶ᠎ᠶ᠋ᠢᠨ ᠭᠧᠨ᠎ᠦ ᠬᠥᠷᠥᠰᠥ᠎ᠶ᠋ᠢ ᠲᠠᠰᠤᠷᠠᠯᠲᠠ ᠦᠭᠡᠢ ᠭᠦᠨ ᠦᠨᠳᠦᠰᠦᠯᠡᠭᠦᠯᠦᠨ ᠪᠣᠢᠵᠢᠭᠤᠯᠬᠤ ᠬᠡᠷᠡᠭ᠌ᠲᠡᠶ᠃ ᠲᠦᠷᠪᠡ᠎ᠳᠦ᠂ ᠱᠢᠭᠦᠮᠵᠢᠯᠡᠯ ᠪᠠ ᠥᠪᠡᠷ᠎ᠦᠨ ᠱᠢᠭᠦᠮᠵᠢᠯᠡᠯ ᠭᠡᠬᠦ᠌ ᠡᠨᠡ ᠬᠦ᠌ ᠦᠵᠡᠯ ᠰᠠᠨᠠᠭᠠᠨ᠎ᠤ ᠵᠡᠪᠰᠡᠭ᠎ᠢ ᠰᠠᠢᠲᠤᠷ ᠬᠡᠷᠡᠭ᠌ᠯᠡᠬᠦ᠌ ᠬᠡᠷᠡᠭ᠌ᠲᠡᠶ᠃ ᠱᠢᠭᠦᠮᠵᠢᠯᠡᠯ ᠪᠠ ᠥᠪᠡᠷ᠎ᠦᠨ ᠱᠢᠭᠦᠮᠵᠢᠯᠡᠯ ᠪᠣᠯ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠴᠢᠬᠤᠯᠠ ᠠᠷᠭ᠎ᠠ ᠪᠠᠷᠢᠯ ᠮᠥᠨ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠭᠤᠷ ᠠᠮᠢᠰᠭᠤᠯ᠎ᠤᠨ 《ᠴᠡᠪᠡᠷᠰᠢᠭᠦᠯᠦᠭᠴᠢ》 ᠮᠥᠨ᠃ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠱᠢᠭᠦᠮᠵᠢᠯᠡᠯ ᠪᠠ ᠥᠪᠡᠷ᠎ᠦᠨ ᠱᠢᠭᠦᠮᠵᠢᠯᠡᠯ᠎ᠢ ᠥᠷᠨᠢᠭᠦᠯᠬᠦ᠌ ᠴᠢᠬᠤᠯᠠ ᠵᠢᠭ᠍ᠰᠠᠭᠠᠯ᠎ᠤᠨ ᠭᠠᠵᠠᠷ ᠪᠣᠯᠭᠠᠵᠤ᠂ ᠱᠢᠭᠦᠮᠵᠢᠯᠡᠯ ᠪᠠ ᠥᠪᠡᠷ᠎ᠦᠨ ᠱᠢᠭᠦᠮᠵᠢᠯᠡᠯ᠎ᠢᠶᠡᠷ ᠠᠯᠳᠠᠭ᠎ᠠ ᠪᠤᠷᠤᠭᠤ᠎ᠪᠠᠨ ᠵᠠᠯᠠᠷᠠᠭᠤᠯᠵᠤ᠂ ᠴᠢᠭ᠌ᠯᠡᠯ᠎ᠢᠶᠡᠨ ᠲᠣᠳᠣᠷᠬᠠᠶ ᠪᠣᠯᠭᠠᠵᠤ᠂ ᠨᠥᠬᠥᠳ᠎ᠲᠡᠶ᠎ᠪᠡᠨ ᠪᠦᠯᠬᠦᠮᠳᠡᠵᠦ᠍᠂ ᠬᠦᠴᠦᠨ ᠴᠢᠳᠠᠯ᠎ᠢᠶᠠᠨ ᠨᠢᠭ᠍ᠲᠠᠷᠠᠭᠤᠯᠬᠤ ᠬᠡᠷᠡᠭ᠌ᠲᠡᠶ᠃ ᠲᠠᠪᠤ᠎ᠳᠤ᠂ ᠤᠳᠤᠷᠢᠳᠭᠤ ᠺᠠᠳ᠋ᠷ ᠭᠡᠬᠦ᠌ ᠡᠨᠡ ᠬᠦ᠌ 《ᠵᠠᠩᠭᠢᠯᠠᠭ᠎ᠠ᠎ᠶ᠋ᠢᠨ ᠴᠥᠭᠡᠨ ᠲᠣᠭᠠᠲᠠᠨ》᠎ᠢ᠋ ᠲᠤᠪᠤᠢ᠌ᠯᠭᠠᠬᠤ ᠬᠡᠷᠡᠭ᠌ᠲᠡᠶ᠃ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠭᠣᠣᠯᠳᠠᠯᠭ᠎ᠠ᠎ᠪᠠᠨ ᠳᠣᠪᠣᠢᠯᠭᠠᠵᠤ᠂ ᠡᠯ᠎ᠡ ᠱᠠᠲᠤᠨ᠎ᠤ ᠤᠳᠤᠷᠢᠳᠭᠤ ᠺᠠᠳ᠋ᠷ ᠢᠯᠠᠩᠭᠤᠶ᠎ᠠ ᠭᠣᠣᠯ ᠤᠳᠤᠷᠢᠳᠤᠯᠭ᠎ᠠ ᠭᠡᠬᠦ᠌ ᠡᠨᠡ ᠬᠦ᠌ 《ᠵᠠᠩᠭᠢᠯᠠᠭ᠎ᠠ᠎ᠶ᠋ᠢᠨ ᠴᠥᠭᠡᠨ ᠲᠣᠭᠠᠳᠠᠨ》 ᠢ᠋ ᠠᠳᠭᠤᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠴᠢᠩᠭᠠᠳᠭᠠᠨ ᠵᠢᠷᠤᠮᠵᠢᠭᠤᠯᠬᠤ ᠤᠳᠤᠷᠢᠳᠭᠤ ᠬᠠᠷᠢᠭᠤᠴᠠᠯᠭ᠎ᠠ᠎ᠪᠠᠨ ᠡᠷᠡᠰ ᠭᠦᠢᠴᠡᠳᠭᠡᠵᠦ᠍᠂ ᠨᠠᠮ᠎ᠤᠨ ᠳᠣᠲᠣᠭᠠᠳᠤ᠎ᠶ᠋ᠢᠨ ᠢᠳᠡᠪᠬᠢᠲᠡᠢ ᠡᠷᠡᠭᠦᠯ ᠤᠯᠤᠰ ᠲᠦᠷᠦ᠍᠎ᠶ᠋ᠢᠨ ᠰᠣᠶᠣᠯ᠎ᠢ ᠲᠦᠷᠦᠭᠦᠯᠡᠨ ᠪᠣᠢᠵᠢᠭᠤᠯᠵᠤ᠂ ᠨᠠᠮ᠎ᠤᠨ ᠳᠣᠲᠣᠭᠠᠳᠤ᠎ᠶ᠋ᠢᠨ ᠨᠥᠬᠥᠳ᠎ᠦᠨ ᠶᠠᠪᠤᠯᠴᠠᠭ᠎ᠠ᠎ᠶ᠋ᠢ ᠴᠡᠪᠡᠷᠱᠢᠭᠦᠯᠵᠦ᠍᠂ ᠲᠤᠰ ᠰᠠᠯᠠᠭ᠎ᠠ ᠮᠥᠴᠢᠷ ᠲᠤᠰ ᠨᠢᠭᠡᠴᠢ᠎ᠶ᠋ᠢᠨ᠎ᠢᠶᠡᠨ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠡᠬᠢ ᠶᠡᠷᠦᠮᠳᠡᠭ᠌ᠵᠢᠭᠦᠯᠦᠭᠰᠡᠨ᠂ ᠳᠤᠷ᠎ᠠ᠎ᠵᠢᠨ ᠪᠣᠯᠭᠠᠬᠰᠠᠨ᠂ ᠪᠣᠯᠬᠢᠴᠢᠯᠠᠬᠰᠠᠨ᠂ ᠠᠷᠠᠯᠵᠢᠶᠠᠯᠠᠬᠰᠠᠨ ᠵᠡᠷᠭᠡ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠭᠠᠵᠢᠭᠤ ᠰᠤᠷᠲᠠᠯ᠎ᠢ ᠡᠭᠦᠰᠭᠡᠬᠦ᠌ ᠬᠦᠯᠡᠮᠵᠢ ᠪᠠ ᠭᠬᠢᠷ ᠪᠤᠷᠲᠠᠭ᠎ᠢ ᠡᠷᠡᠰ ᠠᠷᠢᠯᠭᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠭᠠᠳᠭᠠᠨ ᠵᠢᠷᠤᠮᠵᠢᠭᠤᠯᠬᠤ ᠡᠯ᠎ᠡ ᠵᠦᠢᠯ᠎ᠦᠨ ᠡᠭᠦᠷᠭᠡ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ ᠬᠡᠷᠡᠭ᠌ᠲᠡᠢ᠃
ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ᠂ ᠲᠠᠢ᠌ᠴᠢᠨ ᠴᠢᠨᠠᠷ᠎ᠢ ᠲᠠᠰᠤᠷᠠᠯᠲᠠ ᠦᠭᠡᠢ ᠴᠢᠩᠭᠠᠳᠭᠠᠵᠤ᠂ ᠮᠠᠨ᠎ᠤ ᠣᠷᠣᠨ᠎ᠤ ᠤᠯᠤᠰ ᠲᠦᠷᠦ᠍᠎ᠶ᠋ᠢᠨ ᠠᠮᠢ ᠠᠬᠤᠢ᠎ᠶ᠋ᠢ ᠴᠡᠪᠡᠷᠱᠢᠭᠦᠯᠦᠨ ᠰᠡᠷᠭᠦᠭᠡᠬᠦ᠌᠎ᠶ᠋ᠢ ᠲᠠᠰᠤᠷᠠᠯᠲᠠ ᠦᠭᠡᠢ ᠠᠬᠢᠭᠤᠯᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢᠷᠡᠭᠦᠯᠦᠨ ᠬᠥᠭ᠌ᠵᠢᠭᠦᠯᠬᠦ᠌᠎ᠶ᠋ᠢ ᠢᠮᠠᠭ᠍ᠲᠠ ᠠᠬᠢᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ᠎ᠢ ᠪᠦᠲᠦᠭᠡᠨ ᠪᠠᠢᠭᠤᠯᠬᠤ᠎ᠳᠤ ᠪᠠᠲᠤ ᠪᠡᠬᠢ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠬᠠᠩᠭᠠᠬᠤ ᠬᠡᠷᠡᠭ᠌ᠲᠡᠢ᠃
ᠦᠪᠦᠷ ᠮᠤᠩᠭᠤᠯ᠎ᠤᠨ ᠶᠡᠬᠡ ᠰᠤᠷᠭᠠᠭᠤᠯᠢ᠎ᠶᠢᠨ ᠮᠠᠷᠺᠰ᠎ᠤᠨ ᠦᠵᠡᠯ᠎ᠤᠨ ᠳᠡᠭᠡᠳᠦ ᠰᠤᠷᠭᠠᠭᠤᠯᠢ᠎ᠶᠢᠨ ᠳᠡᠳ᠋ ᠵᠠᠬᠢᠷᠤᠯ᠂ ᠫᠷᠤᠹᠸᠰᠰᠤᠷ ᠴᠸᠨ ᡁᠢ ᠄
ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠪᠣᠯ ᠨᠠᠮ᠎ᠤᠨ ᠲᠡᠷᠢᠭᠦᠨ᠎ᠤ ᠴᠢᠨᠠᠷ ᠪᠠ ᠴᠡᠪᠡᠷ ᠠᠷᠢᠭᠤᠨ ᠴᠢᠨᠠᠷ᠎ᠢ ᠪᠠᠲᠤᠯᠠᠬᠤ ᠴᠢᠬᠤᠯᠠ ᠡᠷᠳᠡᠨᠢ ᠪᠤᠯᠤᠨ᠎ᠠ
ᠶᠡᠷᠦᠩᠬᠡᠢ ᠱᠦᠵᠢ ᠰᠢ᠎ᠶ᠋ᠢᠨ ᠫᠢᠩ ᠄ 《ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠪᠣᠯ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠠᠭᠤᠷᠢ ᠮᠥᠨ᠃ ᠨᠠᠮ᠎ᠨᠢ ᠨᠠᠮ᠎ᠢᠶᠠᠨ ᠬᠠᠮᠢᠶᠠᠷᠬᠤ᠎ᠳᠤ ᠡᠩ ᠲᠡᠷᠢᠭᠦᠨ᠎ᠳᠤ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠡᠴᠡ ᠡᠬᠢᠯᠡᠨ ᠬᠠᠮᠢᠶᠠᠷᠬᠤ ᠬᠡᠷᠡᠭ᠌ᠲᠡᠢ; ᠨᠠᠮ᠎ᠢ ᠴᠢᠩᠭ᠎ᠠ ᠵᠠᠰᠠᠬᠤ᠎ᠳᠤ ᠡᠩ ᠲᠡᠷᠢᠭᠦᠨ᠎ᠳᠤ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠡᠴᠡ ᠡᠬᠢᠯᠡᠵᠦ᠍ ᠴᠢᠩᠳᠠᠯᠠᠬᠤ ᠬᠡᠷᠡᠭ᠌ᠲᠡᠢ》 ᠭᠡᠵᠦ ᠵᠢᠭᠠᠵᠦ ᠭᠠᠷᠭᠠᠪᠠ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠪᠣᠯ ᠮᠠᠨ᠎ᠤ ᠨᠠᠮ᠎ᠤᠨ ᠮᠠᠷᠺᠰ᠎ᠤᠨ ᠦᠵᠡᠯ᠎ᠤᠨ ᠲᠦᠷᠦ᠍᠎ᠶ᠋ᠢᠨ ᠨᠠᠮ ᠪᠣᠯᠤᠭ᠍ᠰᠠᠨ᠎ᠤ ᠬᠤᠪᠢ᠎ᠳᠤ ᠪᠤᠰᠤᠳ ᠲᠦᠷᠦ᠍᠎ᠶ᠋ᠢᠨ ᠨᠠᠮ᠎ᠡᠴᠡ ᠢᠯᠭᠠᠭ᠍ᠳᠠᠬᠤ ᠴᠢᠬᠤᠯᠠ ᠣᠨᠴᠠᠯᠢᠭ ᠮᠥᠨ᠂ ᠪᠠᠰᠠ ᠴᠤ᠌ ᠮᠠᠨ᠎ᠤ ᠨᠠᠮ᠎ᠤᠨ ᠱᠢᠯᠢᠳᠡᠭ ᠤᠯᠠᠮᠵᠢᠯᠠᠯ ᠪᠠ ᠤᠯᠤᠰ ᠲᠦᠷᠦ᠍᠎ᠶ᠋ᠢᠨ ᠳᠠᠪᠠᠭᠤᠯᠢᠭ ᠮᠥᠨ᠃
ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠪᠣᠯ ᠨᠠᠮ᠎ᠤᠨ ᠳᠣᠲᠣᠭᠠᠳᠤ᠎ᠶ᠋ᠢᠨ ᠵᠥᠷᠢᠴᠡᠯ ᠪᠠ ᠠᠰᠠᠭᠤᠳᠠᠯ᠎ᠢ ᠱᠢᠢᠳᠪᠦᠷᠢᠯᠡᠬᠦ᠌ 《ᠠᠯᠳᠠᠨ ᠲᠦᠯᠬᠢᠭᠦᠷ》 ᠮᠥᠨ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠲᠥᠪ ᠴᠢᠩᠭ᠎ᠠ ᠨᠠᠷᠢᠨ ᠬᠢᠨᠠᠮᠠᠭᠠᠢ᠂ ᠡᠷᠡᠭᠦᠯ ᠪᠥᠭᠡᠳ ᠡᠮᠬᠢ ᠵᠢᠷᠤᠮ᠎ᠲᠠᠢ ᠪᠠᠢᠪᠠᠯ ᠨᠠᠮ ᠪᠠ ᠨᠠᠮ᠎ᠤᠨ ᠤᠳᠤᠷᠢᠳᠤᠭ᠍ᠰᠠᠨ ᠦᠢᠯᠡᠰ ᠳᠠᠷᠤᠢ ᠠᠮᠢᠵᠢᠷᠠᠯ᠎ᠤᠨ ᠬᠦᠴᠦᠨ᠎ᠢᠶᠠᠷ ᠪᠢᠯᠬᠠᠵᠤ᠂ ᠡᠭᠦᠨ ᠳᠠᠢ ᠡᠰᠡᠷᠭᠦᠪᠤᠯᠪᠠᠯ ᠨᠤᠭᠤᠷᠠᠯ ᠪᠦᠳᠦᠷᠢᠯ᠎ᠳᠤ ᠤᠴᠠᠷᠠᠬᠤ ᠪᠣᠯᠤᠨ᠎ᠠ᠃ ᠣᠳᠣᠬᠠᠨ᠎ᠳᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠪᠠᠢᠳᠠᠯ ᠶᠡᠷᠦᠩᠬᠡᠢ᠎ᠳᠡᠭᠡᠨ ᠰᠠᠢᠨ ᠪᠠᠢᠨ᠎ᠠ᠂ ᠭᠡᠪᠡᠴᠦ᠍ ᠪᠠᠰᠠ ᠵᠠᠷᠢᠮ ᠲᠤᠪᠤᠢᠮ᠎ᠠ ᠠᠰᠠᠭᠤᠳᠠᠯ ᠣᠷᠣᠱᠢᠵᠤ ᠪᠠᠢᠨ᠎ᠠ᠃ ᠵᠠᠷᠢᠮ ᠨᠠᠮ᠎ᠤᠨ ᠭᠡᠱᠢᠭᠦᠨ᠂ ᠺᠠᠳ᠋ᠷ᠎ᠤᠨ ᠬᠦᠰᠡᠯᠡᠩ ᠢᠲᠡᠭᠡᠯ ᠪᠢᠰᠢᠷᠡᠯ᠎ᠨᠢ ᠡᠷᠡᠰ ᠪᠠᠲᠤ ᠪᠢᠰᠢ᠂ ᠨᠠᠮ᠎ᠳᠠᠭᠠᠨ ᠦᠨᠡᠨᠴᠢ ᠪᠤᠰᠤ᠂ ᠰᠠᠬᠢᠯᠭ᠎ᠠ ᠪᠠᠲᠤ ᠰᠤᠯᠠ ᠵᠠᠳᠠᠭᠠᠢ᠂ ᠤᠯᠠᠨ ᠲᠦᠮᠡᠨ᠎ᠡᠴᠡ ᠬᠥᠨᠳᠡᠢᠷᠡᠭ᠌ᠰᠡᠨ᠂ ᠭᠠᠭ᠍ᠴᠠᠭᠠᠷ ᠡᠵᠡᠨ ᠮᠡᠳᠡᠵᠤ ᠡᠵᠡᠷᠬᠡᠬᠦ᠂ ᠬᠤᠳᠠᠯ ᠬᠡᠯᠡᠵᠦ᠍ ᠬᠠᠭᠤᠷᠮᠠᠭ᠎ᠢᠶᠠᠷ ᠵᠣᠬᠢᠶᠠᠬᠤ᠂ ᠠᠯᠵᠠᠭᠤ ᠵᠠᠯᠬᠠᠭᠤ ᠠᠵᠢᠯ ᠬᠢᠬᠦ᠌ ᠦᠭᠡᠢ᠂ ᠤᠢ᠍ᠢᠷ᠎ᠠ ᠳᠣᠲᠣᠨᠣᠴᠤᠳ᠎ᠢᠶᠠᠨ ᠯᠠ ᠬᠡᠷᠡᠭ᠌ᠯᠡᠬᠦ᠂ ᠴᠢᠨᠠᠭ᠍ᠰᠢᠯᠠᠪᠠᠯ ᠵᠠᠷᠢᠮ᠎ᠨᠢ ᠡᠷᠬᠡ᠎ᠪᠠᠨ ᠳᠤᠷ᠎ᠠ᠎ᠪᠠᠷ᠎ᠢᠶᠠᠨ ᠬᠡᠷᠡᠭ᠌ᠯᠡᠨ ᠱᠠᠮᠱᠢᠵᠤ ᠬᠡᠭᠡᠯᠢ ᠬᠠᠭ᠍ᠤᠤᠯᠢ ᠢᠳᠡᠵᠦ᠍᠂ ᠢᠯᠵᠠᠷᠠᠨ ᠲᠤᠷᠦ᠋ᠢᠳᠠᠵᠤ᠂ ᠬᠠᠤᠯᠢ᠎ᠶ᠋ᠢ ᠵᠥᠷᠢᠴᠡᠨ ᠰᠠᠬᠢᠯᠭ᠎ᠠ ᠪᠠᠲᠤ᠎ᠶ᠋ᠢ ᠰᠠᠮᠠᠭᠤᠷᠠᠭᠤᠯᠵᠤ ᠪᠠᠢᠳᠠᠭ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠡᠬᠢ ᠪᠤᠯᠬᠢᠴᠢᠯᠠᠬ᠍ᠰᠠᠨ᠂ ᠠᠷᠠᠯᠵᠢᠶᠠᠯᠠᠬ᠍ᠰᠠᠨ ᠠᠰᠠᠭᠤᠳᠠᠯ ᠮᠥᠨ ᠯᠡ ᠣᠷᠣᠱᠢᠭ᠍ᠰᠠᠭᠠᠷ ᠪᠠᠢᠵᠦ᠂ ᠵᠢᠵᠢᠭ ᠪᠦᠯᠬᠦᠮ᠎ᠤᠨ ᠰᠣᠶᠣᠯ᠂ ᠭᠠᠷᠠᠮ᠎ᠤᠨ ᠰᠣᠶᠣᠯ᠂ ᠠᠷᠢᠬᠢᠨ ᠱᠢᠷᠡᠭᠡᠨ᠎ᠤ ᠰᠣᠶᠣᠯ᠂ ᠡᠷᠬᠡ ᠪᠠ ᠡᠷᠬᠡ ᠮᠥᠩᠭᠦ ᠵᠢᠨ ᠰᠤᠯᠢᠯᠴᠠᠭ᠎ᠠ᠂ ᠤᠯᠤᠰ ᠲᠦᠷᠦ᠍᠎ᠶ᠋ᠢᠨ ᠵᠠᠪᠱᠢᠭ᠍ᠴᠢ᠂ ᠮᠠᠶᠢᠭ ᠭᠠᠷᠭᠠᠬᠤ᠂ ᠰᠠᠢᠮᠰᠤᠷᠠᠬᠤ ᠦᠵᠡᠯ ᠵᠡᠷᠭᠡ ᠦᠵᠡᠭ᠌ᠳᠡᠯ ᠮᠥᠨ ᠯᠡ ᠣᠷᠣᠱᠢᠭ᠍ᠰᠠᠭᠠᠷ ᠪᠠᠢᠳᠠᠭ᠃ ᠡᠢᠮᠦ᠍᠎ᠡᠴᠡ ᠪᠢᠳᠡ ᠡᠷᠬᠡᠪᠰᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠭᠠᠳᠭᠠᠨ ᠵᠢᠷᠤᠮᠵᠢᠭᠤᠯᠬᠤ ᠭᠡᠬᠦ᠌ ᠡᠨᠡ ᠬᠦ᠌ ᠪᠦᠬᠦ᠌ ᠲᠠᠯ᠎ᠠ ᠪᠡᠷ ᠨᠠᠮ᠎ᠢ ᠴᠢᠩᠭ᠎ᠠ ᠵᠠᠰᠠᠬᠤ ᠴᠢᠬᠤᠯᠠ ᠭᠠᠷᠳᠠᠴᠠ᠎ᠶ᠋ᠢ ᠰᠠᠢᠲᠤᠷ ᠬᠡᠷᠡᠭ᠌ᠯᠡᠵᠦ᠍᠂ ᠦᠵᠡᠯ ᠰᠠᠨᠠᠭ᠎ᠠ᠎ᠪᠠᠷ ᠨᠠᠮ ᠪᠠᠢᠭᠤᠯᠬᠤ᠂ ᠲᠦᠷᠢᠮ᠎ᠢᠶᠠᠷ ᠨᠠᠮ᠎ᠢ ᠵᠠᠰᠠᠬᠤ᠎ᠲᠠᠢ ᠨᠢᠭ᠍ᠲᠠ ᠤᠶᠠᠯᠳᠤᠭᠤᠯᠬᠤ᠎ᠶ᠋ᠢ ᠪᠠᠷᠢᠮᠲᠠᠯᠠᠵᠤ᠂ ᠢᠯᠵᠠᠷᠠᠯ᠎ᠢ ᠴᠢᠷᠮᠠᠢᠨ ᠵᠠᠯᠬᠠᠭᠠᠨ ᠱᠢᠢᠳᠭᠡᠵᠦ᠍᠂ ᠨᠠᠮ᠎ᠤᠨ ᠰᠤᠷᠲᠠᠯ᠎ᠢ ᠲᠥᠪᠯᠡᠷᠡᠭᠦᠯᠦᠨ ᠴᠡᠭ᠌ᠴᠡᠯᠡᠵᠦ᠍᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠴᠡᠪᠡᠷᠱᠢᠭᠦᠯᠵᠦ᠍᠂ ᠨᠠᠮ᠎ᠤᠨ ᠥᠪᠡᠷ᠎ᠢ᠎ᠪᠠᠨ ᠴᠡᠪᠡᠷᠱᠢᠭᠦᠯᠬᠦ᠂ ᠥᠪᠡᠷ᠎ᠢ᠎ᠪᠠᠨ ᠲᠡᠭᠦᠯᠳᠡᠷᠵᠢᠭᠦᠯᠬᠦ᠂ ᠥᠪᠡᠷ᠎ᠢ᠎ᠪᠠᠨ ᠱᠢᠨᠡᠴᠢᠯᠡᠬᠦ᠂ ᠥᠪᠡᠷ᠎ᠢ᠎ᠪᠠᠨ ᠳᠡᠭᠡᠭ᠌ᠰᠢᠯᠡᠭᠦᠯᠬᠦ᠌ ᠴᠢᠳᠠᠪᠤᠷᠢ᠎ᠶ᠋ᠢ ᠲᠠᠰᠤᠷᠠᠯᠳᠠ ᠦᠭᠡᠢ ᠨᠡᠮᠡᠭ᠌ᠳᠡᠭᠦᠯᠵᠦ᠍᠂ ᠨᠠᠮ᠎ᠤᠨ ᠲᠡᠷᠢᠭᠦᠨ᠎ᠤ ᠴᠢᠨᠠᠷ ᠪᠠ ᠴᠡᠪᠡᠷ ᠠᠷᠢᠭᠤᠨ ᠴᠢᠨᠠᠷ᠎ᠢ ᠴᠢᠩᠭᠠᠳᠭᠠᠬᠤ ᠬᠡᠷᠡᠭ᠌ᠲᠡᠢ᠃
ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠪᠣᠯ ᠨᠠᠮ᠎ᠤᠨ ᠭᠡᠱᠢᠭᠦᠨ ᠺᠠᠳ᠋ᠷᠴᠤᠳ᠎ᠤᠨ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ 《ᠲᠤᠮᠤ ᠬᠠᠢᠯᠤᠭᠤᠯᠬᠤ ᠵᠤᠤᠬ᠎ᠠ》 ᠮᠥᠨ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠪᠣᠯ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠰᠠᠭᠤᠷᠢ ᠮᠥᠨ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠵᠢᠷᠤᠮᠵᠢᠭᠤᠯᠬᠤ ᠪᠠ ᠴᠢᠩᠳᠠᠯᠠᠬᠤ᠎ᠳᠤ ᠨᠠᠮ᠎ᠤᠨ ᠭᠡᠱᠢᠭᠦᠨ ᠺᠠᠳ᠋ᠷᠴᠤᠳ ᠡᠳᠦᠷ ᠲᠤᠳᠤᠮ᠎ᠤᠨ᠂ ᠪᠠᠢᠩᠭᠤ ᠶ᠋ᠢᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ ᠳᠤᠮᠳᠠ ᠤᠬᠠᠮᠰᠠᠷ᠎ᠡᠴᠡ᠎ᠪᠠᠨ ᠨᠠᠮᠴᠢ ᠴᠢᠨᠠᠷ᠎ᠢᠶᠠᠨ ᠳᠠᠪᠲᠠᠨ ᠪᠣᠯᠪᠠᠰᠤᠷᠠᠭᠤᠯᠵᠤ᠂ ᠲᠤᠰ ᠪᠡᠶ᠎ᠡ᠎ᠶ᠋ᠢᠨ ᠪᠣᠯᠪᠠᠰᠤᠷᠠᠯ᠎ᠢᠶᠠᠨ ᠴᠢᠩᠭᠠᠳᠭᠠᠨ᠂ ᠰᠡᠳᠭᠢᠯ᠎ᠳᠡᠭᠡᠨ ᠠᠶᠤᠵᠤ ᠵᠢᠷᠦᠬᠡᠱᠢᠶᠡᠬᠦ᠂ ᠦᠭᠡ ᠶᠠᠷᠢᠶᠠᠨ᠎ᠳᠠᠭᠠᠨ ᠴᠡᠭᠡᠷᠯᠡᠬᠦ᠂ ᠦᠢᠯᠡ ᠠᠵᠢᠯᠯᠠᠭ᠎ᠠ᠎ᠳᠠᠭᠠᠨ ᠬᠢᠵᠠᠭᠠᠷᠯᠠᠬᠤ᠎ᠶ᠋ᠢ ᠪᠡᠶᠡᠯᠡᠭᠦᠯᠬᠦ᠌ ᠬᠡᠷᠡᠭ᠌ᠲᠡᠢ᠃ ᠨᠠᠮ᠎ᠤᠨ ᠭᠡᠱᠢᠭᠦᠨ ᠺᠠᠳ᠋ᠷ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠭᠠᠳᠭᠠᠨ ᠵᠢᠷᠤᠮᠵᠢᠭᠤᠯᠬᠤ ᠦᠷ᠎ᠡ ᠪᠦᠲᠦᠮᠵᠢ᠎ᠶ᠋ᠢ ᠡᠷᠬᠡᠪᠰᠢ ᠨᠠᠮ᠎ᠤᠨ ᠲᠥᠪ ᠬᠤᠷᠢᠶᠠᠨ᠎ᠤ ᠡᠷᠬᠡ ᠰᠦᠷ᠎ᠢ ᠡᠷᠡᠰ ᠬᠠᠮᠠᠭᠠᠯᠠᠬᠤ᠂ 《ᠬᠤᠶᠠᠷ᠎ᠢ ᠲᠤᠬ᠍ᠲᠠᠭᠠᠬ᠍ᠰᠠᠨ》 ᠢ᠋ ᠦᠨᠡᠨᠴᠢ ᠱᠢᠳᠤᠷᠭᠤ᠎ᠪᠠᠷ ᠬᠦᠷᠢᠶᠡᠯᠡᠬᠦ᠂ 《ᠬᠤᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠂ ᠪᠦᠬᠦ᠌ ᠨᠠᠮ᠎ᠤᠨ ᠵᠠᠷᠯᠢᠭ ᠴᠠᠭᠠᠵᠠ᠎ᠶ᠋ᠢ ᠲᠠᠭᠠᠬᠤ᠎ᠶ᠋ᠢ ᠪᠠᠲᠤᠯᠠᠬᠤ ᠳᠡᠭᠡᠷ᠎ᠡ ᠢᠯᠡᠷᠡᠭᠦᠯᠬᠦ᠌ ᠬᠡᠷᠡᠭ᠌ᠲᠡᠢ; ᠡᠷᠬᠡᠪᠰᠢ ᠦᠵᠡᠯ ᠰᠠᠨᠠᠭ᠎ᠠ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠦᠰᠡᠯᠡᠩ ᠢᠲᠡᠭᠡᠯ ᠪᠢᠰᠢᠷᠡᠯ ᠵᠢᠡᠨ ᠪᠠᠲᠤᠳᠭᠠᠬᠤ᠎ᠶ᠋ᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠥᠷᠨᠢᠭᠦᠯᠬᠦ᠌᠎ᠶ᠋ᠢᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠡᠪ ᠬᠠᠮᠲᠤ ᠶᠣᠰᠣᠨ᠎ᠤ ᠠᠯᠤᠰ ᠬᠡᠳᠦ᠍᠎ᠶ᠋ᠢᠨ ᠬᠦᠰᠡᠯᠡᠩ ᠪᠠ ᠣᠳᠣᠬᠢ ᠱᠠᠲᠤᠨ᠎ᠤ ᠲᠡᠦᠬᠡᠲᠦ ᠡᠭᠦᠷᠭᠡ᠎ᠶ᠋ᠢ ᠤᠶᠠᠯᠳᠤᠭᠤᠯᠵᠤ᠂ ᠵᠥᠷᠢᠴᠡᠯ ᠪᠠ ᠠᠰᠠᠭᠤᠳᠠᠯ᠎ᠳᠤ ᠵᠥᠪ ᠲᠠᠨᠢᠵᠤ᠂ ᠣᠶᠤᠨᠴᠢ᠎ᠪᠠᠷ ᠬᠠᠨᠳᠤᠵᠤ᠂ ᠵᠣᠭ᠍ᠰᠣᠯᠲᠠ᠎ᠪᠠᠨ ᠪᠠᠲᠤᠳᠭᠠᠵᠤ᠂ ᠱᠢᠯᠭᠠᠯᠲᠠ᠎ᠶ᠋ᠢ ᠳᠠᠭᠠᠭᠠᠵᠤ ᠴᠢᠳᠠᠬᠤ ᠬᠡᠷᠡᠭ᠌ᠲᠡᠢ; ᠡᠷᠬᠡᠪᠰᠢ ᠤᠨᠤᠯ᠎ᠤᠨ ᠰᠤᠷᠤᠯᠴᠠᠯᠭ᠎ᠠ᠎ᠶ᠋ᠢ ᠴᠢᠩᠭᠠᠳᠭᠠᠬᠤ᠂ ᠤᠨᠤᠯ᠎ᠤᠨ ᠵᠡᠪᠰᠡᠭ᠌ᠯᠡᠯ᠎ᠢ ᠴᠢᠩᠭᠠᠳᠭᠠᠬᠤ ᠳᠡᠭᠡᠷ᠎ᠡ ᠢᠯᠡᠷᠡᠭᠦᠯᠵᠦ᠍᠂ ᠮᠠᠷᠺᠰ᠎ᠤᠨ ᠦᠵᠡᠯ᠎ᠤᠨ ᠵᠣᠭ᠍ᠰᠣᠯᠲᠠ᠂ ᠦᠵᠡᠯᠲᠡ᠎ᠪᠠᠷ ᠠᠰᠠᠭᠤᠳᠠᠯ᠎ᠢ ᠵᠠᠳᠠᠯᠬᠤ᠂ ᠠᠰᠠᠭᠤᠳᠠᠯ᠎ᠢ ᠱᠢᠢᠳᠪᠦᠷᠢᠯᠡᠬᠦ᠌᠎ᠶ᠋ᠢ ᠰᠤᠷᠴᠤ᠌᠂ ᠪᠠᠢᠯᠳᠤᠬᠤ ᠪᠤᠳᠤᠯᠭ᠎ᠠ᠎ᠶ᠋ᠢᠨ ᠰᠡᠳᠭᠢᠬᠦᠢ᠂ ᠬᠤᠪᠢᠰᠤᠩᠭᠤᠢ ᠰᠡᠳᠭᠢᠬᠦᠢ᠂ ᠬᠠᠤᠯᠢ᠎ᠪᠠᠷ ᠵᠠᠰᠠᠬᠤ ᠰᠡᠳᠭᠢᠬᠦᠢ ᠪᠠ ᠬᠢᠵᠠᠭᠠᠷ ᠱᠤᠭᠤᠮ᠎ᠤᠨ ᠰᠡᠳᠭᠢᠬᠦᠢ᠎ᠪᠠᠨ ᠳᠡᠭᠡᠭ᠌ᠰᠢᠯᠡᠭᠦᠯᠬᠦ᠌ ᠬᠡᠷᠡᠭ᠌ᠲᠡᠢ;ᠡᠷᠬᠡᠪᠰᠢ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠤ ᠦᠢᠯᠡᠴᠢᠯᠡᠬᠦ᠌ ᠦᠨᠳᠦᠰᠦᠨ ᠵᠣᠷᠢᠯᠲᠠ᠎ᠶ᠋ᠢ ᠪᠠᠷᠢᠮᠲᠠᠯᠠᠬᠤ᠂ ᠨᠠᠮ ᠪᠣᠯᠤᠨ ᠠᠷᠠᠳ ᠤᠯᠠᠨ᠎ᠤ ᠴᠢᠰᠤ ᠮᠢᠬᠠᠨ᠎ᠤ ᠪᠠᠷᠢᠯᠳᠤᠯᠭ᠎ᠠ᠎ᠶ᠋ᠢ ᠪᠠᠲᠤᠯᠠᠬᠤ᠎ᠪᠠᠷ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠭᠠᠳᠭᠠᠨ ᠵᠢᠷᠤᠮᠵᠢᠭᠤᠯᠬᠤ ᠦᠨᠳᠦᠰᠦᠨ ᠱᠠᠭᠠᠷᠳᠠᠯᠭ᠎ᠠ ᠪᠣᠯᠭᠠᠵᠤ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ ᠪᠣᠯᠤᠨ ᠲᠡᠩᠴᠡᠭᠦᠷᠢ ᠦᠭᠡᠢ ᠭᠦᠢᠴᠡᠳ ᠦᠭᠡᠢ ᠬᠥᠭ᠌ᠵᠢᠯᠲᠡ᠎ᠶ᠋ᠢᠨ ᠬᠤᠭᠤᠷᠣᠨᠳᠣᠬᠢ ᠵᠥᠷᠢᠴᠡᠯ᠎ᠢ ᠰᠠᠢᠲᠤᠷ ᠱᠢᠢᠳᠪᠦᠷᠢᠯᠡᠵᠦ᠍᠂ ᠠᠷᠠᠳ ᠲᠦᠮᠡᠨ᠎ᠤ ᠠᠱᠢᠭ ᠲᠤᠰᠠ᠎ᠶ᠋ᠢ ᠬᠠᠮᠠᠭᠠᠯᠠᠨ᠂ ᠠᠷᠠᠳ᠎ᠤᠨ ᠰᠡᠳᠭᠢᠯ᠎ᠢ ᠣᠯᠵᠤ᠂ ᠨᠠᠮ᠎ᠤᠨ ᠤᠷᠳᠤ ᠬᠤᠭᠤᠴᠠᠭ᠎ᠠ᠎ᠪᠠᠷ ᠲᠦᠷᠦ᠍ ᠪᠠᠷᠢᠬᠤ ᠰᠠᠭᠤᠷᠢ᠎ᠶ᠋ᠢ ᠲᠠᠰᠤᠷᠠᠯᠳᠠ ᠦᠭᠡᠢ ᠪᠠᠬᠢᠵᠢᠭᠦᠯᠬᠦ᠌ ᠳᠡᠭᠡᠷ᠎ᠡ ᠢᠯᠡᠷᠡᠭᠦᠯᠬᠦ᠌ ᠬᠡᠷᠡᠭ᠌ᠲᠡᠢ᠃
ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠪᠣᠯ ᠨᠠᠮ᠎ᠤᠨ ᠰᠤᠷᠲᠠᠯ᠎ᠢ ᠴᠡᠪᠡᠷᠱᠢᠭᠦᠯᠬᠦ᠌ 《ᠠᠷᠢᠭᠤᠳᠭᠠᠭᠤᠷ》 ᠮᠥᠨ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠲᠥᠪ ᠴᠢᠩᠭ᠎ᠠ ᠪᠠᠢᠯᠭᠠᠬᠤ᠎ᠨᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ᠂ ᠲᠠᠢᠴᠢᠨ ᠴᠢᠨᠠᠷ᠎ᠢ ᠪᠦᠲᠦᠮᠵᠢᠲᠡᠢ ᠴᠢᠩᠭᠠᠳᠭᠠᠵᠤ ᠴᠢᠳᠠᠨ᠎ᠠ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠤᠯᠤᠰ ᠲᠦᠷᠦᠴᠢ ᠴᠢᠨᠠᠷ ᠴᠢᠩᠭ᠎ᠠ ᠪᠠᠢᠪᠠᠯ ᠨᠠᠮ ᠰᠠᠶᠢ ᠰᠡᠳᠭᠢᠯ ᠰᠠᠨᠠᠭ᠎ᠠ᠎ᠪᠠᠨ ᠨᠡᠩ ᠰᠠᠢᠨ ᠨᠢᠭ᠍ᠲᠠᠷᠠᠭᠤᠯᠤᠨ᠂ ᠪᠡᠶ᠎ᠡ ᠮᠠᠬᠠᠪᠣᠳ᠎ᠢᠶᠠᠨ ᠨᠡᠩ ᠰᠠᠢᠨ ᠴᠢᠭᠢᠷᠠᠭ᠍ᠵᠢᠭᠤᠯᠵᠤ ᠴᠢᠳᠠᠨ᠎ᠠ᠃ ᠳᠤᠮᠳᠠᠳᠤ ᠤᠯᠤᠰ᠎ᠤᠨ ᠣᠨᠴᠠᠯᠢᠭ ᠳᠠᠢ ᠨᠡᠢᠭᠡᠮ ᠵᠢᠷᠤᠮ᠎ᠤᠨ ᠦᠢᠯᠡᠰ ᠪᠣᠯ ᠤᠷᠢᠳ ᠡᠮᠦᠨ᠎ᠡ ᠪᠠᠢᠭ᠎ᠠ ᠦᠭᠡᠢ ᠦᠢᠯᠡᠰ ᠮᠥᠨ᠂ ᠡᠨᠡ ᠬᠦ᠌ ᠦᠢᠯᠡᠰ᠎ᠢ ᠤᠳᠤᠷᠢᠳᠭᠤ ᠨᠠᠮ ᠪᠣᠯᠤᠭ᠍ᠰᠠᠨ᠎ᠤ ᠬᠤᠪᠢ᠎ᠳᠤ ᠡᠷᠬᠡᠪᠰᠢ ᠴᠠᠭ ᠦᠶ᠎ᠡ᠎ᠲᠠᠢ ᠵᠡᠷᠭᠡ᠎ᠪᠠᠷ ᠤᠷᠤᠭ᠍ᠰᠢᠯᠠᠬᠤ᠎ᠶ᠋ᠢ ᠪᠠᠷᠢᠮᠲᠠᠯᠠᠵᠤ᠂ ᠢᠮᠠᠭ᠍ᠲᠠ ᠴᠠᠭ ᠦᠶ᠎ᠡ᠎ᠶ᠋ᠢᠨ ᠡᠮᠦᠨ᠎ᠡ ᠡᠩᠨᠡᠭᠡᠨ᠎ᠳᠤ ᠶᠠᠪᠤᠵᠤ᠂ ᠱᠢᠨ᠎ᠡ ᠪᠣᠳᠠᠲᠤ ᠪᠠᠢᠳᠠᠯ᠎ᠳᠤ ᠰᠠᠭᠤᠷᠢᠯᠠᠨ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠴᠦ᠍᠂ ᠱᠢᠨ᠎ᠡ ᠲᠤᠷᠱᠢᠯᠭ᠎ᠠ᠎ᠪᠠᠷ ᠱᠢᠨ᠎ᠡ ᠦᠢᠯᠡᠳᠦᠯᠭᠡ᠎ᠶ᠋ᠢ ᠵᠢᠯᠣᠭᠤᠳᠭᠤ᠎ᠳᠠᠭᠠᠨ ᠴᠢᠳᠠᠮᠠᠭᠠᠢ ᠪᠠᠢᠵᠤ᠂ ᠲᠡᠷᠢᠭᠦᠨ᠎ᠤ ᠴᠢᠨᠠᠷ ᠪᠠ ᠴᠡᠪᠡᠷ ᠴᠢᠨᠠᠷ᠎ᠢᠶᠠᠨ ᠡᠭᠦᠷᠢᠳᠡ ᠬᠠᠳᠠᠭᠠᠯᠠᠬᠤ ᠬᠡᠷᠡᠭ᠌ᠲᠡᠢ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠵᠠᠷᠴᠢᠮᠲᠤ ᠴᠢᠨᠠᠷ᠎ᠢ ᠴᠢᠩᠭᠠᠳᠭᠠᠬᠤ ᠪᠣᠯ ᠳᠠᠷᠤᠢ ᠨᠠᠮ᠎ᠤᠨ ᠳᠣᠲᠣᠭᠠᠳᠤ᠎ᠶ᠋ᠢᠨ ᠬᠠᠤᠯᠢ ᠲᠣᠭ᠍ᠲᠠᠭᠠᠯ ᠪᠠ ᠪᠠᠷᠢᠮᠵᠢᠶ᠎ᠠ᠎ᠶ᠋ᠢ ᠦᠨᠳᠦᠰᠦᠯᠡᠨ ᠦᠭᠡ ᠬᠡᠯᠡᠵᠦ᠍ ᠠᠵᠢᠯ ᠶᠠᠪᠤᠳᠠᠯ ᠬᠢᠬᠦ᠌ ᠶᠠᠪᠤᠳᠠᠯ ᠪᠣᠯᠤᠨ᠎ᠠ᠃ ᠵᠠᠷᠴᠢᠮ᠎ᠤᠨ ᠠᠰᠠᠭᠤᠳᠠᠯ᠎ᠢ ᠡᠷᠬᠡᠪᠰᠢ ᠪᠠᠷᠢᠮᠲᠠᠯᠠᠬᠤ ᠬᠡᠷᠡᠭ᠌ᠲᠡᠢ᠂ ᠨᠠᠢᠷ ᠲᠠᠯᠪᠢᠵᠤ ᠪᠣᠯᠬᠤ ᠦᠭᠡᠢ᠃ ᠨᠠᠮ᠎ᠤᠨ ᠤᠳᠤᠷᠢᠳᠤᠯᠭ᠎ᠠ᠎ᠶ᠋ᠢ ᠦᠭᠡᠢᠰᠭᠡᠬᠦ᠂ ᠨᠡᠢᠭᠡᠮ ᠵᠢᠷᠤᠮᠲᠤ ᠪᠠᠢᠭᠤᠯᠤᠯ᠎ᠢ ᠦᠭᠡᠢᠰᠭᠡᠬᠦ᠂ ᠥᠭᠡᠷᠡᠴᠢᠯᠡᠯᠲᠡ ᠨᠡᠭᠡᠭᠡᠯᠳᠠ᠎ᠶ᠋ᠢ ᠦᠭᠡᠢᠰᠭᠡᠬᠦ᠌ ᠠᠯᠢᠪᠠ ᠦᠭᠡ ᠶᠠᠷᠢᠶ᠎ᠠ ᠤᠢ᠍ᠢᠯᠠ ᠠᠵᠢᠯᠯᠠᠭ᠎ᠠ᠂ ᠨᠠᠮ᠎ᠤᠨ ᠦᠨᠳᠦᠰᠦᠨ ᠱᠤᠭᠤᠮ᠎ᠡᠴᠡ ᠵᠥᠷᠢᠴᠡᠭ᠌ᠰᠡᠨ ᠠᠯᠢᠪᠠ ᠦᠭᠡ ᠶᠠᠷᠢᠶ᠎ᠠ ᠤᠢ᠍ᠢᠯᠠ ᠠᠵᠢᠯᠯᠠᠭ᠎ᠠ᠎ᠶ᠋ᠢ ᠴᠥᠮ ᠡᠷᠬᠡᠪᠰᠢ ᠲᠤᠬ ᠲᠡᠮᠳᠡᠭ ᠲᠣᠳᠣᠷᠬᠠᠢ᠎ᠪᠠᠷ ᠡᠰᠡᠷᠭᠦᠴᠡᠨ ᠬᠤᠷᠢᠭ᠍ᠯᠠᠬᠤ ᠬᠡᠷᠡᠭ᠌ᠲᠡᠢ᠃ ᠨᠠᠮ᠎ᠤᠨ ᠲᠦᠷᠢᠮ ᠨᠠᠮ᠎ᠤᠨ ᠲᠣᠭ᠍ᠲᠠᠭᠠᠯ᠎ᠳᠤ ᠲᠣᠭ᠍ᠲᠠᠭᠠᠭ᠍ᠰᠠᠨ ᠵᠠᠷᠴᠢᠮ᠎ᠢ ᠪᠦᠬᠦ᠌ ᠨᠠᠮ᠎ᠢᠶᠠᠷ᠎ᠢᠶᠠᠨ ᠡᠷᠬᠡᠪᠰᠢ ᠡᠷᠡᠰ ᠵᠢᠷᠤᠮᠯᠠᠬᠤ ᠬᠡᠷᠡᠭ᠌ᠲᠡᠢ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠲᠠᠢᠴᠢᠨ ᠴᠢᠨᠠᠷ᠎ᠢ ᠴᠢᠩᠭᠠᠳᠭᠠᠬᠤ᠎ᠳᠤ ᠨᠠᠮ᠎ᠤᠨ ᠰᠠᠬᠢᠯᠭ᠎ᠠ ᠪᠠᠲᠤ ᠢᠯᠠᠩᠭᠤᠶ᠎ᠠ ᠤᠯᠤᠰ ᠲᠦᠷᠦ᠍᠎ᠶ᠋ᠢᠨ ᠰᠠᠬᠢᠯᠭ᠎ᠠ ᠪᠠᠲᠤ᠎ᠶ᠋ᠢ ᠴᠢᠩᠳᠠᠯᠠᠵᠤ᠂ ᠨᠠᠮ᠎ᠤᠨ ᠰᠠᠬᠢᠯᠭ᠎ᠠ ᠪᠠᠲᠤ᠎ᠶ᠋ᠢ ᠵᠥᠷᠢᠴᠡᠭ᠌ᠰᠡᠨ ᠦᠢᠯᠡ ᠠᠵᠢᠯᠯᠠᠭ᠎ᠠ᠎ᠲᠠᠢ ᠲᠡᠮᠡᠴᠡᠯ ᠬᠢᠬᠦ᠌ ᠬᠡᠷᠡᠭ᠌ᠲᠡᠢ; ᠨᠠᠵᠠᠭᠠᠢ ᠢᠯᠵᠠᠷᠠᠮᠠᠯ ᠦᠵᠡᠭ᠌ᠳᠡᠯ᠎ᠲᠠᠢ ᠡᠷᠡᠰ ᠲᠡᠮᠡᠴᠡᠵᠦ᠍᠂ ᠬᠤᠷᠢᠭᠠᠲᠤ ᠣᠷᠣᠨ ᠦᠭᠡᠢ᠂ ᠪᠦᠬᠦᠨ᠎ᠢ ᠬᠠᠮᠤᠷᠬᠤ᠂ ᠤᠬ᠍ᠳᠤ ᠠᠭᠤᠴᠢᠯᠠᠬᠤ ᠦᠭᠡᠢ ᠪᠠᠢᠬᠤ᠎ᠶ᠋ᠢ ᠪᠠᠷᠢᠮᠲᠠᠯᠠᠵᠤ᠂ 《ᠪᠠᠷᠰ》᠂ 《ᠢᠯᠠᠭ᠎ᠠ》 ᠶ᠋ᠢ ᠬᠠᠮᠲᠤᠳᠤᠨᠢ ᠴᠣᠬᠢᠬᠤ ᠬᠡᠷᠡᠭ᠌ᠲᠡᠢ᠃
ᠤᠷᠳᠤᠰ ᠬᠤᠳᠠ᠎ᠶ᠋ᠢᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠡᠲᠡᠭᠡᠳ᠎ᠦᠨ ᠬᠣᠯᠪᠣᠭ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠡᠷᠢᠭᠦᠯᠡᠭ᠌ᠴᠢ ᠸᠠᠩ ᠶᠦᠨ᠄
ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍ ᠵᠢᠨ ᠰᠣᠶᠣᠯ᠎ᠢᠶᠠᠷ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠤ᠋ᠨ ᠰᠦᠭ ᠰᠦᠨᠡᠰᠦ ᠵᠢ ᠴᠤᠬᠴᠠᠯᠠᠨ᠎ᠠ
ᠨᠠᠮ ᠨᠢ ᠨᠠᠮ᠎ᠢᠶᠠᠨ ᠬᠠᠮᠢᠶᠠᠷᠬᠤ᠎ᠳᠤ᠂ ᠡᠩ ᠲᠡᠷᠢᠭᠦᠨ᠎ᠳᠦ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠡᠴᠡ ᠡᠬᠢᠯᠡᠨ ᠬᠠᠮᠢᠶᠠᠷᠬᠤ ᠬᠡᠷᠡᠭ᠌ᠲᠡᠢ; ᠨᠠᠮ᠎ᠢ ᠴᠢᠩᠭ᠎ᠠ ᠵᠠᠰᠠᠬᠤ᠎ᠳᠤ ᠡᠩ ᠲᠡᠷᠢᠭᠦᠨ᠎ᠳᠦ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠡᠴᠡ ᠡᠬᠢᠯᠡᠵᠦ᠍ ᠴᠢᠡᠭᠳᠠᠯᠠᠬᠤ ᠬᠡᠷᠡᠭ᠌ᠲᠡᠢ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠡᠷᠡᠭᠦᠯ᠎ᠢᠶᠡᠷ ᠬᠥᠭ᠌ᠵᠢᠬᠦ᠌᠎ᠶ᠋ᠢ ᠠᠬᠢᠭᠤᠯᠬᠤ᠎ᠳᠤ ᠡᠷᠬᠡᠪᠰᠢ ᠳᠡᠭᠡᠳᠦ ᠬᠡᠮᠵᠢᠶᠡᠨ᠎ᠦ ᠤᠯᠤᠰ ᠲᠦᠷᠦ᠍᠎ᠶ᠋ᠢᠨ ᠤᠬᠠᠮᠰᠠᠷ᠎ᠢᠶᠠᠷ ᠨᠠᠮ᠎ᠤᠨ ᠳᠣᠲᠣᠭᠠᠳᠤ᠎ᠶ᠋ᠢᠨ ᠰᠠᠢ᠌ᠨ ᠰᠠᠢᠬᠠᠨ ᠤᠯᠤᠰ ᠲᠦᠷᠦ᠍᠎ᠶ᠋ᠢᠨ ᠰᠣᠶᠣᠯ᠎ᠢ ᠪᠠᠢᠭᠤᠯᠬᠤ ᠬᠡᠷᠡᠭ᠌ᠲᠡᠢ᠃
ᠶᠡᠷᠦᠩᠬᠡᠢ ᠱᠦᠵᠢ ᠰᠢ᠎ᠶ᠋ᠢᠨ ᠫᠢᠩ᠄ 《ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠂ ᠤᠯᠤᠰ ᠲᠦᠷᠦ᠍᠎ᠶ᠋ᠢᠨ ᠠᠮᠢ ᠠᠬᠤᠢ᠂ ᠤᠯᠤᠰ ᠲᠦᠷᠦ᠍᠎ᠶ᠋ᠢᠨ ᠰᠣᠶᠣᠯ ᠪᠣᠯ ᠬᠠᠷᠢᠯᠴᠠᠨ ᠨᠥᠬᠥᠴᠡᠯᠳᠦᠵᠦ᠍ ᠪᠠᠢᠳᠠᠭ᠂ ᠤᠯᠤᠰ ᠲᠦᠷᠦ᠍᠎ᠶ᠋ᠢᠨ ᠰᠣᠶᠣᠯ ᠪᠣᠯ ᠤᠯᠤᠰ ᠲᠦᠷᠦ᠍᠎ᠶ᠋ᠢᠨ ᠠᠮᠢᠳᠤᠷᠠᠯ᠎ᠤᠨ ᠰᠦᠭ ᠰᠦᠨᠡᠰᠦ ᠪᠠᠢᠵᠤ᠂ ᠤᠯᠤᠰ ᠲᠦᠷᠦ᠍᠎ᠶ᠋ᠢᠨ ᠠᠮᠢ ᠠᠬᠤᠢ᠎ᠳᠤ ᠦᠯᠦ᠍ ᠮᠡᠳᠡᠭ᠌ᠳᠡᠮ᠎ᠡ ᠨᠥᠯᠥᠭᠡ ᠦᠵᠡᠭᠦᠯᠵᠦ᠍ ᠪᠠᠢᠳᠠᠭ᠃》 ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍ ᠵᠢᠨ ᠰᠣᠶᠣᠯ ᠭᠡᠬᠦ᠌ ᠡᠨᠡ ᠬᠦ᠌ ᠰᠦᠭ ᠰᠦᠨᠡᠰᠦ᠎ᠶ᠋ᠢ ᠠᠳᠭᠤᠪᠠᠯ ᠳᠠᠷᠤᠢ ᠵᠥᠷᠢᠴᠡᠯ ᠠᠰᠠᠭᠤᠳᠠᠯ᠎ᠢ ᠱᠢᠢᠳᠪᠦᠷᠢᠯᠡᠬᠦ᠌ ᠲᠦᠯᠬᠢᠭᠦᠷ᠎ᠢ ᠡᠵᠡᠮᠱᠢᠠ᠂ ᠳᠠᠷᠤᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠡᠭᠳᠠᠯᠠᠬᠤ ᠦᠵᠡᠯ ᠰᠠᠨᠠᠭᠠᠨ᠎ᠤ ᠤᠬᠠᠮᠰᠠᠷ ᠪᠠ ᠦᠢᠯᠡ ᠠᠵᠢᠯᠯᠠᠭ᠎ᠠ᠎ᠶ᠋ᠢᠨ ᠤᠬᠠᠮᠰᠠᠷ᠎ᠢᠶᠠᠨ ᠲᠠᠰᠤᠷᠠᠯᠲᠠ ᠦᠭᠡᠢ ᠴᠢᠩᠭᠠᠳᠭᠠᠵᠤ ᠴᠢᠳᠠᠨ᠎ᠠ᠃ ᠡᠢᠮᠦ᠍᠎ᠡᠴᠡ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠵᠢᠷᠤᠮᠵᠢᠭᠤᠯᠬᠤ᠎ᠳᠤ ᠡᠷᠬᠡᠪᠰᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍ ᠵᠢᠨ ᠰᠣᠶᠣᠯ ᠵᠢᠡᠷ ᠬᠦᠲᠦᠯᠦᠨ ᠳᠠᠭᠠᠭᠤᠯᠬᠤ᠎ᠶ᠋ᠢ ᠲᠡᠷᠢᠭᠦᠨ ᠴᠢᠬᠤᠯᠠ ᠨᠥᠬᠥᠴᠡᠯ ᠪᠣᠯᠭᠠᠨ ᠲᠡᠷᠢᠭᠦᠨ᠎ᠳᠦ ᠲᠠᠯᠪᠢᠵᠤ᠂ ᠢᠮᠠᠭ᠍ᠲᠠ ᠲᠤᠭᠤᠱᠢᠯᠠᠭᠤᠯᠵᠤ᠂ ᠲᠠᠰᠤᠷᠠᠯᠲᠠ ᠦᠭᠡᠢ ᠴᠢᠩᠭᠠᠳᠭᠠᠬᠤ ᠬᠡᠷᠡᠭ᠌ᠲᠡᠢ ᠃
ᠨᠢᠭᠡ᠎ᠳᠦ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠰᠣᠶᠣᠯ᠎ᠢᠶᠠᠷ ᠵᠥᠪ ᠲᠠᠨᠢᠯᠲᠠ᠎ᠶ᠋ᠢ ᠪᠤᠢ ᠪᠣᠯᠭᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠎ᠳᠤ ᠦᠵᠡᠯ ᠰᠠᠨᠠᠭᠠᠨ᠎ᠤ ᠲᠦᠱᠢᠭ ᠲᠤᠯᠭᠠᠭᠤᠷᠢ ᠬᠠᠩᠭᠠᠬᠤ ᠬᠡᠷᠡᠭᠲᠠᠢ᠃ ᠤᠯᠤᠰ ᠲᠥᠷᠥ᠍ ᠵᠢᠨ ᠰᠣᠶᠣᠯ ᠪᠣᠯ ᠤᠯᠤᠰ ᠲᠥᠷᠥ᠎ᠶ᠋ᠢᠨ ᠠᠰᠠᠭᠤᠳᠠᠯ᠎ᠳᠤ ᠬᠠᠨᠳᠤᠬᠤ ᠣᠪᠣᠷ᠂ ᠰᠡᠳᠭᠢᠯᠭᠡ ᠪᠠ ᠥᠷᠲᠡᠭ᠎ᠦᠨ ᠶᠡᠷᠦᠩᠬᠡᠶ ᠬᠡᠯᠪᠡᠷᠢᠯ ᠪᠠᠢᠵᠤ᠂ ᠤᠯᠤᠰ ᠲᠥᠷᠥ᠎ᠶ᠋ᠢᠨ ᠢᠲᠡᠭᠡᠯ ᠪᠢᠱᠢᠷᠡᠯ᠂ ᠤᠯᠤᠰ ᠲᠥᠷᠥ᠎ᠶ᠋ᠢᠨ ᠦᠵᠡᠯᠲᠡ᠂ ᠤᠯᠤᠰ ᠲᠥᠷᠥ᠎ᠶ᠋ᠢᠨ ᠰᠡᠳᠭᠢᠴᠡ ᠵᠡᠷᠭᠡ ᠦᠵᠡᠯ ᠤᠬᠠᠮᠰᠠᠷ᠎ᠤᠨ ᠪᠦᠷᠢᠯᠳᠦᠯ᠎ᠢ ᠲᠣᠭ᠍ᠲᠠᠭᠠᠵᠤ ᠪᠠᠢᠳᠠᠭ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠵᠡᠷᠭᠡ ᠠᠰᠠᠭᠤᠳᠠᠯ ᠭᠠᠷᠤᠭ᠍ᠰᠠᠨ᠎ᠤ ᠦᠨᠳᠦᠰᠦ ᠰᠤᠷᠪᠤᠯᠵᠢ ᠨᠢ ᠵᠠᠷᠢᠮ ᠨᠠᠮ᠎ᠤᠨ ᠭᠡᠱᠢᠭᠦᠨ ᠺᠠᠳ᠋ᠷ᠎ᠤᠨ ᠬᠦᠰᠡᠯᠡᠩ ᠢᠲᠡᠭᠡᠯ ᠪᠢᠰᠢᠷᠡᠯ ᠭᠡᠬᠦ᠌ ᠡᠨᠡ ᠬᠦ᠌ 《ᠰᠠᠭᠤᠷᠢ ᠴᠢᠯᠠᠭᠤ》 ᠭᠤᠢᠪᠢᠯᠵᠠᠭ᠍ᠰᠠᠨᠡᠴᠡ ᠪᠣᠯᠤᠭ᠍ᠰᠠᠨ ᠶᠤᠮ᠃ ᠡᠷᠬᠡᠪᠰᠢ ᠵᠥᠪ ᠤᠯᠤᠰ ᠲᠦᠷᠦ᠍᠎ᠶ᠋ᠢᠨ ᠣᠪᠣᠷ᠂ ᠬᠠᠢᠷ᠎ᠠ ᠰᠡᠳᠭᠢᠯᠭᠡ ᠪᠠ ᠦᠷᠲᠡᠭ᠎ᠦᠨ ᠦᠵᠡᠯᠲᠡ᠎ᠶ᠋ᠢ ᠤᠯᠠᠮᠵᠢᠯᠠᠨ ᠳᠠᠮᠵᠢᠭᠤᠯᠬᠤ᠎ᠪᠠᠷ ᠦᠨᠳᠦᠰᠦ ᠰᠠᠭᠤᠷᠢ ᠪᠣᠯᠭᠠᠵᠤ᠂ ᠨᠠᠮ᠎ᠤᠨ ᠭᠡᠱᠢᠭᠦᠨ ᠺᠠᠳ᠋ᠷᠴᠤᠳ᠎ᠢ ᠬᠥᠮᠦᠵᠢᠭᠦᠯᠦᠨ ᠵᠢᠯᠣᠭᠣᠳᠴᠤ᠌ ᠪᠠᠢᠭᠠᠳ ᠡᠪ ᠬᠠᠮᠲᠤ ᠶᠣᠰᠣᠨ᠎ᠤ ᠠᠯᠤᠰ ᠬᠡᠳᠦ᠍᠎ᠶ᠋ᠢᠨ ᠬᠦᠰᠡᠯᠡᠩ ᠪᠠ ᠳᠤᠮᠳᠠᠳᠤ ᠤᠯᠤᠰ᠎ᠤᠨ ᠣᠨᠴᠠᠯᠢᠭ ᠳᠠᠢ ᠨᠡᠢᠭᠡᠮ ᠵᠢᠷᠤᠮ᠎ᠤᠨ ᠢᠲᠡᠭᠡᠯ ᠪᠢᠰᠢᠷᠡᠯ᠎ᠢ ᠨᠢ ᠪᠠᠲᠤᠳᠭᠠᠵᠤ᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ᠌ ᠦᠨᠳᠦᠰᠦᠨ ᠵᠣᠷᠢᠯᠲᠠ᠎ᠶ᠋ᠢ ᠪᠠᠷᠢᠮᠲᠠᠯᠠᠨ᠂ ᠬᠤᠪᠢᠰᠭᠠᠯ᠎ᠤᠨ ᠠᠮᠢᠨ ᠰᠤᠳᠠᠰᠤ᠎ᠶ᠋ᠢ ᠦᠷᠭᠦᠯᠵᠢᠯᠡᠭᠦᠯᠵᠦ᠍᠂ ᠱᠢᠯᠢᠳᠡᠭ ᠤᠯᠠᠮᠵᠢᠯᠠᠯ᠎ᠢᠶᠠᠨ ᠪᠠᠳᠠᠷᠠᠭᠤᠯᠤᠨ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠵᠥᠪ ᠴᠢᠭ᠌ᠯᠡᠯ᠎ᠢᠶᠡᠷ ᠵᠢᠷᠤᠮᠵᠢᠭᠤᠯᠤᠨ ᠲᠥᠪ ᠴᠢᠩᠭ᠎ᠠ ᠥᠷᠨᠢᠭᠦᠯᠬᠦ᠌ ᠬᠡᠷᠡᠭ᠌ᠲᠡᠢ᠃
ᠬᠣᠶᠠᠷ᠎ᠲᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍ ᠵᠢᠨ ᠰᠣᠶᠣᠯ᠎ᠢ ᠲᠦᠷᠢᠮ ᠲᠣᠭ᠍ᠲᠠᠭᠠᠯ ᠪᠣᠯᠭᠠᠨ ᠬᠤᠪᠢᠷᠠᠭᠤᠯᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠎ᠳᠤ ᠬᠠᠲᠠᠭᠤ ᠬᠢᠵᠠᠭᠠᠷᠯᠠᠯ ᠬᠠᠩᠭᠠᠬᠤ ᠬᠡᠷᠡᠭ᠌ᠲᠡᠢ᠃ ᠳᠦᠷᠢᠮ ᠪᠣᠯ ᠦᠨᠳᠦᠰᠦᠨ ᠴᠢᠨᠠᠷ᠂ ᠪᠦᠬᠦ᠌ ᠲᠠᠯ᠎ᠠ᠎ᠶ᠋ᠢᠨ ᠴᠢᠨᠠᠷ᠂ ᠲᠣᠭ᠍ᠲᠠᠪᠤᠷᠢᠲᠤ ᠴᠢᠨᠠᠷ ᠪᠠ ᠤᠷᠲᠤ ᠬᠤᠭᠤᠴᠠᠭᠠᠲᠤ ᠴᠢᠨᠠᠷᠲᠠᠶ ᠪᠠᠢᠳᠠᠭ᠃《ᠱᠢᠨ᠎ᠡ ᠪᠠᠢᠳᠠᠯ᠎ᠤᠨ ᠳᠣᠣᠷᠠᠬᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠲᠤᠬᠠᠢ ᠪᠠᠷᠢᠮᠵᠢᠶ᠎ᠠ᠎ᠨᠤᠭᠤᠳ》 ᠤ᠋ᠨ 12 ᠲᠠᠯ᠎ᠠ᠎ᠶ᠋ᠢᠨ ᠠᠭᠤᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ ᠵᠢᠨ ᠰᠣᠶᠣᠯ᠎ᠤᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠲᠦᠷᠢᠮ᠎ᠦᠨ ᠬᠡᠯᠪᠡᠷᠢ᠎ᠪᠡᠷ ᠲᠣᠭ᠍ᠲᠠᠪᠤᠷᠢᠵᠢᠭᠤᠯᠤᠨ᠂ ᠲᠡᠭᠦᠨ᠎ᠢ ᠨᠠᠮ᠎ᠤᠨ ᠭᠡᠱᠢᠭᠦᠨ ᠺᠠᠳ᠋ᠷᠴᠤᠳ᠎ᠤᠨ ᠤᠬᠠᠮᠰᠠᠷ᠎ᠡᠴᠡ᠎ᠪᠠᠨ ᠵᠢᠷᠤᠮᠯᠠᠬᠤ ᠵᠠᠰᠠᠭ ᠶᠠᠪᠤᠭᠤᠯᠬᠤ ᠪᠠᠷᠢᠮᠵᠢᠶ᠎ᠠ ᠪᠠ ᠶᠣᠰᠣ ᠮᠣᠷᠠᠯ᠎ᠤᠨ ᠵᠢᠷᠤᠮᠵᠢᠯ ᠪᠣᠯᠭᠠᠨ ᠬᠤᠪᠢᠷᠠᠭᠤᠯᠬᠤ ᠬᠡᠷᠡᠭ᠌ᠲᠡᠢ᠃ ᠨᠠᠮ᠎ᠤᠨ ᠳᠣᠲᠣᠭᠠᠳᠤ᠎ᠶ᠋ᠢᠨ ᠬᠥᠮᠦᠰ᠎ᠦᠨ ᠬᠣᠭᠣᠷᠣᠨᠳᠣᠬᠢ ᠬᠠᠷᠢᠴᠠᠭ᠎ᠠ ᠪᠣᠯ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠰᠠᠢ᠌ᠨ ᠮᠠᠭᠤ᠎ᠶ᠋ᠢ ᠬᠡᠮᠵᠢᠬᠦ᠌ ᠨᠢᠭᠡᠨ ᠴᠢᠬᠤᠯᠠ ᠪᠡᠯᠭᠡ ᠲᠡᠮᠳᠡᠭ ᠮᠥᠨ᠂ ᠲᠡᠭᠦᠨ᠎ᠦ ᠡᠴᠦᠰ᠎ᠦᠨ ᠬᠠᠷᠠᠯᠲᠠ ᠪᠣᠯ ᠠᠷᠢᠭᠤᠨ ᠴᠢᠬᠡᠴᠢ ᠨᠥᠬᠥᠳ᠎ᠦᠨ ᠬᠠᠷᠢᠴᠠᠭ᠎ᠠ᠂ ᠶᠣᠰᠣ ᠲᠦᠷᠢᠮ᠎ᠦᠨ ᠳᠡᠭᠡᠳᠦ ᠲᠤᠤᠷᠠᠳᠤ ᠱᠠᠲᠤᠨ᠎ᠤ ᠬᠠᠷᠢᠴᠠᠭ᠎ᠠ᠎ᠶ᠋ᠢ ᠪᠠᠢᠭᠤᠯᠬᠤ ᠶᠠᠪᠤᠳᠠᠯ ᠪᠣᠯᠤᠨ᠎ᠠ᠃ ᠨᠠᠮ᠎ᠤᠨ ᠳᠣᠲᠣᠭᠠᠳᠤ᠎ᠶ᠋ᠢᠨ ᠰᠠᠢ᠌ᠨ ᠰᠠᠢᠬᠠᠨ ᠬᠥᠮᠦᠰ᠎ᠦᠨ ᠬᠠᠷᠢᠴᠠᠭᠠᠨ᠎ᠤ ᠪᠦᠷᠢᠯᠳᠦᠭ᠌ᠰᠡᠨ ᠨᠢ ᠨᠠᠮ᠎ᠤᠨ ᠳᠣᠲᠣᠭᠠᠳᠤ᠎ᠶ᠋ᠢᠨ ᠰᠠᠬᠢᠯᠭ᠎ᠠ ᠪᠠᠲᠤ ᠪᠠ ᠶᠣᠰᠣ ᠲᠦᠷᠢᠮ᠎ᠦᠨ ᠬᠢᠵᠠᠭᠠᠷᠯᠠᠯ᠎ᠡᠴᠡ ᠪᠣᠯᠤᠭ᠍ᠰᠠᠨ ᠶᠤᠮ᠂ ᠡᠭᠦᠨ᠎ᠦ ᠦᠨᠳᠦᠰᠦ ᠨᠢ ᠦᠨᠡᠨᠴᠢ ᠱᠢᠳᠤᠷᠭᠤ᠂ ᠭᠡᠭᠡᠨ ᠰᠠᠷᠠᠭᠤᠯ ᠴᠠᠭᠠᠪᠤᠷ ᠵᠡᠷᠭᠡ ᠵᠥᠪ ᠦᠷᠳᠡᠭ᠎ᠦᠨ ᠦᠵᠡᠯᠲᠡ᠎ᠶ᠋ᠢᠨ ᠲᠤᠯᠭᠠᠭᠤᠷᠢᠯᠠᠯ᠎ᠡᠴᠡ ᠪᠣᠯᠤᠭ᠍ᠰᠠᠨ ᠶᠤᠮ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍ ᠵᠢᠨ ᠰᠣᠶᠣᠯ᠎ᠤᠨ ᠪᠠᠢᠭᠤᠯᠤᠯᠲᠠ ᠶ᠋ᠢᠨ ᠳᠤᠮᠳᠠ ᠪᠤᠢ ᠪᠣᠯᠤᠭ᠍ᠰᠠᠨ ᠲᠡᠷᠢᠭᠦᠨ᠎ᠦ ᠦᠷᠲᠡᠭ᠎ᠦᠨ ᠦᠵᠡᠯᠲᠡ ᠪᠠ ᠦᠢᠯᠡ ᠠᠵᠢᠯᠯᠠᠭ᠎ᠠ᠎ᠶ᠋ᠢᠨ ᠵᠠᠭ᠍ᠪᠤᠷ᠎ᠢ ᠴᠠᠭ ᠲᠤᠬᠠᠢᠳᠤᠨᠢ ᠲᠦᠷᠦ᠍᠎ᠶ᠋ᠢᠨ ᠪᠤᠳᠤᠯᠭ᠎ᠠ ᠬᠠᠤᠯᠢ ᠲᠣᠭ᠍ᠲᠠᠭᠠᠯ ᠪᠣᠯᠭᠠᠨ ᠬᠤᠪᠢᠷᠠᠭᠤᠯᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠢ ᠦᠭᠡ ᠬᠡᠯᠡᠬᠦ᠌᠎ᠳᠡᠭᠡᠨ ᠴᠡᠭᠡᠷ᠎ᠲᠡᠶ᠂ ᠠᠵᠢᠯᠯᠠᠭ᠎ᠠ᠎ᠳᠠᠭᠠᠨ ᠲᠦᠱᠢᠭ᠎ᠲᠡᠶ ᠪᠣᠯᠭᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠨᠠᠷ ᠰᠠᠢᠲᠠᠢ ᠥᠷᠨᠢᠭᠦᠯᠬᠦ᠌᠂ ᠦᠢᠯᠡᠳᠦᠯ᠎ᠢᠶᠡᠨ ᠪᠠᠳᠠᠷᠠᠭᠤᠯᠬᠤ᠎ᠳᠤ ᠦᠨᠳᠦᠰᠦᠯᠡᠯ ᠪᠠ ᠪᠠᠲᠤᠯᠠᠭ᠎ᠠ ᠬᠠᠩᠭᠠᠬᠤ ᠬᠡᠷᠡᠭ᠌ᠲᠡᠢ᠃
ᠭᠤᠷᠪᠠ᠎ᠳᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠰᠣᠶᠣᠯ᠎ᠢᠶᠠᠷ ᠤᠯᠤᠰ ᠲᠦᠷᠦ᠍᠎ᠶ᠋ᠢᠨ ᠦᠢᠯᠡᠳᠦᠯᠭᠡ᠎ᠶ᠋ᠢ ᠵᠢᠯᠤᠭᠤᠳᠤᠭᠤᠯᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠎ᠳᠤ ᠠᠵᠢᠯᠯᠠᠭᠠᠨ᠎ᠤ ᠵᠦᠭ᠌ᠯᠡᠭᠦᠷ ᠬᠠᠩᠭᠠᠬᠤ ᠬᠡᠷᠡᠭᠲᠠᠢ᠃ ᠤᠯᠤᠰ ᠲᠦᠷᠦ᠍᠎ᠶ᠋ᠢᠨ ᠰᠣᠶᠣᠯ ᠪᠣᠯᠤᠨ ᠤᠯᠤᠰ ᠲᠦᠷᠦ᠍᠎ᠶ᠋ᠢᠨ ᠦᠢᠯᠡᠳᠦᠯᠭᠡ ᠬᠠᠷᠢᠯᠴᠠᠨ ᠨᠥᠯᠥᠭᠡᠯᠡᠵᠦ᠍᠂ ᠬᠠᠷᠢᠯᠴᠠᠨ ᠠᠬᠢᠭᠤᠯᠳᠠᠬ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠰᠣᠶᠣᠯ ᠨᠢ ᠤᠯᠤᠰ ᠲᠦᠷᠦ᠍᠎ᠶ᠋ᠢᠨ ᠦᠢᠯᠡᠳᠦᠯᠭᠡ᠎ᠳᠦ ᠰᠣᠶᠣᠯ᠎ᠤᠨ ᠳᠡᠮᠵᠢᠯᠭᠡ ᠪᠠ ᠵᠢᠯᠤᠭᠤᠳᠤᠯᠭ᠎ᠠ ᠬᠠᠩᠭᠠᠨ᠎ᠠ᠃ ᠶᠡᠷᠦᠩᠬᠡᠢ ᠱᠦᠵᠢ ᠰᠢ᠎ᠶ᠋ᠢᠨ ᠫᠢᠩ᠄ 《ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍ ᠵᠢᠨ ᠰᠣᠶᠣᠯ᠎ᠤᠨ ᠪᠠᠢᠭᠤᠯᠤᠯᠲᠠ᠎ᠶ᠋ᠢ ᠴᠢᠩᠭᠠᠳᠭᠠᠬᠤ᠎ᠶ᠋ᠢ ᠴᠢᠬᠤᠯᠠᠴᠢᠯᠠᠵᠤ᠂ ᠦᠨᠡᠨᠴᠢ ᠱᠢᠳᠤᠷᠭᠤ᠂ ᠰᠠᠷᠠᠭᠤᠯ ᠳᠠᠷᠳᠠᠩ᠂ ᠲᠥᠪ ᠭᠣᠣᠯᠴᠢ᠂ ᠦᠨᠡᠨ᠎ᠡᠴᠡ ᠵᠥᠪ᠎ᠢ ᠡᠷᠢᠬᠦ᠌᠂ ᠲᠡᠰᠪᠦᠷᠢ ᠬᠠᠲᠠᠭᠤᠵᠢᠯᠲᠠᠢ ᠲᠡᠮᠡᠴᠡᠬᠦ᠌᠂ ᠠᠷᠢᠭᠤᠨ ᠴᠢᠬᠡᠴᠢ ᠪᠠᠢᠬᠤ ᠵᠡᠷᠭᠡ ᠦᠷᠳᠡᠭ᠎ᠦᠨ ᠦᠵᠡᠯᠲᠡ᠎ᠶ᠋ᠢ ᠰᠠᠨᠠᠭᠠᠴᠢᠯᠠᠨ ᠪᠠᠳᠠᠷᠠᠭᠤᠯᠵᠤ᠂ ᠪᠤᠯᠬᠢ ᠢᠯᠵᠠᠷᠠᠮᠠᠯ ᠤᠯᠤᠰ ᠲᠦᠷᠦ᠍᠎ᠶ᠋ᠢᠨ ᠰᠣᠶᠣᠯ᠎ᠢ ᠲᠤᠭ ᠲᠡᠮᠳᠡᠭ ᠲᠣᠳᠣᠷᠬᠠᠢ᠎ᠪᠠᠷ ᠡᠰᠡᠷᠭᠦᠴᠡᠨ ᠬᠣᠷᠢᠭ᠍ᠯᠠᠵᠤ᠂ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠶ᠋ᠢᠨ ᠬᠥᠷᠥᠰᠥ᠍ ᠱᠢᠷᠣᠢ᠎ᠶ᠋ᠢ ᠲᠠᠰᠤᠷᠠᠯᠳᠠ ᠦᠭᠡᠢ ᠵᠤᠵᠠᠭᠠᠳᠭᠠᠬᠤ ᠬᠡᠷᠡᠭ᠌ᠲᠡᠢ》 ᠬᠡᠰᠡᠨ ᠡᠨᠡᠬᠦ ᠪᠠᠷᠢᠮᠵᠢᠶ᠎ᠠ᠎ᠶ᠋ᠢ ᠳᠤᠷᠠᠳᠤᠭ᠍ᠰᠠᠨ ᠨᠢ ᠤᠯᠤᠰ ᠲᠦᠷᠦ᠍ ᠵᠢᠨ ᠰᠣᠶᠣᠯ᠎ᠤᠨ ᠪᠠᠢᠭᠤᠯᠤᠯᠲᠠ᠎ᠳᠤ ᠴᠢᠭ᠌ᠯᠡᠯ᠎ᠢ ᠲᠣᠳᠣᠷᠬᠠᠢ ᠵᠢᠭᠠᠵᠤ ᠥᠭ᠌ᠭᠦᠭ᠌ᠰᠡᠨ ᠪᠥᠭᠡᠳ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠎ᠳᠤ ᠦᠨᠳᠦᠰᠦᠨ ᠵᠢᠷᠤᠮᠯᠠᠯ ᠬᠠᠩᠭᠠᠭ᠍ᠰᠠᠨ ᠪᠠᠢᠨ᠎ᠠ ᠃ ᠡᠨᠡ ᠬᠦ᠌ ᠱᠠᠭᠠᠷᠳᠠᠯᠭ᠎ᠠ᠎ᠶ᠋ᠢ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠳᠡᠭᠡᠷ᠎ᠡ ᠨᠠᠢᠳᠠᠪᠤᠷᠢᠵᠢᠭᠤᠯᠬᠤ ᠪᠣᠯ ᠳᠠᠷᠤᠢ 《ᠰᠠᠢ᠌ᠨ ᠺᠠᠳ᠋ᠷ》 ᠤ᠋ᠨ ᠪᠠᠷᠢᠮᠵᠢᠶ᠎ᠠ᠎ᠶ᠋ᠢ ᠪᠠᠷᠢᠮᠲᠠᠯᠠᠵᠤ᠂ ᠲᠥᠪ ᠭᠣᠣᠯᠴᠢ ᠱᠢᠳᠤᠷᠭᠤ ᠴᠢᠬᠡᠴᠢ ᠪᠠᠢᠬᠤ ᠭᠣᠣᠯᠯᠠᠬᠤ ᠣᠢᠯᠠᠭᠠᠭ᠍ᠳᠠᠬᠤᠨ᠎ᠢ ᠪᠠᠷᠢᠮᠲᠠᠯᠠᠨ᠂ ᠲᠦᠷᠦ᠍᠎ᠶ᠋ᠢᠨ ᠪᠤᠳᠤᠯᠭ᠎ᠠ᠂ ᠵᠠᠷᠴᠢᠮ᠂ ᠲᠦᠷᠢᠮ᠎ᠢ ᠴᠢᠩᠭ᠎ᠠ ᠵᠢᠷᠤᠮᠯᠠᠨ ᠠᠵᠢᠯᠯᠠᠵᠤ᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠱᠢᠯᠢᠳᠡᠭ ᠺᠠᠳ᠋ᠷ᠎ᠢ ᠴᠣᠯᠭᠣᠷᠠᠭᠤᠯᠤᠨ ᠭᠠᠷᠭᠠᠬᠤ ᠶᠠᠪᠤᠳᠠᠯ ᠪᠣᠯᠤᠨ᠎ᠠ᠃
ᠰᠣᠶᠣᠯ᠎ᠤᠨ ᠪᠠᠢᠭᠤᠯᠤᠯᠲᠠ ᠵᠢᠴᠢ ᠲᠡᠭᠦᠨ᠎ᠦ ᠦᠢᠯᠡᠳᠦᠯ᠎ᠢ ᠪᠠᠳᠠᠷᠠᠭᠤᠯᠬᠤ᠎ᠳᠤ ᠭᠠᠭ᠍ᠴᠠ ᠬᠦ᠌ ᠱᠢᠨᠲᠠᠷᠠᠰᠢ ᠦᠭᠡᠢ ᠴᠢᠷᠮᠠᠢᠪᠠᠯ ᠰᠠᠶᠢ ᠨᠥᠯᠥᠭᠡᠯᠡᠬᠦ᠌ ᠬᠦᠴᠦᠨ᠂ ᠤᠷᠢᠶᠠᠯᠠᠬᠤ ᠬᠦᠴᠦᠨ ᠪᠠ ᠪᠦᠲᠦᠭᠡᠬᠦ᠌ ᠬᠦᠴᠦᠨ᠎ᠢ ᠪᠤᠢ ᠪᠣᠯᠭᠠᠵᠤ᠂ ᠰᠠᠶᠢ ᠴᠢᠰᠤᠨ ᠰᠤᠳᠠᠯ ᠪᠠ ᠭᠧᠨ᠎ᠳᠦ ᠠᠯᠬᠤᠮ ᠠᠯᠬᠤᠮ᠎ᠢᠶᠠᠷ ᠨᠡᠪᠴᠢᠨ ᠣᠷᠣᠵᠤ ᠴᠢᠳᠠᠨ᠎ᠠ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠰᠣᠶᠣᠯ᠎ᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ 《ᠰᠦᠭ ᠰᠦᠨᠡᠰᠦ》 ᠪᠣᠯᠭᠠᠬᠤ᠎ᠳᠤ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍ ᠵᠢᠨ ᠰᠣᠶᠣᠯ᠎ᠤᠨ ᠪᠠᠢᠭᠤᠯᠤᠯᠲᠠ᠎ᠶ᠋ᠢᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠦᠷᠭᠦᠯᠵᠢᠯᠡᠨ ᠲᠠᠰᠤᠷᠠᠯᠳᠠ ᠦᠭᠡᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠎ᠶ᠋ᠢᠨ ᠬᠥᠳᠡᠯᠭᠡᠬᠦ᠌ ᠬᠦᠴᠦᠨ᠎ᠦ ᠡᠬᠢ ᠪᠤᠯᠠᠭ᠂ ᠲᠦᠷᠢᠮ᠎ᠦᠨ ᠵᠢᠷᠤᠮᠵᠢᠯ ᠪᠠ ᠦᠨᠡᠯᠡᠬᠦ᠌ ᠪᠠᠷᠢᠮᠵᠢᠶ᠎ᠠ ᠪᠣᠯᠭᠠᠨ ᠬᠤᠪᠢᠷᠠᠭᠤᠯᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠨᠠᠭᠰᠢᠲᠠ 《ᠴᠢᠩᠭ᠎ᠠ ᠪᠣᠳᠠᠲᠠᠢ》 ᠲᠡᠢᠰᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠤᠢ ᠪᠣᠯᠭᠠᠬᠤ ᠬᠡᠷᠡᠭ᠌ᠲᠡᠢ ᠃
ᠦᠪᠦᠷ ᠮᠤᠩᠭᠤᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠨ ᠳᠡᠳ᠋ ᠫᠷᠤᠹᠧᠰᠰᠤᠷ ᠵᠤᠤ ᠵᠢᠶᠦ᠋ᠨ ᠬᠤᠸᠠ ᠄
ᠨᠠᠮ᠎ᠤᠨ ᠳᠤᠲᠤᠭᠠᠳᠤ ᠵᠢᠨ ᠤᠯᠤᠰ ᠲᠦᠷᠦ ᠵᠢᠨ ᠠᠮᠢᠳᠤᠷᠠᠯ᠎ᠢ ᠴᠢᠩᠳᠠᠯᠠᠵᠤ ᠪᠦᠬᠦ ᠲᠠᠯ᠎ᠠ ᠪᠡᠷ ᠨᠠᠮ᠎ᠢ ᠴᠢᠩᠭ᠎ᠠ ᠵᠠᠰᠠᠬᠤ ᠠᠵᠢᠯ᠎ᠤᠨ ᠭᠦᠨᠵᠡᠭᠡᠢᠷᠡᠨ ᠬᠦᠭᠵᠢᠬᠦ ᠵᠢ ᠠᠬᠢᠭᠤᠯᠤᠨ᠎ᠡ
ᠶᠡᠷᠦᠩᠬᠡᠢ ᠱᠦᠵᠢ ᠰᠢ᠎ᠶ᠋ᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠎ᠶ᠋ᠢ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠭᠦᠨᠵᠡᠭᠡᠢᠷᠡᠨ ᠬᠥᠭ᠌ᠵᠢᠬᠦ᠌᠎ᠶ᠋ᠢ ᠠᠬᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠪᠣᠯᠭᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠪᠦᠬᠦ᠌ ᠲᠠᠯ᠎ᠠ᠎ᠪᠠᠷ ᠡᠷᠡᠭᠦᠯ ᠪᠥᠭᠡᠳ ᠵᠢᠷᠤᠮᠵᠢᠯ᠎ᠲᠠᠶ ᠪᠣᠯᠭᠠᠬᠤ ᠬᠡᠷᠡᠭ᠌ᠲᠡᠢ ᠭᠡᠵᠦ᠍ ᠣᠨᠴᠠᠭᠠᠢᠯᠠᠨ ᠴᠢᠬᠤᠯᠠᠴᠢᠯᠠᠪᠠ᠃ ᠶᠡᠷᠦᠩᠬᠡᠢ ᠱᠦᠵᠢ ᠰᠢ᠎ᠶ᠋ᠢᠨ ᠫᠢᠩ᠎ᠦᠨ ᠴᠢᠬᠤᠯᠠ ᠵᠢᠭᠠᠪᠤᠷᠢ ᠨᠢ ᠪᠢᠳᠡᠨ᠎ᠦ ᠱᠢᠨ᠎ᠡ ᠠᠶᠠᠨ᠎ᠳᠤ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤᠠᠵᠢᠯ᠎ᠤᠨ ᠭᠦᠨᠵᠡᠭᠡᠢᠷᠡᠨ ᠬᠥᠭ᠌ᠵᠢᠬᠦ᠌᠎ᠶ᠋ᠢ ᠠᠬᠢᠭᠤᠯᠬᠤ᠎ᠳᠤ ᠴᠢᠬᠤᠯᠠ ᠵᠢᠷᠤᠮᠯᠠᠯ ᠬᠠᠩᠭᠠᠪᠠ᠃
ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠢ ᠭᠦᠨᠵᠡᠭᠡᠢᠷᠡᠭᠦᠯᠦᠨ ᠬᠦᠭᠵᠢᠭᠦᠯᠬᠦ ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠲᠠᠨᠢᠬᠤ ᠬᠡᠷᠡᠭ᠌ᠲᠡᠶ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ 《ᠳᠦᠷᠪᠡᠨ ᠪᠦᠬᠦ᠌ ᠲᠠᠯ᠎ᠠ》 ᠵᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠭᠤᠯᠤᠯᠲᠠ᠎ᠳᠤ ᠣᠷᠣᠭᠤᠯᠵᠤ᠂ ᠤᠷᠢᠳ ᠡᠮᠦᠨ᠎ᠡ ᠪᠠᠢᠭ᠎ᠠ ᠦᠭᠡᠢ ᠰᠥᠰᠥ᠍ ᠵᠣᠷᠢᠭ ᠪᠠ ᠲᠣᠭ᠍ᠲᠠᠯ ᠬᠦᠴᠦᠨ᠎ᠢᠶᠡᠷ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠠ ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠢ ᠠᠬᠢᠭᠤᠯᠵᠤ᠂ ᠲᠡᠦᠬᠡᠲᠦ ᠴᠢᠨᠠᠷᠲᠠᠢ ᠪᠦᠲᠦᠭᠡᠯᠴᠢ ᠴᠢᠨᠠᠷᠲᠠᠢ ᠠᠮᠵᠢᠯᠲᠠ ᠣᠯᠵᠤ᠂ ᠪᠦᠬᠦ᠌ ᠲᠠᠯ᠎ᠠ᠎ᠶ᠋ᠢᠨ ᠭᠦᠨ ᠳᠠᠪᠬᠤᠷᠭ᠎ᠠ᠎ᠶ᠋ᠢᠨ ᠨᠥᠯᠥᠭᠡ ᠭᠠᠷᠭᠠᠵᠠᠢ ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ ᠠᠭᠤᠤ ᠶᠡᠬᠡ ᠦᠢᠯᠡᠳᠦᠯᠭᠡ ᠪᠠᠢᠵᠤ᠂ ᠪᠢᠳᠡᠨ᠎ᠤ ᠶᠠᠮᠠᠷᠱᠢᠸ᠋ ᠤᠷᠳᠤ ᠬᠤᠭᠤᠴᠠᠭ᠎ᠠ᠎ᠪᠠᠷ ᠲᠦᠷᠦ᠍ ᠪᠠᠷᠢᠬᠤ ᠮᠠᠷᠺᠰ᠎ᠤᠨ ᠦᠵᠡᠯ᠎ᠦᠨ ᠲᠦᠷᠦ᠍᠎ᠶ᠋ᠢᠨ ᠨᠠᠮ᠎ᠢ ᠪᠠᠢᠭᠤᠯᠬᠤ᠂ ᠬᠡᠷᠬᠢᠨ ᠤᠷᠳᠤ ᠬᠤᠭᠤᠴᠠᠭ᠎ᠠ᠎ᠪᠠᠷ ᠲᠦᠷᠦ᠍ ᠪᠠᠷᠢᠬᠤ ᠮᠠᠷᠺᠰ᠎ᠤᠨ ᠦᠵᠡᠯ᠎ᠦᠨ ᠲᠦᠷᠦ᠍᠎ᠶ᠋ᠢᠨ ᠨᠠᠮ᠎ᠢ ᠪᠠᠢᠭᠤᠯᠬᠤ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠵᠢ ᠱᠢᠨ᠎ᠡ ᠦᠨᠳᠦᠷᠴᠡ ᠳ᠋ᠦ᠍ ᠬᠦᠷᠭᠡᠪᠡ ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠴᠥᠬᠥᠷᠡᠰᠢ ᠦᠭᠡᠢ ᠭᠦᠨᠵᠡᠭᠡᠢᠷᠡᠭᠦᠯᠦᠨ ᠠᠬᠢᠭᠤᠯᠬᠤ ᠪᠣᠯ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠱᠢᠨ᠎ᠡ ᠴᠠᠭ ᠦᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠲᠤᠬᠠᠢ ᠭᠦᠨᠵᠡᠭᠡᠢ ᠪᠣᠳᠣᠯᠬᠢᠯᠠᠯ ᠪᠠ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠪᠠᠢᠵᠤ᠂ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ᠃ ᠨᠢᠭᠡ ᠲᠠᠯ᠎ᠠ᠎ᠪᠠᠷ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠨᠠᠮ᠎ᠤᠨ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠪᠠ ᠥᠪᠡᠷ᠎ᠢ᠎ᠪᠡᠨ ᠬᠥᠭ᠌ᠵᠢᠭᠦᠯᠬᠦ᠌᠎ᠶ᠋ᠢ ᠪᠡᠶᠡᠯᠡᠭᠦᠯᠵᠦ᠍᠂ ᠨᠠᠮ᠎ᠤᠨ ᠱᠢᠨ᠎ᠡ ᠴᠠᠭ ᠦᠶ᠎ᠡ᠎ᠳᠦ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌ ᠲᠡᠦᠬᠡᠨ ᠠᠬᠢᠴᠠ ᠳᠤᠮᠳᠠ ᠢᠮᠠᠭ᠍ᠲᠠ ᠪᠠᠲᠤ ᠴᠢᠩᠭ᠎ᠠ ᠤᠳᠤᠷᠢᠳᠭᠤ ᠭᠣᠣᠯᠯᠠᠭ᠍ᠴᠢ ᠪᠣᠯᠬᠤ᠎ᠶ᠋ᠢ ᠪᠠᠲᠤᠯᠠᠬᠤ ᠬᠡᠷᠡᠭ᠌ᠲᠡᠢ ᠃ ᠨᠦᠬᠦᠭᠡ ᠲᠠᠯ᠎ᠠ᠎ᠪᠠᠷ᠂ ᠨᠡᠢᠭᠡᠮ ᠵᠢᠷᠤᠮᠲᠦ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠭᠠᠭ᠍ᠴᠠ ᠬᠦ᠌ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠨᠠᠮ᠎ᠤᠨ ᠤᠳᠤᠷᠢᠳᠭᠤ ᠲᠦᠪᠱᠢᠨ ᠪᠣᠯᠤᠨ ᠲᠦᠷᠦ᠍ ᠪᠠᠷᠢᠬᠤ ᠴᠢᠳᠠᠪᠤᠷᠢ᠎ᠶ᠋ᠢ ᠲᠠᠰᠤᠷᠠᠯᠳᠠ ᠦᠭᠡᠢ ᠴᠢᠩᠭᠠᠳᠭᠠᠪᠠᠯ ᠰᠠᠶᠢ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠲᠡᠦᠬᠡ᠎ᠶ᠋ᠢᠨ ᠬᠦᠨᠳᠦ ᠡᠭᠦᠷᠭᠡ᠎ᠶ᠋ᠢ ᠦᠨᠡᠨ ᠬᠦ᠌ ᠡᠭᠦᠷᠭᠡᠯᠡᠵᠦ᠍ ᠴᠢᠳᠠᠨ᠎ᠠ᠃
ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠎ᠶ᠋ᠢ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠭᠦᠨᠵᠡᠭᠡᠢᠷᠡᠨ ᠬᠥᠭ᠌ᠵᠢᠬᠦ᠌᠎ᠶ᠋ᠢ ᠠᠬᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠪᠣᠯᠭᠠᠬᠤ ᠬᠡᠷᠡᠭ᠌ᠲᠡᠢ᠃ ᠲᠥᠪ ᠴᠢᠩᠭ᠎ᠠ ᠨᠠᠷᠢᠨ ᠬᠢᠨᠠᠮᠠᠭᠠᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠥᠷᠨᠢᠭᠦᠯᠬᠦ᠌ ᠪᠣᠯ ᠮᠠᠨ᠎ᠤ ᠨᠠᠮ᠎ᠤᠨ ᠮᠠᠷᠺᠰ᠎ᠤᠨ ᠦᠵᠡᠯ᠎ᠦᠨ ᠲᠦᠷᠦ᠍᠎ᠶ᠋ᠢᠨ ᠨᠠᠮ ᠪᠣᠯᠤᠭ᠍ᠰᠠᠨ᠎ᠤ ᠬᠤᠪᠢ᠎ᠳᠤ ᠪᠤᠰᠤᠳ ᠲᠦᠷᠦ᠍᠎ᠶ᠋ᠢᠨ ᠨᠠᠮ᠎ᠡᠴᠡ ᠢᠯᠭᠠᠭ᠍ᠳᠠᠬᠤ ᠴᠢᠬᠤᠯᠠ ᠣᠨᠴᠠᠯᠢᠭ ᠪᠠ ᠥᠪᠡᠷᠮᠢᠴᠡ ᠳᠠᠪᠠᠭᠤᠯᠢᠭ ᠮᠥᠨ᠃ ᠬᠡᠵᠢᠶ᠎ᠡ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠲᠥᠪ ᠴᠢᠩᠭ᠎ᠠ ᠨᠠᠷᠢᠨ ᠬᠢᠨᠠᠮᠠᠭᠠᠢ ᠪᠣᠯᠪᠠᠯ ᠨᠠᠮ ᠪᠠ ᠠᠷᠠᠳ ᠲᠦᠮᠡᠨ᠎ᠦ ᠦᠢᠯᠡᠰ ᠳᠠᠷᠤᠢ ᠥᠷᠨᠢᠨ ᠬᠥᠭ᠌ᠵᠢᠵᠦ᠍᠂ ᠬᠡᠵᠢᠶ᠎ᠡ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍ ᠶ᠋ᠢᠨ ᠠᠮᠢᠳᠤᠷᠠᠯ ᠬᠡᠪ᠎ᠦᠨ ᠪᠤᠰᠤ ᠪᠣᠯᠪᠠᠯ ᠨᠠᠮ ᠪᠠ ᠠᠷᠠᠳ ᠲᠦᠮᠡᠨ᠎ᠦ ᠦᠢᠯᠡᠰ ᠳᠠᠷᠤᠢ ᠬᠦᠨᠳᠦ ᠶᠡᠬᠡ ᠨᠤᠭᠤᠷᠠᠯ ᠪᠦᠳᠦᠷᠢᠯ᠎ᠳᠦ ᠤᠴᠠᠷᠠᠨ᠎ᠠ ᠭᠡᠳᠡᠭ᠎ᠢ ᠲᠡᠦᠬᠡ ᠭᠡᠷᠡᠴᠢᠯᠡᠵᠡᠢ᠃ ᠽᠦᠨ ᠢ ᠵᠢᠨ ᠬᠤᠷᠠᠯᠳᠤᠭᠠᠨ ᠳ᠋ᠤ ᠮᠠᠨ᠎ᠤ ᠨᠠᠮ ᠠᠩᠬ᠎ᠠ ᠤᠳᠠᠭ᠎ᠠ ᠪᠡᠶ᠎ᠡ᠎ᠪᠡᠨ ᠳᠠᠭᠠᠭᠠᠵᠤ ᠡᠵᠡᠨ ᠮᠡᠳᠡᠨ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠪᠠ ᠦᠵᠡᠯ ᠰᠠᠨᠠᠭᠠᠨ᠎ᠤ ᠲᠡᠮᠡᠴᠡᠯ᠎ᠢ ᠥᠷᠨᠢᠭᠦᠯᠦᠭ᠌ᠰᠡᠨ ᠶᠤᠮ᠃ ᠨᠠᠮ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠡᠴᠡ ᠬᠣᠢᠰᠢ᠂ ᠮᠠᠨ᠎ᠤ ᠨᠠᠮ ᠵᠥᠪ ᠪᠤᠷᠤᠭᠤ ᠬᠣᠶᠠᠷ ᠲᠠᠯ᠎ᠠ᠎ᠶ᠋ᠢᠨ ᠲᠤᠷᠱᠢᠯᠭ᠎ᠠ᠎ᠪᠠᠨ ᠳ᠋ᠦᠩᠨᠡᠵᠦ᠍᠂ 1980 ᠣᠨ᠎ᠳᠤ 《ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠲᠤᠬᠠᠢ ᠪᠠᠷᠢᠮᠵᠢᠶ᠎ᠠ᠎ᠨᠤᠭᠤᠳ》᠎ᠢ᠋ ᠲᠣᠭ᠍ᠲᠠᠭᠠᠭᠠᠳ᠂ ᠨᠠᠮ᠎ᠤᠨ ᠳᠣᠲᠣᠭᠠᠳᠤ᠎ᠶ᠋ᠢᠨ ᠪᠦᠯᠬᠦᠮᠳᠡᠯ ᠨᠢᠭᠡᠳᠦᠯ᠎ᠢ ᠠᠬᠢᠭᠤᠯᠬᠤ᠂ ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮᠳᠤ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ᠎ᠶ᠋ᠢᠨ ᠤᠷᠤᠭ᠍ᠰᠢᠲᠠᠢ ᠶᠠᠪᠤᠭ᠍ᠳᠠᠬᠤ᠎ᠶ᠋ᠢ ᠪᠠᠲᠤᠯᠠᠬᠤ᠎ᠳᠤ ᠲᠤᠢᠯ᠎ᠤᠨ ᠴᠢᠬᠤᠯᠠ ᠦᠢᠯᠡᠳᠦᠯ ᠦᠵᠡᠭᠦᠯᠵᠡᠢ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ᠎ᠶ᠋ᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠨᠠᠮ᠎ᠤᠨ ᠲᠥᠪ ᠬᠣᠷᠢᠶ᠎ᠠ ᠨᠠᠮ᠎ᠤᠨ ᠣᠷᠣᠱᠢᠵᠤ ᠪᠠᠢᠭ᠎ᠠ ᠲᠡᠦᠬᠡᠨ ᠣᠷᠣᠨ ᠪᠠᠢᠷᠢ᠎ᠳᠤ ᠰᠠᠭᠤᠷᠢᠯᠠᠨ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠴᠡᠪᠡᠷᠱᠢᠭᠦᠯᠬᠦ᠌᠎ᠶ᠋ᠢ ᠨᠡᠩ ᠲᠤᠪᠤᠢ᠌ᠮ᠎ᠠ ᠪᠠᠢᠷᠢᠨ᠎ᠳᠤ ᠲᠠᠯᠪᠢᠨ ᠠᠳᠭᠤᠵᠤ᠂ 《ᠱᠢᠨ᠎ᠡ ᠪᠠᠢᠳᠠᠯ ᠳᠣᠣᠷᠠᠬᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠲᠤᠬᠠᠢ ᠪᠠᠷᠢᠮᠵᠢᠶ᠎ᠠ ᠨᠤᠭᠤᠳ》 ᠢ᠋ ᠲᠣᠭ᠍ᠲᠠᠭᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠎ᠳᠤ ᠦᠨᠳᠦᠰᠦᠨ ᠵᠢᠷᠤᠮᠯᠠᠯ ᠬᠠᠩᠭᠠᠪᠠ ᠃
ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠡᠨᠡ ᠬᠦ᠌ ᠶᠡᠬᠡ ᠶᠠᠪᠤᠳᠠᠯ᠎ᠢ ᠰᠠᠢᠲᠤᠷ ᠬᠢᠬᠦ᠌ ᠬᠡᠷᠡᠭ᠌ᠲᠡᠢ᠃ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠤᠨ ᠬᠦᠴᠦᠨ ᠵᠦᠶ᠋ᠯ ᠨᠠᠷᠢᠨ ᠪᠤᠳᠤᠯᠢᠶᠠᠨᠲᠠᠶ ᠪᠠᠢᠵᠤ᠂ ᠨᠢᠭᠡ ᠭᠠᠵᠠᠷ ᠣᠷᠣᠨ᠂ ᠨᠢᠭᠡ ᠰᠠᠯᠠᠭ᠎ᠠ ᠮᠥᠴᠢᠷ᠂ ᠨᠢᠭᠡ ᠨᠢᠭᠡᠴᠢ᠎ᠳᠦ ᠬᠦᠷᠲᠡᠯ᠎ᠡ ᠲᠣᠰ ᠲᠣᠰ ᠠᠳᠠᠯᠢ ᠥᠬᠡᠶ ᠪᠠᠢᠳᠠᠭ᠃ ᠤᠢ᠍ᠢᠷ᠎ᠠ᠎ᠶ᠋ᠢᠨ ᠵᠢᠯ ᠳ᠋ᠤ᠂ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠭᠦᠨᠵᠡᠭᠡᠢ ᠨᠠᠢᠳᠠᠪᠤᠷᠢᠵᠢᠭᠤᠯᠵᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠠᠵᠢᠯ᠎ᠢ ᠲᠠᠰᠤᠷᠠᠯᠳᠠ ᠦᠭᠡᠢ ᠴᠢᠩᠭᠠᠳᠬᠠᠪᠠ᠃ ᠱᠢᠨ᠎ᠡ ᠴᠠᠭ ᠦᠶ᠎ᠡ᠎ᠳᠦ᠂ ᠪᠢᠳᠠ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠎ᠶ᠋ᠢ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢᠷᠡᠭᠦᠯᠬᠦ᠌ ᠰᠠᠭᠤᠷᠢ ᠴᠢᠨᠠᠷᠲᠠᠢ ᠢᠨᠵᠧᠨᠧᠷᠢᠩ ᠪᠣᠯᠭᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠡᠷᠡᠭᠦᠯ ᠪᠥᠭᠡᠳ ᠵᠢᠷᠤᠮᠵᠢᠯ᠎ᠲᠠᠶ ᠪᠣᠯᠭᠠᠬᠤ ᠵᠠᠮ᠎ᠳᠤ ᠪᠦᠬᠦ᠌ ᠲᠠᠯ᠎ᠠ᠎ᠪᠠᠷ ᠪᠤᠴᠠᠭᠠᠬᠤ᠎ᠶ᠋ᠢ ᠲᠦᠷᠭᠡᠳᠭᠡᠨ ᠠᠬᠢᠭᠤᠯᠬᠤ ᠬᠡᠷᠡᠭ᠌ᠲᠡᠢ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠳᠤ ᠤᠯᠠᠨ ᠲᠠᠯ᠎ᠠ᠎ᠶ᠋ᠢᠨ ᠬᠢᠨ ᠬᠠᠮᠲᠤ᠎ᠪᠠᠷ ᠴᠢᠷᠮᠠᠢᠬᠤ ᠬᠡᠷᠡᠭ᠌ᠲᠡᠢ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠎ᠳᠤ ᠡᠷᠬᠡᠪᠰᠢ ᠤᠳᠤᠷᠢᠳᠭᠤ ᠺᠠᠳ᠋ᠷᠴᠤᠳ ᠢᠯᠠᠩᠭᠤᠶ᠎ᠠ ᠳᠡᠭᠡᠳᠦ ᠵᠡᠷᠭᠡ᠎ᠶ᠋ᠢᠨ ᠤᠳᠤᠷᠢᠳᠭᠤ ᠺᠠᠳ᠋ᠷᠴᠤᠳ᠎ᠡᠴᠡ ᠡᠬᠢᠯᠡᠨ ᠭᠦᠢᠴᠡᠳᠬᠡᠬᠦ ᠬᠡᠷᠡᠭ᠌ᠲᠡᠢ᠂ ᠢᠯᠠᠩᠭᠤᠶ᠎ᠠ 《ᠨᠢᠭᠡᠳᠦᠭᠡᠷ ᠭᠠᠷ》᠎ᠤ᠋ᠨ ᠦᠯᠢᠭᠡᠷ ᠳᠠᠭᠤᠷᠢᠶᠠᠯ ᠪᠣᠯᠬᠤ ᠦᠢᠯᠡᠳᠦᠯ᠎ᠢ ᠰᠠᠢᠲᠤᠷ ᠪᠠᠳᠠᠷᠠᠭᠤᠯᠬᠤ ᠬᠡᠷᠡᠭ᠌ᠲᠡᠢ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠪᠣᠯ ᠨᠠᠮ᠎ᠤᠨ ᠭᠡᠱᠢᠭᠦᠨ᠂ ᠺᠠᠳ᠋ᠷ ᠨᠢᠭᠡ ᠪᠦᠷᠢ᠎ᠶ᠋ᠢᠨ ᠶᠠᠪᠤᠳᠠᠯ ᠮᠥᠨ᠂ ᠥᠷᠭᠡᠨ ᠤᠯᠠᠨ ᠨᠠᠮ᠎ᠤᠨ ᠭᠡᠱᠢᠭᠦᠨ᠂ ᠺᠠᠳ᠋ᠷᠴᠤᠳ ᠳᠦᠷᠢ ᠲᠥᠷᠬᠦ᠌᠎ᠶ᠋ᠢᠨ ᠤᠬᠠᠮᠰᠠᠷ ᠪᠠ ᠤᠯᠤᠰ ᠲᠦᠷᠦ᠍᠎ᠶ᠋ᠢᠨ ᠡᠭᠦᠷᠭᠡᠯᠡᠯ᠎ᠢᠶᠡᠨ ᠴᠢᠩᠭᠠᠳᠭᠠᠵᠤ᠂ ᠨᠠᠮ᠎ᠢᠶᠠᠨ ᠬᠠᠢᠷᠠᠯᠠᠬᠤ᠂ ᠨᠠᠮ᠎ᠤᠨ ᠲᠥᠯᠥᠭᠡ ᠰᠠᠨᠠᠭᠠᠱᠢᠷᠠᠬᠤ᠂ ᠨᠠᠮ᠎ᠢᠶᠠᠨ ᠮᠠᠨᠳᠤᠭᠤᠯᠬᠤ᠂ ᠨᠠᠮ᠎ᠢᠶᠠᠨ ᠬᠠᠮᠠᠭᠠᠯᠠᠬᠤ᠎ᠶ᠋ᠢ ᠠᠵᠢᠯ ᠠᠮᠢᠳᠤᠷᠠᠯ᠎ᠤᠨ᠎ᠢᠶᠠᠨ ᠡᠯ᠎ᠡ ᠭᠣᠭ᠍ᠴᠣᠭ᠎ᠠ᠎ᠳᠤ ᠨᠠᠢᠳᠠᠪᠤᠷᠢᠵᠢᠭᠤᠯᠵᠤ᠂ ᠨᠠᠮ᠎ᠤᠨ ᠳᠣᠲᠣᠭᠠᠳᠤ᠎ᠶ᠋ᠢᠨ ᠤᠯᠤᠰᠲᠦᠷᠦ᠍ᠶ᠋ᠢᠨ ᠠᠮᠢᠳᠤᠷᠠᠯ᠎ᠤᠨ ᠵᠠᠷᠴᠢᠮ ᠪᠠ ᠲᠦᠷᠢᠮ᠎ᠡᠴᠡ ᠵᠥᠷᠢᠴᠡᠭ᠌ᠰᠡᠨ ᠡᠯ᠎ᠡ ᠵᠦᠢᠯ᠎ᠤᠨ ᠦᠵᠡᠭ᠌ᠳᠡᠯ᠎ᠲᠡᠶ ᠵᠣᠷᠢᠭ᠍ᠲᠠᠢ ᠲᠡᠮᠡᠴᠡᠬᠦ᠌ ᠬᠡᠷᠡᠭ᠌ᠲᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃