ᠭᠣᠣᠯ ᠰᠡᠳᠦᠪᠲᠦ ᠮᠡᠳᠡᠭᠡᠯᠡᠯ > ᠨᠠᠮ᠎ᠤ᠋ᠨ ᠳᠣᠲᠣᠭᠠᠳᠤ᠎ᠶ᠋ᠢᠨ ᠤᠯᠤᠰ ᠲᠦᠷᠦ᠎ᠶ᠋ᠢᠨ ᠠᠮᠢᠳᠤᠷᠠᠯ

2022-05-06 09:17:13

ᠵᠣᠬᠢᠶᠠᠭ᠍ᠴᠢ᠄ ᠡᠷᠳᠡᠨᠢᠬᠤᠸᠠᠷ ᠣᠩᠱᠢᠭ᠍ᠰᠠᠨ ᠣᠳᠠᠭ᠎ᠠ᠄ 3

ᠲᠦᠷᠦᠬᠦᠬᠡᠨ᠂ ᠥᠪᠡᠷᠲᠡᠭᠡᠨ ᠵᠠᠰᠠᠬᠤ ᠣᠷᠣᠨ ᠤ᠋ ᠲᠣᠮᠣ ᠳ᠋ᠠᠢᠲ᠋ᠠ ᠶ᠋ᠢᠨ ᠲᠥᠪ ᠤ᠋ᠨ ᠨᠢᠭᠡᠳᠦᠭᠡᠷ ᠨᠠᠮ ᠤ᠋ᠨ ᠡᠭᠦᠷ ᠨᠠᠮ ᠤ᠋ᠨ ᠭᠡᠱᠢᠭᠦᠳ ᠶ᠋ᠢᠡᠨ ᠵᠣᠬᠢᠶᠠᠨ ᠪᠠᠢᠭᠤᠯᠤᠨ ᠬᠤᠷᠠᠯ ᠬᠤᠷᠠᠯᠳᠤᠭᠤᠯᠵᠤ᠂ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ ᠠᠵᠢᠯ ᠢ᠋ ᠪᠠᠢᠷᠢᠯᠠᠭᠤᠯᠪᠠ᠃

ᠬᠤᠷᠠᠯ ᠡᠴᠡ᠂ ᠤᠯᠤᠰ ᠲᠦᠷᠦ᠍ ᠶ᠋ᠢ ᠡᠷᠬᠢᠮᠯᠡᠬᠦ᠌ ᠪᠡᠷ ᠨᠢᠭᠡᠳᠦᠭᠡᠷ ᠱᠠᠭᠠᠷᠳᠠᠯᠭ᠎ᠠ ᠪᠣᠯᠭᠠᠨ᠂ ᠦᠨᠡᠨᠴᠢ ᠱᠢᠳᠤᠷᠭᠤ ᠶ᠋ᠢ ᠡᠷᠬᠢᠮᠯᠡᠬᠦ᠌ ᠪᠡᠷ ᠨᠢᠭᠡᠳᠦᠭᠡᠷ ᠪᠠᠷᠢᠮᠵᠢᠶ᠎ᠠ ᠪᠣᠯᠭᠠᠵᠤ᠂ ᠤᠯᠤᠰ ᠲᠦᠷᠦ᠍ ᠶ᠋ᠢᠨ ᠲᠠᠯ᠎ᠠ ᠡᠴᠡ ᠦᠵᠡᠬᠦ᠌᠂ ᠤᠯᠤᠰ ᠲᠦᠷᠦ᠍ ᠶ᠋ᠢᠨ ᠲᠠᠯ᠎ᠠ ᠡᠴᠡ ᠬᠢᠬᠦ᠌ ᠶ᠋ᠢ ᠪᠠᠷᠢᠮᠲᠠᠯᠠᠨ᠂《ᠬᠣᠶᠠᠷ ᠢ᠋ ᠲᠣᠭ᠍ᠲᠠᠭᠠᠭᠰᠠᠨ》 ᠢ᠋ ᠡᠷᠡᠰ ᠬᠦᠷᠢᠶᠡᠯᠡᠬᠦ᠌᠂ 《ᠬᠣᠶᠠᠷ ᠢ᠋ ᠬᠠᠮᠠᠭᠠᠯᠠᠬᠤ》 ᠵᠢ ᠪᠡᠶᠡᠯᠡᠭᠦᠯᠬᠦ᠌ ᠦᠨᠳᠦᠷᠴᠡ ᠡᠴᠡ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ ᠠᠵᠢᠯ ᠤ᠋ᠨ ᠴᠢᠬᠤᠯᠠ ᠠᠴᠢ ᠬᠣᠯᠪᠣᠭ᠍ᠳᠠᠯ ᠢ᠋ ᠭᠦᠢᠴᠡᠳ ᠲᠠᠨᠢᠬᠤ ᠬᠡᠷᠡᠭ᠌ᠲᠡᠢ᠃ ᠨᠠᠮ ᠤ᠋ᠨ ᠭᠡᠱᠢᠭᠦᠨ ᠺᠠᠳ᠋ᠷᠴᠤᠳ ᠨᠠᠮ ᠤ᠋ᠨ ᠠᠷᠪᠠ ᠶᠢᠰᠦᠳᠦᠭᠡᠷ ᠶᠡᠬᠡ ᠬᠤᠷᠠᠯ ᠡᠴᠡ ᠨᠠᠭᠠᠰᠢᠬᠢ ᠥᠪᠡᠷᠲᠡᠭᠡᠨ ᠵᠠᠰᠠᠬᠤ ᠣᠷᠣᠨ ᠤ᠋ ᠪᠠᠢᠴᠠᠭᠠᠵᠤ ᠭᠠᠷᠭᠠᠭ᠍ᠰᠠᠨ ᠨᠡᠢᠲᠡᠯᠢᠭ ᠬᠡᠷᠡᠭ ᠦ᠋ᠨ ᠵᠢᠱ᠌ᠢᠶ᠎ᠡ ᠲᠡᠶ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ᠋ ᠵᠢᠭ᠍ᠰᠠᠭᠠᠭ᠍ᠰᠠᠨ 11 ᠲᠠᠯ᠎ᠠ ᠶ᠋ᠢᠨ ᠠᠰᠠᠭᠤᠳᠠᠯ ᠤ᠋ᠨ ᠨᠠᠷᠢᠨ ᠳᠠᠩᠰᠠ ᠲᠠᠶ ᠬᠠᠷᠭᠤᠭᠤᠯᠤᠨ᠂ ᠲᠤᠰᠭᠠᠢ ᠰᠡᠳᠦᠪᠲᠦ ᠬᠥᠮᠦᠵᠢᠯ ᠥᠷᠨᠢᠭᠦᠯᠵᠦ᠍᠂ ᠲᠥᠪ ᠴᠢᠩᠭ᠎ᠠ ᠨᠠᠷᠢᠨ ᠬᠢᠨᠠᠮᠠᠭᠠᠢ ᠪᠡᠷ ᠬᠠᠷᠭᠤᠭᠤᠯᠤᠨ ᠪᠠᠢᠴᠠᠭᠠᠵᠤ᠂ ᠥᠪᠡᠰᠦᠪᠡᠨ ᠪᠠᠢᠴᠠᠭᠠᠵᠤ ᠥᠪᠡᠰᠦᠪᠡᠨ ᠵᠠᠯᠠᠷᠠᠭᠤᠯᠬᠤ ᠶ᠋ᠢ ᠨᠠᠢᠳᠠᠪᠤᠷᠢᠵᠢᠭᠤᠯᠤᠨ᠂ ᠲᠥᠪᠯᠡᠷᠡᠭᠦᠯᠦᠨ ᠵᠠᠰᠠᠬᠤ ᠠᠵᠢᠯ ᠢ᠋ ᠵᠤᠬᠢᠶᠠᠨ ᠪᠠᠢᠭᠤᠯᠵᠤ ᠦᠷᠨᠢᠭᠦᠯᠤᠨ᠂ ᠪᠠᠷᠢᠨ ᠬᠡᠷᠡᠭ᠌ᠵᠢᠭᠦᠯᠵᠦ᠍ ᠪᠠᠷᠢᠨ ᠥᠭᠡᠷᠡᠴᠢᠯᠡᠨ᠂ ᠠᠮᠠᠯᠠᠯᠲᠠ ᠬᠢᠵᠦ ᠠᠮᠠᠯᠠᠯᠳᠠ ᠪᠠᠨ ᠦᠢᠯᠡᠳᠦᠯᠭᠡᠵᠢᠭᠦᠯᠵᠤ᠂ ᠳᠦᠷᠢᠮ ᠲᠣᠭ᠍ᠲᠠᠭᠠᠯ ᠲᠣᠭ᠍ᠲᠠᠭᠠᠬᠤ ᠶ᠋ᠢ ᠠᠬᠢᠭᠤᠯᠤᠨ᠂ ᠨᠠᠮ ᠤ᠋ᠨ ᠲᠤᠳᠤᠭᠠᠳᠤ ᠶ᠋ᠢᠨ ᠤᠯᠤᠰ ᠲᠦᠷᠦ ᠶ᠋ᠢᠨ ᠠᠮᠢᠳᠤᠷᠠᠯ ᠢ᠋ ᠪᠦᠬᠦ᠌ ᠲᠠᠯ᠎ᠠ ᠪᠠᠷ ᠵᠢᠷᠤᠮᠵᠢᠭᠤᠯᠤᠨ ᠰᠠᠢᠵᠢᠷᠠᠭᠤᠯᠬᠤ ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ ᠭᠡᠵᠦ ᠱᠠᠭᠠᠷᠳᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面