ᠭᠣᠣᠯ ᠰᠡᠳᠦᠪᠲᠦ ᠮᠡᠳᠡᠭᠡᠯᠡᠯ > ᠨᠠᠮ᠎ᠤ᠋ᠨ ᠳᠣᠲᠣᠭᠠᠳᠤ᠎ᠶ᠋ᠢᠨ ᠤᠯᠤᠰ ᠲᠦᠷᠦ᠎ᠶ᠋ᠢᠨ ᠠᠮᠢᠳᠤᠷᠠᠯ

2022-05-07 09:26:04

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠠᠢᠮᠠᠭ ᠬᠣᠲᠠ ᠵᠢᠨ ᠨᠠᠮ ᠤ᠋ᠨ ᠬᠣᠷᠢᠶᠠᠨ ᠤ᠋ ᠱᠦᠵᠢ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ ᠲᠤᠬᠠᠢ ᠶᠠᠷᠢᠭᠰᠠᠨ ᠨᠢ (ᠬᠤᠶᠠᠷ)


ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ ᠤ᠋ ᠪᠠᠢᠩᠭᠤ᠎ᠶ᠋ᠢᠨ ᠭᠡᠱᠢᠭᠦᠨ᠂ ᠲᠦᠩᠯᠢᠶᠣᠤ ᠬᠣᠲᠠ᠎ᠶ᠋ᠢᠨ ᠨᠠᠮ᠎ᠤᠨ ᠬᠣᠷᠢᠶᠠᠨ ᠤ᠋ ᠱᠦᠵᠢ ᠮᠸᠩ ᠱᠢᠶᠠᠨ ᠳ᠋ᠦᠩ᠄

ᠨᠠᠮ᠎ᠤᠨ ᠳᠣᠲᠣᠭᠠᠳᠤ ᠎ᠶ᠋ᠢᠨ ᠤᠯᠤᠰ ᠲᠥᠷᠥ ᠎ᠶ᠋ᠢᠨ ᠠᠮᠢᠳᠤᠷᠠᠯ᠎ᠢ ᠵᠢᠷᠤᠮᠵᠢᠭᠤᠯᠵᠤ ᠰᠠᠢᠨ ᠰᠠᠢᠬᠠᠨ ᠤᠯᠤᠰ ᠲᠥᠷᠥ ᠎ᠶ᠋ᠢᠨ ᠠᠮᠢ ᠠᠬᠤᠶ ᠶ᠋ᠢ ᠪᠣᠶ ᠪᠣᠯᠭᠠᠨ᠎ᠠ


ᠨᠠᠮ ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠎ᠢ ᠴᠢᠩᠳᠠᠯᠠᠬᠤ ᠪᠣᠯ ᠨᠠᠮ ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶ᠋ᠢ ᠭᠦᠨᠵᠡᠭᠡᠢᠷᠡᠭᠦᠯᠦᠨ ᠬᠥᠭ᠌ᠵᠢᠭᠦᠯᠬᠦ ᠎ᠶ᠋ᠢ ᠠᠬᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠮᠥᠨ᠂ ᠨᠠᠮ᠎ᠤᠨ ᠳᠣᠲᠣᠭᠠᠳᠤ ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠳ᠋ᠡᠬᠢ ᠪᠤᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠪᠣᠯ ᠤᠯᠤᠰ ᠲᠦᠷᠦ᠍᠎ᠶ᠋ᠢᠨ ᠠᠮᠢ ᠠᠬᠤᠢ᠎ᠶ᠋ᠢ ᠰᠡᠷᠭᠦᠭᠡᠨ ᠴᠡᠪᠡᠷᠱᠢᠭᠦᠯᠬᠦ᠌ ᠎ᠶ᠋ᠢᠨ ᠵᠠᠩᠭᠢᠯᠠᠭ᠎ᠠ᠎ᠶ᠋ᠢᠨ ᠴᠢᠨᠠᠷᠲᠠᠢ ᠠᠷᠭ᠎ᠠ ᠬᠡᠮᠵᠢᠢ᠎ᠡ ᠪᠤᠯᠤᠨ᠎ᠠ᠃ ᠲᠦᠩᠯᠢᠶᠣᠤ ᠬᠤᠳᠠ᠎ᠶ᠋ᠢᠨ ᠪᠣᠳᠠᠲᠤ ᠪᠠᠢᠳᠠᠯ ᠎ᠠᠴᠠ ᠡᠭᠦᠰᠴᠦ᠍᠂ ᠨᠠᠮ ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠳᠤᠮᠳᠠ ᠣᠷᠣᠱᠢᠵᠤ ᠪᠠᠢᠭ᠎ᠠ ᠲᠤᠪᠤᠢ᠌ᠮ᠎ᠠ ᠠᠰᠠᠭᠤᠳᠠᠯ᠎ᠳᠤ ᠴᠢᠭ᠌ᠯᠡᠭᠦᠯᠦᠨ ᠬᠠᠷᠠᠯᠲᠠ᠎ᠲᠠᠶ᠎ᠪᠠᠷ ᠪᠣᠭᠣᠮᠲᠠ ᠱᠢᠪᠲᠤᠯᠵᠤ᠂ ᠤᠨᠢᠨ ᠳᠡᠭᠡᠷ᠎ᠡ ᠨᠢ ᠵᠠᠰᠠᠯᠲᠠ ᠬᠢᠬᠦ᠌ ᠨᠢ ᠣᠷᠣᠨ ᠪᠦᠰᠡ᠎ᠶ᠋ᠢᠨ ᠴᠢᠨᠠᠷᠲᠠᠢ ᠬᠡᠷᠡᠭ᠎ᠢᠶᠡᠷ ᠴᠡᠭᠴᠡᠯᠡᠨ ᠰᠠᠢᠵᠢᠷᠠᠭᠤᠯᠤᠯᠳᠠ᠎ᠶ᠋ᠢ ᠠᠬᠢᠭᠤᠯᠬᠤ ᠠᠵᠢᠯ᠎ᠤᠨ ᠦᠷ᠎ᠡ ᠪᠦᠲᠦᠮᠵᠢ᠎ᠶ᠋ᠢ ᠦᠷᠭᠦᠯᠵᠢᠯᠡᠨ ᠪᠡᠬᠢᠵᠢᠭᠦᠯᠬᠦ᠌᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠡᠷᠡᠭᠦᠯ ᠪᠥᠭᠡᠳ ᠵᠢᠷᠤᠮᠵᠢᠭ᠍ᠰᠠᠨ ᠵᠠᠮ ᠵᠢᠡᠷ ᠠᠬᠢᠭᠤᠯᠬᠤ᠎ᠳᠤ ᠴᠢᠬᠤᠯᠠ ᠶᠡᠬᠡ ᠪᠣᠳᠠᠲᠤ ᠠᠴᠢ ᠬᠣᠯᠪᠣᠭ᠍ᠳᠠᠯ᠎ᠲᠠᠶ ᠶᠤᠮ᠃ ᠪᠣᠳᠠᠲᠤ ᠦᠶ᠋ᠯᠡᠳᠦᠯᠭᠡ᠎ᠶ᠋ᠢᠨ ᠳᠤᠮᠳᠠ᠂ ᠪᠢᠳᠡ ᠳᠥᠷᠪᠡᠨ ᠲᠠᠯ᠎ᠠ᠎ᠪᠠᠷ ᠠᠩᠬᠠᠷᠤᠯ᠎ᠢᠶᠠᠨ ᠲᠥᠪᠯᠡᠷᠡᠭᠦᠯᠦᠨ ᠬᠦᠴᠦᠯᠡᠨ᠎ᠡ᠄

ᠨᠢᠭᠡ᠎ᠳᠦ᠂ ᠤᠯᠤᠰ ᠲᠥᠷᠥᠴᠢ ᠴᠢᠨᠠᠷ ᠢ᠋ ᠲᠤᠪᠤᠢᠯᠭᠠᠵᠤ ᠦᠵᠡᠯ ᠰᠠᠨᠠᠭᠠᠨ᠎ᠤ ᠬᠥᠮᠦᠵᠢᠯ᠎ᠢ ᠪᠣᠳᠠᠲᠠᠶ ᠠᠳᠭᠤᠨ᠎ᠠ᠃ ᠡᠩ ᠲᠡᠷᠢᠭᠦᠨ᠎ᠳᠦ ᠦᠵᠡᠯ ᠰᠠᠨᠠᠭᠠᠨ᠎ᠤ ᠬᠥᠮᠦᠵᠢᠯ ᠪᠣᠯᠤᠨ ᠤᠨᠤᠯ ᠎ᠢᠶᠠᠷ ᠵᠡᠪᠰᠡᠭ᠌ᠯᠡᠬᠦ᠌᠎ᠶ᠋ᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠲᠡᠷᠢᠭᠦᠨ ᠴᠢᠬᠤᠯᠠ ᠡᠭᠦᠷᠭᠡ ᠪᠣᠯᠭᠠᠬᠤ᠎ᠶ᠋ᠢ ᠪᠠᠷᠢᠮᠲᠠᠯᠠᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠭᠡᠱᠢᠭᠦᠨ ᠺᠠᠳ᠋ᠷ᠎ᠢ ᠬᠦᠳᠦᠯᠥᠨ ᠳᠠᠭᠠᠭᠤᠯᠵᠤ ᠪᠠᠢᠭᠠᠳ ᠬᠦᠰᠡᠯᠡᠩ ᠢᠲᠡᠭᠡᠯ ᠪᠢᠱᠢᠷᠡᠯ᠎ᠢᠶᠡᠨ ᠪᠠᠲᠤᠳᠭᠠᠵᠤ᠂ ᠦᠨᠡᠨ ᠶᠣᠰᠣ ᠲᠥᠪ ᠶᠣᠰᠣ᠎ᠶ᠋ᠢ ᠪᠠᠲᠤ ᠰᠠᠬᠢᠵᠤ᠂ 《ᠬᠣᠶᠠᠷ᠎ᠢ ᠲᠣᠭ᠍ᠲᠠᠭᠠᠬᠰᠠᠨ》 ᠢ᠋ ᠱᠢᠳᠤᠷᠭᠤ᠎ᠪᠠᠷ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠬᠡᠷᠡᠭ᠌ᠲᠡᠢ᠃ ᠳᠠᠷᠠᠭ᠎ᠠ ᠳ᠋ᠤᠨᠢ ᠰᠡᠷᠡᠮᠵᠢᠯᠡᠭᠦᠯᠬᠦ᠌ ᠬᠥᠮᠦᠵᠢᠯ᠎ᠢ ᠰᠠᠢᠲᠤᠷ ᠠᠳᠭᠤᠬᠤ ᠵᠢ ᠲᠤᠪᠤᠢᠯᠭᠠᠵᠤ᠂ ᠤᠢ᠍ᠢᠷ᠎ᠠ᠎ᠶ᠋ᠢᠨ ᠵᠢᠯ᠎ᠦᠨ ᠲᠤᠷᠱᠢᠬᠢ ᠲᠦᠩᠯᠢᠶᠣᠤ ᠬᠤᠳᠠ᠎ᠶ᠋ᠢᠨ ᠤᠳᠤᠷᠢᠳᠭᠤ ᠺᠠᠳ᠋ᠷᠴᠤᠤᠨ᠎ᠤᠨ ᠰᠠᠬᠢᠯᠭ᠎ᠠ ᠪᠠᠲᠤ ᠬᠠᠤᠯᠢ ᠴᠠᠭᠠᠵᠠ᠎ᠠᠴᠠ ᠵᠥᠷᠢᠴᠡᠭ᠌ᠰᠡᠨ ᠬᠡᠷᠡᠭ᠎ᠲᠦ ᠢᠯᠡᠷᠡᠭ᠌ᠰᠡᠨ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠤᠨ ᠢᠯᠡᠷᠡᠯ᠎ᠢ ᠭᠦᠨᠵᠡᠭᠡᠢ ᠵᠠᠳᠠᠯᠵᠤ᠂ ᠳᠡᠷᠭᠡᠳᠡᠬᠢ ᠤᠴᠢᠷ ᠶᠠᠪᠤᠳᠠᠯ᠎ᠢᠶᠠᠷ᠎ᠢᠶᠠᠨ ᠳᠡᠷᠭᠡᠳᠡᠬᠢ ᠬᠥᠮᠦᠰ᠎ᠢᠶᠡᠨ ᠬᠥᠮᠦᠵᠢᠭᠦᠯᠵᠦ᠍᠂ ᠨᠠᠮ᠎ᠤᠨ ᠭᠡᠱᠢᠭᠦᠨ ᠺᠠᠳ᠋ᠷ᠎ᠢ ᠬᠦᠳᠦᠯᠥᠨ ᠳᠠᠭᠠᠭᠤᠯᠵᠤ ᠪᠠᠢᠭᠠᠳ ᠤᠬᠠᠮᠰᠠᠷ᠎ᠠᠴᠠ᠎ᠪᠠᠨ ᠵᠥᠪ ᠪᠤᠷᠤᠭᠤ᠎ᠶ᠋ᠢ ᠢᠯᠭᠠᠨ ᠲᠤᠳᠤᠯᠠᠵᠤ᠂ ᠰᠠᠨᠠᠭᠠᠴᠢᠯᠠᠭ᠎ᠠ᠎ᠠᠴᠠ᠎ᠪᠠᠨ ᠥᠪᠡᠷ᠎ᠢ᠎ᠪᠡᠨ ᠲᠤᠩᠭᠠᠨ ᠪᠤᠳᠤᠵᠤ᠂ ᠦᠨᠡᠨ ᠬᠦ᠌ ᠰᠡᠳᠭᠢᠯ᠎ᠳᠡᠭᠡᠨ ᠴᠡᠭᠡᠷ᠎ᠲᠡᠶ᠂ ᠠᠵᠢᠯᠯᠠᠭ᠎ᠠ᠎ᠳᠠᠭᠠᠨ ᠬᠣᠷᠢᠭ᠎ᠠ᠎ᠲᠠᠶ ᠪᠠᠢᠬᠤ᠎ᠶ᠋ᠢ ᠪᠡᠶᠡᠯᠡᠭᠦᠯᠬᠦ᠌ ᠬᠡᠷᠡᠭ᠌ᠲᠡᠢ᠃

ᠬᠣᠶᠠᠷ᠎ᠲᠤ᠂ ᠴᠠᠭ ᠦᠶᠡᠴᠢ ᠴᠢᠨᠠᠷ ᠢ᠋ ᠡᠵᠡᠮᠳᠡᠵᠦ ᠳᠦᠷᠢᠮ᠎ᠦᠨ ᠪᠠᠢᠭᠤᠯᠤᠯᠲᠠ᠎ᠶ᠋ᠢ ᠵᠢᠷᠤᠮᠵᠢᠭᠤᠯᠤᠨ᠎ᠠ᠃ ᠨᠢᠭᠡ ᠲᠠᠯ᠎ᠠ᠎ᠪᠠᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠡᠴᠡ ᠳᠤᠷᠠᠳᠤᠭ᠍ᠰᠠᠨ 11 ᠲᠥᠷᠥᠯ᠎ᠦᠨ ᠢᠯᠡᠷᠡᠯ᠎ᠦᠨ ᠲᠣᠭᠣᠷᠢᠨ᠎ᠳᠤ᠂ ᠣᠷᠳᠣ ᠬᠤᠭᠤᠴᠠᠭ᠎ᠠ᠎ᠪᠠᠷ ᠨᠢᠭᠤᠭ᠍ᠳᠠᠵᠤ ᠪᠠᠢᠭ᠍ᠰᠠᠨ ᠠᠷᠬᠠᠭ ᠬᠡᠮ ᠪᠣᠯᠤᠨ ᠨᠢᠭᠤᠭ᠍ᠳᠠᠮᠠᠯ ᠤᠨᠳᠤᠤᠱᠢᠯ ᠎ᠤᠨ ᠱᠢᠨ᠎ᠡ ᠠᠰᠠᠭᠤᠳᠠᠯ᠎ᠢ ᠭᠦᠨᠵᠡᠭᠡᠶ ᠡᠷᠢᠵᠦ᠍᠂ 《ᠨᠢᠭᠡᠳᠦᠭᠡᠷ ᠬᠠᠷᠢᠭᠤᠴᠠᠯᠭᠠᠳᠠᠨ》 ᠬᠢᠨᠠᠯᠲᠠ ᠲᠠᠯᠪᠢᠬᠤ᠂ ᠺᠠᠳ᠋ᠷ᠎ᠤᠨ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠂ ᠡᠷᠬᠡ᠎ᠶ᠋ᠢᠨ ᠠᠵᠢᠯᠯᠠᠭᠠᠨ᠎ᠢ ᠬᠢᠵᠠᠭᠠᠷᠯᠠᠬᠤ ᠵᠡᠷᠭᠡ ᠵᠠᠩᠭᠢᠯᠠᠭ᠎ᠠ᠎ᠶ᠋ᠢᠨ ᠭᠣᠭ᠍ᠴᠣᠭ᠎ᠠ ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠦᠷᠢᠮ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠲᠦᠷᠢᠮ᠎ᠦᠨ ᠬᠢᠵᠠᠭᠠᠷᠯᠠᠯ᠎ᠢ ᠴᠢᠩᠭᠠᠳᠭᠠᠵᠤ᠂ ᠡᠷᠬᠡ᠎ᠶ᠋ᠢ 《ᠳᠤᠷ᠎ᠠ ᠵᠣᠷᠢᠭ ᠎ᠢᠶᠠᠷ᠎ᠢᠶᠠᠨ ᠬᠡᠷᠡᠭ᠌ᠯᠡᠬᠦ᠌》 ᠣᠷᠣᠨ ᠵᠠᠶ᠎ᠶ᠋ᠢ ᠪᠠᠭᠠᠰᠭᠠᠨ᠎ᠠ᠃ ᠨᠦᠬᠦᠭᠡ ᠲᠠᠯ᠎ᠠ᠎ᠪᠠᠷ ᠡᠷᠡᠭᠦᠯ ᠢᠳᠡᠪᠬᠢᠲᠡᠢ᠂ ᠲᠥᠪ ᠰᠤᠷᠲᠠᠯ ᠲᠡᠭᠦᠯᠳᠡᠷ ᠤᠯᠤᠰ ᠲᠦᠷᠦ᠍ ᠵᠢᠨ ᠰᠣᠶᠣᠯ᠎ᠤᠨ ᠲᠦᠷᠢᠮ᠎ᠤᠨ ᠱᠢᠰᠲ᠋ᠧᠮ᠎ᠢ ᠪᠠᠢᠭᠤᠯᠤᠨ ᠲᠡᠭᠦᠯᠳᠡᠷᠵᠢᠭᠦᠯᠵᠦ᠍᠂ ᠲᠤᠭ ᠲᠡᠮᠳᠡᠭ ᠲᠣᠳᠣᠷᠬᠠᠢ᠎ᠪᠠᠷ ᠪᠤᠯᠬᠢ ᠢᠯᠵᠠᠷᠠᠮᠠᠯ ᠤᠯᠤᠰ ᠲᠦᠷᠦ᠍ ᠵᠢᠨ ᠰᠣᠶᠣᠯ᠎ᠢ ᠡᠰᠡᠷᠭᠦᠴᠡᠨ ᠬᠣᠷᠢᠭ᠍ᠯᠠᠵᠤ᠂ ᠰᠠᠢ᠌ᠨ ᠰᠠᠢᠬᠠᠨ ᠤᠯᠤᠰ ᠲᠦᠷᠦ᠍ ᠎ᠶ᠋ᠢᠨ ᠠᠮᠢ ᠠᠬᠤᠢ ᠎ᠶ᠋ᠢᠨ ᠬᠥᠷᠥᠰᠥ᠍ ᠱᠢᠷᠣᠢ ᠎ᠶ᠋ᠢ ᠲᠠᠰᠤᠷᠠᠯᠳᠠ ᠦᠭᠡᠢ ᠵᠤᠵᠠᠭᠠᠳᠭᠠᠨ᠎ᠠ ᠃

ᠭᠤᠷᠪᠠ᠎ᠳᠤ᠂ ᠵᠠᠷᠴᠢᠮ᠎ᠤᠨ ᠴᠢᠨᠠᠷ᠎ᠢ ᠴᠢᠩᠭ᠎ᠠ ᠵᠢᠷᠤᠮᠯᠠᠨ ᠰᠠᠬᠢᠯᠭ᠎ᠠ ᠪᠠᠲᠤ ᠶᠤᠰᠤ ᠲᠦᠷᠢᠮ ᠎ᠢ᠎ᠴᠢᠩᠳᠠᠯᠠᠨ᠎ᠠ᠃ ᠰᠠᠬᠢᠯᠭ᠎ᠠ ᠪᠠᠲᠤ ᠶᠣᠰᠣ ᠲᠦᠷᠢᠮ᠎ᠢ ᠢᠮᠠᠭ᠍ᠲᠠ ᠴᠢᠩᠭ᠎ᠠ ᠰᠠᠬᠢᠬᠤ᠎ᠶ᠋ᠢ ᠨᠠᠮ᠎ᠤᠨ ᠳᠣᠲᠣᠭᠠᠳᠤ ᠶ᠋ᠢᠨ ᠤᠯᠤᠰ ᠲᠦᠷᠦ᠍᠎ᠶ᠋ᠢᠨ ᠠᠮᠢᠳᠤᠷᠠᠯ ᠎ᠢ ᠵᠢᠷᠤᠮᠵᠢᠭᠤᠯᠬᠤ ᠦᠨᠳᠦᠰᠦᠨ ᠵᠠᠷᠴᠢᠮ ᠪᠠ ᠴᠢᠬᠤᠯᠠ ᠪᠠᠲᠤᠯᠠᠭ᠎ᠠ ᠪᠣᠯᠭᠠᠵᠤ᠂ ᠡᠯ᠎ᠡ ᠱᠠᠲᠤᠨ ᠎ᠤ ᠨᠠᠮ ᠎ᠤᠨ ᠵᠣᠬᠢᠶᠠᠨ ᠪᠠᠢᠭᠤᠯᠤᠯᠲᠠ ᠪᠠ ᠨᠠᠮ ᠎ᠤᠨ ᠭᠡᠱᠢᠭᠦᠨ ᠺᠠᠳ᠋ᠷ ᠎ᠢ ᠵᠣᠬᠢᠶᠠᠨ ᠪᠠᠢᠭᠤᠯᠵᠤ ᠬᠦᠲᠦᠯᠦᠨ ᠵᠢᠯᠣᠭᠣᠳᠴᠤ᠌ ᠪᠠᠢᠭᠠᠳ 《ᠱᠢᠨ᠎ᠡ ᠪᠠᠢᠳᠠᠯ ᠳᠣᠣᠷᠠᠬᠢ ᠨᠠᠮ᠎ᠤᠨ ᠳᠣᠲᠣᠭᠠᠳᠤ ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠲᠤᠬᠠᠢ ᠪᠠᠷᠢᠮᠵᠢᠶ᠎ᠠ ᠨᠤᠭᠤᠳ》 ᠢ᠋ ᠴᠢᠩᠭ᠎ᠠ ᠨᠠᠢᠳᠠᠪᠤᠷᠢᠵᠢᠭᠤᠯᠵᠤ᠂ ᠦᠷᠭᠦᠯᠵᠢ ᠵᠦᠪ ᠴᠢᠭᠯᠡᠯ ᠲᠠᠢ ᠬᠠᠷᠭᠤᠭᠤᠯᠵᠤ᠂ ᠲᠥᠪ ᠴᠢᠩᠭ᠎ᠠ ᠎ᠪᠠᠷ ᠠᠵᠢᠯᠯᠠᠭᠠᠨ ᠎ᠤ ᠠᠮᠠᠯᠠᠯᠲᠠ ᠬᠢᠵᠦ᠍᠂ ᠰᠠᠬᠢᠯᠭ᠎ᠠ ᠪᠠᠲᠤ ᠎ᠶ᠋ᠢ ᠴᠢᠩᠭ᠎ᠠ ᠬᠡᠷᠡᠭ᠌ᠵᠢᠭᠦᠯᠬᠦ ᠵᠢ ᠬᠡᠪ ᠵᠠᠩᠱᠢᠯ ᠪᠣᠯᠭᠠᠵᠤ᠂ 《ᠲᠠᠪᠤᠨ ᠡᠷᠬᠡᠪᠰᠢ》 ᠵᠢ ᠦᠨᠡᠨ ᠬᠦ᠌ ᠪᠡᠶᠡᠯᠡᠭᠦᠯᠵᠦ᠍᠂ 《ᠲᠤᠯᠤᠭᠠᠨ ᠵᠦᠢᠯ ᠳᠠᠢ ᠪᠠᠢᠬᠤ》 ᠵᠢ ᠴᠢᠩᠭ᠎ᠠ ᠰᠡᠷᠭᠡᠢᠯᠡᠵᠦ᠍᠂ ᠲᠥᠪ ᠴᠢᠩᠭ᠎ᠠ ᠨᠠᠮ ᠎ᠤᠨ ᠳᠣᠲᠣᠭᠠᠳᠤ ᠎ᠶ᠋ᠢᠨ ᠤᠯᠤᠰ ᠲᠦᠷᠦ᠍ ᠎ᠶ᠋ᠢᠨ ᠠᠮᠢᠳᠤᠷᠠᠯ ᠳᠤᠮᠳᠠ ᠦᠨᠡᠨ ᠬᠦ᠌ ᠨᠠᠮᠴᠢ ᠴᠢᠨᠠᠷ ᠎ᠢᠶᠠᠨ ᠳᠠᠪᠲᠠᠨ ᠪᠣᠯᠪᠠᠰᠤᠷᠠᠭᠤᠯᠵᠤ᠂ ᠵᠠᠩ ᠴᠢᠨᠠᠷ᠎ᠢᠶᠠᠨ ᠳᠠᠪᠲᠠᠨ ᠪᠣᠯᠪᠠᠰᠤᠷᠠᠭᠤᠯᠵᠤ᠂ ᠴᠢᠳᠠᠪᠤᠷᠢ᠎ᠪᠠᠨ ᠳᠡᠭᠡᠭ᠌ᠰᠢᠯᠡᠭᠦᠯᠤᠨ᠎ᠠ᠃

ᠳᠥᠷᠪᠡ᠎ᠳᠦ᠂ ᠳᠠᠢᠴᠢᠨ ᠴᠢᠨᠠᠷ ᠢ᠋ ᠴᠢᠩᠭᠠᠳᠬᠠᠵᠤ ᠲᠣᠪᠣᠢᠮ᠎ᠠ ᠠᠰᠠᠭᠤᠳᠠᠯ ᠎ᠢ ᠴᠡᠭ᠌ᠴᠡᠯᠡᠨ ᠰᠠᠢᠵᠢᠷᠠᠭᠤᠯᠤᠨ᠎ᠠ᠃ ᠬᠡᠵᠢᠶᠡᠳᠡ ᠵᠠᠮ ᠲᠡᠭᠡᠷ᠎ᠠ ᠪᠠᠢᠬᠤ ᠰᠡᠷᠭᠡᠭ ᠴᠢᠨᠠᠷ ᠪᠠ ᠡᠷᠡᠰ ᠪᠠᠲᠤ ᠪᠠᠢᠬᠤ᠎ᠶ᠋ᠢ ᠢᠮᠠᠭ᠍ᠲᠠ ᠪᠠᠲᠤᠯᠠᠵᠤ᠂ ᠲᠡᠦᠬᠡ ᠎ᠶ᠋ᠢᠨ ᠰᠠᠨᠠᠭᠠᠴᠢᠯᠠᠭᠠᠲᠤ ᠴᠢᠨᠠᠷ᠎ᠢ ᠴᠢᠩᠭᠠᠳᠭᠠᠨ᠂ ᠲᠡᠮᠡᠴᠡᠯ ᠎ᠦᠨ ᠵᠣᠷᠢᠭ ᠰᠠᠨᠠᠭ᠎ᠠ ᠎ᠶ᠋ᠢ ᠪᠠᠳᠠᠷᠠᠭᠤᠯᠵᠤ᠂ ᠵᠣᠷᠢᠭ᠍ᠲᠠᠢ᠎ᠪᠠᠷ ᠥᠪᠡᠷ ᠎ᠦᠨ ᠪᠡᠶ᠎ᠡ᠎ᠳᠡᠭᠡᠨ ᠬᠤᠪᠢᠰᠭᠠᠯ ᠬᠢᠵᠦ᠍᠂ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ ᠭᠡᠬᠦ᠌ ᠡᠨᠡ ᠬᠦ᠌ ᠪᠠᠢᠩᠭᠤ ᠎ᠶ᠋ᠢᠨ ᠴᠢᠨᠠᠷᠲᠠᠢ ᠠᠷᠭ᠎ᠠ ᠪᠠᠷᠢᠯ ᠪᠠ ᠱᠢᠭᠦᠮᠵᠢᠯᠡᠯ ᠪᠠ ᠥᠪᠡᠷ ᠎ᠦᠨ ᠱᠢᠭᠦᠮᠵᠢᠯᠡᠯ ᠬᠢᠬᠦ ᠦᠵᠡᠯ ᠰᠠᠨᠠᠭᠠᠨ᠎ᠤ ᠵᠡᠪᠰᠡᠭ᠎ᠢ ᠰᠠᠢᠲᠤᠷ ᠬᠡᠷᠡᠭ᠌ᠯᠡᠵᠦ᠍᠂ ᠴᠤᠬᠤᠢᠯᠲᠠ᠎ᠶ᠋ᠢᠨ ᠴᠢᠨᠠᠷᠲᠠᠢ ᠠᠰᠠᠭᠤᠳᠠᠯ ᠪᠠ ᠬᠡᠯᠪᠡᠷᠢᠯ ᠎ᠦᠨ ᠴᠢᠨᠠᠷᠲᠠᠢ ᠠᠯᠳᠠᠭ᠎ᠠ᠎ᠶ᠋ᠢ ᠵᠠᠯᠠᠷᠠᠭᠤᠯᠬᠤ ᠎ᠶ᠋ᠢ ᠴᠠᠭ ᠲᠤᠬᠠᠢ᠎ᠳᠤᠨᠢ ᠰᠠᠨᠠᠭᠤᠯᠤᠨ᠎ᠠ᠃ ᠴᠢᠩᠭ᠎ᠠ ᠪᠠᠢᠬᠤ ᠭᠣᠣᠯ ᠬᠦᠭ ᠠᠶᠠᠰ ᠎ᠢ ᠪᠠᠷᠢᠮᠲᠠᠯᠠᠨ ᠵᠠᠯᠬᠠᠭᠠᠨ ᠱᠢᠢᠳᠭᠡᠬᠦ᠌ ᠰᠦᠷᠳᠡᠭᠦᠯᠦᠯ᠎ᠢ ᠴᠢᠩᠭᠠᠳᠭᠠᠵᠤ᠂ ᠤᠯᠤᠰ ᠲᠦᠷᠦ᠍ ᠎ᠶ᠋ᠢᠨ ᠲᠠᠯ᠎ᠠ ᠎ᠪᠠᠷ ᠬᠥᠨᠳᠡᠢᠷᠡᠵᠦ᠍ ᠵᠠᠢᠳᠠᠭ᠍ᠰᠠᠨ᠂ ᠦᠵᠡᠯ ᠰᠠᠨᠠᠭᠠᠨ᠎ᠤ ᠲᠠᠯ᠎ᠠ᠎ᠪᠠᠷ ᠬᠤᠪᠢᠷᠠᠵᠤ ᠤᠭ ᠰᠠᠨᠠᠭ᠎ᠠ ᠪᠠᠨ ᠮᠠᠷᠲᠠᠭ᠍ᠰᠠᠨ᠂ ᠵᠣᠬᠢᠶᠠᠨ ᠪᠠᠢᠭᠤᠯᠤᠯᠲᠠ᠎ᠶ᠋ᠢᠨ ᠲᠠᠯ᠎ᠠ᠎ᠪᠠᠷ ᠠᠢᠮᠠᠬᠯᠠᠨ ᠪᠦᠯᠦᠬᠯᠡᠬᠦ᠂ ᠠᠵᠢᠯᠯᠠᠭ᠎ᠠ᠎ᠶ᠋ᠢᠨ ᠲᠠᠯ᠎ᠠ ᠎ᠪᠠᠷ ᠢᠯᠡ᠎ᠪᠡᠷ ᠲᠠᠭᠠᠵᠤ ᠳᠠᠯᠳᠠᠭᠤᠷ ᠵᠥᠷᠢᠴᠡᠭ᠌ᠰᠡᠨ᠂ ᠠᠮᠢᠳᠤᠷᠠᠯ᠎ᠤᠨ ᠲᠠᠯ᠎ᠠ᠎ᠪᠠᠷ ᠢᠯᠵᠠᠷᠠᠨ ᠲᠤᠷᠤᠢ᠌ᠳᠠᠬ᠍ᠰᠠᠨ ᠵᠡᠷᠭᠡ ᠠᠰᠠᠭᠤᠳᠠᠯ᠎ᠢ ᠡᠷᠡᠰ ᠪᠠᠢᠴᠠᠭᠠᠨ ᠱᠢᠢᠳᠪᠦᠷᠢᠯᠡᠵᠦ᠍᠂ 《ᠦᠨᠭ᠌ᠭᠡᠨ ᠲᠠᠯ᠎ᠠ᠎ᠶ᠋ᠢ ᠵᠠᠰᠠᠭ᠍ᠰᠠᠨ》 ᠦᠷ᠎ᠡ ᠪᠦᠲᠦᠭᠡᠯ᠎ᠢ 《ᠦᠨᠳᠦᠰᠦ᠎ᠡᠴᠡ ᠨᠢ ᠵᠠᠰᠠᠭ᠍ᠰᠠᠨ》 ᠦᠷ᠎ᠡ ᠪᠦᠲᠦᠮᠵᠢ ᠪᠣᠯᠭᠠᠨ ᠬᠤᠪᠢᠷᠠᠭᠤᠯᠬᠤ᠎ᠶ᠋ᠢ ᠠᠬᠢᠭᠤᠯᠵᠤ᠂ ᠡᠷᠡᠭᠦᠯ ᠪᠥᠭᠡᠳ ᠵᠢᠷᠤᠮᠵᠢᠭ᠍ᠰᠠᠨ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢᠶᠠᠷ ᠰᠤᠷᠲᠠᠯ ᠴᠢᠬᠡᠴᠢ ᠣᠪᠣᠷ ᠲᠥᠪ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢ ᠠᠬᠤᠢ ᠎ᠶ᠋ᠢ ᠦᠷᠭᠦᠯᠵᠢᠯᠡᠨ ᠤᠮᠳᠠᠯᠠᠨ᠎ᠠ᠃

ᠬᠥᠯᠥᠨ ᠪᠤᠢ᠌ᠷ ᠬᠤᠳᠠ᠎ᠶ᠋ᠢᠨ ᠨᠠᠮ᠎ᠤᠨ ᠬᠣᠷᠢᠶᠠᠨ᠎ᠤ ᠱᠦᠵᠢ ᠭᠤᠤ ᠷᠦᠨ ᠰᠢ᠄

ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠵᠤ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠵᠤ ᠬᠥᠯᠥᠨ ᠪᠤᠢ᠌ᠷ᠎ᠤᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠳᠦ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠤᠢ ᠪᠤᠯᠭᠠᠨ᠎ᠠ


ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠲᠠᠪᠤᠳᠤᠭᠠᠷ ᠬᠤᠷᠠᠯ ᠎ᠤᠨ ᠥᠪᠥᠷ ᠮᠣᠩᠭᠣᠯ ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ ᠨᠠᠮ ᠎ᠤᠨ ᠳᠣᠲᠣᠭᠠᠳᠤ ᠎ᠶ᠋ᠢᠨ ᠤᠯᠤᠰ ᠲᠦᠷᠦ᠍ ᠎ᠶ᠋ᠢᠨ ᠠᠮᠢᠳᠤᠷᠠᠯ᠎ᠢ ᠴᠢᠩᠳᠠᠯᠠᠬᠤ᠂ ᠪᠦᠬᠦ᠌ ᠲᠠᠯ᠎ᠠ᠎ᠪᠠᠷ ᠨᠠᠮ ᠎ᠢ ᠴᠢᠩᠭ᠎ᠠ ᠵᠠᠰᠠᠬᠤ᠎ᠶ᠋ᠢ ᠠᠬᠢᠭᠤᠯᠬᠤ ᠲᠤᠬᠠᠢ ᠱᠢᠨ᠎ᠡ ᠱᠠᠭᠠᠷᠳᠠᠯᠭ᠎ᠠ ᠱᠢᠨ᠎ᠡ ᠪᠠᠢᠷᠢᠯᠠᠭᠤᠯᠤᠯᠲᠠ ᠬᠢᠵᠦ᠍᠂ ᠪᠢᠳᠡᠨ᠎ᠦ ᠱᠢᠨ᠎ᠡ ᠴᠠᠭ ᠦᠶ᠎ᠡ ᠎ᠶ᠋ᠢᠨ ᠨᠠᠮ᠎ᠤᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠬᠤ᠎ᠳᠤ ᠦᠨᠳᠦᠰᠦᠨ ᠵᠢᠷᠤᠮᠯᠠᠯ ᠬᠠᠩᠭᠠᠵᠠᠢ᠃ ᠬᠥᠯᠥᠨ ᠪᠤᠢ᠌ᠷ ᠬᠤᠳᠠ᠎ᠶ᠋ᠢᠨ ᠬᠢᠨ ᠶᠡᠷᠦᠩᠬᠡᠢ ᠱᠦᠵᠢ ᠶ᠋ᠢᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ ᠎ᠶ᠋ᠢᠨ ᠵᠣᠷᠢᠭ ᠰᠠᠨᠠᠭ᠎ᠠ ᠎ᠶ᠋ᠢ ᠡᠷᠡᠰ ᠲᠤᠭᠤᠱᠢᠯᠠᠭᠤᠯᠵᠤ᠂ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠵᠢᠯ᠎ᠤᠨ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠭᠦᠨᠵᠡᠭᠡᠢ ᠨᠠᠢᠳᠠᠪᠤᠷᠢᠵᠢᠭᠤᠯᠵᠤ᠂ ᠨᠠᠮ᠎ᠤᠨ ᠳᠣᠲᠣᠭᠠᠳᠤ ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠎ᠤᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ᠂ ᠲᠠᠢ᠌ᠴᠢᠨ ᠴᠢᠨᠠᠷ᠎ᠢ ᠬᠦᠴᠦᠯᠡᠨ ᠴᠢᠩᠭᠠᠳᠭᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍ ᠎ᠶ᠋ᠢᠨ ᠠᠮᠢ ᠠᠬᠤᠢ ᠎ᠶ᠋ᠢ ᠶᠡᠬᠡ ᠎ᠪᠡᠷ ᠪᠤᠢ ᠪᠣᠯᠭᠠᠨ᠎ᠠ᠃

ᠦᠵᠡᠯ ᠰᠠᠨᠠᠭᠠᠨ᠎ᠤ ᠵᠢᠯᠣᠭᠣᠳᠤᠮᠵᠢ᠎ᠶ᠋ᠢ ᠴᠢᠩᠭᠠᠳᠭᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠤᠯᠤᠰ ᠲᠦᠷᠦᠴᠢ ᠴᠢᠨᠠᠷ᠎ᠢ ᠬᠦᠴᠦᠯᠡᠨ ᠴᠢᠩᠭᠠᠳᠬᠠᠨ᠎ᠠ᠃ ᠶᠡᠷᠦᠩᠬᠡᠶ ᠱᠦᠵᠢ᠎ᠶ᠋ᠢᠨ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ ᠡᠷᠡᠰ ᠪᠠᠲᠤ ᠵᠥᠪ ᠣᠨᠣᠪᠴᠢᠲᠠᠶ ᠤᠯᠤᠰ ᠲᠥᠷᠥ᠎ᠶ᠋ᠢᠨ ᠴᠢᠭ᠌ᠯᠡᠯ᠎ᠢ ᠡᠵᠡᠮᠳᠡᠬᠦ᠌ ᠲᠤᠬᠠᠢ ᠴᠢᠬᠤᠯᠠ ᠱᠠᠭᠠᠷᠳᠠᠯᠭ᠎ᠠ᠎ᠶ᠋ᠢ ᠬᠦᠨᠵᠡᠬᠡᠢ ᠳᠤᠭᠤᠰᠢᠯᠠᠭᠤᠯᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠭᠡᠵᠦ᠍᠂ ᠰᠤᠷᠤᠯᠴᠠᠵᠤ ᠤᠢᠯᠠᠭᠠᠬᠤ ᠨᠡᠪᠳᠡᠷᠡᠳᠡᠯ᠎ᠡ ᠮᠡᠳᠡᠬᠦ ᠪᠣᠳᠠᠲᠠᠢᠵᠢᠭᠤᠯᠬᠤ ᠳᠡᠭᠡᠷ᠎ᠡ ᠬᠦᠴᠦ᠍ ᠣᠷᠣᠭᠤᠯᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠢ ᠬᠥᠮᠦᠵᠢᠭᠦᠯᠦᠨ ᠵᠢᠯᠣᠭᠣᠳᠴᠤ᠌ 《ᠬᠣᠶᠠᠷ᠎ᠢ ᠳᠤᠭᠳᠠᠭᠠᠭᠰᠠᠨ》 ᠢ᠋ ᠦᠨᠡᠨᠴᠢ ᠱᠢᠳᠤᠷᠭᠤ᠎ᠪᠠᠷ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ 》 ᠎ᠶ᠋ᠢ ᠡᠷᠡᠰ ᠪᠡᠶᠡᠯᠡᠭᠦᠯᠵᠦ᠍᠂ ᠠᠮᠢ ᠠᠬᠤᠶ᠎ᠶ᠋ᠢ ᠤᠷᠢᠳ ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌ ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠥᠬᠡᠶ ᠰᠠᠢᠲᠤᠷ ᠵᠠᠮᠨᠠᠵᠤ᠂ ᠬᠥᠯᠥᠨ ᠪᠣᠢᠷ᠎ᠤᠨ ᠡᠯ᠎ᠡ ᠵᠦᠶ᠋ᠯ᠎ᠦᠨ ᠠᠵᠢᠯ ᠦᠶ᠋ᠯᠡᠰ ᠢᠮᠠᠭ᠍ᠲᠠ ᠵᠥᠪ ᠤᠯᠤᠰ ᠲᠥᠷᠥ ᠎ᠶ᠋ᠢᠨ ᠴᠢᠭ᠌ᠯᠡᠯ ᠎ᠢᠶᠡᠷ ᠤᠷᠤᠭ᠍ᠰᠢᠯᠠᠬᠤ᠎ᠶ᠋ᠢ ᠦᠨᠡᠨ ᠬᠦ᠌ ᠪᠡᠳᠤᠯᠠᠨ᠎ᠠ᠃

ᠠᠵᠢᠯ᠎ᠤᠨ ᠠᠴᠢᠶᠠᠯᠠᠪᠤᠷᠢ ᠎ᠶ᠋ᠢᠨ ᠱᠢᠨ᠎ᠡ ᠎ᠶ᠋ᠢ ᠡᠭᠦᠳᠴᠦ᠍᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍ ᠎ᠶ᠋ᠢᠨ ᠠᠮᠢᠳᠤᠷᠠᠯ᠎ᠤᠨ ᠴᠠᠭ ᠦᠶᠡᠴᠢ ᠴᠢᠨᠠᠷ᠎ᠢ ᠬᠦᠴᠦᠯᠡᠨ ᠴᠢᠩᠭᠠᠳᠭᠠᠨ᠎ᠠ᠃ ᠶᠡᠷᠦᠩᠬᠡᠢ ᠱᠦᠵᠢ᠎ᠶ᠋ᠢᠨ ᠨᠠᠮ᠎ᠤᠨ ᠳᠣᠲᠣᠭᠠᠳᠤ ᠎ᠶ᠋ᠢᠨ ᠤᠯᠤᠰ ᠲᠦᠷᠦ᠍ ᠎ᠶ᠋ᠢᠨ ᠠᠮᠢᠳᠤᠷᠠᠯ ᠴᠠᠭ ᠦᠶ᠎ᠡ᠎ᠶ᠋ᠢᠨ ᠠᠯᠬᠤᠭ᠎ᠠ ᠎ᠶ᠋ᠢ ᠴᠢᠩᠭ᠎ᠠ ᠲᠠᠭᠠᠵᠤ᠂ ᠴᠠᠭ ᠦᠶ᠎ᠡ᠎ᠶ᠋ᠢᠨ ᠳᠠᠭᠤᠨ᠎ᠢ ᠰᠣᠨᠣᠰᠴᠤ᠌᠂ ᠴᠠᠭ ᠦᠶ᠎ᠡ ᠎ᠶ᠋ᠢᠨ ᠰᠡᠳᠦᠪ ᠲᠸ᠋ ᠬᠠᠷᠢᠭᠤᠯᠳᠠ ᠦᠭᠬᠦ ᠲᠤᠬᠠᠢ ᠴᠢᠬᠤᠯᠠ ᠱᠠᠭᠠᠷᠳᠠᠯᠭ᠎ᠠ᠎ᠵᠢ ᠬᠦᠨᠵᠡᠭᠡᠢ ᠲᠤᠭᠤᠰᠢᠯᠠᠭᠤᠯᠵᠤ᠂ 《ᠦᠵᠡᠯᠲᠡ᠎ᠪᠡᠨ ᠬᠤᠪᠢᠷᠠᠭᠤᠯᠬᠤ᠂ ᠰᠤᠷᠲᠠᠯ᠎ᠢ ᠰᠠᠢᠵᠢᠷᠠᠭᠤᠯᠬᠤ᠂ ᠣᠷᠴᠢᠨ ᠲᠣᠭᠣᠷᠢᠨ᠎ᠢ ᠱᠢᠯᠢᠳᠡᠭ᠌ᠵᠢᠭᠦᠯᠬᠦ᠌᠂ ᠨᠠᠢᠳᠠᠪᠤᠷᠢᠵᠢᠭᠤᠯᠤᠯᠲᠠ᠎ᠶ᠋ᠢ ᠴᠢᠬᠤᠯᠠᠴᠢᠯᠠᠬᠤ ᠂ ᠲᠦᠷᠢ ᠲᠥᠷᠬᠦ᠌᠎ᠶ᠋ᠢ ᠱᠤᠭᠤᠬᠤ》 ᠰᠤᠷᠤᠯᠴᠠᠯᠭ᠎ᠠ ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠠᠵᠢᠯ᠎ᠤᠨ ᠠᠴᠢᠶᠠᠯᠠᠪᠤᠷᠢ ᠪᠣᠯᠭᠠᠵᠤ᠂ ᠪᠦᠬᠦ᠌ ᠬᠤᠳᠠ᠎ᠶ᠋ᠢᠨ ᠡᠯ᠎ᠡ ᠱᠠᠲᠤᠨ᠎ᠤ ᠨᠠᠮ᠎ᠤᠨ ᠭᠡᠱᠢᠭᠦᠨ ᠺᠠᠳ᠋ᠷ᠎ᠤᠨ ᠬᠥᠭ᠌ᠵᠢᠯᠲᠡ᠎ᠶ᠋ᠢᠨ ᠦᠵᠡᠯᠲᠡ᠎ᠪᠡᠨ ᠬᠤᠪᠢᠷᠠᠭᠤᠯᠬᠤ᠂ ᠠᠵᠢᠯ᠎ᠤᠨ ᠰᠤᠷᠲᠠᠯ᠎ᠢᠶᠠᠨ ᠰᠠᠢᠵᠢᠷᠠᠭᠤᠯᠬᠤ᠂ ᠬᠠᠷᠢᠭᠤᠴᠠᠯᠭ᠎ᠠ᠎ᠶ᠋ᠢᠨ ᠤᠬᠠᠮᠰᠠᠷ᠎ᠢᠶᠠᠨ ᠴᠢᠩᠭᠠᠳᠭᠠᠬᠤ᠂ ᠬᠡᠷᠡᠭ᠌ᠵᠢᠭᠦᠯᠦᠯᠲᠡ᠎ᠶ᠋ᠢ ᠨᠠᠢᠳᠠᠪᠤᠷᠢᠵᠢᠭᠤᠯᠬᠤ᠎ᠶ᠋ᠢ ᠴᠢᠩᠭᠠᠳᠭᠠᠬᠤ᠂ ᠰᠠᠢ᠌ᠨ ᠰᠠᠢᠬᠠᠨ ᠲᠦᠷᠢ ᠲᠥᠷᠬᠦ᠌ ᠎ᠶ᠋ᠢ ᠱᠤᠭᠤᠬᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠭᠡᠱᠢᠭᠦᠨ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠯ ᠎ᠢᠶᠡᠷ ᠵᠢᠳᠬᠦᠯ ᠴᠢᠷᠮᠠᠢᠯᠭ᠎ᠠ ᠭᠠᠷᠭᠠᠬᠤ ᠎ᠶ᠋ᠢ ᠬᠦᠳᠦᠯᠦᠨ ᠳᠠᠭᠠᠭᠤᠯᠵᠤ᠂ ᠬᠥᠯᠥᠨ ᠪᠤᠢ᠌ᠷ ᠎ᠤᠨ ᠴᠢᠨᠠᠷ ᠰᠠᠢᠲᠠᠢ ᠬᠥᠭ᠌ᠵᠢᠯᠲᠡ ᠎ᠶ᠋ᠢᠨ ᠯᠠᠪᠳᠠᠭᠤᠨ ᠵᠢᠡᠷ ᠤᠷᠤᠭᠰᠢᠯᠠᠬᠤ᠎ᠶ᠋ᠢ ᠠᠬᠢᠭᠤᠯᠤᠨ᠎ᠠ᠃

ᠰᠠᠬᠢᠯᠭ᠎ᠠ ᠪᠠᠲᠤ ᠶᠣᠰᠣ ᠲᠦᠷᠢᠮ᠎ᠢ ᠴᠢᠩᠭ᠎ᠠ ᠰᠠᠬᠢᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠵᠠᠷᠴᠢᠮᠲᠤ ᠴᠢᠨᠠᠷ᠎ᠢ ᠬᠦᠴᠦᠯᠡᠨ ᠴᠢᠩᠭᠠᠳᠬᠠᠨ᠎ᠠ᠃ ᠪᠦᠬᠦ᠌ ᠬᠣᠲᠠ᠎ᠶ᠋ᠢᠨ ᠡᠯ᠎ᠡ ᠱᠠᠲᠤᠨ᠎ᠤ᠋ ᠤᠳᠤᠷᠢᠳᠭᠤ ᠺᠠᠳ᠋ᠷ ᠲᠦᠷᠦᠭᠦᠯᠡᠨ ᠨᠠᠮ ᠎ᠤᠨ ᠳᠦᠷᠢᠮ ᠪᠠ ᠨᠠᠮ᠎ᠤᠨ ᠳᠣᠲᠣᠭᠠᠳᠤ᠎ᠶ᠋ᠢᠨ ᠡᠯ᠎ᠡ ᠵᠦᠢᠯ᠎ᠦᠨ ᠲᠣᠭ᠍ᠲᠠᠭᠠᠯ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠵᠤ᠂ ᠤᠯᠤᠰ ᠲᠥᠷᠦ᠍᠎ᠶ᠋ᠢᠨ ᠰᠠᠬᠢᠯᠭ᠎ᠠ ᠪᠠᠲᠤ ᠪᠠ ᠤᠯᠤᠰ ᠲᠥᠷᠦ᠍ ᠎ᠶ᠋ᠢᠨ ᠶᠣᠰᠣ ᠳᠦᠷᠢᠮ ᠢ᠋ ᠲᠡᠷᠢᠭᠦᠨ᠎ᠳᠦ ᠲᠠᠯᠪᠢᠬᠤ᠎ᠶ᠋ᠢ ᠪᠠᠷᠢᠮᠲᠠᠯᠠᠵᠤ᠂ ᠵᠠᠷᠴᠢᠮᠲᠤ ᠴᠢᠨᠠᠷ ᠢ᠋ ᠨᠠᠮ᠎ᠤᠨ ᠳᠣᠲᠣᠭᠠᠳᠤ᠎ᠶ᠋ᠢᠨ ᠤᠯᠤᠰ ᠲᠥᠷᠦ᠍ ᠎ᠶ᠋ᠢᠨ ᠠᠮᠢᠳᠤᠷᠠᠯ ᠎ᠤᠨ ᠪᠦᠬᠦ᠌ ᠶᠠᠪᠤᠴᠠ ᠡᠯ᠎ᠡ ᠲᠠᠯ᠎ᠠ᠎ᠳᠤ ᠲᠤᠭᠤᠱᠢᠯᠠᠭᠤᠯᠵᠤ᠂ ᠨᠠᠮ ᠎ᠤᠨ ᠦᠵᠡᠯ ᠰᠠᠨᠠᠭᠠᠨ᠎ᠤ ᠵᠠᠷᠴᠢᠮ᠂ ᠤᠯᠤᠰ ᠲᠥᠷᠦ᠍ ᠎ᠶ᠋ᠢᠨ ᠵᠠᠷᠴᠢᠮ᠂ ᠵᠣᠬᠢᠶᠠᠨ ᠪᠠᠢᠭᠤᠯᠤᠯᠲᠠ ᠎ᠶ᠋ᠢᠨ ᠵᠠᠷᠴᠢᠮ᠂ ᠠᠵᠢᠯ ᠎ᠤᠨ ᠵᠠᠷᠴᠢᠮ ᠢ᠋ ᠡᠷᠡᠰ ᠭᠤᠢᠪᠢᠰᠢ ᠦᠭᠡᠢ ᠪᠠᠷᠢᠮᠲᠠᠯᠠᠵᠤ᠂ ᠨᠠᠮ ᠎ᠤᠨ ᠭᠡᠱᠢᠭᠦᠨ ᠺᠠᠳ᠋ᠷ ᠎ᠢ ᠬᠥᠲᠥᠯᠥᠨ ᠵᠢᠯᠣᠭᠣᠳᠴᠤ᠌ ᠪᠠᠢᠭᠠᠳ 《ᠲᠠᠪᠤᠨ ᠡᠷᠬᠡᠪᠰᠢ》᠎ᠶ᠋ᠢᠨ ᠤᠬᠠᠮᠰᠠᠷ ᠎ᠢ ᠪᠦᠬᠦ᠌ ᠲᠠᠯ᠎ᠠ ᠎ᠪᠠᠷ ᠴᠢᠩᠭᠠᠳᠭᠠᠵᠤ᠂ 《ᠳᠤᠯᠤᠭ᠎ᠠ ᠪᠠᠢᠬᠤ》 ᠬᠥᠷᠥᠰᠥ᠍ ᠱᠢᠷᠣᠢ᠎ᠶ᠋ᠢ ᠡᠷᠡᠰ ᠠᠷᠢᠯᠭᠠᠵᠤ᠂ ᠤᠯᠠᠭᠠᠨ ᠱᠤᠭᠤᠮ᠎ᠳᠤ ᠬᠠᠯᠳᠠᠬᠤ ᠦᠭᠡᠢ᠂ ᠬᠣᠷᠢᠭ᠎ᠠ ᠱᠤᠭᠤᠮ᠎ᠢ ᠰᠠᠬᠢᠬᠤ᠎ᠶ᠋ᠢ ᠦᠨᠡᠨ ᠬᠦ᠌ ᠪᠡᠶᠡᠯᠡᠭᠦᠯᠵᠦ᠍᠂ ᠤᠯᠤᠰ ᠲᠥᠷᠦ᠍ ᠎ᠶ᠋ᠢᠨ ᠠᠮᠢ ᠠᠬᠤᠢ ᠎ᠶ᠋ᠢᠨ ᠰᠤᠷᠲᠠᠯ ᠴᠢᠬᠡᠴᠢ ᠣᠪᠣᠷ ᠲᠥᠪ ᠪᠠᠢᠬᠤ᠎ᠶ᠋ᠢ ᠠᠬᠢᠭᠤᠯᠤᠨ᠎ᠠ᠃ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠲᠠᠢ᠌ᠴᠢᠨ ᠴᠢᠨᠠᠷ᠎ᠢ ᠬᠦᠴᠦᠯᠡᠨ ᠴᠢᠩᠭᠠᠳᠬᠠᠨ᠎ᠠ᠃

ᠳᠡᠮᠡᠴᠡᠯ᠎ᠤᠨ ᠵᠤᠷᠢᠭ ᠰᠠᠨᠠᠭ᠎ᠠ ᠵᠢ ᠪᠠᠳᠠᠷᠠᠭᠤᠯᠵᠤ᠂ ᠨᠠᠮ᠎ᠤᠨ ᠳᠤᠳᠤᠭᠠᠳᠤ ᠵᠢᠨ ᠤᠯᠤᠰ ᠲᠦᠷᠦ ᠵᠢᠨ ᠠᠮᠢᠳᠤᠷᠠᠯ᠎ᠤᠨ ᠳᠠᠢᠴᠢᠨ ᠴᠢᠨᠠᠷ᠎ᠢ ᠬᠦᠴᠦᠯᠡᠨ ᠴᠢᠩᠭᠠᠳᠬᠠᠨ᠎ᠠ᠃ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠨᠠᠮ᠎ᠤᠨ ᠵᠣᠬᠢᠶᠠᠨ ᠪᠠᠢᠭᠤᠯᠤᠯᠲᠠ ᠨᠢᠭᠡ ᠪᠦᠷᠢ᠎ᠶ᠋ᠢ ᠴᠥᠮ ᠮᠠᠭᠤ᠎ᠶ᠋ᠢ ᠦᠯᠳᠡᠵᠦ ᠰᠠᠢ᠌ᠨ᠎ᠢ ᠰᠠᠢᠱᠢᠶᠠᠬᠤ ᠲᠠᠢ᠌ᠴᠢᠨ ᠪᠡᠬᠢᠯᠡᠯᠲᠡ ᠪᠣᠯᠭᠠᠬᠤ᠂ ᠨᠠᠮ᠎ᠤᠨ ᠭᠡᠱᠢᠭᠦᠨ ᠨᠢᠭᠡ ᠪᠦᠷᠢ᠎ᠶ᠋ᠢ ᠴᠥᠮ ᠲᠥᠪ ᠰᠤᠷᠲᠠᠯ᠎ᠢ ᠲᠡᠮᠵᠢᠨ ᠭᠠᠵᠢᠭᠤ ᠪᠤᠷᠤᠭᠤ᠎ᠶ᠋ᠢ ᠠᠷᠢᠯᠭᠠᠬᠤ ᠲᠠᠢ᠌ᠴᠢᠨ ᠭᠡᠱᠢᠭᠦᠨ ᠪᠣᠯᠭᠠᠬᠤ ᠳᠤᠬᠠᠢ ᠴᠢᠬᠤᠯᠠ ᠱᠠᠭᠠᠷᠳᠠᠯᠭ᠎ᠠ ᠵᠢ ᠭᠦᠨᠵᠡᠭᠡᠢ ᠲᠤᠭᠤᠱᠢᠯᠠᠭᠤᠯᠵᠤ᠂ ᠪᠦᠬᠦ᠌ ᠬᠤᠳᠠ ᠎ᠶ᠋ᠢᠨ ᠨᠠᠮ᠎ᠤᠨ ᠳᠣᠲᠣᠭᠠᠳᠤ ᠎ᠶ᠋ᠢᠨ ᠤᠯᠤᠰ ᠲᠦᠷᠦ᠍ ᠎ᠶ᠋ᠢᠨ ᠠᠮᠢᠳᠤᠷᠠᠯ ᠎ᠢ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠢ ᠡᠷᠡᠰ ᠵᠠᠰᠠᠵᠤ᠂ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠢ ᠨᠢ ᠦᠨᠡᠨ ᠬᠦ᠌ ᠲᠥᠪ ᠴᠢᠩᠭ᠎ᠠ ᠪᠣᠯᠭᠠᠵᠤ᠂ ᠨᠠᠮ᠎ᠤᠨ ᠤᠬᠠᠮᠰᠠᠷ᠎ᠢ ᠨᠢ ᠴᠢᠩᠭᠠᠳᠭᠠᠵᠤ᠂ ᠤᠯᠤᠰ ᠲᠦᠷᠦ᠍᠎ᠶ᠋ᠢᠨ ᠰᠣᠶᠣᠯ᠎ᠢ ᠨᠢ ᠴᠡᠪᠡᠷᠱᠢᠭᠦᠯᠵᠦ᠍᠂ ᠪᠦᠬᠦ᠌ ᠬᠤᠳᠠ᠎ᠶ᠋ᠢᠨ ᠨᠠᠮ᠎ᠤᠨ ᠭᠡᠱᠢᠭᠦᠨ ᠺᠠᠳ᠋ᠷ ᠤᠯᠠᠨ ᠲᠦᠮᠡᠨ᠎ᠢ ᠬᠦᠳᠦᠯᠦᠨ ᠳᠠᠭᠠᠭᠤᠯᠵᠤ᠂ ᠣᠳᠣᠬᠢᠴᠢᠯᠠᠭ᠍ᠰᠠᠨ ᠬᠥᠯᠥᠨ ᠪᠤᠢ᠌ᠷ᠎ᠢ ᠪᠦᠳᠦᠭᠡᠨ ᠪᠠᠢᠭᠤᠯᠬᠤ᠎ᠶ᠋ᠢᠨ ᠲᠥᠯᠥᠭᠡ ᠴᠦᠬᠦᠷᠡᠰᠢ ᠦᠭᠡᠢ ᠴᠢᠷᠮᠠᠢᠨ ᠲᠡᠮᠡᠴᠡᠵᠦ᠍᠂ ᠱᠢᠯᠢᠳᠡᠭ ᠠᠮᠵᠢᠯᠲᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭᠳᠤᠨ᠎ᠠ ᠃


ᠬᠢᠩᠭᠠᠨ ᠠᠢᠮᠠᠭ᠎ᠤᠨ ᠨᠠᠮ᠎ᠤᠨ ᠬᠣᠷᠢᠶᠠᠨ᠎ᠤ ᠱᠦᠵᠢ ᠵᠠᠩ ᠱᠢᠶᠤᠤ ᠪᠢᠩ᠄

ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠦᠪᠯᠡᠷᠡᠭᠦᠯᠦᠨ ᠵᠠᠰᠠᠬᠤ ᠵᠢ ᠡᠷᠡᠰ ᠭᠤᠢᠪᠢᠰᠢ ᠦᠭᠡᠢ ᠰᠠᠢᠲᠤᠷ ᠠᠳᠭᠤᠵᠤ ᠰᠤᠷᠲᠠᠯ ᠴᠢᠬᠡᠴᠢ ᠣᠪᠣᠷ ᠲᠥᠪ ᠰᠠᠢ᠌ᠨ ᠰᠠᠢᠬᠠᠨ ᠤᠯᠤᠰ ᠲᠦᠷᠦ᠍ ᠎ᠶ᠋ᠢᠨ ᠠᠮᠢ ᠠᠬᠤᠢ ᠎ᠶ᠋ᠢ ᠴᠢᠷᠮᠠᠢᠨ ᠪᠤᠢ ᠪᠣᠯᠭᠠᠨ᠎ᠠ


ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠳᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠠᠵᠢᠯ ᠎ᠢ ᠥᠷᠨᠢᠭᠦᠯᠬᠦ᠌ ᠨᠢ ᠮᠠᠨ ᠎ᠤ ᠣᠷᠣᠨ᠎ᠤ ᠶᠡᠷᠦᠩᠬᠡᠶ ᠱᠦᠵᠢ ᠰᠢ ᠵᠢᠨ ᠫᠢᠩ ᠎ᠦᠨ ᠴᠢᠬᠤᠯᠠ ᠵᠢᠭᠠᠪᠤᠷᠢ ᠱᠠᠭᠠᠷᠳᠠᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠪᠤᠯᠤᠨ᠎ᠠ᠂ ᠥᠪᠡᠷ ᠎ᠦᠨ ᠪᠡᠶ᠎ᠡ ᠎ᠳᠡᠭᠡᠨ ᠬᠤᠪᠢᠰᠭᠠᠯ ᠬᠢᠬᠦ᠌ ᠵᠣᠷᠢᠭ ᠰᠠᠨᠠᠭ᠎ᠠ ᠎ᠶ᠋ᠢ ᠪᠠᠳᠠᠷᠠᠭᠤᠯᠬᠤ᠂ ᠲᠣᠰ ᠪᠡᠶ᠎ᠡ᠎ᠶ᠋ᠢᠨ ᠪᠠᠢᠭᠤᠯᠤᠯᠲᠠ᠎ᠪᠠᠨ ᠴᠢᠩᠭᠠᠳᠭᠠᠬᠤ᠎ᠶ᠋ᠢᠨ ᠪᠣᠳᠠᠲᠤ ᠬᠡᠷᠡᠭ᠌ᠴᠡᠭᠡ ᠮᠥᠨ᠂ ᠡᠨᠡ ᠨᠢ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶ᠎ᠠ ᠎ᠶ᠋ᠢᠨ 《ᠬᠣᠶᠠᠷ᠎ᠢ ᠬᠠᠮᠠᠭᠠᠯᠠᠬᠤ》 ᠎ᠶ᠋ᠢ ᠡᠷᠡᠰ ᠪᠡᠶᠡᠯᠡᠭᠦᠯᠬᠦ᠌ ᠳᠡᠭᠡᠳᠦ ᠬᠡᠮᠵᠢᠶᠡᠨ᠎ᠦ ᠤᠬᠠᠮᠰᠠᠷ ᠪᠠ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠴᠢᠩᠳᠠᠯᠠᠬᠤ ᠡᠷᠡᠰ ᠵᠣᠷᠢᠭ᠎ᠢ ᠭᠦᠶ᠋ᠴᠡᠳ ᠢᠯᠡᠷᠡᠭᠦᠯᠵᠦ᠍᠂ ᠯᠠᠪᠲᠠᠶ ᠤᠯᠤᠰ ᠲᠥᠷᠥ ᠎ᠶ᠋ᠢᠨ ᠠᠮᠢ ᠠᠬᠤᠶ ᠎ᠶ᠋ᠢ ᠪᠥᠬᠥ᠌ ᠲᠠᠯ᠎ᠠ ᠎ᠪᠠᠷ ᠳᠠᠬᠢᠨ ᠴᠣᠭ᠍ᠴᠠᠯᠠᠬᠤ᠎ᠶ᠋ᠢ ᠲᠦᠷᠭᠡᠳᠭᠡᠨ ᠠᠬᠢᠭᠤᠯᠵᠤ᠂ ᠨᠠᠮ᠎ᠢ ᠪᠥᠬᠥ᠌ ᠲᠠᠯ᠎ᠠ᠎ᠪᠠᠷ ᠴᠢᠩᠭ᠎ᠠ ᠵᠠᠰᠠᠬᠤ᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠦᠨ ᠬᠥᠭ᠌ᠵᠢᠭᠦᠯᠬᠦ᠌᠎ᠶ᠋ᠢ ᠠᠬᠢᠭᠤᠯᠬᠤ ᠪᠣᠯᠤᠨ᠎ᠠ᠃ ᠪᠢᠳᠡ ᠤᠯᠤᠰ ᠲᠦᠷᠦ᠍ ᠎ᠶ᠋ᠢᠨ ᠲᠠᠯ᠎ᠠ ᠡᠴᠡ ᠦᠵᠡᠬᠦ᠌᠂ ᠤᠯᠤᠰ ᠲᠦᠷᠦ᠍ ᠎ᠶ᠋ᠢᠨ ᠲᠠᠯ᠎ᠠ ᠡᠴᠡ ᠡᠷᠬᠢᠯᠡᠬᠦ᠌ ᠎ᠶ᠋ᠢ ᠪᠠᠷᠢᠮᠲᠠᠯᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠤᠬᠠᠮᠰᠠᠷ ᠡᠴᠡ ᠪᠠᠨ ᠨᠠᠮ ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠲᠡᠭᠡᠷ᠎ᠡ ᠨᠢᠭᠡᠳᠬᠡᠵᠦ᠂ ᠲᠥᠪᠯᠡᠷᠡᠩᠭᠦᠢ ᠵᠠᠰᠠᠯᠲᠠ᠎ᠶ᠋ᠢ ᠡᠷᠡᠰ ᠰᠠᠢᠲᠤᠷ ᠠᠳᠭᠤᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍ ᠎ᠶ᠋ᠢᠨ ᠠᠮᠢᠳᠤᠷᠠᠯ᠎ᠤᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ᠂ ᠲᠠᠢ᠌ᠴᠢᠨ ᠴᠢᠨᠠᠷ᠎ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠳᠡᠢ᠃

ᠨᠢᠭᠡ᠎ᠳᠦ᠂ ᠬᠦᠰᠡᠯᠡᠩ ᠢᠲᠡᠭᠡᠯ ᠵᠣᠷᠢᠭ ᠎ᠢᠶᠠᠨ ᠪᠠᠲᠤᠳᠭᠠᠵᠤ᠂ ᠨᠠᠮ ᠎ᠤᠨ ᠳᠣᠲᠣᠭᠠᠳᠤ ᠎ᠶ᠋ᠢᠨ ᠤᠯᠤᠰ ᠲᠦᠷᠦ᠍ ᠎ᠶ᠋ᠢᠨ ᠠᠮᠢᠳᠤᠷᠠᠯ ᠎ᠢ ᠲᠥᠪ ᠴᠢᠩᠭ᠎ᠠ ᠪᠠᠢᠯᠭᠠᠬᠤ ᠦᠵᠡᠯ ᠰᠠᠨᠠᠭᠠᠨ ᠎ᠤ ᠰᠠᠭᠤᠷᠢ ᠎ᠶ᠋ᠢ ᠪᠠᠲᠤᠳᠭᠠᠨ᠎ᠠ᠃ ᠮᠠᠨ ᠎ᠤ ᠠᠢᠮᠠᠭ ᠎ᠤᠨ 《ᠨᠢᠭᠡ ᠣᠷᠳᠣᠨ ᠠᠷᠪᠠᠨ ᠪᠠᠭᠤᠷᠢ》 ᠵᠡᠷᠭᠡ ᠬᠤᠪᠢᠰᠭᠠᠯ ᠎ᠤᠨ ᠡᠬᠢ ᠪᠠᠶᠠᠯᠢᠭ᠎ᠢ ᠭᠦᠢᠴᠡᠳ ᠠᠱᠢᠭ᠍ᠯᠠᠵᠤ᠂ ᠬᠦᠰᠡᠯᠡᠩ ᠢᠲᠡᠭᠡᠯ ᠪᠢᠱᠢᠷᠡᠯ ᠎ᠦᠨ ᠬᠥᠮᠦᠵᠢᠯ᠎ᠢ ᠦᠷᠭᠦᠯᠵᠢᠯᠡᠨ ᠴᠢᠩᠭᠠᠳᠭᠠᠵᠤ᠂ ᠨᠠᠮᠴᠢ ᠴᠢᠨᠠᠷ ᠤ᠋ᠨ ᠬᠡᠪ ᠪᠣᠯᠪᠠᠰᠤᠷᠠᠯ᠎ᠢᠶᠠᠨ ᠲᠠᠰᠤᠷᠠᠯᠲᠠ ᠦᠭᠡᠢ ᠴᠢᠩᠭᠠᠳᠭᠠᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠢ ᠬᠥᠮᠦᠵᠢᠭᠦᠯᠦᠨ ᠵᠢᠯᠣᠭᠣᠳᠴᠤ᠌ ᠪᠠᠢᠭᠠᠳ ᠦᠵᠡᠯ ᠰᠠᠨᠠᠭᠠᠨ᠎ᠤ ᠵᠠᠯᠠᠭᠤᠷ ᠎ᠢ ᠯᠠᠪᠳᠠᠭᠤᠨ ᠡᠵᠡᠮᠳᠡᠵᠦ᠍᠂ ᠣᠶᠤᠨ ᠰᠠᠨᠠᠭᠠᠨ ᠎ᠤ ᠺᠠᠯᠼ ᠎ᠢ ᠭᠦᠢᠴᠡᠳ ᠨᠥᠬᠥᠪᠥᠷᠢᠯᠡᠵᠦ᠍᠂ ᠤᠬᠠᠮᠰᠠᠷ ᠡᠴᠡ᠎ᠪᠠᠨ ᠡᠪ ᠬᠠᠮᠲᠤ ᠶᠣᠰᠣᠨ ᠎ᠤ ᠠᠯᠤᠰ ᠭᠡᠳᠤ ᠵᠢᠨ ᠬᠦᠰᠡᠯᠡᠩ ᠪᠠ ᠳᠤᠮᠳᠠᠳᠤ ᠤᠯᠤᠰ ᠤ᠋ᠨ ᠣᠨᠴᠠᠯᠢᠭ᠎ᠲᠠᠶ ᠨᠡᠢᠭᠡᠮ ᠵᠢᠷᠤᠮ᠎ᠤᠨ ᠬᠠᠮᠲᠤ᠎ᠶ᠋ᠢᠨ ᠬᠦᠰᠡᠯᠡᠩ᠎ᠦᠨ ᠡᠷᠡᠰ ᠪᠠᠲᠤ ᠱᠢᠲᠦᠭ᠌ᠴᠢ᠂ ᠦᠨᠡᠨᠴᠢ ᠱᠢᠳᠤᠷᠭᠤ ᠦᠢᠯᠡᠳᠦᠯᠭᠡᠵᠢᠭᠦᠯᠦᠭ᠌ᠴᠢ ᠪᠣᠯᠬᠤ ᠬᠡᠷᠡᠭ᠌ᠲᠡᠢ᠃ ᠪᠥᠬᠥ᠌ ᠠᠢᠮᠠᠭ ᠎ᠤᠨ ᠱᠢᠨ᠎ᠡ ᠬᠥᠭ᠌ᠵᠢᠯᠲᠡ ᠎ᠶ᠋ᠢᠨ ᠣᠢᠯᠠᠭᠠᠭ᠍ᠳᠠᠬᠤᠨ ᠎ᠢ ᠲᠤᠭᠤᠰᠢᠯᠠᠭᠤᠯᠵᠤ ᠴᠢᠨᠠᠷ ᠰᠠᠢᠲᠠᠶ ᠬᠥᠭ᠌ᠵᠢᠯᠲᠡ ᠎ᠶ᠋ᠢ ᠠᠬᠢᠭᠤᠯᠬᠤ ᠶᠠᠷᠢᠶᠠᠨ ᠎ᠤ ᠲᠠᠩᠬᠢᠮ ᠎ᠢ ᠰᠠᠢᠲᠤᠷ ᠡᠷᠭᠢᠯᠡᠨ ᠬᠡᠷᠡᠭ᠌ᠯᠡᠵᠦ᠍᠂ ᠨᠠᠮ ᠎ᠤᠨ ᠭᠡᠱᠢᠭᠦᠨ ᠺᠠᠳ᠋ᠷᠴᠤᠳ ᠶᠡᠷᠦᠩᠬᠡᠶ ᠱᠦᠵᠢ ᠰᠢ ᠵᠢᠨ ᠫᠢᠩ ᠎ᠦᠨ ᠨᠠᠮ ᠎ᠤᠨ ᠳᠣᠲᠣᠭᠠᠳᠤ ᠎ᠶ᠋ᠢᠨ ᠤᠯᠤᠰ ᠲᠥᠷᠥ ᠎ᠶ᠋ᠢᠨ ᠠᠮᠢᠳᠤᠷᠠᠯ ᠎ᠢ ᠲᠥᠪ ᠴᠢᠩᠭ᠎ᠠ ᠪᠣᠯᠭᠠᠬᠤ ᠲᠤᠬᠠᠶ ᠴᠢᠬᠤᠯᠠ ᠥᠭᠦᠯᠡᠯᠲᠡ ᠎ᠶ᠋ᠢ ᠰᠤᠷᠤᠯᠴᠠᠵᠤ᠂ 《ᠱᠢᠨ᠎ᠡ ᠪᠠᠢᠳᠠᠯ ᠳᠤᠤᠷᠠᠬᠢ ᠨᠠᠮ ᠎ᠤᠨ ᠳᠣᠲᠣᠭᠠᠳᠤ ᠎ᠶ᠋ᠢᠨ ᠤᠯᠤᠰ ᠲᠥᠷᠥ ᠎ᠶ᠋ᠢᠨ ᠠᠮᠢᠳᠤᠷᠠᠯ ᠎ᠤᠨ ᠲᠤᠬᠠᠶ ᠪᠠᠷᠢᠮᠵᠢᠶ᠎ᠠ ᠨᠤᠭᠤᠳ》 ᠢ᠋ ᠰᠤᠷᠤᠯᠴᠠᠵᠤ᠂ ᠵᠠᠷᠯᠠᠨ ᠮᠡᠳᠡᠭ᠌ᠳᠡᠭ᠌ᠰᠡᠨ ᠠᠰᠠᠭᠤᠳᠠᠯ ᠎ᠤᠨ ᠨᠠᠷᠢᠨ ᠲᠠᠩᠰᠠ ᠎ᠲᠠᠶ ᠬᠠᠷᠭᠤᠭᠤᠯᠵᠤ ᠪᠠᠢᠭᠠᠳ 《 ᠬᠣᠶᠠᠷ ᠎ᠢ ᠰᠤᠷᠤᠯᠴᠠᠵᠤ ᠨᠢᠭᠡ ᠎ᠶ᠋ᠢ ᠬᠠᠷᠢᠴᠠᠭᠤᠯᠬᠤ 》 ᠠᠵᠢᠯᠯᠠᠭ᠎ᠠ ᠎ᠶ᠋ᠢ ᠭᠦᠨᠵᠡᠭᠡᠶ ᠡᠷᠭᠢᠴᠡᠭᠦᠯᠦᠨ ᠪᠤᠳᠤᠵᠤ᠂ ᠣᠨᠣᠯ ᠎ᠤᠨ ᠲᠠᠯ᠎ᠠ ᠎ᠪᠠᠷ ᠰᠡᠷᠭᠡᠭ ᠪᠠᠢᠬᠤ ᠪᠠ ᠤᠯᠤᠰ ᠲᠥᠷᠥ ᠎ᠶ᠋ᠢᠨ ᠲᠠᠯ᠎ᠠ ᠎ᠪᠠᠷ ᠡᠷᠡᠰ ᠪᠠᠲᠤ ᠪᠠᠢᠬᠤ ᠎ᠶ᠋ᠢ ᠢᠮᠠᠭ᠍ᠲᠠ ᠪᠠᠲᠤᠯᠠᠵᠤ᠂ ᠡᠯ᠎ᠡ ᠵᠦᠶ᠋ᠯ ᠎ᠦᠨ ᠪᠤᠷᠤᠭᠤ ᠦᠵᠡᠯ ᠰᠠᠨᠠᠭᠠᠨ ᠎ᠤ ᠨᠡᠪᠴᠢᠯᠳᠠ ᠎ᠶ᠋ᠢ ᠡᠷᠡᠰ ᠬᠣᠷᠢᠭ᠍ᠯᠠᠨ᠎ᠠ᠃

ᠬᠣᠶᠠᠷ᠎ᠲᠤ᠂ ᠰᠠᠬᠢᠯᠭ᠎ᠠ ᠪᠠᠲᠤ ᠶᠣᠰᠣ ᠲᠦᠷᠢᠮ᠎ᠢ ᠴᠢᠩᠳᠠᠯᠠᠵᠤ᠂ ᠨᠠᠮ ᠎ᠤᠨ ᠳᠣᠲᠣᠭᠠᠳᠤ ᠎ᠶ᠋ᠢᠨ ᠤᠯᠤᠰ ᠲᠦᠷᠦ᠍ ᠎ᠶ᠋ᠢᠨ ᠠᠮᠢᠳᠤᠷᠠᠯ ᠎ᠤᠨ ᠴᠢᠩᠭ᠎ᠠ ᠬᠢᠵᠠᠭᠠᠷᠯᠠᠯ ᠎ᠢ ᠴᠢᠩᠭᠠᠳᠭᠠᠨ᠎ᠠ᠃ ᠰᠠᠬᠢᠯᠭ᠎ᠠ ᠪᠠᠲᠤ ᠪᠠ ᠶᠣᠰᠣ ᠲᠦᠷᠢᠮ ᠎ᠢ ᠲᠡᠷᠢᠭᠦᠨ ᠎ᠳᠦ ᠲᠠᠯᠪᠢᠬᠤ ᠎ᠶ᠋ᠢ ᠪᠠᠷᠢᠮᠲᠠᠯᠠᠵᠤ᠂ ᠰᠡᠷᠡᠮᠵᠢᠯᠡᠭᠦᠯᠬᠦ᠌ ᠬᠥᠮᠦᠵᠢᠯ ᠎ᠦᠨ ᠹᠢᠯᠢᠮ ᠎ᠢ ᠦᠵᠡᠬᠦ᠌᠂ ᠡᠰᠡᠷᠭᠦ᠌ ᠲᠠᠯ᠎ᠠ ᠎ᠶ᠋ᠢᠨ ᠨᠡᠢᠲᠡᠯᠢᠭ ᠬᠡᠷᠡᠭ ᠎ᠦᠨ ᠵᠢᠱ᠌ᠢᠶ᠎ᠡ ᠎ᠶ᠋ᠢ ᠦᠵᠡᠬᠦ᠌᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠥᠪᠡᠰᠦᠪᠡᠨ ᠪᠠᠢᠴᠠᠭᠠᠵᠤ ᠥᠪᠡᠰᠦᠪᠡᠨ ᠵᠠᠯᠠᠷᠠᠭᠤᠯᠬᠤ᠎ᠶ᠋ᠢ ᠠᠬᠢᠭᠤᠯᠵᠦ᠂ ᠴᠡᠭ᠌ᠴᠡᠯᠡᠨ ᠰᠠᠢᠵᠢᠷᠠᠭᠤᠯᠵᠤ 《 ᠬᠣᠶᠠᠷ ᠎ᠢ ᠦᠵᠡᠬᠦ᠌᠂ ᠬᠣᠶᠠᠷ ᠎ᠢ ᠠᠬᠢᠭᠤᠯᠬᠤ 》 ᠠᠵᠢᠯᠯᠠᠭ᠎ᠠ ᠎ᠶ᠋ᠢ ᠳᠡᠭᠡᠭ᠌ᠰᠢᠯᠡᠭᠦᠯᠬᠦ᠌ ᠎ᠶ᠋ᠢ ᠠᠬᠢᠭᠤᠯᠵᠤ ᠬᠡᠷᠡᠭ ᠎ᠢᠶᠡᠷ ᠰᠠᠬᠢᠯᠭ᠎ᠠ ᠪᠠᠲᠤ ᠎ᠶ᠋ᠢ ᠲᠣᠳᠣᠷᠬᠠᠢᠯᠠᠬᠤ᠂ ᠬᠡᠷᠡᠭ ᠎ᠢᠶᠡᠷ ᠰᠡᠷᠡᠮᠵᠢᠯᠡᠭᠦᠯᠬᠦ᠌ ᠎ᠶ᠋ᠢ ᠴᠢᠩᠭᠠᠳᠭᠠᠵᠤ᠂ ᠠᠢᠮᠠᠭ ᠎ᠤᠨ ᠱᠠᠲᠤᠨ ᠎ᠤ ᠤᠳᠤᠷᠢᠳᠭᠤ ᠺᠠᠳ᠋ᠷᠴᠤᠳ ᠎ᠤᠨ ᠬᠤᠷᠠᠯ ᠬᠤᠷᠠᠯᠳᠤᠭᠤᠯᠵᠤ᠂ ᠠᠢᠮᠠᠭ ᠎ᠤᠨ ᠱᠠᠲᠤᠨ ᠎ᠤ ᠤᠳᠤᠷᠢᠳᠭᠤ ᠺᠠᠳ᠋ᠷ ᠲᠦᠷᠦᠭᠦᠯᠡᠨ ᠦᠯᠢᠭᠡᠷ ᠳᠠᠭᠤᠷᠢᠶᠠᠯ ᠦᠵᠡᠭᠦᠯᠵᠦ᠍ ᠦᠯᠢᠭᠡᠷ ᠳᠠᠭᠤᠷᠢᠶᠠᠯ ᠪᠣᠯᠬᠤ ᠎ᠶ᠋ᠢ ᠱᠠᠭᠠᠷᠳᠠᠵᠤ᠂ 《 ᠵᠢᠵᠢᠭ ᠪᠦᠯᠬᠦᠮ ᠎ᠦᠨ ᠰᠣᠶᠣᠯ》᠂ 《 ᠭᠠᠷᠠᠮ ᠎ᠤᠨ ᠰᠣᠶᠣᠯ 》᠂ 《 ᠠᠷᠢᠬᠢᠨ ᠱᠢᠷᠡᠭᠡᠨ ᠎ᠦ ᠰᠣᠶᠣᠯ 》᠂ 《 ᠡᠷᠬᠡ ᠎ᠶ᠋ᠢᠨ ᠠᠷᠠᠯᠵᠢᠶ᠎ᠠ》 ᠵᠡᠷᠭᠡ 11 ᠵᠦᠢᠯ ᠎ᠦᠨ ᠪᠣᠳᠠᠲᠠᠢ ᠢᠯᠡᠷᠡᠯ ᠎ᠢ ᠡᠷᠡᠰ ᠡᠰᠡᠷᠭᠦᠴᠡᠨ ᠬᠣᠷᠢᠭ᠍ᠯᠠᠵᠤ᠂ ᠲᠥᠪᠯᠡᠷᠡᠬᠦᠯᠦᠨ ᠵᠠᠰᠠᠵᠤ ᠠᠰᠠᠭᠤᠳᠠᠯ ᠎ᠳᠤ ᠠᠩᠬᠠᠷᠤᠯ ᠎ᠢᠶᠠᠨ ᠲᠥᠪᠯᠡᠷᠡᠭᠦᠯᠦᠨ᠂ ᠬᠠᠷᠠᠯᠲᠠ ᠎ᠲᠠᠶ ᠪᠠᠷ ᠬᠦᠴᠦᠯᠡᠵᠦ᠍᠂ ᠪᠣᠳᠠᠲᠤ ᠦᠷ᠎ᠡ ᠪᠦᠲᠦᠮᠵᠢ ᠤᠯᠬᠤ ᠎ᠶ᠋ᠢ ᠪᠠᠲᠤᠯᠠᠨ᠎ᠠ᠃ ᠦᠨᠭ᠌ᠭᠡᠨ ᠲᠠᠯ᠎ᠠ ᠪᠠ ᠦᠨᠳᠦᠰᠦ ᠰᠤᠷᠪᠤᠯᠵᠢ ᠎ᠶ᠋ᠢ ᠨᠢ ᠵᠡᠷᠭᠡ ᠪᠡᠷ ᠵᠠᠰᠠᠬᠤ᠂ ᠠᠷᠭ᠎ᠠ ᠪᠤᠳᠤᠯᠭ᠎ᠠ ᠎ᠶ᠋ᠢ ᠶᠡᠷᠦᠩᠬᠡᠢᠯᠡᠨ ᠬᠡᠷᠡᠭ᠌ᠵᠢᠭᠦᠯᠬᠦ᠌ ᠎ᠶ᠋ᠢ ᠪᠠᠷᠢᠮᠲᠠᠯᠠᠵᠤ᠂ ᠨᠠᠮ ᠎ᠤᠨ ᠳᠣᠲᠣᠭᠠᠳᠤ ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠎ᠳ᠋ᠤ ᠪᠠᠢᠩᠭᠤ ᠰᠠᠨᠠᠭᠤᠯᠭ᠎ᠠ ᠦᠭᠬᠦ᠂ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠎ᠳᠦ ᠬᠠᠷᠢᠭᠤᠴᠠᠬᠤ᠂ ᠰᠦᠪᠡᠭ᠌ᠴᠢ ᠎ᠶ᠋ᠢ ᠢᠯᠡᠷᠡᠭᠦᠯᠬᠦ᠌᠂ ᠠᠰᠠᠭᠤᠳᠠᠯ᠎ᠢ ᠪᠠᠢᠴᠠᠭᠠᠨ ᠱᠢᠢᠳᠪᠦᠷᠢᠯᠡᠬᠦ᠌ ᠲᠦᠷᠪᠡᠨ ᠵᠦᠢᠯ᠎ᠦᠨ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ ᠎ᠶ᠋ᠢ ᠪᠠᠢᠭᠤᠯᠤᠨ ᠪᠦᠷᠢᠨᠱᠢᠬᠦᠯᠵᠤ᠂ ᠨᠠᠮ᠎ᠤᠨ ᠭᠡᠱᠢᠭᠦᠨ ᠺᠠᠳ᠋ᠷᠴᠤᠳ᠎ᠤᠨ ᠠᠮᠠᠯᠠᠯᠲᠠ ᠬᠢᠵᠦ᠍ ᠠᠮᠠᠯᠠᠯᠲᠠ ᠪᠠᠨ ᠦᠢᠯᠡᠳᠦᠯᠭᠡᠵᠢᠭᠦᠯᠬᠦ᠌ ᠠᠵᠢᠯᠯᠠᠭ᠎ᠠ᠎ᠶ᠋ᠢ ᠪᠦᠬᠦ᠌ ᠲᠠᠯ᠎ᠠ᠎ᠪᠠᠷ ᠥᠷᠨᠢᠭᠦᠯᠵᠦ᠍᠂ ᠤᠯᠤᠰ ᠲᠦᠷᠦ᠍ ᠎ᠶ᠋ᠢᠨ ᠰᠣᠶᠣᠯ᠎ᠤᠨ ᠱᠢᠮᠡᠵᠢᠭᠦᠯᠬᠦ᠌ ᠦᠢᠯᠡᠳᠦᠯ᠎ᠢ ᠨᠡᠩ ᠰᠠᠢᠲᠤᠷ ᠪᠠᠳᠠᠷᠠᠭᠤᠯᠵᠤ᠂ ᠨᠠᠮ ᠎ᠤᠨ ᠳᠣᠲᠣᠭᠠᠳᠤ ᠎ᠶ᠋ᠢᠨ ᠤᠯᠤᠰ ᠲᠦᠷᠦ᠍ ᠎ᠶ᠋ᠢᠨ ᠠᠮᠢᠳᠤᠷᠠᠯ ᠎ᠤᠨ ᠨᠡᠩ ᠡᠷᠡᠭᠦᠯ ᠪᠥᠭᠡᠳ ᠲᠥᠪ ᠴᠢᠩᠭ᠎ᠠ ᠪᠣᠯᠬᠤ ᠎ᠶ᠋ᠢ ᠠᠬᠢᠭᠤᠯᠤᠨ᠎ᠠ᠃

ᠭᠤᠷᠪᠠ᠎ᠳᠤ᠂ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠰᠤᠷᠲᠠᠯ ᠴᠢᠬᠡᠴᠢ ᠣᠪᠣᠷ ᠲᠥᠪ ᠰᠠᠢ᠌ᠨ ᠰᠠᠢᠬᠠᠨ ᠤᠯᠤᠰ ᠲᠦᠷᠦ᠍ ᠎ᠶ᠋ᠢᠨ ᠠᠮᠢ ᠠᠬᠤᠢ ᠎ᠶ᠋ᠢ ᠪᠤᠢ ᠪᠣᠯᠭᠠᠨ᠎ᠠ᠃ ᠺᠠᠳ᠋ᠷ ᠎ᠤᠨ ᠬᠢᠨᠠᠯᠲᠠ ᠬᠠᠮᠢᠶᠠᠷᠤᠯᠲᠠ ᠶ᠋ᠢ ᠴᠢᠩᠭ᠎ᠠ ᠪᠥᠭᠡᠳ ᠪᠣᠳᠠᠲᠠᠢ ᠴᠢᠩᠭᠠᠳᠭᠠᠵᠤ᠂ ᠡᠯ᠎ᠡ ᠱᠠᠲᠤᠨ ᠎ᠤ ᠺᠠᠳ᠋ᠷ ᠢᠯᠠᠩᠭᠤᠶ᠎ᠠ 《ᠨᠢᠭᠡᠳᠦᠭᠡᠷ ᠬᠠᠷᠢᠭᠤᠴᠠᠯᠭᠠᠲᠠᠨ》 ᠢ᠋ ᠬᠥᠮᠦᠵᠢᠭᠦᠯᠦᠨ ᠵᠢᠯᠣᠭᠣᠳᠴᠤ᠌ ᠪᠠᠢᠭᠠᠳ ᠡᠷᠬᠡ ᠎ᠪᠡᠨ ᠵᠢᠷᠤᠮᠵᠢᠭᠤᠨ ᠎ᠢᠶᠠᠷ ᠬᠡᠷᠡᠭ᠌ᠯᠡᠬᠦ᠌ ᠣᠢᠯᠠᠭᠠᠭ᠍ᠳᠠᠬᠤᠨ ᠎ᠢ ᠪᠠᠲᠤ ᠪᠤᠢ ᠪᠣᠯᠭᠠᠵᠤ᠂ ᠭᠡᠷ ᠪᠦᠯᠢ᠎ᠶ᠋ᠢᠨ ᠬᠥᠮᠦᠵᠢᠯ ᠭᠡᠷ᠎ᠦᠨ ᠰᠤᠷᠲᠠᠯ ᠎ᠤᠨ ᠪᠠᠢᠭᠤᠯᠤᠯᠲᠠ ᠎ᠶ᠋ᠢ ᠴᠢᠩᠭᠠᠳᠭᠠᠨ᠂ ᠨᠡᠢᠭᠡᠮ ᠎ᠦᠨ ᠬᠠᠷᠢᠯᠴᠠᠭᠠᠨ ᠎ᠤ ᠬᠦᠷᠢᠶ᠎ᠡ᠂ ᠠᠮᠢᠳᠤᠷᠠᠯ ᠎ᠤᠨ ᠬᠦᠷᠢᠶ᠎ᠡ᠂ ᠨᠠᠢᠵᠠ ᠎ᠶ᠋ᠢᠨ ᠬᠦᠷᠢᠶ᠎ᠡ ᠎ᠶ᠋ᠢ ᠤᠬᠠᠮᠰᠠᠷ ᠡᠴᠡ ᠪᠠᠨ ᠴᠡᠪᠡᠷᠱᠢᠭᠦᠯᠵᠦ᠍᠂ ᠨᠣᠶᠠᠨ ᠰᠠᠭᠤᠵᠤ ᠵᠠᠰᠠᠭ ᠪᠠᠷᠢᠬᠤ᠎ᠶ᠋ᠢᠨ ᠠᠷᠢᠭᠤᠨ ᠴᠢᠬᠡᠴᠢ᠎ᠶ᠋ᠢᠨ ᠬᠤᠷᠢᠭ᠎ᠠ ᠱᠤᠭᠤᠮ ᠎ᠢ ᠦᠨᠡᠨ ᠬᠦ᠌ ᠪᠠᠲᠤ ᠪᠡᠬᠢ ᠪᠠᠢᠭᠤᠯᠤᠨ᠎ᠠ᠃ ᠬᠢᠨᠠᠯᠲᠠ ᠲᠠᠯᠪᠢᠨ ᠪᠠᠢᠴᠠᠭᠠᠬᠤ ᠪᠠ ᠲᠤᠬᠢᠷᠠᠭᠤᠯᠤᠨ ᠠᠬᠢᠭᠤᠯᠬᠤ᠎ᠶ᠋ᠢ ᠴᠢᠩᠭᠠᠳᠭᠠᠵᠤ᠂ ᠳᠣᠯᠣᠭᠠᠨ ᠲᠤᠰᠭᠠᠢ ᠲᠥᠷᠥᠯ ᠎ᠦᠨ ᠬᠢᠨᠠᠨ ᠵᠢᠯᠣᠭᠣᠳᠭᠤ ᠳᠤᠭᠤᠢᠯᠠᠩ ᠢ᠋ ᠪᠠᠢᠭᠤᠯᠵᠤ᠂ ᠡᠯ᠎ᠡ ᠬᠣᠱᠢᠭᠤ ᠱᠢᠶᠠᠨ ᠬᠣᠲᠠ ᠪᠠ ᠠᠢᠮᠠᠭ᠎ᠤᠨ ᠱᠢᠭᠤᠳ ᠬᠠᠷᠢᠶ᠎ᠠ ᠪᠠᠢᠭᠤᠯᠭ᠎ᠠ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠲᠥᠪᠯᠡᠷᠡᠭᠦᠯᠦᠨ ᠵᠠᠰᠠᠬᠤ ᠠᠵᠢᠯ᠎ᠤᠨ ᠬᠢᠨᠠᠨ ᠵᠢᠯᠣᠭᠣᠳᠭᠤ ᠠᠵᠢᠯ᠎ᠢ ᠲᠣᠰ ᠲᠣᠰ ᠬᠠᠷᠢᠭᠤᠴᠠᠭᠤᠯᠵᠤ᠂ ᠣᠷᠣᠱᠢᠵᠤ ᠪᠠᠢᠭ᠎ᠠ ᠲᠣᠪᠣᠢᠮ᠎ᠠ ᠠᠰᠠᠭᠤᠳᠠᠯ ᠎ᠢ ᠴᠠᠭ ᠲᠤᠬᠠᠢ ᠎ᠳᠤᠨᠢ ᠢᠯᠡᠷᠡᠭᠦᠯᠦᠨ ᠵᠠᠯᠠᠷᠠᠭᠤᠯᠵᠤ᠂ ᠵᠣᠬᠢᠶᠠᠨ ᠪᠠᠢᠭᠤᠯᠤᠯᠲᠠ᠎ᠶ᠋ᠢᠨ ᠡᠷᠴᠢᠮ ᠰᠤᠯᠠ᠂ ᠠᠵᠢᠯ᠎ᠤᠨ ᠠᠬᠢᠴᠠ᠎ᠪᠠᠷ ᠤᠳᠠᠭᠠᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠴᠢᠩᠭ᠎ᠠ ᠵᠠᠷᠯᠠᠨ ᠱᠢᠭᠦᠮᠵᠢᠯᠡᠵᠦ᠍᠂ ᠳᠦᠷᠢᠮ ᠲᠣᠭ᠍ᠲᠠᠭᠠᠯ ᠢ᠋ ᠰᠠᠬᠢᠬᠤ ᠦᠭᠡᠢ᠂ ᠳᠦᠷᠢᠮ ᠲᠣᠭ᠍ᠲᠠᠭᠠᠯ ᠡᠴᠡ ᠵᠥᠷᠢᠴᠡᠭ᠌ᠰᠡᠨ ᠨᠠᠮ᠎ᠤᠨ ᠭᠡᠱᠢᠭᠦᠨ ᠺᠠᠳ᠋ᠷ ᠢᠯᠠᠩᠭᠤᠶ᠎ᠠ ᠤᠳᠤᠷᠢᠳᠭᠤ ᠺᠠᠳ᠋ᠷ ᠡᠴᠡ ᠡᠷᠡᠰ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠲᠤᠯᠭᠠᠵᠦ᠂ ᠲᠥᠪᠯᠡᠷᠡᠭᠦᠯᠦᠨ ᠵᠠᠰᠠᠬᠤ ᠵᠢᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠎ᠶ᠋ᠢ ᠪᠠᠲᠤᠯᠠᠨ᠎ᠠ᠃


ᠤᠯᠠᠭᠠᠨᠬᠠᠳᠠ ᠬᠣᠲᠠ ᠵᠢᠨ ᠨᠠᠮ ᠤ᠋ᠨ ᠬᠣᠷᠢᠶᠠᠨ ᠤ᠋ ᠱᠦᠵᠢ ᠸᠠᠨ ᠴᠤᠤ ᠴᠢ ᠄

ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠴᠢᠩᠳᠠᠯᠠᠵᠤ ᠪᠦᠬᠦ ᠲᠠᠯ᠎ᠠ ᠪᠡᠷ ᠨᠠᠮ ᠢ᠋ ᠴᠢᠩᠭ᠎ᠠ ᠵᠠᠰᠠᠬᠤ ᠵᠢᠨ ᠬᠦᠨᠵᠡᠬᠡᠢᠷᠡᠨ ᠬᠦᠭᠵᠢᠬᠦ ᠵᠢ ᠠᠬᠢᠭᠤᠯᠤᠨ᠎ᠠ


ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠢ᠋ ᠴᠢᠩᠳᠠᠯᠠᠬᠤ ᠪᠣᠯ ᠮᠠᠨ ᠤ᠋ ᠨᠠᠮ ᠤ᠋ᠨ ᠤᠷᠳᠤ ᠬᠤᠭᠤᠴᠠᠭᠠᠨ ᠤ᠋ ᠦᠢᠯᠡᠳᠦᠯᠭᠡ ᠵᠢᠨ ᠳᠤᠮᠳᠠ ᠪᠦᠷᠢᠯᠳᠦᠭ᠌ᠰᠡᠨ ᠱᠢᠯᠢᠳᠡᠭ ᠤᠯᠠᠮᠵᠢᠯᠠᠯ ᠪᠠ ᠤᠯᠤᠰ ᠲᠦᠷᠦ᠍ ᠵᠢᠨ ᠳᠠᠪᠠᠭᠤᠯᠢᠭ ᠪᠤᠯᠤᠨ᠎ᠠ᠂ ᠮᠥᠨ ᠴᠦ᠍ ᠮᠠᠨ ᠤ᠋ ᠨᠠᠮ ᠤ᠋ᠨ ᠮᠠᠷᠺᠰ ᠤ᠋ᠨ ᠦᠵᠡᠯ ᠤ᠋ᠨ ᠲᠦᠷᠦ᠍ ᠵᠢᠨ ᠨᠠᠮ ᠪᠣᠯᠤᠭ᠍ᠰᠠᠨ ᠤ᠋ ᠬᠤᠪᠢ ᠳ᠋ᠤ ᠪᠤᠰᠤᠳ ᠲᠦᠷᠦ᠍ ᠵᠢᠨ ᠨᠠᠮ ᠡᠴᠡ ᠢᠯᠭᠠᠭ᠍ᠳᠠᠬᠤ ᠴᠢᠬᠤᠯᠠ ᠣᠨᠴᠠᠯᠢᠭ ᠮᠥᠨ᠃ ᠨᠠᠮ ᠤ᠋ᠨ ᠵᠠᠭᠤᠨ ᠵᠢᠯ ᠤ᠋ᠨ ᠲᠡᠮᠡᠴᠡᠯ ᠤ᠋ᠨ ᠥᠩᠭᠡᠷᠡᠯᠲᠡ ᠶ᠋ᠢ ᠡᠷᠭᠢᠴᠡᠭᠦᠯᠪᠡᠯ᠂ ᠮᠠᠨ ᠤ᠋ ᠨᠠᠮ ᠤᠯᠤᠰ ᠲᠦᠷᠦ᠍ ᠵᠢᠨ ᠪᠠᠢᠭᠤᠯᠤᠯᠲᠠ ᠶ᠋ᠢ ᠢᠮᠠᠭ᠍ᠲᠠ ᠲᠡᠷᠢᠭᠦᠨ ᠪᠠᠢᠷᠢᠨ ᠳ᠋ᠤ ᠲᠠᠯᠪᠢᠵᠤ᠂ ᠦᠵᠡᠯ ᠰᠠᠨᠠᠭ᠎ᠠ ᠪᠠᠷ ᠨᠠᠮ ᠪᠠᠢᠭᠤᠯᠬᠤ ᠪᠠ ᠲᠦᠷᠢᠮ ᠵᠢᠡᠷ ᠨᠠᠮ ᠢ᠋ ᠵᠠᠰᠠᠬᠤ ᠶ᠋ᠢ ᠵᠡᠷᠭᠡ ᠳ᠋ᠤᠨᠢ ᠬᠦᠴᠦᠯᠡᠬᠦ᠌᠎ᠶ᠋ᠢ ᠪᠠᠷᠢᠮᠲᠠᠯᠠᠭ᠍ᠰᠠᠨ ᠡᠴᠡ ᠰᠠᠶᠢ ᠠᠷᠠᠳ ᠤᠯᠠᠨ ᠤ᠋ ᠬᠦᠷᠢᠶᠡᠯᠡᠯ ᠢ᠋ ᠣᠯᠵᠤ᠂ ᠥᠨᠢ ᠤᠳᠠᠭᠠᠨ ᠴᠤᠭ ᠪᠠᠳᠠᠷᠠᠩᠭᠤᠢ ᠠᠮᠢᠵᠢᠷᠠᠯ ᠤ᠋ᠨ ᠬᠦᠴᠦᠨ ᠲᠡᠶ ᠪᠠᠢᠬᠤ ᠵᠢ ᠪᠠᠳᠤᠯᠠᠵᠤ᠂ ᠪᠦᠬᠦ᠌ ᠤᠯᠤᠰ ᠤ᠋ᠨ ᠠᠷᠠᠳ ᠲᠦᠮᠡᠨ ᠢ᠋ ᠳᠠᠭᠠᠭᠤᠯᠤᠨ ᠤᠳᠠᠭ᠎ᠠ ᠳᠠᠷᠠᠭᠠᠯᠠᠨ ᠱᠢᠨ᠎ᠡ ᠢᠯᠠᠯᠲᠠ ᠶ᠋ᠢ ᠣᠯᠵᠤ ᠴᠢᠳᠠᠭ᠍ᠰᠠᠨ ᠶᠤᠮ᠃

ᠶᠡᠷᠦᠩᠬᠡᠶ ᠱᠦᠵᠢ ᠰᠢ ᠵᠢᠨ ᠫᠢᠩ ᠪᠢᠳᠡᠨ ᠢ᠋ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠴᠢᠩᠳᠠᠯᠠᠬᠤ ᠶ᠋ᠢ ᠪᠥᠬᠥ᠌ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠵᠢᠨ ᠭᠦᠨᠵᠡᠭᠡᠢᠷᠡᠨ ᠬᠥᠭ᠌ᠵᠢᠬᠦ᠌ ᠶ᠋ᠢ ᠠᠬᠢᠭᠤᠯᠬᠤ ᠵᠢᠨ ᠰᠠᠭᠤᠷᠢ ᠴᠢᠨᠠᠷᠲᠠᠶ ᠢᠨᠵᠧᠨᠧᠷᠢᠩ ᠪᠣᠯᠭᠠᠵᠤ᠂ ᠴᠢᠩᠭ᠎ᠠ ᠬᠦᠴᠦᠲᠡᠶ ᠠᠷᠭ᠎ᠠ ᠬᠡᠮᠵᠢᠶ᠎ᠡ ᠠᠪᠴᠤ᠌ ᠪᠠᠢᠭᠠᠳ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠶᠡᠷᠦᠮᠳᠡᠭ ᠪᠣᠯᠭᠠᠬᠤ᠂ ᠰᠠᠨᠠᠭᠠᠨ ᠲᠤᠷ᠎ᠠ ᠵᠢᠨ ᠪᠣᠯᠭᠠᠬᠤ᠂ ᠪᠣᠯᠬᠢᠴᠢᠯᠠᠬᠤ᠂ ᠠᠷᠠᠯᠵᠢᠶᠠᠯᠠᠬᠤ ᠵᠡᠷᠭᠡ ᠠᠰᠠᠭᠤᠳᠠᠯ ᠢ᠋ ᠡᠷᠡᠰ ᠴᠡᠭ᠌ᠴᠡᠯᠡᠨ ᠵᠠᠰᠠᠬᠤ ᠬᠡᠷᠡᠭ᠌ᠲᠡᠶ ᠭᠡᠵᠦ᠍ ᠱᠠᠭᠠᠷᠳᠠᠪᠠ᠃ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠪᠦᠬᠦ᠌ ᠣᠷᠣᠨ ᠳ᠋ᠤ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠳ᠋ᠡᠬᠢ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠵᠦ ᠪᠠᠢᠭ᠎ᠠ ᠨᠢ ᠶᠡᠷᠦᠩᠬᠡᠶ ᠱᠦᠵᠢ ᠵᠢᠨ ᠴᠢᠬᠤᠯᠠ ᠱᠠᠭᠠᠷᠳᠠᠯᠭ᠎ᠠ ᠶ᠋ᠢ ᠭᠦᠨᠵᠡᠭᠡᠶ ᠲᠤᠭᠤᠰᠢᠯᠠᠭᠤᠯᠬᠤ ᠪᠣᠳᠠᠲᠠᠶ ᠠᠵᠢᠯᠯᠠᠭ᠎ᠠ ᠮᠥᠨ᠂ ᠪᠦᠬᠦ᠌ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠶ᠋ᠢ ᠭᠦᠨᠵᠡᠭᠡᠢᠷᠡᠭᠦᠯᠬᠦ᠌ ᠬᠦᠴᠦᠲᠡᠶ ᠠᠷᠭ᠎ᠠ ᠬᠡᠮᠵᠢᠶ᠎ᠡ ᠮᠥᠨ᠂ ᠣᠨᠴᠠᠯᠠᠨ ᠳᠤᠷᠠᠳᠤᠭ᠍ᠰᠠᠨ 《ᠠᠷᠪᠠᠨ ᠨᠢᠭᠡ ᠵᠢ ᠴᠢᠩᠭ᠎ᠠ ᠴᠠᠭᠠᠵᠠᠯᠠᠬᠤ》 ᠨᠢ ᠡᠯ᠎ᠡ ᠱᠠᠲᠤᠨ ᠤ᠋ ᠨᠠᠮ ᠤ᠋ᠨ ᠭᠡᠱᠢᠭᠦᠨ ᠺᠠᠳ᠋ᠷᠴᠤᠳ ᠲᠦ᠍ 《ᠤᠯᠠᠭᠠᠨ ᠱᠤᠭᠤᠮ》 ᠢ᠋ ᠲᠣᠳᠣᠷᠬᠠᠶ ᠢᠯᠭᠠᠨ ᠥᠭ᠌ᠴᠤ᠂ 《ᠬᠣᠷᠢᠭᠠᠲᠤ ᠣᠷᠣᠨ》 ᠢ᠋ ᠲᠣᠳᠣᠷᠬᠠᠢᠯᠠᠵᠤ ᠦᠭᠬᠦᠭᠰᠡᠨ ᠡᠴᠡ ᠮᠠᠨ ᠤ᠋ ᠣᠷᠣᠨ ᠤ᠋ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠳ᠋ᠡᠬᠢ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠬᠦᠴᠦᠲᠡᠢ ᠱᠢᠢᠳᠪᠦᠷᠢᠯᠡᠵᠦ᠂ ᠥᠷᠭᠡᠨ ᠣᠯᠠᠨ ᠨᠠᠮ ᠤ᠋ᠨ ᠭᠡᠱᠢᠭᠦᠨ ᠺᠠᠳ᠋ᠷ ᠢ᠋ ᠨᠠᠩ ᠤᠬᠠᠮᠰᠠᠷ ᠡᠴᠡ ᠪᠠᠨ ᠪᠢᠰᠢᠷᠡᠨ ᠵᠢᠷᠦᠬᠡᠰᠢᠶᠡᠬᠦ᠂ ᠰᠡᠷᠡᠮᠵᠢᠯᠡᠨ ᠬᠢᠴᠢᠶᠡᠬᠦ᠂ ᠬᠣᠷᠢᠭ᠎ᠠ ᠱᠤᠭᠤᠮ ᠢ᠋ ᠰᠠᠬᠢᠬᠤ ᠶ᠋ᠢ ᠮᠡᠳᠡᠬᠦ᠌ ᠪᠣᠯᠭᠠᠵᠦ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠳᠠ ᠲᠠᠶ ᠪᠠᠷ ᠬᠤᠷᠠᠯᠳᠤᠬᠤ ᠳ᠋ᠤ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍ ᠵᠢᠨ ᠣᠷᠴᠢᠨ ᠠᠬᠤᠢ ᠵᠢ ᠪᠤᠢ ᠪᠣᠯᠭᠠᠵᠤ ᠦᠬᠬᠦ ᠨᠢ ᠯᠠᠪᠲᠠᠢ᠃

ᠤᠯᠠᠭᠠᠨᠬᠠᠳᠠ ᠬᠣᠲᠠ ᠵᠢᠨ ᠡᠯ᠎ᠡ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠨᠠᠮ ᠤ᠋ᠨ ᠭᠡᠱᠢᠭᠦᠨ ᠺᠠᠳ᠋ᠷ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠶ᠋ᠢ ᠡᠷᠡᠰ ᠨᠠᠢᠳᠠᠪᠤᠷᠢᠵᠢᠭᠤᠯᠵᠤ᠂ ᠦᠵᠡᠯ ᠰᠠᠨᠠᠭ᠎ᠠ ᠤᠯᠤᠰ ᠲᠥᠷᠥ ᠵᠢᠨ ᠪᠠᠢᠭᠤᠯᠤᠯᠲᠠ ᠭᠡᠬᠦ᠌ ᠡᠨᠡ ᠬᠦ᠌ ᠦᠨᠳᠦᠰᠦᠨ ᠵᠦᠶ᠋ᠯ ᠢ᠋ ᠠᠳᠭᠤᠨ᠂ ᠣᠨᠣᠯ ᠵᠢᠡᠷ ᠵᠡᠪᠰᠡᠭ᠌ᠯᠡᠬᠦ᠌ ᠶ᠋ᠢ ᠴᠥᠬᠥᠷᠡᠰᠢ ᠥᠬᠡᠶ ᠴᠢᠩᠭᠠᠳᠭᠠᠵᠤ᠂ ᠰᠤᠷᠤᠯᠴᠠᠯᠭ᠎ᠠ ᠬᠥᠮᠦᠵᠢᠯ ᠢ᠋ ᠥᠴᠦᠬᠡᠨ ᠴᠦ᠍ ᠰᠤᠯᠠᠷᠠᠭᠤᠯᠤᠯ ᠥᠬᠡᠶ ᠥᠷᠨᠢᠭᠦᠯᠤᠨ᠂ ᠢᠲᠡᠭᠡᠯ ᠪᠢᠱᠢᠷᠡᠯ ᠤ᠋ᠨ ᠰᠠᠭᠤᠷᠢ ᠶ᠋ᠢ ᠪᠡᠬᠢᠵᠢᠭᠦᠯᠵᠦ᠍᠂ ᠦᠵᠡᠯ ᠰᠠᠨᠠᠭᠠᠨ ᠤ᠋ ᠵᠠᠯᠠᠭᠤᠷ ᠢ᠋ ᠯᠠᠪᠳᠠᠭᠤᠨ ᠪᠠᠳᠤᠳᠠᠢ ᠡᠵᠡᠮᠳᠡᠨ᠎ᠡ ; ᠲᠦᠷᠢᠮ ᠢ᠋ ᠬᠡᠷᠡᠭ᠌ᠵᠢᠭᠦᠯᠬᠦ ᠵᠢᠨ ᠭᠣᠣᠯᠳᠠᠯᠭ᠎ᠠ ᠶ᠋ᠢ ᠠᠳᠭᠤᠵᠤ᠂ ᠬᠥᠮᠦᠨ ᠰᠣᠩᠭᠣᠨ ᠬᠡᠷᠡᠭ᠌ᠯᠡᠬᠦ᠌᠂ ᠠᠷᠠᠳᠴᠢᠯᠠᠯ ᠲᠥᠪᠯᠡᠷᠡᠯ ᠤ᠋ᠨ ᠶᠣᠰᠣ᠂ ᠠᠷᠠᠳᠴᠢᠯᠠᠯ ᠤ᠋ᠨ ᠠᠮᠢᠳᠤᠷᠠᠯ ᠤ᠋ᠨ ᠬᠤᠷᠠᠯ᠂ 《ᠭᠤᠷᠪᠠᠨ ᠬᠤᠷᠠᠯ ᠨᠢᠭᠡ ᠬᠢᠴᠢᠶᠡᠯ》 ᠵᠡᠷᠭᠡ ᠲᠦᠷᠢᠮ ᠢ᠋ ᠴᠢᠩᠭ᠎ᠠ ᠨᠠᠢᠳᠠᠪᠤᠷᠢᠵᠢᠭᠤᠯᠵᠤ᠂ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠢ᠋ ᠴᠢᠩᠭ᠎ᠠ ᠶᠣᠰᠣ ᠲᠦᠷᠢᠮ ᠲᠠᠢ᠂ ᠥᠨᠳᠥᠷ ᠪᠠᠷᠢᠮᠵᠢᠶ᠎ᠠ ᠲᠠᠢ᠂ ᠰᠠᠢ᠌ᠨ ᠦᠷ᠎ᠡ ᠪᠦᠲᠦᠮᠵᠢ ᠲᠡᠶ ᠪᠣᠯᠭᠠᠨ᠎ᠠ; ᠬᠢᠨᠠᠯᠲᠠ ᠲᠠᠯᠪᠢᠵᠤ ᠪᠠᠢᠴᠠᠭᠠᠬᠤ ᠵᠠᠩᠭᠢᠯᠠᠭ᠎ᠠ ᠶ᠋ᠢ ᠠᠳᠭᠤᠵᠤ᠂ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠳ᠋ᠡᠬᠢ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠤ᠋ᠨ ᠪᠣᠳᠠᠲᠠᠶ ᠢᠯᠡᠷᠡᠯ ᠵᠢᠴᠢ ᠨᠢᠭᠤᠭ᠍ᠳᠠᠮᠠᠯ ᠤᠨᠳᠤᠤᠱᠢᠭᠰᠠᠨ ᠦᠵᠡᠭ᠌ᠳᠡᠯ ᠢ᠋ ᠴᠢᠩᠭ᠎ᠠ ᠪᠠᠢᠴᠠᠭᠠᠵᠤ᠂ ᠬᠢᠳᠤᠭᠠᠨ ᠢᠷ ᠢ᠋ ᠲᠤᠳᠤᠭᠰᠢ ᠬᠠᠨᠳᠤᠭᠤᠯᠤᠨ᠂ ᠭᠦᠨᠵᠡᠭᠡᠶ ᠴᠡᠭ᠌ᠴᠡᠯᠡᠨ ᠰᠠᠢᠵᠢᠷᠠᠭᠤᠯᠵᠤ᠂ ᠲᠥᠪ ᠴᠢᠬᠡᠴᠢ ᠰᠤᠷᠲᠠᠯ ᠢ᠋ ᠤᠯᠠᠭᠠᠨᠬᠠᠳᠠ ᠵᠢᠨ ᠡᠬᠡ ᠭᠠᠵᠠᠷ ᠲᠦ᠍ ᠦᠨᠢᠳᠡ ᠪᠠᠳᠠᠷᠠᠭᠤᠯᠤᠨ᠎ᠠ᠃


ᠤᠯᠠᠭᠠᠨᠴᠠᠪ ᠬᠣᠲᠠ ᠶ᠋ᠢᠨ ᠨᠠᠮ ᠤ᠋ᠨ ᠬᠣᠷᠢᠶᠠᠨ ᠤ᠋ ᠱᠦᠵᠢ ᠰᠦᠶ ᠸᠧᠶ ᠵᠢᠶᠦ᠋ᠨ᠄

《ᠳᠥᠷᠪᠡᠨ ᠴᠢᠨᠠᠷ》 ᠤ᠋ᠨ ᠱᠠᠭᠠᠷᠳᠠᠯᠭ᠎ᠠ ᠵᠢ ᠳᠣᠪᠣᠢᠯᠭᠠᠵᠤ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠢ᠋ ᠪᠣᠳᠠᠲᠠᠶ ᠠᠳᠬᠤᠵᠤ ᠰᠠᠢᠲᠤᠷ ᠠᠳᠭᠤᠨ᠎ᠠ


ᠨᠠᠮ ᠨᠢ ᠨᠠᠮ ᠢ᠋ᠶ᠋ᠡᠨ ᠬᠠᠮᠢᠶᠠᠷᠬᠤ ᠳ᠋ᠤ ᠡᠷᠬᠡᠪᠰᠢ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠡᠴᠡ ᠡᠬᠢᠯᠡᠨ ᠬᠠᠮᠢᠶᠠᠷᠴᠤ᠌᠂ ᠨᠠᠮ ᠢ᠋ ᠴᠢᠩᠭ᠎ᠠ ᠵᠠᠰᠠᠬᠤ ᠳ᠋ᠤ ᠡᠷᠬᠡᠪᠰᠢ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠡᠴᠡ ᠡᠬᠢᠯᠡᠨ ᠴᠢᠩᠳᠠᠯᠠᠵᠤ᠂ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠳ᠋ᠡᠬᠢ ᠪᠤᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ ᠢ᠋ ᠴᠡᠭ᠌ᠴᠡᠯᠡᠨ ᠵᠠᠰᠠᠬᠤ ᠳ᠋ᠤ ᠡᠷᠬᠡᠪᠰᠢ ᠲᠦᠷᠪᠡᠨ ᠲᠠᠯ᠎ᠠ ᠶ᠋ᠢᠨ ᠠᠵᠢᠯ ᠢ᠋ ᠲᠤᠪᠤᠢ᠌ᠮ᠎ᠠ ᠰᠠᠢᠲᠤᠷ ᠠᠳᠭᠤᠬᠤ ᠬᠡᠷᠡᠭ᠌ᠲᠡᠢ᠃

ᠤᠯᠤᠰ ᠲᠦᠷᠦ ᠶ᠋ᠢᠨ ᠴᠢᠨᠠᠷ ᠢ᠋ ᠲᠤᠪᠤᠢ᠌ᠯᠭᠠᠨ᠂ ᠦᠵᠡᠯ ᠰᠠᠨᠠᠭᠠᠨ ᠤ᠋ ᠲᠠᠯ᠎ᠠ ᠪᠡᠷ 《ᠬᠦᠴᠦᠷᠬᠡᠭ᠌ᠵᠢᠭᠦᠯᠵᠦ᠍》᠂ ᠬᠦᠰᠡᠯᠡᠩ ᠢᠲᠡᠭᠡᠯ ᠪᠢᠱᠢᠷᠡᠯ ᠢ᠋ᠶ᠋ᠡᠨ ᠪᠠᠲᠤᠳᠭᠠᠬᠤ ᠬᠡᠷᠡᠭ᠌ᠲᠡᠢ᠃ ᠨᠠᠮ ᠤ᠋ᠨ ᠲᠦᠷᠢᠮ ᠪᠠ 《ᠱᠢᠨ᠎ᠡ ᠪᠠᠢᠳᠠᠯ ᠳᠤᠤᠷᠠᠬᠢ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠤ᠋ᠨ ᠲᠤᠬᠠᠶ ᠪᠠᠷᠢᠮᠵᠢᠶ᠎ᠠ᠎ᠨᠤᠭᠤᠳ》 ᠢ᠋ ᠭᠦᠨᠵᠡᠭᠡᠶ ᠰᠤᠷᠤᠯᠴᠠᠨ᠂ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠤ᠋ᠨ ᠪᠣᠳᠠᠲᠠᠶ ᠠᠭᠤᠯᠭ᠎ᠠ ᠪᠠ ᠲᠦᠷᠢᠮ ᠤ᠋ᠨ ᠱᠠᠭᠠᠷᠳᠠᠯᠭ᠎ᠠ ᠵᠢ ᠲᠣᠳᠣᠷᠬᠠᠶ ᠤᠢᠯᠠᠭᠠᠵᠤ᠂ ᠢᠯᠠᠩᠭᠤᠶ᠎ᠠ ᠰᠢ ᠵᠢᠨ ᠫᠢᠩ ᠤ᠋ᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠶ ᠨᠡᠢᠭᠡᠮ ᠵᠢᠷᠤᠮ ᠤ᠋ᠨ ᠦᠵᠡᠯ ᠰᠠᠨᠠᠭ᠎ᠠ ᠵᠢ ᠰᠠᠢᠳᠤᠷ ᠤᠢᠯᠠᠭᠠᠵᠤ ᠲᠤᠭᠤᠷᠠᠳᠠᠯ᠎ᠠ ᠮᠡᠳᠡᠵᠤ ᠪᠤᠳᠠᠳᠠᠢ ᠬᠢᠬᠦ ᠵᠢ ᠲᠡᠷᠢᠭᠦᠨ ᠴᠢᠬᠤᠯᠠ ᠤᠯᠤᠰ ᠲᠥᠷᠥ ᠶ᠋ᠢᠨ ᠡᠭᠦᠷᠭᠡ ᠪᠠᠨ ᠪᠣᠯᠭᠠᠵᠤ᠂ ᠤᠯᠤᠰ ᠲᠥᠷᠥ ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶ᠋ᠢᠨ ᠣᠬᠠᠪᠤᠷᠢᠯᠡᠬᠤ ᠴᠢᠳᠠᠪᠤᠷᠢ᠂ ᠤᠯᠤᠰ ᠲᠥᠷᠥ ᠶ᠋ᠢᠨ ᠬᠡᠷᠡᠭ᠌ᠵᠢᠭᠦᠯᠬᠦ᠌ ᠴᠢᠳᠠᠪᠤᠷᠢ ᠪᠠᠨ ᠲᠠᠰᠤᠷᠠᠯᠲᠠ ᠥᠬᠡᠶ ᠴᠢᠩᠭᠠᠳᠭᠠᠨ᠂ 《ᠬᠣᠶᠠᠷ ᠢ᠋ ᠲᠣᠭ᠍ᠲᠠᠭᠠᠬᠰᠠᠨ》 ᠤ᠋ ᠱᠢᠳᠤᠷᠭᠤ ᠬᠦᠷᠢᠶᠡᠯᠡᠭ᠌ᠴᠢ᠂ 《ᠬᠣᠶᠠᠷ ᠢ᠋ ᠬᠠᠮᠠᠭᠠᠯᠠᠬᠤ》 ᠶ᠋ᠢᠨ ᠵᠢᠱ᠌ᠢᠶ᠎ᠡ ᠦᠵᠡᠭᠦᠯᠬᠦ ᠳᠠᠭᠠᠭᠤᠯᠤᠭ᠍ᠴᠢ ᠪᠣᠯᠬᠤ ᠬᠡᠷᠡᠭ᠌ᠲᠡᠶ᠃

ᠴᠠᠭ ᠦᠶᠡᠴᠢ ᠴᠢᠨᠠᠷ ᠢ᠋ ᠲᠤᠪᠤᠢ᠌ᠯᠭᠠᠨ᠂ ᠬᠡᠯᠪᠡᠷᠢ ᠵᠢᠨ ᠲᠠᠯ᠎ᠠ ᠪᠡᠷ 《ᠠᠮᠢᠳᠤᠯᠢᠭ》 ᠪᠠᠢᠯᠭᠠᠵᠤ᠂ ᠴᠠᠭ ᠦᠶ᠎ᠡ ᠵᠢ ᠲᠠᠭᠠᠨ ᠪᠦᠬᠦ ᠲᠠᠯ᠎ᠠ ᠪᠡᠷ ᠤᠷᠤᠭ᠍ᠰᠢᠯᠠᠬᠤ ᠵᠢ ᠪᠡᠶᠡᠯᠡᠭᠦᠯᠬᠦ᠌ ᠬᠡᠷᠡᠭ᠌ᠲᠡᠢ᠃ ᠦᠨᠳᠦᠰᠦᠨ ᠱᠠᠲᠤᠨ ᠳ᠋ᠤ ᠠᠪᠴᠤ᠌ ᠬᠡᠯᠡᠪᠡᠯ᠂ ᠨᠠᠮ ᠤ᠋ᠨ ᠭᠡᠱᠢᠭᠦᠨ ᠤ᠋ ᠪᠣᠳᠠᠲᠤ ᠪᠠᠢᠳᠠᠯ ᠳ᠋ᠤ ᠨᠡᠩ ᠨᠡᠢᠴᠡᠭᠰᠡᠨ᠂ ᠨᠠᠮ ᠤ᠋ᠨ ᠭᠡᠱᠢᠭᠦᠨ ᠤ᠋ ᠳᠤᠷ᠎ᠠ ᠰᠣᠨᠢᠷᠬᠠᠯ ᠢ᠋ ᠬᠦᠭᠵᠢᠭᠡᠭᠰᠡᠨ᠂ ᠨᠠᠮ ᠤ᠋ᠨ ᠭᠡᠱᠢᠭᠦᠨ ᠤ᠋ ᠣᠷᠣᠯᠴᠠᠬᠤ ᠳ᠋ᠤ ᠲᠦᠬᠦᠮ ᠪᠦᠳᠤᠮᠵᠢᠳᠠᠢ ᠠᠷᠭ᠎ᠠ ᠭᠡᠯᠪᠠᠷᠢ ᠵᠢ ᠬᠠᠢᠨ ᠰᠦᠪᠡᠭ᠌ᠴᠢᠯᠡᠵᠦ᠍᠂ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠢᠮᠠᠭ᠍ᠲᠠ ᠴᠠᠭ ᠦᠶ᠎ᠡ ᠲᠠᠢ ᠵᠣᠬᠢᠴᠠᠭᠤᠯᠵᠤ᠂ ᠱᠢᠨ᠎ᠡ ᠵᠢ ᠡᠭᠦᠳᠬᠦ᠌ ᠴᠠᠭ ᠦᠶᠠᠴᠢ ᠴᠢᠨᠠᠷᠲᠠᠢ ᠣᠨᠴᠠᠯᠢᠭ ᠱᠢᠨᠵᠢ ᠵᠢ ᠭᠦᠢᠴᠡᠳ ᠢᠯᠡᠷᠡᠭᠦᠯᠵᠦ᠍᠂ ᠲᠥᠪ ᠴᠢᠩᠭ᠎ᠠ ᠠᠮᠢᠳᠤ ᠴᠣᠪᠣᠭᠣᠯᠢᠭ᠂ ᠪᠦᠯᠬᠦᠮᠳᠡᠨ ᠨᠢᠭᠡᠳᠦᠭ᠌ᠰᠡᠨ ᠠᠮᠢᠳᠤᠯᠢᠭ ᠪᠠᠢᠳᠠᠯ ᠢ᠋ ᠪᠤᠢ ᠪᠣᠯᠭᠠᠬᠤ ᠬᠡᠷᠡᠭᠲᠡᠢ᠃

ᠵᠠᠷᠴᠢᠮᠲᠤ ᠴᠢᠨᠠᠷ ᠢ᠋ ᠲᠤᠪᠤᠢ᠌ᠯᠭᠠᠨ᠂ ᠲᠦᠷᠢᠮ ᠤ᠋ᠨ ᠲᠠᠯ᠎ᠠ ᠪᠡᠷ 《ᠴᠢᠩᠳᠠᠯᠠᠵᠤ》᠂ ᠲᠦᠷᠢᠮ ᠤ᠋ᠨ ᠬᠡᠷᠡᠭ᠌ᠵᠢᠭᠦᠯᠦᠯᠲᠡ ᠵᠢ ᠴᠢᠩᠭᠠᠳᠭᠠᠬᠤ ᠬᠡᠷᠡᠭ᠌ᠲᠡᠢ᠃ 《ᠭᠤᠷᠪᠠᠨ ᠬᠤᠷᠠᠯ ᠨᠢᠭᠡ ᠬᠢᠴᠢᠶᠡᠯ》᠂ ᠭᠣᠣᠯ ᠰᠡᠳᠦᠪᠲᠦ ᠨᠠᠮ ᠤ᠋ᠨ ᠡᠳᠦᠷ ᠤ᠋ᠨ ᠠᠵᠢᠯᠯᠠᠭ᠎ᠠ᠂ ᠵᠣᠬᠢᠶᠠᠨ ᠪᠠᠢᠭᠤᠯᠤᠯᠲᠠ ᠶ᠋ᠢᠨ ᠠᠮᠢᠳᠤᠷᠠᠯ ᠤ᠋ᠨ ᠬᠤᠷᠠᠯ᠂ ᠨᠠᠮ ᠤ᠋ᠨ ᠭᠡᠱᠢᠭᠦᠨ ᠢ᠋ ᠠᠷᠠᠳᠴᠢᠯᠠᠯ ᠢ᠋ᠶ᠋ᠡᠷ ᠦᠨᠡᠯᠡᠬᠦ᠌ ᠵᠡᠷᠭᠡ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠤ᠋ᠨ ᠲᠦᠷᠢᠮ ᠢ᠋ ᠴᠢᠩᠭ᠎ᠠ ᠬᠡᠷᠡᠭ᠌ᠵᠢᠭᠦᠯᠬᠦ ᠬᠡᠷᠡᠭᠲᠡᠢ᠃ ᠠᠷᠠᠳᠴᠢᠯᠠᠯ ᠲᠥᠪᠯᠡᠷᠡᠯ ᠤ᠋ᠨ ᠶᠣᠰᠣᠨ ᠤ᠋ ᠵᠠᠷᠴᠢᠮ ᠢ᠋ ᠴᠢᠩᠭ᠎ᠠ ᠨᠠᠢᠳᠠᠪᠤᠷᠢᠵᠢᠭᠤᠯᠬᠤ ᠳ᠋ᠤ ᠠᠷᠠᠳᠴᠢᠯᠠᠯ ᠢ᠋ ᠭᠦᠢᠴᠡᠳ ᠪᠠᠳᠠᠷᠠᠭᠤᠯᠬᠤ ᠮᠥᠷᠲᠡᠭᠡᠨ ᠪᠠᠰᠠ ᠵᠥᠪ ᠲᠥᠪᠯᠡᠷᠡᠯ ᠢ᠋ ᠪᠠᠷᠢᠮᠲᠠᠯᠠᠬᠤ ᠬᠡᠷᠡᠭ᠌ᠲᠡᠢ᠃

ᠲᠠᠢ᠌ᠴᠢᠨ ᠴᠢᠨᠠᠷ ᠢ᠋ ᠲᠤᠪᠤᠢ᠌ᠯᠭᠠᠨ᠂ ᠰᠤᠷᠲᠠᠯ ᠤ᠋ᠨ ᠲᠠᠯ᠎ᠠ ᠪᠡᠷ 《ᠪᠣᠳᠠᠲᠠᠢᠵᠢᠭᠤᠯᠵᠤ》᠂ ᠱᠢᠭᠦᠮᠵᠢᠯᠡᠯ ᠤ᠋ᠨ ᠬᠤᠷᠴᠠ ᠵᠡᠪᠰᠡᠭ ᠢ᠋ ᠰᠠᠢᠲᠤᠷ ᠬᠡᠷᠡᠭ᠌ᠯᠡᠬᠦ᠌ ᠬᠡᠷᠡᠭ᠌ᠲᠡᠢ᠃ ᠨᠠᠮ ᠤ᠋ᠨ ᠭᠡᠱᠢᠭᠦᠨ ᠺᠠᠳ᠋ᠷᠴᠤᠳ ᠲᠦᠷᠦᠭᠦᠯᠡᠨ ᠱᠢᠭᠦᠮᠵᠢᠯᠡᠯ ᠪᠠ ᠥᠪᠡᠷ ᠤ᠋ᠨ ᠱᠢᠭᠦᠮᠵᠢᠯᠡᠯ ᠬᠢᠵᠤ᠂ ᠦᠨᠡᠨ ᠪᠣᠳᠠᠲᠠᠢ ᠪᠡᠷ ᠬᠠᠷᠢᠯᠴᠠᠨ ᠱᠢᠭᠦᠮᠵᠢᠯᠡᠬᠦ᠌ ᠬᠡᠷᠡᠭ᠌ᠲᠡᠢ᠃ ᠱᠢᠭᠦᠮᠵᠢᠯᠡᠯ ᠤ᠋ᠨ ᠵᠡᠪᠰᠡᠭ ᠢ᠋ ᠠᠮᠢᠳᠤᠯᠢᠭ ᠬᠡᠷᠡᠭ᠌ᠯᠡᠬᠦ᠌ ᠪᠡᠷ ᠳᠠᠮᠵᠢᠨ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠤ᠋ᠨ ᠲᠠᠢ᠌ᠴᠢᠨ ᠴᠢᠨᠠᠷ ᠢ᠋ ᠭᠦᠢᠴᠡᠳ ᠢᠯᠡᠷᠡᠭᠦᠯᠬᠦ᠌ ᠬᠡᠷᠡᠭ᠌ᠲᠡᠢ᠃ ᠰᠤᠷᠲᠠᠯ ᠤ᠋ᠨ ᠠᠰᠠᠭᠤᠳᠠᠯ ᠢ᠋ ᠴᠡᠭ᠌ᠴᠡᠯᠡᠨ ᠵᠠᠰᠠᠬᠤ ᠡᠷᠴᠢᠮ ᠢ᠋ ᠴᠢᠩᠭᠠᠷᠠᠭᠤᠯᠵᠤ᠂ ᠢᠯᠡᠷᠡᠭᠦᠯᠦᠭ᠌ᠰᠡᠨ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠳ᠋ᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ ᠢ᠋ ᠡᠷᠡᠰ ᠪᠠᠢᠴᠠᠭᠠᠨ ᠱᠢᠢᠳᠪᠦᠷᠢᠯᠡᠵᠦ᠍᠂ ᠵᠠᠷᠯᠢᠭ ᠪᠠᠢᠪᠠᠴᠤ᠌ ᠬᠡᠷᠡᠭ᠌ᠵᠢᠭᠦᠯᠬᠦ᠌ ᠦᠭᠡᠢ᠂ ᠴᠠᠭᠠᠵᠠᠯᠠᠵᠤ ᠪᠠᠢᠲᠠᠯ᠎ᠠ ᠵᠣᠭ᠍ᠰᠣᠬᠤ ᠦᠭᠡᠢ᠂ ᠲᠦᠷᠢᠮ ᠪᠠᠢᠲᠠᠯ᠎ᠠ ᠵᠢᠷᠤᠮᠯᠠᠬᠤ ᠦᠭᠡᠢ ᠠᠰᠠᠭᠤᠳᠠᠯ ᠢ᠋ ᠡᠬᠢ ᠦᠨᠳᠦᠰᠦ ᠡᠴᠡ ᠨᠢ ᠵᠠᠯᠠᠷᠠᠭᠤᠯᠤᠨ ᠵᠠᠰᠠᠵᠤ᠂ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠤ᠋ᠨ ᠲᠥᠪ ᠴᠢᠩᠭ᠎ᠠ ᠴᠢᠨᠠᠷ ᠢ᠋ ᠦᠨᠡᠨ ᠬᠦ᠌ ᠬᠠᠮᠠᠭᠠᠯᠠᠬᠤ ᠬᠡᠷᠡᠭ᠌ᠲᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面