2022-05-15 20:22:27
︱ ᠪᠦᠬᠦ ᠣᠷᠣᠨ ᠤ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠳ᠋ᠡᠬᠢ ᠪᠣᠯᠭᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠠᠵᠢᠯ ᠭᠦᠨᠵᠡᠭᠡᠢᠷᠡᠨ ᠪᠤᠳᠠᠳᠠᠢᠵᠢᠪᠠ
ᠪᠦᠬᠦ ᠣᠷᠣᠨ᠎ᠤ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠳ᠋ᠡᠬᠢ ᠪᠣᠯᠭᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠠᠵᠢᠯ᠎ᠢ ᠡᠬᠢᠯᠡᠭᠦᠯᠦᠭᠰᠡᠨ᠎ᠡᠴᠡ ᠨᠠᠭᠠᠰᠢ᠂ ᠡᠯ᠎ᠡ ᠱᠠᠲᠤᠨ᠎ᠤ ᠨᠠᠮ᠎ᠤᠨ ᠬᠣᠷᠢᠶ᠎ᠠ(ᠨᠠᠮ᠎ᠤᠨ ᠤᠳᠤᠷᠢᠳᠬᠤ ᠳᠤᠭᠤᠢᠯᠠᠩ)ᠲᠥᠪ᠎ᠦᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠠᠭᠠᠷᠳᠠᠯᠭ᠎ᠠ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠤᠨᠢᠨ ᠳᠡᠭᠡᠷ᠎ᠡ ᠨᠢ ᠲᠦᠷᠦ᠎ᠶᠢᠨ ᠪᠣᠳᠣᠯᠭ᠎ᠠ᠎ᠶᠢ ᠬᠡᠷᠡᠭᠵᠢᠭᠦᠯᠵᠦ᠂ ᠲᠥᠪᠯᠡᠷᠡᠭᠦᠯᠦᠨ ᠵᠠᠰᠠᠬᠤ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠦᠨ ᠭᠦᠨᠵᠡᠭᠡᠢ ᠠᠬᠢᠭᠤᠯᠪᠠ᠃
ᠬᠥᠬᠡᠬᠣᠲᠠ《ᠠᠷᠭ᠎ᠠ ᠬᠡᠮᠵᠢᠶ᠎ᠡ᠎ᠪᠡᠨ ᠨᠠᠷᠢᠯᠢᠭ᠍ᠵᠢᠭᠤᠯᠵᠤ᠂ ᠬᠢᠨᠠᠨ ᠵᠢᠯᠤᠭᠣᠳᠬᠤ᠎ᠪᠠᠨ ᠴᠢᠩᠭᠠᠳᠬᠠᠵᠤ》 ᠲᠥᠪᠯᠡᠷᠡᠭᠦᠯᠦᠨ ᠵᠠᠰᠠᠬᠤ ᠠᠵᠢᠯ ᠢ ᠭᠦᠨᠵᠡᠭᠡᠢ ᠦᠷᠨᠢᠬᠦᠯᠪᠠ
ᠬᠥᠬᠡᠬᠣᠲᠠ᠎ᠶᠢᠨ ᠬᠢᠨ ᠠᠷᠭ᠎ᠠ ᠬᠡᠮᠵᠢᠶ᠎ᠡ᠎ᠪᠡᠨ ᠨᠠᠷᠢᠯᠢᠭ᠍ᠵᠢᠭᠤᠯᠬᠤ ᠳᠤᠮᠳᠠ ᠨᠠᠷᠢᠯᠢᠭ᠋ ᠣᠨᠣᠴᠠᠲᠠᠢ᠎ᠪᠠᠷ ᠲᠦᠯᠦᠪᠯᠡᠵᠦ᠂ 《ᠰᠤᠷᠤᠯᠴᠠᠬᠤ ᠪᠠᠢᠴᠠᠭᠠᠬᠤ ᠥᠭᠡᠷᠡᠴᠢᠯᠡᠬᠦ》᠎ᠶ᠋ᠢ ᠲᠤᠭᠤᠰᠢᠯᠠᠭᠤᠯᠵᠤ᠂《ᠰᠡᠳᠬᠢᠬᠦ ᠦᠢᠯᠡᠳᠦᠯᠭᠡᠵᠢᠭᠦᠯᠬᠦ ᠤᠢᠯᠠᠭᠠᠬᠤ》ᠵᠢ ᠬᠣᠯᠪᠣᠯᠳᠤᠭᠤᠯᠬᠤ᠎ᠶᠢ ᠪᠠᠷᠢᠮᠲᠠᠯᠠᠵᠤ᠂ ᠬᠤᠳᠠ᠎ᠶᠢᠨ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠎ᠡᠴᠡ ᠬᠤᠳᠠ᠎ᠶᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠦᠨ ᠪᠠᠢᠭᠤᠯᠭ᠎ᠠ᠎ᠲᠠᠢ ᠬᠠᠮᠲᠤᠷᠠᠨ《6 ᠵᠦᠢᠯ᠎ᠦᠨ ᠭᠣᠣᠯᠳᠠᠯᠭ᠎ᠠ᠎ᠲᠠᠢ ᠡᠭᠦᠷᠭᠡ》᠎ᠶ᠋ᠢ ᠲᠥᠪᠯᠡᠷᠡᠭᠦᠯᠦᠨ ᠵᠠᠰᠠᠬᠤ᠎ᠶᠢᠨ ᠲᠣᠭᠣᠷᠢᠨ᠎ᠳᠤ 20 ᠵᠦᠢᠯ᠎ᠦᠨ ᠪᠣᠳᠠᠲᠠᠢ ᠠᠷᠭ᠎ᠠ ᠬᠡᠮᠵᠢᠶ᠎ᠡ᠎ᠶᠢ ᠨᠠᠷᠢᠯᠢᠭ᠍ᠵᠢᠭᠤᠯᠤᠨ ᠪᠦᠷᠢᠯᠳᠦᠬᠦᠯᠪᠡ᠃ ᠱᠠᠯᠠᠪᠳᠠᠭᠤᠯᠤᠨ ᠱᠠᠭᠠᠷᠳᠠᠬᠤ᠎ᠶᠢ ᠴᠢᠩᠭᠠᠳᠬᠠᠬᠤ ᠳᠤᠮᠳᠠ ᠨᠠᠢᠳᠠᠪᠤᠷᠢᠵᠢᠭᠤᠯᠤᠯᠲᠠ᠎ᠶᠢ ᠠᠬᠢᠭᠤᠯᠪᠠ᠃ ᠲᠥᠪᠯᠡᠷᠡᠭᠦᠯᠦᠨ ᠵᠠᠰᠠᠬᠤ ᠶ᠋ᠢ ᠬᠣᠲᠠ ᠶ᠋ᠢᠨ ᠱᠠᠲᠤᠨ᠎ᠤ ᠨᠠᠮ᠎ᠤᠨ ᠭᠡᠰᠢᠭᠦᠨ ᠤᠳᠤᠷᠢᠳᠬᠤ ᠺᠠᠳ᠋ᠷᠴᠤᠳ᠎ᠤᠨ ᠳᠠᠭᠠᠭᠠᠴᠢᠯᠠᠨ ᠬᠣᠯᠪᠣᠭᠠᠯᠠᠬᠤ ᠠᠵᠢᠯ᠎ᠳᠤ ᠣᠷᠣᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠲᠥᠪᠯᠡᠷᠡᠭᠦᠯᠦᠨ ᠵᠠᠰᠠᠬᠤ ᠶ᠋ᠢ ᠬᠥᠲᠥᠯᠥᠨ ᠵᠢᠯᠤᠭᠣᠳᠬᠤ ᠶ᠋ᠢ ᠴᠢᠩᠭᠠᠳᠬᠠᠪᠠ᠃ ᠬᠣᠲᠠ᠎ᠶᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠪᠠᠢᠭᠤᠯᠭ᠎ᠠ ᠲᠥᠪᠯᠡᠷᠡᠭᠦᠯᠦᠨ ᠵᠠᠰᠠᠬᠤ ᠬᠢᠨᠠᠯᠲᠠ ᠲᠠᠯᠪᠢᠵᠤ ᠪᠠᠢᠴᠠᠭᠠᠬᠤ ᠲᠥᠰᠥᠯ᠎ᠢ ᠲᠣᠭᠲᠠᠭᠠᠵᠤ᠂ ᠢᠯᠡ᠎ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠬᠤ ᠪᠠ ᠠᠰᠠᠭᠤᠳᠠᠯ᠎ᠢ ᠪᠠᠢᠴᠠᠭᠠᠨ ᠰᠢᠢᠳᠪᠦᠷᠢᠯᠡᠬᠦ ᠠᠵᠢᠯ᠎ᠢ ᠲᠥᠯᠥᠪᠯᠡᠭᠡ᠎ᠲᠠᠢ ᠭᠣᠣᠯᠳᠠᠯᠭ᠎ᠠ᠎ᠲᠠᠢ ᠬᠠᠨᠳᠤᠯᠭᠠᠲᠤ ᠴᠢᠨᠠᠷᠲᠠᠢ᠎ᠪᠠᠷ ᠥᠷᠨᠢᠭᠦᠯᠪᠡ᠃ ᠬᠣᠲᠠ᠎ᠶᠢᠨ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠎ᠦᠨ ᠬᠡᠯᠲᠡᠰ᠎ᠦᠨ ᠶᠠᠪᠤᠳᠠᠯ᠎ᠤᠨ ᠬᠤᠷᠠᠯ᠎ᠤᠨ ᠪᠦᠷᠢᠯᠳᠦᠭᠦᠨ ᠨᠠᠷ ᠠᠵᠢᠯ᠎ᠤᠨ ᠬᠤᠪᠢᠶᠠᠷᠢᠯᠠᠯ ᠶᠣᠰᠣᠭᠠᠷ ᠬᠠᠮᠢᠶ᠎ᠠ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠨᠢᠭᠡᠴᠢ᠎ᠲᠠᠢ ᠬᠠᠷᠢᠯᠴᠠᠵᠤ ᠂ ᠲᠥᠪᠯᠡᠷᠡᠭᠦᠯᠦᠨ ᠵᠠᠰᠠᠬᠤ ᠠᠵᠢᠯ᠎ᠢ ᠪᠥᠬᠥ ᠲᠠᠯ᠎ᠠ᠎ᠪᠠᠷ ᠵᠢᠯᠣᠭᠣᠳᠪᠠ ᠃
ᠪᠤᠭᠤᠲᠤ ᠬᠣᠲᠠ《ᠨᠢᠭᠡᠳᠦᠯᠲᠡᠢ ᠲᠥᠯᠥᠪᠯᠡᠬᠦ ᠵᠢ ᠴᠢᠩᠭᠠᠳᠬᠠᠬᠤ ᠂ ᠶᠠᠷᠢᠶ᠎ᠠ ᠬᠡᠯᠡᠯᠴᠡᠭᠡᠨ᠎ᠦ ᠤᠬᠠᠭᠤᠯᠭ᠎ᠠ᠂ ᠪᠠᠢᠴᠠᠭᠠᠨ ᠰᠢᠢᠳᠪᠦᠷᠢᠯᠡᠵᠦ ᠵᠠᠯᠬᠠᠭᠠᠨ ᠴᠡᠭᠡᠷᠯᠡᠭᠦᠯᠬᠦ》 ᠪᠠᠷ ᠲᠥᠪᠯᠡᠷᠡᠭᠦᠯᠦᠨ ᠵᠠᠰᠠᠬᠤ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠪᠡ
ᠪᠤᠭᠤᠲᠤ ᠬᠤᠳᠠ᠎ᠶᠢᠨ ᠬᠢᠨ ᠲᠥᠪᠯᠡᠷᠡᠭᠦᠯᠦᠨ ᠵᠠᠰᠠᠬᠤ ᠠᠵᠢᠯ᠎ᠢ ᠤᠯᠠᠨ ᠬᠠᠷᠠᠭᠠᠰᠤ᠂ ᠤᠯᠠᠨ ᠠᠷᠭ᠎ᠠ ᠬᠡᠯᠪᠡᠷᠢ᠎ᠪᠡᠷ ᠠᠬᠢᠭᠤᠯᠵᠤ᠂ ᠵᠡᠷᠭᠡ ᠪᠡᠷ ᠠᠳᠬᠤᠨ ᠬᠠᠮᠲᠤ ᠪᠠᠷ ᠬᠠᠮᠢᠶᠠᠷᠬᠤ᠂ ᠤᠯᠠᠨ ᠲᠠᠯ᠎ᠠ᠎ᠠᠴᠠ ᠬᠦᠴᠦᠯᠡᠬᠦ ᠰᠠᠢᠨ ᠰᠠᠢᠬᠠᠨ ᠪᠠᠢᠷᠢᠰᠢᠯ᠎ᠢ ᠪᠤᠢ ᠪᠣᠯᠭᠠᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠲᠥᠪᠯᠡᠷᠡᠭᠦᠯᠦᠨ ᠵᠠᠰᠠᠬᠤ ᠠᠵᠢᠯ ᠪᠣᠯᠣᠨ ᠪᠦᠬᠦ ᠬᠤᠳᠠ᠎ᠶᠢᠨ ᠰᠤᠷᠲᠠᠯ᠎ᠤᠨ ᠪᠠᠢᠭᠤᠯᠤᠯᠲᠠ᠎ᠶᠢ ᠴᠢᠩᠭᠠᠳᠬᠠᠬᠤ ᠰᠤᠷᠤᠯᠴᠠᠯᠭ᠎ᠠ ᠦᠢᠯᠡᠳᠦᠯᠭᠡ᠎ᠶᠢᠨ ᠠᠵᠢᠯᠯᠠᠭ᠎ᠠ ᠵᠡᠷᠭᠡ ᠡᠯ᠎ᠡ ᠵᠦᠢᠯ᠎ᠦᠨ ᠠᠵᠢᠯ᠎ᠤᠨ ᠤᠶᠠᠯᠳᠤᠯ᠎ᠤᠨ ᠴᠡᠭ᠂ ᠭᠠᠷᠳᠠᠬᠤ ᠴᠡᠭ᠂ ᠬᠦᠴᠦᠯᠡᠬᠦ ᠴᠡᠭ᠎ᠢ ᠣᠨᠣᠪᠴᠢᠲᠠᠢ ᠡᠷᠢᠬᠦ᠎ᠶᠢ ᠬᠥᠲᠥᠯᠥᠨ ᠵᠢᠯᠤᠭᠣᠳᠴᠤ᠂ ᠨᠢᠭᠡ ᠴᠣᠭᠴᠠᠵᠢᠭᠤᠯᠤᠨ ᠠᠬᠢᠭᠤᠯᠵᠤ᠂ ᠬᠠᠷᠢᠯᠴᠠᠨ ᠠᠬᠢᠭᠤᠯᠵᠤ ᠬᠠᠮᠲᠤ ᠪᠠᠷ ᠤᠷᠤᠭᠰᠢᠯᠠᠵᠤ᠂ ᠠᠵᠢᠯ᠎ᠤᠨ ᠴᠢᠨᠠᠷ ᠴᠢᠨᠰᠠᠭ᠎ᠠ ᠦᠷ᠎ᠡ ᠠᠰᠢᠭ᠋᠎ᠢ ᠳᠡᠭᠡᠭᠰᠢᠯᠡᠭᠦᠯᠪᠡ᠃ ᠴᠢᠩᠱᠠᠨ ᠲᠣᠭᠣᠷᠢᠭ ᠲᠥᠪᠯᠡᠷᠡᠭᠦᠯᠦᠨ ᠵᠠᠰᠠᠬᠤ᠎ᠶᠢ《ᠠᠵᠤ ᠠᠬᠤᠢᠯᠠᠯ᠎ᠤᠨ ᠬᠡᠷᠡᠭᠴᠡᠭᠡ ᠱᠠᠭᠠᠷᠳᠠᠯᠭ᠎ᠠ᠎ᠶᠢ ᠠᠰᠠᠭᠤᠵᠤ᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢ ᠠᠰᠠᠭᠤᠬᠤ》 ᠲᠤᠰᠬᠠᠢ ᠠᠵᠢᠯᠯᠠᠭ᠎ᠠ᠎ᠲᠠᠢ ᠤᠶᠠᠯᠳᠤᠭᠤᠯᠵᠤ ᠂ ᠥᠩᠭᠡᠨ ᠲᠠᠯ᠎ᠠ ᠪᠠ ᠦᠨᠳᠦᠰᠦ ᠰᠤᠷᠪᠤᠯᠵᠢ᠎ᠶᠢ ᠵᠡᠷᠭᠡ᠎ᠪᠡᠷ ᠵᠠᠰᠠᠬᠤ᠎ᠶᠢ ᠪᠠᠷᠢᠮᠲᠠᠯᠠᠨ᠂ ᠳᠦᠷᠢᠮ ᠲᠣᠭᠲᠠᠭᠠᠯ ᠲᠣᠭᠲᠠᠭᠠᠬᠤ᠎ᠶᠢ ᠴᠢᠩᠭᠠᠳᠬᠠᠵᠤ ᠂ ᠪᠠᠢᠩᠭᠤ᠎ᠶᠢᠨ ᠪᠠ ᠣᠷᠳᠣ᠌ ᠬᠤᠭᠤᠴᠠᠭᠠᠨ᠎ᠤ ᠪᠦᠲᠦᠮᠵᠢᠲᠡᠶ ᠪᠠᠢᠳᠠᠯ᠎ᠢ ᠪᠣᠶ ᠪᠣᠯᠭᠠᠪᠠ ᠃ ᠳ᠋ᠦᠩ ᠾᠧ ᠲᠣᠭᠣᠷᠢᠭ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠢ ᠴᠢᠩᠳᠠᠯᠠᠬᠤ᠂ ᠦᠵᠡᠯ ᠰᠠᠨᠠᠭᠠᠨ᠎ᠤ ᠬᠥᠮᠦᠵᠢᠯ᠎ᠢ ᠠᠳᠬᠤᠬᠤ᠂ ᠪᠣᠳᠠᠲᠠᠢ ᠠᠰᠠᠭᠤᠳᠠᠯ᠎ᠢ ᠥᠭᠡᠷᠡᠴᠢᠯᠡᠬᠦ᠎ᠡᠴᠡ ᠭᠠᠷᠳᠠᠪᠠ᠃《ᠪᠤᠭᠤᠲᠤ᠎ᠶᠢᠨ ᠡᠳᠦᠷ᠎ᠦᠨ ᠰᠣᠨᠢᠨ》᠂ ᠪᠤᠭᠤᠲᠤ᠎ᠶᠢᠨ ᠨᠠᠮ᠎ᠤᠨ ᠪᠠᠢᠭᠤᠯᠤᠯᠲᠠ᠎ᠶᠢᠨ ᠵᠢᠷᠭᠢᠶ᠎ᠡ᠎ᠶᠢᠨ ᠤᠯᠠᠨ ᠨᠡᠶ᠋ᠢᠲᠡ᠎ᠶᠢᠨ ᠳᠠᠪᠴᠠᠩ ᠳ᠋ᠤ《ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠢ ᠲᠥᠪ ᠴᠢᠩᠭ᠎ᠠ ᠪᠠᠢᠯᠭᠠᠶ᠎ᠠ》ᠭᠡᠬᠦ ᠲᠤᠰᠬᠠᠢ ᠪᠤᠯᠤᠩ ᠭᠠᠷᠭᠠᠵᠤ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ᠎ᠦᠨ ᠣᠨᠴᠠᠯᠢᠭ᠍ᠲᠤ ᠬᠢᠳᠡᠯ ᠪᠣᠯᠣᠨ ᠦᠢᠯᠡᠳᠦᠯᠭᠡ᠎ᠶᠢᠨ ᠦᠷ᠎ᠡ ᠪᠦᠲᠦᠮᠵᠢ᠎ᠶᠢ ᠤᠬᠠᠭᠤᠯᠵᠤ᠂ ᠺᠠᠳ᠋ᠷ ᠤᠯᠠᠨ ᠲᠦᠮᠡᠨ᠎ᠦ ᠲᠥᠪᠯᠡᠷᠡᠭᠦᠯᠦᠨ ᠵᠠᠰᠠᠬᠤ ᠠᠵᠢᠯ᠎ᠤᠨ ᠲᠤᠬᠠᠢ ᠰᠠᠨᠠᠯ ᠰᠠᠨᠠᠭᠤᠯᠭ᠎ᠠ᠎ᠶᠢ ᠢᠯᠡ᠎ᠪᠡᠷ ᠬᠤᠷᠢᠶᠠᠪᠠ᠃ ᠲᠤᠰᠬᠠᠢ ᠪᠠᠢᠴᠠᠭᠠᠨ ᠰᠢᠢᠳᠪᠦᠷᠢᠯᠡᠯᠲᠡ᠎ᠶᠢ ᠴᠢᠩᠭᠠᠳᠬᠠᠵᠤ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ᠂ ᠲᠣᠣᠷ ᠰᠦᠯᠵᠢᠶ᠎ᠡ ᠵᠡᠷᠭᠡ ᠠᠷᠭ᠎ᠠ ᠵᠠᠮ᠎ᠢ ᠰᠠᠭᠠᠳ ᠦᠭᠡᠢ ᠨᠠᠪᠲᠠᠷᠡᠭᠦᠯᠵᠦ᠂ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ ᠳ᠋ᠡᠬᠢ ᠪᠣᠯᠭᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠤᠨ ᠢᠯᠡᠴᠢᠯᠡᠨ ᠮᠡᠳᠡᠭᠦᠯᠦᠯᠲᠡ᠎ᠶᠢ ᠲᠤᠰᠬᠠᠢ ᠵᠦᠢᠯ᠎ᠢᠶᠡᠷ ᠭᠥᠯᠢᠶᠡᠨ ᠠᠪᠴᠤ ᠰᠢᠢᠳᠪᠦᠷᠢᠯᠡᠨ᠂ ᠡᠬᠡ ᠲᠠᠨᠭᠰᠠ ᠪᠠᠢᠭᠤᠯᠵᠤ᠂ ᠴᠢᠩᠭ᠎ᠠ ᠪᠠᠢᠴᠠᠭᠠᠨ ᠰᠢᠢᠳᠪᠦᠷᠢᠯᠡᠬᠦ᠎ᠶᠢᠨ ᠬᠠᠮᠲᠤ ᠨᠡᠢᠲᠡᠯᠢᠭ ᠠᠰᠠᠭᠤᠳᠠᠯ᠎ᠢ ᠨᠡᠢᠲᠡᠯᠡᠨ ᠢᠯᠡᠴᠢᠯᠡᠪᠡ᠃ ᠬᠡᠪ᠎ᠦᠨ ᠬᠢᠨᠠᠯᠲᠠ᠎ᠲᠠᠢ ᠠᠭᠤᠰᠤᠯᠴᠠᠭᠤᠯᠵᠤ᠂ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠳᠡᠬᠢ ᠪᠣᠯᠭᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠤᠨ 11 ᠵᠦᠢᠯ᠎ᠦᠨ ᠦᠵᠡᠭᠳᠡᠯ ᠵᠢᠴᠢ ᠪᠣᠳᠠᠲᠠᠢ ᠢᠯᠡᠷᠡᠯ᠎ᠢ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠂ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ᠎ᠦᠨ ᠡᠳᠦᠷ ᠲᠤᠳᠤᠮ᠎ᠤᠨ ᠬᠢᠨᠠᠯᠲᠠ ᠪᠠᠢᠴᠠᠭᠠᠯᠲᠠ᠎ᠳᠤ ᠣᠷᠣᠭᠤᠯᠵᠤ᠂ ᠣᠷᠣᠰᠢᠵᠤ ᠪᠠᠢᠭ᠎ᠠ ᠪᠣᠯᠭᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠳᠤ ᠭᠦᠨᠵᠡᠭᠡᠢ ᠪᠠᠢᠴᠠᠭᠠᠵᠤ ᠴᠢᠩᠭ᠎ᠠ ᠴᠣᠬᠢᠯᠲᠠ ᠥᠭᠴᠦ᠂ ᠰᠦᠷᠳᠡᠭᠦᠯᠬᠦ ᠦᠢᠯᠡᠳᠦᠯ ᠦᠵᠡᠭᠦᠯᠪᠡ᠃
ᠤᠯᠠᠭᠠᠨᠴᠠᠪ ᠬᠣᠲᠠ《ᠲᠤᠰᠬᠠᠢ ᠠᠩᠭᠢ ᠪᠡᠷ ᠰᠢᠯᠢᠳᠡᠭᠵᠢᠭᠦᠯᠵᠦ》ᠲᠥᠪᠯᠡᠷᠡᠩᠭᠦᠶ ᠵᠠᠰᠠᠯᠲᠠ᠎ᠶ᠋ᠢ ᠨᠠᠷᠢᠯᠢᠭ ᠪᠣᠳᠠᠲᠠᠶ ᠨᠠᠢᠳᠠᠪᠤᠷᠢᠵᠢᠭᠤᠯᠬᠤ᠎ᠶ᠋ᠢ ᠠᠬᠢᠭᠤᠯᠪᠠ
ᠤᠯᠠᠭᠠᠨᠴᠠᠪ ᠬᠣᠲᠠ《ᠭᠤᠷᠪᠠᠨ ᠲᠤᠰᠭᠠᠶ ᠠᠩᠭᠢ》 ᠪᠠᠷ ᠳᠠᠮᠵᠢᠭᠤᠯᠤᠨ ᠲᠥᠪᠯᠡᠷᠡᠭᠦᠯᠦᠨ ᠵᠠᠰᠠᠬᠤ《ᠡᠴᠦᠰ᠎ᠦᠨ ᠨᠢᠭᠡ ᠺᠢᠯᠣᠮᠧᠲ᠋ᠷ》 ᠢ᠋ ᠡᠷᠡᠰ ᠨᠡᠪᠲᠡᠷᠡᠭᠦᠯᠦᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠡᠴᠡ ᠬᠡᠪ ᠪᠣᠯᠪᠠᠰᠤᠷᠠᠯ ᠰᠠᠢᠲᠠᠶ 33 ᠺᠠᠳ᠋ᠷ᠎ᠢ ᠰᠣᠩᠭᠣᠨ ᠵᠣᠬᠢᠶᠠᠨ ᠪᠠᠢᠭᠤᠯᠵᠤ᠂ ᠲᠥᠪᠯᠡᠷᠡᠭᠦᠯᠦᠨ ᠵᠠᠰᠠᠬᠤ ᠠᠵᠢᠯ᠎ᠤᠨ ᠲᠤᠰᠭᠠᠶ ᠠᠩᠭᠢ ᠪᠠᠢᠭᠤᠯᠵᠤ᠂ ᠳᠤᠤᠷ᠎ᠠ᠎ᠨᠢ ᠶᠡᠷᠦᠩᠬᠡᠢᠯᠡᠭ᠌ᠰᠡᠨ ᠳᠤᠭᠤᠢᠯᠠᠩ᠂ ᠬᠣᠱᠢᠭᠤ ᠱᠢᠶᠠᠨ ᠬᠣᠲᠠ ᠲᠣᠭᠣᠷᠢᠭ᠎ᠤᠨ ᠠᠬᠢᠭᠤᠯᠬᠤ ᠳᠤᠭᠤᠢᠯᠠᠩ᠂ ᠬᠣᠲᠠ᠎ᠶ᠋ᠢᠨ ᠱᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠢ᠎ᠶ᠋ᠢᠨ ᠠᠬᠢᠭᠤᠯᠬᠤ ᠳᠤᠭᠤᠢᠯᠠᠩ ᠵᠡᠷᠭᠡ 5 ᠠᠵᠢᠯᠯᠠᠬᠤ ᠳᠤᠭᠤᠢᠯᠠᠩ ᠪᠠᠢᠭᠤᠯᠵᠤ᠂ ᠲᠤᠰᠭᠠᠶ ᠠᠩᠭᠢ᠎ᠶ᠋ᠢᠨ ᠲᠤᠰᠭᠠᠶ ᠬᠥᠮᠦᠨ ᠲᠤᠰᠭᠠᠶ ᠬᠠᠷᠢᠭᠤᠴᠠᠨ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠬᠤ᠎ᠶ᠋ᠢ ᠪᠡᠶᠡᠯᠡᠭᠦᠯᠪᠡ᠃ ᠲᠤᠰᠭᠠᠶ ᠲᠣᠬᠢᠷᠠᠭᠤᠯᠤᠯᠲᠠ ᠬᠢᠵᠦ᠂ ᠬᠣᠲᠠ᠎ᠶ᠋ᠢᠨ ᠲᠣᠰ ᠱᠠᠲᠤ ᠪᠠ ᠬᠣᠲᠠ᠎ᠶ᠋ᠢᠨ ᠱᠢᠭᠤᠳ ᠬᠠᠷᠢᠶ᠎ᠠ ᠰᠠᠯᠠᠭ᠎ᠠ ᠮᠥᠴᠢᠷ᠂ ᠬᠣᠱᠢᠭᠤ ᠱᠢᠶᠠᠨ(ᠬᠣᠲᠠ᠂ ᠲᠣᠭᠣᠷᠢᠭ)ᠬᠣᠶᠠᠷ ᠱᠠᠲᠤ ᠳᠠᠪᠬᠤᠷᠭ᠎ᠠ᠂ ᠭᠤᠷᠪᠠᠨ ᠲᠥᠷᠥᠯ ᠢᠯᠭᠠᠯ ᠶᠣᠰᠣᠭᠠᠷ᠂ ᠪᠥᠬᠥ᠌ ᠬᠣᠲᠠ᠎ᠶ᠋ᠢᠨ ᠡᠯ᠎ᠡ ᠱᠠᠲᠤ ᠡᠯ᠎ᠡ ᠰᠠᠯᠠᠭ᠎ᠠ ᠮᠥᠴᠢᠷ᠎ᠦᠨ ᠠᠯᠬᠤᠮ ᠨᠢᠭᠡᠲᠡᠶ᠎ᠪᠡᠷ ᠲᠥᠪᠯᠡᠷᠡᠭᠦᠯᠦᠨ ᠵᠠᠰᠠᠬᠤ᠎ᠶ᠋ᠢ ᠦᠨᠡᠨ ᠬᠦ᠌ ᠪᠠᠲᠤᠯᠠᠪᠠ᠃ ᠲᠤᠰᠭᠠᠶ ᠰᠡᠳᠦᠪᠲᠦ ᠵᠢᠯᠣᠭᠣᠳᠤᠯᠭ᠎ᠠ᠎ᠪᠠᠨ ᠴᠢᠩᠭᠠᠳᠬᠠᠵᠤ᠂ ᠬᠣᠲᠠ᠎ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠂ ᠬᠣᠲᠠ᠎ᠶ᠋ᠢᠨ ᠨᠠᠮ᠎ᠤᠨ ᠬᠣᠷᠢᠶᠠᠨ᠎ᠤ ᠱᠠᠯᠠᠪᠳᠠᠭᠤᠯᠤᠨ ᠪᠠᠢᠴᠠᠭᠠᠬᠤ ᠲᠠᠰᠤᠭ᠎ᠠᠴᠠ 13 ᠲᠤᠬᠠᠢᠯᠠᠭ᠍ᠰᠠᠨ ᠠᠵᠢᠯ᠎ᠤᠨ ᠭᠤᠤᠯᠯᠠᠭ᠍ᠴᠢ ᠬᠦᠴᠦᠨ᠎ᠢ ᠱᠢᠯᠵᠢᠭᠦᠯᠦᠨ ᠠᠪᠴᠢᠷᠠᠵᠤ ᠱᠠᠯᠠᠪᠳᠠᠭᠤᠯᠤᠨ ᠵᠢᠯᠣᠭᠣᠳᠭᠤ ᠳᠤᠭᠤᠢᠯᠠᠩ ᠪᠠᠢᠭᠤᠯᠵᠤ᠂ ᠢᠯᠡ᠎ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠬᠤ᠂ ᠡᠳᠦᠷ ᠲᠤᠲᠤᠮ᠎ᠤᠨ ᠬᠢᠨᠠᠯᠲᠠ ᠲᠠᠯᠪᠢᠬᠤ᠂ ᠲᠤᠬᠠᠶ᠎ᠶ᠋ᠢᠨ ᠭᠠᠵᠠᠷ᠎ᠲᠤᠨᠢ ᠱᠠᠯᠠᠪᠳᠠᠭᠤᠯᠤᠨ ᠵᠢᠯᠣᠭᠣᠳᠭᠤ ᠵᠡᠷᠭᠡ ᠣᠯᠠᠨ ᠵᠦᠶ᠋ᠯ᠎ᠦᠨ ᠠᠷᠭ᠎ᠠ ᠬᠡᠯᠪᠡᠷᠢ ᠪᠡᠷ᠂ ᠡᠯ᠎ᠡ ᠭᠠᠵᠠᠷ ᠣᠷᠣᠨ ᠡᠯ᠎ᠡ ᠨᠢᠭᠡᠴᠢ᠎ᠶ᠋ᠢᠨ ᠲᠥᠪᠯᠡᠷᠡᠭᠦᠯᠦᠨ ᠵᠠᠰᠠᠭ᠍ᠰᠠᠨ ᠪᠠᠢᠳᠠᠯ᠎ᠢ ᠴᠠᠭ ᠲᠤᠬᠠᠶ᠎ᠳᠤᠨᠢ ᠣᠢᠯᠠᠭᠠᠵᠤ ᠱᠠᠯᠠᠪᠳᠠᠭᠤᠯᠤᠨ ᠬᠦᠢᠴᠡᠳᠬᠡᠯᠭᠡᠪᠡ᠃
ᠬᠥᠯᠥᠨ ᠪᠣᠢᠷ ᠬᠣᠲᠠ《ᠡᠮᠦᠨᠡᠬᠢ ᠨᠢ ᠳᠠᠭᠠᠭᠤᠯᠵᠤ ᠬᠣᠢᠨᠠᠬᠢ ᠨᠢ ᠠᠬᠢᠭᠤᠯᠬᠤ》ᠬᠤᠤᠰ ᠴᠢᠭ᠌ᠯᠡᠯ᠎ᠢᠶᠡᠷ ᠲᠥᠪᠯᠡᠷᠡᠭᠦᠯᠦᠨ ᠵᠠᠰᠠᠬᠤᠠᠵᠢᠯ ᠢ ᠠᠬᠢᠭᠤᠯᠪᠠ
ᠬᠥᠯᠥᠨ ᠪᠣᠢᠷ ᠬᠣᠲᠠ《ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ》ᠪᠠ《ᠲᠣᠬᠢᠷᠠᠭᠤᠯᠤᠯᠲᠠ ᠬᠢᠵᠦ ᠠᠬᠢᠭᠤᠯᠬᠤ》ᠵᠢ ᠵᠡᠷᠭᠡ᠎ᠪᠡᠷ ᠬᠡᠷᠡᠭᠵᠢᠭᠦᠯᠵᠦ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠲᠥᠪᠯᠡᠷᠡᠭᠦᠯᠦᠨ ᠵᠠᠰᠠᠬᠤ ᠦᠵᠡᠯ ᠰᠠᠨᠠᠭᠠᠨ᠎ᠤ ᠤᠬᠠᠮᠰᠠᠷ ᠪᠠ ᠠᠵᠢᠯᠯᠠᠭᠠᠨ᠎ᠤ ᠤᠬᠠᠮᠰᠠᠷ᠎ᠢ ᠲᠠᠰᠤᠷᠠᠯᠲᠠ ᠥᠬᠡᠶ ᠴᠢᠩᠭᠠᠳᠭᠠᠪᠠ᠃ ᠨᠢᠭᠡ ᠲᠠᠯ᠎ᠠ᠎ᠪᠠᠷ᠂ ᠬᠥᠲᠥᠯᠥᠨ ᠳᠠᠭᠠᠭᠤᠯᠵᠤ ᠳᠠᠢᠴᠢᠯᠠᠬᠤ᠎ᠶ᠋ᠢ ᠴᠢᠬᠤᠯᠠᠴᠢᠯᠠᠵᠤ᠂ ᠬᠤᠳᠠ᠎ᠶ᠋ᠢᠨ ᠨᠠᠮ᠎ᠤᠨ ᠬᠣᠷᠢᠶ᠎ᠠ ᠲᠣᠭ᠍ᠲᠠᠭ᠍ᠰᠠᠨ ᠬᠤᠭᠤᠴᠠᠭ᠎ᠠ᠎ᠲᠠᠶ᠎ᠪᠠᠷ ᠲᠥᠪᠯᠡᠷᠡᠭᠦᠯᠦᠨ ᠵᠠᠰᠠᠬᠤ ᠠᠵᠢᠯ᠎ᠢ ᠰᠤᠳᠤᠯᠵᠤ᠂ ᠲᠥᠪᠯᠡᠷᠡᠭᠦᠯᠦᠨ ᠵᠠᠰᠠᠬᠤ ᠠᠵᠢᠯ᠎ᠤᠨ ᠠᠬᠢᠴᠠ᠎ᠶ᠋ᠢᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠭᠤ᠎ᠶ᠋ᠢᠨ ᠬᠠᠮᠲᠤ ᠴᠢᠨᠠᠬᠰᠢᠳᠠ ᠲᠤᠬᠢᠷᠠᠭᠤᠯᠤᠨ ᠪᠠᠢᠷᠢᠯᠠᠭᠤᠯᠪᠠ᠃ ᠨᠥᠭᠥᠭᠡ ᠲᠠᠯ᠎ᠠ᠎ᠪᠠᠷ᠂ ᠲᠤᠬᠢᠷᠠᠭᠤᠯᠤᠯᠲᠠ ᠬᠢᠵᠦ ᠠᠬᠢᠭᠤᠯᠬᠤ ᠵᠢ ᠴᠢᠩᠭᠠᠳᠬᠠᠵᠤ᠂ ᠬᠠᠷᠢᠭᠤ ᠮᠡᠳᠡᠭᠦᠯᠦᠯᠲᠡ᠎ᠶ᠋ᠢ ᠰᠣᠨᠣᠰᠭᠤ᠂ ᠪᠠᠢᠳᠠᠯ᠎ᠢ ᠪᠦᠷᠢᠳᠭᠡᠬᠦ᠌ ᠵᠡᠷᠭᠡ ᠣᠯᠠᠨ ᠵᠦᠶ᠋ᠯ᠎ᠦᠨ ᠠᠷᠭ᠎ᠠ ᠬᠡᠯᠪᠡᠷᠢ᠎ᠶ᠋ᠢ ᠶᠡᠷᠦᠩᠬᠡᠢᠯᠡᠨ ᠬᠡᠷᠡᠭ᠌ᠯᠡᠵᠦ᠍᠂ ᠱᠠᠲᠤ ᠬᠤᠪᠢᠶᠠᠨ ᠭᠤᠤᠯᠳᠠᠯᠭ᠎ᠠ᠎ᠲᠠᠶ᠎ᠪᠠᠷ ᠡᠯ᠎ᠡ ᠬᠣᠱᠢᠭᠤ ᠬᠣᠲᠠ ᠲᠣᠭᠣᠷᠢᠭ᠂ ᠬᠣᠲᠠ᠎ᠶ᠋ᠢᠨ ᠱᠢᠭᠤᠳ ᠬᠠᠷᠢᠶ᠎ᠠ ᠰᠠᠯᠠᠭ᠎ᠠ ᠮᠥᠴᠢᠷ᠎ᠦᠨ ᠲᠥᠪᠯᠡᠷᠡᠭᠦᠯᠦᠨ ᠵᠠᠰᠠᠬᠤ ᠠᠵᠢᠯ᠎ᠢ ᠥᠷᠨᠢᠭᠦᠯᠦᠭ᠌ᠰᠡᠨ ᠪᠠᠢᠳᠠᠯ᠎ᠢ ᠲᠣᠬᠢᠷᠠᠭᠤᠯᠵᠤ᠂ ᠴᠢᠭ᠌ᠯᠡᠯ᠎ᠢ ᠬᠡᠯᠪᠡᠢᠯᠭᠡᠬᠦ᠌ ᠥᠬᠡᠶ᠂ ᠡᠷᠴᠢᠮ᠎ᠢ ᠰᠤᠯᠠᠷᠠᠭᠤᠯᠬᠤ ᠥᠬᠡᠶ᠂ ᠪᠠᠷᠢᠮᠵᠢᠶ᠎ᠠ᠎ᠶ᠋ᠢ ᠪᠠᠭᠤᠷᠠᠭᠤᠯᠬᠤ ᠥᠬᠡᠶ ᠪᠠᠢᠬᠤ᠎ᠶ᠋ᠢ ᠦᠨᠡᠨ ᠬᠦ᠌ ᠪᠠᠲᠤᠯᠠᠪᠠ᠃
ᠣᠷᠳᠣᠰ ᠬᠣᠲᠠ᠎ᠶ᠋ᠢᠨ ᠬᠢᠶ᠎ᠠ ᠪᠠᠭ᠍ᠰᠢ ᠲᠣᠭᠣᠷᠢᠭ《ᠭᠤᠷᠪᠠᠨ ᠲᠠᠯ᠎ᠠ》ᠵᠢ ᠠᠩᠬᠠᠷᠴᠤ᠌ ᠲᠥᠪᠯᠡᠷᠡᠭᠦᠯᠦᠨ ᠵᠠᠰᠠᠬᠤ ᠠᠵᠢᠯ᠎ᠢ ᠰᠠᠢᠲᠤᠷ ᠬᠢᠪᠠ
ᠣᠷᠳᠣᠰ ᠬᠣᠲᠠ᠎ᠶ᠋ᠢᠨ ᠬᠢᠶ᠎ᠠ ᠪᠠᠭ᠍ᠰᠢ ᠲᠣᠭᠣᠷᠢᠭ ᠰᠤᠷᠤᠯᠴᠠᠯᠭ᠎ᠠ ᠬᠥᠮᠦᠵᠢᠯ᠂ ᠲᠦᠷᠢᠮ ᠲᠣᠭ᠍ᠲᠠᠭᠠᠯ ᠲᠣᠭ᠍ᠲᠠᠭᠠᠬᠤ᠂ ᠬᠢᠨᠠᠯᠲᠠ ᠬᠠᠮᠢᠶᠠᠷᠤᠯᠲᠠ ᠵᠡᠷᠭᠡ ᠭᠤᠷᠪᠠᠨ ᠲᠠᠯ᠎ᠠ᠎ᠠᠴᠠ ᠭᠠᠷᠳᠠᠵᠤ᠂ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠵᠢ ᠪᠣᠳᠠᠲᠠᠶ᠎ᠳᠤ ᠨᠠᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠵᠢ ᠠᠬᠢᠭᠤᠯᠪᠠ᠃ ᠨᠢᠭᠡ᠎ᠳᠦ ᠲᠤᠰᠭᠠᠶ ᠰᠡᠳᠦᠪᠲᠦ ᠬᠥᠮᠦᠵᠢᠯ᠎ᠢᠶᠡᠷ ᠦᠵᠡᠯ ᠰᠠᠨᠠᠭ᠎ᠠ ᠲᠠᠨᠢᠯᠲᠠ᠎ᠪᠠᠨ ᠳᠡᠭᠡᠭ᠌ᠰᠢᠯᠡᠭᠦᠯᠪᠡ᠃ ᠲᠤᠰᠭᠠᠶ ᠰᠡᠳᠦᠪᠲᠦ ᠬᠥᠮᠦᠵᠢᠯ᠎ᠦᠨ ᠠᠵᠢᠯᠯᠠᠭ᠎ᠠ ᠥᠷᠨᠢᠭᠦᠯᠵᠦ᠂ ᠨᠠᠮ᠎ᠤᠨ ᠭᠡᠱᠢᠭᠦᠨ ᠺᠠᠳ᠋ᠷ᠎ᠤᠨ ᠥᠪᠡᠷ᠎ᠢᠶᠡᠨ ᠰᠤᠷᠤᠯᠴᠠᠬᠤ᠎ᠳᠤ ᠲᠥᠬᠥᠮ ᠦᠵᠡᠭᠦᠯᠪᠡ᠃ ᠬᠣᠶᠠᠷ᠎ᠲᠤ ᠲᠦᠷᠢᠮ ᠲᠣᠭ᠍ᠲᠠᠭᠠᠯ ᠲᠣᠭ᠍ᠲᠠᠭᠠᠬᠤ᠎ᠪᠠᠷ ᠵᠢᠷᠤᠮᠵᠢᠭᠤᠯᠤᠨ ᠳᠡᠭᠡᠭ᠌ᠰᠢᠯᠡᠭᠦᠯᠬᠦ᠌᠎ᠶ᠋ᠢ ᠠᠬᠢᠭᠤᠯᠪᠠ᠃《ᠨᠠᠮ᠎ᠤᠨ ᠡᠭᠦᠷ᠎ᠦᠨ〈ᠭᠤᠤᠯ ᠰᠡᠳᠦᠪᠲᠦ ᠨᠠᠮ᠎ᠤᠨ ᠡᠳᠦᠷᠯᠢᠭ〉 ᠤ᠋ᠨ ᠠᠵᠢᠯᠯᠠᠭ᠎ᠠ᠎ᠶ᠋ᠢ ᠴᠢᠨᠠᠬᠰᠢᠳᠠ ᠵᠢᠷᠤᠮᠵᠢᠭᠤᠯᠬᠤ ᠲᠤᠬᠠᠶ ᠬᠡᠷᠡᠭ᠌ᠵᠢᠭᠦᠯᠬᠦ᠌ ᠲᠥᠰᠦᠯ》 ᠢ᠋ ᠳᠠᠷᠤᠮᠠᠯᠯᠠᠨ ᠲᠠᠷᠬᠠᠭᠠᠪᠠ;《ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠲᠣᠪᠣᠢᠮ᠎ᠠ ᠠᠰᠠᠭᠤᠳᠠᠯ᠎ᠢ ᠲᠤᠰᠭᠠᠶ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ 〈ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌〉ᠠᠵᠢᠯ᠎ᠢ ᠠᠬᠢᠭᠤᠯᠬᠤ ᠬᠡᠷᠡᠭ᠌ᠵᠢᠭᠦᠯᠬᠦ᠌ ᠲᠥᠰᠦᠯ》᠎ᠢ᠋ ᠳᠠᠷᠤᠮᠠᠯᠯᠠᠨ ᠲᠠᠷᠬᠠᠭᠠᠵᠤ᠂ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠪᠠ;《ᠬᠢᠶ᠎ᠠ ᠪᠠᠭ᠍ᠰᠢ ᠲᠣᠭᠣᠷᠢᠭ᠎ᠤᠨ ᠬᠣᠲᠠ᠎ᠶ᠋ᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠲᠦᠷᠢᠮ᠎ᠢ ᠵᠢᠷᠤᠮᠵᠢᠭᠤᠯᠤᠨ ᠴᠢᠩᠭᠠᠳᠭᠠᠬᠤ ᠬᠠᠮᠢᠶᠠᠷᠤᠯᠲᠠ᠎ᠶ᠋ᠢᠨ ᠠᠷᠭ᠎ᠠ(ᠲᠤᠷᠱᠢᠨ ᠬᠡᠷᠡᠭ᠌ᠵᠢᠭᠦᠯᠬᠦ᠌)》ᠵᠢ ᠨᠡᠢᠲᠡᠯᠡᠵᠦ᠍᠂ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠵᠢᠷᠤᠮᠵᠢᠯ ᠪᠠ ᠪᠣᠳᠠᠲᠤ ᠦᠷ᠎ᠡ ᠪᠦᠲᠦᠮᠵᠢᠲᠦ ᠴᠢᠨᠠᠷ᠎ᠢ ᠴᠢᠩᠭᠠᠳᠭᠠᠪᠠ᠃ ᠭᠤᠷᠪᠠ᠎ᠳᠤ ᠴᠢᠩᠭ᠎ᠠ ᠬᠠᠮᠢᠶᠠᠷᠤᠯᠲᠠ᠎ᠪᠠᠷ ᠬᠢᠨᠠᠯᠲᠠ ᠲᠠᠯᠪᠢᠬᠤ ᠦᠢᠯᠡᠳᠦᠯ ᠴᠢᠳᠠᠪᠤᠷᠢ᠎ᠶ᠋ᠢ ᠴᠢᠩᠭᠠᠳᠬᠠᠪᠠ᠃ 《ᠬᠢᠶ᠎ᠠ ᠪᠠᠭ᠍ᠰᠢ ᠲᠣᠭᠣᠷᠢᠭ᠎ᠤᠨ ᠰᠠᠯᠠᠭᠠᠨ ᠲᠠᠰ᠎ᠤᠨ ᠺᠠᠳ᠋ᠷ᠎ᠢ ᠡᠭᠡᠭᠦᠯᠦᠨ ᠠᠪᠴᠢᠷᠠᠬᠤ ᠬᠠᠮᠢᠶᠠᠷᠤᠯᠲᠠ᠎ᠶ᠋ᠢᠨ ᠠᠷᠭ᠎ᠠ》ᠵᠢ ᠲᠣᠭ᠍ᠲᠠᠭᠠᠵᠤ᠂ ᠨᠠᠮ᠎ᠤᠨ ᠭᠡᠱᠢᠭᠦᠨ ᠺᠠᠳ᠋ᠷ᠎ᠤᠨ ᠠᠵᠢᠯ ᠬᠢᠬᠦ᠌ ᠥᠬᠡᠶ᠂ ᠤᠳᠠᠭᠠᠨ ᠬᠢᠬᠦ᠌᠂ ᠬᠦᠴᠢᠷᠪᠡᠷᠬᠡᠰᠢᠶᠡᠯ ᠡᠴᠡ ᠠᠶᠤᠬᠤ᠂ ᠬᠠᠷᠢᠭᠤᠴᠠᠯᠭ᠎ᠠ ᠡᠭᠦᠷᠭᠡᠯᠡᠬᠦ᠌᠎ᠡᠴᠡ ᠵᠢᠷᠦᠬᠡᠱᠢᠶᠡᠬᠦ᠌ ᠵᠡᠷᠭᠡ ᠦᠶ᠋ᠯᠡ ᠠᠵᠢᠯᠯᠠᠭ᠎ᠠ ᠵᠢ ᠴᠡᠭᠴᠡᠯᠡᠨ ᠰᠠᠢᠵᠢᠷᠠᠭᠤᠯᠪᠠ; ᠰᠠᠬᠢᠯᠭ᠎ᠠ ᠪᠠᠲᠤ ᠪᠠᠢᠴᠠᠭᠠᠬᠤ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠂ ᠬᠢᠨᠠᠨ ᠪᠤᠳᠤᠯᠲᠠ ᠵᠡᠷᠭᠡ ᠰᠠᠯᠠᠭ᠎ᠠ ᠮᠥᠴᠢᠷ᠎ᠦᠨ ᠢᠯᠡᠷᠡᠭᠦᠯᠦᠭ᠌ᠰᠡᠨ ᠨᠠᠮ᠎ᠤᠨ ᠭᠡᠱᠢᠭᠦᠨ ᠺᠠᠳ᠋ᠷᠴᠤᠳ᠎ᠤᠨ ᠬᠣᠯᠪᠣᠭ᠍ᠳᠠᠯ ᠪᠥᠬᠥᠶ ᠠᠰᠠᠭᠤᠳᠠᠯ᠎ᠢ ᠪᠥᠬᠥ᠌ ᠲᠠᠯ᠎ᠠ᠎ᠪᠠᠷ ᠴᠤᠭ᠍ᠯᠠᠭᠤᠯᠤᠨ ᠡᠮᠬᠢᠯᠡᠵᠦ᠂ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠴᠢᠩᠳᠠᠯᠠᠨ᠂ ᠤᠯᠤᠰ ᠲᠥᠷᠥ᠎ᠶ᠋ᠢᠨ ᠠᠮᠢ ᠠᠬᠤᠶ᠎ᠶ᠋ᠢ ᠦᠷᠭᠦᠯᠵᠢᠯᠡᠨ ᠴᠡᠪᠡᠷᠱᠢᠭᠦᠯᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃