ᠭᠣᠣᠯ ᠰᠡᠳᠦᠪᠲᠦ ᠮᠡᠳᠡᠭᠡᠯᠡᠯ > ᠨᠠᠮ᠎ᠤ᠋ᠨ ᠳᠣᠲᠣᠭᠠᠳᠤ᠎ᠶ᠋ᠢᠨ ᠤᠯᠤᠰ ᠲᠦᠷᠦ᠎ᠶ᠋ᠢᠨ ᠠᠮᠢᠳᠤᠷᠠᠯ

2022-05-25 09:14:40

ᠵᠣᠬᠢᠶᠠᠭ᠍ᠴᠢ᠄ ᠰᠦᠩ ᠱᠤᠸᠠᠩ ᠰᠦ᠍ ᠪᠦᠧᠧ ᠣᠩᠱᠢᠭ᠍ᠰᠠᠨ ᠣᠳᠠᠭ᠎ᠠ᠄ 3

ᠪᠥᠬᠥ᠌ ᠣᠷᠣᠨ᠎ᠤ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ ᠠᠵᠢᠯ ᠎ᠢ᠋ ᠦᠷᠨᠢᠬᠦᠯᠦᠭᠰᠡᠨ ᠡᠴᠡ ᠨᠠᠭᠠᠰᠢ᠂ ᠦᠪᠡᠷᠳᠡᠭᠡᠨ ᠵᠠᠰᠠᠬᠤ ᠣᠷᠣᠨ ᠤ᠋ ᠱᠢᠭᠤᠳ ᠬᠠᠷᠢᠶ᠎ᠠ ᠰᠠᠯᠠᠭ᠎ᠠ ᠮᠥᠴᠢᠷ᠎ᠦᠨ ᠬᠢᠨ ᠬᠠᠷᠠᠯᠳᠠ ᠲᠤᠭᠳᠠᠭᠠᠨ ᠬᠦᠴᠤᠯᠠᠵᠤ᠂ ᠤᠨᠤᠴᠠᠳᠠᠢ ᠪᠠᠷ ᠠᠷᠭ᠎ᠠ ᠭᠡᠮᠵᠢᠶ᠎ᠠ ᠭᠡᠷᠡᠭᠵᠢᠬᠦᠯᠤᠨ᠂ ᠦᠪᠡᠷᠳᠡᠭᠡᠨ ᠵᠠᠰᠠᠬᠤ ᠤᠷᠤᠨ᠎ᠤ ᠰᠢᠭᠤᠳ ᠬᠠᠷᠢᠶ᠎ᠠ ᠰᠠᠯᠠᠭ᠎ᠠ ᠮᠦᠴᠢᠷ᠎ᠤᠨ ᠲᠥᠪᠯᠡᠷᠡᠭᠦᠯᠦᠨ ᠵᠠᠰᠠᠬᠤ ᠠᠵᠢᠯ ᠳ᠋ᠤ ᠬᠤᠰᠢᠭᠤᠴᠢᠯᠠᠵᠤ ᠥᠯᠢᠭᠡᠷ ᠳᠠᠭᠤᠷᠢᠶᠠᠯ ᠦᠵᠡᠬᠦᠯᠵᠤ ᠪᠤᠢ᠃


ᠴᠠᠭ ᠲᠤᠬᠠᠶ᠎ᠳᠤᠨᠢ ᠪᠠᠢᠷᠢᠯᠠᠭᠤᠯᠵᠤ ᠤᠨᠤᠴᠠᠳᠠᠢ ᠤᠬᠠᠭᠠᠯᠠᠨ ᠲᠦᠯᠦᠪᠯᠡᠪᠠ

ᠥᠪᠡᠷᠲᠡᠭᠡᠨ ᠵᠠᠰᠠᠬᠤ ᠣᠷᠣᠨ ᠤ᠋ ᠱᠢᠭᠤᠳ ᠬᠠᠷᠢᠶ᠎ᠠ ᠰᠠᠯᠠᠭ᠎ᠠ ᠮᠥᠴᠢᠷ ᠤ᠋ᠨ ᠬᠢᠨ ᠳᠡᠭᠡᠷ᠎ᠠ ᠱᠠᠲᠤ ᠨᠢ ᠳᠤᠤᠷ᠎ᠠ ᠱᠠᠲᠤ ᠪᠡᠨ ᠳᠠᠢᠴᠢᠯᠠᠬᠤ ᠶ᠋ᠢ ᠪᠠᠷᠢᠮᠲᠠᠯᠠᠨ᠂ ᠠᠰᠠᠭᠤᠳᠠᠯ ᠤ᠋ᠨ ᠨᠠᠷᠢᠨ ᠲᠠᠩᠰᠠ ᠶ᠋ᠢ ᠡᠩ ᠲᠡᠷᠢᠭᠦᠨ ᠳ᠋ᠤ ᠵᠠᠷᠯᠠᠨ ᠮᠡᠳᠡᠭᠳᠡᠵᠦ᠂ ᠠᠵᠢᠯ ᠤ᠋ᠨ ᠲᠥᠰᠦᠯ ᠲᠣᠭ᠍ᠲᠠᠭᠠᠨ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠪᠠᠢᠷᠢᠯᠠᠭᠤᠯᠤᠯᠲᠠ ᠱᠠᠭᠠᠷᠳᠠᠯᠭ᠎ᠠ ᠶ᠋ᠢ ᠡᠷᠡᠰ ᠨᠠᠢᠳᠠᠪᠤᠷᠢᠵᠢᠭᠤᠯᠪᠠ ᠃ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠠᠯᠪᠠᠨ ᠲᠢᠩᠬᠢᠮ᠎ᠤᠨ ᠬᠢᠨ 6 ᠲᠠᠯ᠎ᠠ ᠶ᠋ᠢᠨ ᠭᠤᠤᠯᠳᠠᠯᠭ᠎ᠠ ᠲᠠᠢ ᠠᠷᠭ᠎ᠠ ᠬᠡᠮᠵᠢᠶ᠎ᠠ ᠶ᠋ᠢᠨ ᠲᠤᠭᠤᠷᠢᠨ ᠳ᠋ᠤ 19 ᠵᠦᠢᠯ᠎ᠤᠨ ᠪᠤᠳᠠᠳᠠᠢ ᠡᠭᠦᠷᠭᠡ ᠳᠤᠷᠠᠳᠴᠤ᠂ ᠲᠤᠰᠭᠠᠶ ᠬᠥᠮᠦᠨ ᠲᠤᠮᠢᠯᠠᠨ ᠲᠤᠰᠬᠠᠢ ᠠᠵᠢᠯᠯᠠᠬᠤ ᠠᠩᠬᠢ ᠪᠠᠢᠭᠤᠯᠤᠨ ᠬᠣᠯᠪᠣᠭ᠍ᠳᠠᠯ ᠪᠥᠬᠥᠶ ᠱᠠᠭᠠᠷᠳᠠᠯᠭ᠎ᠠ ᠶ᠋ᠢ ᠴᠠᠭ ᠲᠤᠬᠠᠶ ᠳ᠋ᠤᠨᠢ ᠤᠯᠠᠮᠵᠢᠯᠠᠵᠤ᠂ ᠲᠥᠪᠯᠡᠷᠡᠭᠦᠯᠦᠨ ᠵᠠᠰᠠᠬᠤ ᠠᠵᠢᠯ᠎ᠤᠨ ᠵᠣᠬᠢᠶᠠᠨ ᠪᠠᠢᠭᠤᠯᠤᠯᠳᠠ ᠶ᠋ᠢ ᠪᠣᠳᠠᠲᠠᠢᠵᠢᠭᠤᠯᠬᠤ᠂ ᠠᠵᠢᠯᠳᠠᠨ ᠢ᠋ ᠪᠣᠳᠠᠲᠠᠢᠵᠢᠭᠤᠯᠬᠤ᠂ ᠠᠵᠢᠯ ᠢ᠋ ᠪᠣᠳᠠᠲᠠᠢᠵᠢᠭᠤᠯᠬᠤ᠂ ᠬᠠᠷᠢᠭᠤᠴᠠᠯᠭ᠎ᠠ ᠶ᠋ᠢ ᠪᠣᠳᠠᠲᠠᠢᠵᠢᠭᠤᠯᠬᠤ ᠶ᠋ᠢ ᠦᠨᠡᠨ ᠬᠦ᠌ ᠪᠠᠲᠤᠯᠠᠪᠠ᠃ ᠥᠪᠡᠷᠲᠡᠭᠡᠨ ᠵᠠᠰᠠᠬᠤ ᠣᠷᠣᠨ ᠤ᠋ ᠵᠠᠰᠠᠭ ᠤ᠋ᠨ ᠣᠷᠳᠣᠨ ᠤ᠋ ᠠᠯᠪᠠᠨ ᠲᠢᠩᠬᠢᠮ᠎ᠤᠨ ᠬᠢᠨ ᠠᠵᠢᠯ ᠤ᠋ᠨ ᠲᠤᠰᠭᠠᠶ ᠠᠩᠭᠢ ᠶ᠋ᠢ ᠦᠳᠲᠡᠷ ᠲᠦᠷᠭᠡᠨ ᠵᠣᠬᠢᠶᠠᠨ ᠪᠠᠢᠭᠤᠯᠵᠤ᠂ ᠡᠭᠦᠷᠭᠡ ᠬᠠᠷᠢᠭᠤᠴᠠᠯᠭ᠎ᠠ ᠶ᠋ᠢ ᠲᠣᠳᠣᠷᠬᠠᠢᠯᠠᠨ᠂ ᠲᠥᠪᠯᠡᠷᠡᠩᠭᠦᠶ ᠨᠢᠭᠡᠳᠦᠯᠲᠡᠶ ᠵᠣᠬᠢᠶᠠᠨ ᠪᠠᠢᠭᠤᠯᠤᠯᠲᠠ ᠶ᠋ᠢᠨ ᠤᠳᠤᠷᠢᠳᠤᠯᠭ᠎ᠠ ᠪᠡᠷ ᠲᠥᠪᠯᠡᠷᠡᠭᠦᠯᠦᠨ ᠵᠠᠰᠠᠬᠤ ᠠᠵᠢᠯ᠎ᠢ ᠡᠮᠬᠢ ᠵᠢᠷᠤᠮ ᠲᠠᠶ ᠠᠬᠢᠭᠤᠯᠪᠡ᠃ ᠥᠪᠡᠷᠲᠡᠭᠡᠨ ᠵᠠᠰᠠᠬᠤ ᠣᠷᠣᠨ ᠤ᠋ ᠪᠠᠢᠴᠠᠭᠠᠬᠤ ᠬᠤᠷᠢᠶ᠎ᠠ ᠎ᠵᠢᠨ ᠬᠢᠨ 15 ᠵᠦᠢᠯ᠎ᠦᠨ ᠭᠣᠣᠯᠳᠠᠯᠭ᠎ᠠ᠎ᠲᠠᠶ ᠡᠭᠦᠷᠭᠡ ᠶ᠋ᠢᠨ ᠲᠤᠭᠤᠷᠢᠨ ᠳ᠋ᠤ ᠱᠢᠨᠵᠢᠯᠡᠬᠦ᠌ ᠤᠬᠠᠭᠠᠨᠴᠢ ᠵᠦᠢ ᠵᠣᠬᠢᠰᠲᠠᠢ᠂ ᠪᠣᠳᠠᠲᠠᠢ᠎ᠳᠤ ᠨᠡᠢᠴᠡᠭᠰᠡᠨ ᠲᠦᠰᠦᠯ ᠲᠥᠯᠥᠪᠯᠡᠭᠡ ᠳᠤᠭᠳᠠᠭᠠᠪᠠ᠃


ᠲᠤᠰᠭᠠᠶ ᠰᠡᠳᠦᠪᠲᠦ ᠬᠥᠮᠦᠵᠢᠯ ᠢ᠋ ᠪᠣᠳᠠᠲᠠᠶ ᠠᠳᠭᠤᠵᠤ ᠡᠷᠴᠢᠮᠳᠠᠢ ᠶᠠᠪᠤᠭᠳᠠᠭᠤᠯᠪᠠ

ᠥᠪᠡᠷᠲᠡᠭᠡᠨ ᠵᠠᠰᠠᠬᠤ ᠣᠷᠣᠨ ᠤ᠋ ᠱᠢᠭᠤᠳ ᠬᠠᠷᠢᠶ᠎ᠠ ᠰᠠᠯᠠᠭ᠎ᠠ ᠮᠥᠴᠢᠷ ᠤ᠋ᠨ ᠬᠢᠨ ᠦᠵᠡᠯ ᠰᠠᠨᠠᠭ᠎ᠠ ᠪᠡᠷ ᠬᠥᠲᠥᠯᠥᠨ ᠳᠠᠭᠠᠭᠤᠯᠬᠤ᠂ ᠬᠦᠮᠤᠵᠢᠯ᠎ᠢ ᠤᠷᠢᠳ ᠶ᠋ᠢᠡᠷ ᠬᠢᠬᠦ ᠶ᠋ᠢ ᠪᠠᠷᠢᠮᠳᠠᠯᠠᠨ᠂ ᠰᠤᠷᠤᠯᠴᠠᠬᠤ ᠠᠷᠭ᠎ᠠ ᠬᠡᠯᠪᠡᠷᠢ ᠪᠠᠨ ᠰᠢᠨᠠᠴᠢᠯᠠᠵᠤ᠂ ᠲᠥᠪᠯᠡᠷᠡᠭᠦᠯᠦᠨ ᠵᠠᠰᠠᠬᠤ ᠠᠵᠢᠯ ᠤ᠋ᠨ ᠲᠤᠰᠭᠠᠶ ᠰᠡᠳᠦᠪᠲᠦ ᠬᠥᠮᠦᠵᠢᠯ ᠢ᠋ ᠬᠥᠮᠦᠰ᠎ᠦᠨ ᠰᠡᠳᠭᠢᠯ ᠵᠢᠷᠦᠭᠡᠨ ᠳ᠋ᠤ ᠬᠠᠳᠠᠩᠱᠢᠭᠤᠯᠪᠠ᠃ ᠥᠪᠡᠷᠲᠡᠭᠡᠨ ᠵᠠᠰᠠᠬᠤ ᠣᠷᠣᠨ ᠤ᠋ ᠡᠨᠧᠷᠭᠢ ᠶ᠋ᠢᠨ ᠲᠤᠪᠴᠢᠶ᠎ᠠ᠎ᠵᠢᠨ ᠬᠢᠨ ᠪᠠᠢ ᠱᠢᠶᠠᠩ ᠴᠢᠶᠦ᠋ᠨ᠂ ᠵᠤᠤ ᠸᠸᠨ ᠯᠢᠶᠠᠩ ᠵᠡᠷᠭᠡ ᠬᠥᠮᠦᠰ᠎ᠦᠨ ᠰᠠᠬᠢᠯᠭ᠎ᠠ ᠪᠠᠲᠤ ᠬᠠᠤᠯᠢ ᠴᠠᠭᠠᠵᠠ ᠶ᠋ᠢ ᠬᠦᠨᠳᠦ ᠨᠣᠴᠢᠲᠠᠢ ᠵᠥᠷᠢᠴᠡᠭ᠌ᠰᠡᠨ ᠬᠡᠷᠡᠭ ᠶ᠋ᠢᠡᠷ ᠵᠢᠱ᠌ᠢᠢ᠎ᠡ᠎ᠪᠤᠯᠭᠠᠨ ᠳᠡᠷᠭᠡᠳᠡᠬᠢ ᠶᠠᠪᠤᠳᠠᠯ ᠶ᠋ᠢᠡᠷ ᠳᠡᠷᠭᠡᠳᠡᠬᠢ ᠬᠥᠮᠦᠰ ᠢ᠋ ᠰᠡᠷᠡᠮᠵᠢᠯᠡᠭᠦᠯᠬᠦ᠌ ᠬᠥᠮᠦᠵᠢᠯ ᠥᠷᠨᠢᠭᠦᠯᠪᠠ᠃ ᠥᠪᠥᠷ ᠮᠣᠩᠭᠣᠯ ᠤ᠋ᠨ ᠬᠡᠪᠯᠡᠯ᠎ᠦᠨ ᠪᠦᠯᠦᠭ᠌ᠯᠡᠯ᠎ᠤᠨ ᠬᠢᠨ《ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠢ᠋ ᠴᠢᠩᠳᠠᠯᠠᠬᠤ》 ᠰᠤᠷᠤᠯᠴᠠᠯᠭ᠎ᠠ ᠶ᠋ᠢᠨ ᠠᠭᠤᠯᠭ᠎ᠠ ᠶ᠋ᠢ ᠪᠦᠯᠦᠭᠯᠡᠯ᠎ᠤᠨ ᠶ᠋ᠢᠡᠨ ᠵᠠᠭᠤᠴᠢᠯᠠᠭᠤᠷ ᠲᠦ᠍ ᠪᠠᠢᠩᠭᠤ ᠨᠡᠢᠳᠡᠯᠡᠨ᠂ ᠰᠤᠷᠤᠯᠴᠠᠯᠭ᠎ᠠ ᠬᠥᠮᠦᠵᠢᠯ᠎ᠦᠨ ᠴᠢᠭ᠌ᠯᠡᠭᠦᠯᠦᠯᠲᠦ ᠴᠢᠨᠠᠷ ᠪᠠ ᠪᠣᠳᠠᠲᠤ ᠦᠷ᠎ᠡ ᠪᠦᠳᠦᠮᠵᠢᠳᠦ ᠴᠢᠨᠠᠷ ᠢ᠋ ᠳᠡᠭᠡᠭ᠌ᠰᠢᠯᠡᠭᠦᠯᠪᠡ᠃


ᠵᠤᠷᠪᠤᠰ ᠲᠠᠷᠠᠭᠠᠯᠠᠨ ᠠᠮᠠᠯᠠᠯᠲᠠ ᠬᠢᠵᠦ ᠪᠠᠷᠢᠮᠵᠢᠶᠠᠯᠠᠵᠤ ᠬᠠᠷᠭᠤᠭᠤᠯᠤᠨ ᠬᠦᠢᠴᠡᠳᠭᠡᠪᠠ

ᠥᠪᠡᠷᠲᠡᠭᠡᠨ ᠵᠠᠰᠠᠬᠤ ᠣᠷᠣᠨ ᠤ᠋ ᠱᠢᠭᠤᠳ ᠬᠠᠷᠢᠶ᠎ᠠ ᠰᠠᠯᠠᠭ᠎ᠠ ᠮᠥᠴᠢᠷ ᠤ᠋ᠨ ᠬᠢᠨ ᠤᠳᠤᠷᠢᠳᠤᠯᠭ᠎ᠠ ᠨᠠᠷ ᠲᠦᠷᠦᠭᠦᠯᠡᠨ ᠬᠢᠬᠦ᠌ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠨᠠᠮ ᠤ᠋ᠨ ᠭᠡᠱᠢᠭᠦᠨ ᠺᠠᠳ᠋ᠷ ᠢ᠋ ᠵᠣᠬᠢᠶᠠᠨ ᠪᠠᠢᠭᠤᠯᠵᠤ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠳ᠋ᠡᠬᠢ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠤ᠋ᠨ《ᠠᠷᠪᠠᠨ ᠨᠢᠭᠡᠨ ᠵᠤᠷᠪᠤᠰ ᠴᠢᠩᠭ᠎ᠠ ᠴᠠᠭᠠᠵᠠᠯᠠᠬᠤ》 ᠠᠮᠠᠯᠠᠯᠲᠠ ᠶ᠋ᠢᠨ ᠪᠢᠴᠢᠭ ᠲᠦ᠍ ᠭᠠᠷ ᠤ᠋ᠨ ᠥᠰᠥᠭ ᠵᠢᠷᠤᠪᠠ᠃ ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠶ᠋ᠢᠨ ᠵᠥᠪᠯᠡᠯᠭᠡᠨ᠎ᠦ ᠮᠤᠵᠢ ᠶ᠋ᠢᠨ ᠲᠠᠰ ᠤ᠋ᠨ ᠨᠠᠮ ᠤ᠋ᠨ ᠭᠡᠱᠢᠭᠦᠨ ᠤᠳᠤᠷᠢᠳᠭᠤ ᠺᠠᠳ᠋ᠷ ᠬᠡᠪ ᠳᠠᠭᠤᠷᠢᠶᠠᠯ ᠦᠵᠡᠭᠦᠯᠦᠨ᠂ ᠲᠦᠷᠦᠭᠦᠯᠡᠨ ᠠᠮᠠᠯᠠᠯᠲᠠ ᠬᠢᠵᠦ᠍ ᠠᠮᠠᠯᠠᠯᠲᠠ ᠪᠡᠨ ᠭᠦᠢᠴᠡᠳᠭᠡᠪᠡ᠃ ᠪᠤᠰᠤᠳ ᠡᠯ᠎ᠠ ᠪᠠᠢᠭᠤᠯᠭ᠎ᠠ ᠵᠥᠪᠯᠡᠯ ᠤ᠋ᠨ ᠬᠢᠨ ᠪᠦᠬᠦ ᠨᠠᠮ ᠤ᠋ᠨ ᠭᠡᠰᠢᠭᠦᠨ ᠶ᠋ᠢᠡᠨ ᠵᠤᠬᠢᠶᠠᠨ ᠪᠠᠢᠭᠤᠯᠤᠨ ᠠᠮᠠᠯᠠᠯᠲᠠ ᠶ᠋ᠢᠨ ᠪᠢᠴᠢᠭ ᠲᠦ᠍ ᠭᠠᠷ ᠤ᠋ᠨ ᠥᠰᠥᠭ ᠵᠢᠷᠤᠵᠤ᠂ ᠨᠠᠮ᠎ᠤᠨ ᠭᠡᠰᠢᠭᠦᠨ ᠺᠠᠳ᠋ᠷ᠎ᠤᠨ ᠠᠮᠠᠯᠠᠯᠳᠠ ᠪᠡᠨ ᠭᠦᠢᠴᠡᠳᠭᠡᠬᠦ ᠶ᠋ᠢ ᠬᠦᠲᠦᠯᠦᠨ ᠵᠢᠯᠤᠭᠤᠳᠪᠠ᠃


ᠠᠰᠠᠭᠤᠳᠠᠯ᠎ᠤᠨ ᠨᠠᠷᠢᠨ ᠳᠠᠩᠰᠠ ᠭᠠᠷᠭᠠᠵᠤ ᠴᠡᠭᠴᠡᠯᠡᠨ ᠰᠠᠢᠵᠢᠷᠠᠭᠤᠯᠪᠠ

ᠥᠪᠡᠷᠲᠡᠭᠡᠨ ᠵᠠᠰᠠᠬᠤ ᠣᠷᠣᠨ ᠤ᠋ ᠱᠢᠭᠤᠳ ᠬᠠᠷᠢᠶ᠎ᠠ ᠰᠠᠯᠠᠭ᠎ᠠ ᠮᠥᠴᠢᠷ᠎ᠤᠨ ᠬᠢᠨ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠭ᠍ᠰᠠᠨ ᠪᠠᠢᠳᠠᠯ ᠢ᠋ 《ᠡᠷᠬᠢᠨ ᠬᠠᠷᠠᠬᠤ》 ᠠᠵᠢᠯᠯᠠᠭ᠎ᠠ ᠦᠷᠨᠢᠭᠦᠯᠦᠨ᠂ ᠠᠰᠠᠭᠤᠳᠠᠯ ᠤ᠋ᠨ ᠨᠠᠷᠢᠨ ᠲᠠᠩᠰᠠ ᠭᠠᠷᠭᠠᠵᠤ᠂ ᠴᠡᠭ᠌ᠴᠡᠯᠡᠨ ᠵᠠᠰᠠᠬᠤ ᠠᠷᠭ᠎ᠠ ᠬᠡᠮᠵᠢᠶ᠎ᠡ ᠲᠣᠭ᠍ᠲᠠᠭᠠᠨ᠂ ᠡᠷᠡᠰ ᠪᠠᠲᠤ ᠣᠪᠣᠷ᠂ ᠡᠷᠴᠢᠮᠳᠠᠢ ᠠᠷᠭ᠎ᠠ ᠬᠡᠮᠵᠢᠶ᠎ᠡ᠎ᠪᠡᠷ ᠠᠰᠠᠭᠤᠳᠠᠯ ᠢ᠋ ᠲᠤᠭᠤᠰᠢᠳᠠᠢ ᠴᠡᠭ᠌ᠴᠡᠯᠡᠨ ᠵᠠᠰᠠᠬᠤ ᠶ᠋ᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ᠋ ᠬᠠᠤᠯᠢ ᠴᠠᠭᠠᠵᠠ ᠶ᠋ᠢᠨ ᠲᠢᠩᠬᠢᠮ᠎ᠤᠨ ᠬᠢᠨ ᠪᠣᠳᠠᠲᠠᠢ ᠪᠠᠢᠳᠠᠯ ᠢ᠋ ᠲᠣᠳᠣᠷᠬᠠᠶ ᠣᠢᠯᠠᠭᠠᠬᠤ᠂ ᠠᠰᠠᠭᠤᠳᠠᠯ ᠢ᠋ ᠣᠨᠣᠪᠴᠢᠲᠠᠶ ᠡᠷᠢᠬᠦ᠌ ᠶ᠋ᠢ ᠲᠥᠪᠯᠡᠷᠡᠭᠦᠯᠦᠨ ᠵᠠᠰᠠᠬᠤ ᠠᠵᠢᠯ᠎ᠤᠨ ᠭᠠᠷᠳᠠᠴᠠ ᠪᠠ ᠰᠠᠭᠤᠷᠢ ᠠᠵᠢᠯ ᠪᠣᠯᠭᠠᠨ᠂ ᠠᠰᠠᠭᠤᠳᠠᠯ ᠤ᠋ᠨ ᠨᠠᠷᠢᠨ ᠲᠠᠩᠰᠠ ᠭᠠᠷᠭᠠᠵᠤ᠂ ᠥᠪᠡᠰᠦᠪᠡᠨ ᠪᠠᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯᠯᠠᠭ᠎ᠠ ᠥᠷᠨᠢᠭᠦᠯᠤᠨ᠂ ᠬᠡᠷᠡᠭ᠎ᠤᠨ ᠵᠢᠱ᠌ᠢᠶ᠎ᠠ ᠪᠡᠷ ᠴᠡᠭ᠌ᠴᠡᠯᠡᠨ ᠰᠠᠢᠵᠢᠷᠠᠭᠤᠯᠬᠤ ᠶ᠋ᠢ ᠠᠬᠢᠭᠤᠯᠬᠤ ᠶ᠋ᠢ ᠭᠦᠨᠵᠡᠭᠡᠢᠷᠡᠭᠦᠯᠪᠡ᠃ ᠥᠪᠡᠷᠲᠡᠭᠡᠨ ᠵᠠᠰᠠᠬᠤ ᠣᠷᠣᠨ ᠤ᠋ ᠲᠣᠭ᠎ᠠ ᠪᠦᠷᠢᠳᠭᠡᠯ᠎ᠦᠨ ᠲᠣᠪᠴᠢᠶ᠎ᠠ᠎ᠵᠢᠨ ᠬᠢᠨ《ᠤᠳᠤᠷᠢᠳᠭᠤ ᠪᠠᠭ ᠵᠥᠪᠯᠡᠬᠦ᠌》᠂ 《ᠦᠪᠡᠰᠦᠪᠡᠨ ᠡᠷᠢᠬᠦ》᠂ 《ᠰᠠᠨᠠᠭᠠᠴᠢᠯᠠᠭ᠎ᠠ ᠡᠴᠡ ᠪᠡᠨ ᠠᠰᠠᠭᠤᠬᠤ》᠂ 《ᠬᠠᠷᠢᠯᠴᠠᠨ ᠬᠠᠪᠰᠤᠷᠬᠤ》᠂ 《ᠣᠯᠠᠨ ᠲᠦᠮᠡᠨ ᠳᠤᠷᠠᠳᠭᠤ》ᠵᠡᠷᠭᠡ ᠠᠷᠭ᠎ᠠ ᠬᠡᠯᠪᠡᠷᠢ ᠪᠡᠷ ᠣᠷᠣᠱᠢᠵᠤ ᠪᠠᠢᠭ᠎ᠠ ᠠᠰᠠᠭᠤᠳᠠᠯ ᠢ᠋ ᠪᠥᠬᠥ᠌ ᠲᠠᠯ᠎ᠠ ᠪᠡᠷ ᠭᠦᠨᠵᠡᠭᠡᠶ ᠡᠷᠢᠵᠦ᠍᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠲᠣᠭ᠍ᠲᠠᠭᠠᠨ᠂ ᠠᠰᠠᠭᠤᠳᠠᠯ ᠤ᠋ᠨ ᠨᠠᠷᠢᠨ ᠲᠠᠩᠰᠠ ᠭᠠᠷᠭᠠᠵᠤ ᠠᠰᠠᠭᠤᠳᠠᠯ ᠢ᠋ ᠪᠠᠢᠴᠠᠭᠠᠨ ᠴᠡᠭᠴᠡᠯᠡᠨ ᠵᠠᠰᠠᠪᠠ᠃


ᠲᠦᠷᠢᠮ ᠲᠣᠭ᠍ᠲᠠᠭᠠᠯ ᠳᠤᠭᠳᠠᠭᠠᠨ ᠣᠷᠳᠣ ᠬᠤᠭᠤᠴᠠᠭᠠᠨ ᠤ᠋ ᠪᠦᠲᠦᠮᠵᠢᠲᠡᠶ ᠲᠣᠭ᠍ᠲᠠᠴᠠ ᠶ᠋ᠢ ᠪᠦᠷᠢᠯᠳᠦᠭᠦᠯᠪᠠ

ᠥᠪᠡᠷᠲᠡᠭᠡᠨ ᠵᠠᠰᠠᠬᠤ ᠣᠷᠣᠨ ᠤ᠋ ᠱᠢᠭᠤᠳ ᠬᠠᠷᠢᠶ᠎ᠠ ᠰᠠᠯᠠᠭ᠎ᠠ ᠮᠥᠴᠢᠷ᠎ᠤᠨ ᠬᠢᠨ ᠲᠥᠪᠯᠡᠷᠡᠭᠦᠯᠦᠨ ᠵᠠᠰᠠᠬᠤ ᠠᠵᠢᠯ ᠥᠷᠨᠢᠭᠦᠯᠬᠦ᠌᠎ᠪᠡᠷ ᠠᠵᠠ ᠲᠣᠬᠢᠶᠠᠯ ᠪᠣᠯᠭᠠᠵᠤ᠂ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠰᠡᠷᠭᠡᠢᠯᠡᠬᠦ᠌᠂ ᠢᠯᠡᠷᠡᠭᠦᠯᠬᠦ᠌᠂ ᠱᠢᠶ᠋ᠳᠪᠦᠷᠢᠯᠡᠬᠦ᠌ ᠲᠦᠷᠢᠮ ᠲᠣᠭ᠍ᠲᠠᠴᠠ ᠶ᠋ᠢ ᠪᠠᠢᠭᠤᠯᠤᠨ᠂ ᠲᠦᠷᠢᠮ ᠶ᠋ᠢᠡᠷ ᠠᠵᠢᠯᠲᠠᠨ ᠢ᠋ ᠬᠠᠮᠢᠶᠠᠷᠬᠤ ᠤᠴᠢᠷ ᠶᠠᠪᠤᠳᠠᠯ ᠢ᠋ ᠰᠢᠢᠳᠪᠤᠷᠢᠯᠡᠬᠦ᠂ ᠵᠢᠷᠦᠮ ᠶ᠋ᠢᠡᠷ ᠠᠵᠢᠯ᠎ᠢ ᠵᠢᠷᠤᠮᠵᠢᠭᠤᠯᠬᠤ ᠶ᠋ᠢ ᠪᠡᠶᠡᠯᠡᠭᠦᠯᠪᠡ᠃ 《ᠦᠢᠯᠡᠳᠦᠯᠭᠡ》 ᠰᠡᠳᠬᠦᠯ᠎ᠦᠨ ᠬᠤᠷᠢᠶ᠎ᠠ᠎ᠵᠢᠨ ᠬᠢᠨ《ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ ᠬᠣᠯᠪᠣᠭ᠍ᠳᠠᠯ ᠪᠦᠬᠦᠢ ᠲᠦᠷᠢᠮ》᠂ 《 〈ᠨᠢᠭᠡᠳᠦᠭᠡᠷ ᠬᠠᠷᠢᠭᠤᠴᠠᠯᠭᠠᠲᠠᠨ〉 ᠳ᠋ᠤ ᠬᠢᠨᠠᠯᠲᠠ ᠲᠠᠯᠪᠢᠬᠤ ᠶ᠋ᠢ ᠴᠢᠩᠭᠠᠳᠭᠠᠬᠤ ᠬᠠᠷᠢᠭᠤᠴᠠᠯᠭ᠎ᠠ ᠶ᠋ᠢᠨ ᠨᠠᠷᠢᠨ ᠲᠠᠩᠰᠨ》 ᠵᠡᠷᠭᠡ᠎ᠵᠢ ᠲᠣᠭ᠍ᠲᠠᠭᠠᠵᠤ᠂ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠱᠢᠢᠳᠪᠦᠷᠢᠯᠡᠬᠦ᠌ ᠳ᠋ᠤ ᠲᠦᠷᠢᠮ᠎ᠦᠨ ᠪᠠᠲᠤᠯᠠᠭ᠎ᠠ ᠬᠠᠩᠭᠠᠪᠠ᠃ ᠥᠪᠡᠷᠲᠡᠭᠡᠨ ᠵᠠᠰᠠᠬᠤ ᠣᠷᠣᠨ ᠤ᠋ ᠬᠠᠩᠭᠠᠨ ᠪᠣᠷᠣᠯᠠᠭᠤᠯᠬᠤ ᠬᠣᠷᠱᠢᠶ᠎ᠠ᠎ᠵᠢᠨ ᠬᠢᠨ ᠱᠢᠭᠤᠳ ᠬᠠᠷᠢᠶ᠎ᠠ ᠱᠢᠰᠲ᠋ᠧᠮ᠎ᠦᠨ ᠶ᠋ᠢᠡᠨ ᠳᠦᠷᠢᠮ ᠲᠣᠭ᠍ᠲᠠᠴᠠ ᠶ᠋ᠢ《ᠡᠷᠭᠢᠨ ᠬᠠᠷᠠᠵᠤ》᠂ 《ᠬᠦᠴᠦᠨ ᠦᠭᠡᠶ ᠪᠣᠯᠭᠠᠬᠤ᠂ ᠵᠠᠰᠠᠪᠤᠷᠢ ᠤᠷᠤᠭᠤᠯᠬᠤ᠂ ᠳᠤᠭᠳᠠᠭᠠᠬᠤ》 ᠠᠵᠢᠯ ᠢ᠋ ᠨᠢᠭᠡᠳᠦᠯᠲᠡᠶ ᠲᠥᠯᠥᠪᠯᠡᠨ ᠠᠬᠢᠭᠤᠯᠵᠤ᠂ ᠬᠠᠮᠢᠶ᠎ᠠ ᠪᠦᠬᠦᠢ ᠳᠦᠷᠢᠮ ᠲᠣᠭ᠍ᠲᠠᠴᠠ ᠲᠥᠪᠯᠡᠷᠡᠭᠦᠯᠦᠨ ᠵᠠᠰᠠᠬᠤ ᠠᠵᠢᠯ ᠤ᠋ᠨ ᠱᠠᠭᠠᠷᠳᠠᠯᠭ᠎ᠠ᠎ᠳᠤ ᠨᠡᠢᠴᠡᠬᠦ᠌ ᠶ᠋ᠢ ᠪᠠᠲᠤᠯᠠᠪᠠ᠃


ᠭᠦᠨᠵᠡᠭᠡᠢ ᠵᠠᠳᠠᠯᠤᠨ ᠪᠠᠢᠴᠠᠭᠠᠵᠤ ᠪᠦᠬᠦ᠌ ᠲᠠᠯ᠎ᠠ ᠪᠡᠷ ᠵᠢᠷᠤᠮᠵᠢᠭᠤᠯᠤᠨ ᠳᠡᠭᠡᠭ᠌ᠰᠢᠯᠡᠭᠦᠯᠪᠡ

ᠥᠪᠡᠷᠲᠡᠭᠡᠨ ᠵᠠᠰᠠᠬᠤ ᠣᠷᠣᠨ ᠤ᠋ ᠱᠢᠭᠤᠳ ᠬᠠᠷᠢᠶ᠎ᠠ ᠰᠠᠯᠠᠭ᠎ᠠ ᠮᠥᠴᠢᠷ᠎ᠦᠨ᠎ᠬᠢᠨ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠢ᠋ ᠴᠢᠩᠳᠠᠯᠠᠬᠤ ᠬᠠᠮᠢᠶ᠎ᠠ ᠪᠥᠬᠥᠶ ᠲᠣᠭ᠍ᠲᠠᠭᠠᠯ᠎ᠲᠠᠶ ᠬᠠᠷᠭᠤᠭᠤᠯᠵᠤ᠂ ᠲᠥᠪᠯᠡᠷᠡᠭᠦᠯᠦᠨ ᠵᠠᠰᠠᠬᠤ ᠠᠵᠢᠯ ᠤ᠋ᠨ ᠲᠤᠷᠱᠢᠯᠭ᠎ᠠ ᠠᠷᠭ᠎ᠠ ᠬᠢᠳᠡᠯ ᠢ᠋ ᠬᠢᠨᠠᠮᠠᠭᠠᠶ ᠳ᠋ᠦᠩᠨᠡᠨ᠂ ᠬᠦᠷᠦᠯᠴᠡᠬᠦ᠌ ᠥᠬᠡᠶ ᠲᠠᠯ᠎ᠠ ᠪᠡᠨ ᠡᠷᠢᠵᠦ᠍᠂ ᠳᠤᠲᠠᠭᠤᠳᠠᠯ ᠶ᠋ᠢᠡᠨ ᠨᠥᠬᠥᠪᠥᠷᠢᠯᠡᠨ᠂ ᠵᠥᠪ ᠲᠠᠯ᠎ᠠ ᠶ᠋ᠢᠨ ᠨᠡᠢᠲᠡᠯᠢᠭ ᠵᠢᠱ᠌ᠢᠶ᠎ᠡ ᠶ᠋ᠢ ᠪᠣᠶ ᠪᠣᠯᠭᠠᠵᠤ᠂ ᠨᠠᠵᠠᠭᠠᠶ ᠲᠠᠯ᠎ᠠ ᠶ᠋ᠢᠨ ᠬᠡᠷᠡᠭ᠎ᠦᠨ ᠵᠢᠱ᠌ᠢᠶ᠎ᠡ ᠶ᠋ᠢ ᠢᠯᠡᠷᠡᠭᠦᠯᠤᠨ᠂ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢ ᠠᠬᠤᠶ ᠶ᠋ᠢ ᠪᠥᠬᠥ᠌ ᠲᠠᠯ᠎ᠠ ᠪᠡᠷ ᠳᠠᠬᠢᠨ ᠴᠣᠭ᠍ᠴᠠᠯᠠᠨ᠂ ᠦᠨᠳᠦᠰᠦᠨ ᠡᠴᠡ᠎ᠨᠢ ᠰᠠᠢᠵᠢᠷᠠᠭᠤᠯᠬᠤ ᠶ᠋ᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ᠍ ᠶ᠋ᠢᠨ ᠵᠥᠪᠯᠡᠯ᠎ᠤᠨ ᠬᠢᠨ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠤ᠋ᠨ ᠪᠠᠢᠳᠠᠯ ᠢ᠋ ᠪᠥᠬᠥ᠌ ᠲᠠᠯ᠎ᠠ ᠪᠡᠷ ᠵᠠᠳᠠᠯᠵᠤ ᠦᠨᠡᠯᠡᠨ ᠵᠢᠱ᠌ᠢᠭ᠌ᠰᠡᠨ ᠰᠠᠭᠤᠷᠢᠨ ᠳᠡᠭᠡᠷ᠎ᠡ᠂ ᠠᠯᠢ ᠣᠯᠠᠨ ᠰᠡᠷᠡᠮᠵᠢᠯᠡᠭᠦᠯᠬᠦ᠌ ᠬᠥᠮᠦᠵᠢᠯ᠎ᠦᠨ ᠠᠵᠢᠯᠯᠠᠭ᠎ᠠ ᠶ᠋ᠢ ᠵᠣᠬᠢᠶᠠᠨ ᠪᠠᠢᠭᠤᠯᠤᠨ ᠦᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠶᠠᠪᠤᠳᠠᠯ ᠤ᠋ᠨ ᠲᠢᠩᠬᠢᠮ᠎ᠤᠨ ᠬᠢᠨ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ ᠠᠵᠢᠯ ᠢ᠋《ᠰᠤᠷᠲᠠᠯ ᠤ᠋ᠨ ᠪᠠᠢᠭᠤᠯᠤᠯᠲᠠ ᠶ᠋ᠢ ᠰᠠᠢᠵᠢᠷᠠᠭᠤᠯᠬᠤ ᠣᠨ》ᠤ᠋ ᠠᠵᠢᠯᠯᠠᠭ᠎ᠠ᠂ ᠬᠤᠳᠠᠯᠳᠤᠭ᠎ᠠ ᠡᠵᠡᠩᠨᠡᠬᠦ᠌ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠠᠵᠢᠯᠯᠠᠭ᠎ᠠ ᠲᠠᠢ ᠤᠶᠠᠯᠳᠤᠭᠤᠯᠤᠨ᠂ ᠨᠠᠮ ᠤ᠋ᠨ ᠭᠡᠱᠢᠭᠦᠨ ᠺᠠᠳ᠋ᠷ ᠤ᠋ᠨ ᠰᠤᠷᠲᠠᠯ ᠢ᠋ ᠬᠤᠪᠢᠷᠠᠭᠤᠯᠬᠤ᠂ ᠴᠢᠳᠠᠪᠤᠷᠢ ᠶ᠋ᠢ ᠳᠡᠭᠡᠭ᠌ᠰᠢᠯᠡᠭᠦᠯᠬᠦ᠌᠂ ᠨᠠᠢᠳᠠᠪᠤᠷᠢᠵᠢᠭᠤᠯᠤᠯᠲᠠ ᠶ᠋ᠢ ᠠᠳᠭᠤᠬᠤ ᠶ᠋ᠢ ᠬᠥᠲᠥᠯᠥᠨ ᠵᠢᠯᠣᠭᠣᠳᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面