ᠭᠣᠣᠯ ᠰᠡᠳᠦᠪᠲᠦ ᠮᠡᠳᠡᠭᠡᠯᠡᠯ > ᠨᠠᠮ᠎ᠤ᠋ᠨ ᠳᠣᠲᠣᠭᠠᠳᠤ᠎ᠶ᠋ᠢᠨ ᠤᠯᠤᠰ ᠲᠦᠷᠦ᠎ᠶ᠋ᠢᠨ ᠠᠮᠢᠳᠤᠷᠠᠯ

2022-04-26 09:01:38

ᠵᠣᠬᠢᠶᠠᠭ᠍ᠴᠢ᠄ ᠰᠦᠩ ᠱᠤᠸᠠᠩ ᠯᠢᠦ ᠭᠦᠸᠧ ᠳ᠋ᠦᠩ ᠣᠩᠱᠢᠭ᠍ᠰᠠᠨ ᠣᠳᠠᠭ᠎ᠠ᠄ 3

ᠪᠦᠬᠦ᠌ ᠣᠷᠣᠨ ᠤ᠋ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ ᠠᠵᠢᠯ ᠡᠬᠢᠯᠡᠭᠰᠡᠨ ᠬᠠᠭᠠᠰ ᠰᠠᠷ᠎ᠠ ᠭᠠᠷᠤᠢ ᠶ᠋ᠢᠨ ᠲᠤᠷᠰᠢ᠂ ᠡᠯ᠎ᠡ ᠭᠠᠵᠠᠷ ᠡᠯ᠎ᠡ ᠪᠠᠢᠭᠤᠯᠭ᠎ᠠ ᠨᠢᠭᠡᠴᠢ ᠶ᠋ᠢᠨ ᠨᠠᠮ ᠤ᠋ᠨ ᠬᠤᠷᠢᠶ᠎ᠠ (ᠨᠠᠮ ᠤ᠋ᠨ ᠤᠳᠤᠷᠢᠳᠭᠤ ᠳᠤᠭᠤᠢᠯᠠᠩ) ᠨᠢ ᠶᠡᠷᠦᠩᠬᠡᠢ ᠱᠦᠵᠢ ᠰᠢ ᠵᠢᠨ ᠫᠢᠩ ᠦ᠋ᠨ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠦ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ ᠦ᠋ᠨ ᠪᠦᠯᠬᠦᠮ ᠦ᠋ᠨ ᠬᠢᠨᠠᠨ ᠵᠥᠪᠯᠡᠬᠦ᠌ ᠳ᠋ᠤ ᠣᠷᠣᠯᠴᠠᠬᠤ ᠦᠶ᠎ᠡ ᠶ᠋ᠢᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠨᠢᠭᠡᠳᠦᠯᠲᠡᠢ ᠪᠠᠢᠷᠢᠯᠠᠭᠤᠯᠤᠯᠲᠠ ᠶᠣᠰᠣᠭᠠᠷ᠂ ᠲᠥᠪᠯᠡᠷᠡᠭᠦᠯᠦᠨ ᠵᠠᠰᠠᠬᠤ ᠠᠵᠢᠯ ᠤ᠋ᠨ 《ᠬᠡᠷᠡᠭ᠌ᠵᠢᠭᠦᠯᠬᠦ᠌ ᠲᠥᠰᠦᠯ》 ᠢ᠋ ᠴᠠᠭ ᠲᠤᠬᠠᠢ ᠳ᠋ᠤᠨᠢ ᠤᠯᠠᠮᠵᠢᠯᠠᠵᠤ᠂ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠤ᠋ᠨ ᠨᠠᠷᠢᠨ ᠲᠠᠩᠰᠠ ᠶ᠋ᠢ ᠨᠠᠷᠢᠨ ᠬᠢᠨᠠᠮᠠᠭᠠᠢ ᠵᠠᠷᠯᠠᠨ ᠮᠡᠳᠡᠭᠳᠡᠵᠦ᠂ ᠨᠠᠮ ᠤ᠋ᠨ ᠭᠡᠱᠢᠭᠦᠨ ᠺᠠᠳ᠋ᠷ ᠢ᠋ ᠵᠣᠬᠢᠶᠠᠨ ᠪᠠᠢᠭᠤᠯᠤᠨ ᠲᠤᠰᠭᠠᠢ ᠰᠡᠳᠦᠪᠲᠦ ᠬᠥᠮᠦᠵᠢᠯ ᠥᠷᠨᠢᠭᠦᠯᠤᠨ᠂ ᠵᠠᠰᠠᠯᠲᠠ ᠶ᠋ᠢᠨ ᠤᠬᠠᠮᠰᠠᠷ ᠢ᠋ ᠴᠢᠩᠭᠠᠳᠭᠠᠵᠤ᠂ ᠲᠥᠪᠯᠡᠷᠡᠭᠦᠯᠦᠨ ᠵᠠᠰᠠᠬᠤ ᠠᠵᠢᠯ ᠰᠠᠢ᠌ᠨ ᠰᠠᠢᠬᠠᠨ ᠡᠬᠢᠯᠡᠯᠲᠡ ᠲᠡᠶ ᠪᠣᠯᠵᠠᠢ᠃


ᠲᠦᠰᠦᠪᠯᠡᠵᠤ ᠲᠥᠯᠥᠪᠯᠡᠬᠦ ᠶ᠋ᠢ ᠴᠢᠬᠤᠯᠠᠴᠢᠯᠠᠨ ᠳᠠᠷᠤᠢ ᠲᠦᠷᠭᠡᠨ ᠪᠠᠢᠷᠢᠯᠠᠭᠤᠯᠵᠤ ᠡᠬᠢᠯᠡᠭᠦᠯᠪᠡ


ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ ᠲᠥᠪᠯᠡᠷᠡᠭᠦᠯᠦᠨ ᠵᠠᠰᠠᠬᠤ ᠠᠵᠢᠯ ᠢ᠋ ᠪᠦᠬᠦ᠌ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠠᠵᠢᠯ ᠤ᠋ᠨ ᠭᠦᠨᠵᠡᠭᠡᠢᠷᠡᠨ ᠬᠥᠭ᠌ᠵᠢᠬᠦ᠌ ᠶ᠋ᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠠ ᠪᠣᠯᠭᠠᠨ᠂ ᠲᠥᠪᠯᠡᠷᠡᠭᠦᠯᠦᠨ ᠵᠠᠰᠠᠬᠤ ᠠᠵᠢᠯ ᠤ᠋ᠨ《ᠬᠡᠷᠡᠭ᠌ᠵᠢᠭᠦᠯᠬᠦ᠌ ᠲᠥᠰᠦᠯ》 ᠢ᠋ ᠲᠣᠭ᠍ᠲᠠᠭᠠᠨ ᠲᠠᠷᠬᠠᠭᠠᠵᠤ᠂ ᠠᠰᠠᠭᠤᠳᠠᠯ ᠤ᠋ᠨ ᠨᠠᠷᠢᠨ ᠲᠠᠩᠰᠠ ᠶ᠋ᠢ ᠵᠠᠷᠯᠠᠨ ᠮᠡᠳᠡᠭ᠌ᠳᠡᠬᠦ᠂ ᠲᠤᠰᠭᠠᠢ ᠰᠡᠳᠦᠪᠲᠦ ᠬᠥᠮᠦᠵᠢᠯ ᠥᠷᠨᠢᠭᠦᠯᠬᠦ᠂ ᠥᠪᠡᠰᠤᠪᠡᠨ ᠪᠠᠢᠴᠠᠭᠠᠵᠤ ᠥᠪᠡᠰᠤᠪᠡᠨ ᠵᠠᠯᠠᠷᠠᠭᠤᠯᠬᠤ ᠠᠵᠢᠯᠯᠠᠭ᠎ᠠ ᠦᠷᠨᠢᠭᠦᠯᠬᠦ᠂ ᠠᠮᠠᠯᠠᠯᠲᠠ᠎ᠬᠢᠵᠦ ᠠᠮᠠᠯᠠᠯᠳᠠ ᠪᠠᠨ ᠦᠢᠯᠡᠳᠦᠯᠭᠡᠵᠢᠭᠦᠯᠬᠦ ᠠᠵᠢᠯᠯᠠᠭ᠎ᠠ ᠦᠷᠨᠢᠭᠦᠯᠬᠦ᠂ ᠲᠦᠷᠢᠮ ᠲᠣᠭ᠍ᠲᠠᠭᠠᠯ ᠲᠣᠭ᠍ᠲᠠᠭᠠᠬᠤ ᠶ᠋ᠢ ᠠᠬᠢᠭᠤᠯᠬᠤ᠂ ᠪᠦᠬᠦ ᠲᠠᠯ᠎ᠠ ᠪᠡᠷ ᠵᠢᠷᠦᠮᠵᠢᠭᠤᠯᠤᠨ ᠰᠠᠢᠵᠢᠷᠠᠭᠤᠯᠬᠤ 6 ᠲᠠᠯ᠎ᠠ ᠶ᠋ᠢᠨ ᠭᠣᠣᠯᠳᠠᠯᠭ᠎ᠠ ᠲᠠᠶ ᠡᠭᠦᠷᠭᠡ ᠶ᠋ᠢ ᠳᠤᠷᠠᠳᠴᠠᠢ᠃

ᠥᠪᠡᠷᠲᠡᠭᠡᠨ ᠵᠠᠰᠠᠬᠤ ᠣᠷᠣᠨ ᠤ᠋ ᠮᠤᠵᠢ ᠶ᠋ᠢᠨ ᠱᠠᠲᠤᠨ ᠤ᠋ ᠳᠥᠷᠪᠡᠨ ᠶᠡᠬᠡ ᠤᠳᠤᠷᠢᠳᠭᠤ ᠪᠠᠭ ᠤ᠋ᠨ ᠬᠢᠨ ᠳᠡᠭᠡᠳᠦ ᠱᠠᠲᠤ᠎ᠨᠢ ᠳᠤᠤᠷᠠᠳᠤ ᠱᠠᠲᠤ ᠪᠠᠨ ᠳᠠᠢᠴᠢᠯᠠᠬᠤ ᠶ᠋ᠢ ᠪᠠᠷᠢᠮᠲᠠᠯᠠᠨ᠂《ᠬᠡᠷᠡᠭ᠌ᠵᠢᠭᠦᠯᠬᠦ᠌ ᠲᠥᠰᠦᠯ》 ᠢ᠋ ᠲᠦᠷᠦᠭᠦᠯᠡᠨ ᠤᠯᠠᠮᠵᠢᠯᠠᠵᠤ᠂ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠤ᠋ᠨ 11 ᠲᠠᠯ᠎ᠠ ᠶ᠋ᠢᠨ ᠨᠠᠷᠢᠨ ᠳᠠᠩᠰᠠ ᠶ᠋ᠢ ᠲᠦᠷᠦᠭᠦᠯᠡᠨ ᠵᠠᠷᠯᠠᠨ ᠨᠡᠢᠲᠡᠯᠡᠵᠦ᠍᠂ ᠲᠥᠪᠯᠡᠷᠡᠭᠦᠯᠦᠨ ᠵᠠᠰᠠᠬᠤ ᠠᠵᠢᠯ ᠢ᠋ ᠳᠣᠭᠢᠷᠠᠭᠤᠯᠤᠨ ᠪᠠᠢᠷᠢᠯᠠᠭᠤᠯᠪᠠ᠃

ᠮᠤᠵᠢ ᠶ᠋ᠢᠨ ᠲᠡᠰ ᠤ᠋ᠨ ᠨᠠᠮ ᠤ᠋ᠨ ᠭᠡᠱᠢᠭᠦᠨ ᠤᠳᠤᠷᠢᠳᠭᠤ ᠺᠠᠳ᠋ᠷᠴᠤᠳ ᠶᠡᠷᠦᠩᠬᠡᠢ ᠱᠦᠵᠢ ᠰᠢ ᠵᠢᠨ ᠫᠢᠩ ᠦ᠋ᠨ ᠨᠠᠮ ᠤ᠋ᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ᠋ ᠴᠢᠩᠳᠠᠯᠠᠬᠤ ᠲᠤᠬᠠᠢ ᠴᠢᠬᠤᠯᠠ ᠥᠭᠦᠯᠡᠯᠲᠡ ᠶ᠋ᠢ ᠲᠦᠷᠦᠭᠦᠯᠡᠨ ᠰᠤᠷᠤᠯᠴᠠᠵᠤ᠂ 《ᠠᠷᠪᠠᠨ ᠨᠢᠭᠡ ᠵᠢ ᠴᠢᠩᠭ᠎ᠠ ᠴᠠᠭᠠᠵᠠᠯᠠᠬᠤ》 ᠠᠮᠠᠯᠠᠯᠲᠠ ᠶ᠋ᠢᠨ ᠪᠢᠴᠢᠭ ᠲᠦ᠍ ᠲᠦᠷᠦᠭᠦᠯᠡᠨ ᠭᠠᠷ ᠤ᠋ᠨ ᠦᠰᠦᠭ ᠵᠢᠷᠤᠵᠤ᠂ ᠪᠦᠬᠦ᠌ ᠣᠷᠣᠨ ᠤ᠋ ᠥᠷᠭᠡᠨ ᠤᠯᠠᠨ ᠨᠠᠮ ᠤ᠋ᠨ ᠭᠡᠱᠢᠭᠦᠨ ᠺᠠᠳ᠋ᠷ ᠲᠦ᠍ ᠬᠡᠪ ᠳᠠᠭᠤᠷᠢᠶᠠᠯ ᠦᠵᠡᠭᠦᠯᠪᠡ᠃

ᠡᠯ᠎ᠡ ᠠᠢᠮᠠᠭ ᠬᠣᠲᠠ ᠪᠣᠯᠤᠨ ᠥᠪᠡᠷᠲᠡᠭᠡᠨ ᠵᠠᠰᠠᠬᠤ ᠣᠷᠣᠨ ᠤ᠋ ᠡᠯ᠎ᠡ ᠱᠢᠭᠤᠳ ᠬᠠᠷᠢᠶ᠎ᠠ ᠰᠠᠯᠠᠭ᠎ᠠ ᠮᠥᠴᠢᠷ ᠪᠠᠢᠭᠤᠯᠭ᠎ᠠ ᠨᠢᠭᠡᠴᠢ ᠶ᠋ᠢᠨ ᠬᠢᠨ 4 ᠰᠠᠷ᠎ᠠ ᠶ᠋ᠢᠨ 7 ᠤ᠋ ᠡᠳᠦᠷ ᠡᠴᠡ ᠡᠬᠢᠯᠡᠨ᠂ ᠲᠤᠰᠭᠠᠶ ᠰᠡᠳᠦᠪᠲᠦ ᠬᠤᠷᠠᠯ ᠬᠤᠷᠠᠯᠳᠤᠭᠤᠯᠬᠤ᠂ ᠳᠠᠢᠴᠢᠯᠠᠯᠲᠠ ᠶ᠋ᠢᠨ ᠶᠡᠬᠡ ᠬᠤᠷᠠᠯ ᠬᠤᠷᠠᠯᠳᠤᠭᠤᠯᠬᠤ᠂ ᠠᠵᠢᠯ ᠲᠥᠷᠥᠯ ᠱᠢᠰᠲ᠋ᠧᠮ ᠦ᠋ᠨ ᠪᠠᠢᠷᠢᠯᠠᠭᠤᠯᠤᠯᠲᠠ ᠶ᠋ᠢᠨ ᠬᠤᠷᠠᠯ ᠬᠤᠷᠠᠯᠳᠤᠭᠤᠯᠬᠤ ᠵᠡᠷᠭᠡ ᠠᠷᠭ᠎ᠠ ᠬᠡᠯᠪᠡᠷᠢ ᠪᠡᠷ ᠲᠣᠰ ᠭᠠᠵᠠᠷ ᠣᠷᠣᠨ ᠲᠣᠰ ᠪᠠᠢᠭᠤᠯᠭ᠎ᠠ ᠨᠢᠭᠡᠴᠢ ᠲᠣᠰ ᠱᠢᠰᠲ᠋ᠧᠮ ᠦ᠋ᠨ ᠵᠢᠡᠨ ᠲᠥᠪᠯᠡᠷᠡᠭᠦᠯᠦᠨ ᠵᠠᠰᠠᠬᠤ ᠠᠵᠢᠯ ᠳ᠋ᠤ ᠲᠣᠬᠢᠷᠠᠭᠤᠯᠤᠯᠲᠠ ᠪᠠᠢᠷᠢᠯᠠᠭᠤᠯᠤᠯᠲᠠ ᠬᠢᠵᠦ᠍᠂ ᠣᠷᠣᠨ ᠳᠠᠶᠠᠭᠠᠷ ᠲᠦ᠍ ᠨᠠᠮ ᠤ᠋ᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠢ᠋ ᠴᠢᠩᠳᠠᠯᠠᠬᠤ ᠥᠳᠭᠡᠨ ᠵᠤᠵᠠᠭᠠᠨ ᠠᠭᠤᠷ ᠠᠮᠢᠰᠭᠤᠯ ᠪᠦᠷᠢᠯᠳᠦᠭᠦ ᠶ᠋ᠢ ᠠᠬᠢᠭᠤᠯᠪᠠ᠃

ᠵᠣᠬᠢᠶᠠᠨ ᠪᠠᠢᠭᠤᠯᠵᠤ ᠵᠢᠯᠣᠭᠣᠳᠭᠤ ᠶ᠋ᠢ ᠴᠢᠬᠤᠯᠠᠴᠢᠯᠠᠨ ᠡᠭᠦᠷᠭᠡ ᠶ᠋ᠢᠨ ᠨᠠᠢᠳᠠᠪᠤᠷᠢᠵᠢᠭᠤᠯᠤᠯᠲᠠ ᠶ᠋ᠢ ᠠᠬᠢᠭᠤᠯᠪᠠ


ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠵᠣᠬᠢᠶᠠᠨ ᠪᠠᠢᠭᠤᠯᠬᠤ ᠬᠡᠯᠲᠡᠰ ᠵᠣᠬᠢᠶᠠᠨ ᠪᠠᠢᠭᠤᠯᠵᠤ ᠬᠡᠷᠡᠭ᠌ᠵᠢᠭᠦᠯᠬᠦ᠌ ᠬᠠᠷᠢᠭᠤᠴᠠᠯᠭ᠎ᠠ ᠪᠠᠨ ᠦᠨᠡᠨ ᠬᠦ᠌ ᠭᠦᠢᠴᠡᠳᠭᠡᠵᠦ᠍᠂ ᠥᠪᠡᠷᠲᠡᠭᠡᠨ ᠵᠠᠰᠠᠬᠤ ᠣᠷᠣᠨ ᠤ᠋ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠬᠤ ᠵᠥᠪᠯᠡᠯ ᠦ᠋ᠨ ᠪᠠᠢᠭᠤᠯᠭ᠎ᠠ ᠲᠠᠶ ᠬᠠᠮᠲᠤᠷᠠᠨ 10 ᠵᠦᠢᠯ ᠦ᠋ᠨ ᠪᠣᠳᠠᠲᠠᠢ ᠠᠬᠢᠭᠤᠯᠬᠤ ᠠᠷᠭ᠎ᠠ ᠬᠡᠮᠵᠢᠶ᠎ᠡ ᠶ᠋ᠢ ᠰᠤᠳᠤᠯᠤᠨ ᠳᠤᠷᠠᠳᠴᠤ᠌᠂ ᠲᠥᠪᠯᠡᠷᠡᠭᠦᠯᠦᠨ ᠵᠠᠰᠠᠬᠤ ᠠᠵᠢᠯ ᠢ᠋ ᠴᠢᠩᠭ᠎ᠠ ᠠᠳᠬᠤᠨ ᠪᠣᠳᠠᠲᠠᠢ ᠠᠳᠬᠤᠵᠤ ᠰᠠᠢᠲᠤᠷ ᠠᠳᠭᠤᠨ᠂ ᠠᠵᠢᠯ ᠤ᠋ᠨ ᠤᠷᠢᠳᠠᠴᠢ ᠴᠢᠨᠠᠷ᠂ ᠱᠢᠨᠵᠢᠯᠡᠬᠦ᠌ ᠤᠬᠠᠭᠠᠨᠴᠢ ᠴᠢᠨᠠᠷ᠂ ᠦᠷ᠎ᠡ ᠪᠦᠳᠦᠮᠵᠢᠳᠤ ᠴᠢᠨᠠᠷ ᠢ᠋ ᠦᠨᠡᠨ ᠬᠦ᠌ ᠴᠢᠩᠭᠠᠳᠭᠠᠪᠠ᠃

ᠪᠦᠬᠦ᠌ ᠲᠠᠯ᠎ᠠ ᠪᠠᠷ ᠵᠢᠯᠣᠭᠣᠳᠭᠤ ᠶ᠋ᠢ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ᠋《ᠬᠡᠷᠡᠭ᠌ᠵᠢᠭᠦᠯᠬᠦ᠌ ᠲᠥᠰᠦᠯ》ᠢ᠋ ᠦᠨᠳᠦᠰᠦᠯᠡᠨ《ᠠᠵᠢᠯ ᠤ᠋ᠨ ᠲᠣᠬᠢᠷᠠᠭᠤᠯᠤᠯᠲᠠ》ᠶ᠋ᠢ ᠲᠣᠭ᠍ᠲᠠᠭᠠᠨ ᠪᠠᠭᠤᠯᠭᠠᠵᠤ᠂ 6 ᠵᠦᠶ᠋ᠯ ᠦ᠋ᠨ ᠲᠣᠭ᠍ᠲᠠᠭᠰᠠᠨ ᠠᠵᠢᠯᠯᠠᠭ᠎ᠠ ᠶ᠋ᠢᠨ ᠠᠬᠢᠴᠠ ᠪᠠ ᠭᠤᠤᠯᠳᠠᠯᠭ᠎ᠠ᠂ ᠵᠠᠷᠴᠢᠮ ᠪᠠ ᠵᠢᠷᠤᠮᠵᠢᠯ ᠢ᠋ ᠲᠤᠳᠤᠷᠬᠠᠢᠯᠠᠨ᠂《ᠡᠭᠦᠷᠭᠡ ᠬᠠᠷᠢᠭᠤᠴᠠᠯᠭ᠎ᠠ ᠶ᠋ᠢᠨ ᠪᠢᠴᠢᠭ》ᠢ᠋《ᠬᠡᠷᠡᠭᠵᠢᠭᠦᠯᠬᠦ ᠲᠦᠰᠦᠪ》 ᠪᠣᠯᠭᠠᠨ᠂ ᠲᠥᠪᠯᠡᠷᠡᠭᠦᠯᠦᠨ ᠵᠠᠰᠠᠬᠤ ᠠᠵᠢᠯ ᠤ᠋ᠨ ᠡᠮᠬᠢ ᠵᠢᠷᠤᠮ ᠲᠠᠶ ᠪᠡᠷ ᠶᠠᠪᠤᠭᠳᠠᠬᠤ ᠶ᠋ᠢ ᠦᠨᠡᠨ᠎ᠬᠦ᠌ ᠪᠠᠲᠤᠯᠠᠪᠠ᠃

ᠴᠠᠭ ᠲᠤᠬᠠᠢ ᠳ᠋ᠤᠨᠢ ᠲᠣᠬᠢᠷᠠᠭᠤᠯᠤᠯᠲᠠ ᠬᠢᠬᠦ ᠶ᠋ᠢ ᠴᠢᠩᠭᠠᠳᠭᠠᠪᠠ᠃ ᠣᠯᠠᠨ ᠵᠦᠶ᠋ᠯ ᠦ᠋ᠨ ᠠᠷᠭ᠎ᠠ ᠬᠡᠯᠪᠡᠷᠢ ᠪᠡᠷ ᠡᠯ᠎ᠡ ᠭᠠᠵᠠᠷ ᠣᠷᠣᠨ ᠡᠯ᠎ᠡ ᠪᠠᠢᠭᠤᠯᠭ᠎ᠠ ᠨᠢᠭᠡᠴᠢ ᠶ᠋ᠢᠨ ᠲᠥᠪᠯᠡᠷᠡᠭᠦᠯᠦᠨ ᠵᠠᠰᠠᠭ᠍ᠰᠠᠨ ᠪᠠᠢᠳᠠᠯ ᠢ᠋ ᠴᠠᠭ ᠲᠤᠬᠠᠶ ᠳ᠋ᠤᠨᠢ ᠣᠢᠯᠠᠭᠠᠪᠠ᠃ 4 ᠰᠠᠷ᠎ᠠ ᠶ᠋ᠢᠨ 20 ᠤ᠋ ᠡᠳᠦᠷ ᠪᠣᠯᠲᠠᠯ᠎ᠠ᠂ 12 ᠠᠢᠮᠠᠭ ᠬᠣᠲᠠ ᠪᠤᠯᠤᠨ 185 ᠱᠢᠭᠤᠳ ᠬᠠᠷᠢᠶ᠎ᠠ ᠪᠠᠢᠭᠤᠯᠭ᠎ᠠ ᠠᠵᠤ ᠠᠬᠤᠢᠯᠠᠯ ᠠᠵᠢᠯ ᠦᠶ᠋ᠯᠡᠰ ᠦ᠋ᠨ ᠨᠢᠭᠡᠴᠢ ᠵᠢᠨ ᠬᠢᠨ ᠠᠰᠠᠭᠤᠳᠠᠯ ᠤ᠋ᠨ ᠨᠠᠷᠢᠨ ᠳᠠᠩᠰᠠ ᠶ᠋ᠢ ᠵᠡᠷᠯᠠᠨ ᠮᠡᠳᠡᠭ᠌ᠳᠡᠵᠦ᠍᠂ ᠡᠯ᠎ᠡ ᠱᠠᠲᠤᠨ ᠤ᠋ ᠨᠠᠮ ᠤ᠋ᠨ ᠬᠣᠷᠢᠶ᠎ᠠ(ᠨᠠᠮ ᠤ᠋ᠨ ᠤᠳᠤᠷᠢᠳᠭᠤ ᠳᠤᠭᠤᠢᠯᠠᠩ) ᠲᠥᠪᠯᠡᠷᠡᠭᠦᠯᠦᠨ ᠵᠠᠰᠠᠬᠤ ᠠᠵᠢᠯ ᠢ᠋ ᠡᠬᠢᠯᠡᠭᠦᠯᠵᠤ ᠪᠠᠢᠷᠢᠯᠠᠭᠤᠯᠪᠠ᠃

ᠲᠤᠬᠠᠶ ᠶ᠋ᠢᠨ ᠭᠠᠵᠠᠷ ᠲᠤᠨᠢ ᠬᠢᠨᠠᠨ ᠵᠢᠯᠣᠭᠣᠳᠭᠤ ᠶ᠋ᠢ ᠴᠢᠩᠭᠠᠳᠭᠠᠪᠠ᠃ ᠥᠪᠡᠷᠲᠡᠭᠡᠨ ᠵᠠᠰᠠᠬᠤ ᠣᠷᠣᠨ ᠡᠴᠡ ᠲᠤᠰᠭᠠᠶ ᠬᠦᠴᠦᠨ ᠲᠠᠲᠠᠵᠤ ᠠᠢᠮᠠᠭ ᠬᠣᠲᠠ᠂ ᠲᠢᠩᠬᠢᠮ ᠲᠣᠪᠴᠢᠶ᠎ᠠ ᠶ᠋ᠢᠨ ᠪᠠᠢᠭᠤᠯᠭ᠎ᠠ ᠨᠢᠭᠡᠴᠢ ᠵᠡᠷᠭᠡ ᠦᠨᠳᠦᠰᠦᠨ ᠱᠠᠲᠤᠨ ᠤ᠋ ᠨᠢᠭᠡᠳᠦᠭᠡᠷ ᠹᠷᠣᠨᠲ ᠲᠦ᠍ ᠭᠦᠨᠵᠡᠭᠡᠢᠷᠡᠭᠦᠯᠦᠨ᠂ ᠲᠥᠪᠯᠡᠷᠡᠭᠦᠯᠦᠨ ᠵᠠᠰᠠᠬᠤ ᠠᠵᠢᠯ ᠢ᠋ ᠵᠣᠬᠢᠶᠠᠨ ᠪᠠᠢᠭᠤᠯᠵᠤ ᠠᠬᠢᠭᠤᠯᠤᠭᠰᠠᠨ ᠪᠠᠢᠳᠠᠯ ᠪᠠ ᠠᠰᠠᠭᠤᠳᠠᠯ ᠢ᠋ ᠪᠠᠢᠴᠠᠭᠠᠨ ᠱᠢᠶ᠋ᠳᠪᠦᠷᠢᠯᠡᠭ᠌ᠰᠡᠨ ᠪᠠᠢᠳᠠᠯ ᠵᠡᠷᠭᠡ ᠶ᠋ᠢ ᠲᠤᠬᠠᠢ ᠶ᠋ᠢᠨ ᠭᠠᠵᠠᠷ ᠲᠤᠨᠢ ᠣᠢᠯᠠᠭᠠᠵᠤ᠂ ᠱᠠᠲᠤ ᠱᠠᠲᠤ ᠪᠠᠷ ᠬᠠᠷᠢᠭᠤᠴᠠᠯᠭ᠎ᠠ ᠶ᠋ᠢ ᠪᠣᠳᠠᠲᠠᠢᠵᠢᠭᠤᠯᠤᠨ ᠳᠠᠷᠤᠯᠲᠠ ᠶ᠋ᠢ ᠳᠠᠮᠵᠢᠭᠤᠯᠵᠤ᠂ ᠬᠡᠰᠡᠭ ᠠᠢᠮᠠᠭ ᠬᠣᠲᠠ ᠪᠣᠯᠤᠨ ᠥᠪᠡᠷᠲᠡᠭᠡᠨ ᠵᠠᠰᠠᠬᠤ ᠣᠷᠣᠨ ᠤ᠋ ᠱᠢᠭᠤᠳ ᠬᠠᠷᠢᠶ᠎ᠠ ᠨᠠᠮ ᠤ᠋ᠨ ᠬᠣᠷᠢᠶ᠎ᠠ (ᠨᠠᠮ ᠤ᠋ᠨ ᠠᠵᠢᠯᠯᠠᠬᠤ ᠬᠤᠷᠢᠶ᠎ᠠ) ᠲᠥᠪᠯᠡᠷᠡᠭᠦᠯᠦᠨ ᠵᠠᠰᠠᠬᠤ ᠠᠵᠢᠯ ᠢ᠋ ᠱᠠᠯᠠᠪᠳᠠᠭᠤᠯᠤᠨ ᠵᠢᠯᠣᠭᠣᠳᠭᠤ ᠳᠤᠭᠤᠢᠯᠠᠩ ᠪᠠᠢᠭᠤᠯᠵᠤ᠂ ᠴᠢᠩᠭ᠎ᠠ ᠱᠠᠯᠠᠪᠳᠠᠭᠤᠯᠤᠨ ᠪᠣᠳᠠᠲᠠᠶ ᠵᠢᠯᠣᠭᠣᠳᠭᠤ ᠪᠠᠷ ᠳᠡᠮᠵᠢᠨ ᠵᠠᠰᠠᠯᠲᠠ ᠶ᠋ᠢᠨ ᠦᠷ᠎ᠡ ᠪᠦᠲᠦᠮᠵᠢ ᠲᠠᠢ ᠪᠠᠢᠬᠤ ᠶ᠋ᠢ ᠪᠠᠲᠤᠯᠠᠪᠠ᠃


ᠪᠠᠢᠴᠠᠭᠠᠨ ᠱᠢᠢᠳᠪᠦᠷᠢᠯᠡᠵᠤ ᠵᠠᠯᠬᠠᠭᠠᠨ ᠱᠢᠢᠳᠭᠡᠬᠦ ᠵᠢ ᠴᠢᠬᠤᠯᠠᠴᠢᠯᠠᠨ ᠰᠦᠷᠳᠡᠭᠦᠯᠬᠦ ᠦᠢᠯᠡᠳᠦᠯ ᠢ᠋ ᠪᠤᠢ ᠪᠤᠯᠭᠠᠪᠠ


ᠥᠪᠡᠷᠲᠡᠭᠡᠨ ᠵᠠᠰᠠᠬᠤ ᠣᠷᠣᠨ ᠤ᠋ ᠰᠠᠬᠢᠯᠭ᠎ᠠ ᠪᠠᠲᠤ ᠪᠠᠢᠴᠠᠭᠠᠬᠤ ᠬᠣᠷᠢᠢ᠎ᠠ ᠬᠢᠨᠠᠨ ᠪᠠᠢᠴᠠᠭᠠᠬᠤ ᠵᠥᠪᠯᠡᠯ ᠤ᠋ᠨ ᠪᠠᠢᠭᠤᠯᠭ᠎ᠠ ᠪᠤᠯᠤᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶᠠᠨ ᠤ᠋ ᠵᠣᠬᠢᠶᠠᠨ ᠪᠠᠢᠭᠤᠯᠬᠤ ᠬᠡᠯᠲᠡᠰ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠬᠦ ᠲᠣᠭᠲᠠᠴᠠ ᠵᠢ ᠪᠠᠢᠭᠤᠯᠵᠤ᠂ ᠲᠥᠪᠯᠡᠷᠡᠭᠦᠯᠦᠨ ᠵᠠᠰᠠᠬᠤ ᠬᠤᠭᠤᠴᠠᠭᠠᠨ ᠳ᠋ᠦ᠍ ᠠᠰᠠᠭᠤᠳᠠᠯ ᠢ᠋ ᠪᠠᠢᠴᠠᠭᠠᠨ ᠱᠢᠢᠳᠪᠦᠷᠢᠯᠡᠬᠦ ᠡᠷᠴᠢᠮ ᠢ᠋ ᠴᠢᠨᠠᠭᠱᠢᠳᠠ ᠴᠢᠩᠭᠠᠷᠠᠭᠤᠯᠤᠨ᠂ 6 ᠵᠦᠢᠯ ᠤ᠋ᠨ ᠪᠠᠢᠴᠠᠭᠠᠨ ᠱᠢᠢᠳᠪᠦᠷᠢᠯᠡᠬᠦ ᠱᠠᠭᠠᠷᠳᠠᠯᠭ᠎ᠠ ᠲᠠᠢ ᠬᠠᠷᠭᠤᠭᠤᠯᠵᠤ᠂ ᠵᠣᠬᠢᠶᠠᠨ ᠪᠠᠢᠭᠤᠯᠤᠯᠲᠠ ᠵᠢᠨ ᠱᠢᠢᠳᠪᠦᠷᠢᠯᠡᠯᠲᠡ ᠪᠠ ᠰᠠᠬᠢᠯᠭ᠎ᠠ ᠪᠠᠲᠤ ᠵᠢᠨ ᠱᠢᠢᠳᠭᠡᠯ ᠤᠯᠭᠤᠬᠤ ᠵᠢ ᠴᠢᠩᠭᠠᠳᠭᠠᠨ᠂ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠪᠣᠳᠠᠲᠠᠢ ᠠᠰᠠᠭᠤᠳᠠᠯ ᠢ᠋ ᠴᠠᠭ ᠲᠤᠬᠠᠢ ᠳ᠋ᠤᠨᠢ ᠢᠯᠡᠷᠡᠭᠦᠯᠦᠨ ᠱᠢᠢᠳᠪᠦᠷᠢᠯᠡᠬᠦ ᠵᠢ ᠪᠠᠲᠤᠯᠠᠵᠤ᠂ ᠲᠥᠪᠯᠡᠷᠡᠭᠦᠯᠦᠨ ᠵᠠᠰᠠᠬᠤ ᠠᠵᠢᠯ ᠤ᠋ᠨ ᠪᠣᠳᠠᠲᠤ ᠦᠷ᠎ᠡ ᠪᠦᠲᠦᠮᠵᠢ ᠣᠯᠬᠤ ᠵᠢ ᠠᠬᠢᠭᠤᠯᠪᠠ᠃

ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠢᠯᠡᠴᠢᠯᠡᠵᠦ᠂ ᠪᠦᠬᠦ ᠣᠷᠣᠨ ᠤ᠋ ᠡᠯ᠎ᠡ ᠱᠠᠲᠤᠨ ᠤ᠋ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠵᠢᠨ ᠨᠢᠭᠡᠨᠲᠡ ᠡᠵᠡᠮᠱᠢᠭᠰᠡᠨ ᠠᠰᠠᠭᠤᠳᠠᠯ ᠤ᠋ᠨ ᠰᠦᠪᠡᠭᠴᠢ ᠵᠢᠴᠢ ᠡᠳᠦᠷ ᠳᠣᠳᠣᠮ ᠤ᠋ᠨ ᠵᠠᠬᠢᠳᠠᠯ ᠰᠤᠷᠪᠤᠯᠵᠢᠯᠠᠯ ᠵᠢᠡᠷ ᠢᠯᠡᠴᠢᠯᠡᠨ ᠮᠡᠳᠡᠬᠦᠯᠦᠭᠰᠡᠨ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠴᠤᠭᠯᠠᠭᠤᠯᠤᠨ ᠡᠮᠬᠢᠯᠡᠵᠦ᠂ ᠡᠰᠡᠷᠭᠦ ᠲᠠᠯ᠎ᠠ ᠵᠢᠨ ᠨᠡᠢᠲᠡᠯᠢᠭ ᠬᠡᠷᠡᠭ ᠤ᠋ᠨ ᠵᠢᠱ᠌ᠢᠶ᠎ᠠ ᠵᠢ ᠰᠠᠷ᠎ᠠ ᠪᠦᠷᠢ ᠨᠢᠭᠡ ᠤᠳᠠᠭ᠎ᠠ ᠵᠠᠷᠯᠠᠨ ᠢᠯᠡᠴᠢᠯᠡᠨ᠎ᠡ᠃ ᠡᠭᠦᠨ ᠤ᠋ ᠬᠠᠮᠲᠤ᠂ ᠨᠠᠮ ᠤ᠋ᠨ ᠠᠷᠪᠠ ᠶᠢᠰᠦᠳᠦᠭᠡᠷ ᠶᠡᠬᠡ ᠬᠤᠷᠠᠯ ᠡᠴᠡ ᠨᠡᠭᠠᠱᠢᠬᠢ ᠥᠪᠡᠷᠲᠡᠭᠡᠨ ᠵᠠᠰᠠᠬᠤ ᠣᠷᠣᠨ ᠤ᠋ ᠪᠠᠢᠴᠠᠭᠠᠨ ᠱᠢᠢᠳᠪᠦᠷᠢᠯᠡᠭᠰᠡᠨ ᠰᠠᠬᠢᠯᠭ᠎ᠠ ᠪᠠᠲᠤ ᠪᠠ ᠬᠠᠤᠯᠢ ᠴᠠᠭᠠᠵᠠ ᠡᠴᠡ ᠵᠥᠷᠢᠴᠡᠭᠰᠡᠨ ᠬᠡᠷᠡᠭ ᠢ᠋ ᠡᠮᠬᠢᠯᠡᠨ᠂ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠤ᠋ᠨ ᠰᠡᠷᠡᠮᠵᠢᠯᠡᠭᠦᠯᠬᠦ ᠬᠥᠮᠦᠵᠢᠯ ᠤ᠋ᠨ ᠲᠤᠰᠭᠠᠢ ᠰᠡᠳᠦᠪᠲᠦ ᠹᠢᠯᠢᠮ ᠢ᠋ ᠨᠢᠭᠡ ᠦᠢᠯᠡᠳᠴᠦ᠂ ᠬᠡᠷᠡᠭ ᠵᠢᠨᠷ ᠰᠠᠬᠢᠯᠭ᠎ᠠ ᠪᠠᠲᠤ ᠵᠢ ᠲᠣᠳᠣᠷᠬᠠᠢᠯᠠᠵᠤ᠂ ᠬᠡᠷᠡᠭ ᠵᠢᠨᠷ ᠰᠡᠷᠡᠮᠵᠢᠯᠠᠭᠦᠯᠦᠨ᠎ᠡ᠃

ᠪᠠᠢᠩᠭᠤᠵᠢᠭᠤᠯᠤᠭᠰᠠᠨ ᠬᠢᠨᠠᠯᠲᠠ ᠳ᠋ᠦ᠍ ᠠᠭᠤᠰᠭᠠᠵᠤ᠂ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠳ᠋ᠡᠬᠢ ᠪᠣᠯᠬᠢᠴᠢᠯᠠᠬᠰᠠᠨ ᠠᠷᠠᠯᠵᠢᠶᠠᠯᠠᠭᠰᠠᠨ ᠠᠰᠠᠭᠤᠳᠠᠯ ᠤ᠋ᠨ 11 ᠵᠦᠢᠯ ᠤ᠋ᠨ ᠦᠵᠡᠭᠳᠡᠯ ᠪᠤᠯᠤᠨ 54 ᠵᠦᠢᠯ ᠤ᠋ᠨ ᠪᠣᠳᠠᠲᠠᠢ ᠢᠯᠡᠷᠡᠯ ᠢ᠋ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠵᠢᠨ 《ᠳᠥᠷᠪᠡᠨ ᠰᠤᠷᠲᠠᠯ ᠨᠠᠢ᠍ᠮᠠᠨ ᠳᠤᠭᠳᠠᠭᠠᠯ》᠂ ᠵᠣᠬᠢᠶᠠᠨ ᠪᠠᠢᠭᠤᠯᠬᠤ ᠰᠠᠯᠠᠭ᠎ᠠ ᠮᠥᠴᠢᠷ ᠤ᠋ᠨ ᠨᠠᠮ ᠤ᠋ᠨ ᠭᠡᠱᠢᠭᠦᠨ ᠺᠠᠳ᠋ᠷᠴᠤᠳ ᠲᠦ᠍ ᠬᠢᠨᠠᠯᠲᠠ ᠲᠠᠯᠪᠢᠬᠤ ᠵᠡᠷᠭᠡ ᠡᠳᠦᠷ ᠳᠣᠳᠣᠮ ᠤ᠋ᠨ ᠬᠢᠨᠠᠯᠲᠠ ᠲᠠᠯᠪᠢᠵᠤ ᠪᠠᠢᠴᠠᠭᠠᠬᠤ ᠠᠵᠢᠯ ᠳ᠋ᠦ᠍ ᠣᠷᠣᠭᠤᠯᠵᠤ᠂ ᠢᠯᠡ ᠪᠠᠢᠴᠠᠭᠠᠵᠤ ᠨᠢᠭᠤᠴᠠ ᠪᠡᠷ ᠰᠤᠷᠪᠤᠯᠵᠢᠯᠠᠬᠤ᠂ ᠲᠤᠰᠭᠠᠢ ᠵᠦᠢᠯ ᠵᠢᠨᠷ ᠪᠠᠢᠴᠠᠭᠠᠬᠤ ᠵᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠣᠷᠣᠱᠢᠵᠤ ᠪᠠᠢᠭ᠎ᠠ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠳ᠋ᠦ᠍ ᠴᠤᠬᠤᠢᠪᠠᠯ ᠴᠣᠬᠢᠯᠲᠠ ᠥᠭᠬᠦ᠂ ᠳᠠᠬᠢᠨ ᠳᠠᠪᠲᠠᠨ ᠴᠣᠬᠢᠯᠲᠠ ᠥᠭᠬᠦ᠂ ᠭᠦᠨᠵᠡᠭᠡᠢ ᠪᠠᠢᠴᠠᠭᠠᠵᠤ ᠴᠢᠩᠭ᠎ᠠ ᠴᠣᠬᠢᠯᠲᠠ ᠥᠭᠬᠦ ᠵᠢ ᠪᠡᠶᠡᠯᠡᠭᠦᠯᠵᠦ᠂ ᠰᠠᠬᠢᠯᠭ᠎ᠠ ᠪᠠᠲᠤ ᠵᠢᠨ ᠱᠠᠭᠠᠷᠳᠠᠯᠭ᠎ᠠ ᠵᠢ ᠴᠢᠨᠠᠭᠰᠢᠳᠠ ᠴᠢᠩᠭᠠᠳᠭᠠᠨ᠂ ᠰᠦᠷᠳᠡᠭᠦᠯᠬᠦ ᠦᠢᠯᠡᠳᠦᠯ ᠢ᠋ ᠪᠤᠢ ᠪᠤᠯᠭᠠᠪᠠ᠃

ᠤᠯᠤᠰ ᠲᠥᠷᠥ ᠵᠢᠨ ᠪᠠᠢᠴᠠᠭᠠᠯᠲᠠ ᠵᠢ ᠰᠠᠢᠲᠤᠷ ᠬᠢᠵᠦ᠂ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠳ᠋ᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ ᠢ᠋ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠲᠣᠭᠣᠷᠢᠨ ᠪᠠᠢᠴᠠᠭᠠᠯᠳᠠ ᠵᠢᠨ ᠨᠢᠭᠡᠨ ᠴᠢᠬᠤᠯᠠ ᠠᠭᠤᠯᠭ᠎ᠠ ᠪᠣᠯᠭᠠᠵᠤ᠂ ᠴᠠᠭ ᠲᠤᠬᠠᠢ ᠳ᠋ᠤᠨᠢ ᠪᠠᠢᠴᠠᠭᠠᠨ ᠱᠢᠢᠳᠪᠦᠷᠢᠯᠡᠵᠦ ᠬᠠᠷᠢᠭᠤᠴᠠᠯᠭ᠎ᠠ ᠨᠡᠬᠡᠮᠵᠢᠯᠡᠨ᠂ ᠴᠡᠭᠴᠡᠯᠡᠨ ᠰᠠᠢᠵᠢᠷᠠᠭᠤᠯᠬᠤ ᠵᠢ ᠠᠬᠢᠭᠤᠯᠵᠤ᠂ ᠲᠥᠪᠯᠡᠷᠡᠭᠦᠯᠦᠨ ᠵᠠᠰᠠᠭᠰᠠᠨ ᠦᠷ᠎ᠡ ᠪᠦᠲᠦᠭᠡᠯ ᠢ᠋ ᠦᠷᠭᠦᠯᠵᠢᠯᠡᠨ ᠪᠡᠬᠢᠵᠢᠭᠦᠯᠦᠨ ᠭᠦᠨᠵᠡᠭᠡᠢᠷᠡᠭᠦᠯᠦᠨ᠎ᠡ᠃


ᠶᠠᠷᠢᠶ᠎ᠠ ᠬᠡᠯᠡᠯᠴᠡᠭᠡ ᠪᠠᠷ ᠬᠥᠲᠥᠯᠦᠨ ᠵᠢᠯᠣᠭᠣᠳᠬᠤ ᠵᠢ ᠴᠢᠬᠤᠯᠠᠴᠢᠯᠠᠨ ᠰᠠᠢᠨ ᠰᠠᠢᠬᠠᠨ ᠠᠭᠤᠷ ᠠᠮᠢᠰᠬᠤᠯ ᠢ᠋ ᠪᠤᠢ ᠪᠤᠯᠭᠠᠪᠠ


ᠵᠠᠭᠤᠴᠢᠯᠠᠭᠤᠷ ᠤ᠋ᠨ ᠤᠬᠠᠭᠤᠯᠭ᠎ᠠ ᠶᠠᠷᠢᠶ᠎ᠠ ᠬᠡᠯᠡᠯᠴᠡᠭᠡᠨ ᠤ᠋ ᠵᠢᠯᠣᠭᠣᠳᠤᠯᠭ᠎ᠠ ᠵᠢ ᠴᠢᠩᠭᠠᠳᠭᠠᠨ᠂ ᠲᠥᠪᠯᠡᠷᠡᠭᠦᠯᠦᠨ ᠵᠠᠰᠠᠬᠰᠠᠨ ᠲᠤᠷᠱᠢᠯᠭ᠎ᠠ ᠠᠷᠭ᠎ᠠ ᠬᠢᠳᠡᠯ ᠪᠠ ᠤᠯᠤᠭᠰᠠᠨ ᠦᠷ᠎ᠡ ᠪᠦᠲᠦᠮᠵᠢ ᠵᠢ ᠣᠯᠠᠨ ᠬᠠᠷᠠᠭᠠᠰᠤ᠂ ᠣᠯᠠᠨ ᠳᠡᠰ ᠳᠠᠪᠬᠤᠷᠭ᠎ᠠ᠂ ᠣᠯᠠᠨ ᠠᠷᠭ᠎ᠠ ᠵᠠᠮ ᠵᠢᠨᠷ ᠰᠤᠷᠳᠠᠯᠴᠢᠯᠠᠨ ᠤᠬᠠᠭᠤᠯᠵᠤ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠲᠠ ᠲᠠᠢ ᠬᠤᠷᠠᠯᠳᠤᠬᠤ ᠳ᠋ᠦ᠍ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠵᠢᠨ ᠣᠷᠴᠢᠨ ᠲᠣᠭᠣᠷᠢᠨ ᠢ᠋ ᠪᠣᠢ ᠪᠤᠯᠭᠠᠨ ᠦᠭᠴᠦ ᠪᠠᠢᠨ᠎ᠠ᠃

ᠵᠠᠭᠤᠴᠢᠯᠠᠭᠤᠷ ᠤ᠋ᠨ ᠲᠤᠰᠭᠠᠢ ᠪᠤᠯᠤᠩ ᠭᠠᠷᠭᠠᠪᠠ᠃ ᠥᠪᠥᠷ ᠮᠣᠩᠭᠣᠯ ᠤ᠋ᠨ ᠡᠳᠦᠷ ᠤ᠋ᠨ ᠰᠣᠨᠢᠨ ᠤ᠋ ᠬᠣᠷᠢᠶ᠎ᠠ᠂ ᠥᠪᠥᠷ ᠮᠣᠩᠭᠣᠯ ᠤ᠋ᠨ ᠷᠠᠳᠢᠣ᠋ ᠲᠧᠯᠸᠢᠰ ᠬᠣᠷᠢᠶ᠎ᠠ ᠵᠡᠷᠭᠡ ᠥᠪᠡᠷᠲᠡᠭᠡᠨ ᠵᠠᠰᠠᠬᠤ ᠣᠷᠣᠨ ᠤ᠋ ᠭᠣᠣᠯ ᠵᠠᠭᠤᠴᠢᠯᠠᠭᠤᠷ ᠵᠢᠴᠢ 《ᠤᠮᠠᠷᠠᠲᠤ ᠬᠢᠯᠢ ᠵᠢᠨ ᠬᠣᠱᠢᠭᠤᠴᠢ》 ᠵᠢᠷᠬᠢᠶ᠎ᠡ ᠵᠢᠨ ᠤᠯᠠᠨ ᠨᠡᠢᠲᠡ ᠵᠢᠨ ᠳᠠᠪᠴᠠᠩ ᠵᠡᠷᠭᠡ ᠱᠢᠨ᠎ᠡ ᠵᠠᠭᠤᠴᠢᠯᠠᠭᠤᠷ ᠲᠦ᠍ 《ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠢ᠋ ᠴᠢᠩᠳᠠᠯᠠᠶ᠎ᠠ》 ᠲᠤᠰᠭᠠᠢ ᠪᠤᠯᠤᠩ ᠨᠡᠬᠡᠬᠡᠵᠤ᠂ ᠡᠯ᠎ᠡ ᠭᠠᠵᠠᠷ ᠣᠷᠣᠨ ᠡᠯ᠎ᠡ ᠨᠢᠭᠡᠴᠢ ᠵᠢᠨ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠳ᠋ᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠭᠰᠠᠨ ᠪᠠᠢᠳᠠᠯ ᠢ᠋ ᠲᠥᠪᠯᠡᠷᠡᠭᠦᠯᠦᠨ ᠤᠬᠠᠭᠤᠯᠵᠤ᠂ ᠠᠢᠮᠠᠭ ᠬᠣᠲᠠ ᠵᠢᠨ ᠨᠠᠮ ᠤ᠋ᠨ ᠬᠣᠷᠢᠶᠠᠨ ᠤ᠋ ᠱᠦᠵᠢ᠂ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠱᠦᠵᠢ᠂ ᠵᠣᠬᠢᠶᠠᠨ ᠪᠠᠢᠭᠤᠯᠬᠤ ᠬᠡᠯᠲᠡᠰ ᠤ᠋ᠨ ᠳᠠᠷᠤᠭ᠎ᠠ ᠪᠠ ᠬᠡᠰᠡᠭ ᠬᠣᠱᠢᠭᠤ ᠱᠢᠶᠠᠨ(ᠬᠣᠲᠠ᠂ ᠲᠣᠭᠣᠷᠢᠭ) ᠤ᠋ ᠨᠠᠮ ᠤ᠋ᠨ ᠬᠣᠷᠢᠶᠠᠨ ᠤ᠋ ᠱᠦᠵᠢ᠂ ᠦᠪᠡᠷᠳᠡᠬᠡᠨ ᠵᠠᠰᠠᠬᠤ ᠣᠷᠣᠨ ᠤ᠋ ᠱᠢᠭᠤᠳ ᠬᠠᠷᠢᠶ᠎ᠠ ᠨᠢᠭᠡᠴᠢ ᠵᠢᠨ ᠨᠠᠮ ᠤ᠋ᠨ ᠬᠣᠷᠢᠶᠠᠨ (ᠨᠠᠮ ᠤ᠋ᠨ ᠤᠳᠤᠷᠢᠳᠬᠤ ᠳᠤᠭᠤᠢᠯᠠᠩ) ᠤ᠋ ᠱᠦᠵᠢ ᠵᠢᠨ ᠰᠤᠷᠤᠯᠴᠠᠭᠰᠠᠨ ᠤᠯᠤᠯᠳᠠ ᠣᠢᠯᠠᠭᠠᠯᠲᠠ ᠪᠠ ᠦᠢᠯᠡᠳᠦᠯᠭᠡ ᠵᠢᠨ ᠰᠡᠳᠬᠢᠴᠡ ᠪᠣᠳᠣᠯᠬᠢᠯᠠᠯ ᠢ᠋ ᠵᠠᠯᠭᠠᠭ᠎ᠠ ᠪᠠᠷ ᠮᠡᠳᠡᠭᠡᠯᠡᠵᠤ ᠪᠠᠢᠨ᠎ᠠ᠃

ᠨᠡᠢᠲᠡᠯᠢᠭ ᠵᠢᠱ᠌ᠢᠶ᠎ᠠ ᠵᠢᠨ ᠲᠤᠬᠠᠢ ᠤᠬᠠᠭᠤᠯᠭ᠎ᠠ᠎ᠵᠢ ᠴᠢᠩᠭᠠᠳᠬᠠᠪᠠ᠃ ᠡᠯ᠎ᠡ ᠭᠠᠵᠠᠷ ᠣᠷᠣᠨ ᠡᠯ᠎ᠡ ᠨᠢᠭᠡᠴᠢ ᠵᠢᠨ ᠲᠤᠷᠱᠢᠯᠭ᠎ᠠ ᠪᠠ ᠠᠷᠭ᠎ᠠ ᠬᠢᠳᠡᠯ ᠢ᠋ ᠠᠭᠤᠳᠠᠯᠤᠨ ᠤᠬᠠᠭᠤᠯᠬᠤ ᠵᠢ ᠴᠢᠬᠤᠯᠠᠴᠢᠯᠠᠵᠤ᠂ ᠡᠯ᠎ᠡ ᠠᠢᠮᠠᠭ ᠬᠣᠲᠠ ᠵᠢᠨ ᠨᠠᠮ ᠤ᠋ᠨ ᠬᠤᠷᠢᠶᠠᠨ ᠤ᠋ ᠵᠣᠬᠢᠶᠠᠨ ᠪᠠᠢᠭᠤᠯᠬᠤ ᠬᠡᠯᠲᠡᠰ ᠪᠣᠯᠤᠨ ᠥᠪᠡᠷᠲᠡᠭᠡᠨ ᠵᠠᠰᠠᠬᠤ ᠣᠷᠣᠨ ᠤ᠋ ᠱᠢᠭᠤᠳ ᠬᠠᠷᠢᠶ᠎ᠠ ᠪᠠᠢᠭᠤᠯᠭ᠎ᠠ ᠵᠢᠨ ᠠᠵᠢᠯ ᠤ᠋ᠨ ᠬᠤᠷᠢᠶ᠎ᠠ᠂ ᠰᠤᠷᠭᠠᠨ ᠬᠥᠮᠦᠵᠢᠯ ᠤ᠋ᠨ ᠠᠵᠢᠯ ᠤ᠋ᠨ ᠬᠤᠷᠢᠶ᠎ᠠ᠂ ᠤᠯᠤᠰ ᠤ᠋ᠨ ᠥᠮᠴᠢᠯᠡᠯᠳᠤ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ ᠤ᠋ᠨ ᠨᠠᠮ ᠤ᠋ᠨ ᠬᠣᠷᠢᠶ᠎ᠠ ᠨᠢ ᠭᠠᠷᠠᠭ ᠪᠦᠷᠢ ᠰᠣᠨᠢᠨ ᠮᠡᠳᠡᠭᠡᠨ ᠤ᠋ ᠡᠬᠡ ᠪᠢᠴᠢᠭ ᠡᠴᠡ ᠪᠠᠨ ᠱᠢᠯᠢᠳᠡᠭ ᠢ᠋ ᠨᠢ ᠰᠣᠩᠭᠣᠨ ᠳᠡᠭᠡᠭᠱᠢ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠡᠴᠡ ᠲᠥᠪᠯᠡᠷᠡᠭᠦᠯᠦᠨ ᠵᠠᠰᠠᠬᠤ ᠠᠵᠢᠯ ᠤ᠋ᠨ ᠲᠤᠷᠱᠢᠯᠭ᠎ᠠ᠂ ᠵᠠᠰᠠᠭᠰᠠᠨ ᠦᠷ᠎ᠡ ᠪᠦᠲᠦᠮᠵᠢ ᠪᠠ ᠦᠢᠯᠡᠳᠦᠯᠭᠡ ᠵᠢᠨ ᠪᠠᠢᠳᠠᠯ ᠢ᠋ ᠲᠣᠭᠲᠠᠮᠠᠯ ᠬᠤᠭᠤᠴᠠᠭ᠎ᠠ ᠲᠠᠢ ᠪᠠᠷ ᠤᠬᠠᠭᠤᠯᠤᠨ ᠮᠡᠳᠡᠭᠡᠯᠡᠵᠤ ᠪᠠᠢᠨ᠎ᠠ᠃ ᠺᠠᠳ᠋ᠷ ᠤ᠋ᠨ ᠬᠥᠮᠦᠵᠢᠯ ᠤ᠋ᠨ 《ᠬᠠᠭᠠᠰ ᠰᠠᠷ᠎ᠠ ᠵᠢᠨ ᠶᠠᠷᠢᠯᠴᠠᠭ᠎ᠠ》 ᠲᠠᠢ ᠤᠶᠠᠯᠳᠤᠭᠤᠯᠤᠨ᠂ ᠴᠠᠭ ᠲᠤᠨᠢ ᠲᠣᠬᠢᠷᠠᠭᠤᠯᠤᠨ ᠲᠤᠰᠭᠠᠢ ᠰᠡᠳᠦᠪ ᠲᠣᠬᠢᠷᠠᠭᠤᠯᠵᠤ᠂ 《ᠱᠢᠨ᠎ᠡ ᠪᠠᠢᠳᠠᠯ ᠳᠣᠣᠷᠠᠬᠢ ᠨᠠᠮ ᠤ᠋ᠨ ᠳᠣᠲᠣᠭᠠᠳᠤ ᠵᠢᠨ ᠤᠯᠤᠰ ᠲᠥᠷᠥ ᠵᠢᠨ ᠠᠮᠢᠳᠤᠷᠠᠯ ᠤ᠋ᠨ ᠲᠤᠬᠠᠢ ᠪᠠᠷᠢᠮᠵᠢᠶ᠎ᠠ ᠨᠤᠭᠤᠳ》 ᠢ᠋ ᠳᠠᠬᠢᠨ ᠰᠤᠷᠤᠯᠴᠠᠵᠤ ᠳᠠᠬᠢᠨ ᠬᠠᠪᠰᠤᠷᠤᠨ ᠵᠢᠯᠤᠭᠤᠳᠴᠦ ᠪᠠᠢᠨ᠎ᠠ᠃

ᠰᠤᠳᠤᠯᠤᠨ ᠲᠠᠢᠯᠪᠤᠷᠢᠯᠠᠬᠤ ᠵᠢ ᠴᠢᠩᠭᠠᠳᠭᠠᠪᠠ᠃ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠪᠠᠢᠭᠤᠯᠤᠯᠲᠠ ᠵᠢᠨ ᠲᠠᠯ᠎ᠠ ᠵᠢᠨ ᠲᠤᠰᠭᠠᠢ ᠮᠡᠷᠭᠡᠵᠢᠯᠲᠡᠨ ᠡᠷᠳᠡᠮᠲᠡᠨ ᠢ᠋ ᠵᠣᠬᠢᠶᠠᠨ ᠪᠠᠢᠭᠤᠯᠤᠨ ᠣᠨᠣᠯ ᠤ᠋ᠨ ᠵᠣᠬᠢᠶᠠᠯ ᠪᠤᠶᠤ ᠱᠢᠭᠦᠮᠵᠢ ᠦᠭᠦᠯᠡᠮᠵᠢ ᠪᠢᠴᠢᠭᠦᠯᠵᠦ᠂ ᠤᠬᠠᠭᠤᠯᠤᠨ ᠲᠠᠢᠯᠪᠤᠷᠢᠯᠠᠬᠤ ᠵᠢ ᠴᠢᠩᠭᠠᠳᠭᠠᠨ᠂ ᠲᠣᠭᠲᠠᠮᠠᠯ ᠬᠤᠭᠤᠴᠠᠭ᠎ᠠ ᠲᠠᠢ ᠪᠠᠷ ᠲᠡᠪᠰᠢᠬᠦᠯᠦᠨ ᠨᠡᠢᠲᠡᠯᠡᠭᠦᠯᠵᠤ ᠪᠠᠢᠨ᠎ᠠ᠃ ᠡᠯ᠎ᠡ ᠭᠠᠵᠠᠷ ᠡᠯ᠎ᠡ ᠨᠢᠭᠡᠴᠢ ᠵᠢ ᠵᠣᠬᠢᠶᠠᠨ ᠪᠠᠢᠭᠤᠯᠤᠨ ᠣᠨᠣᠯ ᠤ᠋ᠨ ᠤᠬᠠᠭᠤᠯᠭ᠎ᠠ᠂ ᠰᠣᠨᠢᠨ ᠮᠡᠳᠡᠭᠡᠨ ᠤ᠋ ᠤᠬᠠᠭᠤᠯᠭ᠎ᠠ᠂ ᠨᠡᠢᠭᠡᠮ ᠤ᠋ᠨ ᠤᠬᠠᠭᠤᠯᠭ᠎ᠠ᠂ ᠰᠦᠯᠵᠢᠶᠡᠨ ᠳᠡᠭᠡᠷᠡᠬᠢ ᠤᠬᠠᠭᠤᠯᠭ᠎ᠠ ᠵᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠵᠤ᠂ ᠵᠥᠪ ᠲᠠᠯ᠎ᠠ ᠵᠢᠨ ᠤᠬᠠᠭᠤᠯᠭ᠎ᠠ ᠵᠢᠨ ᠬᠦᠴᠦᠨ ᠢ᠋ ᠪᠣᠢ ᠪᠣᠯᠭᠠᠨ᠂ ᠲᠥᠪᠯᠡᠷᠡᠭᠦᠯᠦᠨ ᠵᠠᠰᠠᠬᠤ ᠠᠵᠢᠯ ᠢ᠋ ᠬᠥᠲᠥᠯᠦᠨ ᠵᠢᠯᠣᠭᠣᠳᠴᠤ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠪᠣᠳᠠᠲᠠᠢ ᠬᠢᠵᠦ ᠦᠷ᠎ᠡ ᠪᠦᠲᠦᠮᠵᠢ ᠭᠠᠷᠭᠠᠯᠭᠠᠵᠤ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面