2022-05-26 09:15:58
《 〈 ᠠᠷᠪᠠᠨ ᠨᠢᠭᠡᠨ ᠴᠢᠩᠭ᠎ᠠ ᠴᠠᠭᠠᠵᠠᠯᠠᠯ〉 ᠤ᠋ᠨ ᠠᠮᠠᠯᠠᠯᠲᠠ᠎ᠶ᠋ᠢᠨ ᠪᠢᠴᠢᠭ᠎ᠲᠦ ᠭᠠᠷᠤᠨ ᠥᠰᠥᠭ ᠵᠢᠷᠤᠬᠤ ᠨᠢ ᠢᠯᠡ ᠳᠦᠷᠢᠮᠵᠢᠯ᠎ᠦᠨ ᠱᠠᠭᠠᠷᠳᠠᠯᠭ᠎ᠠ ᠪᠣᠯᠬᠤ᠎ᠪᠠᠷ ᠪᠠᠷᠠᠬᠤ ᠥᠬᠡᠶ ᠨᠠᠩ ᠴᠤ᠌ ᠢᠯᠡ ᠪᠤᠰᠤ ᠥᠪᠡᠷ᠎ᠦᠨ ᠬᠢᠵᠠᠭᠠᠷᠯᠠᠯ ᠪᠣᠯᠤᠨ᠎ᠠ᠂ ᠨᠢᠭᠡᠨ ᠡᠪ ᠬᠠᠮᠲᠤ ᠨᠠᠮ᠎ᠤᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠪᠢ ᠰᠠᠬᠢᠯᠭ᠎ᠠ ᠪᠠᠲᠤ ᠶᠣᠰᠣ ᠲᠦᠷᠢᠮ᠎ᠢ ᠴᠢᠩᠭ᠎ᠠ ᠰᠠᠬᠢᠵᠤ᠂ ᠥᠪᠡᠷ᠎ᠦᠨ ᠦᠭᠡ ᠶᠠᠷᠢᠶ᠎ᠠ ᠦᠶ᠋ᠯᠡ ᠠᠵᠢᠯᠯᠠᠭ᠎ᠠ᠎ᠪᠠᠨ ᠵᠢᠷᠤᠮᠵᠢᠭᠤᠯᠵᠤ᠂ ᠬᠣᠷᠢᠭ᠎ᠠ ᠱᠤᠭᠤᠮ᠎ᠤᠨ ᠰᠡᠳᠭᠢᠬᠦᠶ᠎ᠪᠡᠨ ᠴᠢᠩᠭᠠᠳᠭᠠᠵᠤ᠂ ᠴᠢᠷᠮᠠᠢᠨ ᠡᠭᠦᠷᠭᠡᠯᠡᠵᠦ᠍ ᠵᠢᠳᠬᠦᠯ ᠴᠢᠷᠮᠠᠢᠯᠭ᠎ᠠ ᠭᠠᠷᠭᠠᠨ᠎ᠠ》 ᠭᠡᠵᠦ᠍ ᠪᠠᠶᠠᠨᠨᠠᠭᠤᠷ ᠬᠣᠲᠠ᠎ᠶ᠋ᠢᠨ ᠤᠷᠠᠳ᠎ᠤᠨ ᠳᠤᠮᠳᠠᠳᠤ ᠬᠣᠱᠢᠭᠤᠨ᠎ᠤ ᠬᠠᠯᠢᠭᠤᠲᠤ ᠪᠠᠯᠭᠠᠰᠤᠨ᠎ᠤ ᠨᠢᠭᠡᠨ ᠦᠨᠳᠦᠰᠦᠨ ᠱᠠᠲᠤᠨ᠎ᠤ ᠨᠠᠮ᠎ᠤᠨ ᠭᠡᠱᠢᠭᠦᠨ ᠺᠠᠳ᠋ᠷ ᠶᠠᠷᠢᠨ᠎ᠠ᠃
ᠣᠢᠷ᠎ᠠ᠎ᠶ᠋ᠢᠨ ᠡᠳᠦᠷ᠎ᠤᠳ᠎ᠲᠦ᠂ ᠪᠥᠬᠥ᠌ ᠣᠷᠣᠨ᠎ᠤ ᠡᠯ᠎ᠡ ᠭᠠᠵᠠᠷ᠎ᠤᠨ᠎ᠬᠢᠨ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ ᠳ᠋ᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ᠎ᠶ᠋ᠢ ᠭᠦᠨᠵᠡᠭᠡᠶ ᠥᠷᠨᠢᠭᠦᠯᠵᠦ᠍᠂ ᠡᠯ᠎ᠡ ᠱᠠᠲᠤᠨ᠎ᠤ ᠨᠠᠮ᠎ᠤᠨ ᠭᠡᠱᠢᠭᠦᠨ ᠤᠳᠤᠷᠢᠳᠭᠤ ᠺᠠᠳ᠋ᠷ ᠲᠦᠷᠦᠭᠦᠯᠡᠨ 《ᠠᠷᠪᠠᠨ ᠨᠢᠭᠡᠨ᠎ᠴᠢᠩᠭ᠎ᠠ ᠴᠠᠭᠠᠵᠠᠯᠠᠯ》 ᠤ᠋ᠨ ᠠᠮᠠᠯᠠᠯᠲᠠ᠎ᠶ᠋ᠢᠨ ᠪᠢᠴᠢᠭ᠎ᠲᠦ ᠭᠠᠷᠤᠨ ᠥᠰᠥᠭ ᠵᠢᠷᠤᠵᠤ᠂ ᠠᠮᠠᠯᠠᠯᠲᠠ᠎ᠪᠠᠨ ᠦᠶ᠋ᠯᠡᠳᠦᠯᠭᠡᠵᠢᠭᠦᠯᠬᠦ᠌᠎ᠪᠡᠷ ᠠᠵᠠ ᠲᠣᠬᠢᠶᠠᠯ ᠪᠣᠯᠭᠠᠵᠤ᠂ ᠥᠪᠡᠷ᠎ᠢ᠎ᠪᠡᠨ ᠪᠠᠢᠴᠠᠭᠠᠵᠤ ᠥᠪᠡᠷ᠎ᠢ᠎ᠪᠡᠨ ᠵᠠᠯᠠᠷᠠᠭᠤᠯᠬᠤ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠲᠥᠪᠯᠡᠷᠡᠭᠦᠯᠦᠨ ᠵᠠᠰᠠᠬᠤ᠎ᠶ᠋ᠢ ᠦᠨᠡᠨ ᠪᠣᠳᠠᠲᠠᠶ ᠬᠢᠵᠦ᠍᠂ ᠪᠣᠳᠠᠲᠤ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠪᠠ᠃
ᠬᠤᠷᠢᠭ᠎ᠠ ᠱᠤᠭᠤᠮ᠎ᠤᠨ ᠤᠬᠠᠮᠰᠠᠷ᠎ᠢᠶᠠᠨ ᠴᠢᠨᠠᠬᠰᠢᠳᠠ ᠴᠢᠩᠭᠠᠳᠭᠠᠵᠤ᠂ ᠰᠠᠬᠢᠯᠭ᠎ᠠ ᠪᠠᠲᠤ ᠶᠣᠰᠣ ᠳᠦᠷᠢᠮ᠎ᠢ ᠴᠢᠩᠭ᠎ᠠ ᠰᠠᠬᠢᠵᠤ᠂ ᠪᠠᠶᠠᠨᠨᠠᠭᠤᠷ ᠬᠣᠲᠠ ᠱᠢᠶᠠᠨ ᠬᠣᠶᠠᠷ ᠱᠠᠲᠤᠨ᠎ᠤ ᠤᠳᠤᠷᠢᠳᠭᠤ ᠪᠠᠭ᠎ᠤᠨ ᠪᠦᠷᠢᠯᠳᠦᠬᠦᠨ 《ᠵᠠᠩᠭᠢᠯᠠᠭ᠎ᠠ᠎ᠶ᠋ᠢᠨ ᠴᠥᠭᠡᠨ ᠲᠣᠭᠠᠲᠠᠨ》᠎ᠤ᠋ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ 《ᠠᠷᠪᠠᠨ ᠨᠢᠭᠡᠨ᠎ᠴᠢᠩᠭ᠎ᠠ ᠴᠠᠭᠠᠵᠠᠯᠠᠯ》 ᠤ᠋ᠨ ᠠᠮᠠᠯᠠᠯᠲᠠ᠎ᠶ᠋ᠢᠨ ᠪᠢᠴᠢᠭ᠎ᠲᠦ ᠲᠦᠷᠦᠭᠦᠯᠡᠨ ᠭᠠᠷᠤᠨ ᠦᠰᠦᠭ ᠵᠢᠷᠤᠵᠤ᠂ ᠪᠦᠬᠦ᠌ ᠬᠣᠲᠠ᠎ᠶ᠋ᠢᠨ 612 ᠰᠠᠯᠠᠭ᠎ᠠ ᠮᠥᠴᠢᠷ᠂ ᠨᠢᠭᠡᠴᠢ᠎ᠶ᠋ᠢᠨ 3.1 ᠲᠦᠮᠡᠨ ᠨᠠᠮ᠎ᠤᠨ ᠭᠡᠱᠢᠭᠦᠨ ᠺᠠᠳ᠋ᠷ ᠱᠠᠲᠤ ᠱᠠᠲᠤ᠎ᠪᠠᠷ ᠠᠮᠠᠯᠠᠯᠲᠠ᠎ᠶ᠋ᠢᠨ ᠪᠢᠴᠢᠭ᠎ᠲᠦ ᠭᠠᠷᠤᠨ ᠦᠰᠦᠭ ᠵᠢᠷᠤᠵᠤ᠂ 《ᠪᠠᠲᠤᠯᠠᠭ᠎ᠠ᠎ᠶ᠋ᠢᠨ ᠪᠢᠴᠢᠭ》 ᠭᠠᠷᠳᠠᠭᠤᠯᠪᠠ᠃
ᠤᠯᠠᠭᠠᠨᠬᠠᠳᠠ ᠬᠣᠲᠠ᠎ᠶ᠋ᠢᠨ ᠱᠠᠲᠤᠨ᠎ᠤ ᠤᠳᠤᠷᠢᠳᠭᠤ ᠪᠠᠭ ᠪᠡᠶ᠎ᠡ᠎ᠪᠡᠷ᠎ᠢᠶᠡᠨ ᠦᠯᠢᠭᠡᠷ ᠳᠠᠭᠤᠷᠢᠶᠠᠯ ᠪᠣᠯᠵᠤ᠂ 《ᠠᠷᠪᠠᠨ ᠨᠢᠭᠡᠨ ᠴᠢᠩᠭ᠎ᠠ ᠴᠠᠭᠠᠵᠠᠯᠠᠯ》 ᠤ᠋ᠨ ᠠᠮᠠᠯᠠᠯᠲᠠ᠎ᠶ᠋ᠢᠨ ᠪᠢᠴᠢᠭ᠎ᠲᠦ ᠲᠦᠷᠦᠭᠦᠯᠡᠨ ᠭᠠᠷᠤᠨ ᠦᠰᠦᠭ ᠵᠢᠷᠤᠪᠠ᠃ ᠣᠳᠣᠬᠠᠨ᠎ᠳᠤ᠂ ᠪᠦᠬᠦ᠌ ᠬᠤᠳᠠ᠎ᠶ᠋ᠢᠨ ᠱᠢᠶᠠᠨ ᠭᠠᠵᠠᠷ᠎ᠤᠨ ᠲᠡᠰ᠎ᠠᠴᠠ ᠳᠡᠭᠡᠭ᠌ᠰᠢᠬᠢ ᠨᠠᠮ᠎ᠤᠨ ᠭᠡᠱᠢᠭᠦᠨ ᠤᠳᠤᠷᠢᠳᠭᠤ ᠺᠠᠳ᠋ᠷ ᠪᠦᠬᠦᠨ᠎ᠢᠶᠡᠷ᠎ᠢᠶᠡᠨ ᠠᠮᠠᠯᠠᠯᠲᠠ᠎ᠶ᠋ᠢᠨ ᠪᠢᠴᠢᠭ᠎ᠲᠦ ᠭᠠᠷᠤᠨ ᠦᠰᠦᠭ ᠵᠢᠷᠤᠵᠤ᠂ 6.9 ᠲᠦᠮᠡ ᠭᠠᠷᠤᠢ ᠨᠠᠮ᠎ᠤᠨ ᠭᠡᠱᠢᠭᠦᠨ ᠺᠠᠳ᠋ᠷ ᠤᠯᠠᠨ ᠵᠦᠢᠯ᠎ᠦᠨ ᠬᠡᠯᠪᠡᠷᠢ᠎ᠪᠡᠷ ᠠᠮᠠᠯᠠᠯᠲᠠ᠎ᠪᠠᠨ ᠭᠦᠢᠴᠡᠳᠭᠡᠪᠡ᠃
ᠦᠬᠠᠶ ᠬᠣᠲᠠ᠎ᠶ᠋ᠢᠨ ᠨᠠᠮ᠎ᠤᠨ ᠭᠡᠱᠢᠭᠦᠨ ᠤᠳᠤᠷᠢᠳᠭᠤ ᠺᠠᠳ᠋ᠷ ᠲᠦᠷᠦᠭᠦᠯᠡᠨ ᠠᠮᠠᠯᠠᠯᠲᠠ᠎ᠶ᠋ᠢᠨ ᠪᠢᠴᠢᠭ᠎ᠲᠦ ᠭᠠᠷᠤᠨ ᠥᠰᠥᠭ ᠵᠢᠷᠤᠵᠤ᠂ 《ᠠᠷᠪᠠᠨ ᠨᠢᠭᠡᠨ᠎ᠴᠢᠩᠭ᠎ᠠ ᠴᠠᠭᠠᠵᠠᠯᠠᠯ 》 ᠢ᠋ ᠲᠦᠷᠦᠭᠦᠯᠡᠨ ᠬᠡᠷᠡᠭ᠌ᠵᠢᠭᠦᠯᠪᠡ᠃ ᠨᠠᠮ᠎ᠤᠨ ᠭᠡᠱᠢᠭᠦᠨ ᠺᠠᠳ᠋ᠷ ᠥᠪᠡᠰᠦᠪᠡᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠬᠢᠭᠡᠳ ᠠᠮᠠᠯᠠᠯᠲᠠ᠎ᠪᠠᠨ ᠦᠶ᠋ᠯᠡᠳᠦᠯᠭᠡᠵᠢᠭᠦᠯᠬᠦ᠌᠎ᠶ᠋ᠢ ᠣᠷᠭᠠᠨᠢᠭ᠎ᠢᠶᠠᠷ ᠠᠭᠤᠰᠤᠯᠴᠠᠭᠤᠯᠵᠤ᠂ 《ᠠᠮᠠᠯᠠᠯᠲᠠ》 ᠶ᠋ᠢ ᠥᠪᠡᠰᠦᠪᠡᠨ ᠪᠠᠢᠴᠠᠭᠠᠬᠤ᠎ᠶ᠋ᠢᠨ ᠦᠷᠭᠦᠯᠵᠢᠯᠡᠯ ᠪᠣᠯᠭᠠᠵᠤ᠂ 《ᠠᠮᠠᠯᠠᠯᠲᠠ᠎ᠪᠠᠨ ᠦᠶ᠋ᠯᠡᠳᠦᠯᠭᠡᠵᠢᠭᠦᠯᠬᠦ᠌》 ᠶ᠋ᠢ ᠴᠡᠭ᠌ᠴᠡᠯᠡᠨ ᠰᠠᠢᠵᠢᠷᠠᠭᠤᠯᠬᠤ᠎ᠶ᠋ᠢᠨ ᠭᠠᠷᠳᠠᠴᠠ ᠪᠣᠯᠭᠠᠵᠤ᠂ ᠰᠤᠷᠤᠯᠴᠠᠬᠤ᠎ᠶ᠋ᠢᠨ ᠳᠠᠭᠠᠤ ᠪᠠᠢᠴᠠᠭᠠᠵᠤ ᠠᠮᠠᠯᠠᠯᠲᠠ ᠬᠢᠬᠦ᠌᠎ᠶ᠋ᠢᠨ ᠳᠠᠭᠠᠤ ᠴᠡᠭ᠌ᠴᠡᠯᠡᠨ ᠰᠠᠢᠵᠢᠷᠠᠭᠤᠯᠬᠤ᠎ᠶ᠋ᠢ ᠪᠠᠷᠢᠮᠲᠠᠯᠠᠪᠠ᠃
ᠲᠦᠩᠯᠢᠶᠣᠤ ᠬᠣᠲᠠ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ ᠳ᠋ᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ᠎ᠶ᠋ᠢ ᠴᠢᠬᠤᠯᠠ᠎ᠠᠴᠠ ᠴᠢᠬᠤᠯᠠ ᠵᠦᠶ᠋ᠯ ᠪᠣᠯᠭᠠᠵᠤ᠂ ᠠᠮᠠᠯᠠᠯᠲᠠ᠎ᠪᠠᠨ ᠦᠶ᠋ᠯᠡᠳᠦᠯᠭᠡᠵᠢᠭᠦᠯᠬᠦ᠌᠎ᠪᠡᠷ ᠥᠪᠡᠷ᠎ᠢ᠎ᠪᠡᠨ ᠪᠠᠢᠴᠠᠭᠠᠵᠤ ᠥᠪᠡᠷ᠎ᠢ᠎ᠪᠡᠨ ᠵᠠᠯᠠᠷᠠᠭᠤᠯᠬᠤ᠎ᠶ᠋ᠢ ᠠᠬᠢᠭᠤᠯᠵᠤ᠂ ᠲᠥᠪᠯᠡᠷᠡᠭᠦᠯᠦᠨ ᠵᠠᠰᠠᠬᠤ᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠲᠠᠰᠤᠷᠠᠯᠲᠠ ᠥᠬᠡᠶ ᠠᠬᠢᠭᠤᠯᠪᠠ᠃ ᠴᠡᠭ᠌ᠴᠡᠯᠡᠨ ᠰᠠᠢᠵᠢᠷᠠᠭᠤᠯᠬᠤ᠎ᠪᠠᠷ ᠳᠠᠮᠵᠢᠨ᠂ ᠥᠪᠡᠷ ᠵᠢᠡᠨ ᠶᠠᠭᠤ ᠬᠢᠪᠡᠯ ᠵᠣᠬᠢᠬᠤ᠂ ᠶᠠᠭᠤ ᠬᠢᠪᠡᠯ ᠵᠣᠬᠢᠬᠤ ᠦᠭᠡᠢ ᠭᠡᠳᠡᠭ᠎ᠢ ᠣᠢᠯᠠᠭᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠦᠵᠡᠯ ᠰᠠᠨᠠᠭ᠎ᠠ ᠣᠪᠣᠷ ᠰᠤᠷᠲᠠᠯ᠂ ᠠᠵᠢᠯ᠎ᠤᠨ ᠰᠤᠷᠲᠠᠯ᠎ᠢᠶᠠᠨ ᠲᠥᠪ ᠪᠣᠯᠭᠠᠵᠤ᠂ ᠪᠣᠳᠠᠲᠠᠢ᠎ᠶ᠋ᠢ ᠡᠷᠬᠢᠮᠯᠡᠨ ᠯᠠᠪᠳᠠᠭᠤᠨ ᠪᠠᠲᠤᠲᠠᠢ ᠠᠵᠢᠯᠯᠠᠵᠤ᠂ ᠠᠯᠤᠰ᠎ᠢ ᠵᠣᠷᠢᠨ ᠯᠠᠪᠳᠠᠭᠤᠨ᠎ᠢᠶᠠᠷ ᠤᠷᠤᠭ᠍ᠰᠢᠯᠠᠪᠠ᠃ ᠣᠳᠣᠬᠠᠨ᠎ᠳᠤ᠂ ᠲᠦᠩᠯᠢᠶᠣᠤ ᠬᠣᠲᠠ᠎ᠶ᠋ᠢᠨ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠪᠣᠯᠤᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠴᠥᠮ ᠴᠡᠭ᠌ᠴᠡᠯᠡᠨ ᠰᠠᠢᠵᠢᠷᠠᠭᠤᠯᠬᠤ ᠡᠬᠡ ᠲᠠᠩᠰᠠ ᠪᠠᠢᠭᠤᠯᠵᠤ᠂ ᠴᠡᠭ᠌ᠴᠡᠯᠡᠨ ᠰᠠᠢᠵᠢᠷᠠᠭᠤᠯᠬᠤ᠎ᠶ᠋ᠢ ᠴᠢᠩᠭ᠎ᠠ ᠪᠣᠳᠠᠲᠠᠶ ᠠᠬᠢᠭᠤᠯᠪᠠ᠃ ᠡᠭᠦᠨ᠎ᠳᠦ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠡᠢᠲᠡ 4253 ᠠᠰᠠᠭᠤᠳᠠᠯ᠎ᠢ ᠪᠠᠢᠴᠠᠭᠠᠨ ᠢᠯᠡᠷᠡᠭᠦᠯᠵᠦ᠂ ᠨᠢᠭᠡᠨᠲᠡ 3272 ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠵᠤ᠂ ᠨᠠᠮ᠎ᠤᠨ ᠭᠡᠱᠢᠭᠦᠨ ᠺᠠᠳ᠋ᠷ ᠨᠡᠢᠲᠡ 7.3 ᠲᠦᠮᠡᠨ ᠠᠰᠠᠭᠤᠳᠠᠯ᠎ᠢ ᠪᠠᠢᠴᠠᠭᠠᠵᠦ᠍᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ 7.5 ᠲᠦᠮᠡ ᠭᠠᠷᠤᠶ ᠲᠣᠭ᠍ᠲᠠᠭᠠᠵᠤ᠂ 5.9 ᠲᠦᠮᠡ ᠭᠠᠷᠤᠶ ᠵᠦᠶ᠋ᠯ᠎ᠢ ᠴᠡᠭ᠌ᠴᠡᠯᠡᠨ ᠰᠠᠢᠵᠢᠷᠠᠭᠤᠯᠪᠠ᠃
ᠦᠪᠡᠷ᠎ᠢ ᠪᠠᠨ ᠪᠠᠢᠴᠠᠭᠠᠵᠤ ᠦᠪᠡᠷ᠎ᠢ ᠪᠠᠨ ᠵᠠᠯᠠᠷᠠᠭᠤᠯᠬᠤ᠂ ᠠᠮᠠᠯᠠᠯᠳᠠ ᠪᠠᠨ ᠪᠡᠶᠡᠯᠡᠭᠦᠯᠬᠦ ᠵᠢ ᠭᠦᠨᠵᠡᠭᠡᠶ ᠠᠬᠢᠭᠤᠯᠬᠤ᠎ᠶ᠋ᠢᠨ ᠲᠥᠯᠥᠭᠡ᠂ ᠬᠥᠬᠡᠬᠣᠲᠠ᠎ᠶ᠋ᠢᠨ ᠢᠦᠢᠴᠢᠤᠸᠠᠨ ᠲᠣᠭᠣᠷᠢᠭ᠂ ᠣᠷᠳᠣᠰ ᠬᠣᠲᠠ᠎ᠶ᠋ᠢᠨ ᠳ᠋ᠦᠩᠱᠧᠩ ᠲᠣᠭᠣᠷᠢᠭ ᠲᠣᠰ ᠲᠣᠰ ᠪᠠᠢᠭᠤᠯᠭ᠎ᠠ ᠪᠠ ᠬᠤᠪᠢ ᠬᠥᠮᠦᠨ᠎ᠦ ᠦᠪᠡᠷ᠎ᠢ ᠪᠠᠨ ᠪᠠᠢᠴᠠᠭᠠᠵᠤ ᠦᠪᠡᠷ᠎ᠢ ᠪᠠᠨ ᠵᠠᠯᠠᠷᠠᠭᠤᠯᠬᠤ ᠲᠦᠪᠯᠡᠷᠡᠭᠦᠯᠦᠨ ᠵᠠᠰᠠᠬᠤ ᠨᠠᠷᠢᠨ ᠲᠠᠩᠰᠠ᠎ᠶ᠋ᠢ ᠲᠤᠭᠲᠠᠭᠠᠨ ᠲᠠᠷᠬᠠᠭᠠᠵᠤ᠂ ᠡᠯ᠎ᠡ ᠪᠠᠢᠭᠤᠯᠭ᠎ᠠ ᠪᠠ ᠨᠠᠮ᠎ᠤᠨ ᠭᠡᠱᠢᠭᠦᠨ ᠺᠠᠳ᠋ᠷ ᠬᠤᠪᠢ ᠬᠥᠮᠦᠨ᠎ᠤ ᠠᠰᠠᠭᠤᠳᠠᠯ᠎ᠤᠨ ᠨᠠᠷᠢᠨ ᠲᠠᠩᠰᠠ᠎ᠲᠠᠶ ᠴᠢᠩᠭ᠎ᠠ ᠬᠠᠷᠭᠤᠭᠤᠯᠤᠨ ᠦᠪᠡᠷ᠎ᠢ ᠪᠠᠨ ᠪᠠᠢᠴᠠᠭᠠᠵᠤ᠂ ᠠᠰᠠᠭᠤᠳᠠᠯ᠎ᠤᠨ ᠨᠠᠷᠢᠨ ᠲᠠᠩᠰᠠ ᠭᠠᠷᠭᠠᠵᠤ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠲᠣᠭ᠍ᠲᠠᠭᠠᠵᠤ᠂ ᠴᠡᠭ᠌ᠴᠡᠯᠡᠨ ᠰᠠᠢᠵᠢᠷᠠᠭᠤᠯᠬᠤ ᠴᠠᠭ᠎ᠤᠨ ᠬᠢᠵᠠᠭᠠᠷ᠎ᠢ ᠲᠣᠳᠣᠷᠬᠠᠢᠯᠠᠵᠤ᠂ ᠠᠵᠢᠯ᠎ᠤᠨ ᠡᠬᠡ ᠲᠠᠩᠰᠠ ᠪᠠᠢᠭᠤᠯᠵᠤ᠂ ᠨᠢᠭᠡ ᠵᠦᠢᠯ᠎ᠢ ᠴᠡᠭ᠌ᠴᠡᠯᠡᠨ ᠰᠠᠢᠵᠢᠷᠠᠭᠤᠯᠪᠠᠯ ᠨᠢᠭᠡ᠎ᠶ᠋ᠢ ᠨᠢ ᠬᠠᠰᠤᠵᠤ᠂ ᠨᠢᠭᠡᠶ᠋ᠢᠴᠦ ᠣᠷᠬᠢᠭ᠍ᠳᠠᠭᠤᠯᠬᠤ ᠥᠬᠡᠶ᠂ ᠥᠨᠴᠥᠭ ᠪᠤᠯᠤᠩ ᠦᠯᠡᠳᠡᠭᠡᠬᠦ᠌ ᠥᠬᠡᠶ ᠪᠠᠢᠬᠤ᠎ᠶ᠋ᠢ ᠦᠨᠡᠨ ᠬᠦ᠌ ᠪᠠᠲᠤᠯᠠᠪᠠ᠃ ᠤᠯᠠᠭᠠᠨᠬᠠᠳᠠ ᠬᠣᠲᠠ᠎ᠶ᠋ᠢᠨ ᠬᠠᠷᠠᠴᠢᠨ ᠬᠣᠱᠢᠭᠤᠨ᠎ᠤ ᠨᠠᠷᠢᠨ ᠪᠠᠯᠭᠠᠰᠤ 《ᠰᠠᠯᠠᠭᠠᠨ ᠲᠠᠰ᠎ᠤᠨ ᠺᠠᠳ᠋ᠷ᠎ᠤᠨ ᠲᠤᠬᠠᠶ᠎ᠶ᠋ᠢᠨ ᠲᠠᠯᠠᠪᠠᠶ ᠳ᠋ᠤ ᠠᠵᠢᠯᠯᠠᠬᠤ ᠡᠳᠦᠷ》 ᠤ᠋ᠨ ᠠᠵᠢᠯᠯᠠᠭ᠎ᠠ ᠳᠤᠮᠳᠠ ᠣᠯᠠᠨ ᠲᠦᠮᠡᠨ᠎ᠦ ᠲᠤᠰᠭᠠᠭ᠍ᠰᠠᠨ ᠠᠰᠠᠭᠤᠳᠠᠯ᠎ᠢ 84 ᠵᠤᠷᠪᠤᠰ ᠴᠤᠭ᠍ᠯᠠᠭᠤᠯᠤᠭ᠍ᠰᠠᠨᠤ ᠰᠠᠭᠤᠷᠢᠨ ᠳᠡᠭᠡᠷ᠎ᠡ᠂ ᠠᠮᠠᠯᠠᠯᠳᠠ ᠪᠠᠨ ᠪᠡᠶᠡᠯᠡᠭᠦᠯᠬᠦ ᠪᠦᠷᠬᠦᠴᠡ᠎ᠶ᠋ᠢ ᠤᠯᠠᠮ ᠴᠢᠨᠠᠭᠰᠢᠲᠠ ᠥᠷᠭᠡᠳᠭᠡᠵᠦ᠍᠂ ᠠᠮᠠᠯᠠᠯᠲᠠ ᠪᠠᠨ ᠪᠡᠶᠡᠯᠡᠭᠦᠯᠬᠦ 《ᠪᠠᠢᠭᠤᠯᠭ᠎ᠠ᠎ᠳᠤ ᠬᠦᠷᠭᠡᠬᠦ᠂ ᠬᠥᠳᠡᠭᠡ ᠲᠣᠰᠭᠣᠨ᠎ᠳᠤ ᠬᠦᠷᠭᠡᠬᠦ᠂ ᠨᠡᠢᠭᠡᠮ ᠲᠣᠭᠣᠷᠢᠭ᠎ᠲᠤ ᠬᠦᠷᠭᠡᠬᠦ》 ᠵᠡᠷᠭᠡ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠪᠥᠬᠥ᠌ ᠪᠠᠯᠭᠠᠰᠤᠨ᠎ᠤ ᠠᠵᠢᠯ᠎ᠤᠨ ᠪᠠᠢᠷᠢ ᠳᠡᠭᠡᠷ᠎ᠡ᠎ᠪᠡᠨ ᠠᠵᠢᠯᠯᠠᠵᠤ ᠪᠠᠢᠭ᠎ᠠ ᠨᠠᠮ᠎ᠤᠨ ᠭᠡᠱᠢᠭᠦᠨ ᠺᠠᠳ᠋ᠷ᠎ᠤᠨ ᠠᠮᠠᠯᠠᠯᠲᠠ ᠬᠢᠭ᠌ᠰᠡᠨ ᠤᠴᠢᠷ ᠶᠠᠪᠤᠳᠠᠯ 128 ᠪᠠᠢᠵᠤ᠂ 83 ᠵᠢ ᠨᠢ ᠪᠡᠶᠡᠯᠡᠭᠦᠯᠪᠡ᠃
ᠱᠠᠯᠠᠪᠳᠠᠭᠤᠯᠤᠨ ᠵᠢᠯᠣᠭᠣᠳᠭᠤ ᠦᠢᠯᠡᠳᠦᠯ᠎ᠢ ᠪᠠᠳᠠᠷᠠᠭᠤᠯᠵᠤ ᠠᠮᠠᠯᠠᠯᠳᠠ ᠪᠠᠨ ᠪᠡᠶᠡᠯᠡᠭᠦᠯᠦᠭᠰᠡᠨ᠎ᠢ ᠦᠨᠡᠯᠡᠬᠦ᠌ ᠳᠤᠮᠳᠠ ᠪᠣᠳᠠᠲᠤ ᠦᠷ᠎ᠡ ᠪᠦᠲᠦᠮᠵᠢ ᠤᠯᠬᠤ᠎ᠶ᠋ᠢ ᠴᠢᠬᠤᠯᠠᠴᠢᠯᠠᠵᠦ᠂ 《ᠠᠷᠪᠠᠨ ᠨᠢᠭᠡᠨ ᠴᠢᠩᠭ᠎ᠠ ᠴᠠᠭᠠᠵᠠᠯᠠᠯ》 ᠤ᠋ᠨ ᠰᠠᠬᠢᠯᠭ᠎ᠠ ᠪᠠᠲᠤ᠎ᠶ᠋ᠢ ᠨᠠᠢᠳᠠᠪᠤᠷᠢᠵᠢᠭᠤᠯᠬᠤ᠎ᠶ᠋ᠢ ᠴᠢᠩᠭᠠᠳᠬᠠᠵᠤ᠂《ᠤᠬ᠍ᠳᠤ ᠠᠭᠤᠴᠢᠯᠠᠬᠤ ᠦᠭᠡᠢ》ᠣᠪᠣᠷ᠎ᠢᠶᠠᠷ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳ᠋ᠡᠬᠢ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠳᠤ ᠬᠠᠨᠳᠤᠵᠤ᠂ ᠠᠮᠠᠯᠠᠯᠳᠠ ᠪᠠᠨ ᠭᠦᠢᠴᠡᠳᠭᠡᠨ ᠠᠮᠠᠯᠠᠯᠳᠠ ᠪᠠᠨ ᠪᠡᠶᠡᠯᠡᠭᠦᠯᠬᠦ ᠵᠢ ᠱᠠᠯᠠᠪᠳᠠᠭᠤᠯᠪᠠ᠃
ᠱᠢᠯᠢ᠎ᠶ᠋ᠢᠨ ᠭᠤᠤᠯ ᠠᠢᠮᠠᠭ᠎ᠤᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠪᠠᠢᠭᠤᠯᠭ᠎ᠠ ᠪᠠ ᠠᠢᠮᠠᠭ᠎ᠤᠨ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠬᠡᠯᠲᠡᠰ ᠲᠣᠭ᠍ᠲᠠᠮᠠᠯ ᠬᠤᠭᠤᠴᠠᠭ᠎ᠠ᠎ᠲᠠᠶ᠎ᠪᠠᠷ ᠵᠥᠪᠳᠡᠯᠴᠡᠬᠦ᠌ ᠲᠣᠭ᠍ᠲᠠᠴᠠ᠎ᠶ᠋ᠢ ᠪᠠᠢᠭᠤᠯᠵᠤ᠂ ᠠᠰᠠᠭᠤᠳᠠᠯ᠎ᠤᠨ ᠨᠠᠷᠢᠨ ᠳᠠᠩᠰᠠ᠎ᠳᠤ ᠵᠢᠭ᠍ᠰᠠᠭᠠᠭ᠍ᠰᠠᠨ 11 ᠲᠥᠷᠥᠯ᠎ᠦᠨ ᠠᠰᠠᠭᠤᠳᠠᠯ᠂ 54 ᠵᠦᠶ᠋ᠯ᠎ᠦᠨ ᠪᠣᠳᠠᠲᠤ ᠢᠯᠡᠷᠡᠯ᠎ᠢ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠂ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠦᠨ ᠡᠳᠦᠷ ᠲᠤᠲᠤᠮ᠎ᠤᠨ ᠬᠢᠨᠠᠯᠲᠠ ᠲᠠᠯᠪᠢᠵᠤ ᠪᠠᠢᠴᠠᠭᠠᠬᠤ ᠠᠵᠢᠯ᠎ᠳᠤ ᠣᠷᠣᠭᠤᠯᠵᠤ᠂ ᠵᠣᠬᠢᠶᠠᠨ ᠪᠠᠢᠭᠤᠯᠤᠯᠲᠠ᠎ᠶ᠋ᠢᠨ ᠱᠢᠶ᠋ᠳᠪᠦᠷᠢᠯᠡᠯᠲᠡ ᠪᠠ ᠰᠠᠬᠢᠯᠭ᠎ᠠ ᠪᠠᠲᠤ᠎ᠶ᠋ᠢᠨ ᠱᠢᠶ᠋ᠳᠭᠡᠯ ᠥᠭ᠌ᠬᠦ᠎ᠶ᠋ᠢ ᠴᠢᠩᠭᠠᠳᠭᠠᠪᠠ᠃ ᠡᠭᠦᠨ᠎ᠦ ᠬᠠᠮᠲᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠠᠴᠠ ᠨᠠᠭᠠᠰᠢ ᠬᠦᠯᠢᠶᠠᠨ ᠠᠪᠴᠤ᠌ ᠱᠢᠢᠳᠪᠦᠷᠢᠯᠡᠭ᠌ᠰᠡᠨ᠂ ᠪᠠᠢᠴᠠᠭᠠᠨ ᠱᠢᠢᠳᠪᠦᠷᠢᠯᠡᠭ᠌ᠰᠡᠨ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠡᠬᠢ ᠪᠤᠯᠭᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠳᠤ ᠪᠠᠢᠴᠠᠭᠠᠯᠲᠠ ᠬᠢᠵᠦ᠍᠂ ᠣᠳᠣᠬᠠᠨ᠎ᠳᠤ ᠬᠣᠯᠪᠣᠭ᠍ᠳᠠᠯ ᠪᠦᠬᠦᠢ 92 ᠬᠡᠷᠡᠭ᠎ᠢ ᠠᠩᠬ᠎ᠠ ᠠᠯᠬᠤᠮ ᠡᠮᠬᠢᠯᠡᠨ ᠭᠠᠷᠭᠠᠪᠠ᠃ ᠢᠯᠡ᠎ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠬᠤ 5 ᠠᠵᠢᠯᠯᠠᠬᠤ ᠳᠤᠭᠤᠢᠯᠠᠩ᠎ᠢ ᠲᠣᠮᠢᠯᠠᠵᠤ᠂ ᠲᠤᠬᠠᠢ᠎ᠶ᠋ᠢᠨ ᠭᠠᠵᠠᠷ ᠲᠤᠨᠢ ᠬᠢᠨᠠᠨ ᠪᠠᠢᠴᠠᠭᠠᠬᠤ᠂ ᠴᠡᠭ᠎ᠲᠦ ᠰᠠᠭᠤᠵᠤ ᠬᠢᠨᠠᠯᠲᠠ ᠲᠠᠯᠪᠢᠬᠤ᠂ ᠲᠤᠰᠭᠠᠢ ᠪᠠᠢᠴᠠᠭᠠᠯᠲᠠ ᠬᠢᠬᠦ᠌᠂ ᠢᠯᠡ᠎ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠬᠤ ᠵᠡᠷᠭᠡ ᠤᠯᠠᠨ ᠵᠦᠢᠯ᠎ᠦᠨ ᠠᠷᠭ᠎ᠠ ᠬᠡᠯᠪᠡᠷᠢ᠎ᠪᠡᠷ ᠮᠥᠷᠳᠡᠨ ᠬᠢᠨᠠᠯᠲᠠ ᠲᠠᠯᠪᠢᠵᠤ᠂ ᠪᠦᠬᠦ᠌ ᠶᠠᠪᠤᠴᠠ᠎ᠳᠤ ᠬᠢᠨᠠᠯᠲᠠ ᠲᠠᠯᠪᠢᠵᠤ᠂ ᠨᠡᠢᠲᠡᠯᠢᠭ ᠠᠰᠠᠭᠤᠳᠠᠯ᠎ᠢ ᠵᠠᠷᠯᠠᠨ ᠢᠯᠡᠴᠢᠯᠡᠵᠦ᠍᠂ ᠰᠦᠷᠳᠡᠭᠦᠯᠬᠦ᠌ ᠦᠢᠯᠡᠳᠦᠯ᠎ᠢ ᠪᠤᠢ ᠪᠣᠯᠭᠠᠪᠠ᠃
ᠠᠯᠠᠱᠠ ᠠᠢᠮᠠᠭ᠎ᠤᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠪᠠᠢᠭᠤᠯᠭ᠎ᠠ ᠬᠢᠨᠠᠨ ᠪᠠᠢᠴᠠᠭᠠᠬᠤ ᠠᠵᠢᠯ᠎ᠤᠨ ᠲᠥᠰᠦᠯ ᠲᠣᠭ᠍ᠲᠠᠭᠠᠵᠤ᠂ 4 ᠬᠢᠨᠠᠨ ᠪᠠᠢᠴᠠᠭᠠᠬᠤ ᠳᠤᠭᠤᠢᠯᠠᠩ ᠪᠠᠢᠭᠤᠯᠵᠤ᠂ ᠬᠣᠭᠣᠯᠠᠨ ᠭᠡᠷ᠂ ᠪᠠᠭᠤᠳᠠᠯ ᠵᠡᠷᠭᠡ 223 ᠭᠤᠤᠯᠳᠠᠯᠭ᠎ᠠ᠎ᠲᠠᠶ ᠲᠠᠯᠠᠪᠤᠷ᠎ᠲᠤ ᠭᠦᠨᠵᠡᠭᠡᠢᠷᠡᠨ 22 ᠪᠦᠯᠦᠭ ᠤᠳᠠᠭ᠎ᠠ᠎ᠶ᠋ᠢᠨ ᠬᠢᠨᠠᠯᠲᠠ ᠪᠠᠢᠴᠠᠭᠠᠯᠲᠠ ᠥᠷᠨᠢᠭᠦᠯᠵᠦ᠍᠂ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠳᠡᠬᠢ ᠪᠣᠯᠬᠢᠴᠢᠯᠠᠭᠰᠠᠨ ᠠᠷᠠᠯᠵᠢᠶᠠᠯᠠᠭᠰᠠᠨ 1 ᠠᠰᠠᠭᠤᠳᠠᠯ᠎ᠤᠨ ᠰᠦᠪᠡᠭ᠌ᠴᠢ ᠵᠢ ᠱᠢᠶ᠋ᠳᠪᠦᠷᠢᠯᠡᠵᠦ᠍᠂ 《ᠠᠷᠢᠬᠢᠨ ᠱᠢᠷᠡᠭᠡᠨ᠎ᠦ ᠰᠣᠶᠣᠯ》 ᠤ᠋ᠨ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ 1 ᠵᠠᠷᠯᠠᠨ ᠨᠡᠢᠲᠡᠯᠡᠵᠦ᠍᠂ ᠡᠯ᠎ᠡ ᠱᠠᠲᠤᠨ᠎ᠤ ᠨᠠᠮ᠎ᠤᠨ ᠭᠡᠱᠢᠭᠦᠨ ᠺᠠᠳ᠋ᠷ᠎ᠤᠨ ᠠᠮᠠᠯᠠᠯᠳᠠ ᠪᠠᠨ ᠪᠡᠶᠡᠯᠡᠭᠦᠯᠬᠦ ᠵᠢ ᠦᠷᠭᠦᠯᠵᠢᠯᠡᠨ ᠱᠠᠯᠠᠪᠳᠠᠭᠤᠯᠪᠠ᠃
ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠳᠡᠬᠢ ᠪᠤᠯᠭᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ᠎ᠶ᠋ᠢ ᠭᠦᠨᠵᠡᠭᠡᠶ ᠠᠬᠢᠭᠤᠯᠬᠤ ᠵᠢ ᠳᠠᠭᠠᠯᠳᠤᠨ᠂ ᠪᠥᠬᠥ᠌ ᠣᠷᠣᠨ᠎ᠤ ᠡᠯ᠎ᠡ ᠭᠠᠵᠠᠷ᠎ᠤᠨ᠎ᠬᠢᠨ 《ᠠᠷᠪᠠᠨ ᠨᠢᠭᠡᠨ ᠴᠢᠩᠭ᠎ᠠ ᠴᠠᠭᠠᠵᠠᠯᠠᠯ》 ᠤ᠋ᠨ ᠠᠮᠠᠯᠠᠯᠲᠠ᠎ᠶ᠋ᠢᠨ ᠪᠢᠴᠢᠭ᠎ᠲᠦ ᠭᠠᠷᠤᠨ ᠥᠰᠥᠭ ᠵᠢᠷᠤᠬᠤ᠎ᠪᠠᠷ ᠭᠠᠷᠳᠠᠴᠠ ᠪᠣᠯᠭᠠᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠤᠨ ᠢᠲᠡᠭᠡᠯ ᠪᠢᠱᠢᠷᠡᠯ᠎ᠦᠨ ᠰᠠᠭᠤᠷᠢ ᠵᠢ ᠪᠡᠬᠢᠵᠢᠭᠦᠯᠵᠦ᠍᠂ ᠦᠵᠡᠯ ᠰᠠᠨᠠᠭᠠᠨ᠎ᠤ ᠵᠠᠯᠠᠭᠤᠷ᠎ᠢᠶᠠᠨ ᠯᠠᠪᠳᠠᠭᠤᠨ ᠡᠵᠡᠮᠳᠡᠵᠦ᠍᠂ ᠣᠶᠤᠨ ᠰᠠᠨᠠᠭᠠᠨ᠎ᠤ ᠺᠠᠯᠼ᠎ᠢᠶᠠᠨ ᠭᠦᠶ᠋ᠴᠡᠳ ᠨᠥᠬᠥᠪᠥᠷᠢᠯᠡᠬᠦ ᠵᠢ ᠬᠦᠲᠦᠯᠦᠨ ᠵᠢᠯᠤᠭᠤᠳᠴᠤ᠂ ᠠᠮᠠᠯᠠᠯᠳᠠ ᠪᠠᠨ ᠪᠡᠶᠡᠯᠡᠭᠦᠯᠬᠦ᠂ ᠪᠡᠶᠡᠯᠡᠭᠦᠯᠦᠭᠰᠡᠨ᠎ᠢ ᠦᠨᠡᠯᠡᠬᠦ᠌ ᠳᠤᠮᠳᠠ ᠲᠥᠪᠯᠡᠷᠡᠭᠦᠯᠦᠨ ᠵᠠᠰᠠᠬᠤ ᠠᠵᠢᠯ᠎ᠢ ᠪᠣᠳᠠᠲᠠᠶ ᠬᠢᠬᠦ᠌᠎ᠶ᠋ᠢ ᠭᠦᠨᠵᠡᠭᠡᠢ ᠠᠬᠢᠭᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃