ᠭᠣᠣᠯ ᠰᠡᠳᠦᠪᠲᠦ ᠮᠡᠳᠡᠭᠡᠯᠡᠯ > ᠨᠠᠮ᠎ᠤ᠋ᠨ ᠳᠣᠲᠣᠭᠠᠳᠤ᠎ᠶ᠋ᠢᠨ ᠤᠯᠤᠰ ᠲᠦᠷᠦ᠎ᠶ᠋ᠢᠨ ᠠᠮᠢᠳᠤᠷᠠᠯ

2022-05-16 10:28:29

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠨᠠᠮ ᠎ᠤᠨ ᠬᠤᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠵᠢᠨ ᠎ᠱᠦᠵᠢ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠳᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠲᠤᠬᠠᠶ ᠶᠠᠷᠢᠭᠰᠠᠨ ᠨᠢ

ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠣᠷᠢᠶ᠎ᠠ᠎ᠶ᠋ᠢᠨ ᠰᠤᠷᠭᠠᠨ ᠬᠥᠮᠦᠵᠢᠯ ᠎ᠦᠨ ᠠᠵᠢᠯᠯᠠᠬᠤ ᠬᠤᠷᠢᠶ᠎ᠠ᠎ᠵᠢᠨ ᠱᠦᠵᠢ ᠂ ᠥᠪᠡᠷᠲᠡᠭᠡᠨ ᠵᠠᠰᠠᠬᠤ ᠣᠷᠣᠨ ᠎ᠤ ᠰᠤᠷᠭᠠᠨ ᠬᠥᠮᠦᠵᠢᠯ ᠎ᠦᠨ ᠲᠢᠩᠬᠢᠮ ᠎ᠦᠨ ᠨᠠᠮ᠎ᠤᠨ ᠤᠳᠤᠷᠢᠳᠭᠤ ᠳᠤᠭᠤᠢᠯᠠᠩ ᠎ᠤᠨ ᠱᠦᠵᠢ ᠂ ᠲᠢᠩᠬᠢᠮ᠎ᠦᠨ ᠳᠠᠷᠤᠭ᠎ᠠ ᠬᠤᠸᠠᠩ ᠶᠠ ᠯᠢ ᠄

ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠴᠢᠩᠳᠠᠯᠠᠵᠤ ᠰᠠᠢᠨ ᠰᠠᠢᠬᠠᠨ ᠰᠤᠷᠭᠠᠨ ᠬᠥᠮᠦᠵᠢᠯ᠎ᠦᠨ ᠠᠮᠢ ᠠᠬᠤᠶ᠎ᠶ᠋ᠢ ᠪᠣᠶ ᠪᠤᠯᠭᠠᠨ᠎ᠠ

ᠲᠥᠪ ᠴᠢᠩᠭ᠎ᠠ ᠨᠠᠷᠢᠨ ᠬᠢᠨᠠᠮᠠᠭᠠᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠥᠷᠨᠢᠭᠦᠯᠬᠦ᠌ ᠪᠣᠯ ᠮᠠᠨ᠎ᠤ ᠨᠠᠮ᠎ᠤᠨ ᠱᠢᠯᠢᠳᠡᠭ ᠤᠯᠠᠮᠵᠢᠯᠠᠯ ᠮᠥᠨ᠃ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠡᠭᠳᠠᠯᠠᠬᠤ᠎ᠶ᠋ᠢ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢᠨ ᠭᠦᠨᠵᠡᠭᠡᠢᠷᠡᠨ ᠬᠥᠭ᠌ᠵᠢᠬᠦ᠌᠎ᠶ᠋ᠢ ᠠᠬᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠪᠣᠯᠭᠠᠵᠤ ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠪᠦᠬᠦ ᠲᠠᠯ᠎ᠠ ᠪᠡᠷ᠎ᠡᠷᠡᠭᠦᠯ ᠵᠢᠷᠦᠮᠵᠢᠭᠤᠨ ᠵᠠᠮ᠎ᠳᠤ ᠪᠤᠴᠠᠬᠤ᠎ᠶ᠋ᠢ ᠲᠦᠷᠭᠡᠳᠭᠡᠨ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠰᠤᠷᠭᠠᠨ ᠬᠥᠮᠦᠵᠢᠯ᠎ᠦᠨ ᠱᠢᠰᠲ᠋ᠧᠮ᠎ᠡᠷᠬᠡᠪᠰᠢ ᠲᠡᠷᠡ ᠶᠣᠰᠣᠭᠠᠷ ᠨᠢ ᠡᠷᠡᠰ ᠪᠠᠲᠤ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠬᠤᠬᠤ ᠬᠡᠷᠡᠭᠳᠡᠢ᠃

ᠰᠤᠷᠭᠠᠨ ᠬᠥᠮᠦᠵᠢᠯ᠎ᠦᠨ ᠱᠢᠰᠲ᠋ᠧᠮ ᠲᠥᠪ ᠴᠢᠩᠭ᠎ᠠ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠥᠷᠨᠢᠭᠦᠯᠬᠦ᠌᠎ᠳᠦ ᠤᠯᠤᠰ ᠲᠦᠷᠦ᠍᠎ᠵᠢ ᠲᠡᠷᠢᠭᠦᠨ᠎ᠳᠤ ᠲᠠᠯᠪᠢᠨ᠂ ᠪᠠᠢᠡᠭᠭᠤ᠎ᠵᠢᠨ ᠴᠢᠨᠠᠷ᠎ᠢ ᠡᠷᠬᠢᠮᠯᠡᠵᠦ ᠂ ᠬᠢᠨᠠᠮᠠᠭᠠᠢ ᠪᠠᠢᠵᠤ᠂ ᠨᠠᠷᠢᠨ ᠵᠦᠢᠯᠡᠰ᠎ᠢ ᠴᠢᠬᠤᠯᠠᠴᠢᠯᠠᠨ᠎ᠠ᠃ ᠤᠯᠤᠰ ᠲᠦᠷᠦ᠎ᠵᠢ ᠲᠡᠷᠢᠭᠦᠨ᠎ᠳᠤ ᠲᠠᠯᠪᠢᠬᠤ ᠭᠡᠳᠡᠭ ᠨᠢ᠂ ᠰᠤᠷᠭᠠᠨ ᠬᠥᠮᠦᠵᠢᠯ᠎ᠦᠨ ᠪᠠᠢᠭᠤᠯᠭ᠎ᠠ ᠡᠩ ᠲᠡᠷᠢᠭᠦᠨ᠎ᠳᠦ ᠤᠯᠤᠰ ᠲᠦᠷᠦ᠍᠎ᠶ᠋ᠢᠨ ᠲᠠᠯ᠎ᠠ᠎ᠠᠴᠠ ᠰᠤᠷᠭᠠᠨ ᠬᠥᠮᠦᠵᠢᠯ᠎ᠢ ᠦᠵᠡᠵᠦ᠍ ᠂ ᠤᠯᠤᠰ ᠲᠦᠷᠦ᠍᠎ᠶ᠋ᠢᠨ ᠲᠠᠯ᠎ᠠ᠎ᠠᠴᠠ ᠰᠤᠷᠭᠠᠨ ᠬᠥᠮᠦᠵᠢᠯ᠎ᠢ ᠠᠳᠬᠤᠨ᠂ ᠰᠤᠷᠭᠠᠨ ᠬᠥᠮᠦᠵᠢᠯ ᠢᠮᠠᠭ᠍ᠲᠠ ᠵᠦᠪ ᠤᠯᠤᠰ ᠲᠦᠷᠦ᠍᠎ᠶ᠋ᠢᠨ ᠴᠢᠭ᠌ᠯᠡᠯ᠎ᠢ ᠪᠠᠳᠤᠯᠠᠬᠤ ᠶᠠᠪᠤᠳᠠᠯ ᠪᠤᠯᠤᠨ᠎ᠠ᠃ ᠪᠠᠢᠩᠭᠤ ᠎ᠵᠢᠨ ᠴᠢᠨᠠᠷ᠎ᠢ ᠡᠷᠬᠢᠮᠯᠠᠬᠦ ᠭᠡᠳᠡᠭ ᠨᠢ ᠂ ᠳᠠᠷᠤᠢ ᠢᠮᠠᠭ᠍ᠲᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠬᠤ᠎ᠶ᠋ᠢ ᠲᠡᠷᠢᠭᠦᠨ ᠴᠢᠬᠤᠯᠠ ᠤᠯᠤᠰ ᠲᠦᠷᠦ᠍᠎ᠶ᠋ᠢᠨ ᠡᠭᠦᠷᠭᠡ ᠪᠤᠯᠭᠠᠨ᠂ ᠪᠠᠢᠩᠭᠤ᠎ᠶ᠋ᠢᠨ ᠴᠢᠨᠠᠷᠲᠠᠢ ᠨᠠᠮᠴᠢ ᠴᠢᠨᠠᠷ᠎ᠤᠨ ᠬᠥᠮᠦᠵᠢᠯ᠎ᠢ ᠦᠷᠨᠢᠭᠦᠯᠬᠦ ᠶᠠᠪᠤᠳᠠᠯ ᠪᠤᠯᠤᠨ᠎ᠠ᠃ ᠬᠢᠨᠠᠮᠠᠭᠠᠢ ᠪᠠᠢᠬᠤ ᠭᠡᠳᠡᠭ ᠨᠢ᠂ ᠦᠨᠡᠨ᠎ᠬᠦ ᠬᠠᠲᠠᠭᠤ ᠲᠠᠢ ᠨᠢ ᠬᠠᠯᠳᠠᠵᠤ᠂ ᠨᠢᠭᠤᠷ ᠤᠯᠠᠢᠯᠭᠠᠨ ᠬᠦᠯᠦᠰᠦ ᠤᠷᠤᠰᠬᠠᠨ᠂ ᠰᠢᠭᠦᠮᠵᠢᠯᠡᠯ ᠪᠠ ᠦᠪᠡᠷ᠎ᠤᠨ ᠰᠢᠭᠦᠮᠵᠢᠯᠡᠯ᠎ᠢ ᠰᠠᠢᠳᠤᠷ ᠬᠢᠬᠦ ᠶᠠᠪᠤᠳᠠᠯ ᠪᠤᠯᠤᠨ᠎ᠠ᠃ ᠨᠠᠷᠢᠨ ᠵᠦᠢᠯᠡᠰ᠎ᠢ ᠴᠢᠬᠤᠯᠠᠴᠢᠯᠠᠬᠤ ᠭᠡᠳᠡᠭ ᠨᠢ᠂ ᠪᠠᠭ᠎ᠠ᠎ᠠᠴᠠ ᠶᠡᠬᠡ᠎ᠶ᠋ᠢ ᠮᠡᠳᠡᠵᠦ᠂ ᠲᠡᠮᠡᠴᠡᠯ᠎ᠤᠨ ᠵᠤᠷᠢᠭ ᠰᠠᠨᠠᠭ᠎ᠠ᠎ᠵᠢ ᠪᠠᠳᠠᠷᠠᠭᠤᠯᠤᠨ᠂ ᠦᠨᠴᠦᠭ ᠪᠤᠯᠤᠡᠭ᠎ᠳᠦ ᠨᠢᠭᠤᠭᠳᠠᠵᠤ ᠪᠠᠢᠭ᠎ᠠ᠂ ᠳᠠᠯᠲᠠ ᠬᠤᠪᠢᠷᠠᠯᠲᠠ ᠭᠠᠷᠴᠤ ᠪᠠᠢᠭ᠎ᠠ《ᠳᠦᠷᠪᠡᠨ ᠰᠤᠷᠳᠠᠯ》 ᠤ᠋ᠨ ᠠᠰᠠᠭᠤᠳᠠᠯ᠎ᠢ ᠴᠢᠳᠠᠮᠠᠭᠠᠢ ᠪᠡᠷ ᠢᠯᠡᠷᠡᠭᠦᠯᠵᠦ ᠡᠷᠡᠰ ᠠᠷᠢᠯᠭᠠᠨ᠂ ᠲᠣᠭᠣᠷᠢᠨ ᠪᠠᠢᠴᠠᠭᠠᠬᠤ ᠴᠠᠭ᠍ᠳᠠᠨ ᠪᠠᠢᠴᠠᠭᠠᠬᠤ᠎ᠪᠠᠷ ᠳᠠᠮᠵᠢᠨ ᠂ ᠰᠤᠷᠭᠠᠨ ᠬᠥᠮᠦᠵᠢᠯ᠎ᠦᠨ ᠱᠢᠰᠲ᠋ᠧᠮ᠎ᠦᠨ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠶ᠋ᠢ ᠦᠨᠡᠨ ᠬᠦ᠌ ᠬᠠᠮᠠᠭᠠᠯᠠᠬᠤ ᠶᠠᠪᠤᠳᠠᠯ ᠪᠤᠯᠤᠨ᠎ᠠ᠃

ᠥᠪᠡᠷᠲᠡᠭᠡᠨ ᠵᠠᠰᠠᠬᠤ ᠣᠷᠣᠨ ᠎ᠤ ᠬᠠᠤᠯᠢ ᠴᠠᠭᠠᠵᠠ ᠎ᠶ᠋ᠢᠨ ᠲᠢᠩᠬᠢᠮ ᠎ᠦᠨ ᠨᠠᠮ᠎ᠤᠨ ᠬᠣᠷᠢᠶ᠎ᠠ᠎ᠶ᠋ᠢᠨ ᠱᠦᠵᠢ ᠂ ᠲᠢᠩᠬᠢᠮ᠎ᠦᠨ ᠳᠠᠷᠤᠭ᠎ᠠ ᠪᠠᠶ ᠶᠦᠩ ᠫᠢᠩ ᠄

《ᠭᠤᠷᠪᠠ᠎ᠳᠦ ᠠᠡᠭᠬᠠᠷᠤᠯ᠎ᠵᠢᠡᠨ ᠲᠦᠪᠯᠡᠷᠡᠭᠦᠯᠬᠦ》 ᠎ᠵᠢ ᠳᠣᠪᠣᠢᠯᠭᠠᠨ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠳᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠠᠵᠢᠯ ᠢ᠋ ᠬᠦᠨᠵᠡᠭᠡᠢ ᠦᠷᠨᠢᠭᠦᠯᠦᠨ᠎ᠡ

ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ᠎ᠦᠨ ᠨᠠᠮ᠎ᠤᠨ ᠬᠣᠷᠢᠶ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠠᠭᠠᠷᠳᠠᠯᠭ᠎ᠠ ᠶᠣᠰᠣᠭᠠᠷ ᠂《 ᠭᠤᠷᠪᠠ᠎ᠳᠤ ᠠᠩᠬᠠᠷᠤᠯ᠎ᠢᠶᠠᠨ ᠲᠥᠪᠯᠡᠷᠡᠭᠦᠯᠬᠦ᠌ 》ᠶ᠋ᠢ᠎ᠲᠤᠪᠤᠢᠯᠭᠠᠨ ᠂ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠳᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠠᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ ᠂ ᠪᠣᠳᠠᠲᠤ ᠦᠷ᠎ᠡ ᠪᠦᠲᠦᠮᠵᠢ ᠤᠯᠬᠤ᠎ᠵᠢ ᠠᠬᠢᠭᠤᠯᠤᠨ᠎ᠠ᠃

ᠵᠠᠩᠭᠢᠯᠠᠭ᠎ᠠ᠎ᠶ᠋ᠢᠨ ᠴᠥᠭᠡᠨ ᠲᠣᠭᠠᠲᠠᠨ᠎ᠳᠤ ᠠᠩᠬᠠᠷᠤᠯ᠎ᠢᠶᠠᠨ ᠲᠥᠪᠯᠡᠷᠡᠭᠦᠯᠵᠦ᠍ ᠂ ᠳᠡᠭᠡᠳᠦ ᠱᠠᠳᠤ ᠨᠢ ᠳᠤᠤᠷᠠᠳᠤ ᠱᠠᠳᠤ᠎ᠪᠠᠨ ᠳᠠᠢᠴᠢᠯᠠᠨ ᠲᠥᠪᠯᠡᠷᠡᠭᠦᠯᠦᠨ ᠵᠠᠰᠠᠨ᠎ᠠ᠃ ᠵᠣᠬᠢᠶᠠᠨ ᠪᠠᠢᠭᠤᠯᠵᠤ ᠤᠳᠤᠷᠢᠳᠭᠤ᠎ᠪᠠᠨ ᠴᠢᠩᠭᠠᠳᠭᠠᠵᠤ ᠂ ᠡᠯ᠎ᠡ ᠵᠦᠶ᠋ᠯ᠎ᠦᠨ ᠡᠭᠦᠷᠭᠡ᠎ᠵᠢ ᠥᠨᠳᠥᠷ ᠪᠠᠷᠢᠮᠵᠢᠶ᠎ᠠ ᠪᠡᠷ ᠴᠢᠨᠠᠷ ᠰᠠᠢᠲᠠᠶ ᠪᠡᠶᠡᠯᠡᠭᠦᠯᠬᠦ᠌᠎ᠶ᠋ᠢ ᠠᠬᠢᠭᠤᠯᠤᠨ᠎ᠠ᠃ ᠰᠤᠷᠤᠯᠴᠠᠯᠭ᠎ᠠ᠎ᠶ᠋ᠢ ᠴᠢᠩᠭᠠᠳᠬᠠᠵᠤ ᠂ ᠥᠷᠭᠡᠨ ᠤᠯᠠᠨ ᠺᠠᠳ᠋ᠷ ᠴᠠᠭ᠍ᠳᠠᠭ᠎ᠠ ᠪᠣᠯᠤᠨ ᠬᠠᠤᠯᠢ ᠴᠠᠭᠠᠵᠠ᠎ᠶ᠋ᠢᠨ ᠦᠢᠯᠡᠴᠢᠯᠡᠭᠡᠨ᠎ᠦ ᠠᠵᠢᠯᠳᠠᠨ᠎ᠤ ᠢᠲᠡᠭᠡᠯ ᠪᠢᠱᠢᠷᠡᠯ᠎ᠦᠨ ᠰᠠᠭᠤᠷᠢ᠎ᠶ᠋ᠢ ᠪᠠᠳᠤᠳᠬᠠᠨ ᠂ ᠤᠶᠤᠨ ᠰᠠᠨᠠᠭᠠᠨ᠎ᠤ ᠺᠠᠯᠼ᠎ᠢ ᠭᠦᠢᠴᠡᠳ ᠨᠥᠬᠥᠪᠥᠷᠢᠯᠡᠵᠦ᠍ ᠂ ᠦᠵᠡᠯ ᠰᠠᠨᠠᠭᠠᠨ᠎ᠤ ᠵᠠᠯᠠᠭᠤᠷ᠎ᠢ ᠯᠠᠪᠳᠠᠭᠤᠨ ᠡᠵᠡᠮᠳᠡᠬᠦ᠎ᠵᠢ ᠬᠥᠮᠦᠵᠢᠭᠦᠯᠦᠨ ᠵᠢᠯᠣᠭᠣᠳᠤᠨ᠎ᠠ᠃

ᠪᠥᠬᠥ᠌ ᠱᠢᠰᠲ᠋ᠧᠮ᠎ᠳᠤ ᠦᠪᠡᠰᠦᠪᠡᠨ ᠪᠠᠢᠴᠠᠭᠠᠵᠤ ᠦᠪᠡᠰᠦᠪᠡᠨ ᠵᠠᠯᠠᠷᠠᠭᠤᠯᠬᠤ ᠠᠵᠢᠯᠯᠠᠭ᠎ᠠ᠎ᠶ᠋ᠢ ᠪᠠᠢᠷᠢᠯᠠᠭᠤᠯᠤᠨ ᠥᠷᠨᠢᠭᠦᠯᠵᠦ᠍ ᠂ ᠠᠰᠠᠭᠤᠳᠠᠯ᠎ᠤᠨ ᠨᠠᠷᠢᠨ ᠲᠠᠩᠰᠠ᠎ᠶ᠋ᠢ ᠵᠢᠭ᠍ᠰᠠᠭᠠᠨ ᠂ ᠬᠡᠷᠡᠭ᠎ᠤᠨ ᠵᠢᠱ᠌ᠢᠶ᠎ᠡ᠎ᠪᠡᠷ ᠦᠯᠢᠭᠡᠷᠯᠡᠨ ᠴᠡᠭ᠌ᠴᠡᠯᠡᠨ ᠰᠠᠢᠵᠢᠷᠠᠭᠤᠯᠬᠤ᠎ᠶ᠋ᠢ ᠭᠦᠨᠵᠡᠭᠡᠢᠷᠡᠭᠦᠯᠤᠨ᠎ᠠ ᠃ ᠠᠮᠠᠯᠠᠯᠲᠠ ᠬᠢᠵᠦ᠍ ᠠᠮᠠᠯᠠᠯᠲᠠ᠎ᠪᠠᠨ ᠭᠦᠢᠴᠡᠳᠭᠡᠬᠦ ᠠᠵᠢᠯᠯᠠᠭ᠎ᠠ᠎ᠥᠷᠨᠢᠭᠦᠯᠵᠦ᠍ ᠂ ᠨᠠᠮ᠎ᠤᠨ ᠭᠡᠱᠢᠭᠦᠨ ᠺᠠᠳ᠋ᠷᠴᠤᠳ᠎ᠢ ᠵᠣᠬᠢᠶᠠᠨ ᠪᠠᠢᠭᠤᠯᠤᠨ《ᠠᠷᠪᠠᠨ ᠨᠢᠭᠡᠨ᠎ᠴᠢᠩᠭ᠎ᠠ ᠴᠠᠭᠠᠵᠠᠯᠠᠯ》᠎ᠤᠨ ᠠᠮᠠᠯᠠᠯᠲᠠ᠎ᠶ᠋ᠢᠨ ᠪᠢᠴᠢᠭ᠎ᠲᠦ ᠭᠠᠷ᠎ᠤᠨ ᠦᠰᠦᠭ ᠵᠢᠷᠤᠭᠤᠯᠬᠤ᠎ᠶ᠋ᠢᠨ ᠬᠠᠮᠲᠤ᠂ ᠵᠢᠷᠤᠮᠯᠠᠭ᠍ᠰᠠᠨ ᠪᠠᠢᠳᠠᠯ᠎ᠢ ᠨᠢ ᠬᠠᠷᠭᠤᠭᠤᠯᠤᠨ ᠪᠠᠢᠴᠠᠭᠠᠬᠤ ᠂ ᠠᠷᠠᠳᠴᠢᠯᠠᠯ᠎ᠢᠶᠠᠷ ᠦᠨᠡᠯᠡᠬᠦ ᠂ ᠱᠢᠯᠢᠳᠡᠭ᠎ᠢ ᠱᠢᠯᠭᠠᠷᠠᠭᠤᠯᠬᠤ ᠴᠢᠬᠤᠯᠠ ᠠᠭᠤᠯᠭ᠎ᠠ ᠪᠤᠯᠭᠠᠨ᠎ᠠ᠃

《ᠴᠢᠩᠭ᠎ᠠ》 ᠬᠡᠬᠦ ᠭᠤᠤᠯ ᠬᠥᠭ ᠠᠶᠠᠰ᠎ᠢ ᠭᠤᠢᠪᠢᠰᠢ ᠥᠬᠡᠶ ᠪᠠᠷᠢᠮᠲᠠᠯᠠᠨ᠂ ᠲᠦᠷᠢᠮ ᠲᠣᠭ᠍ᠲᠠᠴᠠ᠎ᠶ᠋ᠢ ᠲᠡᠭᠦᠯᠳᠡᠷᠵᠢᠭᠦᠯᠵᠦ᠍ ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠡᠳᠦᠷ ᠲᠤᠳᠤᠮ᠎ᠤᠨ ᠠᠵᠢᠯ ᠠᠮᠢᠳᠤᠷᠠᠯ᠎ᠳᠤ ᠠᠭᠤᠰᠤᠯᠴᠠᠭᠤᠯᠤᠨ᠎ᠠ᠃ ᠲᠤᠰᠭᠠᠶ ᠠᠵᠢᠯᠯᠠᠭ᠎ᠠ᠎ᠶ᠋ᠢ ᠪᠣᠳᠠᠲᠠᠶ ᠠᠳᠭᠤᠵᠤ ᠂ ᠢᠯᠡ᠎ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠬᠤ ᠂ ᠲᠤᠬᠠᠶ᠎ᠶ᠋ᠢᠨ ᠭᠠᠵᠠᠷ᠎ᠲᠤᠨᠢ ᠪᠠᠢᠴᠠᠭᠠᠬᠤ᠎ᠪᠠᠷ ᠳᠠᠮᠵᠢᠭᠤᠯᠤᠨ ᠂ ᠣᠷᠣᠱᠢᠵᠤ ᠪᠠᠢᠭ᠎ᠠ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠢ ᠴᠠᠭ ᠲᠤᠬᠠᠶ᠎ᠳᠤᠨᠢ ᠵᠠᠯᠠᠷᠠᠭᠤᠯᠤᠨ᠎ᠠ᠃ ᠡᠩᠨᠡᠭᠡᠨ᠎ᠦ ᠪᠠᠢᠭᠤᠯᠤᠯᠲᠠ᠎ᠶ᠋ᠢ ᠴᠢᠩᠭᠠᠳᠭᠠᠵᠤ ᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ《ᠲᠡᠮᠦᠷ ᠴᠡᠷᠢᠭ》 ᠢ᠋ ᠪᠠᠢᠭᠤᠯᠵᠤ ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭᠲᠤᠨ᠎ᠠ᠃

ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠦᠨ ᠨᠠᠮ ᠎ᠤᠨ ᠤᠳᠤᠷᠢᠳᠭᠤ ᠳᠤᠭᠤᠢᠯᠠᠩ ᠎ᠤᠨ ᠱᠦᠵᠢ ᠂ ᠲᠢᠩᠬᠢᠮ᠎ᠦᠨ ᠳᠠᠷᠤᠭ᠎ᠠ ᠵᠣᠣ ᠳ᠋ᠠ ᠶᠦᠩ ᠄

《ᠳᠥᠷᠪᠡᠨ ᠵᠦᠢᠯ᠎ᠦᠨ ᠠᠷᠭ᠎ᠠ ᠬᠡᠮᠵᠢᠶ᠎ᠡ》 ᠪᠡᠷ ᠭᠠᠷᠳᠠᠴᠠ ᠪᠤᠯᠭᠠᠵᠤ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠤᠯᠠᠮ ᠨᠢᠭᠡ ᠠᠯᠬᠤᠮ ᠴᠢᠩᠳᠠᠯᠠᠨ᠎ᠠ

ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠴᠢᠩᠳᠠᠯᠠᠬᠤ᠎ᠲᠠᠶ ᠤᠶᠠᠯᠳᠤᠭᠤᠯᠤᠨ᠂《 ᠳᠥᠷᠪᠡᠨ ᠵᠦᠶ᠋ᠯ᠎ᠦᠨ ᠠᠷᠭ᠎ᠠ ᠬᠡᠮᠵᠢᠶ᠎ᠡ 》 ᠪᠡᠷ ᠭᠠᠷᠳᠠᠴᠠ ᠪᠣᠯᠭᠠᠵᠤ ᠂ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠳᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠠᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠤᠨ᠎ᠠ᠃

ᠤᠨᠤᠯ᠎ᠢᠶᠠᠷ ᠵᠡᠪᠰᠡᠭ᠌ᠯᠡᠬᠦ᠌᠎ᠶ᠋ᠢ ᠴᠥᠬᠥᠷᠡᠰᠢ ᠦᠭᠡᠢ ᠰᠠᠢᠲᠤᠷ ᠠᠳᠭᠤᠵᠤ ᠂ ᠢᠲᠡᠭᠡᠯ ᠪᠢᠱᠢᠷᠡᠯ᠎ᠦᠨ ᠰᠠᠭᠤᠷᠢ᠎ᠶ᠋ᠢ ᠲᠠᠰᠤᠷᠠᠯᠳᠠ ᠦᠭᠡᠢ ᠪᠡᠬᠢᠵᠢᠭᠦᠯᠦᠨ ᠂ ᠤᠶᠤᠨ ᠰᠠᠨᠠᠭᠠᠨ᠎ᠤ ᠺᠠᠯᠼ᠎ᠢ ᠭᠦᠢᠴᠡᠳ ᠨᠥᠬᠥᠪᠥᠷᠢᠯᠡᠵᠦ᠍ ᠂ ᠦᠵᠡᠯ ᠰᠠᠨᠠᠭᠠᠨ᠎ᠤ ᠵᠠᠯᠠᠭᠤᠷ᠎ᠢ ᠯᠠᠪᠳᠠᠭᠤᠨ ᠡᠵᠡᠮᠳᠡᠨ᠎ᠡ᠃

《 ᠬᠣᠶᠠᠷ᠎ᠢ ᠲᠤᠭᠲᠠᠭᠠᠬᠰᠠᠨ》᠎ᠢ ᠱᠢᠳᠤᠷᠭᠤ᠎ᠪᠠᠷ ᠬᠦᠷᠢᠶᠡᠯᠡᠵᠦ᠍ ᠂ 《 ᠬᠣᠶᠠᠷ᠎ᠢ ᠬᠠᠮᠠᠭᠠᠯᠠᠬᠤ 》 ᠵᠢ ᠡᠷᠡᠰ ᠪᠡᠶᠡᠯᠡᠭᠦᠯᠦᠨ᠂ ᠰᠠᠬᠢᠯᠭ᠎ᠠ ᠪᠠᠲᠤ ᠪᠠ ᠶᠣᠰᠣ ᠲᠦᠷᠢᠮ᠎ᠢ ᠢᠮᠠᠭ᠍ᠲᠠ ᠲᠡᠷᠢᠭᠦᠨ᠎ᠳᠦ ᠲᠠᠯᠪᠢᠵᠤ ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠡᠬᠢ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠵᠤ ᠂ ᠨᠠᠮ᠎ᠤᠨ ᠭᠡᠱᠢᠭᠦᠨ ᠺᠠᠳ᠋ᠷ᠎ᠢ ᠵᠣᠬᠢᠶᠠᠨ ᠪᠠᠢᠭᠤᠯᠵᠤ 《 ᠠᠷᠪᠠᠨ ᠨᠢᠭᠡᠨ᠎ᠴᠢᠩᠭ᠎ᠠ ᠴᠠᠭᠠᠵᠠᠯᠠᠯ》᠎ᠤᠨ ᠠᠮᠠᠯᠠᠯᠲᠠ᠎ᠶ᠋ᠢᠨ ᠪᠢᠴᠢᠭ᠎ᠲᠦ ᠭᠠᠷ᠎ᠤᠨ ᠦᠰᠦᠭ ᠵᠢᠷᠤᠭᠤᠯᠤᠨ᠎ᠠ᠃

ᠨᠠᠮ᠎ᠤᠨ ᠭᠡᠱᠢᠭᠦᠨ ᠺᠠᠳ᠋ᠷᠴᠤᠳ᠎ᠤᠨ 《ᠠᠷᠪᠠᠨ ᠨᠢᠭᠡᠨ᠎ᠴᠢᠩᠭ᠎ᠠ ᠴᠠᠭᠠᠵᠠᠯᠠᠯ》᠎ᠢ ᠵᠢᠷᠤᠮᠯᠠᠭᠰᠡᠨ ᠪᠠᠢᠳᠠᠯ᠎ᠢ ᠠᠷᠠᠳᠴᠢᠯᠠᠭ᠍ᠰᠠᠨ ᠠᠮᠢᠳᠤᠷᠠᠯ᠎ᠤᠨ ᠬᠤᠷᠠᠯ ᠪᠠ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠬᠤᠷᠠᠯ᠎ᠵᠢᠠᠷ ᠬᠠᠷᠭᠤᠭᠤᠯᠤᠨ ᠪᠠᠢᠴᠠᠭᠠᠬᠤ ᠂ ᠨᠠᠮ᠎ᠤᠨ ᠭᠡᠱᠢᠭᠦᠨ᠎ᠢ ᠠᠷᠠᠳᠴᠢᠯᠠᠯ᠎ᠢᠶᠠᠷ ᠦᠨᠡᠯᠡᠬᠦ᠌ ᠴᠢᠬᠤᠯᠠ ᠠᠭᠤᠯᠭ᠎ᠠ ᠪᠣᠯᠭᠠᠵᠤ ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠵᠠᠷᠴᠢᠮᠲᠤ ᠴᠢᠨᠠᠷ ᠂ ᠲᠥᠪ ᠴᠢᠩᠭ᠎ᠠ ᠴᠢᠨᠠᠷ᠎ᠢ ᠲᠠᠰᠤᠷᠠᠯᠲᠠ ᠦᠭᠡᠢ ᠴᠢᠩᠭᠠᠳᠬᠠᠨ᠎ᠠ᠃

ᠠᠷᠠᠳᠴᠢᠯᠠᠯ ᠲᠥᠪᠯᠡᠷᠡᠯ᠎ᠦᠨ ᠶᠣᠰᠣ᠎ᠶ᠋ᠢ ᠪᠠᠷᠢᠮᠲᠠᠯᠠᠨ ᠲᠡᠭᠦᠯᠳᠡᠷᠵᠢᠭᠦᠯᠵᠦ᠍ ᠂ ᠬᠥᠮᠦᠨ ᠰᠣᠩᠭᠣᠵᠤ ᠬᠥᠮᠦᠨ ᠬᠡᠷᠡᠭ᠌ᠯᠡᠬᠦ᠌᠎ᠳᠦ ᠬᠠᠷᠢᠭᠤᠴᠠᠬᠤ ᠲᠣᠭ᠍ᠲᠠᠴᠠ ᠂ ᠪᠠᠢᠩᠭᠤ᠎ᠶ᠋ᠢᠨ ᠰᠠᠨᠠᠭᠤᠯᠬᠤ ᠲᠣᠭ᠍ᠲᠠᠴᠠ ᠂ ᠰᠦᠪᠡᠭ᠌ᠴᠢ᠎ᠶ᠋ᠢ ᠢᠯᠡᠷᠡᠭᠦᠯᠬᠦ᠌ ᠲᠣᠭ᠍ᠲᠠᠴᠠ᠎ᠶ᠋ᠢ ᠪᠠᠢᠭᠤᠯᠤᠨ ᠂ ᠪᠥᠬᠥ᠌ ᠱᠢᠰᠲ᠋ᠧᠮ᠎ᠦᠨ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢ ᠠᠬᠤᠶ᠎ᠶ᠋ᠢᠨ ᠦᠷᠭᠦᠯᠵᠢᠯᠡᠨ ᠰᠠᠢᠵᠢᠷᠠᠬᠤ᠎ᠶ᠋ᠢ ᠠᠬᠢᠭᠤᠯᠤᠨ᠎ᠠ᠃

ᠥᠪᠡᠷᠲᠡᠭᠡᠨ ᠵᠠᠰᠠᠬᠤ ᠣᠷᠣᠨ ᠎ᠤ ᠣᠷᠣᠨ ᠨᠤᠲᠤᠭ ᠎ᠤᠨ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ ᠎ᠶ᠋ᠢᠨ ᠲᠣᠪᠴᠢᠶ᠎ᠠ ᠎ᠶ᠋ᠢᠨ ᠨᠠᠮ ᠎ᠤᠨ ᠤᠳᠤᠷᠢᠳᠭᠤ ᠳᠤᠭᠤᠢᠯᠠᠩ ᠎ᠤᠨ ᠱᠦᠵᠢ ᠂ ᠲᠣᠪᠴᠢᠶᠠᠨ ᠳᠠᠷᠤᠭ᠎ᠠ ᠵᠢᠶᠠᠩ ᠬᠤᠸᠠ ᠄

ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠴᠢᠡᠭᠳᠠᠯᠠᠵᠤ ᠮᠥᠩᠭᠥᠨ ᠭᠦᠶ᠋ᠯᠭᠡᠭᠡᠨ᠎ᠦ ᠤᠯᠤᠰ ᠲᠥᠷᠥ᠎ᠶ᠋ᠢᠨ ᠠᠮᠢ ᠠᠬᠤᠶ᠎ᠶ᠋ᠢ ᠴᠡᠪᠡᠷᠱᠢᠭᠦᠯᠤᠨ᠎ᠡ

ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳ᠋ᠡᠬᠢ ᠪᠤᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ ᠪᠣᠯ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠴᠢᠬᠤᠯᠠ ᠠᠷᠭ᠎ᠠ ᠪᠠᠷᠢᠯ ᠪᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠶ᠋ᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠲᠥᠪᠯᠡᠷᠡᠭᠦᠯᠦᠨ ᠵᠠᠰᠠᠬᠤ ᠲᠤᠬᠠᠶ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠂ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠴᠢᠩᠳᠠᠯᠠᠬᠤ ᠡᠯ᠎ᠡ ᠵᠦᠶ᠋ᠯ᠎ᠦᠨ ᠡᠭᠦᠷᠭᠡ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠤᠨ᠎ᠠ᠃

ᠪᠢᠳᠡ ᠬᠦᠰᠡᠯᠡᠩ ᠢᠲᠡᠭᠡᠯ ᠪᠢᠰᠢᠷᠡᠯ᠎ᠢᠶᠠᠨ ᠴᠢᠩᠭᠠᠳᠬᠠᠵᠦ᠂ ᠠᠷᠠᠳ᠎ᠤᠨ ᠲᠥᠯᠥᠭᠡ ᠲᠦᠷᠦ᠍ ᠪᠠᠷᠢᠬᠤ ᠰᠠᠭᠤᠷᠢ᠎ᠶ᠋ᠢ ᠦᠨᠡᠨ ᠬᠦ᠌ ᠪᠡᠬᠢᠵᠢᠭᠦᠯᠦᠨ᠎ᠡ᠃ ᠤᠯᠤᠰ ᠲᠥᠷᠥ᠎ᠶ᠋ᠢᠨ ᠤᠬᠠᠮᠰᠠᠷ᠎ᠢᠶᠠᠨ ᠴᠢᠩᠭᠠᠳᠭᠠᠵᠤ ᠂ ᠴᠢᠨᠠᠷ ᠰᠠᠢᠲᠠᠶ ᠤᠯᠤᠰ ᠲᠥᠷᠥ᠎ᠶ᠋ᠢᠨ ᠰᠤᠷᠤᠯᠴᠠᠯᠭ᠎ᠠ ᠪᠠ ᠲᠤᠰᠭᠠᠶ ᠰᠡᠳᠦᠪᠲᠦ ᠰᠤᠳᠤᠯᠤᠨ ᠶᠠᠷᠢᠯᠴᠠᠭ᠎ᠠ ᠥᠷᠨᠢᠭᠦᠯᠵᠦ᠍ ᠂ ᠬᠦᠰᠡᠯᠡᠩ ᠢᠲᠡᠭᠡᠯ ᠪᠢᠱᠢᠷᠡᠯ᠎ᠦᠨ ᠺᠠᠯᠼ᠎ᠢ ᠦᠨᠡᠨ ᠬᠦ᠌ ᠨᠥᠬᠥᠪᠥᠷᠢᠯᠡᠨ᠎ᠡ᠃ ᠵᠣᠷᠢᠭ᠍ᠲᠠᠢ᠎ᠪᠠᠷ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠵᠦ᠍ ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠰᠠᠭᠤᠷᠢ᠎ᠶ᠋ᠢ ᠦᠨᠡᠨ ᠬᠦ᠌ ᠪᠡᠬᠢᠵᠢᠭᠦᠯᠦᠨ᠎ᠡ᠃

ᠪᠢᠳᠡ ᠲᠡᠮᠡᠴᠡᠯ᠎ᠦᠨ ᠴᠢᠳᠠᠪᠤᠷᠢ᠎ᠪᠠᠨ ᠴᠢᠡᠭᠭᠠᠳᠬᠠᠨ ᠂ ᠠᠷᠢᠭᠤᠨ ᠴᠢᠬᠡᠴᠢ ᠰᠣᠶᠣᠯ᠎ᠤᠨ ᠪᠠᠢᠭᠤᠯᠤᠯᠲᠠ᠎ᠶ᠋ᠢ ᠠᠬᠢᠭᠤᠯᠵᠤ ᠂ ᠰᠡᠷᠡᠮᠵᠢᠯᠡᠭᠦᠯᠬᠦ᠌ ᠬᠥᠮᠦᠵᠢᠯ᠎ᠢ ᠰᠠᠢᠲᠤᠷ ᠦᠷᠨᠢᠭᠦᠯᠦᠨ ᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠌ ᠮᠥᠩᠭᠥᠨ ᠭᠦᠢᠯᠭᠡᠭᠡᠨ᠎ᠦ ᠡᠩᠨᠡᠭᠡ᠎ᠶ᠋ᠢ ᠪᠠᠢᠭᠤᠯᠵᠤ ᠂ ᠣᠷᠣᠨ ᠨᠤᠲᠤᠭ᠎ᠤᠨ ᠮᠥᠩᠭᠥᠨ ᠭᠦᠢᠯᠭᠡᠭᠡᠨ᠎ᠦ ᠬᠦᠷᠢᠶᠡᠨ᠎ᠳᠡᠬᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠲᠤᠪᠤᠢ᠌ᠮ᠎ᠠ ᠠᠰᠠᠭᠤᠳᠠᠯ᠎ᠢ ᠰᠢᠢᠳᠪᠦᠷᠢᠯᠡᠨ᠂ ᠴᠦᠬᠦᠷᠡᠰᠢ ᠦᠭᠡᠢ ᠪᠠᠷᠢᠮᠲᠠᠯᠠᠯ᠎ᠢᠶᠠᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢᠷᠡᠭᠦᠯᠦᠨ ᠬᠥᠭ᠌ᠵᠢᠭᠦᠯᠬᠦ᠌᠎ᠶ᠋ᠢ ᠠᠬᠢᠭᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面