ᠭᠣᠣᠯ ᠰᠡᠳᠦᠪᠲᠦ ᠮᠡᠳᠡᠭᠡᠯᠡᠯ > ᠨᠠᠮ᠎ᠤ᠋ᠨ ᠳᠣᠲᠣᠭᠠᠳᠤ᠎ᠶ᠋ᠢᠨ ᠤᠯᠤᠰ ᠲᠦᠷᠦ᠎ᠶ᠋ᠢᠨ ᠠᠮᠢᠳᠤᠷᠠᠯ

2022-06-06 09:51:38

ᠵᠣᠬᠢᠶᠠᠭ᠍ᠴᠢ᠄ ᠤᠷᠭᠤᠭ᠎ᠠ ᠣᠩᠱᠢᠭ᠍ᠰᠠᠨ ᠣᠳᠠᠭ᠎ᠠ᠄ 3

ᠨᠠᠮ᠎ᠤᠨ ᠳᠣᠲᠣᠭᠠᠳᠤ᠎ᠶᠢᠨ ᠤᠯᠤᠰ ᠲᠥᠷᠥ᠎ᠶᠢᠨ ᠠᠮᠢᠳᠤᠷᠠᠯ ᠎ᠳᠡᠬᠢ ᠪᠣᠯᠬᠢᠴᠢᠯᠠᠭ᠍ᠰᠠᠨ ᠠᠷᠠᠯᠵᠢᠶᠠᠯᠠᠭ᠍ᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ ᠠᠵᠢᠯ ᠡᠬᠢᠯᠡᠭ᠌ᠰᠡᠨ᠎ᠡᠴᠨ ᠨᠠᠭᠠᠰᠢ᠂ ᠠᠯᠠᠱᠠ ᠠᠢᠮᠠᠭ᠎ᠤᠨ ᠡᠯ᠎ᠡ ᠱᠠᠲᠤᠨ᠎ᠤ ᠨᠠᠮ ᠤ᠋ᠨ ᠵᠣᠬᠢᠶᠠᠨ ᠪᠠᠢᠭᠤᠯᠤᠯᠲᠠ ᠵᠢᠨ ᠬᠢᠨ ᠲᠡᠭᠡᠳᠤ ᠱᠠᠳᠤᠨ᠎ᠤ ᠨᠢᠭᠡᠳᠦᠯᠲᠡᠶ ᠪᠠᠢᠷᠢᠯᠠᠭᠤᠯᠤᠯᠲᠠ ᠵᠢᠴᠢ ᠨᠠᠮ᠎ᠤᠨ ᠳᠣᠲᠣᠭᠠᠳᠤ᠎ᠶᠢᠨ ᠤᠯᠤᠰ ᠲᠥᠷᠥ᠍ ᠵᠢᠨ ᠠᠮᠢᠳᠤᠷᠠᠯ᠎ᠳᠡᠬᠢ ᠪᠣᠯᠬᠢᠴᠢᠯᠠᠭ᠍ᠰᠠᠨ ᠠᠷᠠᠯᠵᠢᠶᠠᠯᠠᠭ᠍ᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ 《ᠬᠡᠷᠡᠭᠵᠢᠭᠦᠯᠬᠦ᠌ ᠲᠥᠰᠦᠯ》 ᠤ᠋ᠨ ᠱᠠᠭᠠᠷᠳᠠᠯᠭ᠎ᠠ᠎ᠲᠠᠶ ᠨᠢᠬᠲᠠ ᠤᠶᠠᠯᠳᠤᠭᠤᠯᠤᠨ᠂ ᠲᠤᠰᠭᠠᠶ ᠰᠡᠳᠦᠪᠲᠦ ᠨᠠᠮ ᠤ᠋ᠨ᠎ᠬᠤᠷᠠᠯ ᠬᠤᠷᠠᠯᠳᠤᠭᠤᠯᠬᠤ ᠵᠡᠷᠭᠡ ᠬᠡᠯᠪᠡᠷᠢ᠎ᠪᠡᠷ ᠲᠥᠪᠯᠡᠷᠡᠭᠦᠯᠦᠨ ᠵᠠᠰᠠᠬᠤ 《ᠭᠡᠷᠡᠭᠵᠢᠬᠦᠯᠬᠦ ᠲᠥᠰᠦᠯ》 ᠢ᠋ ᠤᠯᠠᠮᠵᠢᠯᠠᠵᠤ᠂ ᠨᠠᠮ᠎ᠤᠨ ᠭᠡᠰᠢᠭᠦᠨ ᠺᠠᠳ᠋ᠷᠴᠤᠳ ᠢ᠋ ᠵᠣᠬᠢᠶᠠᠨ ᠪᠠᠢᠭᠤᠯᠤᠨ ᠲᠤᠰᠭᠠᠶ ᠰᠡᠳᠦᠪᠲᠦ ᠬᠥᠮᠦᠵᠢᠯ ᠥᠷᠨᠢᠭᠦᠯᠤᠨ᠂ ᠲᠥᠪᠯᠡᠷᠡᠭᠦᠯᠦᠨ ᠵᠠᠰᠠᠬᠤ ᠠᠵᠢᠯ ᠢ᠋ ᠡᠮᠬᠢ ᠵᠢᠷᠤᠮ᠎ᠲᠠᠶ ᠠᠬᠢᠭᠤᠯᠤᠭ᠍ᠰᠠᠨ ᠪᠠᠢᠨ᠎ᠠ᠃

ᠪᠥᠬᠥ᠌ ᠠᠢᠮᠠᠭ᠎ᠤᠨ ᠲᠥᠪᠯᠡᠷᠡᠭᠦᠯᠦᠨ ᠵᠠᠰᠠᠬᠤ 《ᠭᠡᠷᠡᠭᠵᠢᠬᠦᠯᠬᠦ᠌ ᠲᠥᠰᠦᠯ》ᠳ᠋ᠦ᠍᠂ ᠲᠥᠪᠯᠡᠷᠡᠭᠦᠯᠦᠨ ᠵᠠᠰᠠᠬᠤ᠎ᠳᠤ ᠠᠰᠠᠭᠤᠳᠠᠯ᠎ᠤᠨ ᠨᠠᠷᠢᠨ ᠲᠠᠩᠰᠠ᠎ᠶᠢ ᠰᠠᠢᠲᠤᠷ ᠠᠳᠭᠤᠵᠤ᠂ ᠲᠤᠰᠭᠠᠶ ᠰᠡᠳᠦᠪᠲᠦ ᠬᠥᠮᠦᠵᠢᠯ ᠢ᠋ ᠥᠷᠨᠢᠭᠦᠯᠦᠨ᠂ ᠥᠪᠡᠰᠦᠪᠡᠨ ᠪᠠᠢᠴᠠᠭᠠᠵᠤ ᠥᠪᠡᠰᠦᠪᠡᠨ ᠵᠠᠯᠠᠷᠠᠭᠤᠯᠬᠤ ᠎ᠶᠢ ᠥᠷᠨᠢᠭᠦᠯᠵᠦ᠍᠂ ᠠᠮᠠᠯᠠᠯᠲᠠ᠎ᠪᠠᠨ ᠦᠢᠯᠡᠳᠦᠯᠭᠡᠵᠢᠭᠦᠯᠦᠨ᠂ ᠲᠦᠷᠢᠮ ᠲᠤᠬᠲᠠᠭᠠᠯ ᠲᠤᠬᠲᠠᠭᠠᠬᠤ᠎ᠶᠢ ᠠᠬᠢᠭᠤᠯᠵᠤ᠂ 6 ᠵᠤᠢᠯ᠎ᠦᠨ ᠭᠤᠤᠯᠳᠠᠯᠭ᠎ᠠ ᠲᠠᠶ ᠡᠭᠦᠷᠭᠡ᠎ᠶᠢ ᠪᠥᠬᠥ᠌ ᠲᠠᠯ᠎ᠠ᠎ᠪᠠᠷ ᠵᠢᠷᠤᠮᠵᠢᠭᠤᠯᠤᠨ ᠲᠡᠭᠡᠭᠰᠢᠯᠡᠬᠦᠯᠬᠦ ᠵᠠᠷᠴᠢᠮ ᠪᠠ ᠠᠵᠢᠯᠯᠠᠭᠠᠨ᠎ᠤ ᠵᠢᠷᠤᠮᠵᠢᠯ ᠢ᠋ ᠡᠵᠡᠮᠳᠡᠨ᠂ ᠲᠥᠪᠯᠡᠷᠡᠭᠦᠯᠦᠨ ᠵᠠᠰᠠᠬᠤ ᠡᠲᠡᠭᠡᠳ᠎ᠦᠨ ᠬᠡᠪᠴᠢᠶ᠎ᠡ᠂ ᠴᠠᠭ᠎ᠤᠨ ᠲᠣᠬᠢᠷᠠᠭᠤᠯᠤᠯᠲᠠ ᠵᠡᠷᠭᠡ ᠎ᠳᠦ ᠪᠣᠳᠠᠲᠤ ᠱᠠᠭᠠᠷᠳᠠᠯᠭ᠎ᠠ ᠳᠤᠷᠠᠳᠴᠤ᠌᠂ ᠡᠯ᠎ᠡ ᠬᠣᠰᠢᠭᠤ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠶᠢᠨ ᠲᠥᠪᠯᠡᠷᠡᠭᠦᠯᠦᠨ ᠵᠠᠰᠠᠬᠤ ᠠᠵᠢᠯ ᠢ᠋ ᠵᠢᠯᠣᠭᠣᠳᠴᠤ᠌᠂ ᠡᠯ᠎ᠡ ᠱᠠᠲᠤ ᠳᠠᠪᠬᠤᠷᠭ᠎ᠠ ᠡᠯ᠎ᠡ ᠬᠦᠷᠢᠶᠡᠨ᠎ᠦ ᠲᠥᠪᠯᠡᠷᠡᠭᠦᠯᠦᠨ ᠵᠠᠰᠠᠬᠤ ᠠᠵᠢᠯ᠎ᠤᠨ ᠤᠷᠤᠭ᠍ᠰᠢᠳᠡᠢ ᠶᠠᠪᠤᠭ᠍ᠳᠠᠬᠤ ᠵᠢ ᠪᠠᠲᠤᠯᠠᠪᠠ᠃

ᠨᠠᠮ᠎ᠤᠨ ᠳᠣᠲᠣᠭᠠᠳᠤ᠎ᠶᠢᠨ ᠤᠯᠤᠰ ᠲᠥᠷᠥ᠎ᠶᠢᠨ ᠠᠮᠢᠳᠤᠷᠠᠯ ᠎ᠳᠡᠬᠢ ᠪᠣᠯᠬᠢᠴᠢᠯᠠᠭ᠍ᠰᠠᠨ ᠠᠷᠠᠯᠵᠢᠶᠠᠯᠠᠬ᠍ᠰᠠᠨ ᠠᠰᠠᠭᠤᠳᠠᠯ ᠢ᠋ ᠲᠥᠪᠯᠡᠷᠡᠭᠦᠯᠦᠨ ᠵᠠᠰᠠᠬᠤ ᠠᠵᠢᠯ ᠳᠤᠮᠳᠠ᠂ ᠪᠥᠬᠥ᠌ ᠠᠢᠮᠠᠭ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠵᠢᠨ ᠬᠢᠨ ᠪᠠᠷᠢᠮᠵᠢᠶ᠎ᠠ᠎ᠶᠢ ᠪᠠᠭᠤᠷᠠᠭᠤᠯᠬᠤ ᠥᠬᠡᠶ᠂ ᠡᠷᠴᠢᠮ ᠢ᠋ ᠰᠤᠯᠠᠷᠠᠭᠤᠯᠬᠤ ᠥᠬᠡᠶ ᠪᠠᠢᠬᠤ᠎ᠶᠢ ᠪᠠᠷᠢᠮᠲᠠᠯᠠᠨ᠂ ᠪᠠᠢᠷᠢᠯᠠᠭᠤᠯᠤᠯᠲᠠ᠎ᠶᠢ ᠡᠬᠢᠯᠡᠭᠦᠯᠬᠦ᠌ ᠪᠠ ᠠᠰᠠᠭᠤᠳᠠᠯ ᠢ᠋ ᠵᠠᠷᠯᠠᠨ ᠮᠡᠳᠡᠭᠳᠡᠬᠦ᠌ ᠨᠢᠭᠡᠳᠦᠭᠡᠷ ᠪᠣᠭᠣᠮᠲᠠ᠎ᠶᠢ ᠴᠢᠩᠭ᠎ᠠ ᠰᠠᠬᠢᠵᠤ᠂ ᠲᠥᠪᠯᠡᠷᠡᠭᠦᠯᠦᠨ ᠵᠠᠰᠠᠬᠤ ᠡᠯ᠎ᠡ ᠵᠤᠢᠯ᠎ᠦᠨ ᠡᠭᠦᠷᠭᠡ᠎ᠶᠢᠨ ᠨᠠᠢᠳᠠᠪᠤᠷᠢᠵᠢᠭᠤᠯᠤᠯᠲᠠ᠎ᠶᠢ ᠬᠦᠴᠦᠲᠡᠶ ᠠᠬᠢᠭᠤᠯᠪᠠ᠃ 4 ᠰᠠᠷ᠎ᠡ ᠵᠢᠨ ᠰᠡᠬᠦᠯᠴᠢ ᠵᠢᠨ ᠪᠦᠷᠢᠳᠭᠡᠯ ᠢ᠋ ᠦᠨᠳᠦᠰᠦᠯᠠᠪᠠᠯ᠂ ᠪᠥᠬᠥ᠌ ᠠᠢᠮᠠᠭ᠎ᠤᠨ ᠡᠯ᠎ᠠ ᠬᠣᠰᠢᠭᠤ᠂ ᠠᠢᠮᠠᠭ᠎ᠤᠨ ᠰᠢᠭᠤᠳ ᠬᠠᠷᠢᠶ᠎ᠠ 68 ᠰᠠᠯᠠᠭ᠎ᠠ ᠮᠥᠴᠢᠷ ᠵᠢᠴᠢ 37 ᠰᠤᠮᠤ ᠪᠠᠯᠭᠠᠰᠤ ᠵᠡᠭᠡᠯᠢ ᠭᠤᠳᠤᠮᠵᠢ ᠵᠢᠨ ᠨᠠᠮ᠎ᠤᠨ ᠠᠵᠢᠯ᠎ᠤᠨ ᠬᠣᠷᠢᠶ᠎ᠠ ᠲᠥᠪᠯᠡᠷᠡᠭᠦᠯᠦᠨ ᠵᠠᠰᠠᠬᠤ ᠠᠵᠢᠯ ᠵᠢᠡᠨ ᠡᠬᠢᠯᠡᠭᠦᠯᠵᠦ᠍᠂ ᠠᠰᠠᠭᠤᠳᠠᠯ ᠎ᠤᠨ ᠨᠠᠷᠢᠨ ᠲᠠᠩᠰᠠ᠎ᠶᠢ ᠵᠠᠷᠯᠠᠨ ᠮᠡᠳᠡᠭᠳᠡᠪᠡ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面