ᠭᠣᠣᠯ ᠰᠡᠳᠦᠪᠲᠦ ᠮᠡᠳᠡᠭᠡᠯᠡᠯ > ᠨᠠᠮ᠎ᠤ᠋ᠨ ᠳᠣᠲᠣᠭᠠᠳᠤ᠎ᠶ᠋ᠢᠨ ᠤᠯᠤᠰ ᠲᠦᠷᠦ᠎ᠶ᠋ᠢᠨ ᠠᠮᠢᠳᠤᠷᠠᠯ

2022-06-14 09:09:04

ᠵᠣᠬᠢᠶᠠᠭ᠍ᠴᠢ᠄ ​ᠰᠥᠩ ᠱᠤᠸᠠᠩ ᠰᠸ᠋ ᠪᠥᠸᠧ ᠣᠩᠱᠢᠭ᠍ᠰᠠᠨ ᠣᠳᠠᠭ᠎ᠠ᠄ 3

ᠪᠦᠬᠦ᠌ ᠣᠷᠣᠨ᠎ᠢᠶᠠᠷ᠎ᠢᠶᠠᠨ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠳ᠋ᠡᠬᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠭ᠍ᠰᠠᠨ ᠡᠴᠡ ᠨᠠᠭᠠᠰᠢ᠂ ᠡᠯ᠎ᠡ ᠭᠠᠵᠠᠷ ᠡᠯ᠎ᠡ ᠨᠢᠭᠡᠴᠢ᠎ᠶ᠋ᠢᠨ ᠬᠢᠨ ᠡᠳᠦᠷ ᠲᠤᠳᠤᠮ᠎ᠤᠨ ᠠᠵᠢᠯ ᠲᠤᠮᠳᠠ ᠪᠠᠨ ᠠᠳᠭᠤᠬᠤ᠂ ᠪᠠᠢᠩᠭᠤ ᠴᠢᠩᠭ᠎ᠠ ᠠᠳᠭᠤᠬᠤ ᠱᠠᠭᠠᠷᠳᠠᠯᠭ᠎ᠠ ᠶᠣᠰᠣᠭᠠᠷ ᠠᠵᠢᠯ᠎ᠢᠶᠠᠨ ᠠᠬᠢᠭᠤᠯᠬᠤ᠎ᠶ᠋ᠢᠨ ᠳᠠᠭᠠᠤ ᠦᠷ᠎ᠡ ᠪᠦᠲᠦᠭᠡᠯ᠎ᠢᠶᠡᠨ ᠪᠡᠬᠢᠵᠢᠭᠦᠯᠵᠦ᠍᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠦᠨᠡᠨ ᠬᠦ᠌ ᠬᠠᠮᠢᠶᠠᠷᠴᠤ᠌᠂ ᠴᠢᠩᠭ᠎ᠠ ᠪᠣᠳᠠᠲᠠᠢ ᠠᠳᠭᠤᠵᠤ᠂ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠤᠢ ᠪᠣᠯᠭᠠᠬᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢᠨ ᠭᠦᠨᠵᠡᠭᠡᠢᠷᠡᠨ ᠬᠥᠭ᠌ᠵᠢᠬᠦ᠌᠎ᠶ᠋ᠢ ᠠᠬᠢᠭᠤᠯᠬᠤ᠎ᠳᠤ ᠪᠠᠲᠤ ᠪᠡᠬᠢ ᠰᠠᠭᠤᠷᠢ ᠲᠠᠯᠪᠢᠵᠤ ᠪᠠᠢᠨ᠎ᠠ᠃

ᠳᠦᠷᠢᠮ᠎ᠲᠤᠬᠳᠠᠭᠠᠵᠤ ᠲᠣᠭ᠍ᠲᠠᠭᠠᠯ᠎ᠢ ᠲᠤᠳᠤᠷᠬᠠᠢᠯᠠᠨ ᠤᠷᠢᠳ ᠵᠢᠡᠷ ᠬᠡᠷᠡᠭᠵᠢᠬᠦᠯᠵᠥ ᠬᠠᠷᠢᠭᠤᠴᠠᠯᠭ᠎ᠠ ᠡᠭᠦᠷᠭᠡᠯᠡᠪᠠ

ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠭᠡᠵᠦ᠍᠂ ᠤᠳᠤᠷᠢᠳᠭᠤ ᠪᠠᠭ ᠪᠠ ᠺᠠᠳ᠋ᠷ᠎ᠤᠨ ᠡᠩᠨᠡᠭᠡ ᠵᠢᠨ ᠪᠠᠢᠭᠤᠯᠤᠯᠲᠠ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠵᠡᠷᠭᠡ ᠠᠵᠢᠯ᠎ᠲᠠᠶ ᠤᠶᠠᠯᠳᠤᠭᠤᠯᠤᠨ᠂ ᠰᠠᠬᠢᠯᠭ᠎ᠠ ᠪᠠᠲᠤ ᠶᠣᠰᠣ ᠲᠦᠷᠢᠮ᠎ᠢ ᠴᠢᠨᠠᠬᠰᠢᠳᠠ ᠴᠢᠩᠳᠠᠯᠠᠵᠤ᠂ ᠤᠷᠢᠳᠴᠢᠯᠠᠨ ᠰᠡᠷᠭᠡᠢᠯᠡᠬᠦ᠌᠂ ᠵᠢᠷᠤᠮᠵᠢᠭᠤᠯᠬᠤ᠂ ᠪᠠᠲᠤᠯᠠᠬᠤ ᠵᠡᠷᠭᠡ ᠶᠡᠷᠦᠩᠬᠡᠢᠯᠡᠭ᠌ᠰᠡᠨ ᠦᠢᠯᠡᠳᠦᠯ᠎ᠢ ᠪᠠᠳᠠᠷᠠᠭᠤᠯᠵᠦ ᠪᠤᠢ᠃

ᠬᠢᠩᠭᠠᠨ ᠠᠢᠮᠠᠭ 《ᠠᠢᠮᠠᠭ᠎ᠤᠨ ᠨᠠᠮ᠎ᠤᠨ ᠬᠣᠷᠢᠶᠠᠨ᠎ᠤ ᠤᠳᠤᠷᠢᠳᠭᠤ ᠪᠠᠭ᠎ᠤᠨ ᠤᠯᠤᠰ ᠲᠥᠷᠥ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠶ ᠲᠣᠭ᠍ᠲᠠᠭᠠᠯ》᠎ᠢ᠋ ᠨᠡᠢᠲᠡᠯᠡᠵᠦ᠍᠂ ᠤᠯᠤᠰ ᠲᠥᠷᠥ᠎ᠶ᠋ᠢᠨ ᠢᠲᠡᠭᠡᠯ ᠪᠢᠱᠢᠷᠡᠯ᠎ᠢᠶᠡᠨ ᠪᠠᠲᠤᠳᠭᠠᠬᠤ᠂ ᠨᠠᠮ᠎ᠤᠨ ᠳᠣᠲᠣᠭᠠᠳᠤ᠎ᠶ᠋ᠢᠨ ᠨᠥᠬᠥᠳ᠎ᠦᠨ ᠬᠠᠷᠢᠴᠠᠭ᠎ᠠ᠎ᠶ᠋ᠢ ᠴᠡᠪᠡᠷᠱᠢᠭᠦᠯᠬᠦ᠌ ᠵᠡᠷᠭᠡ ᠲᠠᠯ᠎ᠠ᠎ᠪᠠᠷ ᠪᠣᠳᠠᠲᠠᠶ ᠱᠠᠭᠠᠷᠳᠠᠯᠭ᠎ᠠ ᠳᠤᠷᠠᠳᠴᠤ᠌᠂ ᠡᠯ᠎ᠡ ᠱᠠᠲᠤᠨ᠎ᠤ ᠨᠠᠮ᠎ᠤᠨ ᠭᠡᠱᠢᠭᠦᠨ ᠺᠠᠳ᠋ᠷᠴᠤᠳ᠎ᠲᠤ ᠳᠠᠭᠤᠷᠢᠶᠠᠯ ᠦᠵᠡᠭᠦᠯᠪᠡ᠃ 《ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠢ ᠴᠢᠩᠳᠠᠯᠠᠵᠤ ᠨᠠᠮ᠎ᠤᠨ ᠭᠡᠱᠢᠭᠦᠨ᠎ᠦ ᠬᠥᠮᠦᠵᠢᠯ᠎ᠦᠨ ᠡᠳᠦᠷ ᠲᠤᠳᠤᠮ᠎ᠤᠨ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠢ ᠴᠢᠨᠠᠬᠰᠢᠳᠠ ᠴᠢᠩᠭᠠᠳᠭᠠᠬᠤ ᠲᠤᠬᠠᠢ ᠬᠡᠷᠡᠭ᠌ᠵᠢᠭᠦᠯᠬᠦ᠌ ᠠᠷᠭ᠎ᠠ》ᠶ᠋ᠢ ᠳᠠᠷᠤᠮᠠᠯᠯᠠᠨ ᠲᠠᠷᠬᠠᠭᠠᠵᠤ᠂ 《ᠭᠤᠷᠪᠠᠨ ᠬᠤᠷᠠᠯ ᠨᠢᠭᠡ ᠬᠢᠴᠢᠶᠡᠯ》᠂ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠬᠤᠷᠠᠯ ᠵᠡᠷᠭᠡ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠲᠦᠷᠢᠮ᠎ᠢ ᠨᠠᠷᠢᠯᠢᠬ᠍ᠵᠢᠭᠤᠯᠤᠨ ᠪᠣᠳᠠᠲᠠᠢᠵᠢᠭᠤᠯᠵᠤ᠂ ᠨᠠᠮ᠎ᠤᠨ ᠳᠣᠲᠣᠭᠠᠳᠤ᠎ᠶ᠋ᠢᠨ ᠠᠮᠢᠳᠤᠷᠠᠯ᠎ᠤᠨ ᠪᠦᠬᠦ᠌ ᠶᠠᠪᠤᠴᠠ᠎ᠶ᠋ᠢ ᠪᠤᠳᠠᠳᠠᠢ ᠲᠡᠮᠳᠡᠭ᠌ᠯᠡᠬᠦ᠌ ᠲᠦᠷᠢᠮ᠎ᠢ ᠬᠡᠷᠡᠭ᠌ᠵᠢᠭᠦᠯᠵᠦ᠍᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠨᠠᠬᠰᠢᠳᠠ ᠵᠢᠷᠤᠮᠵᠢᠭᠤᠯᠤᠨ ᠴᠢᠩᠭᠠᠳᠭᠠᠪᠠ᠃

ᠠᠯᠠᠱᠠ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ ᠲᠠᠪᠬᠤᠷᠭ᠎ᠠ ᠲᠥᠷᠥᠯ ᠬᠤᠪᠢᠶᠠᠨ ᠤᠯᠤᠰ ᠲᠥᠷᠥ᠎ᠶ᠋ᠢᠨ ᠶᠠᠷᠢᠯᠴᠠᠭ᠎ᠠ ᠥᠷᠨᠢᠭᠦᠯᠵᠦ᠍᠂《ᠨᠢᠭᠡᠳᠦᠭᠡᠷ ᠬᠠᠷᠢᠭᠤᠴᠠᠯᠭᠠᠳᠠᠨ》ᠳ᠋ᠤ ᠤᠯᠤᠰ ᠲᠥᠷᠥ᠎ᠶ᠋ᠢᠨ ᠬᠢᠨᠠᠯᠲᠠ ᠲᠠᠯᠪᠢᠬᠤ ᠶᠠᠷᠢᠯᠴᠠᠭ᠎ᠠ ᠬᠢᠵᠦ᠍ ᠂ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠬᠠᠷᠢᠭᠤᠴᠠᠯᠭ᠎ᠠ᠎ᠶ᠋ᠢ ᠴᠢᠩᠭᠠᠳᠭᠠᠨ ᠪᠡᠬᠢᠵᠢᠭᠦᠯᠪᠡ; ᠱᠢᠨ᠎ᠡ᠎ᠪᠡᠷ(ᠳᠡᠪᠰᠢᠬᠦᠯᠵᠥ) ᠲᠤᠱᠢᠶᠠᠯ᠎ᠳᠤ ᠲᠣᠮᠢᠯᠠᠭ᠍ᠰᠠᠨ ᠺᠠᠳ᠋ᠷᠴᠤᠳ᠎ᠲᠤ ᠲᠤᠱᠢᠶᠠᠯ᠎ᠳᠤ ᠭᠠᠷᠬᠤ ᠡᠴᠡ ᠡᠮᠦᠨᠡᠬᠢ ᠠᠷᠢᠭᠤᠨ ᠴᠢᠬᠡᠴᠢ᠎ᠪᠡᠷ ᠵᠠᠰᠠᠭ ᠪᠠᠷᠢᠬᠤ ᠲᠤᠬᠠᠶ ᠶᠠᠷᠢᠯᠴᠠᠭ᠎ᠠ ᠥᠷᠨᠢᠭᠦᠯᠵᠦ᠍᠂ ᠲᠤᠱᠢᠶᠠᠯ ᠬᠠᠷᠢᠭᠤᠴᠠᠯᠭ᠎ᠠ᠎ᠪᠠᠨ ᠰᠠᠢᠲᠤᠷ ᠭᠦᠶ᠋ᠴᠡᠳᠭᠡᠬᠦ ᠠᠩᠬᠠᠨ᠎ᠤ ᠠᠯᠬᠤᠮ ᠵᠢᠡᠨ ᠰᠠᠢᠲᠤᠷ ᠠᠯᠬᠤᠬᠤ ᠳ᠋ᠤ ᠲᠤᠰᠠᠯᠠᠪᠠ ; ᠨᠠᠮ᠎ᠤᠨ ᠭᠡᠱᠢᠭᠦᠨ ᠺᠠᠳ᠋ᠷᠴᠤᠳ᠎ᠲᠠᠶ ᠦᠷᠭᠦᠯᠵᠢ᠎ᠶ᠋ᠢᠨ ᠴᠢᠨᠠᠷᠲᠠᠢ᠎ᠪᠠᠷ ᠰᠡᠳᠭᠢᠯ᠎ᠦᠨ ᠦᠭᠡ᠎ᠪᠡᠨ ᠶᠠᠷᠢᠯᠴᠠᠵᠤ᠂ ᠴᠠᠭ ᠲᠤᠬᠠᠢ᠎ᠳᠤᠨᠢ ᠬᠥᠮᠦᠵᠢᠭᠦᠯᠦᠨ ᠰᠠᠨᠠᠭᠤᠯᠵᠤ᠂ ᠴᠢᠬᠢᠨ᠎ᠳᠦᠨᠢ ᠱᠢᠪᠡᠨᠡᠵᠥ ᠬᠠᠨᠴᠤᠢ ᠡᠴᠡ ᠨᠢ ᠲᠠᠲᠠᠵᠤ᠂ ᠴᠤᠬᠤᠢᠵᠤ ᠪᠠᠢᠭ᠎ᠠ ᠠᠰᠠᠭᠤᠳᠠᠯ᠂ ᠬᠡᠯᠪᠡᠷᠢᠯ᠎ᠦᠨ ᠴᠢᠨᠠᠷᠲᠠᠢ ᠠᠰᠠᠭᠤᠳᠠᠯ᠎ᠢ ᠠᠩᠬᠠᠷᠤᠨ ᠱᠢᠢᠳᠪᠦᠷᠢᠯᠡᠪᠡ᠃

ᠲᠦᠩᠯᠢᠶᠣᠤ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠨᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠢᠯᠠᠩᠭᠤᠶ᠎ᠠ ᠪᠤᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠴᠡᠭᠴᠡᠯᠡᠨ᠎ᠵᠠᠰᠠᠬᠤ ᠱᠠᠭᠠᠷᠳᠠᠯᠭ᠎ᠠ᠎ᠶ᠋ᠢ ᠦᠨᠳᠦᠰᠦᠯᠡᠨ᠂ ᠨᠠᠮ᠎ᠤᠨ ᠬᠣᠷᠢᠶᠠᠨ᠎ᠤ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠰᠤᠷᠤᠯᠴᠠᠯᠭ᠎ᠠ᠂ ᠨᠠᠮ᠎ᠤᠨ ᠭᠡᠱᠢᠭᠦᠨ ᠺᠠᠳ᠋ᠷᠴᠤᠳ᠎ᠤᠨ ᠬᠥᠮᠦᠵᠢᠯ ᠪᠣᠯᠪᠠᠰᠤᠷᠠᠯ᠂ ᠨᠠᠮ᠎ᠤᠨ ᠡᠭᠦᠷ᠎ᠦᠨ ᠬᠡᠰᠢᠬᠦᠳ᠎ᠤᠨ ᠬᠤᠷᠠᠯ᠎ᠦᠨ ᠠᠵᠢᠯ᠎ᠤᠨ ᠲᠤᠱᠢᠶᠠᠯ ᠬᠠᠷᠢᠭᠤᠴᠠᠯᠭ᠎ᠠ ᠵᠡᠷᠭᠡ ᠲᠦᠷᠢᠮ᠎ᠳᠦ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠍ ᠂ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠠᠭᠤᠯᠭ᠎ᠠ᠂ ᠠᠷᠭ᠎ᠠ ᠬᠡᠯᠪᠡᠷᠢ᠂ ᠵᠣᠬᠢᠶᠠᠨ ᠪᠠᠢᠭᠤᠯᠤᠯᠲᠠ᠎ᠶ᠋ᠢᠨ ᠬᠠᠮᠢᠶᠠᠷᠤᠯᠲᠠ ᠵᠡᠷᠭᠡ᠎ᠳᠦ ᠪᠣᠳᠠᠲᠠᠢ ᠲᠣᠭ᠍ᠲᠠᠭᠠᠯ ᠭᠠᠷᠭᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ᠎ᠳᠤ ᠲᠦᠷᠢᠮ᠎ᠦᠨ ᠪᠠᠲᠤᠯᠠᠭ᠎ᠠ ᠬᠠᠩᠭᠠᠪᠠ᠃

ᠠᠷᠭ᠎ᠠ ᠬᠡᠯᠪᠡᠷᠢ ᠠᠴᠢᠶᠠᠯᠠᠪᠤᠷᠢ᠎ᠶ᠋ᠢᠨ ᠱᠢᠨ᠎ᠡ᠎ᠶ᠋ᠢ ᠡᠭᠦᠳᠴᠦ᠍ ᠰᠢᠨ᠎ᠠ ᠪᠠᠢᠳᠠᠯ᠎ᠢ ᠪᠤᠢ ᠪᠤᠯᠭᠠᠪᠠ

ᠡᠯ᠎ᠡ ᠭᠠᠵᠠᠷ ᠡᠯ᠎ᠡ ᠨᠢᠭᠡᠴᠢ᠎ᠶ᠋ᠢᠨ ᠬᠢᠨ ᠠᠴᠢᠶᠠᠯᠠᠪᠤᠷᠢ᠎ᠶ᠋ᠢᠨ ᠲᠠᠪᠴᠠᠩ᠎ᠤᠨ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠵᠣᠬᠢᠶᠠᠨ ᠪᠠᠢᠭᠤᠯᠤᠯᠲᠠ᠎ᠶ᠋ᠢᠨ ᠬᠡᠯᠪᠡᠷᠢ ᠪᠠ ᠠᠵᠢᠯᠯᠠᠭ᠎ᠠ᠎ᠶ᠋ᠢᠨ ᠬᠡᠯᠪᠡᠷᠢ᠎ᠶ᠋ᠢᠨ ᠱᠢᠨ᠎ᠡ᠎ᠶ᠋ᠢ ᠡᠭᠦᠳᠪᠡ᠃ ᠵᠢᠱ᠌ᠢᠶᠡᠯᠡᠪᠡᠯ᠂ ᠵᠠᠷᠢᠮ ᠭᠠᠵᠠᠷ ᠣᠷᠣᠨ 《ᠭᠤᠷᠪᠠᠨ ᠬᠤᠷᠠᠯ ᠨᠢᠭᠡ ᠬᠢᠴᠢᠶᠡᠯ》᠂ ᠨᠠᠮ᠎ᠤᠨ ᠭᠡᠱᠢᠭᠦᠨ᠎ᠢ ᠠᠷᠠᠳᠴᠢᠯᠠᠯ᠎ᠢᠶᠠᠷ ᠦᠨᠡᠯᠡᠬᠦ᠌ ᠵᠡᠷᠭᠡ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠲᠦᠷᠢᠮ᠎ᠢ ᠱᠢᠯᠢᠳᠡᠭ᠌ᠵᠢᠭᠦᠯᠵᠦ᠍᠂ ᠵᠠᠷᠢᠮ ᠭᠠᠵᠠᠷ ᠣᠷᠣᠨ ᠤᠯᠤᠰ ᠲᠦᠷᠦ᠍᠎ᠶ᠋ᠢᠨ ᠠᠮᠢᠳᠤᠷᠠᠯ᠎ᠢ ᠣᠢᠯᠠᠭᠠᠬᠤ᠂ ᠤᠯᠤᠰ ᠲᠦᠷᠦ ᠵᠢᠨ ᠬᠡᠷ᠎ᠤᠨ ᠰᠤᠷᠪᠤᠯᠵᠢᠯᠠᠭ᠎ᠠ ᠬᠢᠬᠦ ᠵᠡᠷᠭᠡ ᠠᠵᠢᠯᠯᠠᠭ᠎ᠠ ᠥᠷᠨᠢᠭᠦᠯᠵᠦ᠍᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠤ ᠱᠢᠨ᠎ᠡ ᠪᠠᠢᠳᠠᠯ ᠢᠯᠡᠷᠡᠬᠦ᠌᠎ᠶ᠋ᠢ ᠠᠬᠢᠭᠤᠯᠪᠠ᠃

ᠤᠯᠠᠭᠠᠨᠴᠠᠪ ᠬᠣᠲᠠ ᠭᠤᠤᠯ ᠰᠡᠳᠦᠪᠲᠦ ᠨᠠᠮ᠎ᠤᠨ ᠡᠳᠦᠷᠯᠢᠭ᠎ᠦᠨ ᠪᠠᠷᠢᠮᠵᠢᠶ᠎ᠠ ᠪᠠ ᠱᠠᠭᠠᠷᠳᠠᠯᠭ᠎ᠠ᠎ᠶ᠋ᠢ ᠲᠣᠳᠣᠷᠬᠠᠢᠯᠠᠵᠤ᠂ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠪᠡ᠃ ᠨᠢᠭᠡ᠎ᠳᠦ ᠂ ᠴᠠᠭ ᠂ ᠡᠲᠡᠭᠡᠳ᠂ ᠠᠭᠤᠯᠭ᠎ᠠ᠎ᠶ᠋ᠢ ᠨᠢᠭᠡᠳᠭᠡᠵᠦ᠍᠂ ᠵᠢᠷᠤᠮᠵᠢᠭᠤᠯᠬᠤ ᠬᠡᠮᠵᠢᠶ᠎ᠡ ᠪᠣᠯᠤᠨ ᠬᠡᠷᠡᠭ᠌ᠵᠢᠭᠦᠯᠵᠦ᠍ ᠪᠣᠯᠬᠤᠢᠴᠠ ᠴᠢᠨᠠᠷ᠎ᠢ ᠳᠡᠭᠡᠭ᠌ᠰᠢᠯᠡᠭᠦᠯᠵᠦ᠍᠂ ᠰᠠᠷ᠎ᠠ ᠪᠦᠷᠢ᠎ᠶ᠋ᠢᠨ ᠨᠢᠭᠡᠳᠦᠭᠡᠷ ᠭᠠᠷᠠᠭ᠎ᠤᠨ ᠲᠠᠪᠤᠨ᠎ᠢ ᠭᠣᠣᠯ ᠰᠡᠳᠦᠪᠲᠦ ᠨᠠᠮ᠎ᠤᠨ ᠡᠳᠦᠷᠯᠢᠭ᠎ᠢᠶᠡᠷ ᠲᠣᠭ᠍ᠲᠠᠭᠠᠵᠤ᠂ ᠪᠡᠯᠡᠳᠭᠡᠯ ᠨᠠᠮ᠎ᠤᠨ ᠭᠡᠱᠢᠭᠦᠨ᠎ᠢ ᠪᠠᠭ᠍ᠲᠠᠭᠠᠭ᠍ᠰᠠᠨ ᠨᠠᠮ᠎ᠤᠨ ᠭᠡᠱᠢᠭᠦᠨ ᠨᠢᠭᠡ ᠪᠦᠷᠢ ᠨᠠᠮ᠎ᠤᠨ ᠡᠳᠦᠷᠯᠢᠭ᠎ᠦᠨ ᠠᠵᠢᠯᠯᠠᠭ᠎ᠠ᠎ᠳᠤ ᠣᠷᠣᠯᠴᠠᠵᠤ᠂ 5 ᠰᠠᠷ᠎ᠠ᠎ᠳᠤ ᠲᠥᠪᠯᠡᠷᠡᠭᠦᠯᠦᠨ ᠵᠠᠰᠠᠬᠤ ᠠᠵᠢᠯ᠎ᠤᠨ ᠭᠣᠣᠯ ᠰᠡᠳᠦᠪᠲᠦ ᠨᠠᠮ᠎ᠤᠨ ᠡᠳᠦᠷᠯᠢᠭ᠎ᠤᠨ ᠠᠵᠢᠯᠯᠠᠭ᠎ᠠ ᠦᠷᠨᠢᠬᠦᠯᠵᠥ᠂ ᠲᠥᠪᠯᠡᠷᠡᠭᠦᠯᠦᠨ ᠰᠤᠷᠤᠯᠴᠠᠬᠤ᠂ ᠰᠡᠷᠡᠮᠵᠢᠯᠡᠭᠦᠯᠦᠨ ᠬᠥᠮᠦᠵᠢᠭᠦᠯᠬᠦ᠌᠂ 《ᠠᠷᠪᠠᠨ ᠨᠢᠭᠡ᠎ᠵᠢ ᠴᠢᠩᠭ᠎ᠠ ᠴᠠᠭᠠᠵᠠᠯᠠᠬᠤ》 ᠠᠮᠠᠯᠠᠯᠲᠠ᠎ᠶ᠋ᠢᠨ ᠪᠢᠴᠢᠭ᠎ᠲᠦ ᠭᠠᠷ᠎ᠤᠨ ᠦᠰᠦᠭ ᠵᠢᠷᠤᠬᠤ ᠵᠡᠷᠭᠡ ᠠᠵᠢᠯᠯᠠᠭ᠎ᠠ ᠥᠷᠨᠢᠭᠦᠯᠪᠠ᠃ ᠬᠣᠶᠠᠷ᠎ᠲᠤ᠂ ᠭᠤᠤᠯ ᠠᠵᠢᠯ᠂ ᠭᠤᠤᠯᠳᠠᠯᠭ᠎ᠠ᠎ᠲᠠᠶ ᠡᠭᠦᠷᠭᠡ᠂ ᠲᠣᠪᠣᠢᠮ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠠᠵᠢᠯᠯᠠᠭ᠎ᠠ᠎ᠶ᠋ᠢᠨ ᠭᠤᠤᠯ ᠰᠡᠳᠦᠪ᠎ᠢ ᠳᠣᠭᠢᠷᠠᠭᠤᠯᠵᠤ᠂ ᠬᠥᠮᠦᠵᠢᠯ᠎ᠦᠨ ᠬᠠᠮᠢᠶᠠᠷᠤᠯᠲᠠ ᠪᠠ ᠦᠶ᠋ᠯᠡᠳᠦᠯ᠎ᠢ ᠠᠭᠤᠰᠤᠯᠴᠠᠭᠤᠯᠤᠨ ᠨᠢᠭᠡ ᠴᠣᠭ᠍ᠴᠠᠵᠢᠭᠤᠯᠪᠠ᠃ ᠭᠤᠷᠪᠠ᠎ᠳᠤ ᠂ ᠠᠷᠭ᠎ᠠ ᠬᠡᠯᠪᠡᠷᠢ ᠵᠢᠨ ᠱᠢᠨ᠎ᠡ᠎ᠶ᠋ᠢ ᠡᠭᠦᠳᠴᠦ᠍ ᠠᠮᠢᠵᠢᠷᠠᠯ᠎ᠤᠨ ᠬᠦᠴᠦᠨ᠎ᠢ ᠨᠡᠮᠡᠭ᠌ᠳᠡᠭᠦᠯᠦᠨ᠂ ᠬᠠᠮᠳᠤᠷᠠᠯ ᠬᠦᠴᠦᠨ᠎ᠢ ᠨᠢᠭ᠍ᠲᠠᠷᠠᠭᠤᠯᠵᠤ᠂ ᠨᠠᠮ᠎ᠤᠨ ᠲᠦᠷᠢᠮ᠎ᠢ ᠤᠩᠱᠢᠬᠤ᠂ ᠠᠷᠢᠭᠤᠨ ᠴᠢᠬᠡᠴᠢ᠎ᠪᠡᠷ ᠵᠠᠰᠠᠭ ᠪᠠᠷᠢᠬᠤ ᠬᠥᠮᠦᠵᠢᠯ᠎ᠦᠨ ᠰᠠᠭᠤᠷᠢᠨ ᠵᠢᠡᠷ ᠲᠣᠭᠣᠷᠢᠨ ᠦᠵᠡᠬᠦ᠌᠂ ᠨᠠᠮ᠎ᠤᠨ ᠰᠦᠢᠳᠭᠡᠯ ᠲᠤᠱᠢᠶᠠᠬᠤ᠂ ᠠᠮᠠᠯᠠᠯᠲᠠ ᠬᠢᠵᠦ᠍ ᠠᠮᠠᠯᠠᠯᠲᠠ᠎ᠪᠠᠨ ᠦᠢᠯᠡᠳᠦᠯᠭᠡᠵᠢᠭᠦᠯᠬᠦ᠌᠂ ᠰᠠᠢ᠌ᠨ ᠳᠤᠷ᠎ᠠ᠎ᠶ᠋ᠢᠨ ᠦᠢᠯᠡᠴᠢᠯᠡᠭᠡ ᠬᠢᠬᠦ᠌ ᠵᠡᠷᠭᠡ ᠠᠮᠢᠳᠤᠯᠢᠭ ᠪᠥᠭᠡᠳ ᠤᠯᠠᠨ ᠶᠠᠩᠵᠤ᠎ᠶ᠋ᠢᠨ ᠠᠷᠭ᠎ᠠ ᠮᠠᠶᠢᠭ᠎ᠢᠶᠠᠷ ᠠᠵᠢᠯᠯᠠᠭ᠎ᠠ᠎ᠵᠣᠬᠢᠶᠠᠨ ᠪᠠᠢᠭᠤᠯᠵᠤ᠂ ᠭᠣᠣᠯ ᠰᠡᠳᠦᠪᠲᠦ ᠨᠠᠮ᠎ᠤᠨ ᠡᠳᠦᠷᠯᠢᠭ᠎ᠦᠨ ᠠᠵᠢᠯᠯᠠᠭ᠎ᠠ ᠵᠢᠨ ᠦᠷ᠎ᠡ ᠪᠦᠳᠤᠮᠵᠢᠳᠤ ᠴᠢᠨᠠᠷ᠎ᠢ ᠴᠢᠩᠭᠠᠳᠬᠠᠪᠠ᠃

ᠣᠷᠳᠣᠰ ᠬᠣᠲᠠ ᠨᠠᠮ᠎ᠤᠨ ᠭᠡᠱᠢᠭᠦᠨ᠎ᠤ ᠤᠯᠤᠰ ᠲᠥᠷᠥ᠎ᠶ᠋ᠢᠨ ᠠᠮᠢᠳᠤᠷᠠᠯ᠎ᠤᠨ ᠣᠷᠳᠣᠨ᠎ᠢ ᠰᠠᠢᠲᠤᠷ ᠪᠠᠢᠭᠤᠯᠤᠨ ᠰᠠᠢᠲᠤᠷ ᠬᠡᠷᠡᠭ᠌ᠯᠡᠵᠦ᠍᠂《ᠬᠡᠷᠡᠭ᠌ᠯᠡᠬᠦ᠌᠎ᠪᠡᠷ ᠭᠤᠤᠯ ᠪᠣᠯᠭᠠᠵᠤ᠂ ᠳᠡᠯᠭᠡᠨ ᠦᠵᠡᠭᠦᠯᠬᠦ᠌᠎ᠪᠡᠷ ᠬᠠᠪᠰᠤᠷᠤᠮᠵᠢ ᠪᠣᠯᠭᠠᠬᠤ 》 ᠣᠢᠯᠠᠭᠠᠭ᠍ᠳᠠᠬᠤᠨ ᠶᠣᠰᠣᠭᠠᠷ᠂ ᠭᠦᠨ ᠨᠡᠪᠴᠢᠬᠦ᠌ ᠮᠠᠶᠢᠭ᠎ᠤᠨ᠂ ᠬᠤᠷᠰᠢᠯ ᠮᠠᠶᠢᠭ᠎ᠤᠨ ᠪᠠ ᠪᠡᠶᠡᠴᠢᠯᠡᠨ ᠣᠢᠯᠠᠭᠠᠬᠤ ᠮᠠᠶᠢᠭ᠎ᠤᠨ ᠰᠤᠷᠤᠯᠴᠠᠯᠭ᠎ᠠ ᠬᠥᠮᠦᠵᠢᠯ᠎ᠢᠶᠡᠷ ᠤᠳᠤᠷᠢᠳᠤᠮᠵᠢ ᠪᠣᠯᠭᠠᠵᠤ᠂ ᠡᠯ᠎ᠡ ᠵᠦᠢᠯ᠎ᠦᠨ ᠠᠷᠭ᠎ᠠ ᠪᠠᠷᠢᠯ᠎ᠢᠶᠠᠷ 《ᠣᠭ ᠰᠠᠨᠠᠭ᠎ᠠ᠎ᠪᠠᠨ ᠡᠭᠦᠷᠢᠳᠡ ᠵᠠᠯᠭᠠᠮᠵᠢᠯᠠᠵᠤ》᠂ 《ᠮᠠᠭᠤ᠎ᠶ᠋ᠢ ᠨᠢ ᠢᠯᠡᠴᠢᠯᠡᠵᠥ ᠰᠠᠢᠨ᠎ᠢ ᠨᠢ ᠰᠠᠢᠱᠢᠶᠠᠬᠤ》᠂ 《ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌》 ᠵᠡᠷᠭᠡ ᠣᠯᠠᠨ ᠭᠤᠤᠯ ᠰᠡᠳᠦᠪᠲᠦ ᠪᠤᠯᠤᠩ ᠨᠡᠬᠡᠬᠡᠵᠤ᠂ ᠰᠤᠷᠪᠤᠯᠵᠢᠯᠠᠨ ᠶᠠᠷᠢᠯᠴᠠᠬᠤ ᠂ ᠲᠤᠬᠠᠶ᠎ᠶ᠋ᠢᠨ ᠲᠠᠯᠠᠪᠠᠶ ᠳ᠋ᠤ ᠶᠠᠪᠤᠬᠳᠠᠭᠤᠯᠬᠤ ᠵᠡᠷᠭᠡ ᠲᠤᠯᠤᠭᠠᠨ ᠶᠡᠬᠡ ᠲᠥᠷᠥᠯ᠎ᠦᠨ ᠵᠢᠭᠠᠨ ᠰᠤᠷᠭᠠᠯᠲᠠ᠎ᠶ᠋ᠢᠨ 20 ᠭᠠᠷᠤᠶ ᠲᠠᠩᠬᠢᠮ᠎ᠤᠨ ᠣᠯᠠᠨ ᠶᠠᠩᠵᠤ᠎ᠶ᠋ᠢᠨ ᠬᠡᠯᠪᠡᠷᠢ ᠲᠠᠢ᠂ ᠪᠠᠶᠠᠯᠢᠭ ᠠᠭᠤᠯᠭ᠎ᠠ ᠪᠦᠬᠦᠢ ᠱᠢᠨ᠎ᠡ᠎ᠶ᠋ᠢ ᠡᠭᠦᠳᠦᠭᠰᠡᠨ ᠬᠢᠴᠢᠶᠡᠯ᠎ᠢ ᠤᠬᠠᠭᠠᠯᠠᠨ ᠨᠡᠬᠡᠬᠡᠵᠤ᠂ ᠨᠠᠮ᠎ᠤᠨ ᠭᠡᠱᠢᠭᠦᠨ ᠺᠠᠳ᠋ᠷᠴᠤᠳ᠎ᠲᠤ ᠤᠷᠢᠳᠴᠢᠯᠠᠨ ᠪᠣᠯᠵᠣᠬᠤ᠂ ᠥᠪᠡᠰᠦᠪᠡᠨ ᠦᠶ᠋ᠯᠡᠴᠢᠯᠡᠬᠦ᠌᠂ ᠲᠤᠰᠭᠠᠶ ᠰᠡᠳᠦᠪ ᠵᠢᠡᠷ ᠰᠤᠷᠤᠯᠴᠠᠬᠤ ᠵᠡᠷᠬᠡ ᠰᠢᠯᠢᠳᠡᠭ ᠦᠨᠳᠦᠷ ᠪᠦᠳᠦᠮᠵᠢᠳᠡᠢ ᠦᠢᠯᠡᠴᠢᠯᠡᠬᠡ ᠬᠠᠩᠭᠠᠵᠥ᠂ ᠪᠦᠬᠦ ᠬᠤᠳᠠ ᠵᠢᠨ ᠨᠠᠮ᠎ᠤᠨ ᠬᠡᠰᠢᠬᠦᠨ᠎ᠤ ᠬᠦᠮᠦᠵᠢᠯ ᠪᠤᠯᠪᠠᠰᠤᠷᠠᠯ᠎ᠤᠨ ᠵᠢᠱ᠌ᠢᠶ᠎ᠡ ᠦᠵᠡᠬᠦᠯᠬᠦ ᠰᠠᠭᠤᠷᠢᠨ᠎ᠢ ᠴᠢᠷᠮᠠᠢᠨ ᠪᠦᠳᠦᠬᠡᠨ ᠪᠠᠢᠭᠤᠯᠪᠠ᠃ ᠲᠥᠪᠯᠡᠷᠡᠭᠦᠯᠦᠨ ᠵᠠᠰᠠᠬᠤ ᠠᠵᠢᠯ᠎ᠢ᠎ᠡᠬᠢᠯᠡᠭᠦᠯᠦᠭ᠌ᠰᠡᠨ᠎ᠡᠴᠡ ᠨᠠᠭᠠᠰᠢ᠂ ᠨᠠᠮ᠎ᠤᠨ ᠭᠡᠱᠢᠭᠦᠨ᠎ᠦ ᠤᠯᠤᠰ ᠲᠦᠷᠦ᠍᠎ᠶ᠋ᠢᠨ ᠠᠮᠢᠳᠤᠷᠠᠯ᠎ᠤᠨ ᠣᠷᠳᠣᠨ᠎ᠳᠤ ᠰᠤᠷᠤᠯᠴᠠᠵᠥ ᠪᠡᠶᠡᠴᠢᠯᠡᠨ ᠣᠢᠯᠠᠭᠠᠬᠤ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠨᠠᠮ᠎ᠤᠨ ᠠᠳᠠᠯᠢ ᠪᠤᠰᠤ ᠲᠡᠦᠬᠡᠨ ᠱᠠᠳᠤ ᠦᠶ᠎ᠡ᠎ᠳᠡᠬᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠰᠠᠨ ᠲᠤᠬᠠᠢ ᠦᠨᠳᠦᠰᠦᠨ ᠱᠠᠭᠠᠷᠳᠠᠯᠭ᠎ᠠ᠎ᠶ᠋ᠢ ᠣᠢᠯᠠᠭᠠᠬᠤ᠂《ᠲᠤᠯᠤᠭ᠎ᠠ ᠪᠠᠢᠬᠤ》ᠨᠡᠢᠲᠡᠯᠢᠭ ᠬᠡᠷᠡᠭ᠎ᠦᠨ ᠵᠢᠱ᠌ᠢᠢ᠎ᠡ᠎ᠶ᠋ᠢ ᠦᠵᠡᠬᠦ᠌᠂ 《ᠤᠯᠤᠰ ᠲᠦᠷᠦ᠍᠎ᠶ᠋ᠢᠨ ᠲᠦᠷᠦᠭ᠌ᠰᠡᠨ ᠡᠳᠦᠷ 》 ᠎ᠢ᠋ ᠪᠡᠯᠭᠡᠯᠡᠬᠦ᠌ ᠂ ᠠᠮᠠᠯᠠᠯᠲᠠ᠎ᠶ᠋ᠢᠨ ᠪᠢᠴᠢᠭ᠎ᠲᠦ ᠬᠠᠮᠲᠤ᠎ᠪᠠᠷ ᠭᠠᠷ᠎ᠤᠨ ᠦᠰᠦᠭ ᠵᠢᠷᠤᠬᠤ ᠵᠡᠷᠭᠡ ᠬᠡᠯᠪᠡᠷᠢ᠎ᠪᠡᠷ ᠳᠠᠮᠵᠢᠭᠤᠯᠤᠨ᠂ ᠪᠦᠬᠦ᠌ ᠬᠤᠳᠠ᠎ᠶ᠋ᠢᠨ 2000 ᠭᠠᠷᠤᠢ ᠨᠠᠮ᠎ᠤᠨ ᠭᠡᠱᠢᠭᠦᠨ ᠺᠠᠳ᠋ᠷ᠎ᠢ ᠵᠣᠬᠢᠶᠠᠨ ᠪᠠᠢᠭᠤᠯᠵᠤ ᠣᠷᠳᠣᠨ᠎ᠳᠤ ᠣᠷᠣᠭᠤᠯᠤᠨ ᠨᠠᠮᠴᠢ ᠴᠢᠨᠠᠷ᠎ᠤᠨ ᠬᠥᠮᠦᠵᠢᠯ ᠬᠦᠷᠲᠡᠭᠡᠪᠡ᠃

ᠪᠠᠶᠠᠨᠨᠠᠭᠤᠷ ᠬᠣᠲᠠ ᠰᠤᠷᠤᠯᠴᠠᠬᠤ ᠴᠢᠳᠠᠪᠤᠷᠢ᠂ ᠬᠦᠢᠴᠡᠳᠬᠡᠬᠦ ᠴᠢᠳᠠᠪᠤᠷᠢ᠂ ᠱᠢᠨ᠎ᠡ᠎ᠶ᠋ᠢ ᠡᠭᠦᠳᠬᠦ᠌ ᠴᠢᠳᠠᠪᠤᠷᠢ᠂ ᠬᠢᠵᠠᠭᠠᠷᠯᠠᠬᠤ ᠬᠦᠴᠦᠨ 《ᠳᠥᠷᠪᠡ》 ᠵᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠱᠢᠰᠲ᠋ᠧᠮ᠎ᠲᠡᠶ ᠵᠣᠬᠢᠶᠠᠨ ᠪᠠᠢᠭᠤᠯᠵᠤ᠂ 《ᠤᠯᠤᠰ ᠲᠥᠷᠥ᠎ᠶ᠋ᠢ ᠡᠷᠬᠢᠮᠯᠡᠬᠦ᠌᠂ ᠲᠥᠪ ᠭᠤᠤᠯᠴᠢ᠎ᠶ᠋ᠢ ᠴᠢᠬᠤᠯᠠᠴᠢᠯᠠᠬᠤ᠂ ᠲᠤᠬᠠᠢᠯᠠᠭ᠍ᠰᠠᠨ ᠠᠵᠢᠯ᠎ᠳᠠᠭᠠᠨ ᠴᠠᠭᠠᠷᠠᠬᠤ᠂ ᠰᠤᠷᠲᠠᠯ ᠰᠠᠢᠨ ᠪᠠᠢᠬᠤ》 ᠱᠠᠭᠠᠷᠳᠠᠯᠭ᠎ᠠ᠎ᠶ᠋ᠢᠨ ᠲᠣᠭᠣᠷᠢᠨ᠎ᠳᠤ᠂ ᠨᠠᠮ᠎ᠤᠨ ᠭᠡᠱᠢᠭᠦᠨ᠎ᠢ ᠠᠷᠠᠳᠴᠢᠯᠠᠯ᠎ᠢᠶᠠᠷ ᠦᠨᠡᠯᠡᠬᠦ᠌ ᠵᠢᠭᠠᠯᠳᠠ ᠳᠤᠭ᠎ᠠ᠎ᠶ᠋ᠢ ᠰᠠᠢᠵᠢᠷᠠᠭᠤᠯᠵᠤ᠂ ᠨᠠᠮ᠎ᠤᠨ ᠭᠡᠱᠢᠭᠦᠨ ᠬᠠᠷᠢᠯᠴᠠᠨ ᠦᠨᠡᠯᠡᠬᠦ᠌ ᠠᠷᠭ᠎ᠠ᠎ᠶ᠋ᠢ ᠨᠠᠷᠢᠯᠢᠬ᠍ᠵᠢᠭᠤᠯᠤᠨ᠂ ᠬᠤᠪᠢ ᠨᠡᠮᠡᠬᠦ᠌ ᠪᠠ ᠬᠤᠪᠢ ᠬᠠᠰᠤᠬᠤ ᠲᠥᠷᠥᠯ ᠵᠦᠶ᠋ᠯ᠎ᠢ ᠲᠣᠬᠢᠷᠠᠭᠤᠯᠵᠤ᠂ ᠵᠣᠬᠢᠶᠠᠨ ᠪᠠᠢᠭᠤᠯᠬᠤ ᠠᠵᠢᠯ᠎ᠤᠨ ᠺᠠᠳ᠋ᠷ᠎ᠤᠨ ᠲᠡᠷᠢᠭᠦᠨ᠎ᠦ ᠬᠢ᠎ᠶ᠋ᠢ ᠡᠭᠦᠳᠴᠦ᠍ ᠱᠢᠯᠢᠳᠡᠭ ᠪᠣᠯᠬᠤ᠎ᠪᠠᠷ ᠴᠢᠷᠮᠠᠢᠬᠤ᠎ᠶ᠋ᠢ ᠵᠣᠷᠢᠭ᠍ᠵᠢᠭᠤᠯᠪᠠ᠃《ᠵᠣᠬᠢᠶᠠᠨ ᠪᠠᠢᠭᠤᠯᠤᠯᠲᠠ᠎ᠳᠤ ᠰᠡᠳᠭᠢᠯ᠎ᠦᠨ ᠦᠭᠡ᠎ᠪᠡᠨ ᠬᠡᠯᠡᠬᠦ᠌》 ᠠᠵᠢᠯᠯᠠᠭ᠎ᠠ ᠥᠷᠨᠢᠭᠦᠯᠵᠦ᠍ ᠂ 《ᠲᠤᠱᠢᠶᠠᠯ᠎ᠤᠨ ᠬᠤᠪᠢᠷᠠᠯᠲᠠ᠂ ᠠᠵᠢᠯ᠎ᠤᠨ ᠠᠯᠳᠠᠰᠢ᠂ ᠬᠡᠷ ᠪᠦᠯᠢ᠎ᠶ᠋ᠢᠨ ᠬᠤᠪᠢᠷᠠᠯᠲᠠ᠂ ᠴᠤᠬᠤᠢᠵᠤ ᠪᠠᠢᠭ᠎ᠠ ᠠᠰᠠᠭᠤᠳᠠᠯ》 ᠵᠡᠷᠬᠡ ᠳᠦᠷᠪᠡ ᠵᠢ ᠵᠡᠪᠠᠯ ᠶᠠᠷᠢᠬᠤ ᠵᠢ ᠪᠠᠷᠢᠮᠲᠠᠯᠠᠵᠥ ᠂ ᠵᠣᠬᠢᠶᠠᠨ ᠪᠠᠢᠭᠤᠯᠬᠤ ᠠᠵᠢᠯ᠎ᠤᠨ ᠺᠠᠳ᠋ᠷ᠎ᠤᠨ ᠬᠦᠰᠡᠯ ᠱᠠᠭᠠᠷᠳᠠᠯᠭ᠎ᠠ᠎ᠶ᠋ᠢ ᠥᠷᠭᠡᠨ᠎ᠢᠶᠡᠷ ᠰᠣᠨᠣᠰᠴᠤ᠌᠂ ᠴᠤᠬᠤᠢᠵᠤ ᠪᠠᠢᠭ᠎ᠠ ᠠᠰᠠᠭᠤᠳᠠᠯ ᠬᠡᠯᠪᠡᠷᠢᠯ᠎ᠦᠨ ᠴᠢᠨᠠᠷᠲᠠᠶ ᠠᠰᠠᠭᠤᠳᠠᠯ᠎ᠢ ᠴᠠᠭ ᠲᠤᠬᠠᠶ᠎ᠳᠤᠨᠢ ᠵᠠᠯᠠᠷᠠᠭᠤᠯᠵᠤ ᠂ ᠲᠡᠳᠡᠨ᠎ᠢ ᠬᠠᠯᠠᠮᠵᠢᠯᠠᠨ ᠵᠣᠷᠢᠭ᠍ᠵᠢᠭᠤᠯᠪᠠ᠃

ᠪᠠᠢᠩᠭᠤᠵᠢᠬᠰᠠᠨ ᠬᠢᠨᠠᠯᠲᠠ ᠲᠠᠯᠪᠢᠬᠤ᠎ᠳᠤ ᠵᠤᠬᠢᠴᠠᠵᠤ ᠬᠢᠵᠠᠭᠠᠷᠯᠠᠯ᠎ᠢ ᠴᠢᠩᠳᠠᠯᠠᠪᠠ

ᠡᠯ᠎ᠡ ᠭᠠᠵᠠᠷ ᠡᠯ᠎ᠡ ᠨᠢᠭᠡᠴᠢ᠎ᠶ᠋ᠢᠨ ᠬᠢᠨ ᠡᠳᠦᠷ ᠲᠤᠳᠤᠮ᠎ᠤᠨ ᠱᠠᠯᠠᠪᠳᠠᠭᠤᠯᠤᠨ ᠵᠢᠯᠣᠭᠣᠳᠭᠤ᠂ ᠲᠤᠰᠭᠠᠢ ᠪᠠᠢᠴᠠᠭᠠᠨ ᠰᠤᠳᠤᠯᠬᠤ᠂ ᠨᠡᠢᠭᠡᠮ᠎ᠦᠨ ᠬᠢᠨᠠᠯᠲᠠ ᠲᠠᠯᠪᠢᠬᠤ᠂ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌᠂ ᠬᠠᠮᠵᠢᠯᠴᠠᠨ ᠱᠢᠢᠳᠪᠦᠷᠢᠯᠡᠬᠦ᠌ ᠵᠡᠷᠭᠡ ᠠᠷᠭ᠎ᠠ ᠬᠡᠯᠪᠡᠷᠢ᠎ᠪᠡᠷ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠲᠥᠪ ᠴᠢᠩᠭ᠎ᠠ ᠪᠤᠰᠤ ᠨᠠᠷᠢᠨ ᠬᠢᠨᠠᠮᠠᠭᠠᠢ ᠪᠤᠰᠤ ᠵᠡᠷᠭᠡ ᠠᠰᠠᠭᠤᠳᠠᠯ᠎ᠢ ᠪᠠᠢᠩᠭᠤᠵᠢᠭᠤᠯᠤᠨ ᠬᠢᠨᠠᠯᠲᠠ ᠲᠠᠯᠪᠢᠵᠤ᠂ ᠴᠢᠩᠭ᠎ᠠ ᠪᠠᠢᠴᠠᠭᠠᠨ ᠱᠢᠢᠳᠪᠦᠷᠢᠯᠡᠵᠦ᠍᠂ ᠲᠣᠭ᠍ᠲᠠᠮᠠᠯ ᠬᠤᠭᠤᠴᠠᠭ᠎ᠠ ᠲᠠᠶ ᠎ᠪᠠᠷ ᠨᠡᠢᠲᠡᠯᠢᠭ ᠬᠡᠷᠡᠭ᠎ᠦᠨ ᠵᠢᠱ᠌ᠢᠢ᠎ᠡ᠎ᠶ᠋ᠢ ᠵᠠᠷᠯᠠᠨ ᠮᠡᠳᠡᠭ᠌ᠳᠡᠵᠦ᠍᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠡᠷᠡᠭᠦᠯ᠎ᠢᠶᠡᠷ ᠶᠠᠪᠤᠬᠳᠠᠬᠤ ᠶ᠋ᠢ ᠠᠬᠢᠭᠤᠯᠪᠠ᠃

ᠪᠤᠭᠤᠲᠤ ᠬᠣᠲᠠ ᠰᠤᠭᠤᠴᠢᠨ ᠪᠠᠢᠴᠠᠭᠠᠵᠤ ᠬᠠᠷᠢᠯᠴᠠᠨ ᠪᠠᠢᠴᠠᠭᠠᠬᠤ ᠠᠷᠭ᠎ᠠ ᠬᠡᠯᠪᠡᠷᠢ᠎ᠪᠡᠷ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠢ ᠪᠠᠢᠩᠭᠤ ᠣᠢᠯᠠᠭᠠᠪᠠ᠃ ᠨᠠᠮ᠎ᠤᠨ ᠠᠵᠢᠯᠲᠠᠨ᠎ᠢ ᠵᠤᠬᠢᠶᠠᠨ ᠪᠠᠢᠭᠤᠯᠵᠥ ᠲᠤᠬᠠᠶ᠎ᠶ᠋ᠢᠨ ᠲᠠᠯᠠᠪᠤᠷ᠎ᠲᠤ ᠣᠷᠣᠯᠴᠠᠬᠤ᠂ ᠨᠠᠮ᠎ᠤᠨ ᠪᠠᠢᠭᠤᠯᠤᠯᠲᠠ᠎ᠶ᠋ᠢᠨ ᠰᠠᠭᠤᠷᠢᠨ᠎ᠢ ᠲᠣᠭᠣᠷᠢᠨ ᠦᠵᠡᠬᠦ᠌ ᠵᠡᠷᠭᠡ ᠠᠷᠭ᠎ᠠ ᠬᠡᠯᠪᠡᠷᠢ᠎ᠪᠡᠷ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠢ ᠥᠷᠨᠢᠭᠦᠯᠵᠦ᠍ ᠪᠠᠢᠭ᠎ᠠ ᠪᠠᠢᠳᠠᠯ᠎ᠢ ᠪᠠᠢᠴᠠᠭᠠᠨ ᠦᠵᠡᠵᠦ᠍᠂ ᠣᠷᠣᠱᠢᠵᠤ ᠪᠠᠢᠭ᠎ᠠ ᠠᠰᠠᠭᠤᠳᠠᠯ᠎ᠢ ᠴᠠᠭ ᠲᠤᠬᠠᠶ᠎ᠳᠤᠨᠢ ᠬᠠᠷᠢᠭᠤ ᠲᠤᠰᠭᠠᠵᠤ᠂ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ ᠳᠠᠭᠠᠵᠤ ᠱᠠᠯᠠᠪᠳᠠᠭᠤᠯᠤᠨ᠂ ᠬᠠᠷᠢᠯᠴᠠᠨ ᠰᠤᠷᠤᠯᠴᠠᠬᠤ᠂ ᠬᠠᠷᠢᠯᠴᠠᠨ ᠬᠢᠨᠠᠯᠲᠠ ᠲᠠᠯᠪᠢᠬᠤ᠂ ᠬᠠᠷᠢᠯᠴᠠᠨ ᠱᠢᠯᠭᠠᠷᠠᠭᠤᠯᠬᠤ ᠲᠠᠪᠴᠠᠩ᠎ᠢ ᠪᠠᠢᠭᠤᠯᠪᠠ᠃ ᠡᠨᠡ ᠵᠢᠯ᠎ᠡᠴᠡ ᠨᠠᠭᠠᠰᠢ᠂ ᠪᠥᠬᠥ᠌ ᠬᠣᠲᠠ ᠨᠡᠢᠲᠡ 2200 ᠨᠠᠮ᠎ᠤᠨ ᠡᠭᠦᠷ᠎ᠦᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠢ ᠰᠤᠭᠤᠴᠢᠨ ᠪᠠᠢᠴᠠᠭᠠᠵᠥ ᠬᠠᠷᠢᠯᠴᠠᠨ ᠪᠠᠢᠴᠠᠭᠠᠪᠠ᠃ ᠤᠯᠠᠭᠠᠨᠬᠠᠳᠠ ᠬᠣᠲᠠ᠎ᠶ᠋ᠢᠨ ᠬᠠᠷᠠᠴᠢᠨ ᠬᠣᠱᠢᠭᠤ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ ᠳ᠋ᠤ ᠬᠢᠨᠠᠯᠲᠠ ᠲᠠᠯᠪᠢᠵᠤ ᠪᠠᠢᠴᠠᠭᠠᠨ ᠱᠢᠶ᠋ᠳᠪᠦᠷᠢᠯᠡᠬᠦ᠌ ᠱᠢᠰᠲ᠋ᠧᠮ᠎ᠢ ᠪᠦᠷᠢᠨᠱᠢᠭᠦᠯᠦᠨ ᠲᠡᠭᠦᠯᠳᠡᠷᠵᠢᠭᠦᠯᠪᠡ᠃ ᠨᠠᠮ᠎ᠤᠨ ᠭᠡᠱᠢᠭᠦᠨ ᠺᠠᠳ᠋ᠷᠴᠤᠳ᠎ᠤᠨ ᠤᠯᠤᠰ ᠲᠥᠷᠥ᠍ ᠦᠵᠡᠯ ᠰᠠᠨᠠᠭ᠎ᠠ᠂ ᠠᠵᠢᠯ᠎ᠤᠨ ᠰᠤᠷᠲᠠᠯ᠂ ᠶᠣᠰᠣ ᠮᠣᠷᠠᠯ ᠵᠠᠩ ᠰᠤᠷᠳᠠᠬᠤᠨ᠂ ᠠᠷᠢᠭᠤᠨ ᠴᠢᠬᠡᠴᠢ ᠠᠵᠢᠯᠴᠢ ᠬᠢᠴᠢᠶᠡᠩᠭᠦᠶ᠎ᠪᠡᠷ ᠵᠠᠰᠠᠭ ᠪᠠᠷᠢᠬᠤ ᠵᠡᠷᠭᠡ ᠲᠠᠯ᠎ᠠ᠎ᠲᠠᠶ ᠤᠶᠠᠯᠳᠤᠭᠤᠯᠤᠨ᠂ ᠨᠠᠷᠢᠨ ᠳᠠᠩᠰᠠ᠎ᠶ᠋ᠢᠨ ᠬᠡᠯᠪᠡᠷᠢ᠎ᠪᠡᠷ ᠰᠡᠷᠡᠮᠵᠢᠯᠡᠭᠦᠯᠦᠯ᠎ᠢ ᠡᠬᠢᠯᠡᠭᠦᠯᠦᠭ᠌ᠰᠡᠨ 14 ᠵᠦᠶ᠋ᠯ᠎ᠦᠨ ᠪᠠᠢᠳᠠᠯ᠂ ᠵᠠᠬᠢᠳᠠᠯ᠎ᠢᠶᠠᠷ ᠠᠰᠠᠭᠤᠬᠤ᠎ᠶ᠋ᠢ ᠡᠬᠢᠯᠡᠭᠦᠯᠦᠭ᠌ᠰᠡᠨ 10 ᠵᠦᠶ᠋ᠯ᠎ᠦᠨ ᠪᠠᠢᠳᠠᠯ ᠪᠠ ᠰᠠᠨᠠᠭᠤᠯᠤᠮᠵᠢ ᠵᠢ ᠡᠬᠢᠯᠡᠭᠦᠯᠦᠭ᠌ᠰᠡᠨ 18 ᠵᠦᠶ᠋ᠯ᠎ᠦᠨ ᠪᠠᠢᠳᠠᠯ᠎ᠢ ᠵᠢᠭ᠍ᠰᠠᠭᠠᠵᠤ᠂ ᠰᠠᠨᠠᠭᠤᠯᠬᠤ ᠶ᠋ᠢ ᠲᠡᠷᠢᠭᠦᠨ᠎ᠳᠦ ᠲᠠᠯᠪᠢᠬᠤ᠂ ᠰᠡᠷᠡᠮᠵᠢᠯᠡᠭᠦᠯᠬᠦ᠌᠎ᠶ᠋ᠢ ᠲᠡᠷᠢᠭᠦᠨ᠎ᠳᠦ ᠲᠠᠯᠪᠢᠬᠤ᠎ᠶ᠋ᠢ ᠦᠨᠡᠨ ᠬᠦ᠌ ᠪᠡᠶᠡᠯᠡᠭᠦᠯᠵᠦ᠍᠂ ᠺᠠᠳ᠋ᠷᠴᠤᠳ᠎ᠢ ᠰᠡᠳᠭᠢᠯ᠎ᠳᠡᠭᠡᠨ ᠡᠮᠢᠶᠡᠬᠦ᠌ ᠵᠦᠶ᠋ᠯ᠎ᠲᠡᠶ᠂ ᠦᠭᠡ ᠶᠠᠷᠢᠶ᠎ᠠ᠎ᠳᠠᠭᠠᠨ ᠴᠡᠭᠡᠷᠯᠡᠯ᠎ᠲᠡᠶ ᠂ ᠦᠶ᠋ᠯᠡ ᠠᠵᠢᠯᠯᠠᠭ᠎ᠠ᠎ᠳᠠᠭᠠᠨ ᠬᠤᠷᠢᠭ᠎ᠠ ᠴᠡᠭᠡᠷ ᠲᠡᠶ ᠪᠣᠯᠭᠠᠪᠠ᠃ ᠠᠷᠠᠳᠴᠢᠯᠠᠯ᠎ᠢᠶᠠᠷ ᠱᠢᠯᠭᠠᠨ ᠦᠨᠡᠯᠡᠬᠦ᠌᠂ ᠲᠤᠰᠭᠠᠢ ᠶᠠᠷᠢᠯᠴᠠᠬᠤ᠂ ᠨᠡᠢᠭᠡᠮ᠎ᠦᠨ ᠬᠢᠨᠠᠯᠲᠠ ᠲᠠᠯᠪᠢᠬᠤ᠂ ᠲᠣᠮᠢᠯᠠᠨ ᠰᠠᠭᠤᠯᠭᠠᠵᠤ ᠬᠢᠨᠠᠯᠲᠠ ᠲᠠᠯᠪᠢᠬᠤ᠂ ᠲᠣᠭᠣᠷᠢᠨ ᠪᠠᠢᠴᠠᠭᠠᠵᠤ ᠬᠢᠨᠠᠯᠲᠠ ᠲᠠᠯᠪᠢᠬᠤ᠂ ᠠᠷᠢᠭᠤᠨ ᠴᠢᠬᠡᠴᠢ᠎ᠪᠡᠷ ᠵᠠᠰᠠᠭ ᠪᠠᠷᠢᠬᠤ ᠲᠤᠬᠠᠢ ᠶᠠᠷᠢᠯᠴᠠᠬᠤ᠂ ᠵᠠᠬᠢᠳᠠᠯ ᠰᠤᠷᠪᠤᠯᠵᠢᠯᠠᠯ ᠬᠢᠬᠦ᠌᠂ ᠬᠢᠨᠠᠨ ᠪᠤᠳᠤᠬᠤ ᠵᠡᠷᠭᠡ ᠠᠷᠭ᠎ᠠ ᠵᠠᠮ᠎ᠢᠶᠠᠷ ᠳᠠᠮᠵᠢᠭᠤᠯᠤᠨ᠂ ᠨᠠᠮ᠎ᠤᠨ ᠭᠡᠱᠢᠭᠦᠨ ᠺᠠᠳ᠋ᠷᠴᠤᠳ᠎ᠤᠨ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠲᠠᠯ᠎ᠠ᠎ᠶ᠋ᠢᠨ ᠪᠠᠢᠳᠠᠯ᠎ᠢ ᠪᠦᠬᠦ᠌ ᠲᠠᠯ᠎ᠠ᠎ᠪᠠᠷ ᠣᠢᠯᠠᠭᠠᠵᠤ᠂ ᠢᠯᠠᠩᠭᠤᠶ᠎ᠠ ᠡᠷᠬᠡ ᠲᠥᠪᠯᠡᠷᠡᠭ᠌ᠰᠡᠨ᠂ ᠪᠡᠯᠡ ᠮᠥᠩᠭᠥ᠌ ᠲᠦᠪᠯᠡᠷᠡᠭᠰᠡᠨ ᠵᠡᠷᠭᠡ ᠭᠣᠣᠯᠳᠠᠯᠭ᠎ᠠ᠎ᠲᠠᠶ ᠰᠠᠯᠠᠭ᠎ᠠ ᠮᠥᠴᠢᠷ ᠪᠠ ᠵᠠᠩᠭᠢᠯᠠᠭ᠎ᠠ᠎ᠶ᠋ᠢᠨ ᠠᠵᠢᠯ᠎ᠤᠨ ᠪᠠᠢᠷᠢ᠎ᠶ᠋ᠢᠨ ᠤᠳᠤᠷᠢᠳᠭᠤ ᠺᠠᠳ᠋ᠷᠴᠤᠳ᠎ᠲᠤ ᠲᠠᠯᠪᠢᠬᠤ ᠬᠢᠨᠠᠯᠲᠠ᠎ᠶ᠋ᠢ ᠴᠢᠩᠭᠠᠳᠭᠠᠪᠠ᠃ ᠡᠭᠦᠨ᠎ᠦ ᠬᠠᠮᠲᠤ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ᠂ ᠵᠠᠬᠢᠳᠠᠯ ᠰᠤᠷᠪᠤᠯᠵᠢᠯᠠᠯ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ᠎ᠦᠨ ᠬᠠᠮᠵᠢᠯᠴᠠᠨ ᠬᠤᠯᠪᠤᠯᠴᠠᠬᠤ᠌ ᠠᠵᠢᠯ᠎ᠤᠨ ᠲᠣᠭ᠍ᠲᠠᠴᠠ᠎ᠶ᠋ᠢ ᠪᠦᠷᠢᠨᠱᠢᠭᠦᠯᠵᠦ᠍᠂ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌ ᠪᠠ ᠪᠠᠢᠩᠭᠤᠵᠢᠭᠤᠯᠤᠨ ᠵᠠᠳᠠᠯᠤᠨ ᠰᠤᠳᠤᠯᠵᠤ ᠮᠠᠭᠠᠳᠯᠠᠬᠤ᠎ᠶ᠋ᠢ ᠴᠢᠩᠭᠠᠳᠭᠠᠵᠤ᠂ ᠤᠯᠠᠭᠠᠨ ᠱᠤᠭᠤᠮ᠎ᠳᠤ ᠬᠠᠯᠳᠠᠭ᠍ᠰᠠᠨ ᠪᠤᠶᠤ ᠨᠠᠮ ᠵᠠᠰᠠᠭ᠎ᠤᠨ ᠰᠠᠬᠢᠯᠭ᠎ᠠ ᠪᠠᠲᠤ᠎ᠶ᠋ᠢᠨ ᠱᠢᠢᠳᠭᠡᠯ ᠤᠯᠵᠦ ᠮᠥᠨ ᠬᠦ᠌ ᠨᠥᠯᠥᠭᠡᠯᠡᠭᠳᠡᠬᠦ ᠬᠤᠭᠤᠴᠠᠭᠠᠨ ᠳ᠋ᠠᠭᠠᠨ ᠪᠠᠢᠭ᠎ᠠ ᠺᠠᠳ᠋ᠷ᠎ᠲᠤ ᠲᠣᠳᠣᠷᠬᠠᠢᠯᠠᠯᠲᠠ ᠬᠢᠵᠦ᠍᠂ ᠮᠥᠷᠳᠡᠨ ᠬᠢᠨᠠᠯᠲᠠ ᠲᠠᠯᠪᠢᠵᠤ᠂ ᠲᠤᠮᠢᠯᠠᠵᠤ ᠬᠡᠷᠡᠭ᠌ᠯᠡᠬᠦ᠌᠎ᠶ᠋ᠢ ᠴᠢᠩᠭ᠎ᠠ ᠴᠠᠭᠠᠵᠠᠯᠠᠪᠡ᠃

ᠦᠬᠠᠶ ᠬᠣᠲᠠ᠎ᠶ᠋ᠢᠨ ᠲᠣᠭ᠎ᠠ ᠪᠦᠷᠢᠳᠭᠡᠯ᠎ᠦᠨ ᠲᠣᠪᠴᠢᠶ᠎ᠠ ᠨᠠᠮ᠎ᠤᠨ ᠭᠡᠱᠢᠭᠦᠨ ᠪᠠ ᠨᠠᠮ᠎ᠤᠨ ᠤᠳᠤᠷᠢᠳᠬᠤ ᠳᠤᠭᠤᠢᠯᠠᠩ᠎ᠳᠤ ᠬᠡᠮᠵᠢᠶ᠎ᠠ ᠲᠤᠬᠳᠠᠭᠠᠵᠦ ᠱᠢᠯᠭᠠᠨ ᠦᠨᠡᠯᠡᠬᠦ᠌ ᠠᠷᠭ᠎ᠠ᠎ᠶ᠋ᠢ ᠬᠡᠷᠡᠭ᠌ᠵᠢᠭᠦᠯᠪᠡ᠃ ᠣᠨ᠎ᠢᠶᠠᠷ ᠨᠢᠭᠡᠴᠢ ᠪᠣᠯᠭᠠᠨ᠂ ᠨᠠᠮ᠎ᠤᠨ ᠪᠠᠢᠭᠤᠯᠤᠯᠲᠠ ᠪᠠ ᠲᠤᠬᠠᠢᠯᠠᠭ᠍ᠰᠠᠨ ᠠᠵᠢᠯ᠎ᠢ ᠬᠠᠮᠲᠤ᠎ᠳᠤᠨᠢ ᠬᠠᠷᠠᠭᠠᠯᠵᠠᠵᠤ᠂ ᠰᠠᠭᠤᠷᠢ᠂ ᠠᠷᠠᠳᠴᠢᠯᠠᠯ᠎ᠢᠶᠠᠷ ᠦᠨᠡᠯᠡᠬᠦ᠌ ᠪᠠ ᠦᠶ᠋ᠯᠡᠳᠦᠯ᠎ᠢ ᠪᠠᠳᠠᠷᠠᠭᠤᠯᠬᠤ ᠭᠤᠷᠪᠠᠨ ᠬᠡᠰᠡᠭ᠎ᠢ ᠦᠨᠳᠦᠰᠦᠯᠡᠨ ᠨᠠᠮ᠎ᠤᠨ ᠭᠡᠱᠢᠭᠦᠨ᠎ᠳᠦ ᠬᠤᠪᠢ ᠬᠤᠷᠠᠮᠳᠤᠭᠤᠯᠬᠤ ᠬᠠᠮᠢᠶᠠᠷᠤᠯᠲᠠ ᠵᠢ ᠬᠡᠷᠡᠭᠵᠢᠬᠦᠯᠵᠤ᠂ ᠣᠳᠣᠨ ᠲᠠᠰ ᠦᠨᠡᠯᠡᠨ ᠲᠣᠭ᠍ᠲᠠᠭᠠᠬᠰᠠᠨ ᠳᠡᠰ᠎ᠢ ᠡᠯ᠎ᠡ ᠲᠥᠷᠥᠯ᠎ᠦᠨ ᠱᠢᠯᠢᠳᠡᠭ᠎ᠢ ᠱᠢᠯᠭᠠᠷᠠᠭᠤᠯᠬᠤ ᠪᠠ ᠲᠡᠷᠢᠭᠦᠨ᠎ᠦ ᠬᠢ᠎ᠶ᠋ᠢ ᠱᠢᠯᠭᠠᠷᠠᠭᠤᠯᠬᠤ ᠲᠠᠢ ᠵᠣᠯᠭᠠᠭᠤᠯᠤᠨ ᠬᠤᠯᠪᠤᠪᠠ; ᠳᠤᠭᠤᠢᠯᠠᠩ᠎ᠨᠢ ᠥᠪᠡᠷ᠎ᠢ᠎ᠪᠡᠨ ᠦᠨᠡᠯᠡᠬᠦ᠌᠂ ᠨᠠᠮ᠎ᠤᠨ ᠭᠡᠱᠢᠭᠦᠨ ᠬᠤᠪᠢ ᠬᠤᠷᠠᠮᠳᠤᠭᠤᠯᠵᠤ ᠠᠳᠠᠯᠢᠳᠭᠠᠨ ᠱᠢᠯᠭᠠᠷᠠᠭᠤᠯᠬᠤ ᠪᠠ ᠨᠠᠮ᠎ᠤᠨ ᠡᠭᠦᠷ᠎ᠡᠴᠡ ᠦᠨᠡᠯᠡᠨ ᠲᠣᠭ᠍ᠲᠠᠭᠠᠬᠤ ᠠᠷᠭ᠎ᠠ ᠬᠡᠯᠪᠡᠷᠢ᠎ᠶ᠋ᠢ ᠠᠪᠴᠤ᠌᠂ ᠨᠠᠮ᠎ᠤᠨ ᠤᠳᠤᠷᠢᠳᠬᠤ ᠳᠤᠭᠤᠢᠯᠠᠩ᠎ᠤᠨ ᠬᠢᠷᠢ ᠪᠦᠲᠦᠮᠵᠢ᠎ᠶ᠋ᠢ ᠪᠣᠳᠠᠲᠠᠶ ᠱᠢᠯᠭᠠᠨ ᠦᠨᠡᠯᠡᠵᠦ᠍ ᠣᠨᠣᠪᠴᠢᠲᠠᠶ ᠦᠨᠡᠯᠡᠨ᠂ ᠬᠢᠷᠢ ᠪᠦᠲᠦᠮᠵᠢ᠎ᠶ᠋ᠢ ᠦᠨᠳᠦᠰᠦᠯᠡᠨ 《ᠤᠯᠠᠭᠠᠨ ᠲᠣᠭᠴᠢ ᠨᠠᠮ᠎ᠤᠨ ᠤᠳᠤᠷᠢᠳᠬᠤ ᠳᠤᠭᠤᠢᠯᠠᠩ》᠎ᠢ᠋ ᠨᠡᠷᠡᠢᠳᠴᠦ᠍᠂ ᠨᠠᠮ᠎ᠤᠨ ᠭᠡᠱᠢᠭᠦᠨ ᠺᠠᠳ᠋ᠷᠴᠤᠳ᠎ᠤᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ ᠪᠠ ᠠᠵᠢᠯ ᠬᠢᠵᠦ᠍ ᠦᠶ᠋ᠯᠡᠰ ᠪᠤᠰᠬᠠᠬᠤ᠎ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ᠎ᠢ ᠪᠦᠲᠦᠮᠵᠢᠲᠡᠶ ᠳᠠᠢᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面